| ᠮᠠᠯ ᠤᠨ ᠵᠠᠷᠤᠴᠠᠭᠤᠯᠤᠯᠳᠠ ᠡᠬᠢᠯᠡᠭᠰᠡᠨ ᠠᠴᠠ ᠨᠠᠰᠢ᠂ ᠠᠶᠢᠮᠠᠭ ᠤᠨ ᠭᠦᠭᠵᠢᠭᠦᠯᠦᠯᠳᠡ | ᠦᠭᠡᠷᠡᠴᠢᠯᠡᠯᠳᠡ ᠶᠢᠨ ᠵᠦᠪᠯᠡᠯ ᠤᠨ ᠠᠯᠪᠠᠨ ᠤ ᠳᠠᠯ᠎ᠡ ᠶᠢᠨ ᠤᠯᠠᠨ ᠨᠡᠶᠢᠳᠡ ᠶᠢᠨ ᠸᠢᠴᠠᠲ ᠲᠠᠪᠴᠠᠩ ︽ᠰᠢᠯᠢ ᠶᠢᠨ | ᠭᠤᠤᠯ ᠤᠨ ᠦᠨ᠎ᠠ ᠬᠠᠨᠭ᠍ᠰᠢ︾ ᠶᠢᠨ ᠪᠤᠯᠤᠩ ᠳᠠᠭᠠᠨ ᠡᠳᠦᠷ ᠪᠦᠷᠢ ᠬᠤᠨᠢ ᠬᠤᠷᠠᠭ᠎ᠠ ᠬᠤᠳᠠᠯᠳᠤᠨ ᠠᠪᠬᠤ ᠦᠨ᠎ᠠ ᠶᠢ | ᠨᠡᠶᠢᠳᠡᠯᠡᠵᠦ᠂ ᠬᠠᠮᠢᠶ᠎ᠠ ᠪᠦᠭᠦᠢ ᠰᠠᠯᠠᠭ᠎ᠠ ᠮᠦᠴᠢᠷ ᠪᠠᠰᠠ ᠤᠯᠠᠭᠠᠨ ᠢᠳᠡᠭᠡᠨ ᠬᠤᠳᠠᠯᠳᠤᠨ ᠠᠪᠬᠤ᠂ ᠡᠳ᠋ᠰᠢᠭᠦᠯᠵᠦ | ᠪᠤᠯᠪᠠᠰᠤᠷᠠᠭᠤᠯᠬᠤ ᠶᠢ ᠲᠦᠷᠢᠮᠵᠢᠭᠦᠯᠭᠦ ᠠᠷᠭ᠎ᠠ ᠭᠡᠮᠵᠢᠶ᠎ᠠ ᠠᠪᠴᠦ᠂ ᠪᠦᠭᠦ ᠠᠶᠢᠮᠠᠭ ᠤᠨ ᠮᠠᠯᠵᠢᠬᠤ | ᠦᠢᠯᠡᠳᠪᠦᠷᠢᠯᠡᠯ ᠤᠨ ᠦᠷᠭᠦᠯᠵᠢᠯᠡᠨ ᠡᠷᠡᠭᠦᠯ ᠢᠶᠠᠷ ᠭᠦᠭᠵᠢᠭᠦ ᠶᠢ ᠪᠠᠳᠤᠯᠠᠵᠦ ᠪᠤᠢ᠃ 8 ᠳ᠋ᠤᠭᠠᠷ ᠰᠠᠷ᠎ᠠ ᠶᠢᠨ | ᠰᠡᠭᠦᠯᠴᠢ ᠪᠠᠷ᠂ ᠠᠶᠢᠮᠠᠭ ᠵᠢᠴᠢ ᠰᠢᠯᠢ ᠶᠢᠨ ᠬᠤᠳᠠ ᠶᠢᠨ ᠦᠨ᠎ᠠ ᠬᠠᠨᠭ᠍ᠰᠢ ᠶᠢ ᠪᠠᠶᠢᠴᠠᠭᠠᠬᠤ ᠲᠤᠪᠴᠢᠶ᠎ᠠ ︵ᠭᠠᠵᠠᠷ︶ | ᠰᠢᠯᠢ ᠶᠢᠨ ᠬᠤᠳᠠ ᠶᠢᠨ ᠤᠯᠠᠭᠠᠨ ᠢᠳᠡᠭᠡᠨ ᠡᠳ᠋ᠰᠢᠬᠦᠯᠤᠨ ᠪᠤᠯᠪᠠᠰᠤᠷᠠᠭᠤᠯᠬᠤ 27 ᠠᠵᠦ ᠠᠬᠤᠢᠢᠯᠠᠯ ᠢ | ᠪᠠᠶᠢᠴᠠᠭᠠᠬᠰᠠᠨ ᠤ ᠬᠠᠮᠳᠦ᠂ ᠦᠨ᠎ᠠ ᠬᠠᠨᠭ᠍ᠰᠢ ᠶᠢᠨ ᠬᠠᠤᠯᠢ ᠠᠴᠠ ᠵᠦᠷᠢᠴᠡᠭᠰᠡᠨ ᠠᠵᠦ ᠠᠬᠤᠢᠢᠯᠠᠯ ᠳᠤ | ᠰᠡᠷᠡᠮᠵᠢᠯᠡᠭᠦᠯᠭᠦ ᠪᠢᠴᠢᠭ ᠪᠠᠭᠤᠯᠭᠠᠪᠠ᠃ ᠡᠯ᠎ᠠ ᠬᠤᠰᠢᠭᠤ ᠰᠢᠶᠠᠨ ᠬᠤᠳᠠ ︵ᠤᠷᠤᠨ︶ ᠵᠠᠬ᠎ᠠ ᠲᠡᠯᠭᠡᠭᠦᠷ ᠲᠤ | ᠪᠠᠶᠢᠴᠠᠭᠠᠯᠳᠠ ᠬᠢᠵᠦ᠂ ᠦᠨ᠎ᠠ ᠬᠠᠨᠭ᠍ᠰᠢ ᠶᠢ ᠬᠢᠨᠠᠨ ᠲᠤᠭᠳᠠᠭᠠᠬᠤ ᠰᠠᠯᠠᠭ᠎ᠠ ᠮᠦᠴᠢᠷ ᠬᠤᠨᠢᠨ ᠮᠢᠬ᠎ᠠ ᠬᠤᠳᠠᠯᠳᠤᠨ | ᠠᠪᠬᠤ᠂ ᠪᠤᠷᠤᠯᠠᠭᠤᠯᠬᠤ ᠦᠨ᠎ᠠ ᠬᠠᠨᠭ᠍ᠰᠢ ᠶᠢ ᠰᠠᠶᠢᠳᠦᠷ ᠠᠩᠬᠠᠷᠴᠦ᠂ ᠬᠠᠮᠢᠶ᠎ᠠ ᠪᠦᠭᠦᠢ ᠰᠠᠯᠠᠭ᠎ᠠ ᠮᠦᠴᠢᠷ ᠮᠠᠯ ᠤᠨ | ᠠᠰᠢᠭ ᠰᠢᠮ᠎ᠠ ᠶᠢᠨ ᠪᠦᠳᠦᠭᠡᠭᠳᠡᠭᠦᠨ ᠤ ᠦᠨ᠎ᠠ ᠬᠠᠨᠭ᠍ᠰᠢ ᠶᠢᠨ ᠪᠠᠶᠢᠳᠠᠯ᠂ ᠬᠤᠨᠢᠨ ᠮᠢᠬᠠᠨ ᠤ ᠦᠨ᠎ᠠ ᠪᠠᠭᠤᠷᠠᠵᠦ | ᠪᠠᠶᠢᠭ᠎ᠠ ᠰᠢᠯᠳᠠᠭᠠᠨ᠂ ᠦᠭᠡᠷ ᠬᠤᠨᠢ ᠲᠡᠵᠢᠭᠡᠨ ᠦᠷᠡᠵᠢᠭᠦᠯᠭᠦ ᠦᠷᠳᠡᠭ ᠤᠨ ᠵᠠᠳᠠᠯᠤᠯᠳᠠ ᠵᠢᠴᠢ ᠵᠠᠬ᠎ᠠ ᠲᠡᠯᠭᠡᠭᠦᠷ ᠢ | ᠬᠢᠨᠠᠨ ᠬᠠᠮᠢᠶᠠᠷᠬᠤ ᠠᠷᠭ᠎ᠠ ᠭᠡᠮᠵᠢᠶ᠎ᠠ ᠵᠡᠷᠭᠡ ᠳᠤ ᠬᠠᠨᠳᠤᠭᠤᠯᠤᠨ ᠦᠷᠭᠡᠨ ᠢᠶᠠᠷ ᠤᠬᠠᠭᠤᠯᠬᠤ ᠶᠢᠨ ᠬᠠᠮᠳᠦ᠂ | ᠸᠢᠴᠠᠲ ᠢᠶᠠᠷ ᠲᠠᠮᠵᠢᠬᠳᠠᠵᠦ ᠪᠠᠶᠢᠭ᠎ᠠ ᠴᠤᠤᠷᠬᠠᠯ ᠢ ᠴᠠᠭ ᠲᠤᠬᠠᠢ ᠳᠤᠨᠢ ᠨᠢᠴᠤᠭᠠᠵᠦ ᠪᠠᠶᠢᠨ᠎ᠠ᠃ ᠠᠶᠢᠮᠠᠭ ᠤᠨ | ᠭᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ ᠤᠨ ᠬᠠᠮᠢᠶ᠎ᠠ ᠪᠦᠭᠦᠢ ᠠᠵᠢᠯᠳᠠᠨ ᠲᠠᠨᠢᠯᠴᠠᠭᠤᠯᠬᠤ ᠳᠠᠭᠠᠨ᠄ ︽ | ᠪᠢᠳᠡ ᠬᠤᠨᠢᠨ ᠤ ᠦᠨ᠎ᠠ ᠬᠠᠨᠭ᠍ᠰᠢ ᠵᠢᠴᠢ ᠡᠪᠡᠰᠦ ᠪᠤᠷᠳᠤᠭᠠᠨ ᠤ ᠦᠨ᠎ᠠ ᠬᠠᠨᠭ᠍ᠰᠢ ᠶᠢ ᠬᠢᠨᠡᠨ ᠪᠠᠶᠢᠴᠠᠭᠠᠬᠤ ᠠᠵᠢᠯ ᠢ | ᠦᠷᠭᠦᠯᠵᠢᠯᠡᠨ ᠰᠠᠶᠢᠳᠦᠷ ᠬᠢᠵᠦ᠂ ᠴᠠᠭᠴᠢ ᠴᠢᠨᠡᠷ᠂ ᠤᠨᠤᠪᠴᠢᠳᠦ ᠴᠢᠨᠡᠷ ᠢ ᠲᠡᠭᠡᠭᠰᠢᠯᠡᠭᠦᠯᠵᠦ᠂ ᠰᠤᠷᠠᠭ ᠴᠢᠮᠡᠭᠡ ᠶᠢ | ᠴᠠᠬ ᠲᠤᠬᠠᠢ ᠳᠤᠨᠢ ᠲᠠᠮᠵᠢᠭᠤᠯᠤᠨ ᠨᠡᠶᠢᠳᠡᠯᠡᠨ᠎ᠠ᠃ ᠦᠨ᠎ᠠ ᠬᠠᠨᠭ᠍ᠰᠢ ᠶᠢ ᠬᠢᠨᠠᠨ ᠪᠠᠶᠢᠴᠠᠭᠠᠬᠤ ᠰᠠᠯᠠᠭ᠎ᠠ ᠮᠦᠴᠢᠷ | ᠲᠤᠭᠳᠠᠮᠠᠯ ᠪᠤᠰᠤ ᠬᠤᠭᠤᠴᠠᠭ᠎ᠠ ᠪᠠᠷ ᠤᠯᠠᠭᠠᠨ ᠢᠳᠡᠭᠡᠨ ᠪᠤᠯᠪᠠᠰᠤᠷᠠᠭᠤᠯᠬᠤ ᠠᠵᠦ ᠠᠬᠤᠢᠢᠯᠠᠯ᠂ ᠡᠪᠡᠰᠦ ᠪᠤᠷᠳᠤᠭ᠎ᠠ | ᠪᠤᠷᠤᠯᠠᠭᠤᠯᠬᠤ ᠠᠵᠦ ᠠᠬᠤᠢᠢᠯᠠᠯ ᠤᠨ ᠦᠨ᠎ᠠ ᠬᠠᠨᠭ᠍ᠰᠢ ᠶᠢ ᠪᠠᠶᠢᠴᠠᠭᠠᠨ ᠰᠤᠷᠪᠤᠯᠵᠢᠯᠠᠵᠦ᠂ ᠬᠤᠨᠢᠨ ᠤ ᠦᠨ᠎ᠠ ᠶᠢ | ᠲᠤᠷ᠎ᠠ ᠪᠠᠷ ᠲᠠᠷᠤᠬᠤ᠂ ᠡᠪᠡᠰᠦ ᠪᠤᠷᠳᠤᠭᠠᠨ ᠤ ᠦᠨ᠎ᠠ ᠶᠢ ᠲᠤᠷ᠎ᠠ ᠪᠠᠷ ᠦᠰᠭᠡᠭᠦ ᠵᠡᠷᠭᠡ ᠬᠠᠤᠯᠢ ᠪᠤᠰᠤ | ᠠᠵᠢᠯᠯᠠᠭ᠎ᠠ ᠳᠤ ᠴᠢᠩᠭ᠎ᠠ ᠴᠤᠬᠢᠯᠳᠠ ᠦᠭᠭᠦᠨ᠎ᠠ᠂ ᠬᠤᠳᠠ ᠶᠢᠨ ᠠᠷᠠᠳ ︿12358﹀ ᠦᠨ᠎ᠠ ᠬᠠᠨᠭ᠍ᠰᠢ ᠶᠢ | ᠢᠯᠡᠴᠢᠯᠡᠨ ᠮᠡᠳᠡᠭᠦᠯᠭᠦ ᠤᠳᠠᠰᠦ ᠪᠠᠷ ᠬᠠᠤᠯᠢ ᠪᠤᠰᠤ ᠠᠵᠢᠯᠯᠠᠭ᠎ᠠ ᠶᠢ ᠵᠠᠭᠠᠯᠳᠦᠵᠦ ᠪᠤᠯᠤᠨ᠎ᠠ︾ ᠭᠡᠪᠡ᠃ | |