| | 10 ᠳ᠋ᠤᠭᠠᠷ ᠰᠠᠷ᠎ᠠ ᠶᠢᠨ 12 — 14 ᠤ ᠡᠳᠦᠷ ᠪᠤᠯᠳᠠᠯ᠎ᠠ᠂ ᠰᠢᠯᠤᠭᠤᠨ ᠬᠦᠬᠡ ᠬᠤᠰᠢᠭᠤᠨ ᠤ | ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠭᠤᠤᠯᠯᠠᠨ ᠡᠷᠬᠢᠯᠡᠵᠦ᠂ ᠰᠢᠯᠤᠭᠤᠨ ᠬᠦᠬᠡ ᠬᠤᠰᠢᠭᠤᠨ ᠤ ᠤᠯᠤᠰ | ᠲᠦᠷᠦ ᠶᠢᠨ ᠵᠦᠪᠯᠡᠯᠬᠡᠨ ᠠᠴᠠ ᠲᠠᠭᠠᠭᠠᠴᠢᠯᠠᠨ ᠡᠷᠬᠢᠯᠡᠭᠰᠡᠨ ᠶᠢᠰᠦᠳᠦᠬᠡᠷ ᠬᠤᠭᠤᠴᠠᠭᠠᠨ ᠤ ᠴᠠᠬᠠᠷ ᠴᠠᠭᠠᠨ | ᠢᠳᠡᠬᠡᠨ ᠤ ᠰᠤᠶᠤᠯ ᠤᠨ ᠨᠠᠶᠢᠷ ᠬᠤᠪᠢᠯᠠᠢ ᠠᠭᠤᠳᠠᠮ ᠲᠠᠯᠠᠪᠠᠢ ᠳᠤ ᠦᠪᠡᠳᠡᠭᠰᠢ ᠶᠡᠬᠡᠪᠡᠷ ᠶᠠᠪᠤᠭᠳᠠᠯ᠎ᠠ᠃ | ᠨᠠᠶᠢᠷ ᠲᠤ ᠬᠦᠪᠡᠭᠡᠳᠦ ᠰᠢᠷ᠎ᠠ ᠬᠤᠰᠢᠭᠤ᠂ ᠲᠠᠶᠢᠹᠤᠰᠧ ᠬᠤᠰᠢᠭᠤ ᠵᠡᠷᠬᠡ ᠵᠡᠷᠭᠡᠯᠡᠳᠡᠭᠡ ᠬᠤᠰᠢᠭᠤ ᠪᠠ | ᠰᠢᠯᠤᠭᠤᠨ ᠬᠦᠬᠡ ᠬᠤᠰᠢᠭᠤᠨ ᠤ ᠡᠯ᠎ᠠ ᠰᠤᠮᠤ ᠪᠠᠯᠭᠠᠰᠤᠨ ᠠᠴᠠ ᠬᠦᠷᠦᠯᠴᠡᠨ ᠢᠷᠡᠭᠰᠡᠨ 30 ᠭᠠᠷᠤᠢ ᠰᠠᠭᠠᠯᠢᠴᠢᠨ | ᠡᠷᠦᠬᠡ ᠴᠠᠭᠠᠨ ᠢᠳᠡᠬᠡᠨ ᠤ ᠲᠡᠯᠬᠡᠨ ᠦᠵᠡᠬᠦᠯᠦᠯᠬᠡ ᠪᠠ ᠤᠷᠤᠯᠳᠤᠭᠠᠨ ᠳᠤ ᠤᠷᠤᠯᠴᠠᠭᠰᠠᠨ ᠠᠴᠠ ᠭᠠᠳᠠᠨ᠎ᠠ | ᠪᠡᠬᠡᠵᠢᠩ᠂ ᠤᠯᠠᠭᠠᠠᠬᠠᠳᠠ ᠬᠤᠳᠠ ᠵᠡᠷᠬᠡ ᠭᠠᠵᠠᠷ ᠤᠨ ᠵᠤᠭᠠᠴᠠᠭᠰᠠᠳ ᠵᠢᠴᠢ ᠲᠦᠪ ᠲᠧᠯᠸᠢᠰ ᠤᠨ ᠰᠦᠯᠵᠢᠶ᠎ᠠ᠂ | ᠲᠤᠮᠳᠠᠳᠤ ᠤᠯᠤᠰ ᠤᠨ ᠷᠠᠳᠢᠤ᠋ ᠰᠦᠯᠵᠢᠶ᠎ᠡ ᠵᠡᠷᠭᠡ ᠵᠠᠭᠤᠴᠢᠯᠠᠭᠤᠷ ᠪᠠ ᠦᠪᠦᠷ ᠮᠤᠩᠭᠤᠯ ᠤᠨ ᠬᠡᠷᠡᠯ ᠵᠢᠷᠤᠭᠴᠢᠳ ᠤᠨ | ᠨᠡᠶᠢᠬᠡᠮᠯᠢᠭ ᠤᠨ ᠬᠢᠨ ᠤᠷᠤᠯᠴᠠᠵᠦ ᠪᠢᠯᠡ᠃ ᠨᠠᠶᠢᠷ ᠨᠢ ᠤᠯᠠᠮᠵᠢᠯᠠᠯᠳᠤ ᠴᠠᠭᠠᠨ ᠢᠳᠡᠭᠡ ᠬᠢᠭᠦ ᠤᠷᠤᠯᠳᠤᠭᠠᠨ᠂ | ᠤᠯᠠᠮᠵᠢᠯᠠᠯᠳᠤ ᠴᠠᠭᠠᠨ ᠢᠳᠡᠬᠡᠨ ᠤ ᠲᠡᠯᠬᠡᠨ ᠦᠵᠡᠬᠦᠯᠦᠯᠬᠡ᠂ ᠰᠦᠨ ᠪᠦᠳᠦᠬᠡᠭᠳᠡᠬᠦᠨ ᠤ ᠠᠵᠦ ᠠᠬᠤᠶᠢᠯᠠᠯ ᠤᠨ | ᠰᠢᠨ᠎ᠠ ᠪᠦᠳᠦᠬᠡᠭᠳᠡᠬᠦᠨ ᠤ ᠲᠡᠯᠬᠡᠨ ᠪᠤᠷᠤᠯᠠᠭᠤᠯᠭ᠎ᠠ᠂ ᠲᠠᠯ᠎ᠠ ᠨᠤᠳᠤᠭ ᠤᠨ ᠤᠨᠴᠠᠯᠢᠬᠳᠤ ᠡᠯᠡᠰᠦᠨ ᠤᠷᠠᠯᠠᠯ ᠤᠨ | ᠪᠦᠳᠦᠬᠡᠭᠳᠡᠬᠦᠨ᠂ ᠪᠤᠷᠭᠠᠰᠤᠨ ᠬᠦᠷᠦᠮᠡᠯ᠂ ᠢᠰᠡᠬᠡᠢ ᠰᠢᠷᠢᠮᠡᠯ ᠵᠡᠷᠬᠡ ᠪᠤᠳᠠᠰ ᠤᠨ ᠪᠤᠰᠤ ᠰᠤᠶᠤᠯ ᠤᠨ ᠦᠪ ᠪᠠ | ᠤᠳᠤᠬᠢᠴᠢᠯᠠᠭᠰᠠᠨ ᠡᠯᠧᠺᠳ᠋ᠷᠤᠨ ᠤᠨ ᠬᠤᠳᠠᠯᠳᠤᠭ᠎ᠠ ᠶᠢᠨ ᠲᠡᠯᠬᠡᠨ ᠦᠵᠡᠬᠦᠯᠦᠯᠬᠡ᠂ 128 ᠬᠦᠴᠦᠳᠦ ᠪᠦᠬᠡ ᠶᠢᠨ | ᠪᠠᠷᠢᠯᠳᠤᠭᠠᠨ ᠵᠡᠷᠬᠡ ᠡᠯᠪᠡᠭ ᠠᠭᠤᠯᠭ᠎ᠠ ᠪᠠᠷ ᠶᠠᠪᠤᠭᠳᠠᠵᠠᠢ᠃ | 3 ᠡᠳᠦᠷ ᠤᠨ ᠲᠤᠷᠰᠢ ᠬᠤᠪᠢᠯᠠᠢ ᠠᠭᠤᠳᠠᠮ ᠲᠠᠯᠠᠪᠠᠢ ᠳᠤ ᠪᠤᠰᠬᠠᠬᠰᠠᠨ 23 ᠮᠤᠩᠭᠤᠯ ᠬᠡᠷ ᠲᠤ ᠡᠯ᠎ᠠ | ᠵᠦᠢᠯ ᠤᠨ ᠲᠡᠯᠭᠡᠨ ᠦᠵᠡᠭᠦᠯᠦᠯᠭᠡ᠂ ᠪᠤᠷᠤᠯᠠᠭᠤᠯᠭ᠎ᠠ᠂ ᠤᠷᠤᠯᠳᠤᠭᠠᠨ ᠢᠳᠡ ᠭᠦᠭ ᠲᠠᠢ ᠶᠠᠪᠤᠭᠳᠠᠯ᠎ᠠ᠃ ᠴᠠᠭᠠᠨ | ᠢᠳᠡᠭᠡ ᠬᠢᠭᠦ ᠤᠷᠤᠯᠳᠤᠭᠠᠨ ᠳᠤ ᠨᠠᠶᠢᠳᠠ 23 ᠰᠠᠭᠠᠯᠢᠴᠢᠨ ᠡᠷᠦᠬᠡ ᠤᠷᠤᠯᠴᠠᠨ ᠬᠤᠷᠤᠳ ᠲᠦᠳ᠋ ᠬᠢᠵᠦ᠂ | ᠠᠳᠠᠯᠢᠳᠬᠠᠨ ᠰᠢᠯᠭᠠᠷᠠᠭᠤᠯᠤᠯᠳᠠ ᠪᠠᠷ ᠲᠠᠮᠵᠢᠨ ᠰᠢᠯᠤᠭᠤᠨ ᠬᠦᠬᠡ ᠬᠤᠰᠢᠭᠤᠨ ᠤ ᠰᠠᠶᠢᠠᠬᠤᠳᠳᠤᠭ ᠰᠤᠮᠤᠨ ᠤ | ᠨᠠᠷᠠᠰᠤᠳᠤ ᠭᠠᠴᠠᠭᠠᠨ ᠤ ᠮᠠᠯᠴᠢᠨ ᠰᠤᠶᠤᠯᠳᠤ ᠪᠠ ᠬᠦᠪᠡᠬᠡᠳᠦ ᠰᠢᠷ᠎ᠠ ᠬᠤᠰᠢᠭᠤᠨ ᠤ ︽ᠬᠤᠨᠢᠴᠢᠨ︾ ᠴᠠᠭᠠᠨ | ᠢᠳᠡᠬᠡᠨ ᠤ ᠲᠡᠯᠬᠡᠬᠦᠷ ᠤᠨ ᠬᠡᠷᠡᠯᠴᠢᠮᠡᠭ ᠨᠢᠬᠡᠳᠦᠬᠡᠷ ᠲᠤ ᠲᠤᠳᠤᠷᠠᠵᠦ ᠤᠯᠠᠨ ᠤ ᠲᠠᠭᠠᠰᠢᠶᠠᠯ ᠳᠤ ᠬᠦᠷᠦᠭᠰᠡᠨ ᠪᠠᠶᠢᠨ᠎ᠠ | ᠃ ᠠᠬᠤᠢ ᠲᠠᠯᠠᠪᠠᠢ ᠳᠤ ᠴᠠᠭᠠᠨ ᠢᠳᠡᠭᠡ ᠬᠢᠵᠦ ᠤᠷᠤᠯᠳᠤᠬᠤ ᠠᠴᠠ ᠭᠠᠳᠠᠨ᠎ᠠ ᠪᠠᠰᠠ ᠬᠢᠭᠰᠡᠨ ᠬᠤᠷᠤᠳ᠂ ᠰᠢᠷ᠎ᠠ | ᠲᠤᠰᠤ᠂ ᠲᠦᠳ᠋᠂ ᠰᠠᠭᠠᠯᠢ ᠶᠢᠨ ᠠᠷᠢᠬᠢ᠂ ᠦᠷᠦᠮ᠎ᠡ ᠶᠢᠨ ᠠᠳᠠᠯᠢᠳᠬᠠᠨ ᠰᠢᠯᠭᠠᠷᠠᠭᠤᠯᠤᠯᠳᠠ ᠶᠠᠪᠤᠭᠳᠠᠵᠦ᠂ | ᠰᠢᠯᠤᠭᠤᠨ ᠬᠦᠬᠡ ᠬᠤᠰᠢᠭᠤᠨ ᠤ ᠨᠠᠷᠠᠳᠤ ᠰᠤᠮᠤᠨ ᠤ ᠤᠷᠠᠨᠳᠠᠨ᠎ᠠ ᠶᠢᠨ ᠬᠢᠭᠰᠡᠨ ᠬᠤᠷᠤᠳ᠂ ᠲᠠᠶᠢᠹᠤᠰᠧ | ᠬᠤᠰᠢᠭᠤᠨ ᠤ ᠬᠦᠨᠪᠤᠯᠠᠭ ᠰᠤᠮᠤᠨ ᠤ ᠨᠡᠷᠡᠨᠬᠡᠷᠡᠯ ᠤᠨ ᠬᠢᠭᠰᠡᠨ ᠲᠦᠳ᠋᠂ ᠰᠢᠯᠤᠭᠤᠨ ᠬᠦᠬᠡ ᠬᠤᠰᠢᠭᠤᠨ ᠤ | ᠰᠠᠶᠢᠠᠬᠤᠳᠳᠤᠭ ᠰᠤᠮᠤᠨ ᠤ ᠰᠠᠶᠢᠨᠴᠢᠮᠡᠭ ᠤᠨ ᠬᠦᠬᠡᠷᠡᠬᠦᠯᠦᠭᠰᠡᠨ ᠦᠷᠦᠮ᠎ᠠ᠂ ᠲᠤᠰ ᠬᠤᠰᠢᠭᠤᠨ ᠤ ᠪᠤᠱᠤᠤᠳᠠᠢ | ᠰᠤᠮᠤᠨ ᠤ ᠨᠠᠰᠤᠨᠳᠤᠭᠳᠠᠬᠤ ᠶᠢᠨ ᠨᠡᠷᠡᠭᠰᠡᠨ ᠰᠠᠭᠠᠯᠢ ᠶᠢᠨ ᠠᠷᠢᠬᠢ ᠪᠠ ᠬᠠᠶᠢᠯᠤᠭᠤᠯᠤᠬᠰᠠᠨ ᠰᠢᠷ᠎ᠠ ᠲᠤᠰᠤ ᠲᠤᠰ | ᠲᠤᠰ ᠠᠳᠠᠯᠢᠳᠬᠠᠨ ᠰᠢᠯᠭᠠᠷᠠᠭᠤᠯᠤᠯᠳᠠ ᠶᠢᠨ ᠨᠢᠬᠡᠳᠦᠬᠡᠷ ᠲᠤ ᠲᠤᠳᠤᠷᠠᠪᠠ᠃ ᠤᠯᠠᠮᠵᠢᠯᠠᠯᠳᠤ ᠴᠠᠭᠠᠨ ᠢᠳᠡᠬᠡᠨ ᠤ | ᠲᠡᠯᠬᠡᠨ ᠦᠵᠡᠬᠦᠯᠦᠯᠬᠡ ᠪᠠ ᠪᠤᠷᠤᠯᠠᠭᠤᠯᠤᠯᠳᠠ ᠠᠴᠠ ᠭᠠᠳᠠᠨ᠎ᠠ ᠰᠢᠨ᠎ᠠ ᠪᠦᠳᠦᠬᠡᠭᠳᠡᠬᠦᠨ ᠤ ᠲᠡᠯᠬᠡᠨ ᠪᠤᠷᠤᠯᠠᠭᠤᠯᠭ᠎ᠠ | ᠴᠤ ᠤᠯᠠᠨ ᠤ ᠠᠩᠬᠠᠷᠤᠯ ᠳᠤ ᠬᠦᠷᠦᠯ᠎ᠠ᠃ ᠵᠢᠱᠢᠶᠡᠯᠡᠪᠡᠯ ᠡᠸᠦ᠋ᠷᠦᠫᠠ ᠮᠠᠶᠢᠭ ᠤᠨ ᠬᠤᠭᠤᠯᠠ ᠲᠠᠢ ᠤᠶᠠᠯᠳᠤᠭᠤᠯᠤᠨ | ᠬᠢᠭᠰᠡᠨ ᠪᠢᠰᠢᠯᠠᠭ ᠤᠨ ᠲᠦᠷᠦᠯ ᠵᠦᠢᠯ᠂ ᠪᠤᠭᠤᠷᠰᠤᠭ᠂ ᠪᠢᠰᠢᠯᠠᠭ ᠤᠨ ᠪᠤᠤᠵᠠ᠂ ᠬᠤᠷᠤᠳ ᠢᠶᠠᠷ ᠬᠢᠭᠰᠡᠨ ᠫᠢᠰᠠ᠂ | ᠮᠢᠶᠠᠨᠲᠤᠤᠷ ᠵᠡᠷᠬᠡ ᠨᠢ ᠦᠵᠡᠭᠴᠢᠳ ᠤᠨ ᠲᠠᠭᠠᠰᠢᠶᠠᠯ ᠳᠤ ᠬᠦᠷᠴᠦ᠂ ᠤᠯᠠᠮᠵᠢᠯᠠᠯᠳᠤ ᠴᠠᠭᠠᠨ ᠢᠳᠡᠬᠡᠨ ᠤ | ᠪᠤᠷᠤᠯᠠᠭᠤᠯᠭ᠎ᠠ ᠳᠤ ᠪᠠᠰᠠ ᠨᠢᠭᠡᠨ ᠰᠢᠨ᠎ᠠ ᠭᠠᠷᠬᠤ ᠵᠠᠮ ᠤᠯᠭᠤᠵᠦ ᠪᠢᠯᠡ᠃ ᠰᠢᠯᠤᠭᠤᠨ ᠬᠦᠬᠡ ᠬᠤᠰᠢᠭᠤ ᠪᠤᠯ ︽ | ᠲᠤᠮᠳᠠᠳᠤ ᠤᠯᠤᠰ ᠤᠨ ᠴᠠᠭᠠᠨ ᠢᠳᠡᠬᠡᠨ ᠤ ᠰᠤᠶᠤᠯ ᠤᠨ ᠦᠯᠦᠬᠡᠢ︾ ᠪᠠ ︽ᠲᠤᠮᠳᠠᠳᠤ ᠤᠯᠤᠰ ᠤᠨ ᠴᠠᠭᠠᠨ | ᠢᠳᠡᠬᠡᠨ ᠤ ᠰᠤᠶᠤᠯ ᠢ ᠤᠯᠠᠮᠵᠢᠯᠠᠨ ᠲᠡᠯᠬᠡᠷᠡᠬᠦᠯᠬᠦ ᠰᠠᠭᠤᠷᠢᠨ ᠭᠠᠵᠠᠷ︾ ᠬᠡᠭᠦ ᠰᠠᠶᠢᠬᠠᠨ ᠠᠯᠳᠠᠷ ᠲᠠᠢ᠂ ᠴᠠᠭᠠᠨ | ᠢᠳᠡᠭᠡ ᠨᠢ ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠯᠦᠬᠡᠯᠡᠭᠴᠢ ᠴᠢᠨᠠᠷ ᠲᠠᠢ ᠲᠦᠷᠦᠯ | ᠵᠦᠢᠯ ᠪᠤᠯᠬᠤ ᠶᠤᠮ᠃ 2006 ᠤᠨ ᠳᠤ ᠲᠤᠰ ᠬᠤᠰᠢᠭᠤ ᠠᠩᠬᠠᠳᠤᠭᠠᠷ ᠬᠤᠭᠤᠴᠠᠭᠠᠨ ᠤ ᠴᠠᠬᠠᠷ ᠴᠠᠭᠠᠨ | ᠢᠳᠡᠬᠡᠨ ᠤ ᠰᠤᠶᠤᠯ ᠤᠨ ᠨᠠᠶᠢᠷ ᠢ ᠡᠷᠬᠢᠯᠡᠨ ᠶᠠᠪᠤᠭᠳᠠᠭᠤᠯᠤᠭᠰᠠᠨ ᠠᠴᠠ ᠨᠠᠰᠢ ᠴᠠᠭᠠᠨ ᠢᠳᠡᠬᠡᠨ ᠤ ᠦᠢᠯᠡᠰ | ᠦᠳᠳᠡᠷ ᠲᠦᠷᠬᠡᠨ ᠬᠦᠭᠵᠢᠵᠦ᠂ ᠤᠳᠤᠬᠠᠨ ᠪᠦᠭᠦ ᠬᠤᠰᠢᠭᠤᠨ ᠳᠤ 20 ᠭᠠᠷᠦᠢ ᠬᠡᠪᠴᠢᠶᠡᠵᠢᠭᠰᠡᠨ ᠴᠠᠭᠠᠨ | ᠢᠳᠡᠬᠡᠨ ᠤ ᠠᠵᠦ ᠠᠬᠤᠶᠢᠯᠠᠯ᠂ 100 ᠭᠠᠷᠦᠢ ᠴᠠᠭᠠᠨ ᠢᠳᠡᠬᠡᠨ ᠪᠤᠷᠤᠯᠠᠭᠤᠯᠬᠤ ᠲᠡᠯᠬᠡᠬᠦᠷ ᠲᠠᠢ ᠠᠴᠠ ᠭᠠᠳᠠᠨ᠎ᠠ᠂ | ︽ᠰᠠᠭᠠᠯᠢ︾᠂ ︽ᠴᠠᠩ ᠬᠤᠨᠭ᠌︾ ᠵᠡᠷᠬᠡ ᠲᠠᠪᠤᠨ ᠶᠡᠭᠡ ᠨᠡᠷᠡᠳᠦ ᠲᠡᠮᠳᠡᠭ ᠲᠠᠩᠰᠠᠯᠠᠭᠤᠯᠵᠦ᠂ ᠴᠠᠭᠠᠨ ᠢᠳᠡᠭᠡ ᠪᠠᠨ | ᠤᠯᠤᠰ ᠤᠨ ᠲᠤᠳᠤᠭᠠᠳᠤ ᠭᠠᠳᠠᠭᠠᠳᠤ ᠶᠢᠨ ᠵᠠᠬ᠎ᠠ ᠲᠡᠯᠬᠡᠬᠦᠷ ᠲᠤ ᠪᠤᠷᠤᠯᠠᠭᠤᠯᠵᠦ ᠪᠠᠶᠢᠭ᠎ᠠ ᠶᠤᠮ᠃ | | |