ᠭᠤᠷᠪᠠᠨ ᠮᠤᠩᠬᠤᠯ ᠦᠨᠳᠦᠰᠦᠲᠡᠨ ᠤ ᠠᠷᠠᠳ ᠤᠨ ᠤᠷᠠᠯᠢᠭ ᠢ ᠳ᠋ᠠᠶᠢᠲᠠ ᠳᠤ ᠤᠷᠤᠭᠤᠯᠪᠠ
ᠨᠡᠶᠢᠲᠡᠯᠡᠭᠰᠡᠨ ᠴᠠᠭ᠄
2016/10/12
     ᠰᠤᠷᠪᠤᠯᠵᠢᠯᠠᠭᠴᠢ ᠦᠪᠦᠷ ᠮᠤᠩᠬᠤᠯ ᠤᠨ ᠰᠤᠶᠤᠯ ᠤᠨ ᠲᠢᠩᠬᠢᠮ ᠠᠴᠠ ᠤᠶᠢᠯᠠᠭᠠᠭᠰᠠᠨ ᠨᠢ᠂ ᠤᠶᠢᠷ᠎ᠠ ᠶᠢᠨ ᠡᠳᠦᠷ ᠦᠪᠦᠷ ᠮᠤᠩᠬᠤᠯ ᠤᠨ ᠤᠷᠠᠯᠢᠭ ᠰᠤᠳᠤᠯᠬᠤ ᠭᠠᠵᠠᠷ ᠪᠤᠯᠤᠨ ᠦᠪᠦᠷ ᠮᠤᠩᠬᠤᠯ ᠤᠨ ᠮᠤᠩ ᠶᠤᠸᠠᠨ ᠠᠷᠠᠳ ᠤᠨ ᠤᠷᠠᠯᠢᠭ ᠢ ᠰᠤᠳᠤᠯᠬᠤ ᠲᠦᠪ ᠬᠦᠬᠡᠬᠤᠲᠠ ᠳᠤ ︽ᠮᠤᠩᠬᠤᠯ ᠦᠨᠳᠦᠰᠦᠲᠡᠨ ᠤ ᠳᠦᠷᠪᠡᠨ ᠤᠳᠠᠰᠤᠲᠤ ᠬᠤᠭᠤᠷ᠂ ᠦᠯᠢᠭᠡᠷ᠂ ᠬᠤᠯᠪᠤᠭ᠎ᠠ ᠶᠢ ᠬᠠᠮᠲᠤᠷᠠᠨ ᠬᠠᠮᠠᠭᠠᠯᠠᠬᠤ ᠬᠡᠯᠡᠯᠴᠡᠭᠡᠷ ᠤᠨ ᠪᠢᠴᠢᠭ︾ ᠲᠤ ᠭᠠᠷ ᠤᠨ ᠦᠰᠦᠭ ᠵᠢᠷᠤᠪᠠ᠃ ᠠᠨᠡᠬᠦ ᠠᠵᠢᠯᠯᠠᠭ᠎ᠠ ᠨᠢ ᠳᠡᠭᠡᠷ᠎ᠡ ᠳᠤᠷᠠᠳᠤᠭᠰᠠᠨ ᠭᠤᠷᠪᠠᠨ ᠤᠷᠠᠯᠢᠭ ᠢ ︽ᠦᠪᠦᠷ ᠮᠤᠩᠬᠤᠯ ᠤᠨ ᠪᠡᠶᠡᠲᠦ ᠪᠤᠰᠤ ᠰᠤᠶᠤᠯ ᠤᠨ ᠦᠪ ᠤᠨ ᠳ᠋ᠠᠶᠢᠲᠠ ᠬᠦᠮᠦᠷᠭᠡ — ᠤᠯᠠᠮᠵᠢᠯᠠᠯᠲᠤ ᠦᠵᠡᠬᠦᠯᠦᠯᠭᠡ ᠶᠢᠨ ᠤᠷᠠᠯᠢᠭ ᠤᠨ ᠳ᠋ᠠᠶᠢᠲᠠ ︾ ᠳᠤ ᠤᠷᠤᠭᠤᠯᠤᠭᠰᠠᠨ ᠢ ᠬᠠᠷᠠᠭᠤᠯᠵᠤ ᠪᠠᠶᠢᠨ᠎ᠠ᠃     ︽ᠬᠡᠯᠡᠯᠴᠡᠭᠡᠷ︾ ᠲᠤ ᠬᠤᠶᠠᠷ ᠲᠠᠯ᠎ᠠ ᠪᠠᠷ ᠢᠶᠠᠨ ᠮᠤᠩᠬᠤᠯ ᠦᠨᠳᠦᠰᠦᠲᠡᠨ ᠤ ᠳᠦᠷᠪᠡᠨ ᠤᠳᠠᠰᠤᠲᠤ ᠬᠤᠭᠤᠷ᠂ ᠦᠯᠢᠭᠡᠷ᠂ ᠬᠤᠯᠪᠤᠭ᠎ᠠ ᠶᠢᠨ ᠳᠦᠷᠰᠦ ᠰᠢᠩᠭᠡᠭᠡᠯᠲᠡ ᠶᠢᠨ ᠴᠤᠭᠯᠠᠭᠤᠯᠤᠭ᠎ᠠ ᠪᠠ ᠡᠮᠬᠢᠯᠡᠯ ᠤᠨ ᠱᠤᠤᠭᠢᠶᠠᠨ ᠢ ᠪᠠᠭᠤᠷᠠᠭᠤᠯᠬᠤ᠂ ᠳ᠋ᠶᠢᠲᠠ ᠶᠢ ᠬᠠᠳᠠᠭᠠᠯᠠᠬᠤ ᠵᠡᠷᠭᠡ ᠠᠵᠢᠯᠯᠠᠭᠠᠨ ᠤ ᠲᠤᠬᠠᠢ ᠬᠡᠯᠡᠯᠴᠡᠭᠡᠷ ᠲᠤᠭᠲᠠᠵᠠᠢ᠃ ᠡᠨᠡᠬᠦ ᠠᠵᠢᠯᠯᠠᠭ᠎ᠠ ᠨᠢ ᠦᠪᠦᠷ ᠮᠤᠩᠬᠤᠯ ᠤᠨ ᠠᠷᠠᠳ ᠤᠨ ᠤᠷᠠᠯᠢᠭ ᠤᠨ ᠬᠠᠮᠠᠭᠠᠯᠠᠯᠲᠠ᠂ ᠦᠪᠯᠡᠬᠦ ᠪᠠ ᠰᠤᠳᠤᠯᠬᠤ ᠳᠤ ᠶᠡᠭᠡ ᠠᠰᠢᠭ ᠲᠤᠰᠠ ᠪᠤᠯᠤᠭᠰᠠᠨ ᠪᠠᠶᠢᠨ᠎ᠠ᠃
 
ᠢᠷᠡᠯᠲᠡ᠄ ᠰᠢᠨᠬᠤᠸᠠ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号