9 ᠰᠠᠷ᠎ᠠ ᠶᠢᠨ 10 ᠤ ᠤᠷᠤᠢ᠂ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ᠂ | ᠰᠤᠶᠤᠯ ᠤᠨ ᠶᠠᠮᠤᠨ᠂ ᠤᠯᠤᠰ ᠤᠨ ᠰᠤᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠶᠡᠷᠦᠩᠬᠡᠢ ᠲᠤᠪᠴᠢᠶ᠎ᠠ᠂ ᠪᠡᠭᠡᠵᠢᠩ | ᠬᠤᠳᠠ ᠶᠢᠨ ᠵᠠᠰᠠᠭ ᠤᠨ ᠤᠷᠳᠤᠨ ᠠᠴᠠ ᠭᠤᠤᠯᠯᠠᠨ ᠡᠷᠬᠢᠯᠡᠭᠰᠡᠨ ᠳᠠᠪᠤᠳᠤᠭᠠᠷ ᠬᠤᠭᠤᠴᠠᠭᠠᠨ ᠤ ᠪᠦᠬᠦ ᠤᠯᠤᠰ ᠤᠨ | ᠴᠦᠭᠡᠨ ᠳᠤᠭᠠᠳᠤ ᠦᠨᠳᠦᠰᠦᠲᠡᠨ ᠤ ᠤᠷᠠᠨ ᠰᠠᠶᠢᠬᠠᠨ ᠤ ᠲᠤᠭᠯᠠᠯᠳᠠ ᠶᠢᠨ ᠨᠢᠭᠡ ᠪᠤᠯᠬᠤ ᠮᠠᠨ ᠤ ᠤᠷᠤᠨ ᠤ | ᠪᠦᠵᠢᠭᠳᠦ ᠵᠦᠴᠦᠭᠡ ︽ᠮᠠᠷᠺᠤ · ᠫᠤᠯᠣ᠋ ᠶᠢᠨ ᠳᠤᠮᠤᠭ︾ ᠢ ᠪᠡᠭᠡᠵᠢᠩ ᠤᠨ ᠲᠢᠶᠠᠨ ᠴᠢᠶᠤᠤ ᠵᠦᠴᠦᠭᠡ ᠶᠢᠨ | ᠤᠷᠳᠤᠨ ᠳᠤ ᠲᠤᠭᠯᠠᠯ᠎ᠠ᠃ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠡ ᠶᠢᠨ ᠤᠤᠯ ᠤᠨ ᠪᠠᠶᠢᠩᠭᠤ ᠶᠢᠨ ᠳᠡᠳ᠋ ᠳᠠᠷᠤᠭ᠎ᠠ ᠤᠶᠤᠨᠴᠢᠮᠡᠭ᠂ ᠦᠪᠦᠷ ᠮᠤᠩᠭᠤᠯ ᠤᠨ ᠦᠪᠡᠷᠳᠡᠭᠡᠨ | ᠵᠠᠰᠠᠬᠤ ᠤᠷᠤᠨ ᠤ ᠳᠡᠳ᠋ ᠳᠡᠷᠢᠭᠦᠯᠡᠭᠴᠢ ᠯᠢᠦ ᠰᠢᠨ ᠯᠧ᠂ ᠤᠯᠤᠰ ᠤᠨ ᠦᠨᠳᠦᠰᠦᠲᠡᠨ ᠤ ᠬᠡᠷᠡᠭ ᠡᠷᠬᠢᠯᠡᠭᠦ | ᠵᠦᠪᠯᠡᠯ ᠤᠨ ᠲᠤᠰᠬᠠᠢ ᠠᠵᠢᠯ ᠤᠨ ᠬᠡᠰᠢᠭᠦᠨ᠂ ᠲᠦᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠨᠠᠮ ᠤᠨ | ᠬᠤᠷᠢᠶ᠎ᠠ ᠶᠢᠨ ᠱᠦᠵᠢ ᠡᠶᠡᠳᠠᠢ ᠵᠢᠴᠢ ᠦᠪᠦᠷ ᠮᠤᠩᠭᠤᠯ ᠨᠤᠳᠤᠭᠳᠠᠢ ᠪᠤᠶᠤ ᠦᠪᠦᠷ ᠮᠤᠩᠭᠤᠯ ᠳᠤ ᠠᠵᠢᠯᠯᠠᠵᠤ | ᠪᠠᠶᠢᠭᠰᠠᠨ ᠤᠳᠤᠷᠢᠳᠤᠯᠭ᠎ᠠ ᠨᠠᠷ ᠲᠤᠭᠯᠠᠯᠳᠠ ᠶᠢ ᠰᠤᠨᠢᠷᠬᠠᠪᠠ᠃ ᠪᠦᠵᠢᠭᠳᠦ ᠵᠦᠴᠦᠭᠡ ︽ᠮᠠᠷᠺᠤ · ᠫᠤᠯᠣ᠋ ᠶᠢᠨ | ᠳᠤᠮᠤᠭ︾ ᠪᠤᠯ ᠬᠦᠬᠡᠬᠤᠳᠠ ᠶᠢᠨ ᠦᠨᠳᠦᠰᠦᠲᠡᠨ ᠤ ᠳᠤᠭᠯᠠᠯᠳᠠ ᠶᠢᠨ ᠪᠦᠯᠦᠭᠯᠡᠯ ᠠᠴᠠ ᠦᠢᠯᠡᠳᠦᠭᠰᠡᠨ ᠳᠡᠦᠭᠡ | ᠬᠢᠬᠡᠳ ᠤᠳᠤ ᠦᠶ᠎ᠡ᠂ ᠦᠨᠳᠦᠰᠦᠳᠡᠨ ᠬᠢᠭᠡᠳ ᠳᠡᠯᠡᠭᠡᠢ ᠶᠢᠨ ᠡᠯᠧᠮᠧᠨ᠋ᠲ ᠢ ᠠᠭᠤᠰᠤᠯᠴᠠᠭᠤᠯᠤᠭᠰᠠᠨ ᠳᠤᠮᠤᠭᠳᠤ | ᠵᠦᠴᠦᠭᠡ ᠪᠤᠯᠤᠨ᠎ᠠ᠃ ᠲᠤᠰ ᠵᠦᠴᠦᠭᠡ ᠤᠷᠤᠰᠢᠯ ︽ᠲᠤᠷᠤᠨᠠᠳᠠᠬᠢᠨ ᠳᠤ ᠮᠤᠷᠳᠠᠭᠰᠠᠨ︾ ᠵᠢᠴᠢ ︽ᠮᠤᠩᠭᠤᠯ ᠤᠨ | ᠳᠠᠯ᠎ᠠ ᠨᠤᠳᠤᠭ ᠲᠤ ᠢᠷᠡᠭᠰᠡᠨ︾᠂ ︽ᠶᠤᠸᠠᠨ ᠤ ᠳᠡᠭᠡᠳᠦ ᠨᠡᠶᠢᠰᠯᠡᠯ ᠳᠤ ᠤᠷᠤᠭᠰᠠᠨ︾᠂ ︽ᠵᠢᠶᠠᠩᠨᠠᠨ | ᠤᠷᠤᠨ ᠢᠶᠠᠷ ᠠᠶᠢᠯᠴᠢᠯᠠᠭᠰᠠᠨ︾᠂ ︽ᠳᠤᠮᠳᠠᠳᠤ ᠠᠴᠠ ᠠᠶᠠᠷᠯᠠᠭᠰᠠᠨ︾ ᠬᠡᠬᠦ ᠲᠠᠪᠤᠨ ᠦᠵᠡᠭᠳᠡᠯ ᠬᠢᠭᠡᠳ | ᠳᠡᠭᠦᠰᠭᠡᠯ ︽ᠰᠠᠷᠠᠨ ᠳᠤ ᠨᠠᠶᠢᠳᠠᠭᠰᠠᠨ ᠬᠠᠶᠢᠷ᠎ᠠ︾ ᠬᠡᠬᠦ 6 ᠪᠦᠯᠦᠭ ᠢᠶᠠᠷ ᠪᠦᠷᠢᠯᠳᠦᠵᠤ᠂ ᠮᠠᠷᠺᠤ · ᠫᠤᠯᠣ᠋ ᠶᠢᠨ | ᠬᠠᠷᠠᠴᠠ ᠪᠠᠷ ᠮᠠᠨ ᠤ ᠤᠯᠤᠰ ᠤᠨ ᠶᠤᠸᠠᠨ ᠤ ᠦᠶ᠎ᠡ ᠶᠢᠨ ᠦᠷᠨᠢᠯ ᠪᠠᠳᠠᠷᠠᠯ᠂ ᠡᠶ᠎ᠡ ᠵᠤᠬᠢᠴᠠᠯ ᠢ ᠬᠠᠷᠠᠭᠤᠯᠵᠤ᠂ | ᠳᠠᠭᠤᠤ ᠬᠦᠭᠵᠢᠮ᠂ ᠪᠦᠵᠢᠭ᠂ ᠼᠢᠷᠺ᠂ ᠶᠧᠯᠸᠢ ᠵᠡᠷᠭᠡ ᠤᠷᠠᠯᠢᠭ ᠢᠶᠠᠷ ᠬᠦᠮᠦᠨ ᠲᠦᠷᠦᠯᠬᠢᠳᠡᠨ ᠤ ᠡᠩᠭᠡ ᠳᠠᠶᠢᠪᠤᠩ | ᠂ ᠰᠠᠶᠢᠨ ᠰᠠᠶᠢᠬᠠᠨ ᠠᠮᠢᠳᠤᠷᠠᠯ ᠢ ᠬᠦᠬᠡᠬᠡᠴᠡᠯᠳᠦᠬᠦ ᠬᠦᠰᠡᠯ ᠡᠷᠡᠮᠡᠯᠵᠡᠯ ᠢ ᠳᠤᠰᠬᠠᠪᠠ᠃ ᠲᠤᠰ ᠵᠦᠴᠦᠭᠡ ᠶᠢ | 2013 ᠤᠨ ᠤ 7 ᠰᠠᠷ᠎ᠠ ᠠᠴᠠ ᠡᠬᠢᠯᠡᠨ ᠤᠯᠤᠰ ᠤᠨ ᠳᠤᠳᠤᠭᠠᠳᠤ ᠭᠠᠳᠠᠭᠠᠳᠤ ᠳᠤ ᠨᠡᠶᠢᠳᠡ 630 ᠭᠠᠷᠤᠢ | ᠳᠠᠯᠠᠪᠤᠷ ᠲᠤᠭᠯᠠᠨ ᠦᠵᠡᠭᠦᠯᠵᠤ᠂ ᠠᠮᠧᠷᠢᠺᠠ᠂ ᠬᠠᠩᠭᠠᠷᠢ᠂ ᠢᠲ᠋ᠠᠯᠢ᠂ ᠺᠠᠨᠠᠳᠠ ᠵᠡᠷᠭᠡ ᠤᠯᠤᠰ ᠲᠤ 593 ᠤᠳᠠᠭ᠎ᠠ | ᠲᠤᠭᠯᠠᠨ ᠦᠵᠡᠭᠴᠢ ᠤᠯᠠᠨ ᠤ ᠰᠤᠨᠢᠷᠬᠠᠯ ᠢ ᠳᠠᠳᠠᠵᠤ ᠬᠦᠷᠢᠶᠡᠯᠡᠯ ᠢ ᠤᠯᠵᠤ ᠪᠠᠶᠢᠯ᠎ᠠ᠃ ᠤᠨᠴᠠᠭᠠᠢᠢᠯᠠᠨ 2015 | ᠤᠨ ᠤ 9 ᠰᠠᠷ᠎ᠠ ᠳᠤ᠂ ᠲᠤᠰ ᠵᠦᠴᠦᠭᠡ ᠮᠠᠷᠺᠤ · ᠫᠤᠯᠣ᠋ ᠶᠢᠨ ᠨᠤᠳᠤᠭ ᠢᠲ᠋ᠠᠯᠢ ᠳᠤ ᠬᠦᠷᠴᠦ᠂ ᠮᠢᠯᠠᠨ ᠳᠤ | ᠪᠤᠯᠤᠭᠰᠠᠨ ᠳᠡᠯᠡᠭᠡᠢ ᠶᠢᠨ ᠦᠵᠡᠰᠭᠦᠯᠡᠩ ᠲᠡᠭᠡᠷ᠎ᠡ ᠨᠤᠳᠤᠭ ᠤᠨ ᠬᠦᠮᠦᠰ ᠲᠠᠢ ᠪᠠᠨ ᠵᠤᠯᠭᠠᠵᠤ᠂ ᠲᠢᠪ ᠰᠤᠨᠳᠠᠯᠠᠵᠤ | ᠵᠠᠭᠤᠨ ᠠᠯᠤᠰᠯᠠᠭᠰᠠᠨ ᠦᠯᠢᠭᠡᠷ ᠢᠶᠠᠷ ᠬᠤᠶᠠᠷ ᠤᠯᠤᠰ ᠤᠨ ᠰᠤᠶᠤᠯ ᠤᠨ ᠰᠤᠯᠢᠯᠴᠠᠭ᠎ᠠ ᠶᠢ ᠤᠯᠠᠮ ᠨᠢᠭᠡ ᠠᠯᠬᠤᠮ | ᠲᠦᠯᠬᠢᠨ ᠠᠬᠢᠭᠤᠯᠤᠭᠰᠠᠨ ᠪᠠᠶᠢᠨ᠎ᠠ ᠬᠡᠵᠤ ᠲᠤᠰ ᠵᠦᠴᠦᠭᠡ ᠶᠢᠨ ᠶᠡᠷᠦᠩᠬᠡᠢ ᠤᠳᠤᠷᠢᠳᠤᠭᠠᠴᠢ ᠼᠤᠤ ᠰᠢᠶᠤᠤ ᠨᠢᠩ | ᠰᠤᠷᠪᠤᠯᠵᠢᠯᠠᠭ᠎ᠠ ᠬᠦᠯᠢᠶᠡᠭᠦ ᠳᠡᠭᠡᠨ ᠶᠠᠷᠢᠵᠤ ᠪᠠᠶᠢᠯ᠎ᠠ᠃ ᠵᠦᠴᠦᠭᠡ ᠶᠢᠨ ᠨᠢᠬᠡᠳᠦᠭᠡᠷ ᠳᠠᠯᠠᠪᠠᠢ ᠲᠤᠭᠯᠠᠯᠳᠠ ᠶᠢ ᠮᠢᠩᠭ᠎ᠠ | ᠭᠠᠷᠤᠢ ᠦᠵᠡᠭᠴᠢᠳ ᠰᠤᠨᠢᠷᠭᠠᠵᠤ᠂ ᠦᠵᠡᠭᠴᠢ ᠲᠤᠭᠠᠷᠰᠦ᠋ᠷᠦᠩ ᠰᠤᠷᠪᠤᠯᠵᠢᠯᠠᠭ᠎ᠠ ᠬᠦᠯᠢᠶᠡᠬᠦ ᠳᠡᠭᠡᠨ᠂ ᠪᠡᠭᠡᠵᠢᠩ ᠳᠤ | ᠰᠠᠭᠤᠭ᠎ᠠ ᠮᠤᠩᠭᠤᠯ ᠬᠦᠮᠦᠨ ᠪᠤᠯᠤᠭᠰᠠᠨ ᠤ ᠬᠤᠪᠢ ᠳᠤ ᠬᠡᠷ ᠤᠨ ᠢᠶᠠᠨ ᠡᠭᠦᠳᠡᠨ ᠳᠤ ᠮᠤᠩᠭᠤᠯ ᠪᠦᠵᠢᠭᠳᠦ | ᠵᠦᠴᠦᠭᠡ ᠪᠠᠨ ᠦᠵᠡᠭᠦ ᠬᠡᠵᠤ ᠮᠠᠰᠢ ᠪᠠᠶᠠᠷᠳᠠᠢ ᠶᠠᠪᠤᠳᠠᠯ᠂ ᠤᠨᠴᠠᠭᠠᠢᠢᠯᠠᠨ ︽ᠮᠠᠷᠺᠤ · ᠫᠤᠯᠣ᠋ ᠶᠢᠨ ᠳᠤᠮᠤᠭ︾ ᠬᠡᠬᠦ | ᠲᠤᠮᠤ ᠰᠡᠳᠦᠪ ᠢᠶᠠᠷ ᠶᠤᠸᠠᠨ ᠤᠯᠤᠰ ᠤᠨ ᠦᠶ᠎ᠡ ᠳᠤ ᠡᠯ᠎ᠡ ᠦᠨᠳᠦᠰᠤᠲᠡᠨ ᠶᠠᠰᠤᠳᠠᠨ ᠤ ᠶᠡᠭᠡ ᠪᠦᠯᠬᠦᠮᠳᠡᠯ᠂ ᠡᠶ᠎ᠡ | ᠵᠤᠬᠢᠴᠠᠯ ᠢ ᠤᠷᠠᠯᠢᠭ ᠢᠶᠠᠷ ᠬᠠᠷᠠᠭᠤᠯᠤᠭᠰᠠᠨ ᠨᠢ ᠨᠡᠩ ᠴᠤ ᠬᠦᠮᠦᠰ ᠤᠨ ᠤᠷᠮ᠎ᠠ ᠶᠢ ᠬᠦᠭᠵᠢᠬᠡᠵᠤ᠂ ᠬᠠᠶᠢᠷ᠎ᠠ ᠪᠠᠷ | ᠰᠢᠵᠢᠮᠯᠡᠭᠰᠡᠨ ᠦᠯᠢᠭᠡᠷ ᠨᠢ ᠬᠦᠮᠦᠰ ᠤᠨ ᠰᠡᠳᠬᠢᠯ ᠢ ᠲᠤᠭᠳᠤᠯᠤᠭᠤᠯᠤᠭᠰᠠᠨ ᠪᠠᠶᠢᠨ᠎ᠠ ᠬᠡᠵᠤ ᠪᠠᠶᠠᠷᠳᠠᠶᠢᠬᠠᠨ ᠶᠠᠷᠢᠨ᠎ᠠ | ᠃ ᠳᠠᠪᠤᠳᠤᠭᠠᠷ ᠬᠤᠭᠤᠴᠠᠭᠠᠨ ᠤ ᠪᠦᠬᠦ ᠤᠯᠤᠰ ᠤᠨ ᠴᠦᠭᠡᠨ ᠳᠤᠭᠠᠳᠤ ᠦᠨᠳᠦᠰᠦᠲᠡᠨ ᠤ ᠤᠷᠠᠨ ᠰᠠᠶᠢᠬᠠᠨ ᠤ | ᠲᠤᠭᠯᠠᠯᠳᠠ 8 ᠰᠠᠷ᠎ᠠ ᠶᠢᠨ 16 ᠠᠴᠠ ᠡᠬᠢᠯᠡᠨ 43 ᠳᠠᠯᠠᠪᠠᠢ ᠰᠢᠯᠢᠳᠡᠭ ᠵᠦᠴᠦᠭᠡ ᠶᠢ ᠲᠤᠭᠯᠠᠨ ᠦᠵᠡᠭᠦᠯᠵᠤ 9 | ᠰᠠᠷ᠎ᠠ ᠶᠢᠨ 14 ᠤ ᠡᠳᠤᠷ ᠦᠨᠳᠦᠷᠯᠡᠬᠦ ᠪᠤᠯᠤᠨ᠎ᠠ᠃ ᠮᠠᠨ ᠤ ᠤᠷᠤᠨ ᠤ ᠵᠦᠴᠦᠭᠡ ︽ᠮᠠᠷᠺᠤ · ᠫᠤᠯᠣ᠋ ᠶᠢᠨ ᠳᠤᠮᠤᠭ︾ | ᠢ 9 ᠰᠠᠷ᠎ᠠ ᠶᠢᠨ 11 ᠤ ᠤᠷᠤᠢ ᠪᠠᠰᠠ ᠨᠢᠭᠡ ᠳᠠᠯᠠᠪᠠᠢ ᠲᠤᠭᠯᠠᠵᠤ᠂ ︽ᠳᠠᠯ᠎ᠠ ᠨᠤᠳᠤᠭ ᠤᠨ ᠤᠯᠠᠭᠠᠨᠮᠦ᠋ᠴᠢᠷ︾ ᠢ | 9 ᠰᠠᠷ᠎ᠠ ᠶᠢᠨ 12 ᠠᠴᠠ 13 ᠪᠤᠯᠳᠠᠯ᠎ᠠ ᠬᠤᠶᠠᠷ ᠳᠠᠯᠠᠪᠠᠢ ᠲᠤᠭᠯᠠᠬᠤ ᠪᠤᠯᠤᠨ᠎ᠠ᠃ |