ᠰᠢᠯᠢ ᠶᠢᠨ ᠭᠤᠣᠯ ᠠᠶᠢᠮᠠᠭ ᠤᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠤᠯᠭ᠎ᠠ ᠶᠢᠨ ᠲᠡᠳᠬᠦᠮᠵᠢ ᠶᠢᠨ ᠬᠠᠮᠢᠶᠠᠷᠤᠯᠳᠠ ᠶᠢᠨ ᠠᠷᠭ᠎ᠠ ︵ᠲᠤᠷᠰᠢᠨ ᠶᠠᠪᠤᠭᠤᠯᠬᠤ︶
ᠨᠡᠶᠢᠲᠡᠯᠡᠭᠰᠡᠨ ᠴᠠᠭ᠄
2016/11/4
      ᠨᠢᠭᠡᠳᠦᠭᠡᠷ ᠪᠦᠯᠦᠭ      ᠶᠡᠷᠦᠩᠬᠡᠢ ᠲᠦᠷᠢᠮ      ᠨᠢᠭᠡᠳᠦᠭᠡᠷ ᠵᠦᠢᠯ ︽ᠦᠪᠦᠷ ᠮᠤᠩᠭᠤᠯ ᠤᠨ ᠡᠳ᠋ ᠤᠨ ᠵᠠᠰᠠᠭ ᠤᠨ ᠲᠢᠩᠬᠢᠮ᠂ ᠰᠤᠷᠭᠠᠨ ᠬᠦᠮᠦᠵᠢᠯ ᠤᠨ ᠲᠢᠩᠬᠢᠮ ᠤᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠳᠡᠳᠬᠦᠮᠵᠢ ᠶᠢᠨ ᠲᠦᠷᠢᠮ ᠢ ᠬᠡᠷᠡᠭᠵᠢᠬᠦᠯᠬᠦ ᠲᠤᠬᠠᠢ ᠮᠡᠳᠡᠭᠳᠡᠯ︾ ︵ᠦᠪᠡᠷᠳᠡᠭᠡᠨ ᠵᠠᠰᠠᠬᠤ ᠤᠷᠤᠨ ᠤ ᠡᠳ᠋ ᠤᠨ ᠵᠠᠰᠠᠭ᠂ ᠰᠤᠷᠭᠠᠨ ᠬᠦᠮᠦᠵᠢᠯ ᠤᠨ ᠲᠢᠩᠬᠢᠮ ᠲᠠᠷᠬᠠᠭᠠᠬᠰᠠᠨ ︹2011︺ 2416 ᠳ᠋ᠤᠭᠠᠷ ᠲᠤᠭᠠᠳᠤ︶ ᠪᠠ ︽ᠰᠢᠯᠢ ᠶᠢᠨ ᠭᠤᠤᠯ ᠠᠶᠢᠮᠠᠭ ᠤᠨ ᠰᠤᠷᠭᠠᠨ ᠬᠦᠮᠦᠵᠢᠯ ᠤᠨ ᠦᠢᠯᠡᠰ ᠤᠨ ︿12.5﹀ ᠵᠢᠯ ᠤᠨ ᠲᠦᠯᠦᠪᠵᠢᠬᠦᠯᠬᠡ︾ ︵ᠰᠢᠯᠢ ᠵᠠᠬᠢᠷᠭ᠎ᠠ ᠠᠯᠪᠠᠨ ᠲᠠᠷᠬᠠᠭᠠᠭᠰᠠᠨ ︹2011︺ 120 ᠳ᠋ᠤᠭᠠᠷ ᠲᠤᠭᠠᠳᠤ︶ ᠶᠢ ᠦᠨᠳᠦᠰᠦᠯᠡᠵᠦ ᠲᠤᠰ ᠠᠷᠭ᠎ᠠ ᠶᠢ ᠲᠤᠭᠳᠠᠭᠠᠪᠠ᠃ ᠬᠤᠶᠠᠳᠤᠭᠠᠷ ᠵᠦᠢᠯ ᠲᠤᠰ ᠠᠷᠭ᠎ᠠ ᠶᠢ ᠰᠢᠯᠢ ᠶᠢᠨ ᠭᠤᠤᠯ ᠠᠶᠢᠮᠠᠭ ᠤᠨ ᠡᠷᠦᠭᠡ ᠠᠮᠠ ᠶᠢᠨ ᠲᠠᠩᠰᠠ ᠲᠠᠢ ᠮᠦᠷᠳᠡᠭᠡᠨ ᠠᠶᠢᠮᠠᠭ ᠤᠨ ᠲᠤᠳᠤᠷᠠᠬᠢ ᠠᠯᠪᠠᠨ ᠠᠴᠠ ᠡᠷᠬᠢᠯᠡᠭᠰᠡᠨ ᠬᠡᠥᠬᠡᠳ ᠤᠨ ᠴᠡᠴᠡᠷᠯᠢᠭ᠂ ᠠᠷᠠᠳ ᠠᠴᠠ ᠡᠷᠬᠢᠯᠡᠭᠰᠡᠨ ᠬᠡᠥᠬᠡᠳ ᠤᠨ ᠴᠡᠴᠡᠷᠯᠢᠭ᠂ ᠰᠤᠷᠭᠠᠭᠤᠯᠢ ᠶᠢᠨ ᠨᠠᠰᠤᠨ ᠠᠴᠠ ᠡᠮᠥᠨᠡᠬᠢ ᠠᠩᠭᠢ ᠳᠤ ᠬᠢᠴᠢᠶᠡᠯᠯᠡᠵᠤ ᠪᠠᠶᠢᠭ᠎ᠠ ᠬᠡᠥᠬᠡᠳ ᠳᠤ ᠬᠡᠷᠡᠭᠵᠢᠬᠦᠯᠦᠨ᠎ᠡ᠃      ᠬᠤᠶᠠᠳᠤᠭᠠᠷ ᠪᠦᠯᠦᠭ    ᠰᠤᠷᠤᠯᠭ᠎ᠠ ᠶᠢᠨ ᠳᠡᠳᠬᠦᠮᠵᠢ ᠶᠢᠨ ᠠᠭᠤᠯᠭ᠎ᠠ᠂ ᠪᠠᠷᠢᠮᠵᠢᠶ᠎ᠡ ᠭᠤᠷᠪᠠᠳᠤᠭᠠᠷ ᠵᠦᠢᠯ ᠨᠦᠬᠦᠴᠡᠯ ᠳᠤ ᠲᠤᠬᠢᠷᠠᠭᠰᠠᠨ ᠮᠤᠩᠭᠤᠯ ᠢᠶᠠᠷ ᠬᠢᠴᠢᠶᠡᠯᠯᠡᠵᠤ ᠪᠠᠶᠢᠭ᠎ᠠ ᠬᠡᠥᠬᠡᠳ ᠲᠤ ᠠᠰᠠᠷᠠᠬᠤ ᠰᠦᠢᠳᠭᠡᠯ᠂ ᠬᠠᠮᠢᠶᠠᠷᠣᠯᠳᠠ ᠶᠢᠨ ᠰᠦᠢᠳᠭᠡᠯ ᠶᠢ ᠬᠡᠯᠳᠦᠷᠢᠬᠦᠯᠦᠭᠰᠡᠨ ᠰᠠᠭᠤᠷᠢᠨ ᠳᠡᠭᠡᠷ᠎ᠡ ᠴᠡᠴᠡᠷᠯᠢᠭ ᠳᠠᠬᠢ ᠬᠡᠤᠬᠡᠳ ᠤᠨ ᠬᠤᠭᠤᠯᠠᠨ ᠰᠦᠢᠳᠭᠡᠯ ᠢ ᠨᠦᠬᠦᠪᠦᠷᠢᠯᠡᠵᠦ᠂ ︽ᠬᠤᠶᠠᠷ ᠢ ᠬᠡᠯᠳᠦᠷᠢᠭᠦᠯᠵᠦ ᠨᠢᠭᠡ ᠶᠢ ᠨᠦᠬᠦᠪᠦᠷᠢᠯᠡᠬᠦ︾ ᠲᠦᠷᠦ ᠶᠢᠨ ᠪᠤᠳᠤᠯᠭ᠎ᠠ ᠶᠢ ᠬᠡᠷᠡᠭᠵᠢᠬᠦᠯᠦᠨ᠎ᠡ᠃ ᠠᠰᠠᠷᠠᠬᠤ ᠰᠦᠢᠳᠭᠡᠯ᠂ ᠬᠠᠮᠢᠶᠠᠷᠤᠯᠳᠠ ᠶᠢᠨ ᠰᠦᠢᠳᠭᠡᠯ ᠶᠢᠨ ᠪᠠᠷᠢᠮᠵᠢᠶ᠎ᠠ ᠶᠢ ᠬᠦᠮᠦᠨ ᠪᠤᠯᠭᠠᠨ ᠨᠢᠭᠡ ᠰᠤᠷᠤᠯᠭ᠎ᠠ ᠶᠢᠨ ᠵᠢᠯ ᠳᠤ 1200 ᠲᠦᠬᠦᠷᠢᠭ ᠠᠴᠠ ᠲᠤᠤᠷ᠎ᠡ ᠪᠠᠶᠢᠯᠭᠠᠵᠦ ᠪᠤᠯᠬᠤ ᠦᠭᠡᠢ᠂ ᠡᠨᠡᠬᠦ ᠪᠠᠷᠢᠮᠵᠢᠶ᠎ᠠ ᠠᠴᠠ ᠦᠨᠳᠦᠷ ᠪᠠᠶᠢᠭ᠎ᠠ ᠴᠡᠴᠡᠷᠯᠢᠭ ᠨᠢ ᠲᠤᠰ ᠭᠠᠵᠠᠷ ᠤᠨ ᠦᠨ᠎ᠡ ᠬᠠᠩᠰᠢ ᠶᠢᠨ ᠰᠠᠯᠠᠭ᠎ᠠ ᠮᠦᠴᠢᠷ ᠠᠴᠠ ᠬᠢᠨᠠᠨ ᠵᠦᠪᠰᠢᠶᠡᠷᠡᠭᠰᠡᠨ ᠪᠤᠳᠠᠳᠠᠢ ᠰᠦᠢᠳᠭᠡᠯ ᠢᠶᠠᠷ ᠨᠢ ᠪᠠᠷᠢᠮᠵᠢᠶᠠᠯᠠᠵᠤ ᠬᠡᠯᠳᠦᠷᠢᠬᠦᠯᠵᠦ ᠦᠭᠬᠦᠨ᠎ᠡ᠃ ᠬᠤᠭᠤᠯᠠᠨ ᠤ ᠰᠦᠢᠳᠭᠡᠯ ᠬᠦᠮᠦᠨ ᠪᠤᠯᠭᠠᠨ ᠨᠢᠭᠡ ᠰᠤᠷᠤᠯᠭ᠎ᠠ ᠶᠢᠨ ᠵᠢᠯ ᠳᠤ 1000 ᠲᠦᠬᠦᠷᠢᠭ ︵ᠰᠠᠷ᠎ᠡ ᠶᠢᠨ 100 ᠲᠦᠬᠦᠷᠢᠭ︶ ᠢᠶᠠᠷ ᠨᠦᠬᠦᠪᠦᠷᠢᠯᠡᠨ᠎ᠡ᠃ ᠲᠦᠷᠪᠡᠳᠦᠭᠡᠷ ᠵᠦᠢᠯ ᠨᠦᠬᠦᠴᠡᠯ ᠳᠤ ᠲᠤᠬᠢᠷᠠᠭᠰᠠᠨ ᠬᠢᠳᠠᠳ ᠢᠶᠠᠷ ᠬᠢᠴᠢᠶᠡᠯᠯᠡᠵᠤ ᠪᠠᠶᠢᠭ᠎ᠠ ᠬᠡᠤᠬᠡᠳ ᠲᠤ ᠠᠰᠠᠷᠠᠬᠤ ᠰᠦᠢᠳᠭᠡᠯ᠂ ᠬᠠᠮᠢᠶᠠᠷᠣᠯᠳᠠ ᠶᠢᠨ ᠰᠦᠢᠳᠭᠡᠯ ᠢ ᠨᠦᠬᠦᠪᠦᠷᠢᠯᠡᠬᠦ ᠲᠦᠷᠦ ᠶᠢᠨ ᠪᠤᠳᠤᠯᠭ᠎ᠠ ᠬᠡᠷᠡᠭᠵᠢᠬᠦᠯᠵᠦ᠂ ᠪᠠᠷᠢᠮᠵᠢᠶ᠎ᠠ ᠨᠢ ᠬᠦᠮᠦᠨ ᠪᠤᠯᠭᠠᠨ ᠨᠢᠭᠡ ᠰᠤᠷᠤᠯᠭ᠎ᠠ ᠶᠢᠨ ᠵᠢᠯ ᠳᠤ 1200 ᠲᠦᠬᠦᠷᠢᠭ ︵ᠰᠠᠷ᠎ᠡ ᠶᠢᠨ 120 ᠲᠦᠬᠦᠷᠢᠭ︶᠃ ᠠᠷᠠᠳ ᠠᠴᠠ ᠡᠷᠬᠢᠯᠡᠭᠰᠡᠨ ᠴᠡᠴᠡᠷᠯᠢᠭ ᠨᠢ ᠲᠤᠰ ᠭᠠᠵᠠᠷ ᠤᠨ ᠦᠨ᠎ᠡ ᠬᠠᠩᠰᠢ ᠶᠢᠨ ᠰᠠᠯᠠᠭ᠎ᠠ ᠮᠦᠴᠢᠷ ᠤᠨ ᠬᠢᠨᠠᠨ ᠵᠦᠪᠰᠢᠶᠡᠷᠡᠭᠰᠡᠨ ᠪᠤᠳᠠᠳᠠᠢ ᠰᠦᠢᠳᠭᠡᠯ ᠬᠤᠷᠢᠶᠠᠬᠤ ᠪᠠᠷᠢᠮᠵᠢᠶ᠎ᠠ ᠪᠠ ᠳᠤᠭᠳᠠᠭᠠᠯ ᠢᠶᠠᠷ ᠬᠦᠷᠦᠯᠴᠡᠭᠦ ᠦᠭᠡᠢ ᠬᠡᠰᠡᠭ ᠢ ᠨᠢ ᠭᠡᠷ ᠤᠨ ᠠᠬᠠᠮᠠᠳ ᠠᠴᠠ ᠬᠤᠷᠢᠶᠠᠨ ᠠᠪᠴᠤ ᠪᠤᠯᠤᠨ᠎ᠠ᠃      ᠭᠤᠷᠪᠠᠳᠤᠭᠠᠷ ᠪᠦᠯᠦᠭ     ᠠᠵᠢᠯ ᠤᠨ ᠠᠯᠬᠤᠮ ᠲᠠᠷᠠᠭᠠᠯᠠᠯ ᠲᠠᠪᠣᠳᠣᠭᠠᠷ ᠵᠦᠢᠯ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠤᠯᠭ᠎ᠠ ᠶᠢᠨ ᠳᠡᠳᠬᠦᠮᠵᠢ ᠶᠢᠨ ᠮᠥᠩᠬᠦ ᠶᠢ ᠰᠤᠷᠤᠯᠭ᠎ᠠ ᠶᠢᠨ ᠬᠤᠭᠤᠴᠠᠭ᠎ᠠ ᠪᠠᠷ ᠭᠤᠶᠤᠴᠢᠯᠠᠨ ᠮᠡᠳᠡᠬᠦᠯᠦᠨ᠎ᠡ᠂ ᠬᠠᠪᠤᠷ ᠤᠨ ᠤᠯᠠᠷᠢᠯ ᠳᠤ 3 ᠰᠠᠷ᠎ᠡ ᠶᠢᠨ 15᠂ ᠨᠠᠮᠤᠷ ᠤᠨ ᠤᠯᠠᠷᠢᠯ ᠳᠤ 9 ᠰᠠᠷ᠎ᠡ ᠶᠢᠨ 15 ᠠᠴᠠ ᠡᠮᠦᠨ᠎ᠡ᠂ ᠰᠤᠷᠭᠠᠭᠤᠯᠢ ᠪᠤᠯᠤᠨ ᠬᠡᠦᠬᠡᠳ ᠤᠨ ᠴᠡᠴᠡᠷᠯᠢᠭ ᠬᠠᠮᠢᠶ᠎ᠠ ᠪᠦᠬᠦᠢ ᠪᠦᠷᠢᠳᠭᠡᠯ ᠢ ᠦᠨᠡᠨ ᠪᠤᠳᠠᠳᠠᠢ ᠲᠠᠭᠯᠠᠬᠤ ᠶᠢᠨ ᠬᠠᠮᠳᠤ ᠱᠠᠳᠤ ᠲᠠᠷᠠᠭᠠᠯᠠᠨ ᠬᠢᠨᠠᠨ ᠬᠠᠷᠭᠤᠭᠤᠯᠵᠦ ᠠᠶᠢᠮᠠᠭ ᠤᠨ ᠰᠤᠷᠤᠯᠭ᠎ᠠ ᠶᠢᠨ ᠳᠡᠳᠬᠦᠮᠵᠢ ᠶᠢᠨ ᠬᠠᠮᠢᠶᠠᠷᠤᠯᠳᠠ ᠶᠢᠨ ᠲᠦᠪ ᠳᠤ ᠲᠠᠩᠰᠠᠯᠠᠨ ᠮᠡᠳᠡᠭᠦᠯᠦᠨ᠎ᠡ᠂ ᠳᠡᠳᠬᠦᠮᠵᠢ ᠶᠢᠨ ᠲᠦᠷᠦ ᠶᠢᠨ ᠪᠤᠳᠤᠯᠭ᠎ᠠ ᠶᠢ ᠬᠡᠷᠡᠭᠵᠢᠬᠦᠯᠵᠦ ᠪᠠᠶᠢᠭ᠎ᠠ ᠴᠡᠴᠡᠷᠯᠢᠭ ᠪᠤᠶᠤ ᠰᠤᠷᠭᠠᠭᠤᠯᠢ ᠶᠢᠨ ᠵᠠᠬᠢᠷᠤᠯ ᠨᠢ ᠨᠢᠭᠡᠳᠦᠭᠡᠷ ᠬᠠᠷᠢᠭᠤᠴᠠᠯᠭᠠᠳᠠᠨ ᠤ ᠬᠠᠷᠢᠭᠤᠴᠠᠯᠭ᠎ᠠ ᠶᠢ ᠡᠭᠦᠷᠭᠡᠯᠡᠵᠤ᠂ ᠬᠠᠮᠢᠶ᠎ᠠ ᠪᠦᠬᠦᠢ ᠪᠦᠷᠢᠳᠭᠡᠯ ᠤᠨ ᠠᠵᠢᠯ ᠢ ᠲᠤᠰᠬᠠᠢ ᠬᠦᠮᠦᠨ ᠢᠶᠠᠷ ᠬᠠᠷᠢᠭᠤᠴᠠᠭᠤᠯᠤᠨ᠎ᠠ᠃ ᠵᠢᠷᠭᠤᠳᠦᠭᠠᠷ ᠵᠦᠢᠯ ᠡᠯ᠎ᠡ ᠬᠤᠰᠢᠭᠤ ᠰᠢᠶᠠᠨ ᠬᠤᠲᠠ ︵ᠤᠷᠤᠨ︶ ᠶᠢᠨ ᠰᠤᠷᠭᠠᠨ ᠬᠦᠮᠦᠵᠢᠯ ᠤᠨ ᠲᠤᠪᠴᠢᠶ᠎ᠠ ᠲᠤᠬᠠᠢ ᠶᠢᠨ ᠭᠠᠵᠠᠷ ᠤᠨ ᠤᠶᠢᠯᠡᠳᠪᠦᠷᠢ ᠬᠤᠲᠠᠯᠲᠤᠭᠠᠨ ᠤ ᠬᠠᠮᠢᠶᠠᠷᠤᠯᠲᠠ᠂ ᠲᠤᠲᠤᠭᠠᠲᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠡᠷᠦᠬᠡ ᠠᠮᠠ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠰᠠᠯᠠᠭ᠎ᠠ ᠮᠦᠴᠢᠷ᠂ ᠰᠤᠮᠤ ᠪᠠᠯᠭᠠᠰᠤ᠂ ᠬᠡᠷᠡᠭ ᠡᠷᠬᠢᠯᠠᠬᠦ ᠭᠠᠵᠠᠷ ᠲᠠᠢ ᠬᠠᠮᠲᠤᠷᠠᠨ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠪᠠᠶᠢᠭᠤᠯᠤᠮᠵᠢ ᠶᠢ ᠲᠠᠩᠰᠠᠯᠠᠨ ᠲᠡᠪᠲᠡᠷᠯᠡᠵᠤ᠂ ᠲᠤᠰᠠᠯᠠᠨ ᠲᠡᠳᠬᠦᠬᠦ ᠰᠤᠷᠠᠭ ᠵᠠᠩᠬᠢ ᠶᠢ ᠴᠠᠭ ᠲᠤᠬᠠᠢ ᠳᠤᠨᠢ ᠵᠦᠪ ᠤᠨᠤᠪᠴᠢᠲᠠᠢ ᠲᠡᠭᠡᠭᠰᠢ ᠪᠠᠨ ᠮᠡᠲᠡᠬᠦᠯᠬᠦ ᠶᠢ ᠪᠠᠲᠤᠯᠠᠬᠤ ᠭᠡᠷᠡᠭᠲᠠᠢ᠃ ᠳᠠᠩᠰᠠᠯᠠᠨ ᠲᠡᠮᠲᠡᠭᠯᠡᠭᠰᠡᠨ ᠦᠬᠡᠢ ᠪᠤᠶᠤ ᠪᠠᠷᠢᠮᠵᠢᠶᠠᠨ ᠳᠤ ᠬᠦᠷᠦᠭᠰᠡᠨ ᠦᠬᠡᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠪᠠᠶᠢᠭᠤᠯᠤᠮᠵᠢ ᠶᠢ ᠨᠢᠬᠡ ᠨᠢᠬᠡ ᠪᠠᠷ ᠪᠦᠷᠢᠳᠬᠡᠵᠤ᠂ ᠡᠶᠢᠮᠦᠷᠬᠦ ᠴᠡᠴᠡᠷᠯᠢᠭ ᠲᠤ ᠬᠢᠴᠢᠶᠡᠯᠯᠡᠵᠤ ᠪᠠᠶᠢᠭ᠎ᠠ ᠬᠡᠦᠭᠡᠳ ᠢ ᠳᠡᠳᠬᠦᠮᠵᠢ ᠶᠢᠨ ᠲᠦᠷᠦ ᠶᠢᠨ ᠪᠤᠲᠤᠯᠭ᠎ᠠ ᠶᠢᠨ ᠬᠦᠷᠢᠶ᠎ᠡ ᠬᠡᠪᠴᠢᠶᠠᠨ ᠳᠤ ᠪᠠᠭᠳᠠᠭᠠᠨ ᠤᠷᠤᠭᠤᠯᠤᠨ᠎ᠠ᠃ ᠡᠳᠡᠭᠡᠷ ᠴᠡᠴᠡᠷᠯᠢᠭ ᠪᠤᠶᠤ ᠰᠣᠷᠭᠠᠭᠤᠯᠢ ᠲᠤᠭᠲᠠᠭᠰᠠᠨ ᠬᠤᠭᠤᠴᠠᠭᠠᠨ ᠳᠤ ᠦᠬᠡᠷᠡᠴᠢᠯᠠᠨ ᠵᠠᠰᠠᠵᠤ᠂ ᠪᠠᠷᠢᠮᠵᠢᠶ᠎ᠠ ᠰᠠᠭᠠᠷᠳᠠᠯᠠᠭ᠋ ᠎ᠠ ᠳᠤ ᠲᠤᠬᠳᠠᠬᠰᠠᠨ ᠬᠤᠭᠤᠴᠠᠭᠠᠨ ᠳᠤ ᠬᠦᠷᠬᠦ ᠪᠠᠷ ᠴᠢᠷᠮᠠᠶᠢᠵᠤ᠂ ᠡᠷᠳᠡ ᠨᠢᠭᠡᠨ ᠡᠳᠤᠷ ᠵᠢᠩᠬᠢᠨᠢ ᠪᠠᠷ ᠲᠠᠩᠰᠠᠯᠠᠨ ᠲᠡᠮᠳᠡᠭᠯᠡᠭᠦᠯᠬᠦ ᠬᠡᠷᠡᠭᠳᠡᠢ᠃ ᠡᠬᠦᠨ ᠤ ᠵᠤᠷᠢᠯᠭ᠎ᠠ ᠨᠢ ᠰᠤᠷᠤᠯᠭ᠎ᠠ ᠶᠢᠨ ᠳᠡᠳᠬᠦᠮᠵᠢ ᠶᠢᠨ ᠲᠦᠷᠦ ᠶᠢᠨ ᠪᠤᠲᠤᠯᠭ᠎ᠠ ᠶᠢᠨ ᠲᠦᠬᠡᠮᠡᠯᠴᠢ ᠴᠢᠨᠠᠷ ᠢ ᠢᠯᠡᠷᠡᠬᠦᠯᠬᠦ ᠶᠢᠨ ᠲᠠᠭᠠᠤ ᠳᠤ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢ ᠴᠢᠩᠭᠠᠳᠬᠠᠨ᠂ ᠴᠡᠴᠡᠷᠯᠢᠭ ᠡᠷᠬᠢᠯᠡᠬᠦ ᠬᠢᠷᠢ ᠬᠡᠮᠵᠢᠶ᠎ᠡ ᠶᠢ ᠲᠡᠬᠡᠭᠰᠢᠬᠦᠯᠦᠨ᠎ᠡ᠃ ᠲᠤᠯᠤᠳᠤᠭᠠᠷ ᠵᠦᠢᠯ ᠠᠶᠢᠮᠠᠭ ᠤᠨ ᠰᠤᠷᠤᠯᠭ᠎ᠠ ᠶᠢᠨ ᠳᠡᠳᠬᠦᠮᠵᠢ ᠶᠢᠨ ᠬᠠᠮᠢᠶᠠᠷᠤᠯᠳᠠ ᠶᠢᠨ ᠲᠥᠪ ᠡᠯ᠎ᠠ ᠭᠠᠵᠠᠷ ᠤᠨ ᠮᠡᠳᠡᠬᠦᠯᠦᠭᠰᠡᠨ ᠲᠤᠭ᠎ᠠ ᠪᠦᠷᠢᠳᠭᠡᠯ ᠢ ᠦᠨᠳᠦᠰᠦᠯᠡᠨ᠂ ᠬᠤᠰᠢᠭᠤ ᠰᠢᠶᠠᠨ ᠬᠤᠳᠠ ︵ᠤᠷᠤᠨ︶ ᠬᠤᠪᠢᠶᠠᠵᠣ᠂ ᠰᠤᠷᠤᠯᠭ᠎ᠠ ᠶᠢᠨ ᠳᠡᠳᠬᠦᠮᠵᠢ ᠶᠢᠨ ᠶᠠᠷᠦᠩᠬᠡᠢ ᠲᠤᠭ᠎ᠠ ᠶᠢ ᠪᠤᠳᠤᠵᠤ᠂ ᠴᠠᠭ ᠲᠤᠬᠠᠢ ᠳᠤᠨᠢ ᠠᠶᠢᠮᠠᠭ ᠤᠨ ᠡᠳ᠋ ᠤᠨ ᠵᠠᠰᠠᠭ ᠤᠨ ᠲᠤᠪᠴᠢᠶ᠎ᠠ ᠳᠤ ᠮᠡᠳᠡᠬᠦᠯᠦᠨ᠎ᠡ᠂ ᠠᠶᠢᠮᠠᠭ ᠶᠢᠨ ᠡᠳ᠋ ᠤᠨ ᠵᠠᠰᠠᠭ ᠤᠨ ᠲᠤᠪᠴᠢᠶ᠎ᠠ᠂ ᠠᠶᠢᠮᠠᠭ ᠤᠨ ᠰᠤᠷᠭᠠᠨ ᠬᠦᠮᠦᠵᠢᠯ ᠤᠨ ᠲᠤᠪᠴᠢᠶ᠎ᠠ ᠰᠤᠷᠤᠯᠭ᠎ᠠ ᠶᠢᠨ ᠬᠤᠭᠤᠴᠠᠭ᠎ᠠ ᠪᠠᠷ ᠰᠤᠷᠤᠯᠭ᠎ᠠ ᠶᠢᠨ ᠳᠡᠳᠬᠦᠮᠵᠢ ᠶᠢᠨ ᠮᠥᠩᠬᠦ ᠶᠢ ᠬᠤᠰᠢᠭᠤ ᠰᠢᠶᠠᠨ ᠳᠤ ᠪᠠᠭᠤᠯᠭᠠᠨ ᠦᠭᠬᠦᠨ᠎ᠡ᠂ ᠲᠤᠰ ᠪᠦᠷᠢ ᠵᠢᠯ ᠪᠤᠯᠭᠠᠨ ᠤ 4 ᠳ᠋ᠤᠭᠡᠷ ᠰᠠᠷ᠎ᠡ ᠶᠢᠨ 1 ᠤ ᠡᠳᠦᠷ ᠪᠤᠯᠤᠨ 10 ᠳ᠋ᠤᠭᠠᠷ ᠰᠠᠷ᠎ᠡ ᠶᠢᠨ 1 ᠤ ᠡᠳᠦᠷ ᠠᠴᠠ ᠡᠮᠦᠨ᠎ᠡ ᠬᠤᠰᠢᠭᠤ ᠰᠢᠶᠠᠨ ᠬᠤᠳᠠ ︵ᠤᠷᠤᠨ︶ ᠶᠢᠨ ᠡᠳ᠋ ᠤᠨ ᠵᠠᠰᠠᠭ ᠤᠨ ᠲᠤᠪᠴᠢᠶᠠᠨ ᠳᠤ ᠪᠠᠭᠤᠯᠭᠠᠨ ᠦᠭᠬᠦ ᠶᠢᠨ ᠬᠠᠮᠳᠤ ᠬᠤᠰᠢᠭᠤ ᠰᠢᠶᠠᠨ ᠬᠤᠳᠠ ︵ᠤᠷᠤᠨ︶ ᠶᠢᠨ ᠡᠳ᠋ ᠤᠨ ᠵᠠᠰᠠᠭ ᠤᠨ ᠲᠤᠪᠴᠢᠶ᠎ᠠ ᠡᠭᠦᠷᠭᠡᠯᠡᠵᠦ ᠪᠠᠶᠢᠭ᠎ᠠ ᠪᠡᠯᠡ ᠮᠥᠩᠬᠦ ᠲᠠᠢ ᠪᠠᠨ ᠬᠠᠮᠳᠤ ᠳᠤᠨᠢ ᠲᠤᠭ᠎ᠠ ᠶᠤᠰᠤᠭᠠᠷ ᠴᠡᠴᠡᠷᠯᠢᠭ ᠪᠤᠶᠤ ᠰᠣᠷᠭᠠᠭᠤᠯᠢ ᠳᠤ ᠪᠠᠭᠤᠯᠭᠠᠨ ᠦᠭᠬᠦᠨ᠎ᠡ᠃       ᠲᠦᠷᠪᠡᠳᠦᠭᠡᠷ ᠪᠦᠯᠦᠭ     ᠪᠡᠯᠡ ᠮᠥᠩᠬᠦ ᠶᠢᠨ ᠢᠷᠡᠯᠳᠡ ᠬᠢᠬᠡᠳ ᠬᠠᠮᠢᠶᠠᠷᠤᠯᠳᠠ ᠨᠠᠢᠮᠠᠳᠤᠭᠠᠷ ᠵᠦᠢᠯ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠤᠯᠭ᠎ᠠ ᠶᠢᠨ ᠳᠡᠳᠬᠦᠮᠵᠢ ᠶᠢᠨ ᠮᠦᠩᠭᠦ ᠶᠢ ᠡᠯ᠎ᠡ ᠬᠤᠰᠢᠭᠤ ᠰᠢᠶᠠᠨ ᠬᠤᠳᠠ ︵ᠤᠷᠤᠨ︶ ᠶᠢᠨ ᠠᠵᠦ ᠠᠬᠤᠢ ᠶᠢᠨ ᠬᠦᠭᠵᠢᠯᠳᠠ ᠶᠢᠨ ᠪᠠᠶᠢᠳᠠᠯ ᠪᠤᠯᠤᠨ ᠡᠳ᠋ ᠤᠨ ᠬᠦᠴᠦᠨ ᠤ ᠪᠠᠶᠢᠳᠠᠯ ᠢ ᠦᠨᠳᠦᠰᠦᠯᠡᠵᠦ ᠠᠶᠢᠮᠠᠭ᠂ ᠬᠤᠰᠢᠭᠤ ᠰᠢᠶᠠᠨ ᠬᠤᠳᠠ ︵ᠤᠷᠤᠨ︶ ᠬᠤᠶᠠᠷ ᠱᠠᠳᠤᠨ ᠤ ᠡᠳ᠋ ᠤᠨ ᠵᠠᠰᠠᠭ ᠠᠳᠠᠯᠢ ᠪᠤᠰᠤ ᠬᠠᠷᠢᠴᠠᠯ ᠢᠶᠠᠷ ᠡᠬᠦᠷᠬᠡᠯᠡᠨ᠎ᠡ ︵ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠳᠤᠨ ᠤ ᠰᠤᠷᠭᠠᠨ ᠬᠦᠮᠦᠵᠢᠯ ᠤᠨ ᠳᠡᠳᠬᠦᠮᠵᠢ ᠶᠢᠨ ᠡᠬᠦᠷᠬᠡᠯᠡᠬᠦ ᠬᠠᠷᠢᠴᠠᠯ ᠲᠠᠢ ᠠᠳᠠᠯᠢ︶᠃ ᠵᠢᠯ ᠪᠤᠯᠭᠠᠨ ᠤ ᠡᠬᠢᠨ ᠳᠤ᠂ ᠠᠶᠢᠮᠠᠭ ᠤᠨ ᠡᠳ᠋ ᠤᠨ ᠵᠠᠰᠠᠭ ᠤᠨ ᠲᠤᠪᠴᠢᠶ᠎ᠠ᠂ ᠰᠤᠷᠭᠠᠨ ᠬᠦᠮᠦᠵᠢᠯ ᠤᠨ ᠪᠤᠳᠠᠳᠠᠢ ᠡᠬᠦᠷᠬᠡᠯᠡᠬᠦ ᠬᠠᠷᠢᠴᠠᠯ ᠢ ᠲᠤᠷᠠᠳᠴᠤ᠂ ᠵᠠᠬᠢᠷᠭ᠎ᠠ ᠳᠤ ᠮᠡᠳᠡᠬᠦᠯᠦᠨ ᠵᠦᠪᠰᠢᠶᠡᠷᠡᠬᠦᠯᠵᠦ᠂ ᠭᠡᠷᠡᠭᠰᠡᠭᠦ ᠪᠡᠯᠡ ᠮᠥᠩᠬᠦ ᠶᠢ ᠬᠤᠶᠠᠷ ᠱᠠᠳᠤᠨ ᠤ ᠵᠢᠯ ᠤᠨ ᠡᠳ᠋ ᠤᠨ ᠲᠦᠰᠤᠪ ᠲᠤ ᠤᠷᠤᠭᠤᠯᠤᠨ᠎ᠠ᠃ ᠬᠤᠰᠢᠭᠤ ᠰᠢᠶᠠᠨ ᠬᠤᠳᠠ ︵ᠤᠷᠤᠨ︶ ᠠᠯᠤᠰᠯᠠᠭᠰᠠᠨ ᠴᠡᠴᠡᠷᠯᠢᠭ ᠲᠤ ᠰᠠᠭᠤᠭ᠎ᠠ ᠬᠡᠦᠬᠡᠳ ᠶᠢᠨ ᠳᠡᠳᠬᠦᠮᠵᠢ ᠶᠢᠨ ᠮᠥᠩᠬᠦ ᠶᠢ ᠰᠠᠭᠤᠭ᠎ᠠ ᠴᠡᠴᠡᠷᠯᠢᠭ ᠤᠨ ᠪᠠᠶᠢᠭ᠎ᠠ ᠭᠠᠵᠠᠷ ᠤᠨ ᠵᠠᠰᠠᠭ ᠤᠨ ᠤᠷᠳᠤᠨ ᠡᠭᠦᠷᠬᠡᠯᠡᠨ᠎ᠡ᠃ ᠶᠢᠰᠦᠳᠦᠭᠡᠷ ᠵᠦᠢᠯ ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠠᠴᠠ ᠡᠮᠤᠨ᠎ᠡ ᠡᠯ᠎ᠡ ᠬᠤᠰᠢᠭᠤ ᠰᠢᠶᠠᠨ ᠬᠤᠳᠠ ︵ᠤᠷᠤᠨ︶ ᠶᠢᠨ ᠡᠳ᠋ ᠤᠨ ᠵᠠᠰᠠᠭ ᠤᠨ ᠲᠤᠪᠴᠢᠶ᠎ᠠ ᠨᠢᠭᠡ ᠬᠡᠰᠡᠭ ᠪᠡᠯᠡ ᠮᠥᠩᠬᠦ ᠶᠢ ᠴᠡᠴᠡᠷᠯᠢᠭ ᠪᠤᠶᠤ ᠰᠣᠷᠭᠠᠭᠤᠯᠢ ᠳᠤ ᠤᠷᠢᠳᠴᠢᠯᠠᠨ ᠦᠭᠴᠦ᠂ ᠬᠠᠮᠢᠶ᠎ᠠ ᠪᠦᠬᠦᠢ ᠰᠤᠷᠭᠠᠭᠤᠯᠢ ᠪᠤᠯᠤᠨ ᠬᠡᠥᠬᠡᠳ ᠤᠨ ᠴᠡᠴᠡᠷᠯᠢᠭ ᠤᠨ ᠬᠡᠪ ᠤᠨ ᠡᠷᠬᠢᠯᠳᠡ ᠶᠢ ᠪᠠᠳᠤᠯᠠᠬᠤ ᠬᠡᠷᠡᠭᠳᠡᠢ᠃ ᠤᠯᠤᠰ᠂ ᠦᠪᠡᠷᠳᠡᠭᠡᠨ ᠵᠠᠰᠠᠬᠤ ᠤᠷᠤᠨ ᠤ ᠰᠢᠨ᠎ᠠ ᠲᠤᠷᠠᠳᠤᠭᠰᠠᠨ ᠰᠤᠷᠤᠯᠭ᠎ᠠ ᠶᠢᠨ ᠳᠡᠳᠬᠦᠮᠵᠢ ᠶᠢᠨ ᠪᠤᠰᠤᠳ ᠲᠦᠷᠦ ᠶᠢᠨ ᠪᠤᠳᠤᠯᠭ᠎ᠠ ᠳᠤ ᠲᠤᠬᠢᠷᠠᠬᠤ ᠬᠡᠦᠬᠡᠳ ᠲᠤ ︽ᠦᠨᠳᠦᠷ ᠪᠠᠷᠢᠮᠵᠢᠶ᠎ᠠ ᠪᠠᠷ ᠤᠯᠭᠤᠬᠤ︾ ᠵᠠᠷᠴᠢᠮ ᠶᠤᠰᠤᠭᠠᠷ ᠰᠤᠷᠤᠯᠭ᠎ᠠ ᠶᠢᠨ ᠳᠡᠳᠬᠦᠮᠵᠢ ᠶᠢᠨ ᠮᠥᠩᠬᠦ ᠤᠯᠭᠤᠨ᠎ᠠ᠂ ᠭᠡᠪᠡᠴᠥ ᠲᠠᠪᠬᠤᠷᠳᠠᠭᠤᠯᠤᠨ ᠤᠯᠭᠤᠵᠤ ᠪᠤᠯᠬᠤ ᠦᠭᠡᠢ᠃ ᠠᠷᠪᠠᠳᠤᠭᠠᠷ ᠵᠦᠢᠯ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠤᠯᠭ᠎ᠠ ᠶᠢᠨ ᠳᠡᠳᠬᠦᠮᠵᠢ ᠶᠢᠨ ᠮᠥᠩᠬᠦ ᠪᠤᠯ ᠴᠡᠴᠡᠷᠯᠢᠭ ᠲᠤ ᠰᠠᠭᠤᠭ᠎ᠠ ᠬᠡᠥᠬᠡᠳ ᠳᠡᠳᠬᠦᠮᠵᠢ ᠶᠢᠨ ᠲᠦᠷᠦ ᠶᠢᠨ ᠪᠤᠳᠤᠯᠭ᠎ᠠ ᠶᠢ ᠬᠦᠷᠳᠡᠵᠤ᠂ ᠪᠡᠯᠡ ᠮᠦᠩᠭᠦ ᠶᠢ ᠡᠳ᠋ ᠤᠨ ᠵᠠᠰᠠᠭ ᠠᠴᠠ ᠴᠡᠴᠡᠷᠯᠢᠭ ᠤᠨ ᠬᠡᠥᠬᠡᠳ ᠤᠨ ᠲᠤᠭ᠎ᠠ ᠶᠢ ᠦᠨᠳᠦᠰᠦᠯᠡᠵᠦ ᠰᠤᠷᠭᠠᠭᠤᠯᠢ ᠪᠤᠶᠤ ᠴᠡᠴᠡᠷᠯᠢᠭ ᠳᠤ ᠠᠯᠪᠠᠨ ᠵᠠᠷᠤᠳᠠᠯ ᠪᠤᠯᠭᠠᠨ ᠦᠭᠭᠦᠨ᠎ᠡ᠃ ᠮᠤᠩᠭᠤᠯ ᠢᠶᠠᠷ ᠬᠢᠴᠢᠶᠠᠯᠡᠯᠵᠦ ᠪᠠᠶᠢᠭ᠎ᠠ ᠴᠡᠴᠡᠷᠯᠢᠭ ᠤᠨ ᠬᠡᠦᠬᠡᠳ ︵ᠴᠡᠴᠡᠷᠯᠢᠭ ᠳᠤ ᠬᠤᠭᠤᠯᠠ ᠢᠳᠡᠬᠦ ᠦᠬᠡᠢ ᠬᠡᠤᠬᠡᠳ ᠬᠦᠷᠳᠡᠬᠦ ᠦᠬᠡᠢ︶ ᠤᠨ ᠬᠤᠭᠤᠯᠠᠨ ᠤ ᠰᠦᠢᠳᠭᠡᠯ ᠢ ᠰᠤᠷᠭᠠᠭᠤᠯᠢ ᠪᠤᠯᠤᠨ ᠴᠡᠴᠡᠷᠯᠢᠭ ᠨᠢᠭᠡᠳᠦᠯᠳᠠᠢ ᠬᠠᠮᠢᠶᠠᠷᠤᠨ ᠬᠡᠷᠡᠭᠯᠡᠵᠦ᠂ ᠰᠠᠷ᠎ᠡ ᠪᠤᠯᠭᠠᠨ ᠬᠡᠥᠬᠡᠳ ᠨᠢᠬᠡᠪᠦᠷᠢ ᠶᠢᠨ ᠵᠠᠷᠤᠭᠰᠠᠨ ᠪᠤᠳᠠᠳᠠᠢ ᠲᠤᠭ᠎ᠠ ᠪᠠᠷ ᠳ᠋ᠦᠩᠨᠡᠨ ᠪᠤᠳᠤᠵᠤ᠂ ᠦᠯᠡᠳᠡᠭᠰᠡᠨ ᠬᠡᠰᠡᠭ ᠢ ᠨᠢ ᠪᠤᠴᠠᠭᠠᠵᠤ ᠦᠭᠬᠦ ᠦᠬᠡᠢ᠂ ᠬᠡᠳᠦᠷᠡᠭᠰᠡᠨ ᠰᠦᠢᠳᠭᠡᠯ ᠢ ᠬᠡᠥᠭᠡᠳ ᠤᠨ ᠭᠡᠷ ᠪᠦᠯᠢ ᠨᠢ ᠡᠬᠦᠷᠬᠡᠯᠡᠨ᠎ᠡ᠃ ᠪᠤᠳᠠᠰ ᠪᠤᠶᠤ ᠤᠶᠢᠯᠡᠴᠢᠯᠡᠭᠡ ᠵᠡᠷᠭᠡ ᠤᠨᠳᠣᠣ ᠬᠡᠯᠪᠡᠷᠢ ᠪᠠᠷ ᠤᠷᠤᠯᠠᠭᠤᠯᠬᠤ ᠪᠤᠶᠤ ᠬᠠᠰᠤᠵᠤ ᠪᠤᠯᠬᠤ ᠦᠭᠡᠢ᠃ ᠠᠷᠪᠠᠨ ᠨᠢᠭᠡᠳᠦᠭᠡᠷ ᠵᠦᠢᠯ ᠠᠶᠢᠮᠠᠭ᠂ ᠬᠤᠰᠢᠭᠤ ᠰᠢᠶᠠᠨ ᠬᠤᠳᠠ ︵ᠤᠷᠤᠨ︶ ᠬᠤᠶᠠᠷ ᠱᠠᠳᠤᠨ ᠤ ᠰᠤᠷᠤᠯᠭ᠎ᠠ ᠶᠢᠨ ᠳᠡᠳᠬᠦᠮᠵᠢ ᠶᠢᠨ ᠠᠵᠢᠯ ᠤᠨ ᠤᠳᠤᠷᠢᠳᠬᠤ ᠲᠤᠭᠤᠶᠢᠯᠠᠩ ᠡᠯ᠎ᠠ ᠬᠤᠰᠢᠭᠤ ᠰᠢᠶᠠᠨ ᠬᠤᠳᠠ ︵ᠤᠷᠤᠨ︶ ᠶᠢᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠤᠯᠭ᠎ᠠ ᠶᠢᠨ ᠳᠡᠳᠬᠦᠮᠵᠢ ᠶᠢᠨ ᠪᠦᠬᠦ ᠶᠠᠪᠤᠴᠠ ᠳᠤ ᠬᠢᠨᠠᠯᠳᠠ ᠲᠠᠯᠪᠢᠨ ᠪᠠᠶᠢᠴᠠᠭᠠᠬᠤ ᠶᠢᠨ ᠬᠠᠮᠳᠤ ᠡᠯ᠎ᠡ ᠬᠤᠰᠢᠭᠤ ᠰᠢᠶᠠᠨ ᠬᠤᠳᠠ ︵ᠤᠷᠤᠨ︶ ᠶᠢᠨ ᠰᠤᠷᠤᠯᠭ᠎ᠠ ᠶᠢᠨ ᠳᠡᠳᠬᠦᠮᠵᠢ ᠶᠢᠨ ᠵᠠᠷᠤᠳᠠᠯ ᠢ ᠲᠤᠭ᠎ᠠ ᠶᠤᠰᠤᠭᠠᠷ ᠴᠠᠭ ᠲᠤᠬᠠᠢ ᠳᠤᠨᠢ ᠦᠭᠬᠦ ᠶᠢ ᠱᠠᠯᠠᠪᠳᠠᠭᠤᠯᠤᠨ ᠪᠠᠶᠢᠴᠠᠭᠠᠨ᠎ᠠ᠃ ᠠᠶᠢᠮᠠᠭ᠂ ᠬᠤᠰᠢᠭᠤ ᠰᠢᠶᠠᠨ ᠬᠤᠳᠠ ︵ᠤᠷᠤᠨ︶ ᠬᠤᠶᠠᠷ ᠱᠠᠲᠤᠨ ᠤ ᠰᠤᠷᠤᠯᠭ᠎ᠠ ᠶᠢᠨ ᠳᠡᠳᠬᠦᠮᠵᠢ ᠶᠢᠨ ᠬᠠᠮᠢᠶᠠᠷᠤᠯᠳᠠ ᠶᠢᠨ ᠲᠦᠪ ᠲᠤ ᠢᠯᠡᠴᠢᠯᠡᠨ ᠮᠡᠳᠡᠬᠦᠯᠬᠦ ᠬᠠᠶᠢᠷᠴᠠᠭ ᠭᠠᠷᠭᠠᠵᠤ᠂ ᠢᠯᠡᠴᠢᠯᠡᠨ ᠮᠡᠳᠡᠬᠦᠯᠬᠦ ᠤᠳᠠᠰᠤ ᠶᠢ ᠨᠡᠶᠢᠳᠡᠯᠡᠨ᠎ᠡ᠃ ᠬᠢᠨᠠᠨ ᠪᠣᠳᠤᠬᠤ᠂ ᠬᠢᠨᠠᠨ ᠪᠠᠶᠢᠴᠠᠭᠠᠬᠤ ᠰᠠᠯᠠᠭ᠎ᠠ ᠮᠦᠴᠢᠷ ᠬᠢᠨᠠᠨ ᠪᠠᠶᠢᠴᠠᠭᠠᠬᠤ ᠠᠵᠢᠯ ᠢ ᠲᠤᠭᠳᠠᠮᠠᠯ ᠬᠤᠭᠤᠴᠠᠭ᠎ᠠ ᠲᠠᠢ ᠪᠠᠷ ᠦᠷᠨᠢᠬᠦᠯᠦᠨ᠎ᠡ᠃ ᠭᠠᠵᠠᠷ ᠤᠷᠤᠨ ᠤ ᠡᠬᠦᠷᠭᠡᠯᠡᠭᠦ ᠪᠡᠯᠡ ᠮᠥᠩᠬᠦ ᠶᠢ ᠴᠠᠭ ᠲᠤᠬᠠᠢ ᠳᠤᠨᠢ ᠭᠠᠷᠭᠠᠭᠰᠠᠨ ᠦᠬᠡᠢ ᠬᠤᠰᠢᠭᠤ ᠰᠢᠶᠠᠨ ᠬᠤᠳᠠ ︵ᠤᠷᠤᠨ︶ ᠢ ᠱᠠᠯᠠᠪᠳᠠᠭᠤᠯᠤᠨ ᠲᠤᠭᠳᠠᠭᠰᠠᠨ ᠬᠤᠭᠤᠴᠠᠭᠠᠨ ᠳᠤ ᠮᠥᠨ ᠯᠡ ᠭᠠᠷᠭᠠᠭᠰᠠᠨ ᠦᠬᠡᠢ ᠶᠢ ᠨᠢ ᠠᠶᠢᠮᠠᠭ ᠤᠨ ᠬᠢᠨᠠᠨ ᠪᠠᠶᠢᠴᠠᠭᠠᠬᠤ ᠲᠤᠪᠴᠢᠶ᠎ᠠ ᠠᠴᠠ ᠬᠠᠷᠢᠭᠤᠴᠠᠯᠭ᠎ᠠ ᠨᠡᠬᠡᠮᠵᠢᠯᠡᠨ᠎ᠡ᠃ ᠰᠤᠷᠤᠯᠭ᠎ᠠ ᠶᠢᠨ ᠳᠡᠳᠬᠦᠮᠵᠢ ᠶᠢᠨ ᠮᠥᠩᠬᠦ ᠶᠢ ᠡᠷᠡᠮᠡᠯᠵᠡᠯᠡᠨ ᠮᠡᠳᠡᠭᠦᠯᠬᠦ᠂ ᠬᠢᠨᠠᠨ ᠬᠠᠷᠭᠤᠭᠤᠯᠬᠤ᠂ ᠳᠠᠷᠬᠠᠭᠠᠨ ᠥᠭᠬᠦ ᠵᠡᠷᠬᠡ ᠶᠠᠪᠤᠴᠠ ᠳᠤ ᠬᠤᠳᠠᠯ ᠬᠠᠭᠤᠷᠮᠠᠭ ᠢᠶᠠᠷ ᠵᠤᠬᠢᠶᠠᠭᠰᠠᠨ ᠂ ᠡᠵᠡᠯᠠᠨ ᠬᠡᠷᠡᠭᠯᠡᠭᠰᠡᠨ᠂ ᠰᠠᠭᠤᠯᠭᠠᠨ ᠠᠪᠤᠭᠰᠠᠨ ᠰᠤᠷᠭᠠᠭᠤᠯᠢ ᠪᠠ ᠬᠤᠪᠢ ᠬᠥᠮᠥᠨ ᠢ ᠬᠤᠯᠪᠤᠭᠳᠠᠯ ᠪᠥᠬᠦᠢ ᠳᠤᠭᠳᠠᠭᠠᠯ ᠶᠤᠰᠤᠭᠠᠷ ᠴᠢᠩᠭ᠎ᠠ ᠪᠠᠶᠢᠴᠠᠭᠠᠨ ᠰᠢᠳᠬᠡᠨ᠎ᠠ᠃       ᠲᠠᠪᠤᠳᠤᠭᠠᠷ ᠪᠦᠯᠦᠭ      ᠲᠠᠭᠠᠯᠳᠠ ᠲᠦᠷᠢᠮ ᠠᠷᠪᠠᠨ ᠬᠤᠶᠠᠳᠤᠭᠠᠷ ᠵᠦᠢᠯ ᠲᠤᠰ ᠠᠷᠭ᠎ᠠ ᠶᠢ ᠠᠶᠢᠮᠠᠭ ᠤᠨ ᠰᠤᠷᠭᠠᠨ ᠬᠦᠮᠦᠵᠢᠯ ᠤᠨ ᠲᠤᠪᠴᠢᠶ᠎ᠠ᠂ ᠡᠳ᠋ ᠤᠨ ᠵᠠᠰᠠᠭ ᠤᠨ ᠲᠤᠪᠴᠢᠶ᠎ᠠ ᠬᠠᠷᠢᠭᠤᠴᠠᠨ ᠲᠠᠶᠢᠯᠪᠤᠷᠢᠯᠠᠨ᠎ᠠ ᠃ ᠠᠷᠪᠠᠨ ᠭᠤᠷᠪᠠᠳᠤᠭᠠᠷ ᠵᠦᠢᠯ ᠲᠤᠰ ᠠᠷᠭ᠎ᠠ ᠶᠢ 2012 ᠤᠨ ᠤ 6 ᠰᠠᠷ᠎ᠡ ᠶᠢᠨ 1 ᠠᠴᠠ ᠡᠬᠢᠯᠡᠵᠦ ᠬᠡᠷᠡᠭᠵᠢᠬᠦᠯᠦᠨ᠎ᠡ᠃ ᠡᠬᠦᠨ ᠳᠤ ︽ᠰᠢᠯᠢ ᠶᠢᠨ ᠭᠤᠤᠯ ᠠᠶᠢᠮᠠᠭ ᠤᠨ ᠮᠤᠩᠭᠤᠯ ᠢᠶᠠᠷ ᠬᠢᠴᠢᠶᠠᠯᠡᠯᠵᠦ ᠪᠠᠶᠢᠭ᠎ᠠ ᠰᠣᠷᠬᠤ ᠨᠠᠰᠤᠨ ᠠᠴᠠ ᠡᠮᠦᠨᠡᠬᠢ ᠰᠤᠷᠭᠠᠨ ᠬᠦᠮᠥᠵᠢᠯ᠂ ᠲᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠳᠤᠨ ᠳᠤ ᠰᠦᠢᠳᠭᠡᠯ ᠬᠤᠷᠢᠶᠠᠬᠤ ᠦᠭᠡᠢ ᠪᠠᠷ ᠰᠤᠷᠭᠠᠨ ᠬᠦᠮᠦᠵᠢᠯ ᠬᠦᠷᠳᠡᠬᠡᠬᠦ ᠬᠡᠷᠡᠭᠵᠢᠬᠦᠯᠦᠯᠳᠡ ᠶᠢᠨ ᠠᠷᠭ᠎ᠠ︾ ︵ᠰᠢᠯᠢ ᠵᠠᠬᠢᠷᠭ᠎ᠠ ᠠᠯᠪᠠᠨ ᠲᠠᠷᠬᠠᠭᠠᠭᠰᠠᠨ ︹2010︺ 128 ᠳ᠋ᠤᠭᠠᠷ ᠲᠤᠭᠠᠳᠤ︶ ᠶᠢ ᠵᠡᠷᠬᠡ ᠳᠤᠨᠢ ᠬᠦᠴᠦᠨ ᠦᠬᠡᠢ ᠪᠤᠯᠭᠠᠨ᠎ᠠ᠃ ᠠᠷᠪᠠᠨ ᠳᠦᠷᠪᠡᠳᠦᠭᠡᠷ ᠵᠦᠢᠯ ᠡᠯ᠎ᠠ ᠭᠠᠵᠠᠷ ᠲᠣᠰ ᠠᠷᠭ᠎ᠠ ᠶᠢ ᠦᠨᠳᠦᠰᠦᠯᠡᠨ᠂ ᠲᠤᠬᠠᠢ ᠶᠢᠨ ᠭᠠᠵᠠᠷ ᠤᠨ ᠪᠤᠳᠠᠳᠤ ᠪᠠᠶᠢᠳᠠᠯ ᠲᠠᠢ ᠤᠶᠠᠯᠳᠤᠭᠤᠯᠵᠤ᠂ ᠬᠢᠳᠠᠳ ᠢᠶᠠᠷ ᠬᠢᠴᠢᠶᠡᠯᠯᠡᠵᠤ ᠪᠠᠶᠢᠭ᠎ᠠ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠤᠯᠭ᠎ᠠ ᠶᠢᠨ ᠳᠡᠳᠬᠦᠮᠵᠢ ᠶᠢᠨ ᠨᠠᠷᠢᠨ ᠲᠦᠷᠢᠮ ᠢ ᠳᠤᠭᠳᠠᠭᠠᠵᠤ ᠪᠤᠯᠤᠨ᠎ᠠ᠃  
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号