ᠠᠯᠲᠠᠩᠬᠤᠸ᠎ᠠ ᠶᠢᠨ ᠨᠤᠲᠤᠭ ᠠᠴᠠ ᠰᠦ ᠶᠢᠨ ᠦᠨᠦᠷ ᠬᠠᠩᠬᠤᠯᠤᠨᠠᠮ — ᠰᠢᠯᠤᠭᠤᠨ ᠬᠦᠬᠡ ᠬᠤᠰᠢᠭᠤᠨ ᠤ ᠶᠢᠰᠦᠳᠦᠬᠡᠷ ᠬᠤᠭᠤᠴᠠᠭᠠᠨ ᠤ ᠴᠠᠬᠠᠷ ᠴᠠᠭᠠᠨ ᠢᠳᠡᠬᠡᠨ ᠤ ᠰᠤᠶᠤᠯ ᠤᠨ ᠨᠠᠶᠢᠷ ᠤᠨ ᠳᠠᠳᠠᠯᠠᠯ
ᠨᠡᠶᠢᠲᠡᠯᠡᠭᠰᠡᠨ ᠴᠠᠭ᠄
2016/12/29
      10 ᠳ᠋ᠤᠭᠠᠷ ᠰᠠᠷ᠎ᠠ ᠶᠢᠨ 12᠎ — 14᠎ ᠤ ᠡᠳᠦᠷ ᠪᠤᠯᠳᠠᠯ᠎ᠠ᠂ ᠰᠢᠯᠤᠭᠤᠨ ᠬᠦᠬᠡ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠭᠤᠤᠯᠯᠠᠨ ᠡᠷᠬᠢᠯᠡᠵᠦ᠂ ᠰᠢᠯᠤᠭᠤᠨ ᠬᠦᠬᠡ ᠬᠤᠰᠢᠭᠤᠨ ᠤ ᠤᠯᠤᠰ ᠲᠦᠷᠦ ᠶᠢᠨ ᠵᠦᠪᠯᠡᠯᠬᠡᠨ ᠠᠴᠠ ᠲᠠᠭᠠᠭᠠᠴᠢᠯᠠᠨ ᠡᠷᠬᠢᠯᠡᠭᠰᠡᠨ ᠶᠢᠰᠦᠳᠦᠬᠡᠷ ᠬᠤᠭᠤᠴᠠᠭᠠᠨ ᠤ ᠴᠠᠬᠠᠷ ᠴᠠᠭᠠᠨ ᠢᠳᠡᠬᠡᠨ ᠤ ᠰᠤᠶᠤᠯ ᠤᠨ ᠨᠠᠶᠢᠷ ᠬᠤᠪᠢᠯᠠᠢ ᠠᠭᠤᠳᠠᠮ ᠲᠠᠯᠠᠪᠠᠢ ᠳᠤ ᠦᠪᠡᠳᠡᠭᠰᠢ ᠶᠡᠬᠡᠪᠡᠷ ᠶᠠᠪᠤᠭᠳᠠᠯ᠎ᠠ᠃  ᠨᠠᠶᠢᠷ ᠲᠤ ᠬᠦᠪᠡᠭᠡᠳᠦ ᠰᠢᠷ᠎ᠠ ᠬᠤᠰᠢᠭᠤ᠂ ᠲᠠᠶᠢᠹᠤᠰᠧ ᠬᠤᠰᠢᠭᠤ ᠵᠡᠷᠬᠡ ᠵᠡᠷᠭᠡᠯᠡᠳᠡᠭᠡ ᠬᠤᠰᠢᠭᠤ ᠪᠠ ᠰᠢᠯᠤᠭᠤᠨ ᠬᠦᠬᠡ ᠬᠤᠰᠢᠭᠤᠨ ᠤ ᠡᠯ᠎ᠠ ᠰᠤᠮᠤ ᠪᠠᠯᠭᠠᠰᠤᠨ ᠠᠴᠠ ᠬᠦᠷᠦᠯᠴᠡᠨ ᠢᠷᠡᠭᠰᠡᠨ 30 ᠭᠠᠷᠤᠢ ᠰᠠᠭᠠᠯᠢᠴᠢᠨ ᠡᠷᠦᠬᠡ ᠴᠠᠭᠠᠨ ᠢᠳᠡᠬᠡᠨ ᠤ ᠲᠡᠯᠬᠡᠨ ᠦᠵᠡᠬᠦᠯᠦᠯᠬᠡ ᠪᠠ ᠤᠷᠤᠯᠳᠤᠭᠠᠨ ᠳᠤ ᠤᠷᠤᠯᠴᠠᠭᠰᠠᠨ ᠠᠴᠠ ᠭᠠᠳᠠᠨ᠎ᠠ ᠪᠡᠬᠡᠵᠢᠩ᠂ ᠤᠯᠠᠭᠠᠠᠬᠠᠳᠠ ᠬᠤᠳᠠ ᠵᠡᠷᠬᠡ ᠭᠠᠵᠠᠷ ᠤᠨ ᠵᠤᠭᠠᠴᠠᠭᠰᠠᠳ ᠵᠢᠴᠢ ᠲᠦᠪ ᠲᠧᠯᠸᠢᠰ ᠤᠨ ᠰᠦᠯᠵᠢᠶ᠎ᠠ᠂ ᠲᠤᠮᠳᠠᠳᠤ ᠤᠯᠤᠰ ᠤᠨ ᠷᠠᠳᠢᠤ᠋ ᠰᠦᠯᠵᠢᠶ᠎ᠡ ᠵᠡᠷᠭᠡ ᠵᠠᠭᠤᠴᠢᠯᠠᠭᠤᠷ ᠪᠠ ᠦᠪᠦᠷ ᠮᠤᠩᠭᠤᠯ ᠤᠨ ᠬᠡᠷᠡᠯ ᠵᠢᠷᠤᠭᠴᠢᠳ ᠤᠨ ᠨᠡᠶᠢᠬᠡᠮᠯᠢᠭ ᠤᠨ ᠬᠢᠨ ᠤᠷᠤᠯᠴᠠᠵᠦ ᠪᠢᠯᠡ᠃ ᠨᠠᠶᠢᠷ ᠨᠢ ᠤᠯᠠᠮᠵᠢᠯᠠᠯᠳᠤ ᠴᠠᠭᠠᠨ ᠢᠳᠡᠭᠡ ᠬᠢᠭᠦ ᠤᠷᠤᠯᠳᠤᠭᠠᠨ᠂ ᠤᠯᠠᠮᠵᠢᠯᠠᠯᠳᠤ ᠴᠠᠭᠠᠨ ᠢᠳᠡᠬᠡᠨ ᠤ ᠲᠡᠯᠬᠡᠨ ᠦᠵᠡᠬᠦᠯᠦᠯᠬᠡ᠂ ᠰᠦᠨ ᠪᠦᠳᠦᠬᠡᠭᠳᠡᠬᠦᠨ ᠤ ᠠᠵᠦ ᠠᠬᠤᠶᠢᠯᠠᠯ ᠤᠨ ᠰᠢᠨ᠎ᠠ ᠪᠦᠳᠦᠬᠡᠭᠳᠡᠬᠦᠨ ᠤ ᠲᠡᠯᠬᠡᠨ ᠪᠤᠷᠤᠯᠠᠭᠤᠯᠭ᠎ᠠ᠂ ᠲᠠᠯ᠎ᠠ ᠨᠤᠳᠤᠭ ᠤᠨ ᠤᠨᠴᠠᠯᠢᠬᠳᠤ ᠡᠯᠡᠰᠦᠨ ᠤᠷᠠᠯᠠᠯ ᠤᠨ ᠪᠦᠳᠦᠬᠡᠭᠳᠡᠬᠦᠨ᠂ ᠪᠤᠷᠭᠠᠰᠤᠨ ᠬᠦᠷᠦᠮᠡᠯ᠂ ᠢᠰᠡᠬᠡᠢ ᠰᠢᠷᠢᠮᠡᠯ ᠵᠡᠷᠬᠡ ᠪᠤᠳᠠᠰ ᠤᠨ ᠪᠤᠰᠤ ᠰᠤᠶᠤᠯ ᠤᠨ ᠦᠪ ᠪᠠ ᠤᠳᠤᠬᠢᠴᠢᠯᠠᠭᠰᠠᠨ ᠡᠯᠧᠺᠳ᠋ᠷᠤᠨ ᠤᠨ ᠬᠤᠳᠠᠯᠳᠤᠭ᠎ᠠ ᠶᠢᠨ ᠲᠡᠯᠬᠡᠨ ᠦᠵᠡᠬᠦᠯᠦᠯᠬᠡ᠂ 128 ᠬᠦᠴᠦᠳᠦ ᠪᠦᠬᠡ ᠶᠢᠨ ᠪᠠᠷᠢᠯᠳᠤᠭᠠᠨ ᠵᠡᠷᠬᠡ ᠡᠯᠪᠡᠭ ᠠᠭᠤᠯᠭ᠎ᠠ ᠪᠠᠷ ᠶᠠᠪᠤᠭᠳᠠᠵᠠᠢ᠃  3 ᠡᠳᠦᠷ ᠤᠨ ᠲᠤᠷᠰᠢ ᠬᠤᠪᠢᠯᠠᠢ ᠠᠭᠤᠳᠠᠮ ᠲᠠᠯᠠᠪᠠᠢ ᠳᠤ ᠪᠤᠰᠬᠠᠬᠰᠠᠨ 23 ᠮᠤᠩᠭᠤᠯ ᠬᠡᠷ ᠲᠤ ᠡᠯ᠎ᠠ ᠵᠦᠢᠯ ᠤᠨ ᠲᠡᠯᠭᠡᠨ ᠦᠵᠡᠭᠦᠯᠦᠯᠭᠡ᠂ ᠪᠤᠷᠤᠯᠠᠭᠤᠯᠭ᠎ᠠ᠂ ᠤᠷᠤᠯᠳᠤᠭᠠᠨ ᠢᠳᠡ ᠭᠦᠭ ᠲᠠᠢ ᠶᠠᠪᠤᠭᠳᠠᠯ᠎ᠠ᠃ ᠴᠠᠭᠠᠨ ᠢᠳᠡᠭᠡ ᠬᠢᠭᠦ ᠤᠷᠤᠯᠳᠤᠭᠠᠨ ᠳᠤ ᠨᠠᠶᠢᠳᠠ 23 ᠰᠠᠭᠠᠯᠢᠴᠢᠨ ᠡᠷᠦᠬᠡ ᠤᠷᠤᠯᠴᠠᠨ ᠬᠤᠷᠤᠳ ᠲᠦᠳ᠋ ᠬᠢᠵᠦ᠂ ᠠᠳᠠᠯᠢᠳᠬᠠᠨ ᠰᠢᠯᠭᠠᠷᠠᠭᠤᠯᠤᠯᠳᠠ ᠪᠠᠷ ᠲᠠᠮᠵᠢᠨ ᠰᠢᠯᠤᠭᠤᠨ ᠬᠦᠬᠡ ᠬᠤᠰᠢᠭᠤᠨ ᠤ ᠰᠠᠶᠢᠠᠬᠤᠳᠳᠤᠭ ᠰᠤᠮᠤᠨ ᠤ ᠨᠠᠷᠠᠰᠤᠳᠤ ᠭᠠᠴᠠᠭᠠᠨ ᠤ ᠮᠠᠯᠴᠢᠨ ᠰᠤᠶᠤᠯᠳᠤ ᠪᠠ ᠬᠦᠪᠡᠬᠡᠳᠦ ᠰᠢᠷ᠎ᠠ ᠬᠤᠰᠢᠭᠤᠨ ᠤ ︽ᠬᠤᠨᠢᠴᠢᠨ︾ ᠴᠠᠭᠠᠨ ᠢᠳᠡᠬᠡᠨ ᠤ ᠲᠡᠯᠬᠡᠬᠦᠷ ᠤᠨ ᠬᠡᠷᠡᠯᠴᠢᠮᠡᠭ ᠨᠢᠬᠡᠳᠦᠬᠡᠷ ᠲᠤ ᠲᠤᠳᠤᠷᠠᠵᠦ ᠤᠯᠠᠨ ᠤ ᠲᠠᠭᠠᠰᠢᠶᠠᠯ ᠳᠤ ᠬᠦᠷᠦᠭᠰᠡᠨ ᠪᠠᠶᠢᠨ᠎ᠠ ᠃ ᠠᠬᠤᠢ ᠲᠠᠯᠠᠪᠠᠢ ᠳᠤ ᠴᠠᠭᠠᠨ ᠢᠳᠡᠭᠡ ᠬᠢᠵᠦ ᠤᠷᠤᠯᠳᠤᠬᠤ ᠠᠴᠠ ᠭᠠᠳᠠᠨ᠎ᠠ ᠪᠠᠰᠠ ᠬᠢᠭᠰᠡᠨ ᠬᠤᠷᠤᠳ᠂ ᠰᠢᠷ᠎ᠠ ᠲᠤᠰᠤ᠂ ᠲᠦᠳ᠋᠂ ᠰᠠᠭᠠᠯᠢ ᠶᠢᠨ ᠠᠷᠢᠬᠢ᠂ ᠦᠷᠦᠮ᠎ᠡ ᠶᠢᠨ ᠠᠳᠠᠯᠢᠳᠬᠠᠨ ᠰᠢᠯᠭᠠᠷᠠᠭᠤᠯᠤᠯᠳᠠ ᠶᠠᠪᠤᠭᠳᠠᠵᠦ᠂ ᠰᠢᠯᠤᠭᠤᠨ ᠬᠦᠬᠡ ᠬᠤᠰᠢᠭᠤᠨ ᠤ ᠨᠠᠷᠠᠳᠤ ᠰᠤᠮᠤᠨ ᠤ ᠤᠷᠠᠨᠳᠠᠨ᠎ᠠ ᠶᠢᠨ ᠬᠢᠭᠰᠡᠨ ᠬᠤᠷᠤᠳ᠂ ᠲᠠᠶᠢᠹᠤᠰᠧ ᠬᠤᠰᠢᠭᠤᠨ ᠤ ᠬᠦᠨᠪᠤᠯᠠᠭ ᠰᠤᠮᠤᠨ ᠤ ᠨᠡᠷᠡᠨᠬᠡᠷᠡᠯ ᠤᠨ ᠬᠢᠭᠰᠡᠨ ᠲᠦᠳ᠋᠂ ᠰᠢᠯᠤᠭᠤᠨ ᠬᠦᠬᠡ ᠬᠤᠰᠢᠭᠤᠨ ᠤ ᠰᠠᠶᠢᠠᠬᠤᠳᠳᠤᠭ ᠰᠤᠮᠤᠨ ᠤ ᠰᠠᠶᠢᠨᠴᠢᠮᠡᠭ ᠤᠨ ᠬᠦᠬᠡᠷᠡᠬᠦᠯᠦᠭᠰᠡᠨ ᠦᠷᠦᠮ᠎ᠠ᠂ ᠲᠤᠰ ᠬᠤᠰᠢᠭᠤᠨ ᠤ ᠪᠤᠱᠤᠤᠳᠠᠢ ᠰᠤᠮᠤᠨ ᠤ ᠨᠠᠰᠤᠨᠳᠤᠭᠳᠠᠬᠤ ᠶᠢᠨ ᠨᠡᠷᠡᠭᠰᠡᠨ ᠰᠠᠭᠠᠯᠢ ᠶᠢᠨ ᠠᠷᠢᠬᠢ ᠪᠠ ᠬᠠᠶᠢᠯᠤᠭᠤᠯᠤᠬᠰᠠᠨ ᠰᠢᠷ᠎ᠠ ᠲᠤᠰᠤ ᠲᠤᠰ ᠲᠤᠰ ᠠᠳᠠᠯᠢᠳᠬᠠᠨ ᠰᠢᠯᠭᠠᠷᠠᠭᠤᠯᠤᠯᠳᠠ ᠶᠢᠨ ᠨᠢᠬᠡᠳᠦᠬᠡᠷ ᠲᠤ ᠲᠤᠳᠤᠷᠠᠪᠠ᠃ ᠤᠯᠠᠮᠵᠢᠯᠠᠯᠳᠤ ᠴᠠᠭᠠᠨ ᠢᠳᠡᠬᠡᠨ ᠤ ᠲᠡᠯᠬᠡᠨ ᠦᠵᠡᠬᠦᠯᠦᠯᠬᠡ ᠪᠠ ᠪᠤᠷᠤᠯᠠᠭᠤᠯᠤᠯᠳᠠ ᠠᠴᠠ ᠭᠠᠳᠠᠨ᠎ᠠ ᠰᠢᠨ᠎ᠠ ᠪᠦᠳᠦᠬᠡᠭᠳᠡᠬᠦᠨ ᠤ ᠲᠡᠯᠬᠡᠨ ᠪᠤᠷᠤᠯᠠᠭᠤᠯᠭ᠎ᠠ ᠴᠤ ᠤᠯᠠᠨ ᠤ ᠠᠩᠬᠠᠷᠤᠯ ᠳᠤ ᠬᠦᠷᠦᠯ᠎ᠠ᠃ ᠵᠢᠱᠢᠶᠡᠯᠡᠪᠡᠯ ᠡᠸᠦ᠋ᠷᠦᠫᠠ ᠮᠠᠶᠢᠭ ᠤᠨ ᠬᠤᠭᠤᠯᠠ ᠲᠠᠢ ᠤᠶᠠᠯᠳᠤᠭᠤᠯᠤᠨ ᠬᠢᠭᠰᠡᠨ ᠪᠢᠰᠢᠯᠠᠭ ᠤᠨ ᠲᠦᠷᠦᠯ ᠵᠦᠢᠯ᠂ ᠪᠤᠭᠤᠷᠰᠤᠭ᠂ ᠪᠢᠰᠢᠯᠠᠭ ᠤᠨ ᠪᠤᠤᠵᠠ᠂ ᠬᠤᠷᠤᠳ ᠢᠶᠠᠷ ᠬᠢᠭᠰᠡᠨ ᠫᠢᠰᠠ᠂ ᠮᠢᠶᠠᠨᠲᠤᠤᠷ ᠵᠡᠷᠬᠡ ᠨᠢ ᠦᠵᠡᠭᠴᠢᠳ ᠤᠨ ᠲᠠᠭᠠᠰᠢᠶᠠᠯ ᠳᠤ ᠬᠦᠷᠴᠦ᠂ ᠤᠯᠠᠮᠵᠢᠯᠠᠯᠳᠤ ᠴᠠᠭᠠᠨ ᠢᠳᠡᠬᠡᠨ ᠤ ᠪᠤᠷᠤᠯᠠᠭᠤᠯᠭ᠎ᠠ ᠳᠤ ᠪᠠᠰᠠ ᠨᠢᠭᠡᠨ ᠰᠢᠨ᠎ᠠ ᠭᠠᠷᠬᠤ ᠵᠠᠮ ᠤᠯᠭᠤᠵᠦ ᠪᠢᠯᠡ᠃ ᠰᠢᠯᠤᠭᠤᠨ ᠬᠦᠬᠡ ᠬᠤᠰᠢᠭᠤ ᠪᠤᠯ ︽ᠲᠤᠮᠳᠠᠳᠤ ᠤᠯᠤᠰ ᠤᠨ ᠴᠠᠭᠠᠨ ᠢᠳᠡᠬᠡᠨ ᠤ ᠰᠤᠶᠤᠯ ᠤᠨ ᠦᠯᠦᠬᠡᠢ︾ ᠪᠠ ︽ᠲᠤᠮᠳᠠᠳᠤ ᠤᠯᠤᠰ ᠤᠨ ᠴᠠᠭᠠᠨ ᠢᠳᠡᠬᠡᠨ ᠤ ᠰᠤᠶᠤᠯ ᠢ ᠤᠯᠠᠮᠵᠢᠯᠠᠨ ᠲᠡᠯᠬᠡᠷᠡᠬᠦᠯᠬᠦ ᠰᠠᠭᠤᠷᠢᠨ ᠭᠠᠵᠠᠷ︾ ᠬᠡᠭᠦ ᠰᠠᠶᠢᠬᠠᠨ ᠠᠯᠳᠠᠷ ᠲᠠᠢ᠂ ᠴᠠᠭᠠᠨ ᠢᠳᠡᠭᠡ ᠨᠢ ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠯᠦᠬᠡᠯᠡᠭᠴᠢ ᠴᠢᠨᠠᠷ ᠲᠠᠢ ᠲᠦᠷᠦᠯ ᠵᠦᠢᠯ ᠪᠤᠯᠬᠤ ᠶᠤᠮ᠃ 2006 ᠤᠨ ᠳᠤ ᠲᠤᠰ ᠬᠤᠰᠢᠭᠤ ᠠᠩᠬᠠᠳᠤᠭᠠᠷ ᠬᠤᠭᠤᠴᠠᠭᠠᠨ ᠤ ᠴᠠᠬᠠᠷ ᠴᠠᠭᠠᠨ ᠢᠳᠡᠬᠡᠨ ᠤ ᠰᠤᠶᠤᠯ ᠤᠨ ᠨᠠᠶᠢᠷ ᠢ ᠡᠷᠬᠢᠯᠡᠨ ᠶᠠᠪᠤᠭᠳᠠᠭᠤᠯᠤᠭᠰᠠᠨ ᠠᠴᠠ ᠨᠠᠰᠢ ᠴᠠᠭᠠᠨ ᠢᠳᠡᠬᠡᠨ ᠤ ᠦᠢᠯᠡᠰ ᠦᠳᠳᠡᠷ ᠲᠦᠷᠬᠡᠨ ᠬᠦᠭᠵᠢᠵᠦ᠂ ᠤᠳᠤᠬᠠᠨ ᠪᠦᠭᠦ ᠬᠤᠰᠢᠭᠤᠨ ᠳᠤ 20 ᠭᠠᠷᠦᠢ ᠬᠡᠪᠴᠢᠶᠡᠵᠢᠭᠰᠡᠨ ᠴᠠᠭᠠᠨ ᠢᠳᠡᠬᠡᠨ ᠤ ᠠᠵᠦ ᠠᠬᠤᠶᠢᠯᠠᠯ᠂ 100 ᠭᠠᠷᠦᠢ ᠴᠠᠭᠠᠨ ᠢᠳᠡᠬᠡᠨ ᠪᠤᠷᠤᠯᠠᠭᠤᠯᠬᠤ ᠲᠡᠯᠬᠡᠬᠦᠷ ᠲᠠᠢ ᠠᠴᠠ ᠭᠠᠳᠠᠨ᠎ᠠ᠂ ︽ᠰᠠᠭᠠᠯᠢ︾᠂ ︽ᠴᠠᠩ ᠬᠤᠨᠭ᠌︾ ᠵᠡᠷᠬᠡ ᠲᠠᠪᠤᠨ ᠶᠡᠭᠡ ᠨᠡᠷᠡᠳᠦ ᠲᠡᠮᠳᠡᠭ ᠲᠠᠩᠰᠠᠯᠠᠭᠤᠯᠵᠦ᠂ ᠴᠠᠭᠠᠨ ᠢᠳᠡᠭᠡ ᠪᠠᠨ ᠤᠯᠤᠰ ᠤᠨ ᠲᠤᠳᠤᠭᠠᠳᠤ ᠭᠠᠳᠠᠭᠠᠳᠤ ᠶᠢᠨ ᠵᠠᠬ᠎ᠠ ᠲᠡᠯᠬᠡᠬᠦᠷ ᠲᠤ ᠪᠤᠷᠤᠯᠠᠭᠤᠯᠵᠦ ᠪᠠᠶᠢᠭ᠎ᠠ ᠶᠤᠮ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号