ᠠᠩᠬᠠᠲᠤᠭᠠᠷ ᠬᠤᠭᠤᠴᠠᠭᠠᠨ ᠤ ᠲᠦᠩᠯᠢᠶᠤᠤ • ᠤᠲᠠᠨᠲᠠᠯ᠎ᠠ ᠶᠢᠨ ᠤᠯᠠᠨ ᠤᠯᠤᠰ ᠤᠨ ᠪᠠᠲᠤᠴᠠᠭᠠᠨ ᠤ ᠨᠠᠶᠢᠷ ᠡᠬᠢᠯᠡᠯ᠎ᠡ
ᠨᠡᠶᠢᠲᠡᠯᠡᠭᠰᠡᠨ ᠴᠠᠭ᠄
2016/10/21
            2016 ᠠᠩᠬᠠᠲᠤᠭᠠᠷ ᠬᠤᠭᠤᠴᠠᠭᠠᠨ ᠤ ᠲᠦᠩᠯᠢᠶᠤᠤ • ᠤᠲᠠᠨᠲᠠᠯ᠎ᠠ ᠶᠢᠨ ᠤᠯᠠᠨ ᠤᠯᠤᠰ ᠤᠨ ᠪᠠᠲᠤᠴᠠᠭᠠᠨ ᠤ ᠨᠠᠶᠢᠷ 10 ᠰᠠᠷ᠎ᠠ ᠶᠢᠨ 5 ᠤ ᠡᠳᠦᠷ ᠤᠨ ᠦᠲᠡ ᠶᠢᠨ ᠡᠮᠦᠨ᠎ᠡ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠤᠷᠴᠢᠨ ᠵᠡᠬᠦᠨ ᠭᠠᠷᠤᠨ ᠬᠤᠶᠢᠲᠤ ᠬᠤᠰᠢᠭᠤᠨ ᠤ ᠤᠲᠠᠨᠲᠠᠯ᠎ᠠ ᠤᠢ ᠰᠢᠭᠤᠢ ᠶᠢᠨ ᠲᠠᠯᠠᠪᠠᠢ ᠳᠤ ᠦᠪᠡᠲᠡᠭᠰᠢ ᠨᠡᠬᠡᠬᠡᠯᠲᠡ ᠪᠠᠨ ᠬᠢᠯ᠎ᠡ᠃ ᠲᠤᠰ ᠤᠳᠠᠭᠠᠨ ᠤ ᠨᠠᠶᠢᠷ ᠨᠢ ᠤᠪᠤᠭᠠᠨ ᠲᠠᠬᠢᠯᠭ᠎ᠠ᠂ ᠤᠯᠠᠭᠠᠨᠮᠦ᠋ᠴᠢᠷ ᠤᠨ ᠤᠷᠠᠨ ᠰᠠᠶᠢᠬᠠᠨ ᠤ ᠲᠤᠭᠯᠠᠯᠲᠠ᠂ ᠮᠤᠩᠭᠤᠯ ᠬᠤᠪᠴᠠᠰᠤ ᠵᠠᠰᠠᠯ ᠤᠨ ᠦᠵᠡᠬᠦᠯᠦᠯᠭᠡ᠂ ᠬᠤᠷᠴᠢᠨ ᠨᠤᠲᠤᠭ ᠤᠨ ᠤᠨᠴᠠᠯᠢᠭ ᠪᠦᠬᠦᠢ ᠬᠤᠸᠠᠷ ᠬᠠᠳᠬᠤᠮᠠᠯ ᠵᠡᠷᠭᠡ ᠪᠡᠶᠡᠲᠦ ᠪᠤᠰᠤ ᠰᠤᠶᠤᠯ ᠤᠨ ᠦᠪ ᠢ ᠲᠡᠯᠭᠡᠭᠰᠡᠨ ᠢᠶᠠᠷ ᠢᠶᠠᠨ ᠤᠨᠴᠠᠯᠠᠭᠲᠠᠨ᠎ᠠ᠃ ᠬᠤᠷᠴᠢᠨ ᠵᠡᠬᠦᠨ ᠭᠠᠷᠤᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠲᠡᠳ᠋ ᠲᠠᠷᠤᠭ᠎ᠠ ᠭᠤᠸᠠᠨ ᠬᠠᠢ ᠹᠧᠩ ᠰᠤᠷᠪᠤᠯᠵᠢᠯᠠᠭ᠎ᠠ ᠬᠦᠯᠢᠶᠠᠬᠦ ᠳᠡᠭᠡᠨ᠄ ︽ᠤᠲᠠᠨᠲᠠᠯ᠎ᠠ ᠳᠤ ᠪᠠᠲᠤᠴᠠᠭᠠᠨ ᠮᠤᠲᠤ ᠤᠯᠠᠨ ᠪᠠᠶᠢᠲᠠᠭ᠂ ᠤᠯᠤᠰ ᠤᠨ ᠪᠠᠶᠠᠷ ᠤᠨ ᠠᠮᠠᠷᠠᠯᠲᠠ ᠶᠢ ᠲᠤᠬᠢᠶᠠᠯᠲᠤᠭᠤᠯᠤᠨ ᠲᠤᠰ ᠤᠲᠠᠭᠠᠨ ᠤ ᠠᠵᠢᠯᠯᠠᠭ᠎ᠠ ᠶᠢ ᠵᠤᠬᠢᠶᠠᠨ ᠪᠠᠶᠢᠭᠤᠯᠵᠤ ᠪᠠᠶᠢᠭ᠎ᠠ ᠨᠢ ᠪᠦᠰᠡ ᠨᠤᠲᠤᠭ ᠤᠨ ᠢᠶᠠᠨ ᠡᠬᠢ ᠪᠠᠶᠠᠯᠢᠭ ᠤᠨ ᠲᠠᠪᠠᠭᠤᠯᠢᠭ ᠪᠤᠶᠤ ᠤᠷᠤᠨ ᠪᠠᠶᠢᠷᠢ ᠶᠢᠨ ᠨᠦᠬᠦᠴᠡᠯ ᠢᠶᠠᠨ ᠠᠰᠢᠭᠯᠠᠨ᠂ ᠲᠦᠰᠦᠯ ᠤᠨ ᠪᠠᠶᠢᠭᠤᠯᠤᠯᠲᠠ᠂ ᠤᠬᠠᠭᠤᠯᠤᠨ ᠰᠤᠷᠲᠠᠯᠴᠢᠯᠠᠬᠤ᠂ ᠠᠶᠠᠯᠠᠯ ᠵᠢᠭᠤᠯᠴᠢᠯᠠᠯ ᠢᠶᠠᠷ ᠶᠠᠲᠠᠭᠤ ᠶᠢ ᠲᠡᠳᠬᠦᠬᠦ᠂ ᠠᠷᠠᠯᠵᠢᠶᠠᠴᠢᠨ ᠤᠷᠢᠵᠤ ᠬᠦᠷᠦᠩᠬᠡ ᠤᠷᠤᠭᠤᠯᠬᠤ ᠵᠡᠷᠭᠡ ᠠᠷᠭ᠎ᠠ ᠪᠠᠷ ᠰᠤᠶᠤᠯ ᠵᠢᠭᠤᠯᠴᠢᠯᠠᠯ ᠤᠨ ᠠᠵᠤ ᠦᠢᠯᠡᠰ ᠢ ᠬᠦᠭᠵᠢᠬᠦᠯᠬᠦ᠂ ᠲᠡᠷᠡ ᠲᠤᠰᠤᠮ ᠢᠶᠠᠨ ᠬᠤᠰᠢᠭᠤ ᠨᠤᠲᠤᠭ ᠤᠨ ᠢᠶᠠᠨ ᠡᠳ᠋ ᠤᠨ ᠵᠠᠰᠠᠭ ᠢ ᠬᠦᠭᠵᠢᠬᠦᠯᠬᠦ ᠶᠢ ᠵᠤᠷᠢᠭᠰᠠᠨ ᠶᠤᠮ︾ ᠭᠡᠯ᠎ᠡ᠃      ᠤᠲᠠᠨᠲᠠᠯ᠎ᠠ ᠤᠢ ᠰᠢᠭᠤᠢ ᠶᠢᠨ ᠲᠠᠯᠠᠪᠠᠢ ᠨᠢ ᠬᠤᠷᠴᠢᠨ ᠵᠡᠬᠦᠨ ᠭᠠᠷᠤᠨ ᠬᠤᠶᠢᠲᠤ ᠬᠤᠰᠢᠭᠤᠨ ᠤ ᠲᠦᠪ ᠭᠠᠨᠵᠤᠭ᠎ᠠ ᠪᠠᠯᠭᠠᠰᠤᠨ ᠠᠴᠠ 55 ᠺᠢᠯᠤᠮᠧᠲᠷ ᠵᠠᠢ ᠲᠠᠢ᠃ ᠶᠡᠷᠦᠩᠬᠡᠢ ᠲᠠᠯᠠᠪᠠᠢ ᠨᠢ 35 ᠲᠦᠮᠡᠨ ᠮᠦ ᠪᠦᠬᠦᠢ 333 ᠲᠦᠷᠦᠯ ᠤᠨ ᠤᠷᠭᠤᠮᠠᠯ ᠳᠤ 50 – 500 ᠵᠢᠯ ᠤᠨ ᠪᠠᠲᠤᠴᠠᠭᠠᠨ ᠮᠤᠲᠤ ᠪᠠᠷ ᠭᠤᠤᠯᠯᠠᠬᠰᠠᠨ ᠢᠶᠠᠷ ᠢᠶᠠᠨ ᠤᠯᠠᠨ ᠤ ᠠᠩᠬᠠᠷᠦᠯ ᠢ ᠣᠨᠴᠠᠭᠠᠢ ᠲᠠᠲᠠᠨ᠎ᠠ᠃      ᠤᠢᠢᠯᠠᠭᠠᠭᠰᠠᠨ ᠢᠶᠠᠷ᠂ ᠠᠩᠬᠠᠲᠤᠭᠠᠷ ᠬᠤᠭᠤᠴᠠᠭᠠᠨ ᠤ ᠲᠦᠩᠯᠢᠶᠤᠤ • ᠤᠲᠠᠨᠲᠠᠯ᠎ᠠ ᠶᠢᠨ ᠤᠯᠠᠨ ᠤᠯᠤᠰ ᠤᠨ ᠪᠠᠲᠤᠴᠠᠭᠠᠨ ᠤ ᠨᠠᠶᠢᠷ ᠭᠤᠷᠪᠠᠨ ᠡᠲᠦᠷ ᠤᠨ ᠬᠤᠭᠤᠴᠠᠭ᠎ᠠ ᠲᠠᠢ ᠵᠤᠬᠢᠶᠠᠨ ᠪᠠᠶᠢᠭᠤᠯᠤᠭᠲᠠᠨ᠎ᠠ᠃
 
ᠢᠷᠡᠯᠲᠡ᠄ ᠰᠢᠨᠬᠤᠸᠠ ᠮᠣᠩᠭᠤᠯ ᠨᠧᠲ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号