| | ᠰᠢᠯᠢ ᠶᠢᠨ ᠬᠤᠳᠠ ᠶᠢᠨ ᠮᠤᠩᠭᠤᠯ ᠦᠨᠳᠦᠰᠦᠳᠡᠨ ᠤ ᠬᠤᠶᠠᠳᠤᠭᠠᠷ ᠪᠠᠭ᠎ᠠ ᠰᠤᠷᠭᠠᠭᠤᠯᠢ ᠨᠢ ᠮᠣᠷᠢᠨ ᠤ | ᠨᠢᠷᠣᠭᠤᠨ ᠳᠡᠭᠡᠷᠡᠬᠢ ᠰᠣᠷᠭᠠᠭᠤᠯᠢ ᠠᠴᠠ ᠰᠠᠭᠤᠷᠢᠰᠢᠨ ᠳᠣᠭᠲᠠᠨᠢᠵᠤ ᠯᠠᠪᠳᠠᠭᠤᠨ ᠢᠶᠠᠷ ᠬᠥᠭᠵᠢᠭᠰᠡᠨ ᠶᠤᠮ᠃ | ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠭᠤᠷᠪᠠᠳᠣᠭᠠᠷ ᠪᠥᠭᠦᠳᠡ ᠬᠤᠷᠠᠯᠳᠣᠭᠠᠨ ᠤ ᠱᠣᠭᠤᠮ᠂ ᠴᠢᠭᠯᠡᠯᠲᠡ᠂ | ᠲᠦᠷᠥ ᠶᠢᠨ ᠪᠣᠳᠣᠯᠭ᠎ᠠ ᠶᠢᠨ ᠵᠥᠪ ᠣᠨᠣᠪᠴᠢᠲᠠᠢ ᠵᠢᠯᠣᠭᠤᠳᠣᠯᠭ᠎ᠠ ᠨᠢ ᠬᠢᠯᠢ ᠬᠢᠵᠠᠭᠠᠷ ᠣᠷᠣᠨ ᠤ ᠦᠡᠳᠦᠰᠦᠲᠡᠨ ᠤ | ᠰᠣᠶᠣᠯ ᠰᠣᠷᠭᠠᠨ ᠬᠥᠮᠥᠵᠢᠯ ᠤᠨ ᠦᠢᠯᠡᠰ ᠤᠨ ᠬᠥᠭᠵᠢᠯ ᠴᠡᠴᠡᠭᠯᠡᠯ ᠳᠤ ᠴᠠᠭ ᠦᠶ᠎ᠡ ᠶᠢ ᠵᠠᠭᠠᠭᠯᠠᠭᠰᠠᠨ ᠰᠢᠨ᠎ᠡ | ᠬᠠᠭᠤᠳᠠᠰᠦ ᠶᠢ ᠨᠡᠭᠡᠭᠡᠭᠰᠡᠨ ᠪᠠᠶᠢᠨ᠎ᠠ᠃ ᠦᠡᠳᠦᠰᠦᠲᠡᠨ ᠤ ᠰᠣᠷᠭᠠᠨ ᠬᠥᠮᠥᠵᠢᠯ ᠢ ︽ᠣᠷᠢᠳᠠᠪᠠᠷ ᠭᠤᠤᠯᠳᠠᠯᠭ᠎ᠠ ᠲᠠᠢ | ︾ ᠬᠦᠭᠵᠢᠭᠦᠯᠬᠦ ᠲᠥᠷᠥ ᠶᠢᠨ ᠪᠣᠳᠣᠯᠭ᠎ᠠ ᠶᠢᠨ ᠲᠣᠶᠠᠭᠠᠯᠠᠯ ᠳᠣᠣᠷ᠎ᠠ᠂ ᠮᠣᠩᠭᠤᠯ ᠳᠣᠮᠳᠠᠳᠦ ᠪᠠᠭ᠎ᠠ | ᠰᠣᠷᠭᠠᠭᠤᠯᠢ ᠨᠤᠭᠤᠳ ᠢ ᠬᠤᠶᠢᠨ᠎ᠠ ᠬᠤᠶᠢᠨ᠎ᠠ ᠠᠴᠠ ᠨᠢ ᠰᠢᠨᠡᠳᠭᠡᠨ ᠵᠠᠰᠠᠭᠰᠠᠨ ᠪᠥᠭᠡᠳ ᠰᠢᠨ᠎ᠡ ᠪᠠᠷ ᠪᠠᠶᠢᠭᠤᠯᠵᠤ᠂ | ᠦᠡᠳᠦᠰᠦᠲᠡᠨ ᠤ ᠰᠣᠶᠣᠯ ᠭᠡᠭᠡᠷᠡᠯ ᠤᠨ ᠰᠠᠷᠠᠭᠤᠯ ᠳᠠᠷᠳᠠᠩ ᠵᠠᠮ ᠢ ᠰᠢᠨᠳᠠᠷᠠᠰᠢ ᠦᠭᠡᠢ ᠨᠡᠭᠡᠭᠡᠵᠦ ᠡᠬᠢᠯᠡᠭᠰᠡᠨ | ᠪᠠᠶᠢᠨ᠎ᠠ᠃ ᠬᠡᠶᠢᠮᠦᠷᠢ ᠰᠡᠷᠭᠦᠭᠰᠡᠨ ᠡᠶᠢᠨᠬᠦ ᠰᠠᠶᠢᠬᠠᠨ ᠠᠵᠠ ᠳᠣᠬᠢᠶᠠᠯ ᠲᠠᠢ ᠴᠠᠭ ᠡᠷᠡᠨ ᠳᠤ ᠰᠢᠯᠢ ᠶᠢᠨ ᠬᠤᠲᠠ | ᠣᠷᠣᠨ ᠤ ᠵᠡᠭᠦᠨ ᠡᠮᠦᠨ᠎ᠡ ᠭᠡᠰᠡᠭ ᠢᠶᠠᠷ ᠰᠠᠭᠤᠷᠢᠰᠢᠨ ᠰᠠᠭᠤᠭ᠎ᠠ ᠮᠣᠩᠭᠤᠯᠴᠣᠳ ᠤᠨ ᠦᠷ᠎ᠡ ᠬᠡᠦᠬᠡᠳ ᠤᠨ | ᠰᠣᠷᠭᠠᠭᠤᠯᠢ ᠳᠤ ᠰᠠᠭᠤᠬᠤ ᠳᠤ ᠳᠥᠭᠦᠮ ᠦᠵᠡᠭᠦᠯᠬᠦ ᠶᠢᠨ ᠲᠣᠰᠠᠳᠠ ᠠᠶᠢᠮᠠᠭ ᠤᠨ ᠨᠠᠮ ᠤᠨ ᠬᠤᠷᠢᠶ᠎ᠠ᠂ | ᠠᠶᠢᠮᠠᠭ ᠤᠨ ᠵᠠᠬᠢᠷᠭ᠎ᠠ ᠪᠣᠯᠣᠨ ᠰᠣᠷᠭᠠᠨ ᠬᠥᠮᠥᠵᠢᠯ ᠤᠨ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠬᠦᠴᠦᠲᠠᠢ | ᠳᠡᠮᠵᠢᠯᠭᠡ ᠦᠵᠡᠭᠦᠯᠦᠭᠰᠡᠨ ᠢᠶᠠᠷ 1981 ᠣᠨ ᠤ 9 ᠰᠠᠷ᠎ᠠ ᠶᠢᠨ 16 ᠤ ᠡᠳᠦᠷ ︽ᠰᠢᠯᠢ ᠶᠢᠨ ᠭᠤᠣᠯ | ᠠᠶᠢᠮᠠᠭ ᠤᠨ ᠮᠣᠩᠭᠤᠯ ᠪᠠᠭᠰᠢ ᠶᠢᠨ ᠰᠣᠷᠭᠠᠭᠤᠯᠢ ᠶᠢᠨ ᠬᠠᠷᠢᠶᠠᠲᠦ ᠪᠠᠭ᠎ᠠ ᠰᠣᠷᠭᠠᠭᠤᠯᠢ︾ ᠮᠠᠨᠢ ᠠᠶᠢᠮᠠᠭ ᠤᠨ | ᠮᠣᠩᠭᠤᠯ ᠪᠠᠭᠰᠢ ᠶᠢᠨ ᠰᠣᠷᠭᠠᠭᠤᠯᠢ ᠶᠢᠨ ᠨᠢᠭᠡᠨ ᠪᠥᠷᠢᠯᠳᠦᠭᠦᠨ ᠤ ᠬᠤᠪᠢ ᠪᠠᠷ ᠪᠠᠶᠢᠭᠤᠯᠣᠭᠳᠠᠭᠰᠠᠨ ᠪᠠᠶᠢᠨ᠎ᠠ᠃ | ᠳᠣᠬᠠᠢ ᠶᠢᠨ ᠦᠶ᠎ᠡ ᠳᠤ ᠰᠣᠷᠭᠠᠭᠤᠯᠢ ᠨᠢ ᠭᠡᠷ ᠣᠷᠣᠨ ᠦᠭᠡᠢ᠂ ᠵᠢᠭᠠᠨ ᠰᠣᠷᠭᠠᠯᠲᠠ ᠶᠢᠨ ᠬᠠᠮᠢᠶᠠᠷᠣᠯᠲᠠ ᠶᠢᠨ | ᠪᠠᠶᠢᠭᠤᠯᠣᠮᠵᠢ ᠪᠥᠷᠢᠨ ᠦᠭᠡᠢ᠂ ᠰᠣᠷᠭᠠᠭᠤᠯᠢ ᠡᠷᠬᠢᠯᠡᠬᠦ ᠨᠥᠭᠦᠴᠡᠯ ᠠᠷᠭ᠎ᠠ ᠦᠭᠡᠢ ᠮᠠᠭᠤ ᠪᠠᠶᠢᠵᠦ᠂ ᠠᠶᠢᠮᠠᠭ ᠤᠨ | ᠪᠠᠭᠰᠢ ᠶᠢᠨ ᠰᠣᠷᠭᠠᠭᠤᠯᠢ ᠠᠴᠠ ᠨᠢᠭᠡ ᠠᠩᠭᠢ ᠶᠢᠨ ᠭᠡᠷ ᠪᠣᠯᠣᠨ ᠨᠢᠭᠡ ᠳᠠᠰᠣᠯᠭ᠎ᠠ ᠪᠠᠭᠰᠢ ᠶᠢᠨ ᠠᠯᠪᠠᠨ ᠭᠡᠷ ᠢ | ᠵᠢᠭᠡᠯᠡᠨ᠂ ᠨᠢᠭᠡ ᠵᠠᠬᠢᠷᠣᠯ᠂ ᠬᠤᠶᠠᠷ ᠪᠠᠭᠰᠢ᠂ ᠨᠢᠭᠡ ᠠᠰᠠᠷᠠᠭᠴᠢ᠂ ᠬᠤᠷᠢᠨ ᠭᠤᠷᠪᠠᠨ ᠰᠣᠷᠣᠭᠴᠢ᠂ ᠬᠡᠳᠦᠬᠡᠨ | ᠰᠢᠷᠡᠭᠡ ᠰᠠᠨᠳᠠᠯᠢ ᠲᠠᠢ ᠲᠤᠩ ᠳᠥᠭᠦᠮᠬᠡᠨ ᠣᠷᠴᠢᠨ ᠳᠤ ᠬᠢᠴᠢᠶᠡᠯ ᠢᠶᠠᠨ ᠡᠬᠢᠯᠡᠭᠦᠯᠵᠡᠢ᠃ 1984 ᠣᠨ ᠳᠤ | ᠰᠢᠯᠢ ᠶᠢᠨ ᠭᠤᠣᠯ ᠠᠶᠢᠮᠠᠭ ᠤᠨ ᠮᠣᠩᠭᠤᠯ ᠬᠢᠲᠠᠳ ᠬᠤᠶᠠᠷ ᠪᠠᠭᠰᠢ ᠶᠢᠨ ᠰᠣᠷᠭᠠᠭᠤᠯᠢ ᠶᠢᠨ ᠰᠣᠷᠣᠭᠴᠢᠳ ᠤᠨ | ᠳᠠᠳᠣᠯᠭ᠎ᠠ ᠪᠣᠯᠪᠠᠰᠣᠷᠠᠯ ᠳᠤ ᠵᠣᠬᠢᠴᠠᠭᠤᠯᠬᠤ ᠡᠭᠦᠳᠡᠨ ᠠᠴᠠ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠠᠴᠠ | ᠳᠣᠰᠬᠠᠢ ︹1984︺ 18 ᠳ᠋ᠣᠭᠠᠷ ᠲᠣᠭᠠᠲᠣ ᠪᠢᠴᠢᠭ ᠮᠠᠲ᠋ᠧᠷᠢᠶᠠᠯ ᠪᠠᠭᠤᠯᠭᠠᠵᠤ᠂ ᠰᠣᠷᠭᠠᠭᠤᠯᠢ ᠶᠢ ︽ | ᠰᠢᠯᠢ ᠶᠢᠨ ᠭᠤᠣᠯ ᠠᠶᠢᠮᠠᠭ ᠤᠨ ᠪᠠᠭᠰᠢ ᠶᠢᠨ ᠰᠣᠷᠭᠠᠭᠤᠯᠢ ᠶᠢᠨ ᠬᠠᠷᠢᠶᠠᠲᠣ ᠪᠠᠭ᠎ᠠ ᠰᠣᠷᠭᠠᠭᠤᠯᠢ︾ ᠭᠡᠵᠦ | ᠨᠡᠷᠡᠶᠢᠳᠬᠦ ᠶᠢᠨ ᠬᠠᠮᠲᠤ ᠰᠢᠯᠢ ᠶᠢᠨ ᠭᠤᠣᠯ ᠠᠶᠢᠮᠠᠭ ᠤᠨ ᠰᠣᠷᠭᠠᠨ ᠬᠥᠮᠥᠵᠢᠯ ᠤᠨ ᠭᠠᠵᠠᠷ ᠲᠤ ᠠᠵᠢᠯ ᠦᠢᠯᠡᠰ ᠤᠨ | ᠬᠤᠶᠠᠳᠣᠭᠠᠷ ᠳᠡᠰ ᠤᠨ ᠨᠢᠭᠡᠴᠡ ᠪᠤᠯᠭᠠᠨ ᠬᠠᠮᠢᠶᠠᠷᠤᠭᠤᠯᠵᠠᠢ᠃ 1990 ᠣᠨ ᠳᠤ ᠠᠶᠢᠮᠠᠭ ᠤᠨ ᠳᠠᠷᠤᠭ᠎ᠠ ᠶᠢᠨ | ᠠᠯᠪᠠᠨ ᠭᠡᠷ ᠤᠨ ᠬᠤᠷᠠᠯ ᠢᠶᠠᠷ ᠳᠠᠮᠵᠢᠵᠤ᠂ ᠰᠣᠷᠭᠠᠭᠤᠯᠢ ᠶᠢ ᠰᠢᠨ᠎ᠡ ᠪᠠᠷ ᠪᠠᠶᠢᠭᠤᠯᠬᠤ ᠶᠢ ᠰᠢᠢᠳᠪᠦᠷᠢᠯᠡᠵᠦ᠂ | ᠪᠠᠭᠰᠢ ᠶᠢᠨ ᠰᠣᠷᠭᠠᠭᠤᠯᠢ ᠶᠢᠨ ᠬᠦᠷᠢᠶᠡᠨ ᠳᠤ 12 ᠠᠩᠭᠢ ᠶᠢᠨ ᠬᠡᠪᠴᠢᠶ᠎ᠡ ᠲᠠᠢ 2600 ᠲᠡᠭᠰᠢ ᠳᠦᠷᠪᠡᠯᠵᠢᠨ | ᠮᠧᠳ᠋ᠷ ᠪᠥᠬᠦᠢ ᠳᠥᠷᠪᠡᠨ ᠳᠠᠪᠬᠤᠷ ᠵᠢᠭᠠᠨ ᠰᠣᠷᠭᠠᠬᠤ ᠠᠰᠠᠷ ᠢ ᠪᠠᠶᠢᠭᠤᠯᠬᠤ ᠳᠣᠬᠠᠢ ᠳᠣᠰᠬᠠᠢ ᠵᠠᠷᠣᠳᠠᠯ ᠮᠥᠩᠭᠦ | ᠳᠣᠬᠢᠷᠠᠭᠤᠯᠵᠦ᠂ ᠪᠣᠶᠠᠨ ᠵᠠᠬᠢᠷᠣᠯ ᠬᠤᠯᠪᠣᠭᠳᠠᠯ ᠪᠥᠬᠦᠢ ᠪᠠᠶᠢᠭᠤᠯᠭ᠎ᠠ ᠶᠢ ᠡᠷᠢᠨ ᠭᠠᠷ ᠭᠦᠢᠴᠡᠳᠭᠡᠯ ᠬᠢᠵᠦ | ᠪᠠᠷᠢᠯᠭ᠎ᠠ ᠶᠢᠨ ᠠᠵᠢᠯ ᠵᠢᠩᠬᠢᠨᠢ ᠪᠠᠷ ᠡᠬᠢᠯᠡᠭᠰᠡᠨ ᠪᠠᠶᠢᠨ᠎ᠠ᠃ | 1994 ᠣᠨ ᠤ 9 ᠰᠠᠷ᠎ᠠ ᠶᠢᠨ 8 ᠤ ᠡᠳᠦᠷ᠂ ᠰᠣᠷᠭᠠᠭᠤᠯᠢ ᠪᠠᠶᠢᠭᠤᠯᠤᠭᠳᠠᠭᠰᠠᠨ 15 ᠵᠢᠯ ᠤᠨ ᠣᠢ | ᠪᠣᠯᠣᠨ ᠵᠢᠭᠠᠨ ᠰᠣᠷᠭᠠᠬᠤ ᠠᠰᠠᠷ ᠤᠨ ᠲᠣᠣᠵᠠ ᠬᠠᠶᠢᠴᠢᠯᠠᠬᠤ ᠶᠣᠰᠣᠯᠠᠯ ᠢ ᠬᠠᠮᠲᠣᠷᠠᠭᠤᠯᠣᠭᠰᠠᠨ ᠦᠪᠡᠳᠡᠭᠰᠢ ᠨᠠᠶᠢᠷ | ᠬᠢᠵᠦ᠂ ᠠᠶᠢᠯ ᠤᠨ ᠰᠠᠷᠠᠪᠴᠢᠨ ᠳᠣᠣᠷ᠎ᠠ ᠪᠡᠶ᠎ᠡ ᠬᠠᠯᠠᠬᠠᠯᠠᠵᠤ᠂ ᠬᠥᠮᠥᠨ ᠤ ᠰᠢᠨᠠᠭᠠᠨ ᠠᠴᠠ ᠠᠶᠠᠭ᠎ᠠ ᠳᠣᠰᠬᠤ | ᠨᠡᠭᠦᠳᠡᠯᠯᠡᠨ ᠬᠢᠴᠢᠶᠡᠯᠯᠡᠳᠡᠭ ︽ᠮᠣᠷᠢᠨ ᠨᠢᠷᠣᠭᠤᠨ ᠳᠡᠭᠡᠷᠡᠬᠢ ᠰᠣᠷᠭᠠᠭᠤᠯᠢ︾ ᠶᠢᠨ ᠲᠡᠦᠬᠡ ᠡᠴᠦᠰᠯᠡᠭᠰᠡᠨ ᠪᠠᠶᠢᠨ᠎ᠠ . | ᠃ ᠨᠠᠮ ᠵᠠᠰᠠᠭ ᠤᠨ ᠬᠠᠶᠢᠷ᠎ᠠ ᠬᠠᠯᠠᠮᠵᠢ᠂ ᠨᠡᠶᠢᠭᠡᠮ ᠨᠡᠶᠢᠲᠡ ᠶᠢᠨ ᠬᠠᠪᠰᠣᠷᠣᠯᠭ᠎ᠠ ᠳᠡᠮᠵᠢᠯᠭᠡ᠂ ᠰᠣᠷᠭᠠᠭᠤᠯᠢ ᠶᠢᠨ | ᠵᠢᠳᠭᠦᠯᠲᠦ ᠬᠠᠷᠢᠭᠤᠴᠠᠯᠭᠠᠲᠠᠨ ᠪᠣᠯᠣᠨ ᠪᠠᠭᠰᠢ ᠠᠵᠢᠯᠲᠠᠨ ᠬᠠᠮᠲᠤ ᠪᠠᠷ ᠠᠷᠪᠠᠨ ᠲᠠᠪᠣᠨ ᠵᠢᠯ ᠤᠨ ᠦᠢᠯᠡᠰ | ᠪᠣᠰᠬᠠᠬᠤ ᠪᠡᠷᠬᠡ ᠪᠠᠷᠲᠠᠭ᠎ᠠ ᠶᠢ ᠲᠣᠭᠤᠯᠵᠣ᠂ ᠲᠣᠯᠣᠭᠠᠢ ᠬᠠᠯᠠᠬᠠᠯᠠᠵᠣ ᠪᠡᠶ᠎ᠡ ᠬᠤᠷᠭᠤᠳᠠᠬᠤ ᠣᠷᠣᠨ ᠰᠠᠭᠤᠴᠠ | ᠦᠭᠡᠢ ᠪᠠᠶᠢᠭᠰᠠᠨ ᠠᠴᠠ ᠥᠪᠡᠷ ᠤᠨ ᠭᠡᠰᠡᠨ ᠬᠥᠯ ᠳᠣᠭᠲᠠᠬᠤ ᠣᠷᠣᠨ ᠵᠠᠢ ᠲᠠᠢ᠂ ᠥᠮᠴᠢᠷᠬᠡᠵᠦ ᠥᠪᠯᠡᠬᠦ ᠰᠠᠷᠠᠭᠤᠯ | ᠳᠣᠬᠢᠯᠢᠭ ᠬᠢᠴᠢᠶᠡᠯᠯᠡᠬᠦ ᠠᠰᠠᠷ ᠲᠠᠢ ᠪᠣᠯᠵᠤ᠂ ᠪᠠᠭᠰᠢ ᠰᠣᠷᠣᠭᠴᠢᠳ ᠤᠨ ᠥᠭᠡᠳᠡ ᠡᠰᠡᠷᠡᠭ ᠴᠤᠭ ᠵᠣᠯᠪᠣᠭ᠎ᠠ | ᠰᠡᠷᠭᠦᠵᠦ᠂ ᠢᠲᠡᠭᠡᠯ ᠵᠣᠷᠢᠭ ᠨᠢ ᠡᠷᠬᠡ ᠦᠭᠡᠢ ᠬᠥᠪᠴᠢᠯᠡᠭᠳᠡᠭᠰᠡᠨ ᠪᠠᠶᠢᠨ᠎ᠠ᠃ 2004 ᠣᠨ ᠤ ᠰᠡᠭᠦᠯᠴᠢ ᠪᠠᠷ | ᠰᠣᠷᠭᠠᠭᠤᠯᠢ ᠶᠢ ᠰᠢᠯᠢ ᠶᠢᠨ ᠭᠤᠣᠯ ᠠᠵᠢᠯ ᠮᠡᠷᠭᠡᠵᠢᠯ ᠤᠨ ᠳᠡᠭᠡᠳᠦ ᠰᠣᠷᠭᠠᠭᠤᠯᠢ ᠳᠤ ᠬᠠᠷᠢᠶᠠᠯᠠᠭᠳᠠᠭᠤᠯᠵᠤ᠂ ︽ | ᠰᠢᠯᠢ ᠶᠢᠨ ᠭᠤᠣᠯ ᠠᠵᠢᠯ ᠮᠡᠷᠭᠡᠵᠢᠯ ᠤᠨ ᠳᠡᠭᠡᠳᠦ ᠰᠣᠷᠭᠠᠭᠤᠯᠢ ᠶᠢᠨ ᠬᠠᠷᠢᠶᠠᠲᠤ ᠪᠠᠭ᠎ᠠ ᠰᠣᠷᠭᠠᠭᠤᠯᠢ︾ ᠪᠣᠯᠪᠠ᠃ | 2007 ᠤᠨ 3 ᠰᠠᠷ᠎ᠠ ᠳᠤ ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠠᠴᠠ | ᠰᠤᠷᠭᠠᠭᠤᠯᠢ ᠶᠢᠨ ᠨᠡᠷ᠎ᠡ ᠶᠢ ︽ᠰᠢᠯᠢ ᠶᠢᠨ ᠬᠤᠲᠠ ᠶᠢᠨ ᠠᠷᠪᠠᠨ ᠨᠢᠭᠡᠳᠤᠭᠡᠷ ᠪᠠᠭ᠎ᠠ ᠰᠤᠷᠭᠠᠭᠤᠯᠢ︾ ᠬᠡᠵᠦ ᠬᠠᠯᠠᠨ | ᠦᠭᠡᠷᠡᠴᠢᠯᠡᠭᠦ ᠪᠠᠷ ᠲᠤᠭᠳᠠᠨ ᠨᠠᠶᠢᠳᠠᠯᠠᠪᠠ᠃ 2011 ᠤᠨ ᠤ 6 ᠰᠠᠷ᠎ᠠ ᠶᠢᠨ ᠨᠢᠭᠡᠨ ᠳᠤ ︽ᠰᠢᠯᠢ ᠶᠢᠨ | ᠬᠤᠲᠠ ᠶᠢᠨ ᠮᠤᠩᠭᠤᠯ ᠦᠡᠳᠦᠰᠦᠲᠡᠨ ᠤ ᠬᠤᠶᠠᠳᠤᠭᠠᠷ ᠪᠠᠭ᠎ᠠ ᠰᠤᠷᠭᠠᠭᠤᠯᠢ︾ ᠭᠡᠵᠦ ᠦᠭᠡᠷᠡᠴᠢᠯᠡᠨ ᠴᠤᠯ ᠮᠤᠩᠭᠤᠯ | ᠰᠤᠷᠭᠠᠭᠤᠯᠢ ᠪᠤᠯᠵᠠᠢ᠃ ᠭᠤᠴᠢᠭᠠᠳ ᠵᠢᠯ ᠤᠨ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠪᠠᠷ ᠤᠳᠤ ᠮᠠᠨ ᠤ | ᠰᠤᠷᠭᠠᠭᠤᠯᠢ ᠨᠢ 63 ᠪᠠᠭᠰᠢ ᠠᠵᠢᠯᠲᠠᠨ ᠲᠠᠢ᠂ ᠡᠬᠦᠨ ᠳᠤ ᠰᠤᠳᠤᠯᠬᠤ ᠰᠤᠷᠤᠭᠴᠢ ᠳᠡᠬᠦᠰᠦᠭᠰᠡᠨ 2 ᠬᠦᠮᠦᠨ᠂ | ᠶᠡᠭᠡ ᠰᠤᠷᠭᠠᠭᠤᠯᠢ ᠶᠢᠨ ᠵᠢᠩᠬᠢᠨᠢ ᠠᠩᠬᠢ ᠳᠡᠬᠦᠰᠦᠭᠰᠡᠨ 44 ᠬᠦᠮᠦᠨ᠂ ᠶᠡᠭᠡ ᠰᠤᠷᠭᠠᠭᠤᠯᠢ ᠶᠢᠨ ᠲᠤᠰᠬᠠᠢ | ᠮᠡᠷᠭᠡᠵᠢᠯ ᠳᠡᠭᠦᠰᠦᠭᠰᠡᠨ 10 ᠭᠦᠮᠦᠨ᠂ ᠲᠤᠮᠳᠠ ᠵᠡᠷᠭᠡ ᠶᠢᠨ ᠲᠤᠰᠬᠠᠢ ᠮᠡᠷᠭᠡᠵᠢᠯ ᠳᠡᠬᠦᠰᠦᠭᠰᠡᠨ 4 ᠬᠦᠮᠦᠨ᠃ | ᠳᠤᠬᠠᠶᠢᠯᠠᠭᠰᠠᠨ ᠮᠡᠷᠭᠡᠵᠢᠯ ᠤᠨ ᠴᠤᠯᠠ ᠶᠢᠨ ᠳᠠᠯ᠎ᠠ ᠪᠠᠷ ᠤᠷᠤᠨ ᠤ ᠤᠨᠴᠠ ᠳᠡᠰ ᠤᠨ ᠪᠠᠭᠰᠢ 1 ᠨᠡᠷ᠎ᠡ᠂ ᠲᠤᠮᠳᠠᠳᠤ | ᠰᠤᠷᠭᠠᠭᠤᠯᠢ ᠶᠢᠨ ᠲᠡᠭᠡᠳᠦ ᠲᠡᠰ ᠤᠨ ᠪᠠᠭᠰᠢ 25 ᠨᠡᠷ᠎ᠡ᠂ ᠪᠠᠭ᠎ᠠ ᠰᠤᠷᠭᠠᠭᠤᠯᠢ ᠶᠢᠨ ᠲᠡᠭᠡᠳᠦ ᠳᠡᠰ ᠤᠨ ᠪᠠᠭᠰᠢ | 21 ᠬᠦᠮᠦᠨ᠂ ᠪᠠᠭ᠎ᠠ ᠰᠤᠷᠭᠠᠭᠤᠯᠢ ᠶᠢᠨ ᠨᠢᠭᠡᠳᠦᠭᠡᠷ ᠳᠡᠰ ᠤᠨ ᠪᠠᠭᠰᠢ 5 ᠬᠦᠮᠦᠨ᠂ ᠪᠠᠭ᠎ᠠ ᠰᠤᠷᠠᠭᠠᠭᠤᠯᠢ ᠶᠢᠨ | ᠬᠤᠶᠠᠳᠤᠭᠠᠷ ᠲᠡᠰ ᠪᠤᠶᠤ ᠲᠡᠰ ᠲᠤᠭᠲᠠᠭᠠᠳᠤᠢ 9 ᠬᠦᠮᠦᠨ᠃ ᠮᠠᠨ ᠤ ᠰᠤᠷᠭᠠᠭᠤᠯᠢ ᠨᠢ 18 ᠵᠢᠭᠠᠨ ᠰᠤᠷᠭᠠᠬᠤ | ᠠᠩᠬᠢ ᠲᠠᠢ᠂ 500 ᠭᠠᠷᠤᠢ ᠰᠤᠷᠤᠭᠴᠢ ᠲᠠᠢ᠂ ᠰᠤᠷᠭᠠᠭᠤᠯᠢ ᠶᠢᠨ ᠪᠦᠬᠦ ᠲᠠᠯᠠᠪᠠᠢ 23689 ᠲᠦᠷᠪᠡᠯᠵᠢᠨ ᠮᠧᠳ᠋ᠷ | ᠪᠠᠶᠢᠵᠦ᠂ ᠪᠠᠷᠢᠯᠭ᠎ᠠ ︵ᠵᠢᠭᠠᠨ ᠰᠤᠷᠭᠠᠬᠤ ᠠᠰᠠᠷ᠂ ᠶᠡᠷᠤᠩᠬᠡᠶᠢᠯᠡᠭᠰᠡᠨ ᠠᠰᠠᠷ᠂ ᠲᠠᠮᠢᠷ ᠤᠨ ᠤᠷᠳᠤᠨ︶ ᠶᠢᠨ ᠡᠵᠡᠯᠡᠬᠦ | ᠲᠠᠯᠠᠪᠠᠢ ᠨᠢ 11593 ᠲᠦᠷᠪᠡᠯᠵᠢᠨ ᠮᠧᠳ᠋ᠷ ᠲᠤ ᠬᠦᠷᠤᠭ᠍ᠰᠡᠨ ᠪᠠᠶᠢᠨ᠎ᠠ᠃ ᠰᠤᠷᠤᠭᠴᠢᠳ ᠢ ᠭᠤᠸ᠎ᠠ ᠰᠠᠶᠢᠬᠠᠨ | ᠤᠷᠴᠢᠨ ᠲᠤᠭᠤᠷᠢᠨ ᠳᠤ ᠰᠤᠷᠤᠯᠴᠠᠭᠤᠯᠬᠤ ᠡᠭᠦᠳᠡᠨ ᠠᠴᠠ ᠰᠤᠷᠭᠠᠭᠤᠯᠢ ᠶᠢᠨ ᠬᠦᠷᠢᠶ᠎ᠠ ᠶᠢᠨ ᠪᠦᠬᠦ ᠲᠠᠯᠠᠪᠠᠢ ᠳᠤ | ᠨᠤᠭᠤᠭᠠᠷᠠᠭᠤᠯᠤᠯᠲᠠ᠂ ᠬᠠᠳᠠᠭᠤᠷᠠᠭᠤᠯᠤᠯᠲᠠ᠂ ᠭᠤᠸᠠᠯᠢᠭᠵᠢᠭᠤᠯᠤᠯᠲᠠ᠂ ᠴᠢᠮᠡᠭᠯᠠᠯᠲᠠ ᠶᠢ ᠬᠢᠵᠦ 6000 | ᠲᠦᠷᠪᠡᠯᠵᠢᠨ ᠮᠧᠳ᠋ᠷ ᠲᠠᠯᠠᠪᠠᠢ ᠲᠠᠢ ᠭᠠᠵᠠᠷ ᠢ ᠴᠠᠷᠳᠠᠨ ᠬᠠᠳᠠᠭᠤᠷᠠᠭᠤᠯᠵᠦ᠂ 5000 ᠲᠦᠷᠪᠡᠯᠵᠢᠨ ᠮᠧᠳ᠋ᠷ | ᠲᠠᠯᠠᠪᠠᠢ ᠲᠠᠢ ᠭᠠᠵᠠᠷ ᠲᠤ ᠴᠡᠴᠡᠭ ᠬᠤᠸᠠᠷ ᠲᠠᠷᠢᠵᠦ᠂ ᠮᠤᠳᠤ ᠪᠤᠷᠭᠠᠰᠤ ᠰᠠᠭᠤᠯᠭᠠᠨ ᠵᠦᠯᠭᠡ ᠡᠪᠡᠰᠦ ᠲᠠᠪᠢᠰᠤᠨ | ᠨᠤᠭᠤᠭᠠᠷᠠᠭᠤᠯᠤᠭᠰᠠᠨ ᠪᠠᠶᠢᠨ᠎ᠠ᠃ ᠡᠭᠦᠨ ᠠᠴᠠ ᠭᠠᠳᠠᠨ᠎ᠠ ᠰᠤᠷᠤᠭᠴᠢᠳ ᠲᠤ ᠭᠦᠢᠴᠡᠳ ᠬᠠᠨᠤᠮᠵᠢᠲᠠᠢ ᠪᠠᠶ᠎ᠡ | ᠲᠠᠮᠢᠷ ᠤᠨ ᠬᠦᠳᠡᠯᠭᠡᠭᠡᠨ ᠤ ᠲᠠᠯᠠᠪᠤᠷ ᠢ ᠬᠠᠨᠭ᠍ᠭᠠᠨ ᠦᠭᠴᠦ᠂ ᠪᠦᠷᠢᠨ ᠲᠦᠭᠦᠷ ᠲᠠᠮᠢᠷ ᠤᠨ ᠬᠡᠷᠡᠭᠰᠡᠯ ᠤᠨ ᠲᠤᠨᠤᠭ | ᠲᠦᠬᠦᠭᠡᠷᠤᠮᠵᠢ ᠶᠢ ᠤᠭᠰᠠᠷᠠᠨ ᠲᠠᠭᠠᠷᠠᠭᠤᠯᠵᠦ᠂ ᠰᠢᠨ᠎ᠡ ᠮᠠᠶ᠋ᠢᠭ ᠤᠨ ᠭᠤᠮ ᠲᠡᠪᠢᠰᠭᠡᠷ ᠲᠠᠢ 200 ᠮᠧᠳ᠋ᠷ ᠤᠨ | ᠬᠦᠶᠤᠯᠲᠠ ᠶᠢᠨ ᠱᠤᠭᠤᠮ ᠪᠦᠬᠦᠢ ᠲᠠᠮᠢᠷ ᠤᠨ ᠲᠠᠯᠠᠪᠠᠢ ᠶᠢ ᠪᠦᠳᠦᠭᠡᠨ ᠪᠠᠶᠢᠭᠤᠯᠤᠭᠰᠠᠨ ᠪᠠᠶᠢᠨ᠎ᠠ᠃ ᠦᠡᠭᠭᠡᠷᠡᠭᠰᠡᠨ ᠤ | ᠭᠤᠴᠢᠨ ᠵᠢᠯ ᠤᠨ ᠰᠤᠷᠭᠠᠭᠤᠯᠢ ᠡᠷᠬᠢᠯᠡᠭᠰᠡᠨ ᠲᠡᠤᠭᠡ ᠪᠠᠨ ᠡᠷᠬᠢᠴᠡᠭᠦᠯᠪᠡᠯ᠂ ᠤᠳᠤᠷᠯᠠᠨ ᠰᠢᠯᠵᠢᠵᠦ ᠨᠡᠭᠦᠳᠡᠯᠯᠡᠨ | ᠬᠢᠴᠢᠶᠡᠯᠯᠡᠵᠦ ᠶᠠᠪᠤᠭᠰᠠᠨ ᠪᠤᠯᠪᠠᠴᠤ ᠨᠠᠩ ᠴᠢᠬᠤᠯᠠ ᠨᠢ ᠳᠡᠰᠪᠤᠷᠢ ᠬᠠᠳᠠᠭᠤᠵᠢᠯᠲᠠᠢ ᠪᠠᠷ ᠠᠳᠠᠯ ᠦᠢᠯᠡᠰ ᠪᠤᠰᠬᠠᠵᠦ | ᠶᠠᠪᠤᠭᠰᠠᠨ ᠨᠢ ᠪᠢᠰᠢᠷᠡᠭᠦᠰᠢᠲᠠᠢ ᠶᠤᠮ᠃ ᠠᠶᠠᠨ ᠤ ᠲᠦᠷᠤᠭᠡᠨ ᠳᠤ ᠮᠣᠷᠳᠠᠭᠰᠠᠨ ᠠᠴᠠ ᠨᠠᠰᠢ᠂ ᠭᠡᠳᠦᠨ ᠦᠶ᠎ᠠ ᠶᠢᠨ | ᠵᠠᠬᠢᠷᠤᠯ᠂ ᠪᠠᠭᠰᠢ ᠨᠠᠷ ᠤᠨ ᠴᠢᠷᠮᠠᠶᠢᠯᠭ᠎ᠠ ᠪᠠᠷ ᠤᠷᠢᠳ ᠬᠤᠵᠢᠳ ᠤᠷᠤᠨ ᠪᠠ ᠠᠶᠢᠮᠠᠭ ᠤᠨ ︽ᠳᠠᠭᠤᠷᠢᠶᠠᠯ | ᠰᠤᠷᠭᠠᠭᠤᠯᠢ︾᠂ ︽ᠰᠢᠯᠢᠳᠡᠭ ᠰᠤᠷᠭᠠᠭᠤᠯᠢ︾᠂ ︽ᠮᠤᠩᠭᠤᠯ ᠦᠬᠡ ᠬᠡᠯᠡ ᠦᠰᠦᠭ ᠪᠢᠴᠢᠭ ᠰᠤᠷᠴᠤ | ᠬᠡᠷᠡᠭᠯᠡᠭᠰᠡᠨ ᠲᠡᠷᠢᠬᠦᠨ ᠤ ᠰᠤᠷᠭᠠᠭᠤᠯᠢ︾᠂ ︽ᠪᠠᠷᠢᠮᠵᠢᠶᠠᠳᠤ ᠦᠡᠳᠦᠰᠦᠲᠡᠨ ᠤ ᠰᠤᠷᠭᠠᠭᠤᠯᠢ︾᠂ ︽ᠠᠶᠢᠮᠠᠭ ᠤᠨ | ᠲᠡᠰ ᠤᠨ ᠪᠤᠯᠪᠠᠰᠤᠨ ᠨᠢᠭᠡᠴᠡ︾᠂ ︽ᠠᠮᠤᠷ ᠲᠦᠪᠰᠢᠨ ᠤ ᠵᠢᠱᠢᠶᠡᠴᠢ ᠰᠤᠷᠭᠠᠭᠤᠯᠢ︾᠂ ᠤᠯᠤᠰ ᠤᠷᠤᠨ | ᠠᠶᠢᠮᠠᠭ ᠤᠨ ︽ᠪᠠᠭᠠᠴᠤᠳ ᠤᠨ ᠬᠤᠰᠢᠭᠤᠴᠢ ᠠᠩᠬᠢ ᠶᠢᠨ ᠤᠯᠠᠭᠠᠨ ᠲᠤᠭᠴᠢ ᠶᠡᠭᠡ ᠠᠩᠬᠢ︾᠂ ︽ᠪᠦᠬᠦ | ᠤᠯᠤᠰ ᠤᠨ ᠲᠤᠭᠠᠨ ᠤ ᠤᠬᠠᠭᠠᠨ ᠤ ᠤᠷᠤᠯᠳᠤᠯᠭᠠᠳᠤ ᠵᠢᠭᠠᠨ ᠰᠤᠷᠭᠠᠬᠤ ᠠᠷᠭ᠎ᠠ ᠶᠢᠨ ᠰᠤᠳᠤᠯᠭᠠᠨ ᠤ ᠭᠠᠵᠠᠷ︾᠂ | ︽ᠤᠷᠤᠨ ᠤ ᠪᠠᠭ᠎ᠠ ᠰᠤᠷᠭᠠᠭᠤᠯᠢ ᠬᠢᠳᠡᠳ ᠬᠡᠯᠡᠨ ᠤ ᠵᠢᠭᠠᠨ ᠰᠤᠷᠭᠠᠯᠲᠠ ᠶᠢᠨ ᠦᠭᠡᠷᠡᠴᠢᠯᠡᠯᠲᠠ ᠶᠢᠨ ᠰᠢᠯᠢᠳᠡᠭ | ᠰᠤᠷᠭᠠᠭᠤᠯᠢ︾᠂ ︽ᠪᠦᠬᠦ ᠤᠷᠤᠨ ᠤ ᠰᠤᠸᠠᠮᠫᠠᠨ ᠪᠤᠳᠤᠯᠭ᠎ᠠ ᠶᠢᠨ ᠰᠤᠷᠭᠠᠨ ᠬᠦᠮᠦᠵᠢᠯ ᠤᠨ ᠲᠤᠷᠰᠢᠯᠲᠠ ᠶᠢᠨ | ᠰᠠᠭᠤᠷᠢᠨ ᠭᠠᠵᠠᠷ︾ ︽ᠤᠯᠤᠰ ᠤᠨ ᠰᠠᠭᠤᠷᠢ ᠰᠤᠷᠭᠠᠨ ᠬᠦᠮᠦᠵᠢᠯ ᠤᠨ ᠰᠠᠭᠤᠷᠢᠨ ᠭᠠᠵᠠᠷ︾᠂ ︽ᠠᠶᠢᠮᠠᠭ ᠤᠨ | ᠲᠡᠰ ᠤᠨ ᠰᠤᠷᠭᠠᠭᠤᠯᠢ ᠡᠷᠬᠢᠯᠡᠬᠦ ᠨᠦᠬᠦᠴᠡᠯ ᠪᠠᠷᠢᠮᠵᠢᠶᠠᠨ ᠳᠤ ᠭᠦᠷᠤᠭ᠍ᠰᠡᠨ ᠰᠤᠷᠭᠠᠭᠤᠯᠢ︾᠂ ︽ᠠᠶᠢᠮᠠᠭ ᠤᠨ | ᠲᠡᠰ ᠤᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠰᠢᠯᠢᠳᠡᠭ ᠰᠤᠷᠭᠠᠭᠤᠯᠢ︾ ᠵᠡᠷᠭᠡ ᠤᠯᠠᠨ ᠠᠷᠪᠢᠨ ᠱᠠᠩᠨᠠᠯ | ᠬᠦᠬᠢᠬᠦᠯᠦᠯ ᠢ ᠬᠦᠷᠳᠡᠵᠦ᠂ ︽ᠬᠠᠷᠢᠶᠠᠳᠤ ᠪᠠᠭ᠎ᠠ︾ ᠬᠡᠰᠡᠨ ᠰᠠᠶᠢᠬᠠᠨ ᠠᠯᠳᠠᠷ ᠢ ᠨᠡᠶᠢᠭᠡᠮ ᠨᠡᠶᠢᠳᠠ ᠳᠤ | ᠲᠠᠭᠤᠷᠢᠰᠤᠭᠤᠯᠵᠦ᠂ ᠦᠶ᠎ᠠ ᠨᠢᠬᠡᠪᠦᠷᠢ ᠶᠢᠨ ᠬᠡᠤᠬᠡᠳ ᠢ ᠰᠤᠶᠤᠯ ᠰᠤᠷᠳᠠᠯ ᠤᠨ ᠤᠬᠢ ᠪᠠᠷ ᠤᠮᠳᠠᠯᠠᠭᠰᠠᠭᠠᠷ ᠢᠷᠡᠪᠡ᠃ | ᠢᠷᠠᠭᠤ ᠠᠯᠳᠠᠷ ᠪᠤᠯᠭᠠᠨ ᠤ ᠠᠷᠤ ᠳᠤ ᠦᠶ᠎ᠠ ᠦᠶ᠎ᠠ ᠶᠢᠨ ︽ᠬᠠᠷᠢᠶᠠᠳᠤ ᠪᠠᠭ᠎ᠠ︾ ᠶᠢᠨ ᠬᠦᠮᠦᠨ ᠤ ᠤᠶᠤᠨ | ᠤᠬᠠᠭᠠᠨ ᠬᠦᠴᠦ ᠬᠦᠳᠡᠯᠮᠦᠷᠢ ᠰᠢᠩᠭᠡᠵᠦ᠂ ᠲᠡᠳᠡᠨ ᠤ ᠴᠦᠬᠦᠷᠡᠰᠢ ᠦᠬᠡᠢ ᠴᠢᠷᠮᠠᠶᠢᠯᠭ᠎ᠠ ᠪᠠ ᠬᠦᠰᠡᠯ | ᠬᠦᠬᠡᠬᠡᠴᠡᠯᠳᠤᠯ ᠢ ᠲᠡᠮᠳᠡᠭᠯᠡᠵᠦ ᠪᠠᠶᠢᠨ᠎ᠠ᠃ | 2012 ᠤᠨ ᠠᠴᠠ ᠡᠬᠢᠯᠡᠵᠦ ᠰᠣᠷᠭᠠᠭᠤᠯᠢ ᠶᠢᠨ ᠣᠳᠣᠷᠢᠳᠬᠤ ᠪᠠᠭ ᠲᠤ ᠲᠠᠬᠢᠨ ᠲᠣᠬᠢᠷᠠᠭᠤᠯᠣᠯᠲᠠ | ᠬᠢᠵᠦ ᠲᠡᠤᠬᠡ ᠪᠠᠨ ᠬᠦᠡᠳᠦᠳᠭᠡᠨ᠂ ᠵᠦᠷᠢᠶ᠎ᠠ ᠪᠠᠨ ᠠᠳᠠᠯᠢᠳᠬᠠᠨ᠂ ᠰᠤᠷᠭᠠᠭᠤᠯᠢ ᠶᠢᠨ ᠰᠤᠶᠤᠯ ᠤᠨ | ᠪᠠᠶᠢᠭᠤᠯᠤᠯᠲᠠ ᠶᠢᠨ ᠲᠠᠯ᠎ᠠ ᠳᠤ ᠵᠤᠷᠢᠭᠳᠠᠢ ᠰᠢᠨᠡᠴᠢᠯᠡᠯᠲᠠ ᠬᠢᠵᠦ ︽ᠮᠤᠩᠭᠤᠯ ᠬᠦᠮᠦᠨ᠂ ᠮᠤᠩᠭᠤᠯ ᠮᠤᠷᠢ︾ ᠶᠢᠨ | ᠵᠤᠷᠢᠭ ᠰᠠᠨᠠᠭ᠎ᠠ ᠶᠢ ᠪᠠᠳᠠᠷᠠᠭᠤᠯᠤᠭᠰᠠᠨ ︽ᠮᠤᠩᠭᠤᠯ ᠰᠡᠳᠬᠢᠬᠦᠢ ᠲᠠᠢ᠂ ᠲᠡᠯᠡᠬᠡᠢ ᠶᠢᠨ ᠬᠠᠷᠠᠭ᠎ᠠ ᠲᠠᠢ ᠬᠡᠤᠬᠡᠳ ᠢ | ᠬᠦᠮᠦᠵᠢᠬᠦᠯᠬᠦ︾ ᠪᠠᠷ ᠵᠤᠷᠢᠵᠦ᠂ ︽ᠮᠤᠷᠢᠳᠠᠨ ᠤ ᠬᠡᠶᠢᠮᠦᠷᠢ︾ ᠰᠤᠷᠭᠠᠭᠤᠯᠢ ᠰᠤᠶᠣᠯ ᠤᠨ ᠪᠠᠶᠢᠭᠤᠯᠤᠯᠲᠠ ᠶᠢᠨ | ᠰᠢᠨ᠎ᠡ ᠤᠨᠤᠯᠵᠢᠭᠤᠨ ᠢ ᠲᠤᠷᠠᠳᠤᠭᠰᠠᠨ ᠶᠤᠮ᠃ ᠰᠣᠷᠭᠠᠭᠤᠯᠢ ᠡᠷᠬᠢᠯᠡᠬᠦ ᠬᠠᠷᠠᠯᠳᠠ — ᠦᠨᠳᠣᠰᠣᠳᠡᠨ ᠤ | ᠰᠣᠶᠣᠯ ᠪᠠᠨ ᠳᠡᠭᠡᠳᠣᠯᠡᠭᠰᠡᠨ᠂ ᠴᠠᠭ ᠡᠷᠢᠨ ᠤ ᠬᠠᠷᠠᠭ᠎ᠠ ᠲᠠᠢ ᠳᠡᠷᠢᠭᠦᠨ ᠤ ᠰᠣᠷᠭᠠᠭᠤᠯᠢ ᠶᠢ ᠡᠭᠦᠳᠬᠦ ᠬᠦᠮᠦᠵᠢᠭᠦᠯᠬᠦ | ᠬᠠᠷᠠᠯᠳᠠ — ᠮᠤᠩᠭᠤᠯ ᠰᠡᠳᠬᠢᠬᠦᠢ ᠲᠠᠢ᠂ ᠴᠠᠭ ᠡᠷᠢᠨ ᠤ ᠬᠠᠷᠠᠭ᠎ᠠ ᠲᠠᠢ ᠬᠦᠮᠦᠨ ᠢ ᠬᠦᠮᠦᠵᠢᠭᠦᠯᠬᠦ | ᠰᠣᠷᠭᠠᠭᠤᠯᠢ ᠶᠢᠨ ᠰᠣᠷᠳᠠᠯ — ᠬᠦᠮᠦᠨ ᠪᠤᠯᠬᠤ ᠪᠠᠭ᠎ᠠ ᠠᠴᠠ ᠪᠠᠨ᠂ ᠬᠦᠯᠦᠭ ᠪᠤᠯᠬᠤ ᠤᠨᠠᠭᠠᠨ ᠠᠴᠠ ᠪᠠᠨ | ᠵᠢᠭᠠᠬᠤ ᠰᠣᠷᠳᠠᠯ — ᠭᠠᠷ ᠢ ᠨᠢ ᠭᠠᠨᠵᠤᠭᠠᠨ ᠳᠤ᠂ ᠬᠦᠯ ᠢ ᠨᠢ ᠳᠦᠷᠦᠭᠡᠨ ᠳᠤ ᠰᠣᠷᠬᠤ ᠰᠣᠷᠳᠠᠯ — | ᠡᠮᠨᠢᠭ ᠤᠨ ᠨᠢᠷᠤᠭᠤᠨ ᠠᠴᠠ ᠡᠷᠳᠡᠮ ᠤᠨ ᠣᠷᠭᠢᠯ ᠳᠤ ︽ᠮᠤᠩᠭᠤᠯ ᠬᠦᠮᠦᠨ᠂ ᠮᠤᠩᠭᠤᠯ ᠮᠤᠷᠢ︾ ᠶᠢᠨ ᠵᠤᠷᠢᠭ | ᠰᠠᠨᠠᠭ᠎ᠠ ᠪᠠᠷ ᠭᠤᠤᠯ ᠪᠤᠯᠭᠠᠭᠰᠠᠨ ︽ᠮᠤᠷᠢᠳᠠᠨ ᠤ ᠬᠡᠶᠢᠮᠦᠷᠢ︾ ᠰᠤᠷᠭᠠᠭᠤᠯᠢ ᠶᠢᠨ ᠰᠤᠶᠤᠯ ᠤᠨ ᠪᠠᠶᠢᠭᠤᠯᠤᠯᠲᠠ ᠨᠢ | ᠦᠰᠪᠤᠷᠢ ᠪᠠᠭ᠎ᠠ ᠬᠡᠤᠬᠡᠳ ᠲᠤ ᠮᠤᠩᠭᠤᠯ ᠦᠡᠳᠦᠰᠦᠲᠡᠨ ᠤ ᠵᠤᠷᠢᠭ ᠰᠦᠰᠦ ᠶᠢ ᠤᠯᠠᠮᠵᠢᠯᠠᠨ᠂ ᠲᠡᠤᠬᠡ ᠪᠠᠨ | ᠤᠶᠢᠯᠭᠠᠨ ᠦᠪ ᠰᠤᠶᠤᠯ ᠢᠶᠠᠨ ᠵᠠᠯᠭᠠᠮᠵᠢᠯᠠᠨ᠂ ᠦᠪᠡᠷ ᠢ ᠪᠠᠨ ᠴᠢᠬᠢᠷᠠᠭᠵᠢᠭᠤᠯᠵᠤ᠂ ᠦᠪᠡᠷ ᠢ ᠪᠠᠨ ᠲᠡᠭᠡᠭᠰᠢᠯᠡᠬᠦᠯᠵᠦ | ᠂ ᠦᠪᠡᠷ ᠢ ᠪᠠᠨ ᠬᠦᠴᠦᠷᠭᠡᠭᠵᠢᠬᠦᠯᠬᠦ ᠳᠤ ᠲᠤᠰᠠ ᠳᠡᠮᠵᠢᠯᠭᠡ ᠪᠤᠯᠤᠭᠰᠠᠨ ᠪᠠᠶᠢᠨ᠎ᠠ᠃ ︽ᠮᠤᠩᠭᠤᠯ ᠬᠦᠮᠦᠨ᠂ | ᠮᠤᠩᠭᠤᠯ ᠮᠤᠷᠢ︾ ᠶᠢᠨ ᠵᠤᠷᠢᠭ ᠰᠠᠨᠠᠭ᠎ᠠ ᠪᠤᠯ ᠮᠤᠩᠭᠤᠯᠴᠤᠳ ᠤᠨ ᠡᠷᠳᠡ ᠲᠡᠭᠡᠳᠤ ᠠᠴᠠ ᠪᠠᠨ ᠦᠪᠯᠡᠵᠦ | ᠤᠯᠠᠮᠵᠢᠯᠠᠭᠰᠠᠨ ᠨᠠᠡᠳᠢᠨ ᠦᠪ᠂ ᠵᠤᠭᠤᠰ ᠮᠦᠡᠭᠬᠦ ᠡᠷᠭᠡ ᠵᠡᠷᠭᠡ ᠬᠤᠳᠠᠴᠢᠯᠠᠯᠲᠠ ᠶᠢᠨ ᠨᠦᠯᠤᠬᠡᠯᠡᠯ ᠠᠴᠠ ᠪᠤᠯᠵᠦ | ᠠᠯᠳᠠᠭᠳᠠᠵᠤ ᠪᠠᠶᠢᠭ᠎ᠠ ᠮᠤᠩᠭᠤᠯ ᠬᠦᠮᠦᠨ ᠤ ᠬᠦᠮᠦᠨ ᠴᠢᠨᠡᠷ ᠪᠤᠯᠤᠨ᠎ᠠ᠂ ᠤᠳᠤᠬᠠᠨ ᠤ ᠦᠡᠳᠦᠰᠦᠲᠡᠨ ᠤ ᠰᠤᠷᠭᠠᠨ | ᠬᠦᠮᠦᠵᠢᠯ ᠤᠨ ᠠᠪᠤᠷᠠᠵᠦ ᠠᠪᠬᠤ ᠲᠠᠷᠬᠠᠨ ᠡᠭᠦᠷᠭᠡ ᠪᠤᠯᠤᠨ᠎ᠠ᠃ ᠮᠠᠨ ᠤ ᠰᠣᠷᠭᠠᠭᠤᠯᠢ ᠨᠢ ᠦᠪᠡᠷ ᠤᠨ ᠭᠡᠰᠡᠨ | ᠦᠪᠡᠷᠮᠢᠴᠡ ᠤᠨᠴᠠᠯᠢᠭᠲᠣ ᠮᠤᠩᠭᠤᠯ ᠰᠣᠷᠭᠠᠨ ᠬᠦᠮᠦᠵᠢᠯ ᠤᠨ ᠤᠶᠢᠯᠠᠭᠠᠭᠳᠠᠬᠤᠨ ᠢ ᠰᠡᠲᠦᠨ ᠳᠣᠭᠲᠠᠭᠠᠵᠤ᠂ | ᠥᠪᠡᠷ ᠤᠨ ᠭᠡᠰᠡᠨ ᠰᠡᠳᠬᠢᠴᠠ ᠪᠠᠷ ᠰᠣᠳᠤᠯᠭ᠎ᠠ᠂ ᠬᠦᠮᠦᠵᠢᠯ᠂ ᠰᠣᠷᠭᠠᠯᠲᠠ ᠬᠢᠬᠦ ᠪᠠᠷ ᠲᠦᠰᠦᠪᠯᠡᠭᠰᠡᠨ ᠶᠤᠮ᠃ | ᠶᠠᠷᠢᠶᠠᠨ ᠦᠭᠡᠢ ᠮᠡᠳᠡᠯᠭᠡ ᠴᠢᠳᠠᠪᠤᠷᠢ ᠴᠢᠬᠤᠯᠠ᠂ ᠭᠡᠲᠡᠯ᠎ᠡ ᠨᠡᠩ ᠴᠢᠬᠤᠯᠡ ᠨᠢ ᠮᠡᠳᠡᠯᠬᠡ ᠴᠢᠳᠠᠪᠣᠷᠢ | ᠦᠨᠲᠦᠰᠦᠲᠡᠨ ᠤ ᠵᠤᠷᠢᠭ ᠰᠠᠨᠠᠭ᠎ᠠ ᠴᠤᠭ ᠰᠥᠯᠲᠠ ᠳᠡᠭᠡᠷ᠎ᠡ ᠰᠠᠭᠤᠷᠢᠯᠠᠭᠰᠨᠨ ᠪᠠᠶᠢᠬᠤ ᠬᠡᠷᠡᠭᠲᠡᠢ᠃ ᠪᠢᠳᠡ | ᠦᠨᠲᠦᠰᠦᠲᠡᠨ ᠤ ᠪᠠᠨ ᠰᠢᠯᠢᠲᠡᠭ ᠣᠯᠠᠮᠵᠢᠯᠠᠯᠲᠦ ᠰᠤᠶᠤᠯ ᠢᠶᠠᠨ ᠵᠠᠯᠭᠠᠮᠵᠢᠯᠠᠨ ᠬᠦᠭᠵᠢᠭᠦᠯᠵᠦ᠂ ᠦᠷ᠎ᠡ | ᠬᠤᠶᠢᠴᠢᠰ ᠲᠠᠭᠠᠨ ᠣᠯᠠᠮᠵᠢᠯᠠᠬᠤ ᠪᠣᠯ ᠵᠠᠩᠭᠢᠯᠭ᠎ᠠ ᠶᠢᠨ ᠴᠢᠨᠠᠷᠲᠠᠢ ᠦᠭᠡᠷᠡᠴᠢᠯᠡᠯᠲᠡ ᠪᠠ ᠪᠤᠳᠠᠳᠠᠶᠢᠵᠢᠭᠤᠯᠤᠯ ᠪᠠᠶᠢᠬᠤ | ᠶᠣᠰᠣᠲᠠᠢ᠃ ᠮᠠᠨ ᠤ ᠰᠣᠷᠭᠠᠭᠤᠯᠢ ᠶᠢᠨ ᠰᠣᠷᠣᠭᠴᠢ ᠶᠢᠨ ᠤᠯᠠᠩᠭᠢ ᠨᠢ ᠰᠢᠯᠢ ᠶᠢᠨ ᠭᠤᠤᠯ ᠤᠨ ᠡᠯ᠎ᠡ | ᠬᠤᠰᠢᠭᠤᠳ ᠤᠨ ᠮᠠᠯᠵᠢᠬᠤ ᠣᠷᠣᠨ ᠤ ᠮᠠᠯᠴᠢᠳ ᠤᠨ ᠦᠷ᠎ᠡ ᠬᠡᠦᠬᠡᠳ ᠢᠶᠠᠷ ᠭᠤᠤᠯ ᠪᠣᠯᠭᠠᠵᠤ᠂ 85% ᠠᠴᠠ | ᠳᠡᠭᠡᠭᠰᠢᠬᠢ ᠶᠢ ᠡᠵᠡᠯᠡᠨ᠎ᠡ᠃ ᠲᠡᠳᠡ ᠬᠡᠲᠦ᠋ᠢᠪᠡᠷ ᠠᠳᠠᠯᠢ ᠪᠣᠰᠤ ᠨᠤᠲᠤᠭ ᠤᠰᠤ ᠠᠴᠠ ᠢᠷᠡᠭᠰᠡᠨ ᠪᠣᠯᠪᠠᠴᠤ | ᠠᠮᠢᠲᠤᠷᠠᠯ ᠤᠨ ᠳᠠᠳᠬᠠᠯ᠂ ᠵᠠᠩ ᠠᠷᠠᠨᠰᠢᠨ ᠨᠢ ᠪᠦᠷ ᠮᠠᠯᠵᠢᠬᠤ ᠰᠣᠶᠤᠯ ᠠᠴᠠ ᠢᠷᠡᠯᠲᠠᠢ ᠪᠠᠶᠢᠵᠦ᠂ ᠮᠤᠷᠢᠳᠠᠨ ᠤ | ᠬᠤᠪᠢ ᠵᠠᠶᠠᠭ᠎ᠠ ᠲᠠᠢ ᠰᠢᠭᠤᠳ ᠪᠠᠷᠢᠯᠲᠣᠯᠭᠠ ᠲᠠᠢ ᠶᠤᠮ᠃ ︽ᠮᠣᠷᠢᠲᠠᠨ ᠤ ᠬᠡᠶᠢᠮᠦᠷᠢ︾ ᠰᠣᠶᠤᠯ ᠤᠨ | ᠪᠠᠶᠢᠭᠤᠯᠤᠯᠲᠠ ᠶᠢ ᠳᠤᠷᠠᠳᠣᠭᠰᠠᠨ ᠨᠢ ᠲᠡᠲᠡᠨ ᠢ ᠬᠠᠷᠠᠬᠠᠨ ᠪᠠᠭ᠎ᠠ ᠠᠴᠠ ᠨᠢ ᠦᠨᠲᠦᠰᠦᠲᠡᠨ ᠤ ᠦᠪ ᠰᠣᠶᠣᠯ ᠢ | ᠳᠠᠨᠢᠭᠤᠯᠵᠦ᠂ ᠦᠨᠲᠦᠰᠦᠲᠡᠨ ᠤ ᠳᠡᠦᠬᠡ ᠶᠢ ᠮᠡᠳᠡᠭᠦᠯᠵᠦ᠂ ᠮᠣᠩᠭᠤᠯ ᠬᠦᠮᠦᠨ ᠪᠠ ᠮᠣᠩᠭᠤᠯ ᠮᠣᠷᠢ ᠶᠢᠨ | ᠭᠠᠶᠢᠬᠠᠮᠰᠢᠭ ᠢ ᠤᠭᠤᠷᠠᠭ ᠳᠠᠷᠢᠬᠢᠨ ᠳᠤ ᠨᠢ ᠰᠢᠩᠭᠡᠭᠡᠨ᠂ ᠮᠣᠩᠭᠤᠯ ᠦᠨᠲᠦᠰᠦᠲᠡᠨ ᠤ ᠠᠭᠤᠵᠢᠭᠤ ᠪᠠᠭᠳᠠᠭᠠᠮᠵᠢᠲᠠᠢ᠂ | ᠡᠷᠡᠯᠬᠡᠭ ᠪᠠᠭᠠᠲᠣᠷᠯᠢᠭ᠂ ᠤᠶᠤᠨ ᠤᠬᠠᠭᠠᠨ ᠲᠠᠢ᠂ ᠨᠣᠲᠤᠭ ᠣᠰᠣᠨ ᠳᠤ ᠪᠠᠨ ᠬᠠᠶᠢᠷ᠎ᠠ ᠲᠠᠢ ᠵᠤᠷᠢᠭ ᠰᠠᠨᠠᠭ᠎ᠠ ᠶᠢ | ᠵᠠᠯᠭᠠᠮᠵᠢᠯᠠᠨ ᠬᠦᠭᠵᠢᠭᠦᠯᠬᠦ ᠶᠢᠨ ᠲᠦᠯᠦᠭᠡ ᠶᠤᠮ᠃ ᠮᠠᠨ ᠤ ᠰᠢᠯᠢ ᠶᠢᠨ ᠭᠤᠤᠯ ᠠᠶᠢᠮᠠᠭ ᠪᠣᠯ ᠳᠡᠯᠡᠬᠡᠢ ᠳᠡᠭᠡᠷ᠎ᠡ | ᠬᠤᠪᠤᠷᠬᠠᠨ ᠪᠠᠶᠢᠭᠠᠯᠢᠭ ᠲᠠᠯ᠎ᠠ ᠨᠤᠲᠤᠭ ᠤᠨ ᠨᠢᠭᠡ ᠪᠤᠯᠬᠤ ᠮᠦᠷᠲᠡᠭᠡᠨ ᠮᠠᠯᠵᠢᠬᠤ ᠰᠣᠶᠣᠯ ᠢ ᠬᠠᠮᠤᠭ ᠪᠦᠷᠢᠨ | ᠪᠦᠲᠦᠨ ᠬᠠᠳᠠᠭᠠᠯᠠᠵᠦ ᠪᠠᠶᠢᠭ᠎ᠠ ᠭᠠᠵᠠᠷ ᠤᠷᠤᠨ ᠤ ᠨᠢᠭᠡ ᠪᠤᠯᠤᠨ᠎ᠠ᠃ ᠮᠦᠨᠴᠦ 2010 ᠣᠨ ᠤ 4 ᠰᠠᠷ᠎ᠠ ᠶᠢᠨ | 25 ᠳᠤ ᠰᠢᠯᠢ ᠶᠢᠨ ᠭᠤᠤᠯ ᠠᠶᠢᠮᠠᠭ ᠨᠢ ᠰᠢᠯᠢ ᠶᠢᠨ ᠬᠤᠲᠠ ᠪᠠᠷ ᠲᠥᠪ ᠪᠤᠯᠭᠠᠨ ︽ᠳᠣᠮᠳᠠᠳᠣ ᠤᠯᠤᠰ ᠤᠨ | ᠠᠳᠣᠭᠤᠨ ᠰᠣᠶᠣᠯ ᠤᠨ ᠲᠥᠪ︾ ᠬᠡᠮᠡᠨ ᠨᠡᠷᠡᠶᠢᠳᠦᠭᠰᠡᠨ ᠪᠠᠶᠢᠨ᠎ᠠ᠃ ᠡᠶᠢᠮᠦ ᠰᠠᠶᠢᠬᠠᠨ ᠪᠠᠶᠢᠭᠠᠯᠢ ᠲᠠᠢ᠂ ᠡᠶᠢᠮᠦ | ᠰᠠᠶᠢᠬᠠᠨ ᠰᠣᠶᠤᠯ ᠲᠠᠢ᠂ ᠳᠡᠭᠡᠭᠡᠳ ᠪᠠᠰᠠ ︽ᠳᠣᠮᠳᠠᠳᠣ ᠤᠯᠤᠰ ᠤᠨ ᠠᠳᠣᠭᠤᠨ ᠰᠣᠶᠣᠯ ᠤᠨ ᠲᠥᠪ︾᠃ | ᠮᠣᠩᠭᠤᠯ ᠰᠣᠶᠣᠯ ᠤᠨ ᠰᠣᠷᠭᠠᠨ ᠬᠦᠮᠦᠵᠢᠯ ᠤᠨ ᠭᠤᠯᠤᠮᠲᠠ ᠶᠢᠨ ᠨᠢᠭᠡ ᠪᠣᠯᠣᠭᠰᠠᠨ ᠪᠢᠳᠡ ᠡᠨᠡᠬᠦ ᠡᠬᠢ ᠪᠠᠶᠠᠯᠢᠭ ᠢ | ᠠᠰᠢᠭᠯᠠᠵᠣ᠂ ᠬᠠᠮᠠᠭᠠᠯᠠᠵᠤ᠂ ᠬᠦᠭᠵᠢᠭᠦᠯᠵᠦ᠂ ᠦᠪᠡᠷ ᠤᠨ ᠰᠣᠶᠣᠯ ᠳᠡᠦᠬᠡ ᠪᠠᠨ ᠦᠪᠯᠡᠵᠦ ᠣᠯᠠᠮᠵᠢᠯᠠᠬᠤ | ᠡᠭᠦᠷᠭᠡ ᠲᠠᠢ ᠶᠤᠮ᠃ ᠮᠠᠨ ᠤ ᠰᠣᠷᠭᠠᠭᠤᠯᠢ ᠨᠢ ᠬᠡᠲᠦ᠋ᠢᠪᠡᠷ ᠠᠶᠢᠮᠠᠭ ᠤᠨ ᠲᠦᠪ ᠲᠤ ᠪᠠᠶᠢᠷᠢᠯᠠᠵᠦ ᠪᠠᠶᠢᠭ᠎ᠠ ᠪᠣᠯᠪᠠᠴᠤ | ᠂ 1981 ᠣᠨ ᠳᠤ ᠪᠠᠶᠢᠭᠤᠯᠤᠭᠳᠠᠭᠰᠠᠨ ᠠᠴᠠ ᠨᠠᠰᠢ ᠭᠤᠴᠢᠨ ᠬᠡᠲᠦᠨ ᠵᠢᠯ ᠰᠢᠷᠭᠠᠭᠤ ᠵᠠᠮᠨᠠᠯ ᠤᠨ | ᠶᠠᠪᠤᠴᠠ ᠳᠤ ᠪᠠᠨ ᠦᠷᠭᠡᠨ ᠤᠯᠠᠨ ᠮᠠᠯᠴᠢᠨ ᠲᠦᠮᠡᠨ ᠳᠤ ᠦᠢᠯᠡᠴᠢᠯᠡᠬᠦ ᠴᠢᠭᠯᠡᠯᠲᠡ ᠶᠢ ᠪᠠᠷᠢᠮᠲᠠᠯᠠᠵᠦ᠂ ᠮᠣᠩᠭᠤᠯ | ᠦᠷ᠎ᠡ ᠬᠡᠦᠬᠡᠳ ᠤᠳ ᠲᠤ ᠰᠣᠷᠭᠠᠨ ᠬᠦᠮᠦᠵᠢᠯ ᠬᠦᠷᠲᠡᠭᠡᠵᠦ᠂ ᠮᠠᠯᠵᠢᠬᠤ ᠰᠣᠶᠣᠯ᠂ ᠮᠠᠯᠵᠢᠬᠤ ᠠᠮᠢᠲᠤᠷᠠᠯ ᠠᠴᠠ | ᠶᠡᠷᠦ ᠰᠠᠯᠤᠭᠰᠠᠨ ᠦᠭᠡᠢ᠃ ᠬᠡᠲᠦ ᠤᠳᠠᠭ᠎ᠠ ᠨᠡᠷ᠎ᠡ ᠪᠠᠨ ᠰᠣᠯᠢᠵᠦ᠂ ᠨᠠᠰᠢ ᠴᠠᠰᠢ ᠨᠡᠭᠦᠨ ᠰᠢᠯᠵᠢᠭᠰᠡᠨ ᠴᠤ ᠮᠣᠩᠭᠤᠯ | ᠰᠣᠶᠣᠯ ᠳᠤ ᠪᠠᠨ ᠬᠠᠶᠢᠷᠠᠲᠠᠢ ᠥᠷᠭᠡᠨ ᠤᠯᠠᠨ ᠤ ᠳᠡᠮᠵᠢᠯᠭᠡ ᠪᠠ ᠪᠦᠬᠦ ᠪᠠᠭᠰᠢ ᠠᠵᠢᠯᠲᠠᠨ ᠤ ᠦᠢᠯᠡᠰ ᠢᠶᠠᠨ | ᠳᠡᠭᠡᠲᠦᠯᠡᠵᠦ᠂ ᠦᠨᠲᠦᠰᠦᠲᠡᠨ ᠤᠭᠰᠠᠭ᠎ᠠ ᠪᠠᠨ ᠬᠠᠶᠢᠷᠠᠯᠠᠬᠤ ᠬᠠᠯᠠᠭᠤᠨ ᠰᠡᠳᠬᠢᠯᠭᠡ ᠶᠢᠨ ᠬᠦᠴᠦᠨ ᠳᠤ ᠮᠤᠷᠢᠲᠠᠨ | ᠣᠭᠰᠠᠭᠠᠨ ᠤ ᠵᠤᠷᠢᠭ ᠰᠦᠰᠦ ᠶᠢ ᠪᠠᠳᠠᠷᠠᠭᠤᠯᠵᠦ᠂ ᠮᠣᠩᠭᠤᠯ ᠬᠦᠮᠦᠨ ᠤ ᠬᠡᠶᠢᠮᠦᠷᠢ ᠶᠢᠨ ᠷᠢᠳᠢ ᠰᠢᠳᠢ ᠳᠤ | ᠥᠨᠥ ᠶᠢᠨ ᠴᠤᠯ ᠮᠣᠩᠭᠤᠯ ᠦᠨᠲᠦᠰᠦᠲᠡᠨ ᠤ ᠪᠠᠭ᠎ᠠ ᠰᠣᠷᠭᠠᠭᠤᠯᠢ ᠶᠢ ᠦᠯᠡᠳᠡᠭᠡᠨ ᠬᠠᠳᠠᠭᠠᠯᠠᠵᠦ ᠴᠢᠳᠠᠭᠰᠠᠨ ᠶᠤᠮ᠃ | ᠬᠥᠬᠡ ᠮᠣᠷᠢᠨ ᠵᠢᠯ ᠤᠨ ᠴᠠᠭᠠᠨ ᠰᠠᠷ᠎ᠠ ᠠᠴᠠ ᠡᠮᠦᠨᠡᠬᠡᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ | ᠮᠣᠩᠭᠤᠯ ᠳᠤ ᠪᠠᠶᠢᠴᠠᠭᠠᠨ ᠰᠣᠳᠣᠯᠣᠯᠳᠠ ᠬᠢᠬᠦ ᠳᠤ ᠪᠠᠨ ︽ᠥᠪᠦᠷ ᠮᠣᠩᠭᠤᠯ ᠤᠨ ᠦᠨᠲᠦᠰᠦᠲᠡᠨ ᠨᠦᠭᠦᠳ ᠤᠨ | ᠠᠷᠠᠳ ᠲᠦᠮᠡᠨ ᠮᠦᠨ ᠬᠦ ᠮᠣᠩᠭᠤᠯ ᠮᠤᠷᠢᠨ ᠤ ︿ᠰᠢᠷᠭᠠᠭᠤ ᠬᠠᠲᠠᠭᠤᠵᠢᠯᠲᠠᠢ ᠲᠡᠮᠡᠴᠡᠨ ᠴᠤᠴᠠᠯᠲᠠ ᠦᠭᠡᠢ | ᠣᠷᠣᠭᠰᠢᠯᠠᠲᠠᠭ﹀ ᠵᠤᠷᠢᠭ ᠰᠠᠨᠠᠭ᠎ᠠ ᠶᠢ ᠪᠠᠳᠠᠷᠠᠭᠤᠯᠣᠰᠣᠭᠠᠢ︕︾ ᠭᠡᠰᠡᠨ ᠣᠷᠢᠶᠠᠯᠠᠭ᠎ᠠ ᠳᠤ ᠵᠤᠬᠢᠴᠠᠭᠤᠯᠤᠭᠰᠠᠨ | ᠪᠠᠶᠢᠨ᠎ᠠ᠃ ᠣᠯᠣᠰ ᠤᠨ ᠳᠣᠲᠣᠭᠠᠲᠣ ᠭᠠᠳᠠᠭᠠᠲᠦ ᠶᠢᠨ ᠰᠢᠯᠢᠲᠡᠭ ᠰᠣᠷᠭᠠᠨ ᠬᠦᠮᠦᠵᠢᠯ ᠤᠨ ᠣᠨᠤᠯ ᠪᠠ ᠰᠣᠷᠭᠠᠨ | ᠬᠦᠮᠦᠵᠢᠯ ᠤᠨ ᠦᠵᠡᠯ ᠰᠠᠨᠠᠭ᠎ᠠ ᠶᠢ ᠰᠤᠷᠤᠯᠴᠠᠨ ᠰᠢᠩᠭᠡᠭᠡᠨ ᠠᠪᠴᠤ᠂ ᠦᠪᠡᠷ ᠤᠨ ᠰᠤᠷᠭᠠᠭᠤᠯᠢ ᠨᠤᠳᠤᠭ | ᠣᠰᠣᠨ ᠤ ᠪᠣᠳᠠᠳᠣ ᠪᠠᠶᠢᠳᠠᠯ ᠲᠠᠢ ᠤᠶᠠᠯᠲᠤᠭᠤᠯᠪᠠᠯ ᠰᠠᠶ᠋ᠢ ᠳᠠᠪᠰᠢᠩᠭᠤᠢ ᠤᠨᠤᠯ ᠤᠨ ᠳᠣᠯᠬᠤ ᠬᠦᠴᠦᠨ ᠲᠠᠢ | ᠮᠦᠷᠲᠡᠭᠡᠨ ᠦᠪᠡᠷ ᠤᠨ ᠤᠨᠴᠠᠯᠢᠭ ᠢ ᠪᠦᠷᠢᠯᠲᠦᠭᠦᠯᠵᠦ᠂ ᠪᠤᠳᠠᠲᠠᠢ ᠰᠣᠷᠭᠠᠨ ᠬᠦᠮᠦᠵᠢᠬᠦᠯᠬᠦ ᠵᠢᠭᠠᠨ ᠰᠤᠷᠭᠠᠬᠤ | ᠠᠵᠢᠯᠯᠠᠭ᠎ᠠ ᠳᠤᠮᠳᠠ ᠬᠡᠷᠡᠭᠯᠡᠬᠦ ᠪᠠ ᠬᠦᠭᠵᠢᠭᠦᠯᠵᠦ᠂ ᠰᠣᠷᠭᠠᠭᠤᠯᠢ ᠶᠢᠨ ᠰᠤᠶᠤᠯ ᠤᠨ ᠪᠠᠶᠢᠭᠤᠯᠤᠯᠲᠠ ᠶᠢᠨ ᠪᠦᠷᠢᠯᠲᠦᠯ | ︽ᠮᠤᠷᠢᠳᠠᠨ ᠤ ᠬᠡᠶᠢᠮᠦᠷᠢ︾ ᠰᠤᠷᠭᠠᠭᠤᠯᠢ ᠶᠢᠨ ᠰᠤᠶᠤᠯ ᠤᠨ ᠪᠠᠶᠢᠭᠤᠯᠤᠯᠲᠠ ᠪᠤᠢ ᠪᠤᠯᠵᠠᠢ᠃ ᠤᠯᠠᠮᠵᠢᠯᠠᠯᠲᠦ | ᠤᠶᠢᠯᠠᠭᠠᠭᠳᠠᠬᠤᠨ ᠳᠤ ᠮᠤᠷᠢᠲᠠᠨ ᠨᠢ ᠨᠢᠭᠡ ᠲᠠᠯ᠎ᠠ ᠪᠠᠷ ᠡᠷᠡᠯᠬᠡᠭ ᠪᠠᠭᠠᠲᠤᠷᠯᠢᠭ ᠢ ᠢᠯᠡᠷᠡᠭᠦᠯᠵᠦ᠂ ᠨᠦᠭᠦᠬᠡ | ᠲᠠᠯ᠎ᠠ ᠪᠠᠷ ᠦᠨᠲᠦᠰᠦᠲᠡᠨ ᠤ ᠪᠦᠬᠦ᠋ᠢᠯᠡ ᠴᠤᠭᠴᠠ ᠶᠢᠨ ᠴᠢᠨᠠᠷ ᠴᠢᠨᠰᠠᠭ᠎ᠠ ᠶᠢ ᠢᠯᠡᠳᠭᠡᠵᠦ ᠪᠠᠶᠢᠳᠠᠭ᠃ ᠡᠭᠦᠨ ᠳᠤ | ᠪᠡᠶ᠎ᠡ ᠳᠤ ᠪᠠᠨ ᠢᠲᠡᠭᠡᠯ ᠲᠠᠢ᠂ ᠡᠷᠡᠯᠬᠡᠭ ᠪᠠᠭᠠᠲᠣᠷᠯᠢᠭ᠂ ᠳᠡᠰᠪᠦᠷᠢ ᠳᠠᠭᠠᠭᠠᠮᠠᠭᠠᠢ᠂ ᠴᠤᠪᠤᠭᠤ ᠰᠡᠷᠭᠦᠯᠡᠩ᠂ ᠨᠤᠳᠤᠭ | ᠤᠰᠤᠨ ᠳᠤ ᠪᠠᠨ ᠡᠭᠡᠯᠢᠲᠡᠢ᠂ ᠣᠬᠠᠭᠠᠯᠢᠭ ᠬᠦᠮᠦᠨ ᠢ ᠬᠦᠮᠦᠵᠢᠭᠦᠯᠬᠦ ᠠᠭᠤᠯᠭ᠎ᠠ ᠶᠢ ᠪᠠᠭᠲᠠᠭᠠᠵᠤ᠂ ᠬᠡᠶᠢᠮᠦᠷᠢ ᠨᠢ | ᠮᠣᠩᠭᠤᠯ ᠬᠦᠮᠦᠨ ᠤ ᠰᠦᠯᠲᠡ ᠵᠤᠯᠪᠤᠭ᠎ᠠ᠂ ᠦᠭᠡᠲᠡ ᠡᠰᠡᠷᠡᠭ ᠪᠠᠶᠢᠬᠤ ᠶᠢ ᠪᠡᠯᠭᠡᠳᠡᠵᠦ ᠪᠠᠶᠢᠳᠠᠭ᠃ ᠰᠣᠷᠭᠠᠭᠤᠯᠢ ᠨᠢ | ︽ᠮᠤᠷᠢᠲᠠᠨ ᠤ ᠬᠡᠶᠢᠮᠦᠷᠢ︾ ᠰᠣᠷᠭᠠᠭᠤᠯᠢ ᠶᠢᠨ ᠰᠣᠶᠣᠯ ᠤᠨ ᠪᠠᠶᠢᠭᠤᠯᠤᠯᠲᠠ ᠶᠢᠨ ᠲᠦᠰᠦᠪ ᠢ ᠪᠠᠭᠰᠢ ᠠᠵᠢᠯᠲᠠᠨ ᠤ | ᠳᠣᠮᠳᠠ ᠨᠡᠶᠢᠳᠡᠯᠡᠨ ᠣᠯᠠᠨ ᠤ ᠰᠠᠨᠠᠯ ᠰᠠᠨᠠᠭᠤᠯᠭ᠎ᠠ ᠶᠢ ᠦᠷᠭᠡᠨ ᠢᠶᠠᠷ ᠬᠤᠷᠢᠶᠠᠭᠰᠠᠨ ᠤ ᠬᠠᠮᠲᠦ ᠡᠨᠡᠬᠦ ᠰᠣᠶᠣᠯ ᠤᠨ | ᠪᠠᠶᠢᠭᠤᠯᠤᠯᠲᠠ ᠯᠤᠭ᠎ᠠ ᠵᠤᠬᠢᠴᠠᠯᠳᠣᠭᠰᠠᠨ ᠰᠣᠷᠭᠠᠭᠤᠯᠢ ᠡᠷᠬᠢᠯᠡᠬᠦ ᠬᠠᠷᠠᠯᠲᠠ᠂ ᠬᠦᠮᠦᠵᠢᠭᠦᠯᠬᠦ ᠬᠠᠷᠠᠯᠲᠠ᠂ | ᠰᠤᠷᠭᠠᠭᠤᠯᠢ ᠶᠢᠨ ᠰᠣᠷᠳᠠᠯ᠂ ᠵᠢᠭᠠᠬᠤ ᠰᠣᠷᠳᠠᠯ᠂ ᠰᠣᠷᠬᠤ ᠰᠣᠷᠳᠠᠯ ᠤᠨ ᠠᠭᠤᠯᠭ᠎ᠠ ᠶᠢ ᠪᠠᠭᠰᠢ ᠠᠵᠢᠯᠲᠠᠨ ᠤ | ᠳᠣᠮᠲᠠ ᠠᠴᠠ ᠬᠤᠷᠢᠶᠠᠨ ᠡᠮᠬᠢᠳᠭᠡᠵᠦ ᠪᠣᠯᠪᠠᠰᠣᠷᠠᠭᠤᠯᠤᠨ ᠭᠠᠷᠭᠠᠭᠰᠠᠨ ᠪᠠᠶᠢᠨ᠎ᠠ᠃ ᠮᠠᠨ ᠤ ᠰᠤᠷᠭᠠᠭᠤᠯᠢ ᠶᠢᠨ | ᠮᠤᠷᠢᠳᠠᠨ ᠤ ᠬᠡᠶᠢᠮᠦᠷᠢ ᠭᠤᠤᠯ ᠤᠡᠴᠠᠯᠢᠭ ᠨᠢ ︽ᠮᠤᠷᠢᠲᠠᠢ ᠮᠣᠩᠭᠤᠯ ᠤᠨ ᠨᠤᠮ ᠲᠠᠢ ᠬᠡᠤᠬᠡᠳ︾ ᠪᠠ ︽ᠮᠤᠷᠢᠲᠠᠢ | ᠮᠣᠩᠭᠤᠯ ᠤᠨ ᠮᠤᠷᠠᠯ ᠲᠠᠢ ᠬᠡᠤᠬᠡᠳ︾ ᠭᠡᠭᠦ ᠬᠤᠶᠠᠷ ᠵᠦᠢᠯ ᠤᠨ ᠭᠤᠤᠯ ᠪᠤᠳᠠᠳᠤ ᠠᠵᠢᠯᠯᠠᠭ᠎ᠠ ᠪᠠᠷ ᠶᠠᠪᠤᠭᠳᠠᠳᠠᠭ᠃ | ︽ᠮᠤᠷᠢᠲᠠᠢ ᠮᠣᠩᠭᠤᠯ ᠤᠨ ᠨᠤᠮ ᠲᠠᠢ ᠬᠡᠤᠬᠡᠳ︾ ᠬᠢᠴᠢᠶᠡᠯᠯᠡᠭᠡ ᠪᠤᠯ ᠮᠣᠩᠭᠤᠯ ᠰᠡᠳᠬᠢᠬᠦᠢ ᠲᠠᠢ᠂ ᠴᠠᠭ ᠡᠷᠡᠨ ᠤ | ᠬᠠᠷᠠᠭ᠎ᠠ ᠲᠠᠢ ᠬᠦᠮᠦᠨ ᠢ ᠬᠦᠮᠦᠵᠢᠬᠦᠯᠬᠦ ᠬᠠᠷᠠᠯᠲᠠ ᠲᠠᠢ ᠰᠠᠭᠤᠷᠢᠯᠠᠭᠰᠠᠨ ᠦᠡᠳᠦᠰᠦᠳᠡᠨ ᠤ ᠤᠡᠴᠠᠯᠢᠭᠳᠤ | ᠬᠢᠴᠢᠶᠡᠯᠯᠡᠭᠡ ᠶᠢᠨ ᠰᠤᠶᠤᠯ᠂ ᠦᠵᠡᠯ ᠰᠠᠨᠠᠭᠠᠨ ᠤ ᠬᠠᠶᠢᠯᠲᠠ ᠪᠤᠯᠤᠨ᠎ᠠ᠃ ᠮᠣᠩᠭᠤᠯ ᠬᠡᠤᠬᠡᠳ ᠤᠨ ᠦᠨᠳᠦᠰᠦ | ᠤᠭᠰᠠᠭ᠎ᠠ ᠪᠠᠨ ᠮᠡᠳᠡᠬᠦ᠂ ᠦᠪ ᠰᠤᠶᠤᠯ ᠢᠶᠠᠨ ᠵᠠᠯᠭᠠᠮᠵᠢᠯᠠᠬᠤ ᠰᠠᠭᠤᠷᠢᠨ ᠳᠡᠭᠡᠷ᠎ᠡ ᠮᠣᠩᠭᠤᠯ ᠢᠶᠠᠷ ᠢᠶᠠᠨ ᠰᠡᠳᠬᠢᠨ | ᠰᠤᠷᠤᠯᠴᠠᠬᠤ ᠶᠢ ᠵᠤᠷᠢᠭᠵᠢᠭᠤᠯᠬᠤ ᠶᠢᠨ ᠲᠦᠯᠦᠭᠡ ᠠᠪᠤᠭᠰᠠᠨ ᠴᠢᠷᠮᠠᠶᠢᠯᠭ᠎ᠠ ᠪᠤᠯᠤᠨ᠎ᠠ᠃ ᠡᠨᠡᠬᠦ ᠬᠢᠴᠢᠶᠡᠯᠯᠡᠭᠡ ᠪᠠᠨ | ᠰᠤᠷᠤᠭᠴᠢ ᠶᠢᠨ ᠪᠤᠳᠠᠳᠤ ᠪᠠᠶᠢᠳᠠᠯ ᠳᠤ ᠵᠤᠬᠢᠴᠠᠭᠤᠯᠤᠨ᠂ ᠰᠤᠷᠤᠭᠴᠢ ᠶᠢᠨ ᠬᠡᠯᠡ ᠰᠡᠳᠬᠢᠬᠦᠢ ᠠᠯᠳᠠᠭᠳᠠᠵᠤ ᠪᠠᠶᠢᠭ᠎ᠠ | ᠪᠠᠶᠢᠳᠠᠯ ᠳᠤ ᠴᠢᠭᠯᠡᠭᠦᠯᠦᠨ ᠤᠯᠠᠨ ᠵᠦᠢᠯ ᠤᠨ ᠬᠡᠯᠪᠡᠷᠢ ᠶᠢᠨ ᠬᠢᠴᠢᠶᠡᠯ ᠢ ᠨᠡᠭᠡᠭᠡᠵᠦ᠂ ᠤᠯᠠᠨ ᠡᠰᠢᠳᠤ ᠬᠦᠭᠵᠢᠯᠲᠠ ᠶᠢ | ᠪᠠᠶᠠᠯᠠᠬᠦᠯᠬᠦ ᠪᠠᠷ ᠵᠠᠩᠬᠢᠯᠠᠭ᠎ᠠ ᠪᠣᠯᠭᠠᠵᠠᠢ᠃ ᠵᠦᠢᠷ ᠰᠡᠴᠡᠨ ᠦᠬᠡ᠂ ᠰᠢᠯᠦᠭ ᠮᠠᠭᠳᠠᠭᠠᠯ ᠴᠡᠬᠡᠵᠢᠯᠡᠬᠦ᠂ ᠬᠡᠦᠬᠡᠳ ᠤᠨ | ᠦᠨᠳᠦᠰᠦᠨ ᠮᠡᠳᠡᠯᠬᠡ ᠶᠢ ᠪᠠᠳᠤᠳᠬᠠᠨ ᠡᠵᠡᠮᠰᠢᠬᠦᠯᠬᠦ ᠦᠨᠳᠦᠰᠦᠨ ᠴᠢᠳᠠᠪᠦᠷᠢ ᠶᠢᠨ ᠤᠷᠤᠯᠳᠤᠭᠠᠨ᠂ ᠤᠨᠴᠠᠯᠢᠭᠳᠤ | ᠳᠠᠰᠬᠠᠯ ᠤᠨ ᠮᠦᠷᠦ᠋ᠢᠴᠡᠬᠡᠨ ᠵᠡᠷᠬᠡ ᠠᠭᠤᠯᠭ᠎ᠠ ᠪᠠᠷ ᠰᠠᠷ᠎ᠠ ᠪᠤᠯᠭᠠᠨ ᠨᠢᠬᠡ ᠤᠳᠠᠭᠠᠨ ᠤ ᠰᠢᠷᠢᠰ ᠠᠵᠢᠯᠯᠠᠭ᠎ᠠ ᠶᠢ | ᠦᠷᠨᠢᠬᠦᠯᠵᠦ᠂ ᠬᠡᠷ ᠤᠨ ᠠᠬᠠᠮᠠᠳ ᠪᠤᠯᠤᠨ ᠪᠠᠭᠰᠢ ᠰᠤᠷᠤᠭᠴᠢᠳ ᠬᠠᠮᠳᠤᠷᠠᠭᠰᠠᠨ ᠵᠠᠩ ᠦᠢᠯᠡ ᠶᠢᠨ ᠬᠢᠴᠢᠶᠡᠯ ᠢ | ᠦᠷᠨᠢᠬᠦᠯᠵᠦ᠂ ᠰᠤᠷᠤᠯᠴᠠᠵᠤ ᠴᠢᠳᠠᠬᠤ᠂ ᠰᠡᠳᠬᠢᠵᠦ ᠴᠢᠳᠠᠬᠤ᠂ ᠡᠬᠦᠳᠴᠦ ᠴᠢᠳᠠᠬᠤ ᠳᠠᠯ᠎ᠠ ᠶᠢᠨ ᠴᠢᠳᠠᠪᠦᠷᠢ ᠶᠢᠨ | ᠰᠠᠭᠤᠷᠢ ᠶᠢ ᠳᠠᠯᠪᠢᠭᠰᠠᠨ ᠪᠠᠶᠢᠨ᠎ᠠ᠃ | ︽ᠮᠤᠷᠢᠲᠠᠢ ᠮᠣᠩᠭᠤᠯ ᠤᠨ ᠮᠤᠷᠠᠯ ᠲᠠᠢ ᠬᠡᠤᠬᠡᠳ︾ ᠮᠤᠷᠠᠯ ᠬᠦᠮᠦᠵᠢᠯ ᠤᠨ ᠵᠠᠭᠪᠤᠷ ᠢ ᠲᠤᠬᠳᠠᠵᠦ ᠪᠦᠬᠦ | ᠰᠤᠷᠭᠠᠭᠤᠯᠢ ᠶᠢᠨ ᠬᠦᠷᠢᠶᠠᠨ ᠳᠤ ᠮᠡᠡᠳᠤᠴᠢᠯᠡᠬᠦ ᠶᠤᠰᠤ ᠶᠢ ᠲᠦᠭᠡᠮᠡᠯᠵᠢᠯᠡᠬᠦᠯᠵᠦ᠂ ᠰᠤᠷᠤᠭᠴᠢ ᠪᠦᠬᠦᠨ ᠪᠤᠯᠪᠠᠰᠤᠨ | ᠶᠤᠰᠤᠷᠬᠠᠭ ᠪᠠᠶᠢᠵᠦ᠂ ᠠᠪᠤ ᠡᠵᠢ ᠠᠬᠠᠮᠠᠳ ᠲᠤᠮᠤᠭᠠᠳᠠᠳ ᠪᠤᠯᠤᠨ ᠪᠠᠭᠰᠢ ᠨᠠᠷ ᠲᠠᠢ ᠪᠠᠨ ᠠᠭᠤᠯᠵᠠᠪᠠᠯ ︽ᠰᠠᠶᠢᠨ | ᠤᠤ︖︾ ᠬᠡᠵᠦ ᠮᠡᠡᠳᠤᠯᠡᠳᠡᠭ ᠰᠠᠶᠢᠬᠠᠨ ᠳᠠᠳᠬᠠᠯ ᠲᠠᠢ ᠪᠤᠯᠭᠠᠨ ᠬᠦᠮᠦᠵᠢᠬᠦᠯᠦᠭᠰᠡᠨ ᠪᠢᠯᠡ᠃ ᠮᠦᠡᠴᠦ ᠠᠪᠤ | ᠡᠵᠢ ᠪᠠᠨ ᠬᠠᠶᠢᠷᠠᠯᠠᠬᠤ᠂ ᠬᠡᠷ ᠪᠦᠯᠢ ᠪᠠᠨ ᠬᠠᠶᠢᠷᠠᠯᠠᠬᠤ᠂ ᠪᠠᠭᠰᠢ ᠪᠠᠨ ᠬᠦᠡᠳᠦᠳᠭᠡᠬᠦ᠂ ᠬᠠᠶᠢᠷ᠎ᠠ ᠬᠠᠯᠠᠮᠵᠢ ᠪᠠᠨ | ᠬᠦᠷᠳᠡᠭᠡᠬᠦ᠂ ᠠᠮᠢ ᠠᠬᠤᠢ ᠤᠷᠴᠢᠨ ᠲᠤᠭᠤᠷᠢᠨ ᠢᠶᠠᠨ ᠬᠠᠮᠠᠭᠠᠯᠠᠬᠤ᠂ ᠪᠠᠶᠠᠷ ᠲᠤᠷᠠᠰᠬᠠᠯ ᠤᠨ ᠡᠳᠦᠷ ᠭᠤᠤᠯ | ᠰᠡᠳᠤᠪᠳᠤ ᠠᠵᠢᠯᠯᠠᠭ᠎ᠠ ᠦᠷᠨᠢᠬᠦᠯᠬᠦ᠂ ᠨᠡᠭᠦᠳᠡᠯ ᠰᠤᠶᠤᠯ ᠤᠨ ᠬᠦᠮᠦᠵᠢᠯ ᠬᠢᠬᠦ᠂ ᠤᠯᠠᠨ ᠵᠦᠢᠯ ᠤᠨ | ᠦᠢᠯᠡᠳᠦᠯᠬᠡ ᠶᠢᠨ ᠠᠵᠢᠯᠯᠠᠭ᠎ᠠ ᠳᠤ ᠤᠷᠤᠯᠴᠠᠬᠤ᠂ ᠤᠯᠠᠮᠵᠢᠯᠠᠯᠲᠤ ᠲᠠᠮᠢᠷ ᠤᠷᠠᠯᠢᠭ ᠤᠨ ᠬᠦᠮᠦᠵᠢᠯ ᠬᠢᠬᠦ ᠵᠡᠷᠭᠡ | ᠤᠯᠠᠨ ᠲᠠᠯ᠎ᠠ ᠶᠢᠨ ᠬᠦᠳᠡᠯᠪᠦᠷᠢ ᠦᠷᠨᠢᠬᠦᠯᠵᠦ ᠪᠠᠶᠢᠳᠠᠭ᠃ ᠰᠤᠷᠤᠭᠴᠢᠳ ᠤᠨ ᠰᠤᠷᠤᠯᠴᠠᠬᠤ ᠤᠷᠮ᠎ᠠ ᠪᠠᠬ᠎ᠠ ᠶᠢ | ᠭᠦᠭᠵᠢᠬᠡᠵᠦ᠂ ᠡᠯ᠎ᠡ ᠲᠠᠯ᠎ᠠ ᠶᠢᠨ ᠠᠪᠢᠶᠠᠰ ᠴᠢᠳᠠᠪᠤᠷᠢ ᠶᠢ ᠬᠦᠮᠦᠵᠢᠬᠦᠯᠬᠦ ᠪᠠᠷ ᠱᠠᠭ᠎ᠠ ᠨᠠᠭᠠᠳᠬᠤ᠂ ᠮᠣᠩᠭᠤᠯ | ᠰᠢᠳᠠᠷ᠎ᠠ᠂ ᠶᠠᠳᠤᠭ᠎ᠠ᠂ ᠮᠤᠷᠢᠨ ᠬᠤᠭᠤᠷ᠂ ᠪᠦᠵᠢᠭ᠂ ᠮᠣᠩᠭᠤᠯ ᠤᠶᠤᠳᠠᠯ᠂ ᠠᠷᠠᠰᠤᠨ ᠤᠷᠠᠯᠠᠯ᠂ ᠮᠣᠩᠭᠤᠯ ᠪᠦᠷᠭᠡ | ᠂ ᠰᠤᠷ ᠬᠠᠷᠪᠤᠯᠲᠠ᠂ ᠤᠷᠠᠨ ᠪᠢᠴᠢᠯᠭᠡ᠂ ᠤᠷᠠᠨ ᠵᠢᠷᠤᠭ᠂ ᠭᠠᠷ ᠤᠷᠠᠯᠠᠯ᠂ ᠳᠠᠭᠤᠤ᠂ ᠬᠦᠯ ᠪᠦᠮᠪᠦᠭᠡ᠂ ︽ | ᠠᠳᠤᠭᠤᠨ ᠰᠤᠶᠤᠯ︾ ᠤᠨ ᠵᠠᠩ ᠦᠢᠯᠡ ᠵᠡᠷᠭᠡ ᠬᠤᠷᠢᠨ ᠬᠡᠳᠤᠨ ᠵᠦᠢᠯ ᠤᠨ ᠲᠤᠷ᠎ᠠ ᠰᠤᠨᠢᠷᠬᠠᠯᠳᠤ ᠬᠢᠴᠢᠶᠡᠯ ᠢ | ᠨᠡᠭᠡᠭᠡᠵᠦ ᠪᠠᠶᠢᠨ᠎ᠠ᠃ ︽ᠮᠤᠷᠢᠳᠠᠨ ᠤ ᠬᠡᠶᠢᠮᠦᠷᠢ︾ ᠤᠨᠴᠠᠯᠢᠭᠳᠤ ᠰᠤᠷᠭᠠᠭᠤᠯᠢ ᠶᠢᠨ ᠠᠳᠤᠭᠤᠨ ᠰᠤᠶᠤᠯ ᠤᠨ | ᠦᠢᠯᠡᠳᠦᠯᠬᠡ ᠶᠢᠨ ᠬᠢᠴᠢᠶᠡᠯ ᠢ ᠨᠡᠩ ᠪᠤᠳᠠᠳᠠᠶᠢᠵᠢᠭᠤᠯᠬᠤ ᠶᠢᠨ ᠳᠦᠯᠦᠬᠡ ᠳᠤᠰᠬᠠᠢ ᠮᠠᠯᠴᠢᠨ ᠡᠷᠦᠬᠡ ᠲᠠᠢ ᠬᠠᠮᠳᠤᠷᠠᠨ | ᠠᠳᠤᠭᠤᠨ ᠰᠤᠶᠤᠯ ᠤᠨ ᠰᠠᠭᠤᠷᠢᠨ ᠭᠠᠵᠠᠷ ᠢ ᠪᠠᠶᠢᠭᠤᠯᠵᠤ᠂ ᠰᠠᠷ᠎ᠠ ᠳᠤ ᠨᠢᠬᠡ ᠤᠳᠠᠭᠠᠨ ᠤ ᠮᠠᠯᠵᠢᠬᠤ ᠰᠤᠶᠤᠯ ᠳᠤ | ᠪᠡᠶ᠎ᠡ ᠪᠠᠷ ᠢᠶᠠᠨ ᠤᠷᠤᠯᠴᠠᠬᠤ ᠬᠦᠳᠡᠯᠬᠡᠬᠡᠨ ᠢ ᠵᠤᠬᠢᠶᠠᠨ ᠪᠠᠶᠢᠭᠤᠯᠵᠤ᠂ ᠨᠦᠬᠦᠴᠡᠯ ᠢ ᠪᠦᠷᠢᠯᠳᠦᠬᠦᠯᠦᠭᠰᠡᠨ ᠠᠴᠠ | ᠨᠡᠬᠦᠳᠡᠯ ᠰᠤᠶᠤᠯ ᠤᠨ ᠮᠠᠷᠳᠠᠭᠳᠠᠬᠤ ᠰᠢᠬᠠᠭᠰᠠᠨ ᠵᠦᠢᠯ ᠢ ᠰᠤᠷᠤᠭᠴᠢᠳ ᠲᠤ ᠪᠠᠨ ᠠᠯᠢ ᠴᠢᠳᠠᠬᠤ ᠪᠠᠷ | ᠨᠦᠬᠦᠪᠦᠷᠢᠯᠡᠵᠦ ᠴᠢᠳᠠᠭᠰᠠᠨ ᠪᠠᠶᠢᠨ᠎ᠠ᠃ ᠮᠦᠨᠴᠦ ᠭᠠᠷᠠᠭ ᠪᠤᠯᠭᠠᠨ ᠤ ᠭᠠᠷᠠᠭ ᠤᠨ ᠳᠠᠪᠤᠨ ᠤ ᠡᠳᠦᠷ ᠢ | ᠦᠢᠯᠡᠳᠦᠯᠬᠡ ᠶᠢᠨ ᠠᠵᠢᠯᠯᠠᠭ᠎ᠠ ᠳᠤ ᠤᠷᠤᠯᠴᠠᠬᠤ ᠡᠳᠦᠷ ᠢᠶᠠᠷ ᠳᠤᠭᠳᠠᠭᠠᠨ᠂ ᠦᠳᠡ ᠶᠢᠨ ᠡᠮᠦᠨ᠎ᠡ ᠰᠤᠷᠭᠠᠭᠤᠯᠢ ᠶᠢᠨ | ᠬᠦᠷᠢᠶᠡᠨ ᠳᠤ ᠪᠠᠨ ᠡᠯ᠎ᠡ ᠵᠦᠢᠯ ᠤᠨ ᠠᠵᠢᠯ ᠬᠦᠳᠡᠯᠮᠦᠷᠢ ᠬᠢᠬᠦ᠂ ᠨᠤᠮ ᠤᠩᠰᠢᠬᠤ᠂ ᠶᠤᠰᠤ ᠰᠤᠷᠳᠠᠬᠤᠨ ᠤ | ᠬᠢᠴᠢᠶᠡᠯ ᠰᠤᠨᠤᠰᠬᠤ᠂ ᠬᠠᠤᠯᠢ ᠴᠠᠭᠠᠵᠠ ᠶᠢᠨ ᠮᠡᠳᠡᠯᠬᠡ ᠰᠤᠷᠤᠯᠴᠠᠬᠤ ᠵᠡᠷᠭᠡ ᠤᠯᠠᠨ ᠵᠦᠢᠯ ᠤᠨ ᠬᠡᠯᠪᠡᠷᠢ ᠪᠠᠷ | ᠦᠷᠨᠢᠬᠦᠯᠵᠦ᠂ ᠦᠳᠡ ᠶᠢᠨ ᠬᠤᠶᠢᠨ᠎ᠠ ᠰᠤᠷᠭᠠᠭᠤᠯᠢ ᠶᠢᠨ ᠬᠦᠷᠢᠶᠡᠨ ᠠᠴᠠ ᠭᠠᠷᠴᠤ ᠰᠢᠯᠢ ᠶᠢᠨ ᠭᠤᠤᠯ ᠤᠨ | ᠠᠶᠢᠮᠠᠭ ᠤᠨ ᠮᠦᠽᠧᠢ ᠶᠢ ᠳᠤᠭᠤᠷᠢᠨ ᠦᠵᠡᠬᠦ᠂ ᠰᠢᠯᠢ ᠶᠢᠨ ᠭᠤᠤᠯ ᠠᠵᠢᠯ ᠮᠡᠷᠭᠡᠵᠢᠯ ᠤᠨ ᠰᠤᠷᠭᠠᠭᠤᠯᠢ ᠶᠢᠨ | ᠨᠤᠮ ᠤᠨ ᠰᠠᠩ᠂ ᠪ᠊ ᠪᠢᠯᠢᠭ ᠤᠨ ᠵᠢᠷᠤᠭ ᠤᠨ ᠦᠵᠡᠰᠭᠦᠯᠠᠩ ᠢ ᠰᠤᠨᠢᠷᠬᠠᠬᠤ᠂ ᠬᠦᠳᠡᠭᠡ ᠬᠡᠬᠡᠷ᠎ᠡ ᠵᠤᠭᠠᠴᠠᠬᠤ᠂ | ᠦᠨᠦᠴᠢᠨ ᠬᠡᠤᠬᠡᠳ ᠤᠨ ᠬᠦᠷᠢᠶᠠᠯᠡᠩ ᠳᠤ ᠤᠴᠢᠬᠤ᠂ ᠨᠠᠰᠤᠳᠠᠶᠢᠴᠤᠳ ᠤᠨ ᠠᠰᠠᠷᠠᠮᠵᠢ ᠶᠢᠨ ᠬᠦᠷᠢᠶᠠᠯᠡᠩ ᠳᠤ | ᠤᠴᠢᠬᠤ ᠬᠡᠭᠦ ᠮᠡᠳᠦ ᠶᠢᠨ ᠬᠦᠳᠡᠯᠭᠡᠭᠡᠨ ᠢ ᠦᠷᠨᠢᠬᠦᠯᠵᠦ ᠰᠤᠷᠤᠭᠴᠢᠳ ᠢ ᠬᠠᠷᠠᠬᠠᠨ ᠪᠠᠭ᠎ᠠ ᠠᠴᠠ ᠨᠢ ᠲᠡᠤᠭᠡ | ᠰᠤᠶᠤᠯ ᠢᠶᠠᠨ ᠮᠡᠳᠡᠳᠡᠭ ᠪᠤᠯᠪᠠᠰᠤᠨ ᠶᠤᠰᠤᠷᠬᠠᠭ ᠬᠠᠯᠠᠭᠤᠨ ᠰᠡᠳᠬᠢᠯ ᠲᠠᠢ ᠵᠦᠪ ᠮᠣᠩᠭᠤᠯ ᠬᠡᠤᠬᠡᠳ ᠢ | ᠬᠦᠮᠦᠵᠢᠬᠦᠯᠬᠦ ᠪᠠᠷ ᠴᠢᠷᠮᠠᠶᠢᠵᠦ ᠬᠢᠭᠰᠡᠭᠡᠷ ᠢᠷᠡᠭᠰᠡᠨ ᠪᠢᠯᠡ᠃ ᠲᠤᠰᠬᠠᠢ ᠪᠠᠭᠰᠢ ᠶᠢᠨ ᠬᠦᠭᠵᠢᠯᠲᠠ ᠶᠢᠨ | ᠪᠤᠯᠪᠠᠰᠤᠷᠠᠯ ᠤᠨ ᠤᠳᠤᠷᠢᠳᠬᠤ ᠲᠤᠭᠤᠶᠢᠯᠠᠩ ᠢ ᠪᠠᠶᠢᠭᠤᠯᠵᠦ ᠲᠤᠳᠤᠭᠠᠳᠤ ᠪᠤᠯᠪᠠᠰᠤᠷᠠᠯ ᠢᠶᠠᠷ ᠭᠤᠤᠯ ᠪᠤᠯᠭᠠᠨ᠂ | ᠭᠠᠳᠠᠭᠠᠳᠤ ᠪᠤᠯᠪᠠᠰᠤᠷᠠᠯ ᠢᠶᠠᠷ ᠨᠦᠬᠦᠪᠦᠷᠢᠯᠡᠨ᠂ ᠰᠤᠷᠭᠠᠭᠤᠯᠢ ᠠᠴᠠ ᠬᠤᠭᠤᠴᠠᠭ᠎ᠠ ᠪᠤᠯᠭᠠᠨ ᠲᠤᠰᠬᠠᠢ ᠵᠠᠷᠤᠳᠠᠯ | ᠭᠠᠷᠭᠠᠨ ᠪᠠᠭᠰᠢ ᠶᠢᠨ ᠬᠦᠭᠵᠢᠯᠲᠠ ᠳᠤ ᠳᠠᠪᠴᠠᠩ ᠬᠠᠨᠭ᠍ᠭᠠᠨ᠂ ᠪᠠᠭᠰᠢ ᠶᠢᠨ ᠡᠩᠨᠡᠭᠡᠨ ᠤ ᠪᠦᠳᠦᠭᠡᠨ | ᠪᠠᠶᠢᠭᠤᠯᠤᠯᠲᠠ ᠶᠢ ᠲᠦᠷᠭᠡᠳᠭᠡᠨ ︽ᠳᠠᠭᠠᠭᠤᠯᠤᠭᠴᠢ ᠪᠠᠭᠰᠢ ᠶᠢᠨ ᠲᠦᠷᠢᠮ ︾ ᠢ ᠬᠡᠷᠡᠭᠵᠢᠬᠦᠯᠵᠦ᠂ ᠰᠤᠷᠭᠠᠭᠤᠯᠢ ᠶᠢᠨ | ᠲᠤᠳᠤᠷ᠎ᠠ ᠪᠠᠨ ᠰᠢᠯᠢᠳᠡᠭ ᠪᠠᠭᠰᠢ ᠶᠢ ᠤᠷᠢᠨ᠂ ᠳᠠᠭᠠᠭᠤᠯᠤᠭᠴᠢ ᠪᠠᠭᠰᠢ ᠶᠢᠨ ᠡᠩᠨᠡᠭᠡ ᠶᠢ ᠪᠠᠶᠢᠭᠤᠯᠵᠦ᠂ | ᠳᠠᠭᠠᠭᠤᠯᠤᠭᠴᠢ ᠪᠠᠭᠰᠢ ᠪᠤᠯᠭᠠᠨ ᠬᠡᠳᠤᠨ ᠨᠡᠷ᠎ᠡ ᠵᠠᠯᠠᠭᠤ ᠪᠠᠭᠰᠢ ᠳᠠᠭᠠᠭᠤᠯᠵᠦ᠂ ᠪᠠᠭᠰᠢ ᠶᠢᠨ ᠬᠦᠭᠵᠢᠯᠲᠠ ᠶᠢᠨ | ᠪᠦᠯᠬᠦᠮ ᠢ ᠪᠦᠷᠢᠯᠳᠤᠭᠦᠯᠪᠠ᠃ ᠰᠠᠷ᠎ᠠ ᠪᠤᠯᠭᠠᠨ ᠨᠢᠭᠡ ᠤᠳᠠᠭᠠᠨ ᠤ ᠬᠦᠳᠡᠯᠭᠡᠭᠡᠨ ᠦᠷᠨᠢᠬᠦᠯᠵᠦ᠂ ᠨᠢᠭᠡ ᠬᠢᠴᠢᠶᠡᠯ | ᠰᠤᠨᠤᠰᠬᠤ ᠶᠢᠨ ᠬᠠᠮᠳᠤ ᠬᠤᠯᠪᠤᠭᠳᠠᠯ ᠪᠦᠬᠦᠢ ᠲᠤᠰᠬᠠᠢ ᠰᠡᠳᠤᠪ ᠢ ᠬᠦᠡᠵᠡᠬᠡᠢ ᠰᠤᠳᠤᠯᠤᠨ ᠶᠠᠷᠢᠯᠴᠠᠵᠦ᠂ | ᠳᠠᠭᠠᠭᠤᠯᠤᠭᠴᠢ ᠪᠠᠭᠰᠢ ᠶᠢᠨ ᠲᠤᠰᠢᠶᠠᠭᠰᠠᠨ ᠡᠭᠦᠷᠭᠡ ᠶᠢ ᠨᠠᠷᠢᠨ ᠬᠢᠨᠠᠮᠠᠭᠠᠢ ᠡᠯ᠎ᠡ ᠵᠦᠢᠯ ᠤᠨ ᠵᠢᠭᠠᠨ | ᠰᠤᠷᠭᠠᠯᠲᠠ ᠶᠢᠨ ᠬᠦᠳᠡᠯᠭᠡᠭᠡᠨ ᠦᠷᠨᠢᠬᠦᠯᠬᠦ︔ ᠭᠠᠳᠠᠭᠰᠢ ᠲᠤᠮᠢᠯᠠᠨ ᠰᠤᠷᠤᠯᠴᠠᠭᠤᠯᠬᠤ ᠵᠡᠷᠭᠡ ᠠᠷᠭ᠎ᠠ ᠠᠪᠴᠢᠯ ᠢ | ᠠᠪᠴᠤ ᠪᠠᠭᠰᠢ ᠶᠢᠨ ᠬᠦᠭᠵᠢᠯᠲᠠ ᠳᠤ ᠰᠢᠨ᠎ᠡ ᠲᠠᠪᠴᠠᠩ ᠬᠠᠨᠭ᠍ᠭᠠᠵᠠᠢ᠃ ︽ᠡᠷᠳᠡᠮᠳᠡᠨ ᠪᠠᠭᠰᠢ ᠨᠠᠷ ᠢ ᠵᠠᠯᠠᠵᠦ | ᠠᠪᠴᠢᠷᠠᠬᠤ︾ ᠪᠠ ︽ᠦᠪᠡᠷ ᠤᠨ ᠪᠠᠭᠰᠢ ᠭᠠᠷᠴᠤ ᠶᠠᠪᠤᠬᠤ︾ ᠤᠶᠠᠯᠳᠤᠭᠰᠠᠨ ᠪᠤᠯᠪᠠᠰᠤᠷᠠᠯ ᠢ ᠡᠷᠬᠢᠯᠡᠵᠦ᠂ | ᠭᠠᠳᠠᠭᠰᠢ ᠰᠤᠷᠤᠯᠴᠠᠭᠰᠠᠨ ᠤᠶᠢᠯᠠᠭᠠᠯᠲᠠ ᠪᠢᠴᠢᠬᠦ᠂ ᠭᠠᠳᠠᠭᠰᠢ ᠰᠤᠷᠤᠯᠴᠠᠭᠰᠠᠨ ᠲᠤᠰᠬᠠᠢ ᠮᠡᠳᠡᠭᠦᠯᠦᠯᠲᠠ ᠬᠢᠬᠦ᠂ | ᠬᠠᠷᠢᠭᠤ ᠮᠡᠳᠡᠭᠦᠯᠦᠯᠲᠠ ᠶᠢᠨ ᠬᠢᠴᠢᠶᠡᠯ ᠤᠷᠤᠬᠤ ᠶᠢ ᠪᠡᠶᠡᠯᠡᠭᠦᠯᠳᠡᠭ᠃ ︽ᠮᠣᠩᠭᠤᠯ ᠬᠦᠮᠦᠨ ᠮᠣᠩᠭᠤᠯ ᠮᠣᠷᠢ︾ | ᠶᠢᠨ ᠵᠤᠷᠢᠭ ᠰᠠᠨᠠᠭ᠎ᠠ ᠶᠢ ᠪᠠᠳᠠᠷᠠᠭᠤᠯᠬᠤ ᠪᠠᠷ ᠭᠤᠤᠯ ᠠᠭᠤᠯᠭ᠎ᠠ ᠪᠤᠯᠭᠠᠭᠰᠠᠨ ︽ᠮᠤᠷᠢᠲᠠᠨ ᠤ ᠬᠡᠶᠢᠮᠦᠷᠢ︾ | ᠰᠣᠷᠭᠠᠭᠤᠯᠢ ᠶᠢᠨ ᠰᠣᠶᠣᠯ ᠤᠨ ᠪᠠᠶᠢᠭᠤᠯᠤᠯᠲᠠ ᠪᠣᠯ ᠣᠣᠯ ᠤᠨ ᠰᠣᠷᠠᠭᠠᠭᠤᠯᠢ ᠡᠷᠬᠢᠯᠡᠬᠦ ᠦᠵᠡᠯ ᠰᠠᠨᠠᠭᠠᠨ ᠤ | ᠰᠠᠭᠤᠷᠢᠨ ᠳᠡᠭᠡᠷ᠎ᠡ ᠬᠤᠷᠢᠶᠠᠩᠭᠤᠶᠢᠯᠠᠵᠦ ᠪᠣᠯᠪᠠᠰᠤᠷᠠᠭᠤᠯᠤᠨ ᠭᠠᠷᠭᠠᠭᠰᠠᠨ ᠭᠦᠨᠵᠡᠭᠡᠶᠢᠷᠡᠯ ᠪᠠ ᠳᠡᠭᠡᠭᠰᠢᠯᠡᠯᠲᠡ ᠪᠣᠯᠬᠤ | ᠶᠤᠮ᠃ ᠳᠡᠭᠦᠨ ᠤ ᠭᠤᠤᠯᠯᠠᠭᠴᠢ ᠥᠷᠲᠡᠭ ᠨᠢ ᠰᠤᠷᠭᠠᠭᠤᠯᠢ ᠶᠢᠨ ᠬᠦᠮᠦᠨ ᠢ ᠬᠦᠮᠦᠵᠢᠭᠦᠯᠬᠦ ᠪᠠᠷ ᠦᠨᠲᠦᠰᠦ ᠪᠣᠯᠭᠠᠨ | ᠂ ᠬᠡᠤᠬᠡᠳ ᠤᠨ ᠦᠰᠦᠨ ᠪᠤᠶᠢᠵᠢᠯᠲᠠ ᠶᠢ ᠬᠦᠨᠳᠦᠳᠭᠡᠨ᠂ ᠦᠨᠲᠦᠰᠦ ᠳᠡᠦᠬᠡ ᠪᠠᠨ ᠮᠡᠳᠡᠳᠡᠭ ᠦᠪ ᠰᠤᠶᠣᠯ ᠢᠶᠠᠨ | ᠵᠠᠯᠭᠠᠮᠵᠢᠯᠠᠵᠦ ᠴᠢᠳᠠᠳᠠᠭ ᠬᠦᠮᠦᠨ ᠢ ᠬᠦᠮᠦᠵᠢᠭᠦᠯᠬᠦ ᠵᠤᠷᠢᠭ ᠰᠠᠨᠠᠭᠠᠨ ᠤ ᠳᠠᠯᠠᠰᠲᠦ ᠪᠣᠯᠣᠨ᠎ᠠ᠃ | | | | |