| | ᠡᠨᠡ ᠵᠢᠯ ᠮᠠᠨ ᠤ ᠠᠶᠢᠮᠠᠬ ᠪᠦᠬᠦ ᠤᠯᠤᠰ ᠤᠨ ᠠᠩᠬᠠᠳᠠᠬᠴᠢ ᠮᠤᠩᠭᠤᠯ ᠭᠡᠯᠡᠨ ᠤ ᠬᠠᠤᠯᠢ ᠶᠢᠨ | ᠦᠢᠯᠡᠴᠢᠯᠡᠭᠡᠨ ᠤ ︽12348︾ ᠠᠯᠪᠠᠨ ᠤ ᠵᠢᠷᠬᠢᠭᠡ ᠳᠠᠪᠴᠠᠩ ᠢ ᠨᠡᠪᠳᠡᠷᠡᠭᠦᠯᠵᠦ᠂ ᠰᠤᠷᠠᠬ ᠴᠢᠮᠡᠭᠡᠨ ᠤ ᠰᠢᠨ᠎ᠠ | ᠡᠷᠡᠨ ᠳᠤ ᠦᠷᠭᠡᠨ ᠤᠯᠠᠨ ᠮᠠᠯᠴᠢᠨ ᠳᠦᠮᠡᠨ ᠳᠤ ᠡᠭᠡ ᠭᠡᠯᠡ ᠪᠠᠷ ᠢᠶᠠᠨ ᠨᠡᠩ ᠳᠦᠭᠦᠮ ᠳᠦᠳᠡ ᠬᠠᠤᠯᠢ | ᠴᠠᠭᠠᠵᠠ ᠶᠢᠨ ᠦᠢᠯᠡᠴᠢᠯᠡᠭᠡ ᠬᠦᠷᠳᠡᠬᠦ ᠵᠠᠮ ᠨᠡᠭᠡᠭᠡᠪᠡ᠃ ᠰᠢᠯᠢ ᠶᠢᠨ ᠭᠤᠤᠯ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠠᠴᠠ ᠡᠷᠬᠢᠯᠡᠭᠰᠡᠨ᠂ ᠳᠤᠮᠳᠠᠳᠦ ᠤᠯᠤᠰ ᠤᠨ ᠴᠤᠷ ᠤᠨ ᠭᠠᠭᠴᠠ ᠮᠤᠩᠭᠤᠯ ᠠᠳᠤᠭᠤᠨ ᠤ ᠰᠤᠶᠤᠯ | ᠰᠢᠨᠵᠢᠯᠡᠭᠡᠨ ᠤ ᠰᠡᠳᠭᠦᠯ ᠪᠤᠯᠬᠤ ︽ᠮᠤᠩᠭᠤᠯ ᠠᠳᠤᠭᠤ︾ ᠰᠡᠳᠭᠦᠯ ᠦᠢᠷ᠎ᠠ ᠳᠤ ᠵᠢᠩᠬᠢᠨᠢ ᠳ᠋ᠤᠭᠠᠷ ᠢᠶᠠᠷ | ᠭᠡᠪᠯᠡᠯ ᠢᠶᠠᠨ ᠡᠬᠢᠯᠡᠭᠦᠯᠪᠡ᠃ ᠡᠳᠡᠭᠡᠷ ᠪᠤᠯ ᠮᠠᠨ ᠤ ᠠᠶᠢᠮᠠᠬ ᠤᠨ ᠮᠤᠩᠭᠤᠯ ᠦᠭᠡ ᠭᠡᠯᠡ ᠦᠰᠦᠭ ᠪᠢᠴᠢᠭ ᠤᠨ | ᠬᠦᠭᠵᠢᠯᠳᠡ ᠶᠢᠨ ᠳᠡᠤᠭᠡᠨ ᠳᠠᠬᠢ ᠴᠠᠬ ᠡᠷᠡᠨ ᠤ ᠠᠯᠬᠤᠭ᠎ᠠ ᠶᠢ ᠳᠠᠭᠠᠬᠰᠠᠨ ᠰᠢᠨ᠎ᠠ ᠬᠠᠭᠤᠳᠠᠰᠤ ᠶᠤᠮ᠃ ᠡᠭᠡ | ᠤᠯᠤᠰ ᠤᠨ ᠤᠮᠠᠷᠠᠳᠦ ᠬᠢᠯᠢ ᠶᠢ ᠰᠠᠬᠢᠬᠰᠠᠨ ᠦᠨᠳᠦᠰᠦᠳᠡᠨ ᠤ ᠭᠠᠵᠠᠷ ᠤᠷᠤᠨ ᠪᠤᠯᠤᠬᠰᠠᠨ ᠤ ᠬᠤᠪᠢ ᠳᠤ ᠮᠠᠨ ᠤ | ᠠᠶᠢᠮᠠᠬ ᠮᠤᠩᠭᠤᠯ ᠦᠭᠡ ᠭᠡᠯᠡ ᠦᠰᠦᠭ ᠪᠢᠴᠢᠭ ᠤᠨ ᠠᠵᠢᠯ ᠢ ᠬᠦᠨᠳᠦᠳᠭᠡᠨ ᠦᠵᠡᠵᠦ᠂ ︽ᠦᠪᠦᠷ ᠮᠤᠩᠭᠤᠯ ᠤᠨ | ᠦᠪᠡᠷᠳᠡᠭᠡᠨ ᠵᠠᠰᠠᠬᠤ ᠤᠷᠤᠨ ᠤ ᠮᠤᠩᠭᠤᠯ ᠦᠭᠡ ᠭᠡᠯᠡ ᠦᠰᠦᠭ ᠪᠢᠴᠢᠭ ᠤᠨ ᠳᠦᠷᠢᠮ︾ ᠢ ᠢᠳᠡᠪᠬᠢᠳᠠᠢ | ᠨᠠᠶᠢᠳᠠᠪᠤᠷᠢᠵᠢᠭᠤᠯᠤᠨ᠂ ᠮᠤᠩᠭᠤᠯ ᠦᠭᠡ ᠭᠡᠯᠡ ᠦᠰᠦᠭ ᠪᠢᠴᠢᠭ ᠤᠨ ᠨᠠᠶᠢᠭᠡᠮ ᠤᠨ ᠠᠮᠢᠳᠤᠷᠠᠯ ᠳᠤᠮᠳᠠᠬᠢ | ᠦᠢᠯᠡᠳᠦᠯ ᠢ ᠰᠠᠶᠢᠳᠤᠷ ᠪᠠᠳᠠᠷᠠᠭᠤᠯᠬᠤ ᠶᠢ ᠴᠢᠬᠤᠯᠠᠴᠢᠯᠠᠨ᠂ ᠮᠡᠳᠡᠭᠡ ᠵᠠᠩᠬᠢ ᠶᠢᠨ ᠰᠢᠨ᠎ᠠ ᠡᠷᠡᠨ ᠳᠤ ᠮᠤᠩᠭᠤᠯ ᠦᠭᠡ | ᠭᠡᠯᠡ ᠦᠰᠦᠭ ᠪᠢᠴᠢᠭ ᠤᠨ ᠭᠡᠷᠡᠭᠯᠡᠯᠳᠡ ᠶᠢ ᠤᠯᠠᠮ ᠳᠦᠭᠡᠮᠡᠯᠵᠢᠭᠦᠯᠬᠦ ᠶᠢ ᠠᠳᠬᠤᠭᠠᠳ᠂ ᠦᠨᠳᠦᠰᠦᠳᠡᠨ ᠤ ᠦᠭᠡ | ᠭᠡᠯᠡ ᠦᠰᠦᠭ ᠪᠢᠴᠢᠭ ᠤᠨ ᠦᠢᠯᠡᠰ ᠨᠡᠶᠢᠭᠡᠮ ᠤᠨ ᠬᠦᠭᠵᠢᠯᠳᠡ ᠲᠠᠢ ᠵᠡᠷᠭᠡᠴᠡᠨ ᠤᠷᠤᠬᠰᠢᠯᠠᠨ ᠳᠠᠪᠰᠢᠬᠤ ᠰᠠᠶᠢᠨ | ᠬᠠᠨᠳᠤᠰᠢ ᠲᠠᠢ ᠪᠤᠯᠵᠦ ᠪᠤᠢ᠃ ᠲᠤᠮᠳᠠᠳᠤ ᠤᠯᠤᠰ ᠤᠨ ᠮᠤᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠰᠠᠭᠤᠷᠢᠨ | ᠪᠤᠯᠤᠬᠰᠠᠨ ᠮᠠᠨ ᠤ ᠠᠶᠢᠮᠠᠬ ᠪᠦᠬᠦ ᠤᠷᠤᠨ ᠳᠤ ᠠᠪᠴᠦ ᠭᠡᠯᠡᠪᠡᠯ ᠮᠤᠩᠭᠤᠯ ᠦᠨᠳᠦᠰᠦᠳᠡᠨ ᠤ ᠬᠦᠮᠦᠨ ᠠᠮᠠ ᠶᠢᠨ | ᠬᠠᠷᠢᠴᠠᠯ ᠬᠠᠷᠢᠴᠠᠩᠭᠤᠢ ᠨᠡᠯᠢᠶᠡᠳ ᠶᠡᠭᠡ ᠪᠠᠶᠢᠵᠦ᠂ ᠦᠨᠳᠦᠰᠦᠳᠡᠨ ᠤ ᠤᠯᠠᠮᠵᠢᠯᠠᠯᠳᠦ ᠰᠤᠶᠤᠯ ᠤᠨ ᠰᠠᠭᠤᠷᠢ | ᠵᠤᠵᠠᠭᠠᠨ ᠶᠤᠮ᠃ ᠦᠨᠳᠦᠰᠤᠳᠡᠨ ᠤ ᠦᠭᠡ ᠭᠡᠯᠡ ᠦᠰᠦᠭ ᠪᠢᠴᠢᠭ ᠢᠶᠠᠨ ᠬᠠᠮᠠᠭᠠᠯᠠᠵᠦ ᠤᠯᠠᠮᠵᠢᠯᠠᠨ᠂ ᠭᠡᠷᠡᠭᠯᠡᠵᠦ | ᠬᠦᠭᠵᠢᠭᠦᠯᠬᠦ ᠳᠤᠬᠠᠢ ᠤᠬᠠᠭᠤᠯᠭ᠎ᠠ ᠬᠦᠮᠦᠵᠢᠯ ᠢ ᠠᠳᠬᠤᠨ᠂ ᠡᠯ᠎ᠡ ᠠᠯᠪᠠᠨ ᠪᠠᠶᠢᠭᠤᠯᠭ᠎ᠠ᠂ ᠡᠯ᠎ᠡ ᠠᠵᠢᠯ | ᠲᠦᠷᠦᠯ ᠤᠨ ᠬᠢᠨ ᠮᠤᠩᠭᠤᠯ ᠬᠢᠳᠡᠳ ᠭᠡᠯᠡ ᠶᠢ ᠵᠡᠷᠭᠡᠪᠡᠷ ᠭᠡᠷᠡᠭᠯᠡᠬᠦ ᠠᠵᠢᠯ ᠢ ᠠᠯᠬᠤᠮ ᠠᠯᠬᠤᠮ ᠢᠶᠠᠷ | ᠲᠦᠷᠢᠮᠵᠢᠬᠦᠯᠦᠨ᠂ ᠤᠨᠴᠠᠭᠠᠢᠢᠯᠠᠨ ᠨᠠᠮ ᠵᠠᠰᠠᠭ ᠤᠨ ᠠᠯᠪᠠᠨ ᠪᠠᠶᠢᠭᠤᠯᠭ᠎ᠠ ᠶᠢᠨ ᠤᠷᠴᠢᠭᠤᠯᠭ᠎ᠠ ᠶᠢᠨ ᠠᠵᠢᠯ ᠢ | ᠴᠢᠩᠭ᠎ᠠ ᠠᠳᠬᠤᠵᠦ᠂ ᠦᠨᠳᠤᠰᠤᠨ ᠱᠠᠳᠤᠨ ᠳᠤ ᠪᠠᠭᠤᠯᠭᠠᠬᠤ ᠬᠤᠷᠠᠯ ᠤᠨ ᠮᠠᠲ᠋ᠧᠷᠢᠶᠠᠯ᠂ ᠠᠯᠪᠠᠨ ᠪᠢᠴᠢᠭ ᠢ | ᠮᠤᠩᠭᠤᠯ ᠬᠢᠳᠡᠳ ᠬᠤᠶᠠᠷ ᠵᠦᠢᠯ ᠤᠨ ᠦᠰᠦᠭ ᠪᠢᠴᠢᠭ ᠢᠶᠠᠷ ᠵᠡᠷᠭᠡ ᠪᠠᠷ ᠶᠠᠪᠤᠭᠤᠯᠬᠤ ᠶᠢ ᠪᠠᠷᠢᠮᠳᠠᠯᠠᠵᠦ ᠪᠤᠢ᠃ | ᠡᠯ᠎ᠡ ᠦᠨᠳᠦᠰᠦᠳᠡᠨ ᠤ ᠺᠠᠳ᠋ᠷ ᠤᠯᠠᠨ ᠲᠦᠮᠡᠨ ᠤ ᠮᠤᠩᠭᠤᠯ ᠬᠡᠯᠡ ᠪᠢᠴᠢᠭ ᠰᠤᠷᠴᠤ ᠬᠡᠷᠡᠭᠯᠡᠬᠦ ᠶᠢ ᠵᠤᠷᠢᠭᠵᠢᠭᠤᠯᠤᠨ᠂ | ᠡᠯ᠎ᠡ ᠱᠠᠳᠤᠨ ᠤ ᠨᠠᠮ ᠵᠠᠰᠠᠭ ᠤᠨ ᠠᠯᠪᠠᠨ ᠪᠠᠶᠢᠭᠤᠯᠭ᠎ᠠ᠂ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠪᠤᠯᠤᠨ | ᠦᠢᠯᠡᠴᠢᠯᠡᠭᠡᠨ ᠤ ᠰᠠᠯᠠᠭ᠎ᠠ ᠮᠦᠴᠢᠷ ᠲᠤ ᠮᠤᠩᠭᠤᠯ ᠬᠡᠯᠡ ᠰᠤᠷᠬᠤ ᠠᠵᠢᠯᠯᠠᠭ᠎ᠠ ᠶᠢ ᠦᠷᠨᠢᠭᠦᠯᠵᠤ᠂ ᠵᠠᠷᠢᠮ ᠬᠢᠳᠠᠳ | ᠰᠤᠷᠭᠠᠭᠤᠯᠢ ᠳᠤ ᠮᠤᠩᠭᠤᠯ ᠬᠡᠯᠡ ᠰᠤᠷᠬᠤ ᠬᠢᠴᠢᠶᠡᠯ ᠲᠤᠬᠢᠷᠠᠭᠤᠯᠵᠤ᠂ ᠮᠤᠩᠭᠤᠯ ᠬᠡᠯᠡ ᠰᠤᠷᠬᠤ ᠰᠢᠨ᠎ᠡ | ᠦᠷᠨᠢᠯᠳᠡ ᠶᠢ ᠭᠠᠷᠭᠠᠵᠠᠢ᠃ ᠨᠡᠶᠢᠭᠡᠮ ᠤᠨ ᠦᠡᠭᠭᠡᠨ ᠭᠡᠷᠡᠭᠯᠡᠭᠡᠨ ᠤ ᠦᠰᠦᠭ ᠪᠢᠴᠢᠭ ᠤᠨ ᠬᠠᠮᠢᠶᠠᠷᠤᠯᠳᠠ ᠶᠢᠨ | ᠠᠵᠢᠯ ᠢ ᠶᠡᠭᠡᠪᠡᠷ ᠴᠢᠩᠭᠠᠳᠬᠠᠨ᠂ ᠲᠦᠪᠯᠡᠷᠡᠭᠦᠯᠦᠨ ᠵᠠᠰᠠᠬᠤ᠂ ᠤᠭ ᠡᠬᠢ ᠠᠴᠠ ᠨᠢ ᠵᠠᠰᠠᠬᠤ᠂ ᠠᠯᠬᠤᠮ ᠲᠠᠷᠠᠭ᠎ᠠ ᠶᠢ | ᠲᠦᠷᠢᠮᠵᠢᠭᠦᠯᠬᠦ ᠵᠡᠷᠭᠡ ᠡᠷᠴᠢᠮ ᠲᠠᠢ ᠠᠷᠭ᠎ᠠ ᠬᠡᠮᠵᠢᠶ᠎ᠡ ᠠᠪᠴᠦ᠂ 90% ᠠᠴᠠ ᠲᠡᠭᠡᠭᠰᠢᠬᠢ ᠬᠤᠰᠢᠭᠤ ᠰᠢᠶᠠᠨ | ᠬᠤᠳᠠ ᠶᠢᠨ ᠨᠡᠶᠢᠭᠡᠮ ᠤᠨ ᠦᠡᠭᠭᠡᠨ ᠭᠡᠷᠡᠭᠯᠡᠭᠡᠨ ᠤ ᠦᠰᠦᠭ ᠪᠢᠴᠢᠭ ᠨᠢ ᠲᠦᠷᠢᠮᠵᠢᠯ ᠱᠠᠭᠠᠷᠳᠠᠯᠭ᠎ᠠ ᠳᠤ ᠨᠡᠶᠢᠴᠡᠪᠡ᠃ | ᠮᠤᠩᠭᠤᠯ ᠦᠬᠡ ᠬᠡᠯᠡ ᠦᠰᠦᠭ ᠪᠢᠴᠢᠭ ᠤᠨ ᠰᠤᠷᠠᠬ ᠴᠢᠮᠡᠭᠡᠵᠢᠯᠳᠡ ᠶᠢ ᠴᠢᠬᠤᠯᠠᠴᠢᠯᠠᠨ᠂ ᠪᠦᠬᠦ ᠠᠶᠢᠮᠠᠭ ᠤᠨ | ᠵᠠᠰᠠᠭ ᠤᠨ ᠠᠵᠢᠯ ᠤᠨ ᠰᠢᠰᠲ᠋ᠧᠮ᠂ ᠬᠠᠤᠯᠢ ᠴᠠᠭᠠᠵᠠ ᠶᠢᠨ ᠰᠢᠰᠲ᠋ᠧᠮ᠂ ᠴᠠᠭ ᠠᠭᠤᠷ ᠤᠨ ᠰᠢᠰᠲ᠋ᠧᠮ᠂ ᠰᠤᠷᠭᠠᠨ | ᠬᠥᠮᠥᠵᠢᠯ ᠤᠨ ᠰᠢᠰᠲ᠋ᠧᠮ᠂ ᠰᠢᠨᠵᠢᠯᠡᠬᠦ ᠤᠬᠠᠭᠠᠨ ᠮᠡᠷᠬᠡᠵᠢᠯ ᠤᠨ ᠰᠢᠰᠲ᠋ᠧᠮ ᠳᠤ ᠮᠤᠩᠭᠤᠯ ᠭᠡᠯᠡᠨ ᠤ ᠰᠤᠷᠠᠬ | ᠴᠢᠮᠡᠭᠡᠵᠢᠯᠳᠡ ᠶᠢᠨ ᠮᠡᠷᠬᠡᠵᠢᠯ ᠢ ᠲᠡᠯᠭᠡᠷᠡᠬᠦᠯᠬᠦ ᠠᠵᠢᠯ ᠢ ᠬᠦᠴᠦᠯᠡᠨ ᠠᠳᠬᠤᠬᠰᠠᠨ ᠠᠴᠠ ᠮᠠᠯᠴᠢᠳ ᠠᠯᠠᠭᠠᠨ | ᠳᠡᠭᠡᠷᠡᠬᠢ ᠭᠠᠷ ᠤᠳᠠᠰᠤ ᠠᠴᠠ ᠪᠠᠨ ᠮᠤᠩᠭᠤᠯ ᠭᠡᠯᠡᠨ ᠤ ᠴᠠᠬ ᠠᠭᠤᠷ᠂ ᠬᠠᠤᠯᠢ ᠴᠠᠭᠠᠵᠠ᠂ ᠰᠤᠨᠢᠨ ᠷᠠᠳᠢᠤ᠋ | ᠲᠧᠯᠸᠢᠰ ᠤᠨ ᠰᠤᠷᠠᠬ ᠴᠢᠮᠡᠭᠡ ᠶᠢ ᠴᠠᠬ ᠳᠤᠬᠠᠢ ᠳᠤᠨᠢ ᠬᠦᠯᠢᠶᠡᠨ ᠠᠪᠴᠦ ᠦᠵᠡᠵᠦ ᠰᠤᠨᠢᠷᠬᠠᠬᠤ ᠪᠤᠯᠪᠠ᠃ | ᠮᠤᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠠᠵᠢᠯ ᠢ ᠨᠢᠬᠡᠨ ᠡᠬᠦᠷᠬᠡ ᠬᠠᠷᠢᠭᠤᠴᠠᠯᠭ᠎ᠠ ᠪᠤᠯᠭᠠᠵᠦ᠂ ᠪᠠᠷᠢᠮᠵᠢᠶ᠎ᠠ | ᠠᠪᠢᠶᠠᠨ ᠤ ᠪᠤᠯᠪᠠᠰᠤᠷᠠᠯ᠂ ᠳᠦᠭᠡᠮᠡᠯᠵᠢᠯ ᠤᠨ ᠠᠵᠢᠯ ᠢ ᠭᠤᠤᠯᠯᠠᠨ ᠬᠦᠢᠴᠡᠳᠭᠡᠵᠦ ᠪᠤᠢ᠃ ᠦᠪᠡᠷᠳᠡᠭᠡᠨ ᠵᠠᠰᠠᠬᠤ | ᠤᠷᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠠᠴᠠ ᠰᠢᠯᠤᠭᠤᠨ ᠬᠦᠭᠡ ᠬᠤᠰᠢᠭᠤ ᠶᠢ ︽ᠲᠤᠮᠳᠠᠳᠤ | ᠤᠯᠤᠰ ᠤᠨ ᠮᠤᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠵᠢᠱᠢᠶ᠎ᠡ ᠦᠵᠡᠬᠦᠯᠬᠦ ᠰᠠᠭᠤᠷᠢᠨ ᠭᠠᠵᠠᠷ︾ ᠢᠶᠠᠷ | ᠨᠡᠷᠡᠶᠢᠳᠴᠤ᠂ ᠰᠢᠯᠢ ᠶᠢᠨ ᠭᠤᠤᠯ ᠠᠵᠢᠯ ᠮᠡᠷᠭᠡᠵᠢᠯ ᠤᠨ ᠲᠡᠭᠡᠳᠦ ᠰᠤᠷᠭᠠᠭᠤᠯᠢ ᠶᠢ ᠪᠦᠬᠦ ᠤᠷᠤᠨ ᠤ ᠮᠤᠩᠭᠤᠯ | ᠬᠡᠯᠡᠨ ᠤ ᠪᠠᠷᠢᠮᠵᠢᠶ᠎ᠠ ᠠᠪᠢᠶᠠᠨ ᠤ ᠪᠤᠯᠪᠠᠰᠦᠷᠠᠯ ᠰᠢᠯᠭᠠᠯᠳᠠ ᠶᠢᠨ ᠰᠠᠭᠤᠷᠢᠨ ᠭᠠᠵᠠᠷ ᠭᠡᠵᠦ ᠲᠤᠭᠳᠠᠭᠠᠠᠠᠰᠠᠨ ᠠᠴᠠ | ᠨᠠᠰᠢ᠂ ︽ᠬᠤᠶᠠᠷ ᠰᠠᠭᠤᠷᠢᠨ ᠭᠠᠵᠠᠷ︾ ᠤᠨ ᠦᠢᠯᠡᠳᠦᠯ ᠢ ᠨᠢ ᠪᠠᠳᠠᠷᠠᠭᠤᠯᠬᠤ ᠶᠢ ᠴᠢᠬᠤᠯᠠᠴᠢᠯᠠᠨ᠂ ᠪᠦᠬᠦ ᠤᠷᠤᠨ | ᠪᠦᠬᠦ ᠠᠶᠢᠮᠠᠭ ᠲᠤ ᠮᠤᠩᠭᠤᠯ ᠬᠡᠯᠡᠨ ᠤ ᠪᠠᠷᠢᠮᠵᠢᠶ᠎ᠠ ᠠᠪᠢᠶ᠎ᠠ ᠶᠢ ᠲᠦᠭᠡᠮᠡᠯᠵᠢᠬᠦᠯᠬᠦ ᠠᠵᠢᠯ ᠢ ᠦᠷᠨᠢᠭᠦᠯᠵᠦ᠂ ᠵᠢᠯ | ᠪᠦᠷᠢ ᠬᠡᠳᠦᠨ ᠵᠠᠭᠤᠨ ᠮᠤᠩᠭᠤᠯ ᠢᠶᠠᠷ ᠬᠢᠴᠢᠶᠡᠯᠯᠡᠬᠦ ᠪᠠᠭᠰᠢ᠂ ᠨᠡᠪᠳᠡᠷᠡᠭᠦᠯᠦᠭᠴᠢ᠂ ᠬᠦᠳᠦᠯᠦᠭᠴᠢ᠂ ᠤᠯᠤᠰ ᠤᠨ | ᠠᠯᠪᠠᠳᠠᠨ ᠪᠠ ᠰᠤᠷᠤᠭᠴᠢ ᠶᠢ ᠲᠠᠪᠳᠠᠨ ᠪᠤᠯᠪᠠᠰᠤᠷᠠᠭᠤᠯᠵᠤ᠂ ᠯᠢᠶᠤᠤᠨᠢᠩ ᠵᠡᠷᠭᠡ ᠭᠠᠵᠠᠷ ᠤᠷᠤᠨ ᠳᠤ | ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠢ ᠬᠦᠮᠦᠵᠢᠭᠦᠯᠦᠨ ᠦᠭᠴᠦ ᠪᠤᠢ᠃ 2007 ᠤᠨ ᠠᠴᠠ ᠨᠠᠰᠢ | ᠂ ᠰᠢᠯᠢ ᠶᠢᠨ ᠭᠤᠤᠯ ᠠᠶᠢᠮᠠᠭ ᠤᠨ 15 ᠬᠠᠮᠳᠤ ᠨᠢᠭᠡᠴᠠ᠂ 36 ᠬᠤᠪᠢ ᠬᠦᠮᠦᠨ ᠦᠪᠡᠷᠳᠡᠭᠡᠨ ᠵᠠᠰᠠᠬᠤ ᠤᠷᠤᠨ ᠤ | ᠵᠠᠰᠠᠭ ᠤᠨ ᠤᠷᠳᠤᠨ ᠤ ᠮᠤᠩᠭᠤᠯ ᠬᠡᠯᠡ ᠪᠢᠴᠢᠭ ᠰᠤᠷᠴᠦ ᠬᠡᠷᠡᠭᠯᠡᠭᠰᠡᠨ ᠳᠡᠷᠢᠬᠦᠨ ᠤ ᠬᠠᠮᠳᠤ ᠨᠢᠭᠡᠴᠡ ᠪᠠ | ᠰᠠᠶᠢᠴᠤᠤᠯ ᠢᠶᠠᠷ ᠬᠦᠬᠢᠬᠦᠯᠦᠭᠳᠡᠨ᠂ 2 ᠬᠠᠮᠳᠤ ᠨᠢᠭᠡᠴᠠ᠂ 5 ᠬᠤᠪᠢ ᠬᠦᠮᠦᠨ ︽ᠤᠯᠠᠭᠠᠨᠬᠦᠦ ᠮᠤᠩᠭᠤᠯ ᠦᠬᠡ | ᠬᠡᠯᠡ ᠦᠰᠦᠭ ᠪᠢᠴᠢᠭ ᠤᠨ ᠱᠠᠩᠨᠠᠯ︾ ᠬᠦ᠋ᠷᠳᠡᠵᠡᠢ᠃ ᠮᠠᠨ ᠤ ᠠᠶᠢᠮᠠᠭ ᠤᠨ ᠮᠤᠩᠭᠤᠯ ᠬᠡᠯᠡ ᠪᠢᠴᠢᠭ ᠤᠨ ᠠᠵᠢᠯ ᠨᠢ | ᠥᠪᠡᠷᠳᠡᠬᠡᠨ ᠵᠠᠰᠠᠬᠤ ᠤᠷᠤᠨ ᠤ ᠦᠨᠳᠦᠰᠦᠳᠡᠨ ᠤ ᠵᠦᠪᠯᠡᠯ ᠤᠨ ᠵᠦᠪ ᠤᠨᠤᠪᠴᠢᠳᠠᠢ ᠵᠢᠯᠤᠭᠤᠳᠤᠯᠭ᠎ᠠ᠂ | ᠠᠶᠢᠮᠠᠭ ᠤᠨ ᠨᠠᠮ ᠤᠨ ᠬᠤᠷᠢᠶ᠎ᠠ᠂ ᠵᠠᠬᠢᠷᠭᠠᠨ ᠤ ᠴᠢᠬᠤᠯᠠᠴᠢᠯᠠᠭ᠎ᠠ ᠪᠠ ᠦᠨᠳᠦᠰᠦᠳᠡᠨ ᠤ ᠰᠤᠶᠤᠯ ᠢᠶᠠᠨ ᠲᠡᠭᠡᠳᠦᠯᠡᠨ | ᠬᠠᠶᠢᠷᠠᠯᠠᠳᠠᠭ ᠠᠷᠠᠳ ᠤᠯᠠᠨ ᠤ ᠳᠡᠮᠵᠢᠯᠭᠡ ᠪᠠᠷ ᠡᠳᠤᠢ ᠳᠡᠳᠤᠢ ᠠᠮᠵᠢᠯᠳᠡ ᠪᠦᠳᠦᠮᠵᠢ ᠤᠯᠤᠬᠰᠠᠨ ᠪᠤᠯᠪᠠᠴᠦ ᠠᠵᠦ | ᠠᠬᠤᠢ ᠪᠠ ᠨᠡᠶᠢᠬᠡᠮ ᠤᠨ ᠬᠥᠭᠵᠢᠯᠳᠡ ᠬᠤᠪᠢᠷᠠᠯᠳᠠ ᠶᠢ ᠳᠠᠭᠠᠯᠳᠤᠨ᠂ ᠮᠤᠩᠭᠤᠯ ᠬᠡᠯᠡᠨ ᠤ ᠭᠡᠷᠡᠭᠯᠡᠯᠳᠡ ᠶᠢᠨ | ᠭᠡᠪᠴᠢᠶ᠎ᠠ ᠢᠪᠴᠤᠤᠷᠠᠵᠦ᠂ ᠮᠤᠩᠭᠤᠯ ᠭᠡᠯᠡ ᠶᠢ ᠰᠤᠷᠬᠤ᠂ ᠭᠡᠷᠡᠭᠯᠡᠬᠦ᠂ ᠰᠤᠳᠤᠯᠬᠤ᠂ ᠳᠦᠭᠡᠮᠡᠯᠵᠢᠭᠦᠯᠬᠦ ᠵᠡᠷᠭᠡ | ᠳᠠᠯ᠎ᠠ ᠳᠤ ᠤᠯᠠᠨ ᠰᠢᠨ᠎ᠠ ᠬᠦᠴᠢᠷᠳᠡᠯ ᠰᠢᠨ᠎ᠠ ᠠᠰᠠᠭᠤᠳᠠᠯ ᠤᠷᠤᠰᠢᠵᠦ ᠪᠤᠢ᠃ ᠡᠨᠡᠬᠦ ᠪᠠᠶᠢᠳᠠᠯ ᠳᠤ ᠴᠢᠭᠯᠡᠬᠦᠯᠦᠨ | ᠮᠠᠨ ᠤ ᠠᠶᠢᠮᠠᠭ ᠬᠤᠶᠢᠰᠢᠳᠠ ᠮᠤᠩᠭᠤᠯ ᠬᠡᠯᠡ ᠪᠢᠴᠢᠭ ᠤᠨ ᠠᠵᠢᠯ ᠢ ᠨᠡᠩ ᠴᠢᠬᠤᠯᠠᠴᠢᠯᠠᠨ ᠠᠳᠬᠤᠵᠦ᠂ ᠤᠯᠠᠨ | ᠲᠦᠮᠡᠨ ᠤ ᠦᠨᠳᠦᠰᠦᠳᠡᠨ ᠤ ᠬᠡᠯᠡ ᠰᠤᠶᠤᠯ ᠢᠶᠠᠨ ᠬᠠᠶᠢᠷᠠᠯᠠᠵᠦ ᠬᠠᠮᠠᠭᠠᠯᠠᠵᠦ ᠬᠡᠷᠡᠭᠯᠡᠬᠦ ᠤᠬᠠᠮᠰᠠᠷ ᠢ ᠤᠯᠠᠮ ᠨᠢᠬᠡ | ᠠᠯᠬᠤᠮ ᠳᠡᠭᠡᠭᠰᠢᠯᠡᠬᠦᠯᠦᠨ᠂ ︽ᠰᠦᠯᠵᠢᠶ᠎ᠡ + ᠮᠤᠩᠭᠤᠯ ᠬᠡᠯᠡᠨ ᠤ ᠠᠵᠢᠯ︾ ᠳᠤ ᠢᠳᠡᠪᠬᠢᠯᠡᠨ ᠤᠷᠤᠯᠴᠠᠵᠦ᠂ | ᠬᠠᠤᠯᠢ ᠶᠤᠰᠤᠭᠠᠷ ᠮᠤᠩᠭᠤᠯ ᠬᠡᠯᠡ ᠪᠢᠴᠢᠭ ᠤᠨ ᠠᠵᠢᠯ ᠢ ᠬᠠᠮᠢᠶᠠᠷᠬᠤ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ | ᠮᠤᠩᠭᠤᠯ ᠬᠡᠯᠡ ᠰᠤᠷᠬᠤ ᠠᠵᠢᠯᠯᠠᠭ᠎ᠠ ᠶᠢ ᠦᠷᠬᠦᠯᠵᠢᠯᠡᠨ ᠦᠷᠨᠢᠬᠦᠯᠬᠦ ᠪᠠ ᠮᠤᠩᠭᠤᠯ ᠬᠡᠯᠡ ᠪᠢᠴᠢᠭ ᠤᠨ ᠪᠠᠶᠢᠴᠠᠭᠠᠨ | ᠰᠤᠳᠤᠯᠤᠯᠳᠠ ᠶᠢᠨ ᠠᠵᠢᠯ ᠢ ᠨᠡᠩ ᠰᠠᠶᠢᠳᠤᠷ ᠬᠢᠵᠦ᠂ ᠮᠤᠩᠭᠤᠯ ᠭᠡᠯᠡ ᠪᠢᠴᠢᠭ ᠰᠣᠷᠴᠤ ᠭᠡᠷᠡᠭᠯᠡᠬᠦ ᠬᠢᠬᠡᠳ | ᠰᠣᠳᠣᠯᠬᠤ ᠶᠢ ᠠᠬᠢᠭᠤᠯᠵᠤ᠂ ᠦᠨᠳᠦᠰᠦᠳᠡᠨ ᠤ ᠪᠦᠯᠬᠦᠮᠳᠡᠯ ᠳᠠᠪᠰᠢᠯᠳᠠ ᠳᠤ ᠨᠡᠩ ᠶᠡᠭᠡ ᠬᠦᠴᠦᠨ ᠡᠷᠭᠦᠬᠦ ᠪᠠᠷ | ᠴᠢᠷᠮᠠᠶᠢᠵᠦ ᠪᠤᠢ᠃ | |