ᠤᠷᠤᠨ ᠨᠤᠲᠤᠭ ᠤᠨ ᠨᠠᠷᠡᠲᠤ ᠲᠡᠮᠳᠡᠭ ᠢᠶᠠᠨ ᠬᠠᠮᠠᠭᠠᠯᠠᠵᠤ ᠬᠠᠭᠤᠷᠮᠠᠭᠯᠠᠨ ᠪᠤᠷᠤᠯᠠᠭᠤᠯᠬᠤ ᠠᠵᠢᠯᠯᠠᠭ᠎ᠠ ᠳᠤ ᠴᠤᠬᠢᠯᠲᠠ ᠥᠭᠴᠦ — — ᠰᠢᠯᠢ ᠶᠢᠨ ᠭᠤᠤᠯ ᠤᠨ ᠬᠤᠨᠢᠨ ᠮᠢᠬᠠᠨ ᠤ ᠲᠤᠤᠷ ᠰᠦᠯᠵᠢᠶᠡᠨ ᠤ ᠪᠤᠷᠤᠯᠠᠭᠤᠯᠭ᠎ᠠ 50% ᠪᠠᠷ ᠨᠠᠮᠡᠭᠳᠡᠪᠠ
ᠨᠡᠶᠢᠲᠡᠯᠡᠭᠰᠡᠨ ᠴᠠᠭ᠄
2016/12/20
      ᠮᠠᠨ ᠤ ᠠᠶᠢᠮᠠᠭ ᠡᠯᠧᠺᠳ᠋ᠷᠤᠨ ᠬᠤᠳᠠᠯᠳᠤᠭᠠᠨ ᠤ ᠲᠠᠪᠴᠠᠩ ᠬᠢᠭᠡᠳ ᠲᠤᠤᠷ ᠰᠦᠯᠵᠢᠶᠠᠨ ᠤ ᠵᠠᠬ᠎ᠠ ᠲᠡᠯᠭᠡᠭᠦᠷ ᠲᠤ ᠬᠢᠨᠠᠯᠳᠠ ᠲᠠᠯᠪᠢᠵᠦ ᠪᠠᠶᠢᠴᠠᠭᠠᠬᠤ ᠪᠠᠨ ᠴᠢᠩᠭᠠᠳᠬᠠᠵᠦ᠂ ᠰᠢᠯᠢ ᠶᠢᠨ ᠭᠤᠤᠯ ᠤᠨ ᠬᠤᠨᠢᠨ ᠮᠢᠬᠠᠨ ᠤ ᠨᠠᠷ᠎ᠡ ᠶᠢ ᠠᠰᠢᠭᠯᠠᠨ ᠪᠤᠰᠤᠳ ᠭᠠᠵᠠᠷ ᠤᠨ ᠬᠤᠨᠢᠨ ᠮᠢᠬ᠎ᠠ ᠶᠢ ᠪᠤᠷᠤᠯᠠᠭᠤᠯᠵᠦ ᠪᠠᠶᠢᠭ᠎ᠠ ᠰᠦᠯᠵᠢᠶᠡᠨ ᠲᠡᠯᠭᠡᠭᠦᠷ ᠤᠨ ᠬᠠᠤᠯᠢ ᠪᠤᠰᠤ ᠠᠵᠢᠯᠯᠠᠭ᠎ᠠ ᠳᠤ ᠴᠤᠬᠢᠯᠳᠠ ᠦᠭᠴᠦ ᠴᠢᠩᠭ᠎ᠠ ᠴᠡᠭᠴᠡᠯᠡᠨ ᠵᠠᠰᠠᠬᠰᠠᠨ ᠢᠶᠠᠷ᠂ ᠵᠢᠩᠬᠢᠨᠢ ᠰᠢᠯᠢ ᠶᠢᠨ ᠭᠤᠤᠯ ᠤᠨ ᠬᠤᠨᠢᠨ ᠮᠢᠬᠠᠨ ᠤ ᠲᠤᠤᠷ ᠰᠦᠯᠵᠢᠶᠡᠨ ᠤ ᠪᠤᠷᠤᠯᠠᠭᠤᠯᠭ᠎ᠠ ᠨᠡᠶᠢᠳᠡᠮ ᠳᠡᠭᠡᠨ ᠨᠡᠮᠡᠭᠳᠡᠵᠦ᠂ ᠦᠷᠭᠡᠨ ᠤᠯᠠᠨ ᠮᠠᠯᠴᠢᠨ ᠪᠤᠯᠤᠨ ᠤᠯᠠᠭᠠᠨ ᠢᠳᠡᠭᠡᠨ ᠡᠳ᠋ᠰᠢᠭᠦᠯᠵᠦ ᠪᠤᠯᠪᠠᠰᠤᠷᠠᠭᠤᠯᠬᠤ ᠠᠵᠦ ᠠᠬᠤᠢᠢᠯᠠᠯ ᠤᠨ ᠠᠰᠢᠭ ᠲᠤᠰᠠ ᠬᠢᠭᠡᠳ ᠭᠠᠵᠠᠷ ᠤᠷᠤᠨ ᠤ ᠨᠡᠷᠡᠳᠦ ᠲᠡᠮᠳᠡᠭ ᠤᠨ ᠲᠦᠷᠢ ᠲᠦᠷᠭᠦ ᠶᠢ ᠪᠦᠳᠦᠮᠵᠢᠳᠠᠢ ᠬᠠᠮᠠᠭᠠᠯᠠᠵᠠᠢ᠃ ᠡᠨᠡ ᠵᠢᠯ ᠠᠶᠢᠮᠠᠭ ᠤᠨ ᠵᠠᠬᠢᠷᠭ᠎ᠠ᠂ ᠠᠶᠢᠮᠠᠭ ᠤᠨ ᠲᠠᠷᠢᠶᠠᠯᠠᠩ ᠮᠠᠯ ᠠᠵᠦ ᠠᠬᠤᠢ ᠶᠢᠨ ᠲᠤᠪᠴᠢᠶ᠎ᠠ ᠬᠠᠨᠭ᠍ᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠴᠤᠤᠷᠢᠶᠠᠳᠤᠨ ᠲᠠᠭᠠᠵᠦ᠂ ᠬᠤᠨᠢᠨ ᠮᠢᠬᠠᠨ ᠤ ᠦᠨ᠎ᠠ ᠬᠠᠨᠭ᠍ᠰᠢ ᠪᠠᠭᠤᠷᠠᠭᠰᠠᠨ ᠪᠤᠳᠠᠳᠤ ᠪᠠᠶᠢᠳᠠᠯ ᠳᠤᠤᠷ᠎ᠡ ᠭᠠᠴᠢᠭᠳᠠᠯ ᠢ ᠲᠤᠭᠤᠯᠵᠦ ᠭᠠᠷᠬᠤ ᠪᠠᠷ ᠱᠠᠩᠬᠠᠢ ᠬᠤᠳᠠ ᠶᠢᠨ ᠵᠢᠦ ᠵᠢᠩ ᠰᠤᠷᠠᠭ ᠴᠢᠮᠡᠭᠡ ᠮᠡᠷᠭᠡᠵᠢᠯ ᠤᠨ ᠬᠢᠵᠠᠭᠠᠷᠳᠦ ᠺᠤᠮᠫᠠᠨᠢ ᠶᠢᠨ ᠪᠠᠶᠢᠭᠤᠯᠤᠭᠰᠠᠨ ᠰᠢᠯᠢ ᠶᠢᠨ ᠭᠤᠤᠯ ᠤᠨ ᠲᠠᠯ᠎ᠠ ᠨᠤᠳᠤᠭ ᠤᠨ ᠪᠠᠶᠢᠭᠠᠯᠢᠯᠢᠭ ᠬᠤᠨᠢᠨ ᠮᠢᠬ᠎ᠠ ᠶᠢ ᠰᠢᠭᠤᠳ ᠪᠤᠷᠤᠯᠠᠭᠤᠯᠬᠤ ᠲᠠᠪᠴᠠᠩ ︽ᠰᠢ ᠰᠢᠶᠠᠨ ᠱᠸᠡᠭ︾ ᠡᠯᠧᠺᠳ᠋ᠷᠤᠨ ᠬᠤᠳᠠᠯᠳᠤᠭᠠᠨ ᠤ ᠲᠠᠪᠴᠠᠩ ᠲᠠᠢ ᠬᠠᠷᠢᠴᠠᠭ᠎ᠠ ᠪᠠᠶᠢᠭᠤᠯᠵᠦ᠂ ᠲᠤᠰ ᠲᠠᠪᠴᠠᠩ ᠢᠶᠠᠷ ᠲᠠᠮᠵᠢᠨ ᠭᠡᠷᠡᠭᠯᠡᠭᠴᠢᠳ ᠲᠤ ᠪᠠᠶᠢᠭᠠᠯᠢᠯᠢᠭ᠂ ᠪᠤᠬᠢᠷᠳᠦᠯ ᠦᠭᠡᠢ ᠬᠤᠨᠢᠨ ᠮᠢᠬ᠎ᠠ ᠰᠢᠭᠤᠳ ᠬᠠᠨᠭ᠍ᠭᠠᠳᠠᠭ ᠪᠤᠯᠵᠠᠢ᠃ ᠰᠢ ᠰᠢᠶᠠᠨ ᠱᠸᠡᠭ ᠡᠯᠧᠺᠳ᠋ᠷᠦᠨ ᠬᠤᠳᠠᠯᠳᠤᠭᠠᠨ ᠤ ᠬᠢᠵᠠᠭᠠᠷᠳᠦ ᠺᠤᠮᠫᠠᠨᠢ ᠪᠠᠶᠢᠴᠠᠭᠠᠨ ᠪᠦᠷᠢᠳᠭᠡᠭᠦ ᠲᠤᠮᠳᠠ᠂ ᠱᠠᠩᠬᠠᠢ᠂ ᠵᠢᠶᠠᠩᠰᠦ᠂ ᠵᠧᠵᠢᠶᠠᠩ ᠵᠡᠷᠭᠡ ᠭᠠᠵᠠᠷ ᠤᠷᠤᠨ ᠤ ᠨᠡᠯᠢᠶᠡᠳ ᠭᠡᠳᠦᠨ ᠠᠵᠦ ᠠᠬᠤᠢᠢᠯᠠᠯ ᠲᠤᠤ ᠪᠤᠤ ᠰᠦᠯᠵᠢᠶᠠᠨ ᠲᠡᠭᠡᠷ᠎ᠠ ᠰᠢᠯᠢ ᠶᠢᠨ ᠭᠤᠤᠯ ᠤᠨ ᠬᠤᠨᠢᠨ ᠮᠢᠬ᠎ᠠ ᠭᠡᠰᠡᠨ ᠨᠡᠷ᠎ᠡ ᠪᠠᠷ ᠪᠤᠰᠤᠳ ᠭᠠᠵᠠᠷ ᠤᠷᠤᠨ ᠤ ᠬᠤᠨᠢᠨ ᠮᠢᠬ᠎ᠠ ᠶᠢ ᠪᠤᠷᠤᠯᠠᠭᠤᠯᠵᠦ ᠪᠠᠶᠢᠬᠤ ᠦᠵᠡᠭᠳᠡᠯ ᠢ ᠢᠯᠡᠷᠡᠬᠦᠯᠪᠡ᠃ ᠡᠭᠦᠨ ᠤ ᠲᠤᠬᠠᠢ ᠲᠤᠰ ᠺᠤᠮᠫᠠᠨᠢ ᠶᠢᠨ ᠬᠠᠷᠢᠭᠤᠴᠠᠯᠭᠠᠳᠠᠨ᠄ ︽ᠺᠤᠮᠫᠠᠨᠢ ᠪᠠᠶᠢᠭᠤᠯᠤᠭᠳᠠᠭᠰᠠᠨ ᠠᠴᠠ ᠨᠠᠰᠢ ᠪᠢᠳᠡ ᠰᠢᠯᠢ ᠶᠢᠨ ᠭᠤᠤᠯ ᠤᠨ ᠬᠤᠨᠢᠨ ᠮᠢᠬᠠᠨ ᠤ ᠪᠤᠷᠤᠯᠠᠭᠤᠯᠭ᠎ᠠ ᠵᠢᠴᠢ ᠭᠡᠷᠡᠭᠯᠡᠭᠴᠢᠳ ᠤᠨ ᠰᠠᠨᠠᠯ ᠲᠤᠰᠬᠠᠯ ᠢ ᠠᠩᠬᠠᠷᠤᠭᠰᠠᠭᠠᠷ ᠢᠷᠡᠭᠰᠡᠨ ᠶᠤᠮ᠃ 10 ᠳ᠋ᠤᠭᠠᠷ ᠰᠠᠷ᠎ᠠ ᠶᠢᠨ ᠡᠬᠢ ᠪᠠᠷ ᠪᠢᠳᠡ ᠲᠤᠤ ᠪᠤᠤ ᠰᠦᠯᠵᠢᠶᠡᠨ ᠲᠡᠭᠡᠷ᠎ᠠ ᠨᠢᠭᠡ ᠪᠦᠯᠦᠭ ᠲᠡᠯᠭᠡᠭᠦᠷ ᠪᠤᠰᠤᠳ ᠭᠠᠵᠠᠷ ᠤᠨ ᠬᠤᠨᠢᠨ ᠮᠢᠬᠠᠨ ᠲᠡᠭᠡᠷ᠎ᠠ ᠰᠢᠯᠢ ᠶᠢᠨ ᠭᠤᠤᠯ ᠤᠨ ᠬᠤᠨᠢᠨ ᠮᠢᠬ᠎ᠠ ᠭᠡᠰᠡᠨ ᠲᠡᠮᠳᠡᠭ ᠬᠠᠳᠠᠴᠢᠬᠠᠭᠠᠳ ᠬᠠᠭᠤᠷᠮᠠᠭᠯᠠᠨ ᠪᠤᠷᠤᠯᠠᠭᠤᠯᠵᠦ ᠪᠠᠶᠢᠭᠰᠠᠨ ᠢ ᠮᠡᠳᠡᠭᠡᠳ ᠬᠠᠮᠢᠶ᠎ᠠ ᠪᠦᠭᠦᠢ ᠰᠠᠯᠠᠭ᠎ᠠ ᠮᠦᠴᠢᠷ ᠲᠤ ᠮᠡᠳᠡᠭᠦᠯᠦᠯ᠎ᠠ︾ ᠭᠡᠵᠦ ᠰᠤᠷᠪᠤᠯᠵᠢᠯᠠᠭᠴᠢ ᠳᠤ ᠶᠠᠷᠢᠨ᠎ᠠ᠃ ᠮᠠᠨ ᠤ ᠠᠶᠢᠮᠠᠭ ᠪᠤᠯ ᠪᠦᠭᠦ ᠤᠯᠤᠰ ᠤᠨ ᠬᠤᠨᠢᠨ ᠮᠢᠬ᠎ᠠ ᠦᠢᠯᠡᠳᠪᠦᠷᠢᠯᠡᠭᠦ ᠴᠢᠬᠤᠯᠠ ᠰᠠᠭᠤᠷᠢᠨ ᠭᠠᠵᠠᠷ ᠪᠠᠶᠢᠵᠦ᠂ 2015 ᠤᠨ ᠤ 12 ᠳ᠋ᠤᠭᠠᠷ ᠰᠠᠷ᠎ᠠ ᠳᠤ ᠤᠯᠤᠰ ᠤᠨ ᠦᠢᠯᠡᠳᠪᠦᠷᠢ ᠬᠤᠳᠠᠯᠳᠤᠭᠠᠨ ᠤ ᠶᠡᠷᠦᠩᠭᠡᠢ ᠲᠤᠪᠴᠢᠶ᠎ᠠ ᠶᠢᠨ ᠲᠠᠸᠠᠷ ᠤᠨ ᠲᠠᠮᠳᠡᠭ ᠤᠨ ᠲᠤᠪᠴᠢᠶ᠎ᠠ ᠠᠴᠠ ︽ᠰᠢᠯᠢ ᠶᠢᠨ ᠭᠤᠤᠯ ᠤᠨ ᠬᠤᠨᠢᠨ ᠮᠢᠬ᠎ᠠ︾ ᠶᠢ ᠵᠢᠩᠭᠢᠨᠢ ᠪᠠᠷ ᠭᠠᠵᠠᠷ ᠵᠦᠢ ᠶᠢᠨ ᠢᠯᠡᠳᠭᠡᠮᠵᠢᠳᠦ ᠨᠡᠷᠡᠳᠦ ᠲᠠᠸᠠᠷ ᠤᠨ ᠲᠠᠮᠳᠡᠭ ᠢᠶᠠᠷ ᠵᠦᠪᠰᠢᠶᠡᠷᠡᠭᠰᠡᠨ ᠶᠤᠮ᠃ ᠤᠯᠤᠰ ᠤᠨ ᠲᠤᠳᠤᠭᠠᠳᠦ ᠶᠢᠨ ᠭᠡᠰᠡᠭ ᠠᠵᠦ ᠠᠬᠤᠢᠢᠯᠠᠯ ᠪᠤᠯᠤᠨ ᠬᠤᠪᠢ ᠭᠦᠮᠦᠨ ︽ᠰᠢᠯᠢ ᠶᠢᠨ ᠭᠤᠤᠯ ᠤᠨ ᠬᠤᠨᠢᠨ ᠮᠢᠬ᠎ᠠ︾ ᠶᠢᠨ ᠤᠯᠤᠰ ᠤᠨ ᠲᠤᠳᠤᠭᠠᠳᠦ ᠭᠠᠳᠠᠭᠠᠳᠦ ᠶᠢᠨ ᠵᠠᠬ᠎ᠠ ᠲᠡᠯᠭᠡᠭᠦᠷ ᠲᠠᠬᠢ ᠨᠡᠷ᠎ᠠ ᠠᠯᠳᠠᠷᠰᠢᠯ ᠪᠤᠯᠤᠨ ᠠᠷᠠᠯᠵᠢᠶᠠᠨ ᠤ ᠠᠵᠠ ᠲᠤᠬᠢᠶᠠᠯ ᠢ ᠠᠰᠢᠭᠯᠠᠨ ᠪᠤᠰᠤᠳ ᠭᠠᠵᠠᠷ ᠤᠨ ᠬᠤᠨᠢᠨ ᠮᠢᠬ᠎ᠠ ᠪᠠᠷ ᠰᠢᠯᠢ ᠶᠢᠨ ᠭᠤᠤᠯ ᠤᠨ ᠬᠤᠨᠢᠨ ᠮᠢᠬ᠎ᠠ ᠶᠢ ᠤᠷᠤᠯᠠᠭᠤᠯᠵᠦ ᠬᠠᠭᠤᠷᠮᠠᠭᠯᠠᠨ ᠪᠤᠷᠤᠯᠠᠭᠤᠯᠤᠭᠰᠠᠨ ᠨᠢ ︽ᠰᠢᠯᠢ ᠶᠢᠨ ᠭᠤᠤᠯ ᠤᠨ ᠬᠤᠨᠢᠨ ᠮᠢᠬ᠎ᠠ ︾ ᠶᠢᠨ ᠭᠠᠵᠠᠷ ᠤᠷᠤᠨ ᠤ ᠢᠯᠡᠳᠬᠡᠮᠵᠢᠳᠦ ᠨᠡᠷᠡᠳᠦ ᠲᠠᠸᠠᠷ ᠤᠨ ᠲᠡᠮᠳᠡᠭ ᠤᠨ ᠦᠨ᠎ᠠ ᠦᠷᠳᠡᠭ ᠢ ᠭᠦᠨᠳᠦ ᠨᠤᠴᠢᠳᠠᠢ ᠪᠠᠭᠤᠷᠠᠭᠤᠯᠤᠭᠰᠠᠨ ᠪᠦᠭᠡᠳ ᠰᠢᠯᠢ ᠶᠢᠨ ᠭᠤᠤᠯ ᠤᠨ ᠬᠤᠨᠢᠨ ᠮᠢᠬᠠᠨ ᠤ ᠨᠡᠷ᠎ᠠ ᠭᠦᠨᠳᠦ ᠶᠢ ᠨᠦᠯᠦᠭᠡᠯᠡᠵᠦ᠂ ᠰᠢᠯᠢ ᠶᠢᠨ ᠭᠤᠤᠯ ᠤᠨ ᠬᠤᠨᠢᠨ ᠮᠢᠬᠠᠨ ᠤ ᠵᠠᠬ᠎ᠠ ᠲᠡᠯᠭᠡᠭᠦᠷ ᠤᠨ ᠦᠷᠢᠰᠦᠯᠳᠦᠭᠡᠨ ᠲᠤᠮᠳᠠᠭᠢ ᠶᠠᠰᠦ ᠴᠢᠨᠠᠷ᠂ ᠦᠨ᠎ᠠ ᠬᠠᠨᠭ᠍ᠰᠢ ᠶᠢᠨ ᠲᠠᠪᠠᠭᠤᠯᠢᠭ ᠢ ᠰᠢᠭᠤᠳ ᠪᠤᠶᠤ ᠲᠠᠮ ᠢᠶᠠᠷ ᠨᠦᠯᠦᠭᠡᠯᠡᠪᠡ᠃ ᠡᠨᠡᠭᠦ ᠪᠠᠶᠢᠳᠠᠯ ᠳᠤ᠂ ᠠᠶᠢᠮᠠᠭ ᠤᠨ ᠦᠢᠯᠡᠳᠪᠦᠷᠢ ᠬᠤᠳᠠᠯᠳᠤᠭᠠᠨ ᠤ ᠬᠠᠮᠢᠶᠠᠷᠤᠯᠳᠠ ᠶᠢᠨ ᠲᠤᠪᠴᠢᠶ᠎ᠠ ᠲᠡᠭᠡᠳᠦ ᠭᠡᠮᠵᠢᠶ᠎ᠠ ᠪᠠᠷ ᠴᠢᠬᠤᠯᠠᠴᠢᠯᠠᠵᠦ᠂ ᠬᠠᠮᠢᠶ᠎ᠠ ᠪᠦᠭᠦᠢ ᠮᠠᠲ᠋ᠧᠷᠢᠶᠠᠯ ᠢ ᠨᠠᠷᠢᠨ ᠬᠢᠨᠠᠮᠠᠭᠠᠢ ᠵᠠᠳᠠᠯᠵᠦ᠂ ᠭᠡᠷᠡᠭ ᠤᠴᠢᠷ ᠦᠨᠡᠨ ᠪᠤᠳᠠᠳᠠᠢ ᠭᠡᠳᠡᠭ ᠢ ᠨᠤᠳᠠᠯᠠᠭᠰᠠᠨ ᠤ ᠲᠠᠷᠠᠭ᠎ᠠ᠂ ᠤᠯᠠᠨ ᠵᠦᠢᠯ ᠤᠨ ᠠᠷᠭ᠎ᠠ ᠭᠡᠮᠵᠢᠶ᠎ᠠ ᠠᠪᠴᠦ᠂ ᠬᠠᠭᠤᠷᠮᠠᠭ ᠪᠦᠳᠦᠭᠡᠭᠳᠡᠬᠦᠨ ᠪᠤᠷᠤᠯᠠᠭᠤᠯᠵᠦ ᠪᠠᠶᠢᠭ᠎ᠠ ᠠᠵᠢᠯᠯᠠᠭ᠎ᠠ ᠳᠤ ᠴᠤᠬᠢᠯᠳᠠ ᠦᠭᠭᠦᠭᠰᠡᠨ ᠤ ᠬᠠᠮᠳᠦ ᠬᠤᠷᠢᠬᠯᠠᠵᠠᠢ᠃ ᠲᠤᠰ ᠲᠤᠪᠴᠢᠶ᠎ᠠ ᠶᠢᠨ ᠲᠤᠤᠷ ᠰᠦᠯᠵᠢᠶᠡᠨ ᠤ ᠬᠢᠨᠠᠯᠳᠠ ᠲᠠᠯᠪᠢᠬᠤ ᠰᠠᠯᠠᠭᠠᠨ ᠤ ᠲᠠᠷᠤᠭ᠎ᠠ ᠯᠢ ᠴᠢᠦᠸᠠᠨ ᠰᠦᠸᠧ ᠰᠤᠷᠪᠤᠯᠵᠢᠯᠠᠭᠴᠢ ᠳᠤ᠄ ︽ᠮᠠᠨ ᠤ ᠰᠠᠯᠠᠭ᠎ᠠ ᠭᠤᠤᠯᠳᠠᠭᠤ ᠡᠯᠧᠺᠳ᠋ᠷᠦᠨ ᠬᠤᠳᠠᠯᠳᠤᠭᠠᠨ ᠤ ᠲᠠᠪᠴᠠᠩ ᠪᠤᠯᠤᠨ ᠲᠤᠤᠷ ᠰᠦᠯᠵᠢᠶᠡᠨ ᠤ ᠵᠠᠬ᠎ᠠ ᠲᠡᠯᠭᠡᠭᠦᠷ ᠲᠤ ᠬᠢᠨᠠᠯᠳᠠ ᠲᠠᠯᠪᠢᠬᠤ ᠪᠠ ᠬᠠᠮᠢᠶᠠᠷᠴᠦ ᠪᠤᠢ᠂ ᠰᠢᠯᠢ ᠶᠢᠨ ᠭᠤᠤᠯ ᠤᠨ ᠨᠡᠷᠡᠳᠤ ᠳᠡᠮᠳᠡᠭ ᠢ ᠬᠠᠤᠯᠢ ᠪᠤᠰᠤ ᠪᠠᠷ ᠠᠰᠢᠭᠯᠠᠨ ᠤᠯᠵᠠ ᠠᠰᠢᠭ ᠬᠦᠬᠡᠬᠡᠴᠡᠯᠳᠦᠭᠰᠡᠨ ᠠᠵᠢᠯᠯᠠᠭ᠎ᠠ ᠨᠢ ᠮᠠᠨ ᠤ ᠮᠠᠯᠴᠢᠨ ᠲᠦᠮᠡᠨ ᠤ ᠠᠰᠢᠭ ᠲᠤᠰᠠ ᠳᠤ ᠬᠤᠯᠪᠤᠭᠳᠠᠬᠤ ᠤᠴᠢᠷ ᠠᠴᠠ ᠪᠢᠳᠡ ᠦᠪᠡᠷᠳᠡᠭᠡᠨ ᠵᠠᠰᠠᠬᠤ ᠤᠷᠤᠨ ᠤ ᠦᠢᠯᠡᠳᠪᠦᠷᠢ ᠬᠤᠳᠠᠯᠳᠤᠭᠠᠨ ᠤ ᠲᠤᠪᠴᠢᠶ᠎ᠠ᠂ ᠬᠠᠭᠤᠷᠮᠠᠭᠯᠠᠨ ᠦᠢᠯᠡᠳᠪᠦᠷᠢᠯᠡᠵᠦ ᠪᠠᠶᠢᠭ᠎ᠠ ᠠᠵᠦ ᠠᠬᠤᠢᠢᠯᠠᠯ ᠤᠨ ᠬᠠᠷᠢᠶᠠᠯᠠᠬᠳᠠᠬᠤ ᠤᠷᠤᠨ ᠤ ᠦᠢᠯᠡᠳᠪᠦᠷᠢ ᠬᠤᠳᠠᠯᠳᠤᠭᠠᠨ ᠤ ᠲᠤᠪᠴᠢᠶ᠎ᠠ᠂ ᠲᠤᠤ ᠪᠤᠤ ᠰᠦᠯᠵᠢᠶ᠎ᠠ ᠵᠡᠷᠭᠡ ᠬᠤᠯᠪᠤᠭᠳᠠᠯ ᠪᠦᠬᠦᠢ ᠳᠠᠯ᠎ᠡ ᠳᠤ ᠪᠠᠶᠢᠳᠠᠯ ᠢ ᠲᠤᠰᠬᠠᠵᠦ᠂ ᠲᠤᠰ ᠠᠵᠢᠯᠯᠠᠭ᠎ᠠ ᠶᠢ ᠪᠦᠳᠦᠮᠵᠢᠳᠠᠢ ᠬᠤᠷᠢᠬᠯᠠᠪᠠ᠃ ᠤᠳᠤᠬᠠᠨ᠂ ᠰᠢᠯᠢ ᠶᠢᠨ ᠭᠤᠤᠯ ᠤᠨ ᠬᠤᠨᠢᠨ ᠮᠢᠬ᠎ᠠ ᠭᠡᠵᠦ ᠬᠠᠭᠤᠷᠮᠠᠭᠯᠠᠨ ᠪᠤᠷᠤᠯᠠᠭᠤᠯᠵᠦ ᠪᠠᠶᠢᠭ᠎ᠠ ᠠᠵᠦ ᠠᠬᠤᠢᠢᠯᠠᠯ ᠤᠳ ᠰᠦᠯᠵᠢᠶᠡᠨ ᠤ ᠤᠬᠠᠭᠤᠯᠭ᠎ᠠ ᠲᠡᠭᠡᠷ᠎ᠠ ᠪᠠᠨ ᠰᠢᠯᠢ ᠶᠢᠨ ᠭᠤᠤᠯ ᠤᠨ ᠬᠤᠨᠢᠨ ᠮᠢᠬ᠎ᠠ ᠭᠡᠵᠦ ᠲᠤᠳᠤᠷᠬᠠᠢᠢᠯᠠᠬᠤ ᠪᠠᠨ ᠪᠤᠯᠢᠭᠰᠠᠨ ᠶᠤᠮ︾ ᠭᠡᠵᠦ ᠶᠠᠷᠢᠪᠠ᠃ ᠤᠢᠢᠯᠠᠭᠠᠭᠰᠠᠨ ᠢᠶᠠᠷ᠂ ᠪᠠᠶᠢᠴᠠᠭᠠᠨ ᠴᠡᠭᠴᠡᠯᠡᠯᠳᠡ ᠪᠠᠷ ᠲᠠᠮᠵᠢᠨ ᠰᠢᠯᠢ ᠶᠢᠨ ᠭᠤᠤᠯ ᠤᠨ ᠬᠤᠨᠢᠨ ᠮᠢᠬ᠎ᠠ ᠭᠡᠰᠡᠨ ᠨᠡᠷ᠎ᠠ ᠪᠠᠷ ᠪᠤᠰᠤᠳ ᠭᠠᠵᠠᠷ ᠤᠷᠤᠨ ᠤ ᠬᠤᠨᠢᠨ ᠮᠢᠬ᠎ᠠ ᠶᠢ ᠪᠤᠷᠤᠯᠠᠭᠤᠯᠵᠦ ᠪᠠᠶᠢᠭᠰᠠᠨ 4 ᠲᠤᠯᠤᠭᠠᠢᠢᠯᠠᠭᠴᠢ ᠲᠡᠯᠭᠡᠭᠦᠷ ᠤᠨ ᠪᠤᠷᠤᠯᠠᠭᠤᠯᠭ᠎ᠠ ᠮᠡᠳᠡᠭᠳᠡᠮ᠎ᠠ ᠲᠤᠷᠤᠭᠰᠢᠯᠠᠪᠠ᠃ ︽ᠲᠤᠤ ᠪᠤᠤ ᠰᠦᠯᠵᠢᠶᠡᠨ ᠲᠡᠭᠡᠷᠡᠭᠢ ᠰᠢᠯᠢ ᠶᠢᠨ ᠭᠤᠤᠯ ᠠᠶᠢᠮᠠᠭ ᠤᠨ ᠭᠡᠳᠦᠨ ᠠᠵᠦ ᠠᠬᠤᠢᠢᠯᠠᠯ ᠤᠨ ᠬᠠᠷᠢᠭᠤ ᠲᠤᠰᠬᠠᠭᠰᠠᠨ ᠢᠶᠠᠷ᠂ ᠲᠡᠳᠡᠨ ᠤ ᠪᠤᠷᠤᠯᠠᠭᠤᠯᠭ᠎ᠠ ᠨᠡᠶᠢᠳᠡᠮ ᠳᠡᠭᠡᠨ 50% ᠠᠴᠠ ᠲᠡᠭᠡᠭᠰᠢ ᠨᠡᠮᠡᠭᠳᠡᠵᠦ᠂ ᠭᠡᠷᠡᠭᠯᠡᠭᠴᠢᠳ ᠤᠨ ᠲᠤᠭ᠎ᠠ 30% ᠠᠴᠠ ᠲᠡᠭᠡᠭᠰᠢ ᠨᠡᠮᠡᠭᠳᠡᠵᠠᠢ︾ ᠭᠡᠵᠦ ᠰᠢ ᠰᠢᠶᠠᠨ ᠱᠸᠡᠭ ᠡᠯᠧᠺᠳ᠋ᠷᠦᠨ ᠬᠤᠳᠠᠯᠳᠤᠭᠠᠨ ᠤ ᠬᠢᠵᠠᠭᠠᠷᠳᠦ ᠺᠤᠮᠫᠠᠨᠢ ᠶᠢᠨ ᠬᠠᠷᠢᠭᠤᠴᠠᠯᠭᠠᠳᠠᠨ ᠰᠤᠷᠪᠤᠯᠵᠢᠯᠠᠭᠴᠢ ᠳᠤ ᠰᠡᠳᠬᠢᠯ ᠬᠠᠨᠤᠮᠵᠢᠳᠠᠢ ᠶᠠᠷᠢᠨ᠎ᠠ᠃
 
ᠢᠷᠡᠯᠲᠡ᠄ ᠠᠶᠢᠮᠠᠭ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号