ᠲᠠᠷᠢᠶᠠᠴᠢᠨ ᠠᠵᠢᠯᠴᠢᠨ ᠤ ᠬᠦᠯᠦᠰᠣ ᠮᠦᠩᠬᠦ ᠶᠢ ᠴᠠᠭ ᠲᠣᠬᠠᠢ ᠳᠤᠨᠢ ᠲᠤᠭ᠎ᠠ ᠶᠣᠰᠣᠭᠠᠷ ᠨᠢ | ᠣᠯᠭᠤᠬᠤ ᠶᠢᠨ ᠲᠦᠯᠦᠬᠡ᠂ ᠣᠯᠠᠭᠠᠢ ᠬᠠᠮᠢᠶᠠᠷᠣᠯᠳᠠ ᠶᠢᠨ ᠣᠷᠣᠨ ᠤ ᠵᠢᠩ ᠹᠧᠩ ᠱᠠᠨ ᠵᠤᠸᠠᠩ ᠲᠦᠰᠦᠯ ᠤᠨ | ᠴᠠᠯᠢᠩ ᠬᠦᠯᠦᠰᠣ ᠶᠢ ᠲᠦᠯᠦᠬᠦ ᠪᠠᠶᠢᠳᠠᠯ ᠳᠤ ᠨᠡᠶᠢᠳᠡ ᠶᠢᠨ ᠵᠠᠷᠯᠠᠯ ᠬᠢᠪᠡ᠃ ᠬᠡᠷᠪᠡ ᠲᠠᠷᠢᠶᠠᠴᠢᠨ ᠠᠵᠢᠯᠴᠢᠨ ᠤ | ᠬᠦᠯᠦᠰᠣ ᠮᠦᠩᠬᠦ ᠶᠢ ᠦᠷᠢᠳᠡᠵᠦ ᠪᠠᠶᠢᠭ᠎ᠠ ᠦᠵᠡᠭᠳᠡᠯ ᠢ ᠰᠡᠷᠡᠵᠦ ᠮᠡᠳᠡᠪᠡᠯ᠂ ᠲᠠ ᠴᠠᠭ ᠲᠣᠬᠠᠢ ᠳᠤᠨᠢ ᠣᠯᠠᠭᠠᠢ | ᠬᠠᠮᠢᠶᠠᠷᠣᠯᠳᠠ ᠶᠢᠨ ᠣᠷᠣᠨ ᠤ ᠠᠵᠢᠯ ᠤᠨ ᠪᠠᠳᠣᠯᠭ᠎ᠠ ᠶᠢ ᠬᠢᠨᠠᠨ ᠪᠠᠶᠢᠴᠠᠭᠠᠬᠤ ᠶᠡᠭᠡ ᠠᠩᠬᠢ ᠳᠤ ᠢᠯᠡᠴᠢᠯᠡᠨ | ᠮᠡᠳᠡᠬᠦᠯᠵᠦ ᠵᠠᠭᠠᠯᠳᠣᠭᠠᠷᠠᠢ ︵ᠨᠡᠶᠢᠳᠡ ᠳᠤ ᠵᠠᠷᠯᠠᠬᠤ ᠬᠤᠭᠤᠴᠠᠭ᠎ᠠ᠄ 2016 ᠣᠨ ᠤ 9 ᠰᠠᠷ᠎ᠠ ᠶᠢᠨ 30 ᠤ | ᠡᠳᠣᠷ ᠠᠴᠠ 2016 ᠣᠨ ᠤ 10 ᠰᠠᠷ᠎ᠠ ᠶᠢᠨ 15 ᠤ ᠡᠳᠣᠷ ᠪᠣᠯᠳᠠᠯ᠎ᠠ︶᠃ | ᠨᠡᠶᠢᠳᠡ ᠳᠤ ᠵᠠᠷᠯᠠᠭᠰᠠᠨ ᠬᠤᠭᠤᠴᠠᠭᠠᠨ ᠲᠣᠳᠣᠷ᠎ᠠ ᠬᠠᠮᠢᠶ᠎ᠠ ᠪᠦᠬᠦᠢ ᠬᠡᠷᠴᠢ ᠪᠠᠨ ᠠᠪᠴᠣ ᠣᠯᠠᠭᠠᠢ | ᠬᠠᠮᠢᠶᠠᠷᠣᠯᠳᠠ ᠶᠢᠨ ᠣᠷᠣᠨ ᠤ ᠠᠵᠢᠯ ᠤᠨ ᠪᠠᠳᠣᠯᠭ᠎ᠠ ᠶᠢ ᠬᠢᠨᠠᠨ ᠪᠠᠶᠢᠴᠠᠭᠠᠬᠤ ᠶᠡᠭᠡ ᠠᠩᠬᠢ ᠳᠤ ᠢᠯᠡᠴᠢᠯᠡᠨ | ᠮᠡᠳᠡᠬᠦᠯᠬᠦ ᠪᠣᠶᠣ ᠢᠯᠡᠷᠬᠡᠶᠢᠯᠡᠨ᠎ᠡ᠃ ᠬᠡᠷᠪᠡ ᠬᠦᠯᠦᠰᠣ ᠮᠦᠩᠬᠦ ᠦᠷᠢᠳᠡᠭᠰᠡᠨ ᠵᠠᠭᠠᠯᠳᠣᠯᠭ᠎ᠠ ᠬᠤᠷᠢᠶᠠᠵᠦ ᠣᠯᠣᠭᠰᠠᠨ | ᠦᠭᠡᠢ ᠪᠣᠯ᠂ ᠮᠡᠨ ᠤ ᠲᠣᠪᠴᠢᠶᠠᠨ ᠠᠴᠠ ᠨᠡᠶᠢᠳᠡ ᠳᠤ ᠵᠠᠷᠯᠠᠭᠰᠠᠨ ᠬᠤᠭᠤᠴᠠᠭ᠎ᠠ ᠬᠦᠢᠴᠡᠭᠰᠡᠨ ᠤ ᠲᠠᠷᠠᠭ᠎ᠠ ᠲᠦᠰᠦᠯ | ᠢ ᠲᠠᠭᠠᠭᠠᠴᠢᠯᠠᠨ ᠦᠢᠯᠡᠳᠦᠭᠰᠡᠨ ᠪᠠᠶᠢᠭᠤᠯᠭ᠎ᠠ ᠲᠠᠢ ᠬᠠᠮᠢᠶ᠎ᠠ ᠪᠦᠬᠦᠢ ᠭᠠᠷ ᠬᠦᠢᠴᠡᠳᠬᠡᠯ ᠬᠢᠨ᠎ᠡ᠃ | ᠢᠯᠡᠴᠢᠯᠡᠨ ᠮᠡᠳᠡᠬᠦᠯᠵᠦ ᠵᠠᠭᠠᠯᠳᠣᠬᠤ ᠣᠳᠠᠰᠣ᠄ 15247993636 | ᠰᠢᠯᠢ ᠶᠢᠨ ᠭᠤᠣᠯ ᠠᠶᠢᠮᠠᠭ ᠤᠨ ᠣᠯᠠᠭᠠᠢ ᠬᠠᠮᠢᠶᠠᠷᠣᠯᠳᠠ ᠶᠢᠨ ᠣᠷᠣᠨ ᠤ ᠠᠵᠢᠯ ᠤᠨ ᠪᠠᠳᠣᠯᠭ᠎ᠠ ᠶᠢ ᠬᠢᠨᠠᠨ | ᠪᠠᠶᠢᠴᠠᠭᠠᠬᠤ ᠶᠡᠭᠡ ᠠᠩᠬᠢ | | 2016 ᠣᠨ ᠤ 9 ᠰᠠᠷ᠎ᠠ ᠶᠢᠨ 30 |