ᠮᠠᠨ ᠤ ᠠᠶᠢᠮᠠᠭ 2020 ᠪᠤᠯᠳᠠᠯ᠎ᠠ ᠨᠡᠶᠢᠳᠡ 8 ᠲᠦᠮᠡᠨ ᠮᠠᠯᠴᠢᠨ ᠲᠠᠷᠢᠶᠠᠴᠢᠨ ᠳᠤ ᠪᠤᠯᠪᠠᠰᠤᠷᠠᠯ ᠬᠦᠷᠳᠡᠭᠡᠨ᠎ᠡ
ᠨᠡᠶᠢᠲᠡᠯᠡᠭᠰᠡᠨ ᠴᠠᠭ᠄
2016/10/21
          ᠦᠢᠷ᠎ᠠ ᠳᠤ ᠮᠠᠨ ᠤ ᠠᠶᠢᠮᠠᠭ ᠨᠡᠬᠦᠯᠭᠡᠨ ᠰᠢᠯᠵᠢᠬᠦᠯᠦᠭᠰᠡᠨ ᠮᠠᠯᠴᠢᠨ ᠲᠠᠷᠢᠶᠠᠴᠢᠨ ᠤ ᠪᠤᠳᠠᠳᠤ ᠪᠠᠶᠢᠳᠠᠯ ᠲᠠᠢ ᠤᠶᠠᠯᠳᠤᠭᠤᠯᠤᠨ ︽ᠰᠢᠯᠢ ᠶᠢᠨ ᠭᠤᠤᠯ ᠠᠶᠢᠮᠠᠭ ᠤᠨ ᠮᠠᠯᠴᠢᠨ ᠲᠠᠷᠢᠶᠠᠴᠢᠨ ᠤ ᠠᠵᠢᠯ ᠮᠡᠷᠭᠡᠵᠢᠯ ᠤᠨ ᠴᠢᠳᠠᠪᠦᠷᠢ ᠶᠢ ᠲᠡᠭᠡᠭᠰᠢᠯᠡᠬᠦᠯᠬᠦ ᠲᠦᠯᠦᠪᠯᠡᠭᠡ︾ ᠶᠢ ᠲᠤᠭᠳᠠᠭᠠᠵᠤ᠂ 2020 ᠤᠨ ᠪᠤᠯᠳᠠᠯ᠎ᠠ ᠪᠦᠬᠦ ᠠᠶᠢᠮᠠᠭ ᠤᠨ ᠠᠵᠢᠯ ᠮᠡᠷᠭᠡᠵᠢᠯ ᠤᠨ ᠴᠢᠳᠠᠪᠦᠷᠢ ᠶᠢ ᠲᠡᠭᠡᠭᠰᠢᠯᠡᠬᠦᠯᠬᠦ ᠪᠤᠯᠪᠠᠰᠤᠷᠠᠯ ᠬᠦᠷᠳᠡᠭᠰᠡᠨ ᠮᠠᠯᠴᠢᠨ ᠳᠠᠷᠢᠶᠠᠴᠢᠨ ᠤ ᠲᠤᠭ᠎ᠠ ᠶᠢ ᠮᠠᠯᠵᠢᠬᠤ ᠲᠠᠷᠢᠶᠠᠯᠠᠬᠤ ᠤᠷᠤᠨ ᠤ ᠬᠦᠳᠡᠯᠮᠦᠷᠢ ᠬᠦᠴᠤᠨ ᠤ ᠶᠡᠷᠦᠩᠭᠡᠢ ᠲᠤᠭᠠᠨ ᠤ 80% ᠠᠴᠠ ᠲᠡᠭᠡᠭᠰᠢ ᠪᠤᠯᠭᠠᠵᠤ ᠂ ᠵᠢᠯ ᠪᠦᠷᠢ ᠶᠢᠨ ᠪᠤᠯᠪᠠᠰᠤᠷᠠᠯ ᠳᠤ ᠤᠷᠤᠯᠴᠠᠬᠤ ᠮᠠᠯᠴᠢᠨ ᠲᠠᠷᠢᠶᠠᠴᠢᠨ ᠤ ᠲᠤᠭ᠎ᠠ ᠶᠢ 16000 ᠬᠦᠷᠭᠡᠵᠤ᠂ ᠠᠵᠢᠯ ᠤᠯᠬᠤ ᠨᠤᠷᠮ᠎ᠠ ᠶᠢ 85% ᠠᠴᠠ ᠲᠡᠭᠡᠭᠰᠢ ᠬᠦᠷᠭᠡᠨ᠎ᠡ᠃ ᠲᠤᠰ ︽ᠲᠦᠯᠦᠪᠯᠡᠭᠡ︾ ᠶᠤᠰᠤᠭᠠᠷ ᠮᠠᠨ ᠤ ᠠᠶᠢᠮᠠᠭ ᠮᠠᠯᠴᠢᠨ ᠲᠠᠷᠢᠶᠠᠴᠢᠨ ᠤ ᠤᠷ᠎ᠠ ᠮᠡᠷᠭᠡᠵᠢᠯ ᠤᠨ ᠴᠢᠳᠠᠪᠦᠷᠢ ᠶᠢ ᠲᠡᠭᠡᠭᠰᠢᠯᠡᠬᠦᠯᠬᠦ ᠪᠤᠯᠪᠠᠰᠤᠷᠠᠯ ᠪᠤᠯᠤᠨ ᠦᠢᠯᠡᠰ ᠪᠦᠲᠦᠭᠡᠬᠦ ᠪᠤᠯᠪᠠᠰᠤᠷᠠᠯ ᠢ ᠴᠢᠩᠭᠠᠳᠬᠠᠵᠤ᠂ ᠮᠠᠯᠴᠢᠨ ᠲᠠᠷᠢᠶᠠᠴᠢᠨ ᠢ ᠨᠠᠰᠤᠨ ᠲᠤᠷᠰᠢᠳᠡ ᠶᠢᠨ ᠠᠵᠢᠯ ᠮᠡᠷᠭᠡᠵᠢᠯ ᠤᠨ ᠪᠤᠯᠪᠠᠰᠤᠷᠠᠯ ᠤᠨ ᠰᠢᠰᠲ᠋ᠧᠮ ᠳᠤ ᠤᠷᠤᠭᠤᠯᠵᠤ᠂ ᠠᠩᠬ᠎ᠠ ᠲᠤᠮᠳᠠᠳᠦ᠂ ᠦᠨᠳᠤᠷ ᠲᠤᠮᠳᠠᠳᠦ ᠲᠡᠬᠦᠰᠦᠭᠰᠡᠨ ᠬᠦᠮᠦᠨ ᠪᠦᠬᠦᠨ ᠳᠤ ᠠᠵᠢᠯ ᠮᠡᠷᠭᠡᠵᠢᠯ ᠤᠨ ᠪᠤᠯᠪᠠᠰᠤᠷᠠᠯ ᠬᠦᠮᠦᠵᠢᠯ ᠬᠦᠷᠲᠡᠭᠡᠵᠤ᠂ ᠬᠦᠮᠦᠨ ᠪᠦᠷᠢ ᠵᠠᠰᠠᠭ ᠤᠨ ᠤᠷᠳᠤᠨ ᠠᠴᠠ ᠨᠦᠬᠦᠪᠦᠷᠢᠯᠡᠭᠰᠡᠨ ᠪᠤᠯᠪᠠᠰᠤᠷᠠᠯ ᠤᠨ ᠨᠦᠬᠦᠪᠦᠷᠢ ᠶᠢ ᠬᠦᠷᠳᠡᠵᠦ᠂ ᠦᠢᠯᠡᠰ ᠪᠦᠲᠦᠭᠡᠬᠦ ᠨᠦᠬᠦᠴᠡᠯ ᠳᠤ ᠬᠦᠷᠦᠭᠰᠡᠨ ᠮᠠᠯᠴᠢᠨ ᠲᠠᠷᠢᠶᠠᠴᠢᠨ ᠵᠢᠴᠢ ᠨᠤᠳᠤᠭ ᠲᠠᠭᠠᠨ ᠪᠤᠴᠠᠵᠤ ᠦᠢᠯᠡᠰ ᠪᠦᠲᠦᠭᠡᠬᠦ ᠮᠠᠯᠴᠢᠨ ᠲᠠᠷᠢᠶᠠᠴᠢᠨ ᠳᠤ ᠨᠢᠭᠡ ᠤᠳᠠᠭᠠᠨ ᠤ ᠦᠨ᠎ᠡ ᠲᠦᠯᠦᠪᠦᠷᠢ ᠦᠭᠡᠢ ᠦᠢᠯᠡᠰ ᠪᠦᠲᠦᠭᠡᠬᠦ ᠪᠤᠯᠪᠠᠰᠤᠷᠠᠯ ᠵᠢᠴᠢ ᠦᠢᠯᠡᠰ ᠪᠦᠲᠦᠭᠡᠬᠦ ᠦᠢᠯᠡᠴᠢᠯᠡᠭᠡ ᠬᠦᠷᠲᠡᠬᠦ ᠲᠤᠬᠢᠶᠠᠯ ᠢ ᠤᠯᠭᠤᠨ᠎ᠠ᠃ ᠡᠯ᠎ᠡ ᠭᠠᠵᠠᠷ ᠴᠤ ᠪᠤᠳᠠᠳᠤ ᠪᠠᠶᠢᠳᠠᠯ ᠢᠶᠠᠨ ᠦᠨᠳᠤᠰᠤᠯᠡᠨ ᠲᠤᠬᠠᠢ ᠶᠢᠨ ᠭᠠᠵᠠᠷ ᠤᠷᠤᠨ ᠤ ᠮᠠᠯᠴᠢᠨ ᠲᠠᠷᠢᠶᠠᠴᠢᠨ ᠢ ᠪᠤᠯᠪᠠᠰᠤᠷᠠᠭᠤᠯᠬᠤ ᠶᠡᠷᠦᠩᠭᠡᠢ ᠲᠦᠯᠦᠪᠯᠡᠭᠡ ᠲᠤᠭᠳᠠᠭᠠᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠠᠵᠢᠯ ᠤᠨ ᠬᠤᠪᠢᠶᠠᠷᠢᠯᠡᠯ ᠢᠶᠠᠷ ᠬᠠᠷᠢᠭᠤᠴᠠᠨ ᠭᠡᠷᠡᠭᠵᠢᠬᠦᠯᠦᠨ᠎ᠡ᠃ ᠮᠠᠯᠴᠢᠨ ᠲᠠᠷᠢᠶᠠᠴᠢᠨ ᠤ ᠠᠳᠠᠯᠢ ᠪᠤᠰᠤ ᠪᠠᠶᠢᠳᠠᠯ ᠢ ᠦᠨᠳᠦᠰᠦᠯᠡᠨ᠂ ᠨᠡᠬᠦᠯᠭᠡᠨ ᠰᠢᠯᠵᠢᠬᠦᠯᠵᠤ ᠠᠵᠢᠯ ᠤᠯᠭᠤᠬᠤ ᠮᠡᠷᠭᠡᠵᠢᠯ ᠤᠨ ᠪᠤᠯᠪᠠᠰᠤᠷᠠᠯ᠂ ᠦᠢᠯᠡᠰ ᠪᠦᠲᠦᠭᠡᠬᠦ ᠪᠤᠯᠪᠠᠰᠤᠷᠠᠯ᠂ ᠬᠦᠳᠡᠯᠮᠦᠷᠢᠯᠡᠬᠦ ᠪᠠᠷ ᠪᠡᠯᠡᠳᠬᠡᠬᠦ ᠪᠤᠯᠪᠠᠰᠤᠷᠠᠯ᠂ ᠠᠵᠢᠯ ᠤᠨ ᠪᠠᠶᠢᠷᠢ ᠶᠢᠨ ᠤᠷ᠎ᠠ ᠴᠢᠳᠠᠪᠦᠷᠢ ᠶᠢ ᠲᠡᠭᠡᠭᠰᠢᠯᠡᠬᠦᠯᠬᠦ ᠪᠤᠯᠪᠠᠰᠤᠷᠠᠯ᠂ ᠳᠡᠭᠡᠳᠤ ᠮᠡᠷᠭᠡᠵᠢᠯ ᠤᠨ ᠴᠢᠳᠠᠪᠦᠷᠢᠲᠠᠨ ᠤ ᠪᠤᠯᠪᠠᠰᠤᠷᠠᠯ ᠭᠡᠵᠤ ᠠᠩᠬᠢᠯᠠᠵᠤ᠂ ᠮᠠᠯᠴᠢᠨ ᠲᠠᠷᠢᠶᠠᠴᠢᠨ ᠤ ᠠᠵᠢᠯ ᠤᠯᠵᠤ ᠦᠢᠯᠡᠰ ᠪᠦᠲᠦᠭᠡᠬᠦ ᠴᠢᠳᠠᠪᠦᠷᠢ ᠪᠤᠯᠤᠨ ᠤᠯᠠᠨ ᠵᠦᠢᠯ ᠤᠨ ᠠᠵᠢᠯ ᠬᠢᠬᠦ ᠴᠢᠳᠠᠪᠦᠷᠢ ᠶᠢ ᠵᠡᠷᠭᠡᠪᠡᠷ ᠲᠡᠭᠡᠭᠰᠢᠯᠡᠬᠦᠯᠦᠨ᠎ᠡ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号