ᠦᠨᠳᠦᠰᠦᠳᠡᠨ ᠤ ᠪᠦᠵᠢᠭᠳᠦ ᠵᠦᠴᠦᠭᠡ ︽ᠮᠠᠷᠺᠤ · ᠫᠤᠯᠣ᠋ ᠶᠢᠨ ᠳᠤᠮᠤᠭ︾ ᠪᠡᠭᠡᠵᠢᠩ ᠤᠨ ᠲᠢᠶᠠᠨ ᠴᠢᠶᠤᠤ ᠵᠦᠴᠦᠭᠡ ᠶᠢᠨ ᠤᠷᠳᠤᠨ ᠢ ᠲᠤᠩᠰᠤᠯᠭᠠᠯ᠎ᠠ
ᠨᠡᠶᠢᠲᠡᠯᠡᠭᠰᠡᠨ ᠴᠠᠭ᠄
2016/10/21
       9 ᠰᠠᠷ᠎ᠠ ᠶᠢᠨ 10 ᠤ ᠤᠷᠤᠢ᠂ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ᠂ ᠰᠤᠶᠤᠯ ᠤᠨ ᠶᠠᠮᠤᠨ᠂ ᠤᠯᠤᠰ ᠤᠨ ᠰᠤᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠶᠡᠷᠦᠩᠬᠡᠢ ᠲᠤᠪᠴᠢᠶ᠎ᠠ᠂ ᠪᠡᠭᠡᠵᠢᠩ ᠬᠤᠳᠠ ᠶᠢᠨ ᠵᠠᠰᠠᠭ ᠤᠨ ᠤᠷᠳᠤᠨ ᠠᠴᠠ ᠭᠤᠤᠯᠯᠠᠨ ᠡᠷᠬᠢᠯᠡᠭᠰᠡᠨ ᠳᠠᠪᠤᠳᠤᠭᠠᠷ ᠬᠤᠭᠤᠴᠠᠭᠠᠨ ᠤ ᠪᠦᠬᠦ ᠤᠯᠤᠰ ᠤᠨ ᠴᠦᠭᠡᠨ ᠳᠤᠭᠠᠳᠤ ᠦᠨᠳᠦᠰᠦᠲᠡᠨ ᠤ ᠤᠷᠠᠨ ᠰᠠᠶᠢᠬᠠᠨ ᠤ ᠲᠤᠭᠯᠠᠯᠳᠠ ᠶᠢᠨ ᠨᠢᠭᠡ ᠪᠤᠯᠬᠤ ᠮᠠᠨ ᠤ ᠤᠷᠤᠨ ᠤ ᠪᠦᠵᠢᠭᠳᠦ ᠵᠦᠴᠦᠭᠡ ︽ᠮᠠᠷᠺᠤ · ᠫᠤᠯᠣ᠋ ᠶᠢᠨ ᠳᠤᠮᠤᠭ︾ ᠢ ᠪᠡᠭᠡᠵᠢᠩ ᠤᠨ ᠲᠢᠶᠠᠨ ᠴᠢᠶᠤᠤ ᠵᠦᠴᠦᠭᠡ ᠶᠢᠨ ᠤᠷᠳᠤᠨ ᠳᠤ ᠲᠤᠭᠯᠠᠯ᠎ᠠ᠃ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠡ ᠶᠢᠨ ᠤᠤᠯ ᠤᠨ ᠪᠠᠶᠢᠩᠭᠤ ᠶᠢᠨ ᠳᠡᠳ᠋ ᠳᠠᠷᠤᠭ᠎ᠠ ᠤᠶᠤᠨᠴᠢᠮᠡᠭ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠳᠡᠳ᠋ ᠳᠡᠷᠢᠭᠦᠯᠡᠭᠴᠢ ᠯᠢᠦ ᠰᠢᠨ ᠯᠧ᠂ ᠤᠯᠤᠰ ᠤᠨ ᠦᠨᠳᠦᠰᠦᠲᠡᠨ ᠤ ᠬᠡᠷᠡᠭ ᠡᠷᠬᠢᠯᠡᠭᠦ ᠵᠦᠪᠯᠡᠯ ᠤᠨ ᠲᠤᠰᠬᠠᠢ ᠠᠵᠢᠯ ᠤᠨ ᠬᠡᠰᠢᠭᠦᠨ᠂ ᠲᠦᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ ᠡᠶᠡᠳᠠᠢ ᠵᠢᠴᠢ ᠦᠪᠦᠷ ᠮᠤᠩᠭᠤᠯ ᠨᠤᠳᠤᠭᠳᠠᠢ ᠪᠤᠶᠤ ᠦᠪᠦᠷ ᠮᠤᠩᠭᠤᠯ ᠳᠤ ᠠᠵᠢᠯᠯᠠᠵᠤ ᠪᠠᠶᠢᠭᠰᠠᠨ ᠤᠳᠤᠷᠢᠳᠤᠯᠭ᠎ᠠ ᠨᠠᠷ ᠲᠤᠭᠯᠠᠯᠳᠠ ᠶᠢ ᠰᠤᠨᠢᠷᠬᠠᠪᠠ᠃ ᠪᠦᠵᠢᠭᠳᠦ ᠵᠦᠴᠦᠭᠡ ︽ᠮᠠᠷᠺᠤ · ᠫᠤᠯᠣ᠋ ᠶᠢᠨ ᠳᠤᠮᠤᠭ︾ ᠪᠤᠯ ᠬᠦᠬᠡᠬᠤᠳᠠ ᠶᠢᠨ ᠦᠨᠳᠦᠰᠦᠲᠡᠨ ᠤ ᠳᠤᠭᠯᠠᠯᠳᠠ ᠶᠢᠨ ᠪᠦᠯᠦᠭᠯᠡᠯ ᠠᠴᠠ ᠦᠢᠯᠡᠳᠦᠭᠰᠡᠨ ᠳᠡᠦᠭᠡ ᠬᠢᠬᠡᠳ ᠤᠳᠤ ᠦᠶ᠎ᠡ᠂ ᠦᠨᠳᠦᠰᠦᠳᠡᠨ ᠬᠢᠭᠡᠳ ᠳᠡᠯᠡᠭᠡᠢ ᠶᠢᠨ ᠡᠯᠧᠮᠧᠨ᠋ᠲ ᠢ ᠠᠭᠤᠰᠤᠯᠴᠠᠭᠤᠯᠤᠭᠰᠠᠨ ᠳᠤᠮᠤᠭᠳᠤ ᠵᠦᠴᠦᠭᠡ ᠪᠤᠯᠤᠨ᠎ᠠ᠃ ᠲᠤᠰ ᠵᠦᠴᠦᠭᠡ ᠤᠷᠤᠰᠢᠯ ︽ᠲᠤᠷᠤᠨᠠᠳᠠᠬᠢᠨ ᠳᠤ ᠮᠤᠷᠳᠠᠭᠰᠠᠨ︾ ᠵᠢᠴᠢ ︽ᠮᠤᠩᠭᠤᠯ ᠤᠨ ᠳᠠᠯ᠎ᠠ ᠨᠤᠳᠤᠭ ᠲᠤ ᠢᠷᠡᠭᠰᠡᠨ︾᠂ ︽ᠶᠤᠸᠠᠨ ᠤ ᠳᠡᠭᠡᠳᠦ ᠨᠡᠶᠢᠰᠯᠡᠯ ᠳᠤ ᠤᠷᠤᠭᠰᠠᠨ︾᠂ ︽ᠵᠢᠶᠠᠩᠨᠠᠨ ᠤᠷᠤᠨ ᠢᠶᠠᠷ ᠠᠶᠢᠯᠴᠢᠯᠠᠭᠰᠠᠨ︾᠂ ︽ᠳᠤᠮᠳᠠᠳᠤ ᠠᠴᠠ ᠠᠶᠠᠷᠯᠠᠭᠰᠠᠨ︾ ᠬᠡᠬᠦ ᠲᠠᠪᠤᠨ ᠦᠵᠡᠭᠳᠡᠯ ᠬᠢᠭᠡᠳ ᠳᠡᠭᠦᠰᠭᠡᠯ ︽ᠰᠠᠷᠠᠨ ᠳᠤ ᠨᠠᠶᠢᠳᠠᠭᠰᠠᠨ ᠬᠠᠶᠢᠷ᠎ᠠ︾ ᠬᠡᠬᠦ 6 ᠪᠦᠯᠦᠭ ᠢᠶᠠᠷ ᠪᠦᠷᠢᠯᠳᠦᠵᠤ᠂ ᠮᠠᠷᠺᠤ · ᠫᠤᠯᠣ᠋ ᠶᠢᠨ ᠬᠠᠷᠠᠴᠠ ᠪᠠᠷ ᠮᠠᠨ ᠤ ᠤᠯᠤᠰ ᠤᠨ ᠶᠤᠸᠠᠨ ᠤ ᠦᠶ᠎ᠡ ᠶᠢᠨ ᠦᠷᠨᠢᠯ ᠪᠠᠳᠠᠷᠠᠯ᠂ ᠡᠶ᠎ᠡ ᠵᠤᠬᠢᠴᠠᠯ ᠢ ᠬᠠᠷᠠᠭᠤᠯᠵᠤ᠂ ᠳᠠᠭᠤᠤ ᠬᠦᠭᠵᠢᠮ᠂ ᠪᠦᠵᠢᠭ᠂ ᠼᠢᠷᠺ᠂ ᠶᠧᠯᠸᠢ ᠵᠡᠷᠭᠡ ᠤᠷᠠᠯᠢᠭ ᠢᠶᠠᠷ ᠬᠦᠮᠦᠨ ᠲᠦᠷᠦᠯᠬᠢᠳᠡᠨ ᠤ ᠡᠩᠭᠡ ᠳᠠᠶᠢᠪᠤᠩ ᠂ ᠰᠠᠶᠢᠨ ᠰᠠᠶᠢᠬᠠᠨ ᠠᠮᠢᠳᠤᠷᠠᠯ ᠢ ᠬᠦᠬᠡᠬᠡᠴᠡᠯᠳᠦᠬᠦ ᠬᠦᠰᠡᠯ ᠡᠷᠡᠮᠡᠯᠵᠡᠯ ᠢ ᠳᠤᠰᠬᠠᠪᠠ᠃ ᠲᠤᠰ ᠵᠦᠴᠦᠭᠡ ᠶᠢ 2013 ᠤᠨ ᠤ 7 ᠰᠠᠷ᠎ᠠ ᠠᠴᠠ ᠡᠬᠢᠯᠡᠨ ᠤᠯᠤᠰ ᠤᠨ ᠳᠤᠳᠤᠭᠠᠳᠤ ᠭᠠᠳᠠᠭᠠᠳᠤ ᠳᠤ ᠨᠡᠶᠢᠳᠡ 630 ᠭᠠᠷᠤᠢ ᠳᠠᠯᠠᠪᠤᠷ ᠲᠤᠭᠯᠠᠨ ᠦᠵᠡᠭᠦᠯᠵᠤ᠂ ᠠᠮᠧᠷᠢᠺᠠ᠂ ᠬᠠᠩᠭᠠᠷᠢ᠂ ᠢᠲ᠋ᠠᠯᠢ᠂ ᠺᠠᠨᠠᠳᠠ ᠵᠡᠷᠭᠡ ᠤᠯᠤᠰ ᠲᠤ 593 ᠤᠳᠠᠭ᠎ᠠ ᠲᠤᠭᠯᠠᠨ ᠦᠵᠡᠭᠴᠢ ᠤᠯᠠᠨ ᠤ ᠰᠤᠨᠢᠷᠬᠠᠯ ᠢ ᠳᠠᠳᠠᠵᠤ ᠬᠦᠷᠢᠶᠡᠯᠡᠯ ᠢ ᠤᠯᠵᠤ ᠪᠠᠶᠢᠯ᠎ᠠ᠃ ᠤᠨᠴᠠᠭᠠᠢᠢᠯᠠᠨ 2015 ᠤᠨ ᠤ 9 ᠰᠠᠷ᠎ᠠ ᠳᠤ᠂ ᠲᠤᠰ ᠵᠦᠴᠦᠭᠡ ᠮᠠᠷᠺᠤ · ᠫᠤᠯᠣ᠋ ᠶᠢᠨ ᠨᠤᠳᠤᠭ ᠢᠲ᠋ᠠᠯᠢ ᠳᠤ ᠬᠦᠷᠴᠦ᠂ ᠮᠢᠯᠠᠨ ᠳᠤ ᠪᠤᠯᠤᠭᠰᠠᠨ ᠳᠡᠯᠡᠭᠡᠢ ᠶᠢᠨ ᠦᠵᠡᠰᠭᠦᠯᠡᠩ ᠲᠡᠭᠡᠷ᠎ᠡ ᠨᠤᠳᠤᠭ ᠤᠨ ᠬᠦᠮᠦᠰ ᠲᠠᠢ ᠪᠠᠨ ᠵᠤᠯᠭᠠᠵᠤ᠂ ᠲᠢᠪ ᠰᠤᠨᠳᠠᠯᠠᠵᠤ ᠵᠠᠭᠤᠨ ᠠᠯᠤᠰᠯᠠᠭᠰᠠᠨ ᠦᠯᠢᠭᠡᠷ ᠢᠶᠠᠷ ᠬᠤᠶᠠᠷ ᠤᠯᠤᠰ ᠤᠨ ᠰᠤᠶᠤᠯ ᠤᠨ ᠰᠤᠯᠢᠯᠴᠠᠭ᠎ᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠤᠭᠰᠠᠨ ᠪᠠᠶᠢᠨ᠎ᠠ ᠬᠡᠵᠤ ᠲᠤᠰ ᠵᠦᠴᠦᠭᠡ ᠶᠢᠨ ᠶᠡᠷᠦᠩᠬᠡᠢ ᠤᠳᠤᠷᠢᠳᠤᠭᠠᠴᠢ ᠼᠤᠤ ᠰᠢᠶᠤᠤ ᠨᠢᠩ ᠰᠤᠷᠪᠤᠯᠵᠢᠯᠠᠭ᠎ᠠ ᠬᠦᠯᠢᠶᠡᠭᠦ ᠳᠡᠭᠡᠨ ᠶᠠᠷᠢᠵᠤ ᠪᠠᠶᠢᠯ᠎ᠠ᠃ ᠵᠦᠴᠦᠭᠡ ᠶᠢᠨ ᠨᠢᠬᠡᠳᠦᠭᠡᠷ ᠳᠠᠯᠠᠪᠠᠢ ᠲᠤᠭᠯᠠᠯᠳᠠ ᠶᠢ ᠮᠢᠩᠭ᠎ᠠ ᠭᠠᠷᠤᠢ ᠦᠵᠡᠭᠴᠢᠳ ᠰᠤᠨᠢᠷᠭᠠᠵᠤ᠂ ᠦᠵᠡᠭᠴᠢ ᠲᠤᠭᠠᠷᠰᠦ᠋ᠷᠦᠩ ᠰᠤᠷᠪᠤᠯᠵᠢᠯᠠᠭ᠎ᠠ ᠬᠦᠯᠢᠶᠡᠬᠦ ᠳᠡᠭᠡᠨ᠂ ᠪᠡᠭᠡᠵᠢᠩ ᠳᠤ ᠰᠠᠭᠤᠭ᠎ᠠ ᠮᠤᠩᠭᠤᠯ ᠬᠦᠮᠦᠨ ᠪᠤᠯᠤᠭᠰᠠᠨ ᠤ ᠬᠤᠪᠢ ᠳᠤ ᠬᠡᠷ ᠤᠨ ᠢᠶᠠᠨ ᠡᠭᠦᠳᠡᠨ ᠳᠤ ᠮᠤᠩᠭᠤᠯ ᠪᠦᠵᠢᠭᠳᠦ ᠵᠦᠴᠦᠭᠡ ᠪᠠᠨ ᠦᠵᠡᠭᠦ ᠬᠡᠵᠤ ᠮᠠᠰᠢ ᠪᠠᠶᠠᠷᠳᠠᠢ ᠶᠠᠪᠤᠳᠠᠯ᠂ ᠤᠨᠴᠠᠭᠠᠢᠢᠯᠠᠨ ︽ᠮᠠᠷᠺᠤ · ᠫᠤᠯᠣ᠋ ᠶᠢᠨ ᠳᠤᠮᠤᠭ︾ ᠬᠡᠬᠦ ᠲᠤᠮᠤ ᠰᠡᠳᠦᠪ ᠢᠶᠠᠷ ᠶᠤᠸᠠᠨ ᠤᠯᠤᠰ ᠤᠨ ᠦᠶ᠎ᠡ ᠳᠤ ᠡᠯ᠎ᠡ ᠦᠨᠳᠦᠰᠤᠲᠡᠨ ᠶᠠᠰᠤᠳᠠᠨ ᠤ ᠶᠡᠭᠡ ᠪᠦᠯᠬᠦᠮᠳᠡᠯ᠂ ᠡᠶ᠎ᠡ ᠵᠤᠬᠢᠴᠠᠯ ᠢ ᠤᠷᠠᠯᠢᠭ ᠢᠶᠠᠷ ᠬᠠᠷᠠᠭᠤᠯᠤᠭᠰᠠᠨ ᠨᠢ ᠨᠡᠩ ᠴᠤ ᠬᠦᠮᠦᠰ ᠤᠨ ᠤᠷᠮ᠎ᠠ ᠶᠢ ᠬᠦᠭᠵᠢᠬᠡᠵᠤ᠂ ᠬᠠᠶᠢᠷ᠎ᠠ ᠪᠠᠷ ᠰᠢᠵᠢᠮᠯᠡᠭᠰᠡᠨ ᠦᠯᠢᠭᠡᠷ ᠨᠢ ᠬᠦᠮᠦᠰ ᠤᠨ ᠰᠡᠳᠬᠢᠯ ᠢ ᠲᠤᠭᠳᠤᠯᠤᠭᠤᠯᠤᠭᠰᠠᠨ ᠪᠠᠶᠢᠨ᠎ᠠ ᠬᠡᠵᠤ ᠪᠠᠶᠠᠷᠳᠠᠶᠢᠬᠠᠨ ᠶᠠᠷᠢᠨ᠎ᠠ ᠃ ᠳᠠᠪᠤᠳᠤᠭᠠᠷ ᠬᠤᠭᠤᠴᠠᠭᠠᠨ ᠤ ᠪᠦᠬᠦ ᠤᠯᠤᠰ ᠤᠨ ᠴᠦᠭᠡᠨ ᠳᠤᠭᠠᠳᠤ ᠦᠨᠳᠦᠰᠦᠲᠡᠨ ᠤ ᠤᠷᠠᠨ ᠰᠠᠶᠢᠬᠠᠨ ᠤ ᠲᠤᠭᠯᠠᠯᠳᠠ 8 ᠰᠠᠷ᠎ᠠ ᠶᠢᠨ 16 ᠠᠴᠠ ᠡᠬᠢᠯᠡᠨ 43 ᠳᠠᠯᠠᠪᠠᠢ ᠰᠢᠯᠢᠳᠡᠭ ᠵᠦᠴᠦᠭᠡ ᠶᠢ ᠲᠤᠭᠯᠠᠨ ᠦᠵᠡᠭᠦᠯᠵᠤ 9 ᠰᠠᠷ᠎ᠠ ᠶᠢᠨ 14 ᠤ ᠡᠳᠤᠷ ᠦᠨᠳᠦᠷᠯᠡᠬᠦ ᠪᠤᠯᠤᠨ᠎ᠠ᠃ ᠮᠠᠨ ᠤ ᠤᠷᠤᠨ ᠤ ᠵᠦᠴᠦᠭᠡ ︽ᠮᠠᠷᠺᠤ · ᠫᠤᠯᠣ᠋ ᠶᠢᠨ ᠳᠤᠮᠤᠭ︾ ᠢ 9 ᠰᠠᠷ᠎ᠠ ᠶᠢᠨ 11 ᠤ ᠤᠷᠤᠢ ᠪᠠᠰᠠ ᠨᠢᠭᠡ ᠳᠠᠯᠠᠪᠠᠢ ᠲᠤᠭᠯᠠᠵᠤ᠂ ︽ᠳᠠᠯ᠎ᠠ ᠨᠤᠳᠤᠭ ᠤᠨ ᠤᠯᠠᠭᠠᠨᠮᠦ᠋ᠴᠢᠷ︾ ᠢ 9 ᠰᠠᠷ᠎ᠠ ᠶᠢᠨ 12 ᠠᠴᠠ 13 ᠪᠤᠯᠳᠠᠯ᠎ᠠ ᠬᠤᠶᠠᠷ ᠳᠠᠯᠠᠪᠠᠢ ᠲᠤᠭᠯᠠᠬᠤ ᠪᠤᠯᠤᠨ᠎ᠠ᠃  
 
ᠢᠷᠡᠯᠲᠡ᠄ ᠰᠢᠯᠣᠭᠠᠨ ᠬᠦᠬᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号