| | ᠨᠢᠭᠡᠳᠦᠭᠡᠷ ᠪᠦᠯᠦᠭ ᠶᠡᠷᠦᠩᠬᠡᠢ ᠲᠦᠷᠢᠮ | ᠨᠢᠭᠡᠳᠦᠭᠡᠷ ᠵᠦᠢᠯ ︽ᠦᠪᠦᠷ ᠮᠤᠩᠭᠤᠯ ᠤᠨ ᠡᠳ᠋ ᠤᠨ ᠵᠠᠰᠠᠭ ᠤᠨ ᠲᠢᠩᠬᠢᠮ᠂ ᠰᠤᠷᠭᠠᠨ ᠬᠦᠮᠦᠵᠢᠯ ᠤᠨ | ᠲᠢᠩᠬᠢᠮ ᠤᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠳᠡᠳᠬᠦᠮᠵᠢ ᠶᠢᠨ ᠲᠦᠷᠢᠮ ᠢ | ᠬᠡᠷᠡᠭᠵᠢᠬᠦᠯᠬᠦ ᠲᠤᠬᠠᠢ ᠮᠡᠳᠡᠭᠳᠡᠯ︾ ︵ᠦᠪᠡᠷᠳᠡᠭᠡᠨ ᠵᠠᠰᠠᠬᠤ ᠤᠷᠤᠨ ᠤ ᠡᠳ᠋ ᠤᠨ ᠵᠠᠰᠠᠭ᠂ ᠰᠤᠷᠭᠠᠨ ᠬᠦᠮᠦᠵᠢᠯ ᠤᠨ | ᠲᠢᠩᠬᠢᠮ ᠲᠠᠷᠬᠠᠭᠠᠬᠰᠠᠨ ︹2011︺ 2416 ᠳ᠋ᠤᠭᠠᠷ ᠲᠤᠭᠠᠳᠤ︶ ᠪᠠ ︽ᠰᠢᠯᠢ ᠶᠢᠨ ᠭᠤᠤᠯ ᠠᠶᠢᠮᠠᠭ ᠤᠨ | ᠰᠤᠷᠭᠠᠨ ᠬᠦᠮᠦᠵᠢᠯ ᠤᠨ ᠦᠢᠯᠡᠰ ᠤᠨ ︿12.5﹀ ᠵᠢᠯ ᠤᠨ ᠲᠦᠯᠦᠪᠵᠢᠬᠦᠯᠬᠡ︾ ︵ᠰᠢᠯᠢ ᠵᠠᠬᠢᠷᠭ᠎ᠠ ᠠᠯᠪᠠᠨ | ᠲᠠᠷᠬᠠᠭᠠᠭᠰᠠᠨ ︹2011︺ 120 ᠳ᠋ᠤᠭᠠᠷ ᠲᠤᠭᠠᠳᠤ︶ ᠶᠢ ᠦᠨᠳᠦᠰᠦᠯᠡᠵᠦ ᠲᠤᠰ ᠠᠷᠭ᠎ᠠ ᠶᠢ ᠲᠤᠭᠳᠠᠭᠠᠪᠠ᠃ | ᠬᠤᠶᠠᠳᠤᠭᠠᠷ ᠵᠦᠢᠯ ᠲᠤᠰ ᠠᠷᠭ᠎ᠠ ᠶᠢ ᠰᠢᠯᠢ ᠶᠢᠨ ᠭᠤᠤᠯ ᠠᠶᠢᠮᠠᠭ ᠤᠨ ᠡᠷᠦᠭᠡ ᠠᠮᠠ ᠶᠢᠨ ᠲᠠᠩᠰᠠ ᠲᠠᠢ ᠮᠦᠷᠳᠡᠭᠡᠨ | ᠠᠶᠢᠮᠠᠭ ᠤᠨ ᠲᠤᠳᠤᠷᠠᠬᠢ ᠠᠯᠪᠠᠨ ᠠᠴᠠ ᠡᠷᠬᠢᠯᠡᠭᠰᠡᠨ ᠬᠡᠥᠬᠡᠳ ᠤᠨ ᠴᠡᠴᠡᠷᠯᠢᠭ᠂ ᠠᠷᠠᠳ ᠠᠴᠠ ᠡᠷᠬᠢᠯᠡᠭᠰᠡᠨ | ᠬᠡᠥᠬᠡᠳ ᠤᠨ ᠴᠡᠴᠡᠷᠯᠢᠭ᠂ ᠰᠤᠷᠭᠠᠭᠤᠯᠢ ᠶᠢᠨ ᠨᠠᠰᠤᠨ ᠠᠴᠠ ᠡᠮᠥᠨᠡᠬᠢ ᠠᠩᠭᠢ ᠳᠤ ᠬᠢᠴᠢᠶᠡᠯᠯᠡᠵᠤ ᠪᠠᠶᠢᠭ᠎ᠠ | ᠬᠡᠥᠬᠡᠳ ᠳᠤ ᠬᠡᠷᠡᠭᠵᠢᠬᠦᠯᠦᠨ᠎ᠡ᠃ | ᠬᠤᠶᠠᠳᠤᠭᠠᠷ ᠪᠦᠯᠦᠭ ᠰᠤᠷᠤᠯᠭ᠎ᠠ ᠶᠢᠨ ᠳᠡᠳᠬᠦᠮᠵᠢ ᠶᠢᠨ ᠠᠭᠤᠯᠭ᠎ᠠ᠂ ᠪᠠᠷᠢᠮᠵᠢᠶ᠎ᠡ ᠭᠤᠷᠪᠠᠳᠤᠭᠠᠷ ᠵᠦᠢᠯ | ᠨᠦᠬᠦᠴᠡᠯ ᠳᠤ ᠲᠤᠬᠢᠷᠠᠭᠰᠠᠨ ᠮᠤᠩᠭᠤᠯ ᠢᠶᠠᠷ ᠬᠢᠴᠢᠶᠡᠯᠯᠡᠵᠤ ᠪᠠᠶᠢᠭ᠎ᠠ ᠬᠡᠥᠬᠡᠳ ᠲᠤ ᠠᠰᠠᠷᠠᠬᠤ ᠰᠦᠢᠳᠭᠡᠯ᠂ | ᠬᠠᠮᠢᠶᠠᠷᠣᠯᠳᠠ ᠶᠢᠨ ᠰᠦᠢᠳᠭᠡᠯ ᠶᠢ ᠬᠡᠯᠳᠦᠷᠢᠬᠦᠯᠦᠭᠰᠡᠨ ᠰᠠᠭᠤᠷᠢᠨ ᠳᠡᠭᠡᠷ᠎ᠡ ᠴᠡᠴᠡᠷᠯᠢᠭ ᠳᠠᠬᠢ ᠬᠡᠤᠬᠡᠳ ᠤᠨ | ᠬᠤᠭᠤᠯᠠᠨ ᠰᠦᠢᠳᠭᠡᠯ ᠢ ᠨᠦᠬᠦᠪᠦᠷᠢᠯᠡᠵᠦ᠂ ︽ᠬᠤᠶᠠᠷ ᠢ ᠬᠡᠯᠳᠦᠷᠢᠭᠦᠯᠵᠦ ᠨᠢᠭᠡ ᠶᠢ ᠨᠦᠬᠦᠪᠦᠷᠢᠯᠡᠬᠦ︾ ᠲᠦᠷᠦ ᠶᠢᠨ | ᠪᠤᠳᠤᠯᠭ᠎ᠠ ᠶᠢ ᠬᠡᠷᠡᠭᠵᠢᠬᠦᠯᠦᠨ᠎ᠡ᠃ ᠠᠰᠠᠷᠠᠬᠤ ᠰᠦᠢᠳᠭᠡᠯ᠂ ᠬᠠᠮᠢᠶᠠᠷᠤᠯᠳᠠ ᠶᠢᠨ ᠰᠦᠢᠳᠭᠡᠯ ᠶᠢᠨ ᠪᠠᠷᠢᠮᠵᠢᠶ᠎ᠠ ᠶᠢ | ᠬᠦᠮᠦᠨ ᠪᠤᠯᠭᠠᠨ ᠨᠢᠭᠡ ᠰᠤᠷᠤᠯᠭ᠎ᠠ ᠶᠢᠨ ᠵᠢᠯ ᠳᠤ 1200 ᠲᠦᠬᠦᠷᠢᠭ ᠠᠴᠠ ᠲᠤᠤᠷ᠎ᠡ ᠪᠠᠶᠢᠯᠭᠠᠵᠦ ᠪᠤᠯᠬᠤ ᠦᠭᠡᠢ᠂ | ᠡᠨᠡᠬᠦ ᠪᠠᠷᠢᠮᠵᠢᠶ᠎ᠠ ᠠᠴᠠ ᠦᠨᠳᠦᠷ ᠪᠠᠶᠢᠭ᠎ᠠ ᠴᠡᠴᠡᠷᠯᠢᠭ ᠨᠢ ᠲᠤᠰ ᠭᠠᠵᠠᠷ ᠤᠨ ᠦᠨ᠎ᠡ ᠬᠠᠩᠰᠢ ᠶᠢᠨ ᠰᠠᠯᠠᠭ᠎ᠠ | ᠮᠦᠴᠢᠷ ᠠᠴᠠ ᠬᠢᠨᠠᠨ ᠵᠦᠪᠰᠢᠶᠡᠷᠡᠭᠰᠡᠨ ᠪᠤᠳᠠᠳᠠᠢ ᠰᠦᠢᠳᠭᠡᠯ ᠢᠶᠠᠷ ᠨᠢ ᠪᠠᠷᠢᠮᠵᠢᠶᠠᠯᠠᠵᠤ ᠬᠡᠯᠳᠦᠷᠢᠬᠦᠯᠵᠦ ᠦᠭᠬᠦᠨ᠎ᠡ᠃ | ᠬᠤᠭᠤᠯᠠᠨ ᠤ ᠰᠦᠢᠳᠭᠡᠯ ᠬᠦᠮᠦᠨ ᠪᠤᠯᠭᠠᠨ ᠨᠢᠭᠡ ᠰᠤᠷᠤᠯᠭ᠎ᠠ ᠶᠢᠨ ᠵᠢᠯ ᠳᠤ 1000 ᠲᠦᠬᠦᠷᠢᠭ ︵ᠰᠠᠷ᠎ᠡ ᠶᠢᠨ | 100 ᠲᠦᠬᠦᠷᠢᠭ︶ ᠢᠶᠠᠷ ᠨᠦᠬᠦᠪᠦᠷᠢᠯᠡᠨ᠎ᠡ᠃ ᠲᠦᠷᠪᠡᠳᠦᠭᠡᠷ ᠵᠦᠢᠯ ᠨᠦᠬᠦᠴᠡᠯ ᠳᠤ ᠲᠤᠬᠢᠷᠠᠭᠰᠠᠨ ᠬᠢᠳᠠᠳ ᠢᠶᠠᠷ | ᠬᠢᠴᠢᠶᠡᠯᠯᠡᠵᠤ ᠪᠠᠶᠢᠭ᠎ᠠ ᠬᠡᠤᠬᠡᠳ ᠲᠤ ᠠᠰᠠᠷᠠᠬᠤ ᠰᠦᠢᠳᠭᠡᠯ᠂ ᠬᠠᠮᠢᠶᠠᠷᠣᠯᠳᠠ ᠶᠢᠨ ᠰᠦᠢᠳᠭᠡᠯ ᠢ ᠨᠦᠬᠦᠪᠦᠷᠢᠯᠡᠬᠦ | ᠲᠦᠷᠦ ᠶᠢᠨ ᠪᠤᠳᠤᠯᠭ᠎ᠠ ᠬᠡᠷᠡᠭᠵᠢᠬᠦᠯᠵᠦ᠂ ᠪᠠᠷᠢᠮᠵᠢᠶ᠎ᠠ ᠨᠢ ᠬᠦᠮᠦᠨ ᠪᠤᠯᠭᠠᠨ ᠨᠢᠭᠡ ᠰᠤᠷᠤᠯᠭ᠎ᠠ ᠶᠢᠨ ᠵᠢᠯ ᠳᠤ 1200 | ᠲᠦᠬᠦᠷᠢᠭ ︵ᠰᠠᠷ᠎ᠡ ᠶᠢᠨ 120 ᠲᠦᠬᠦᠷᠢᠭ︶᠃ ᠠᠷᠠᠳ ᠠᠴᠠ ᠡᠷᠬᠢᠯᠡᠭᠰᠡᠨ ᠴᠡᠴᠡᠷᠯᠢᠭ ᠨᠢ ᠲᠤᠰ ᠭᠠᠵᠠᠷ ᠤᠨ | ᠦᠨ᠎ᠡ ᠬᠠᠩᠰᠢ ᠶᠢᠨ ᠰᠠᠯᠠᠭ᠎ᠠ ᠮᠦᠴᠢᠷ ᠤᠨ ᠬᠢᠨᠠᠨ ᠵᠦᠪᠰᠢᠶᠡᠷᠡᠭᠰᠡᠨ ᠪᠤᠳᠠᠳᠠᠢ ᠰᠦᠢᠳᠭᠡᠯ ᠬᠤᠷᠢᠶᠠᠬᠤ ᠪᠠᠷᠢᠮᠵᠢᠶ᠎ᠠ | ᠪᠠ ᠳᠤᠭᠳᠠᠭᠠᠯ ᠢᠶᠠᠷ ᠬᠦᠷᠦᠯᠴᠡᠭᠦ ᠦᠭᠡᠢ ᠬᠡᠰᠡᠭ ᠢ ᠨᠢ ᠭᠡᠷ ᠤᠨ ᠠᠬᠠᠮᠠᠳ ᠠᠴᠠ ᠬᠤᠷᠢᠶᠠᠨ ᠠᠪᠴᠤ ᠪᠤᠯᠤᠨ᠎ᠠ᠃ | ᠭᠤᠷᠪᠠᠳᠤᠭᠠᠷ ᠪᠦᠯᠦᠭ ᠠᠵᠢᠯ ᠤᠨ ᠠᠯᠬᠤᠮ ᠲᠠᠷᠠᠭᠠᠯᠠᠯ ᠲᠠᠪᠣᠳᠣᠭᠠᠷ ᠵᠦᠢᠯ ᠰᠤᠷᠭᠠᠭᠤᠯᠢ ᠶᠢᠨ | ᠨᠠᠰᠤᠨ ᠠᠴᠠ ᠡᠮᠦᠨᠡᠬᠢ ᠰᠤᠷᠤᠯᠭ᠎ᠠ ᠶᠢᠨ ᠳᠡᠳᠬᠦᠮᠵᠢ ᠶᠢᠨ ᠮᠥᠩᠬᠦ ᠶᠢ ᠰᠤᠷᠤᠯᠭ᠎ᠠ ᠶᠢᠨ ᠬᠤᠭᠤᠴᠠᠭ᠎ᠠ ᠪᠠᠷ | ᠭᠤᠶᠤᠴᠢᠯᠠᠨ ᠮᠡᠳᠡᠬᠦᠯᠦᠨ᠎ᠡ᠂ ᠬᠠᠪᠤᠷ ᠤᠨ ᠤᠯᠠᠷᠢᠯ ᠳᠤ 3 ᠰᠠᠷ᠎ᠡ ᠶᠢᠨ 15᠂ ᠨᠠᠮᠤᠷ ᠤᠨ ᠤᠯᠠᠷᠢᠯ ᠳᠤ 9 | ᠰᠠᠷ᠎ᠡ ᠶᠢᠨ 15 ᠠᠴᠠ ᠡᠮᠦᠨ᠎ᠡ᠂ ᠰᠤᠷᠭᠠᠭᠤᠯᠢ ᠪᠤᠯᠤᠨ ᠬᠡᠦᠬᠡᠳ ᠤᠨ ᠴᠡᠴᠡᠷᠯᠢᠭ ᠬᠠᠮᠢᠶ᠎ᠠ ᠪᠦᠬᠦᠢ ᠪᠦᠷᠢᠳᠭᠡᠯ ᠢ | ᠦᠨᠡᠨ ᠪᠤᠳᠠᠳᠠᠢ ᠲᠠᠭᠯᠠᠬᠤ ᠶᠢᠨ ᠬᠠᠮᠳᠤ ᠱᠠᠳᠤ ᠲᠠᠷᠠᠭᠠᠯᠠᠨ ᠬᠢᠨᠠᠨ ᠬᠠᠷᠭᠤᠭᠤᠯᠵᠦ ᠠᠶᠢᠮᠠᠭ ᠤᠨ ᠰᠤᠷᠤᠯᠭ᠎ᠠ ᠶᠢᠨ | ᠳᠡᠳᠬᠦᠮᠵᠢ ᠶᠢᠨ ᠬᠠᠮᠢᠶᠠᠷᠤᠯᠳᠠ ᠶᠢᠨ ᠲᠦᠪ ᠳᠤ ᠲᠠᠩᠰᠠᠯᠠᠨ ᠮᠡᠳᠡᠭᠦᠯᠦᠨ᠎ᠡ᠂ ᠳᠡᠳᠬᠦᠮᠵᠢ ᠶᠢᠨ ᠲᠦᠷᠦ ᠶᠢᠨ | ᠪᠤᠳᠤᠯᠭ᠎ᠠ ᠶᠢ ᠬᠡᠷᠡᠭᠵᠢᠬᠦᠯᠵᠦ ᠪᠠᠶᠢᠭ᠎ᠠ ᠴᠡᠴᠡᠷᠯᠢᠭ ᠪᠤᠶᠤ ᠰᠤᠷᠭᠠᠭᠤᠯᠢ ᠶᠢᠨ ᠵᠠᠬᠢᠷᠤᠯ ᠨᠢ ᠨᠢᠭᠡᠳᠦᠭᠡᠷ | ᠬᠠᠷᠢᠭᠤᠴᠠᠯᠭᠠᠳᠠᠨ ᠤ ᠬᠠᠷᠢᠭᠤᠴᠠᠯᠭ᠎ᠠ ᠶᠢ ᠡᠭᠦᠷᠭᠡᠯᠡᠵᠤ᠂ ᠬᠠᠮᠢᠶ᠎ᠠ ᠪᠦᠬᠦᠢ ᠪᠦᠷᠢᠳᠭᠡᠯ ᠤᠨ ᠠᠵᠢᠯ ᠢ ᠲᠤᠰᠬᠠᠢ | ᠬᠦᠮᠦᠨ ᠢᠶᠠᠷ ᠬᠠᠷᠢᠭᠤᠴᠠᠭᠤᠯᠤᠨ᠎ᠠ᠃ ᠵᠢᠷᠭᠤᠳᠦᠭᠠᠷ ᠵᠦᠢᠯ ᠡᠯ᠎ᠡ ᠬᠤᠰᠢᠭᠤ ᠰᠢᠶᠠᠨ ᠬᠤᠲᠠ ︵ᠤᠷᠤᠨ︶ ᠶᠢᠨ | ᠰᠤᠷᠭᠠᠨ ᠬᠦᠮᠦᠵᠢᠯ ᠤᠨ ᠲᠤᠪᠴᠢᠶ᠎ᠠ ᠲᠤᠬᠠᠢ ᠶᠢᠨ ᠭᠠᠵᠠᠷ ᠤᠨ ᠤᠶᠢᠯᠡᠳᠪᠦᠷᠢ ᠬᠤᠲᠠᠯᠲᠤᠭᠠᠨ ᠤ ᠬᠠᠮᠢᠶᠠᠷᠤᠯᠲᠠ᠂ | ᠲᠤᠲᠤᠭᠠᠲᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠡᠷᠦᠬᠡ ᠠᠮᠠ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠰᠠᠯᠠᠭ᠎ᠠ | ᠮᠦᠴᠢᠷ᠂ ᠰᠤᠮᠤ ᠪᠠᠯᠭᠠᠰᠤ᠂ ᠬᠡᠷᠡᠭ ᠡᠷᠬᠢᠯᠠᠬᠦ ᠭᠠᠵᠠᠷ ᠲᠠᠢ ᠬᠠᠮᠲᠤᠷᠠᠨ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ | ᠰᠤᠷᠭᠠᠨ ᠬᠦᠮᠦᠵᠢᠯ ᠤᠨ ᠪᠠᠶᠢᠭᠤᠯᠤᠮᠵᠢ ᠶᠢ ᠲᠠᠩᠰᠠᠯᠠᠨ ᠲᠡᠪᠲᠡᠷᠯᠡᠵᠤ᠂ ᠲᠤᠰᠠᠯᠠᠨ ᠲᠡᠳᠬᠦᠬᠦ ᠰᠤᠷᠠᠭ ᠵᠠᠩᠬᠢ ᠶᠢ | ᠴᠠᠭ ᠲᠤᠬᠠᠢ ᠳᠤᠨᠢ ᠵᠦᠪ ᠤᠨᠤᠪᠴᠢᠲᠠᠢ ᠲᠡᠭᠡᠭᠰᠢ ᠪᠠᠨ ᠮᠡᠲᠡᠬᠦᠯᠬᠦ ᠶᠢ ᠪᠠᠲᠤᠯᠠᠬᠤ ᠭᠡᠷᠡᠭᠲᠠᠢ᠃ ᠳᠠᠩᠰᠠᠯᠠᠨ | ᠲᠡᠮᠲᠡᠭᠯᠡᠭᠰᠡᠨ ᠦᠬᠡᠢ ᠪᠤᠶᠤ ᠪᠠᠷᠢᠮᠵᠢᠶᠠᠨ ᠳᠤ ᠬᠦᠷᠦᠭᠰᠡᠨ ᠦᠬᠡᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ | ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠪᠠᠶᠢᠭᠤᠯᠤᠮᠵᠢ ᠶᠢ ᠨᠢᠬᠡ ᠨᠢᠬᠡ ᠪᠠᠷ ᠪᠦᠷᠢᠳᠬᠡᠵᠤ᠂ ᠡᠶᠢᠮᠦᠷᠬᠦ | ᠴᠡᠴᠡᠷᠯᠢᠭ ᠲᠤ ᠬᠢᠴᠢᠶᠡᠯᠯᠡᠵᠤ ᠪᠠᠶᠢᠭ᠎ᠠ ᠬᠡᠦᠭᠡᠳ ᠢ ᠳᠡᠳᠬᠦᠮᠵᠢ ᠶᠢᠨ ᠲᠦᠷᠦ ᠶᠢᠨ ᠪᠤᠲᠤᠯᠭ᠎ᠠ ᠶᠢᠨ ᠬᠦᠷᠢᠶ᠎ᠡ | ᠬᠡᠪᠴᠢᠶᠠᠨ ᠳᠤ ᠪᠠᠭᠳᠠᠭᠠᠨ ᠤᠷᠤᠭᠤᠯᠤᠨ᠎ᠠ᠃ ᠡᠳᠡᠭᠡᠷ ᠴᠡᠴᠡᠷᠯᠢᠭ ᠪᠤᠶᠤ ᠰᠣᠷᠭᠠᠭᠤᠯᠢ ᠲᠤᠭᠲᠠᠭᠰᠠᠨ | ᠬᠤᠭᠤᠴᠠᠭᠠᠨ ᠳᠤ ᠦᠬᠡᠷᠡᠴᠢᠯᠠᠨ ᠵᠠᠰᠠᠵᠤ᠂ ᠪᠠᠷᠢᠮᠵᠢᠶ᠎ᠠ ᠰᠠᠭᠠᠷᠳᠠᠯᠠᠭ᠋ ᠠ ᠳᠤ ᠲᠤᠬᠳᠠᠬᠰᠠᠨ ᠬᠤᠭᠤᠴᠠᠭᠠᠨ ᠳᠤ | ᠬᠦᠷᠬᠦ ᠪᠠᠷ ᠴᠢᠷᠮᠠᠶᠢᠵᠤ᠂ ᠡᠷᠳᠡ ᠨᠢᠭᠡᠨ ᠡᠳᠤᠷ ᠵᠢᠩᠬᠢᠨᠢ ᠪᠠᠷ ᠲᠠᠩᠰᠠᠯᠠᠨ ᠲᠡᠮᠳᠡᠭᠯᠡᠭᠦᠯᠬᠦ ᠬᠡᠷᠡᠭᠳᠡᠢ᠃ ᠡᠬᠦᠨ ᠤ | ᠵᠤᠷᠢᠯᠭ᠎ᠠ ᠨᠢ ᠰᠤᠷᠤᠯᠭ᠎ᠠ ᠶᠢᠨ ᠳᠡᠳᠬᠦᠮᠵᠢ ᠶᠢᠨ ᠲᠦᠷᠦ ᠶᠢᠨ ᠪᠤᠲᠤᠯᠭ᠎ᠠ ᠶᠢᠨ ᠲᠦᠬᠡᠮᠡᠯᠴᠢ ᠴᠢᠨᠠᠷ ᠢ | ᠢᠯᠡᠷᠡᠬᠦᠯᠬᠦ ᠶᠢᠨ ᠲᠠᠭᠠᠤ ᠳᠤ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ | ᠬᠦᠮᠦᠵᠢᠯ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢ ᠴᠢᠩᠭᠠᠳᠬᠠᠨ᠂ ᠴᠡᠴᠡᠷᠯᠢᠭ ᠡᠷᠬᠢᠯᠡᠬᠦ ᠬᠢᠷᠢ ᠬᠡᠮᠵᠢᠶ᠎ᠡ ᠶᠢ | ᠲᠡᠬᠡᠭᠰᠢᠬᠦᠯᠦᠨᠡ᠃ ᠲᠤᠯᠤᠳᠤᠭᠠᠷ ᠵᠦᠢᠯ ᠠᠶᠢᠮᠠᠭ ᠤᠨ ᠰᠤᠷᠤᠯᠭ᠎ᠠ ᠶᠢᠨ ᠳᠡᠳᠬᠦᠮᠵᠢ ᠶᠢᠨ ᠬᠠᠮᠢᠶᠠᠷᠤᠯᠳᠠ ᠶᠢᠨ ᠲᠥᠪ | ᠡᠯ᠎ᠠ ᠭᠠᠵᠠᠷ ᠤᠨ ᠮᠡᠳᠡᠬᠦᠯᠦᠭᠰᠡᠨ ᠲᠤᠭ᠎ᠠ ᠪᠦᠷᠢᠳᠭᠡᠯ ᠢ ᠦᠨᠳᠦᠰᠦᠯᠡᠨ᠂ ᠬᠤᠰᠢᠭᠤ ᠰᠢᠶᠠᠨ ᠬᠤᠳᠠ ︵ᠤᠷᠤᠨ︶ | ᠬᠤᠪᠢᠶᠠᠵᠣ᠂ ᠰᠤᠷᠤᠯᠭ᠎ᠠ ᠶᠢᠨ ᠳᠡᠳᠬᠦᠮᠵᠢ ᠶᠢᠨ ᠶᠠᠷᠦᠩᠬᠡᠢ ᠲᠤᠭ᠎ᠠ ᠶᠢ ᠪᠤᠳᠤᠵᠤ᠂ ᠴᠠᠭ ᠲᠤᠬᠠᠢ ᠳᠤᠨᠢ ᠠᠶᠢᠮᠠᠭ ᠤᠨ | ᠡᠳ᠋ ᠤᠨ ᠵᠠᠰᠠᠭ ᠤᠨ ᠲᠤᠪᠴᠢᠶ᠎ᠠ ᠳᠤ ᠮᠡᠳᠡᠬᠦᠯᠦᠨ᠎ᠡ᠂ ᠠᠶᠢᠮᠠᠭ ᠶᠢᠨ ᠡᠳ᠋ ᠤᠨ ᠵᠠᠰᠠᠭ ᠤᠨ ᠲᠤᠪᠴᠢᠶ᠎ᠠ᠂ ᠠᠶᠢᠮᠠᠭ ᠤᠨ | ᠰᠤᠷᠭᠠᠨ ᠬᠦᠮᠦᠵᠢᠯ ᠤᠨ ᠲᠤᠪᠴᠢᠶ᠎ᠠ ᠰᠤᠷᠤᠯᠭ᠎ᠠ ᠶᠢᠨ ᠬᠤᠭᠤᠴᠠᠭ᠎ᠠ ᠪᠠᠷ ᠰᠤᠷᠤᠯᠭ᠎ᠠ ᠶᠢᠨ ᠳᠡᠳᠬᠦᠮᠵᠢ ᠶᠢᠨ | ᠮᠥᠩᠬᠦ ᠶᠢ ᠬᠤᠰᠢᠭᠤ ᠰᠢᠶᠠᠨ ᠳᠤ ᠪᠠᠭᠤᠯᠭᠠᠨ ᠦᠭᠬᠦᠨ᠎ᠡ᠂ ᠲᠤᠰ ᠪᠦᠷᠢ ᠵᠢᠯ ᠪᠤᠯᠭᠠᠨ ᠤ 4 ᠳ᠋ᠤᠭᠡᠷ ᠰᠠᠷ᠎ᠡ ᠶᠢᠨ | 1 ᠤ ᠡᠳᠦᠷ ᠪᠤᠯᠤᠨ 10 ᠳ᠋ᠤᠭᠠᠷ ᠰᠠᠷ᠎ᠡ ᠶᠢᠨ 1 ᠤ ᠡᠳᠦᠷ ᠠᠴᠠ ᠡᠮᠦᠨ᠎ᠡ ᠬᠤᠰᠢᠭᠤ ᠰᠢᠶᠠᠨ ᠬᠤᠳᠠ ︵ᠤᠷᠤᠨ︶ | ᠶᠢᠨ ᠡᠳ᠋ ᠤᠨ ᠵᠠᠰᠠᠭ ᠤᠨ ᠲᠤᠪᠴᠢᠶᠠᠨ ᠳᠤ ᠪᠠᠭᠤᠯᠭᠠᠨ ᠦᠭᠬᠦ ᠶᠢᠨ ᠬᠠᠮᠳᠤ ᠬᠤᠰᠢᠭᠤ ᠰᠢᠶᠠᠨ ᠬᠤᠳᠠ ︵ᠤᠷᠤᠨ︶ | ᠶᠢᠨ ᠡᠳ᠋ ᠤᠨ ᠵᠠᠰᠠᠭ ᠤᠨ ᠲᠤᠪᠴᠢᠶ᠎ᠠ ᠡᠭᠦᠷᠭᠡᠯᠡᠵᠦ ᠪᠠᠶᠢᠭ᠎ᠠ ᠪᠡᠯᠡ ᠮᠥᠩᠬᠦ ᠲᠠᠢ ᠪᠠᠨ ᠬᠠᠮᠳᠤ ᠳᠤᠨᠢ ᠲᠤᠭ᠎ᠠ | ᠶᠤᠰᠤᠭᠠᠷ ᠴᠡᠴᠡᠷᠯᠢᠭ ᠪᠤᠶᠤ ᠰᠣᠷᠭᠠᠭᠤᠯᠢ ᠳᠤ ᠪᠠᠭᠤᠯᠭᠠᠨ ᠦᠭᠬᠦᠨ᠎ᠡ᠃ | ᠲᠦᠷᠪᠡᠳᠦᠭᠡᠷ ᠪᠦᠯᠦᠭ ᠪᠡᠯᠡ ᠮᠥᠩᠬᠦ ᠶᠢᠨ ᠢᠷᠡᠯᠳᠡ ᠬᠢᠬᠡᠳ ᠬᠠᠮᠢᠶᠠᠷᠤᠯᠳᠠ ᠨᠠᠢᠮᠠᠳᠤᠭᠠᠷ ᠵᠦᠢᠯ | ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠤᠯᠭ᠎ᠠ ᠶᠢᠨ ᠳᠡᠳᠬᠦᠮᠵᠢ ᠶᠢᠨ ᠮᠦᠩᠭᠦ ᠶᠢ ᠡᠯ᠎ᠡ ᠬᠤᠰᠢᠭᠤ ᠰᠢᠶᠠᠨ | ᠬᠤᠳᠠ ︵ᠤᠷᠤᠨ︶ ᠶᠢᠨ ᠠᠵᠦ ᠠᠬᠤᠢ ᠶᠢᠨ ᠬᠦᠭᠵᠢᠯᠳᠠ ᠶᠢᠨ ᠪᠠᠶᠢᠳᠠᠯ ᠪᠤᠯᠤᠨ ᠡᠳ᠋ ᠤᠨ ᠬᠦᠴᠦᠨ ᠤ ᠪᠠᠶᠢᠳᠠᠯ ᠢ | ᠦᠨᠳᠦᠰᠦᠯᠡᠵᠦ ᠠᠶᠢᠮᠠᠭ᠂ ᠬᠤᠰᠢᠭᠤ ᠰᠢᠶᠠᠨ ᠬᠤᠳᠠ ︵ᠤᠷᠤᠨ︶ ᠬᠤᠶᠠᠷ ᠱᠠᠳᠤᠨ ᠤ ᠡᠳ᠋ ᠤᠨ ᠵᠠᠰᠠᠭ ᠠᠳᠠᠯᠢ | ᠪᠤᠰᠤ ᠬᠠᠷᠢᠴᠠᠯ ᠢᠶᠠᠷ ᠡᠬᠦᠷᠬᠡᠯᠡᠨ᠎ᠡ ︵ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠳᠤᠨ ᠤ ᠰᠤᠷᠭᠠᠨ | ᠬᠦᠮᠦᠵᠢᠯ ᠤᠨ ᠳᠡᠳᠬᠦᠮᠵᠢ ᠶᠢᠨ ᠡᠬᠦᠷᠬᠡᠯᠡᠬᠦ ᠬᠠᠷᠢᠴᠠᠯ ᠲᠠᠢ ᠠᠳᠠᠯᠢ︶᠃ ᠵᠢᠯ ᠪᠤᠯᠭᠠᠨ ᠤ ᠡᠬᠢᠨ ᠳᠤ᠂ ᠠᠶᠢᠮᠠᠭ ᠤᠨ | ᠡᠳ᠋ ᠤᠨ ᠵᠠᠰᠠᠭ ᠤᠨ ᠲᠤᠪᠴᠢᠶ᠎ᠠ᠂ ᠰᠤᠷᠭᠠᠨ ᠬᠦᠮᠦᠵᠢᠯ ᠤᠨ ᠪᠤᠳᠠᠳᠠᠢ ᠡᠬᠦᠷᠬᠡᠯᠡᠬᠦ ᠬᠠᠷᠢᠴᠠᠯ ᠢ ᠲᠤᠷᠠᠳᠴᠤ᠂ | ᠵᠠᠬᠢᠷᠭ᠎ᠠ ᠳᠤ ᠮᠡᠳᠡᠬᠦᠯᠦᠨ ᠵᠦᠪᠰᠢᠶᠡᠷᠡᠬᠦᠯᠵᠦ᠂ ᠭᠡᠷᠡᠭᠰᠡᠭᠦ ᠪᠡᠯᠡ ᠮᠥᠩᠬᠦ ᠶᠢ ᠬᠤᠶᠠᠷ ᠱᠠᠳᠤᠨ ᠤ ᠵᠢᠯ ᠤᠨ ᠡᠳ᠋ ᠤᠨ | ᠲᠦᠰᠤᠪ ᠲᠤ ᠤᠷᠤᠭᠤᠯᠤᠨ᠎ᠠ᠃ ᠬᠤᠰᠢᠭᠤ ᠰᠢᠶᠠᠨ ᠬᠤᠳᠠ ︵ᠤᠷᠤᠨ︶ ᠠᠯᠤᠰᠯᠠᠭᠰᠠᠨ ᠴᠡᠴᠡᠷᠯᠢᠭ ᠲᠤ ᠰᠠᠭᠤᠭ᠎ᠠ | ᠬᠡᠦᠬᠡᠳ ᠶᠢᠨ ᠳᠡᠳᠬᠦᠮᠵᠢ ᠶᠢᠨ ᠮᠥᠩᠬᠦ ᠶᠢ ᠰᠠᠭᠤᠭ᠎ᠠ ᠴᠡᠴᠡᠷᠯᠢᠭ ᠤᠨ ᠪᠠᠶᠢᠭ᠎ᠠ ᠭᠠᠵᠠᠷ ᠤᠨ ᠵᠠᠰᠠᠭ ᠤᠨ ᠤᠷᠳᠤᠨ | ᠡᠭᠦᠷᠬᠡᠯᠡᠨ᠎ᠡ᠃ ᠶᠢᠰᠦᠳᠦᠭᠡᠷ ᠵᠦᠢᠯ ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠠᠴᠠ ᠡᠮᠤᠨ᠎ᠡ ᠡᠯ᠎ᠡ ᠬᠤᠰᠢᠭᠤ | ᠰᠢᠶᠠᠨ ᠬᠤᠳᠠ ︵ᠤᠷᠤᠨ︶ ᠶᠢᠨ ᠡᠳ᠋ ᠤᠨ ᠵᠠᠰᠠᠭ ᠤᠨ ᠲᠤᠪᠴᠢᠶ᠎ᠠ ᠨᠢᠭᠡ ᠬᠡᠰᠡᠭ ᠪᠡᠯᠡ ᠮᠥᠩᠬᠦ ᠶᠢ ᠴᠡᠴᠡᠷᠯᠢᠭ | ᠪᠤᠶᠤ ᠰᠣᠷᠭᠠᠭᠤᠯᠢ ᠳᠤ ᠤᠷᠢᠳᠴᠢᠯᠠᠨ ᠦᠭᠴᠦ᠂ ᠬᠠᠮᠢᠶ᠎ᠠ ᠪᠦᠬᠦᠢ ᠰᠤᠷᠭᠠᠭᠤᠯᠢ ᠪᠤᠯᠤᠨ ᠬᠡᠥᠬᠡᠳ ᠤᠨ | ᠴᠡᠴᠡᠷᠯᠢᠭ ᠤᠨ ᠬᠡᠪ ᠤᠨ ᠡᠷᠬᠢᠯᠳᠡ ᠶᠢ ᠪᠠᠳᠤᠯᠠᠬᠤ ᠬᠡᠷᠡᠭᠳᠡᠢ᠃ ᠤᠯᠤᠰ᠂ ᠦᠪᠡᠷᠳᠡᠭᠡᠨ ᠵᠠᠰᠠᠬᠤ ᠤᠷᠤᠨ ᠤ ᠰᠢᠨ᠎ᠠ | ᠲᠤᠷᠠᠳᠤᠭᠰᠠᠨ ᠰᠤᠷᠤᠯᠭ᠎ᠠ ᠶᠢᠨ ᠳᠡᠳᠬᠦᠮᠵᠢ ᠶᠢᠨ ᠪᠤᠰᠤᠳ ᠲᠦᠷᠦ ᠶᠢᠨ ᠪᠤᠳᠤᠯᠭ᠎ᠠ ᠳᠤ ᠲᠤᠬᠢᠷᠠᠬᠤ ᠬᠡᠦᠬᠡᠳ ᠲᠤ ︽ | ᠦᠨᠳᠦᠷ ᠪᠠᠷᠢᠮᠵᠢᠶ᠎ᠠ ᠪᠠᠷ ᠤᠯᠭᠤᠬᠤ︾ ᠵᠠᠷᠴᠢᠮ ᠶᠤᠰᠤᠭᠠᠷ ᠰᠤᠷᠤᠯᠭ᠎ᠠ ᠶᠢᠨ ᠳᠡᠳᠬᠦᠮᠵᠢ ᠶᠢᠨ ᠮᠥᠩᠬᠦ ᠤᠯᠭᠤᠨ᠎ᠠ᠂ | ᠭᠡᠪᠡᠴᠥ ᠲᠠᠪᠬᠤᠷᠳᠠᠭᠤᠯᠤᠨ ᠤᠯᠭᠤᠵᠤ ᠪᠤᠯᠬᠤ ᠦᠭᠡᠢ᠃ ᠠᠷᠪᠠᠳᠤᠭᠠᠷ ᠵᠦᠢᠯ ᠰᠤᠷᠭᠠᠭᠤᠯᠢ ᠶᠢᠨ ᠨᠠᠰᠤᠨ ᠠᠴᠠ | ᠡᠮᠦᠨᠡᠬᠢ ᠰᠤᠷᠤᠯᠭ᠎ᠠ ᠶᠢᠨ ᠳᠡᠳᠬᠦᠮᠵᠢ ᠶᠢᠨ ᠮᠥᠩᠬᠦ ᠪᠤᠯ ᠴᠡᠴᠡᠷᠯᠢᠭ ᠲᠤ ᠰᠠᠭᠤᠭ᠎ᠠ ᠬᠡᠥᠬᠡᠳ ᠳᠡᠳᠬᠦᠮᠵᠢ ᠶᠢᠨ | ᠲᠦᠷᠦ ᠶᠢᠨ ᠪᠤᠳᠤᠯᠭ᠎ᠠ ᠶᠢ ᠬᠦᠷᠳᠡᠵᠤ᠂ ᠪᠡᠯᠡ ᠮᠦᠩᠭᠦ ᠶᠢ ᠡᠳ᠋ ᠤᠨ ᠵᠠᠰᠠᠭ ᠠᠴᠠ ᠴᠡᠴᠡᠷᠯᠢᠭ ᠤᠨ ᠬᠡᠥᠬᠡᠳ ᠤᠨ | ᠲᠤᠭ᠎ᠠ ᠶᠢ ᠦᠨᠳᠦᠰᠦᠯᠡᠵᠦ ᠰᠤᠷᠭᠠᠭᠤᠯᠢ ᠪᠤᠶᠤ ᠴᠡᠴᠡᠷᠯᠢᠭ ᠳᠤ ᠠᠯᠪᠠᠨ ᠵᠠᠷᠤᠳᠠᠯ ᠪᠤᠯᠭᠠᠨ ᠦᠭᠭᠦᠨ᠎ᠡ᠃ | ᠮᠤᠩᠭᠤᠯ ᠢᠶᠠᠷ ᠬᠢᠴᠢᠶᠠᠯᠡᠯᠵᠦ ᠪᠠᠶᠢᠭ᠎ᠠ ᠴᠡᠴᠡᠷᠯᠢᠭ ᠤᠨ ᠬᠡᠦᠬᠡᠳ ︵ᠴᠡᠴᠡᠷᠯᠢᠭ ᠳᠤ ᠬᠤᠭᠤᠯᠠ ᠢᠳᠡᠬᠦ ᠦᠬᠡᠢ | ᠬᠡᠤᠬᠡᠳ ᠬᠦᠷᠳᠡᠬᠦ ᠦᠬᠡᠢ︶ ᠤᠨ ᠬᠤᠭᠤᠯᠠᠨ ᠤ ᠰᠦᠢᠳᠭᠡᠯ ᠢ ᠰᠤᠷᠭᠠᠭᠤᠯᠢ ᠪᠤᠯᠤᠨ ᠴᠡᠴᠡᠷᠯᠢᠭ ᠨᠢᠭᠡᠳᠦᠯᠳᠠᠢ | ᠬᠠᠮᠢᠶᠠᠷᠤᠨ ᠬᠡᠷᠡᠭᠯᠡᠵᠦ᠂ ᠰᠠᠷ᠎ᠡ ᠪᠤᠯᠭᠠᠨ ᠬᠡᠥᠬᠡᠳ ᠨᠢᠬᠡᠪᠦᠷᠢ ᠶᠢᠨ ᠵᠠᠷᠤᠭᠰᠠᠨ ᠪᠤᠳᠠᠳᠠᠢ ᠲᠤᠭ᠎ᠠ ᠪᠠᠷ ᠳ᠋ᠦᠩᠨᠡᠨ | ᠪᠤᠳᠤᠵᠤ᠂ ᠦᠯᠡᠳᠡᠭᠰᠡᠨ ᠬᠡᠰᠡᠭ ᠢ ᠨᠢ ᠪᠤᠴᠠᠭᠠᠵᠤ ᠦᠭᠬᠦ ᠦᠬᠡᠢ᠂ ᠬᠡᠳᠦᠷᠡᠭᠰᠡᠨ ᠰᠦᠢᠳᠭᠡᠯ ᠢ ᠬᠡᠥᠭᠡᠳ ᠤᠨ ᠭᠡᠷ | ᠪᠦᠯᠢ ᠨᠢ ᠡᠬᠦᠷᠬᠡᠯᠡᠨ᠎ᠡ᠃ ᠪᠤᠳᠠᠰ ᠪᠤᠶᠤ ᠤᠶᠢᠯᠡᠴᠢᠯᠡᠭᠡ ᠵᠡᠷᠭᠡ ᠤᠨᠳᠣᠣ ᠬᠡᠯᠪᠡᠷᠢ ᠪᠠᠷ ᠤᠷᠤᠯᠠᠭᠤᠯᠬᠤ ᠪᠤᠶᠤ | ᠬᠠᠰᠤᠵᠤ ᠪᠤᠯᠬᠤ ᠦᠭᠡᠢ᠃ ᠠᠷᠪᠠᠨ ᠨᠢᠭᠡᠳᠦᠭᠡᠷ ᠵᠦᠢᠯ ᠠᠶᠢᠮᠠᠭ᠂ ᠬᠤᠰᠢᠭᠤ ᠰᠢᠶᠠᠨ ᠬᠤᠳᠠ ︵ᠤᠷᠤᠨ︶ ᠬᠤᠶᠠᠷ | ᠱᠠᠳᠤᠨ ᠤ ᠰᠤᠷᠤᠯᠭ᠎ᠠ ᠶᠢᠨ ᠳᠡᠳᠬᠦᠮᠵᠢ ᠶᠢᠨ ᠠᠵᠢᠯ ᠤᠨ ᠤᠳᠤᠷᠢᠳᠬᠤ ᠲᠤᠭᠤᠶᠢᠯᠠᠩ ᠡᠯ᠎ᠠ ᠬᠤᠰᠢᠭᠤ ᠰᠢᠶᠠᠨ | ᠬᠤᠳᠠ ︵ᠤᠷᠤᠨ︶ ᠶᠢᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠤᠯᠭ᠎ᠠ ᠶᠢᠨ ᠳᠡᠳᠬᠦᠮᠵᠢ ᠶᠢᠨ ᠪᠦᠬᠦ | ᠶᠠᠪᠤᠴᠠ ᠳᠤ ᠬᠢᠨᠠᠯᠳᠠ ᠲᠠᠯᠪᠢᠨ ᠪᠠᠶᠢᠴᠠᠭᠠᠬᠤ ᠶᠢᠨ ᠬᠠᠮᠳᠤ ᠡᠯ᠎ᠡ ᠬᠤᠰᠢᠭᠤ ᠰᠢᠶᠠᠨ ᠬᠤᠳᠠ ︵ᠤᠷᠤᠨ︶ ᠶᠢᠨ | ᠰᠤᠷᠤᠯᠭ᠎ᠠ ᠶᠢᠨ ᠳᠡᠳᠬᠦᠮᠵᠢ ᠶᠢᠨ ᠵᠠᠷᠤᠳᠠᠯ ᠢ ᠲᠤᠭ᠎ᠠ ᠶᠤᠰᠤᠭᠠᠷ ᠴᠠᠭ ᠲᠤᠬᠠᠢ ᠳᠤᠨᠢ ᠦᠭᠬᠦ ᠶᠢ ᠱᠠᠯᠠᠪᠳᠠᠭᠤᠯᠤᠨ | ᠪᠠᠶᠢᠴᠠᠭᠠᠨ᠎ᠠ᠃ ᠠᠶᠢᠮᠠᠭ᠂ ᠬᠤᠰᠢᠭᠤ ᠰᠢᠶᠠᠨ ᠬᠤᠳᠠ ︵ᠤᠷᠤᠨ︶ ᠬᠤᠶᠠᠷ ᠱᠠᠲᠤᠨ ᠤ ᠰᠤᠷᠤᠯᠭ᠎ᠠ ᠶᠢᠨ | ᠳᠡᠳᠬᠦᠮᠵᠢ ᠶᠢᠨ ᠬᠠᠮᠢᠶᠠᠷᠤᠯᠳᠠ ᠶᠢᠨ ᠲᠦᠪ ᠲᠤ ᠢᠯᠡᠴᠢᠯᠡᠨ ᠮᠡᠳᠡᠬᠦᠯᠬᠦ ᠬᠠᠶᠢᠷᠴᠠᠭ ᠭᠠᠷᠭᠠᠵᠤ᠂ ᠢᠯᠡᠴᠢᠯᠡᠨ | ᠮᠡᠳᠡᠬᠦᠯᠬᠦ ᠤᠳᠠᠰᠤ ᠶᠢ ᠨᠡᠶᠢᠳᠡᠯᠡᠨ᠎ᠡ᠃ ᠬᠢᠨᠠᠨ ᠪᠣᠳᠤᠬᠤ᠂ ᠬᠢᠨᠠᠨ ᠪᠠᠶᠢᠴᠠᠭᠠᠬᠤ ᠰᠠᠯᠠᠭ᠎ᠠ ᠮᠦᠴᠢᠷ ᠬᠢᠨᠠᠨ | ᠪᠠᠶᠢᠴᠠᠭᠠᠬᠤ ᠠᠵᠢᠯ ᠢ ᠲᠤᠭᠳᠠᠮᠠᠯ ᠬᠤᠭᠤᠴᠠᠭ᠎ᠠ ᠲᠠᠢ ᠪᠠᠷ ᠦᠷᠨᠢᠬᠦᠯᠦᠨ᠎ᠡ᠃ ᠭᠠᠵᠠᠷ ᠤᠷᠤᠨ ᠤ ᠡᠬᠦᠷᠭᠡᠯᠡᠭᠦ ᠪᠡᠯᠡ | ᠮᠥᠩᠬᠦ ᠶᠢ ᠴᠠᠭ ᠲᠤᠬᠠᠢ ᠳᠤᠨᠢ ᠭᠠᠷᠭᠠᠭᠰᠠᠨ ᠦᠬᠡᠢ ᠬᠤᠰᠢᠭᠤ ᠰᠢᠶᠠᠨ ᠬᠤᠳᠠ ︵ᠤᠷᠤᠨ︶ ᠢ ᠱᠠᠯᠠᠪᠳᠠᠭᠤᠯᠤᠨ | ᠲᠤᠭᠳᠠᠭᠰᠠᠨ ᠬᠤᠭᠤᠴᠠᠭᠠᠨ ᠳᠤ ᠮᠥᠨ ᠯᠡ ᠭᠠᠷᠭᠠᠭᠰᠠᠨ ᠦᠬᠡᠢ ᠶᠢ ᠨᠢ ᠠᠶᠢᠮᠠᠭ ᠤᠨ ᠬᠢᠨᠠᠨ ᠪᠠᠶᠢᠴᠠᠭᠠᠬᠤ | ᠲᠤᠪᠴᠢᠶ᠎ᠠ ᠠᠴᠠ ᠬᠠᠷᠢᠭᠤᠴᠠᠯᠭ᠎ᠠ ᠨᠡᠬᠡᠮᠵᠢᠯᠡᠨ᠎ᠡ᠃ ᠰᠤᠷᠤᠯᠭ᠎ᠠ ᠶᠢᠨ ᠳᠡᠳᠬᠦᠮᠵᠢ ᠶᠢᠨ ᠮᠥᠩᠬᠦ ᠶᠢ ᠡᠷᠡᠮᠡᠯᠵᠡᠯᠡᠨ | ᠮᠡᠳᠡᠭᠦᠯᠬᠦ᠂ ᠬᠢᠨᠠᠨ ᠬᠠᠷᠭᠤᠭᠤᠯᠬᠤ᠂ ᠳᠠᠷᠬᠠᠭᠠᠨ ᠥᠭᠬᠦ ᠵᠡᠷᠬᠡ ᠶᠠᠪᠤᠴᠠ ᠳᠤ ᠬᠤᠳᠠᠯ ᠬᠠᠭᠤᠷᠮᠠᠭ ᠢᠶᠠᠷ ᠵᠤᠬᠢᠶᠠᠭᠰᠠᠨ | ᠂ ᠡᠵᠡᠯᠠᠨ ᠬᠡᠷᠡᠭᠯᠡᠭᠰᠡᠨ᠂ ᠰᠠᠭᠤᠯᠭᠠᠨ ᠠᠪᠤᠭᠰᠠᠨ ᠰᠤᠷᠭᠠᠭᠤᠯᠢ ᠪᠠ ᠬᠤᠪᠢ ᠬᠥᠮᠥᠨ ᠢ ᠬᠤᠯᠪᠤᠭᠳᠠᠯ ᠪᠥᠬᠦᠢ | ᠳᠤᠭᠳᠠᠭᠠᠯ ᠶᠤᠰᠤᠭᠠᠷ ᠴᠢᠩᠭ᠎ᠠ ᠪᠠᠶᠢᠴᠠᠭᠠᠨ ᠰᠢᠳᠬᠡᠨ᠎ᠠ᠃ | ᠲᠠᠪᠤᠳᠤᠭᠠᠷ ᠪᠦᠯᠦᠭ ᠲᠠᠭᠠᠯᠳᠠ ᠲᠦᠷᠢᠮ ᠠᠷᠪᠠᠨ ᠬᠤᠶᠠᠳᠤᠭᠠᠷ ᠵᠦᠢᠯ ᠲᠤᠰ ᠠᠷᠭ᠎ᠠ ᠶᠢ | ᠠᠶᠢᠮᠠᠭ ᠤᠨ ᠰᠤᠷᠭᠠᠨ ᠬᠦᠮᠦᠵᠢᠯ ᠤᠨ ᠲᠤᠪᠴᠢᠶ᠎ᠠ᠂ ᠡᠳ᠋ ᠤᠨ ᠵᠠᠰᠠᠭ ᠤᠨ ᠲᠤᠪᠴᠢᠶ᠎ᠠ ᠬᠠᠷᠢᠭᠤᠴᠠᠨ ᠲᠠᠶᠢᠯᠪᠤᠷᠢᠯᠠᠨ᠎ᠠ | ᠃ ᠠᠷᠪᠠᠨ ᠭᠤᠷᠪᠠᠳᠤᠭᠠᠷ ᠵᠦᠢᠯ ᠲᠤᠰ ᠠᠷᠭ᠎ᠠ ᠶᠢ 2012 ᠤᠨ ᠤ 6 ᠰᠠᠷ᠎ᠡ ᠶᠢᠨ 1 ᠠᠴᠠ ᠡᠬᠢᠯᠡᠵᠦ | ᠬᠡᠷᠡᠭᠵᠢᠬᠦᠯᠦᠨ᠎ᠡ᠃ ᠡᠬᠦᠨ ᠳᠤ ︽ᠰᠢᠯᠢ ᠶᠢᠨ ᠭᠤᠤᠯ ᠠᠶᠢᠮᠠᠭ ᠤᠨ ᠮᠤᠩᠭᠤᠯ ᠢᠶᠠᠷ ᠬᠢᠴᠢᠶᠠᠯᠡᠯᠵᠦ ᠪᠠᠶᠢᠭ᠎ᠠ ᠰᠣᠷᠬᠤ | ᠨᠠᠰᠤᠨ ᠠᠴᠠ ᠡᠮᠦᠨᠡᠬᠢ ᠰᠤᠷᠭᠠᠨ ᠬᠦᠮᠥᠵᠢᠯ᠂ ᠲᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠳᠤᠨ ᠳᠤ | ᠰᠦᠢᠳᠭᠡᠯ ᠬᠤᠷᠢᠶᠠᠬᠤ ᠦᠭᠡᠢ ᠪᠠᠷ ᠰᠤᠷᠭᠠᠨ ᠬᠦᠮᠦᠵᠢᠯ ᠬᠦᠷᠳᠡᠬᠡᠬᠦ ᠬᠡᠷᠡᠭᠵᠢᠬᠦᠯᠦᠯᠳᠡ ᠶᠢᠨ ᠠᠷᠭ᠎ᠠ︾ ︵ᠰᠢᠯᠢ | ᠵᠠᠬᠢᠷᠭ᠎ᠠ ᠠᠯᠪᠠᠨ ᠲᠠᠷᠬᠠᠭᠠᠭᠰᠠᠨ ︹2010︺ 128 ᠳ᠋ᠤᠭᠠᠷ ᠲᠤᠭᠠᠳᠤ︶ ᠶᠢ ᠵᠡᠷᠬᠡ ᠳᠤᠨᠢ ᠬᠦᠴᠦᠨ ᠦᠬᠡᠢ | ᠪᠤᠯᠭᠠᠨ᠎ᠠ᠃ ᠠᠷᠪᠠᠨ ᠳᠦᠷᠪᠡᠳᠦᠭᠡᠷ ᠵᠦᠢᠯ ᠡᠯ᠎ᠠ ᠭᠠᠵᠠᠷ ᠲᠣᠰ ᠠᠷᠭ᠎ᠠ ᠶᠢ ᠦᠨᠳᠦᠰᠦᠯᠡᠨ᠂ ᠲᠤᠬᠠᠢ ᠶᠢᠨ | ᠭᠠᠵᠠᠷ ᠤᠨ ᠪᠤᠳᠠᠳᠤ ᠪᠠᠶᠢᠳᠠᠯ ᠲᠠᠢ ᠤᠶᠠᠯᠳᠤᠭᠤᠯᠵᠤ᠂ ᠬᠢᠳᠠᠳ ᠢᠶᠠᠷ ᠬᠢᠴᠢᠶᠡᠯᠯᠡᠵᠤ ᠪᠠᠶᠢᠭ᠎ᠠ ᠰᠤᠷᠭᠠᠭᠤᠯᠢ ᠶᠢᠨ | ᠨᠠᠰᠤᠨ ᠠᠴᠠ ᠡᠮᠦᠨᠡᠬᠢ ᠰᠤᠷᠤᠯᠭ᠎ᠠ ᠶᠢᠨ ᠳᠡᠳᠬᠦᠮᠵᠢ ᠶᠢᠨ ᠨᠠᠷᠢᠨ ᠲᠦᠷᠢᠮ ᠢ ᠳᠤᠭᠳᠠᠭᠠᠵᠤ ᠪᠤᠯᠤᠨ᠎ᠠ᠃ |