ᠡᠬᠡ ᠬᠡᠯᠡ ᠪᠠᠨ ᠬᠦᠭᠵᠢᠭᠦᠯᠦᠭᠰᠡᠨ ᠠᠮᠵᠢᠯᠲᠠ ᠲᠠᠢ ᠦᠢᠯᠡᠳᠦᠯᠭᠡ ᠶᠢᠨ ᠡᠷᠡᠨ ᠴᠠᠭ ᠤᠨ ᠠᠯᠬᠤᠭ᠎ᠠ ᠶᠢ ᠳᠠᠭᠠᠭᠰᠠᠨ ᠰᠢᠨ᠎ᠡ ᠬᠠᠭᠤᠳᠠᠰᠤ — ᠮᠠᠨ ᠤ ᠠᠶᠢᠮᠠᠭ ᠤᠨ ᠦᠨᠳᠦᠰᠦᠲᠡᠨ ᠤ ᠦᠬᠡ ᠬᠡᠯᠡ ᠦᠰᠦᠭ ᠪᠢᠴᠢᠭ ᠤᠨ ᠠᠵᠢᠯ ᠳᠤᠪᠤᠶᠢᠮ᠎ᠠ ᠠᠮᠵᠢᠯᠲᠠ ᠤᠯᠪᠠ
ᠨᠡᠶᠢᠲᠡᠯᠡᠭᠰᠡᠨ ᠴᠠᠭ᠄
2016/12/7
      ᠡᠨᠡ ᠵᠢᠯ ᠮᠠᠨ ᠤ ᠠᠶᠢᠮᠠᠬ ᠪᠦᠬᠦ ᠤᠯᠤᠰ ᠤᠨ ᠠᠩᠬᠠᠳᠠᠬᠴᠢ ᠮᠤᠩᠭᠤᠯ ᠭᠡᠯᠡᠨ ᠤ ᠬᠠᠤᠯᠢ ᠶᠢᠨ ᠦᠢᠯᠡᠴᠢᠯᠡᠭᠡᠨ ᠤ ︽12348︾ ᠠᠯᠪᠠᠨ ᠤ ᠵᠢᠷᠬᠢᠭᠡ ᠳᠠᠪᠴᠠᠩ ᠢ ᠨᠡᠪᠳᠡᠷᠡᠭᠦᠯᠵᠦ᠂ ᠰᠤᠷᠠᠬ ᠴᠢᠮᠡᠭᠡᠨ ᠤ ᠰᠢᠨ᠎ᠠ ᠡᠷᠡᠨ ᠳᠤ ᠦᠷᠭᠡᠨ ᠤᠯᠠᠨ ᠮᠠᠯᠴᠢᠨ ᠳᠦᠮᠡᠨ ᠳᠤ ᠡᠭᠡ ᠭᠡᠯᠡ ᠪᠠᠷ ᠢᠶᠠᠨ ᠨᠡᠩ ᠳᠦᠭᠦᠮ ᠳᠦᠳᠡ ᠬᠠᠤᠯᠢ ᠴᠠᠭᠠᠵᠠ ᠶᠢᠨ ᠦᠢᠯᠡᠴᠢᠯᠡᠭᠡ ᠬᠦᠷᠳᠡᠬᠦ ᠵᠠᠮ ᠨᠡᠭᠡᠭᠡᠪᠡ᠃ ᠰᠢᠯᠢ ᠶᠢᠨ ᠭᠤᠤᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠠᠴᠠ ᠡᠷᠬᠢᠯᠡᠭᠰᠡᠨ᠂ ᠳᠤᠮᠳᠠᠳᠦ ᠤᠯᠤᠰ ᠤᠨ ᠴᠤᠷ ᠤᠨ ᠭᠠᠭᠴᠠ ᠮᠤᠩᠭᠤᠯ ᠠᠳᠤᠭᠤᠨ ᠤ ᠰᠤᠶᠤᠯ ᠰᠢᠨᠵᠢᠯᠡᠭᠡᠨ ᠤ ᠰᠡᠳᠭᠦᠯ ᠪᠤᠯᠬᠤ ︽ᠮᠤᠩᠭᠤᠯ ᠠᠳᠤᠭᠤ︾ ᠰᠡᠳᠭᠦᠯ ᠦᠢᠷ᠎ᠠ ᠳᠤ ᠵᠢᠩᠬᠢᠨᠢ ᠳ᠋ᠤᠭᠠᠷ ᠢᠶᠠᠷ ᠭᠡᠪᠯᠡᠯ ᠢᠶᠠᠨ ᠡᠬᠢᠯᠡᠭᠦᠯᠪᠡ᠃ ᠡᠳᠡᠭᠡᠷ ᠪᠤᠯ ᠮᠠᠨ ᠤ ᠠᠶᠢᠮᠠᠬ ᠤᠨ ᠮᠤᠩᠭᠤᠯ ᠦᠭᠡ ᠭᠡᠯᠡ ᠦᠰᠦᠭ ᠪᠢᠴᠢᠭ ᠤᠨ ᠬᠦᠭᠵᠢᠯᠳᠡ ᠶᠢᠨ ᠳᠡᠤᠭᠡᠨ ᠳᠠᠬᠢ ᠴᠠᠬ ᠡᠷᠡᠨ ᠤ ᠠᠯᠬᠤᠭ᠎ᠠ ᠶᠢ ᠳᠠᠭᠠᠬᠰᠠᠨ ᠰᠢᠨ᠎ᠠ ᠬᠠᠭᠤᠳᠠᠰᠤ ᠶᠤᠮ᠃ ᠡᠭᠡ ᠤᠯᠤᠰ ᠤᠨ ᠤᠮᠠᠷᠠᠳᠦ ᠬᠢᠯᠢ ᠶᠢ ᠰᠠᠬᠢᠬᠰᠠᠨ ᠦᠨᠳᠦᠰᠦᠳᠡᠨ ᠤ ᠭᠠᠵᠠᠷ ᠤᠷᠤᠨ ᠪᠤᠯᠤᠬᠰᠠᠨ ᠤ ᠬᠤᠪᠢ ᠳᠤ ᠮᠠᠨ ᠤ ᠠᠶᠢᠮᠠᠬ ᠮᠤᠩᠭᠤᠯ ᠦᠭᠡ ᠭᠡᠯᠡ ᠦᠰᠦᠭ ᠪᠢᠴᠢᠭ ᠤᠨ ᠠᠵᠢᠯ ᠢ ᠬᠦᠨᠳᠦᠳᠭᠡᠨ ᠦᠵᠡᠵᠦ᠂ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠮᠤᠩᠭᠤᠯ ᠦᠭᠡ ᠭᠡᠯᠡ ᠦᠰᠦᠭ ᠪᠢᠴᠢᠭ ᠤᠨ ᠳᠦᠷᠢᠮ︾ ᠢ ᠢᠳᠡᠪᠬᠢᠳᠠᠢ ᠨᠠᠶᠢᠳᠠᠪᠤᠷᠢᠵᠢᠭᠤᠯᠤᠨ᠂ ᠮᠤᠩᠭᠤᠯ ᠦᠭᠡ ᠭᠡᠯᠡ ᠦᠰᠦᠭ ᠪᠢᠴᠢᠭ ᠤᠨ ᠨᠠᠶᠢᠭᠡᠮ ᠤᠨ ᠠᠮᠢᠳᠤᠷᠠᠯ ᠳᠤᠮᠳᠠᠬᠢ ᠦᠢᠯᠡᠳᠦᠯ ᠢ ᠰᠠᠶᠢᠳᠤᠷ ᠪᠠᠳᠠᠷᠠᠭᠤᠯᠬᠤ ᠶᠢ ᠴᠢᠬᠤᠯᠠᠴᠢᠯᠠᠨ᠂ ᠮᠡᠳᠡᠭᠡ ᠵᠠᠩᠬᠢ ᠶᠢᠨ ᠰᠢᠨ᠎ᠠ ᠡᠷᠡᠨ ᠳᠤ ᠮᠤᠩᠭᠤᠯ ᠦᠭᠡ ᠭᠡᠯᠡ ᠦᠰᠦᠭ ᠪᠢᠴᠢᠭ ᠤᠨ ᠭᠡᠷᠡᠭᠯᠡᠯᠳᠡ ᠶᠢ ᠤᠯᠠᠮ ᠳᠦᠭᠡᠮᠡᠯᠵᠢᠭᠦᠯᠬᠦ ᠶᠢ ᠠᠳᠬᠤᠭᠠᠳ᠂ ᠦᠨᠳᠦᠰᠦᠳᠡᠨ ᠤ ᠦᠭᠡ ᠭᠡᠯᠡ ᠦᠰᠦᠭ ᠪᠢᠴᠢᠭ ᠤᠨ ᠦᠢᠯᠡᠰ ᠨᠡᠶᠢᠭᠡᠮ ᠤᠨ ᠬᠦᠭᠵᠢᠯᠳᠡ ᠲᠠᠢ ᠵᠡᠷᠭᠡᠴᠡᠨ ᠤᠷᠤᠬᠰᠢᠯᠠᠨ ᠳᠠᠪᠰᠢᠬᠤ ᠰᠠᠶᠢᠨ ᠬᠠᠨᠳᠤᠰᠢ ᠲᠠᠢ ᠪᠤᠯᠵᠦ ᠪᠤᠢ᠃ ᠲᠤᠮᠳᠠᠳᠤ ᠤᠯᠤᠰ ᠤᠨ ᠮᠤᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠰᠠᠭᠤᠷᠢᠨ ᠪᠤᠯᠤᠬᠰᠠᠨ ᠮᠠᠨ ᠤ ᠠᠶᠢᠮᠠᠬ ᠪᠦᠬᠦ ᠤᠷᠤᠨ ᠳᠤ ᠠᠪᠴᠦ ᠭᠡᠯᠡᠪᠡᠯ ᠮᠤᠩᠭᠤᠯ ᠦᠨᠳᠦᠰᠦᠳᠡᠨ ᠤ ᠬᠦᠮᠦᠨ ᠠᠮᠠ ᠶᠢᠨ ᠬᠠᠷᠢᠴᠠᠯ ᠬᠠᠷᠢᠴᠠᠩᠭᠤᠢ ᠨᠡᠯᠢᠶᠡᠳ ᠶᠡᠭᠡ ᠪᠠᠶᠢᠵᠦ᠂ ᠦᠨᠳᠦᠰᠦᠳᠡᠨ ᠤ ᠤᠯᠠᠮᠵᠢᠯᠠᠯᠳᠦ ᠰᠤᠶᠤᠯ ᠤᠨ ᠰᠠᠭᠤᠷᠢ ᠵᠤᠵᠠᠭᠠᠨ ᠶᠤᠮ᠃ ᠦᠨᠳᠦᠰᠤᠳᠡᠨ ᠤ ᠦᠭᠡ ᠭᠡᠯᠡ ᠦᠰᠦᠭ ᠪᠢᠴᠢᠭ ᠢᠶᠠᠨ ᠬᠠᠮᠠᠭᠠᠯᠠᠵᠦ ᠤᠯᠠᠮᠵᠢᠯᠠᠨ᠂ ᠭᠡᠷᠡᠭᠯᠡᠵᠦ ᠬᠦᠭᠵᠢᠭᠦᠯᠬᠦ ᠳᠤᠬᠠᠢ ᠤᠬᠠᠭᠤᠯᠭ᠎ᠠ ᠬᠦᠮᠦᠵᠢᠯ ᠢ ᠠᠳᠬᠤᠨ᠂ ᠡᠯ᠎ᠡ ᠠᠯᠪᠠᠨ ᠪᠠᠶᠢᠭᠤᠯᠭ᠎ᠠ᠂ ᠡᠯ᠎ᠡ ᠠᠵᠢᠯ ᠲᠦᠷᠦᠯ ᠤᠨ ᠬᠢᠨ ᠮᠤᠩᠭᠤᠯ ᠬᠢᠳᠡᠳ ᠭᠡᠯᠡ ᠶᠢ ᠵᠡᠷᠭᠡᠪᠡᠷ ᠭᠡᠷᠡᠭᠯᠡᠬᠦ ᠠᠵᠢᠯ ᠢ ᠠᠯᠬᠤᠮ ᠠᠯᠬᠤᠮ ᠢᠶᠠᠷ ᠲᠦᠷᠢᠮᠵᠢᠬᠦᠯᠦᠨ᠂ ᠤᠨᠴᠠᠭᠠᠢᠢᠯᠠᠨ ᠨᠠᠮ ᠵᠠᠰᠠᠭ ᠤᠨ ᠠᠯᠪᠠᠨ ᠪᠠᠶᠢᠭᠤᠯᠭ᠎ᠠ ᠶᠢᠨ ᠤᠷᠴᠢᠭᠤᠯᠭ᠎ᠠ ᠶᠢᠨ ᠠᠵᠢᠯ ᠢ ᠴᠢᠩᠭ᠎ᠠ ᠠᠳᠬᠤᠵᠦ᠂ ᠦᠨᠳᠤᠰᠤᠨ ᠱᠠᠳᠤᠨ ᠳᠤ ᠪᠠᠭᠤᠯᠭᠠᠬᠤ ᠬᠤᠷᠠᠯ ᠤᠨ ᠮᠠᠲ᠋ᠧᠷᠢᠶᠠᠯ᠂ ᠠᠯᠪᠠᠨ ᠪᠢᠴᠢᠭ ᠢ ᠮᠤᠩᠭᠤᠯ ᠬᠢᠳᠡᠳ ᠬᠤᠶᠠᠷ ᠵᠦᠢᠯ ᠤᠨ ᠦᠰᠦᠭ ᠪᠢᠴᠢᠭ ᠢᠶᠠᠷ ᠵᠡᠷᠭᠡ ᠪᠠᠷ ᠶᠠᠪᠤᠭᠤᠯᠬᠤ ᠶᠢ ᠪᠠᠷᠢᠮᠳᠠᠯᠠᠵᠦ ᠪᠤᠢ᠃ ᠡᠯ᠎ᠡ ᠦᠨᠳᠦᠰᠦᠳᠡᠨ ᠤ ᠺᠠᠳ᠋ᠷ ᠤᠯᠠᠨ ᠲᠦᠮᠡᠨ ᠤ ᠮᠤᠩᠭᠤᠯ ᠬᠡᠯᠡ ᠪᠢᠴᠢᠭ ᠰᠤᠷᠴᠤ ᠬᠡᠷᠡᠭᠯᠡᠬᠦ ᠶᠢ ᠵᠤᠷᠢᠭᠵᠢᠭᠤᠯᠤᠨ᠂ ᠡᠯ᠎ᠡ ᠱᠠᠳᠤᠨ ᠤ ᠨᠠᠮ ᠵᠠᠰᠠᠭ ᠤᠨ ᠠᠯᠪᠠᠨ ᠪᠠᠶᠢᠭᠤᠯᠭ᠎ᠠ᠂ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠪᠤᠯᠤᠨ ᠦᠢᠯᠡᠴᠢᠯᠡᠭᠡᠨ ᠤ ᠰᠠᠯᠠᠭ᠎ᠠ ᠮᠦᠴᠢᠷ ᠲᠤ ᠮᠤᠩᠭᠤᠯ ᠬᠡᠯᠡ ᠰᠤᠷᠬᠤ ᠠᠵᠢᠯᠯᠠᠭ᠎ᠠ ᠶᠢ ᠦᠷᠨᠢᠭᠦᠯᠵᠤ᠂ ᠵᠠᠷᠢᠮ ᠬᠢᠳᠠᠳ ᠰᠤᠷᠭᠠᠭᠤᠯᠢ ᠳᠤ ᠮᠤᠩᠭᠤᠯ ᠬᠡᠯᠡ ᠰᠤᠷᠬᠤ ᠬᠢᠴᠢᠶᠡᠯ ᠲᠤᠬᠢᠷᠠᠭᠤᠯᠵᠤ᠂ ᠮᠤᠩᠭᠤᠯ ᠬᠡᠯᠡ ᠰᠤᠷᠬᠤ ᠰᠢᠨ᠎ᠡ ᠦᠷᠨᠢᠯᠳᠡ ᠶᠢ ᠭᠠᠷᠭᠠᠵᠠᠢ᠃ ᠨᠡᠶᠢᠭᠡᠮ ᠤᠨ ᠦᠡᠭᠭᠡᠨ ᠭᠡᠷᠡᠭᠯᠡᠭᠡᠨ ᠤ ᠦᠰᠦᠭ ᠪᠢᠴᠢᠭ ᠤᠨ ᠬᠠᠮᠢᠶᠠᠷᠤᠯᠳᠠ ᠶᠢᠨ ᠠᠵᠢᠯ ᠢ ᠶᠡᠭᠡᠪᠡᠷ ᠴᠢᠩᠭᠠᠳᠬᠠᠨ᠂ ᠲᠦᠪᠯᠡᠷᠡᠭᠦᠯᠦᠨ ᠵᠠᠰᠠᠬᠤ᠂ ᠤᠭ ᠡᠬᠢ ᠠᠴᠠ ᠨᠢ ᠵᠠᠰᠠᠬᠤ᠂ ᠠᠯᠬᠤᠮ ᠲᠠᠷᠠᠭ᠎ᠠ ᠶᠢ ᠲᠦᠷᠢᠮᠵᠢᠭᠦᠯᠬᠦ ᠵᠡᠷᠭᠡ ᠡᠷᠴᠢᠮ ᠲᠠᠢ ᠠᠷᠭ᠎ᠠ ᠬᠡᠮᠵᠢᠶ᠎ᠡ ᠠᠪᠴᠦ᠂ 90% ᠠᠴᠠ ᠲᠡᠭᠡᠭᠰᠢᠬᠢ ᠬᠤᠰᠢᠭᠤ ᠰᠢᠶᠠᠨ ᠬᠤᠳᠠ ᠶᠢᠨ ᠨᠡᠶᠢᠭᠡᠮ ᠤᠨ ᠦᠡᠭᠭᠡᠨ ᠭᠡᠷᠡᠭᠯᠡᠭᠡᠨ ᠤ ᠦᠰᠦᠭ ᠪᠢᠴᠢᠭ ᠨᠢ ᠲᠦᠷᠢᠮᠵᠢᠯ ᠱᠠᠭᠠᠷᠳᠠᠯᠭ᠎ᠠ ᠳᠤ ᠨᠡᠶᠢᠴᠡᠪᠡ᠃ ᠮᠤᠩᠭᠤᠯ ᠦᠬᠡ ᠬᠡᠯᠡ ᠦᠰᠦᠭ ᠪᠢᠴᠢᠭ ᠤᠨ ᠰᠤᠷᠠᠬ ᠴᠢᠮᠡᠭᠡᠵᠢᠯᠳᠡ ᠶᠢ ᠴᠢᠬᠤᠯᠠᠴᠢᠯᠠᠨ᠂ ᠪᠦᠬᠦ ᠠᠶᠢᠮᠠᠭ ᠤᠨ ᠵᠠᠰᠠᠭ ᠤᠨ ᠠᠵᠢᠯ ᠤᠨ ᠰᠢᠰᠲ᠋ᠧᠮ᠂ ᠬᠠᠤᠯᠢ ᠴᠠᠭᠠᠵᠠ ᠶᠢᠨ ᠰᠢᠰᠲ᠋ᠧᠮ᠂ ᠴᠠᠭ ᠠᠭᠤᠷ ᠤᠨ ᠰᠢᠰᠲ᠋ᠧᠮ᠂ ᠰᠤᠷᠭᠠᠨ ᠬᠥᠮᠥᠵᠢᠯ ᠤᠨ ᠰᠢᠰᠲ᠋ᠧᠮ᠂ ᠰᠢᠨᠵᠢᠯᠡᠬᠦ ᠤᠬᠠᠭᠠᠨ ᠮᠡᠷᠬᠡᠵᠢᠯ ᠤᠨ ᠰᠢᠰᠲ᠋ᠧᠮ ᠳᠤ ᠮᠤᠩᠭᠤᠯ ᠭᠡᠯᠡᠨ ᠤ ᠰᠤᠷᠠᠬ ᠴᠢᠮᠡᠭᠡᠵᠢᠯᠳᠡ ᠶᠢᠨ ᠮᠡᠷᠬᠡᠵᠢᠯ ᠢ ᠲᠡᠯᠭᠡᠷᠡᠬᠦᠯᠬᠦ ᠠᠵᠢᠯ ᠢ ᠬᠦᠴᠦᠯᠡᠨ ᠠᠳᠬᠤᠬᠰᠠᠨ ᠠᠴᠠ ᠮᠠᠯᠴᠢᠳ ᠠᠯᠠᠭᠠᠨ ᠳᠡᠭᠡᠷᠡᠬᠢ ᠭᠠᠷ ᠤᠳᠠᠰᠤ ᠠᠴᠠ ᠪᠠᠨ ᠮᠤᠩᠭᠤᠯ ᠭᠡᠯᠡᠨ ᠤ ᠴᠠᠬ ᠠᠭᠤᠷ᠂ ᠬᠠᠤᠯᠢ ᠴᠠᠭᠠᠵᠠ᠂ ᠰᠤᠨᠢᠨ ᠷᠠᠳᠢᠤ᠋ ᠲᠧᠯᠸᠢᠰ ᠤᠨ ᠰᠤᠷᠠᠬ ᠴᠢᠮᠡᠭᠡ ᠶᠢ ᠴᠠᠬ ᠳᠤᠬᠠᠢ ᠳᠤᠨᠢ ᠬᠦᠯᠢᠶᠡᠨ ᠠᠪᠴᠦ ᠦᠵᠡᠵᠦ ᠰᠤᠨᠢᠷᠬᠠᠬᠤ ᠪᠤᠯᠪᠠ᠃ ᠮᠤᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠠᠵᠢᠯ ᠢ ᠨᠢᠬᠡᠨ ᠡᠬᠦᠷᠬᠡ ᠬᠠᠷᠢᠭᠤᠴᠠᠯᠭ᠎ᠠ ᠪᠤᠯᠭᠠᠵᠦ᠂ ᠪᠠᠷᠢᠮᠵᠢᠶ᠎ᠠ ᠠᠪᠢᠶᠠᠨ ᠤ ᠪᠤᠯᠪᠠᠰᠤᠷᠠᠯ᠂ ᠳᠦᠭᠡᠮᠡᠯᠵᠢᠯ ᠤᠨ ᠠᠵᠢᠯ ᠢ ᠭᠤᠤᠯᠯᠠᠨ ᠬᠦᠢᠴᠡᠳᠭᠡᠵᠦ ᠪᠤᠢ᠃ ᠦᠪᠡᠷᠳᠡᠭᠡᠨ ᠵᠠᠰᠠᠬᠤ ᠤᠷᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠠᠴᠠ ᠰᠢᠯᠤᠭᠤᠨ ᠬᠦᠭᠡ ᠬᠤᠰᠢᠭᠤ ᠶᠢ ︽ᠲᠤᠮᠳᠠᠳᠤ ᠤᠯᠤᠰ ᠤᠨ ᠮᠤᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠵᠢᠱᠢᠶ᠎ᠡ ᠦᠵᠡᠬᠦᠯᠬᠦ ᠰᠠᠭᠤᠷᠢᠨ ᠭᠠᠵᠠᠷ︾ ᠢᠶᠠᠷ ᠨᠡᠷᠡᠶᠢᠳᠴᠤ᠂ ᠰᠢᠯᠢ ᠶᠢᠨ ᠭᠤᠤᠯ ᠠᠵᠢᠯ ᠮᠡᠷᠭᠡᠵᠢᠯ ᠤᠨ ᠲᠡᠭᠡᠳᠦ ᠰᠤᠷᠭᠠᠭᠤᠯᠢ ᠶᠢ ᠪᠦᠬᠦ ᠤᠷᠤᠨ ᠤ ᠮᠤᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠪᠤᠯᠪᠠᠰᠦᠷᠠᠯ ᠰᠢᠯᠭᠠᠯᠳᠠ ᠶᠢᠨ ᠰᠠᠭᠤᠷᠢᠨ ᠭᠠᠵᠠᠷ ᠭᠡᠵᠦ ᠲᠤᠭᠳᠠᠭᠠᠠᠠᠰᠠᠨ ᠠᠴᠠ ᠨᠠᠰᠢ᠂ ︽ᠬᠤᠶᠠᠷ ᠰᠠᠭᠤᠷᠢᠨ ᠭᠠᠵᠠᠷ︾ ᠤᠨ ᠦᠢᠯᠡᠳᠦᠯ ᠢ ᠨᠢ ᠪᠠᠳᠠᠷᠠᠭᠤᠯᠬᠤ ᠶᠢ ᠴᠢᠬᠤᠯᠠᠴᠢᠯᠠᠨ᠂ ᠪᠦᠬᠦ ᠤᠷᠤᠨ ᠪᠦᠬᠦ ᠠᠶᠢᠮᠠᠭ ᠲᠤ ᠮᠤᠩᠭᠤᠯ ᠬᠡᠯᠡᠨ ᠤ ᠪᠠᠷᠢᠮᠵᠢᠶ᠎ᠠ ᠠᠪᠢᠶ᠎ᠠ ᠶᠢ ᠲᠦᠭᠡᠮᠡᠯᠵᠢᠬᠦᠯᠬᠦ ᠠᠵᠢᠯ ᠢ ᠦᠷᠨᠢᠭᠦᠯᠵᠦ᠂ ᠵᠢᠯ ᠪᠦᠷᠢ ᠬᠡᠳᠦᠨ ᠵᠠᠭᠤᠨ ᠮᠤᠩᠭᠤᠯ ᠢᠶᠠᠷ ᠬᠢᠴᠢᠶᠡᠯᠯᠡᠬᠦ ᠪᠠᠭᠰᠢ᠂ ᠨᠡᠪᠳᠡᠷᠡᠭᠦᠯᠦᠭᠴᠢ᠂ ᠬᠦᠳᠦᠯᠦᠭᠴᠢ᠂ ᠤᠯᠤᠰ ᠤᠨ ᠠᠯᠪᠠᠳᠠᠨ ᠪᠠ ᠰᠤᠷᠤᠭᠴᠢ ᠶᠢ ᠲᠠᠪᠳᠠᠨ ᠪᠤᠯᠪᠠᠰᠤᠷᠠᠭᠤᠯᠵᠤ᠂ ᠯᠢᠶᠤᠤᠨᠢᠩ ᠵᠡᠷᠭᠡ ᠭᠠᠵᠠᠷ ᠤᠷᠤᠨ ᠳᠤ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠢ ᠬᠦᠮᠦᠵᠢᠭᠦᠯᠦᠨ ᠦᠭᠴᠦ ᠪᠤᠢ᠃ 2007 ᠤᠨ ᠠᠴᠠ ᠨᠠᠰᠢ ᠂ ᠰᠢᠯᠢ ᠶᠢᠨ ᠭᠤᠤᠯ ᠠᠶᠢᠮᠠᠭ ᠤᠨ 15 ᠬᠠᠮᠳᠤ ᠨᠢᠭᠡᠴᠠ᠂ 36 ᠬᠤᠪᠢ ᠬᠦᠮᠦᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠬᠡᠯᠡ ᠪᠢᠴᠢᠭ ᠰᠤᠷᠴᠦ ᠬᠡᠷᠡᠭᠯᠡᠭᠰᠡᠨ ᠳᠡᠷᠢᠬᠦᠨ ᠤ ᠬᠠᠮᠳᠤ ᠨᠢᠭᠡᠴᠡ ᠪᠠ ᠰᠠᠶᠢᠴᠤᠤᠯ ᠢᠶᠠᠷ ᠬᠦᠬᠢᠬᠦᠯᠦᠭᠳᠡᠨ᠂ 2 ᠬᠠᠮᠳᠤ ᠨᠢᠭᠡᠴᠠ᠂ 5 ᠬᠤᠪᠢ ᠬᠦᠮᠦᠨ ︽ᠤᠯᠠᠭᠠᠨᠬᠦᠦ ᠮᠤᠩᠭᠤᠯ ᠦᠬᠡ ᠬᠡᠯᠡ ᠦᠰᠦᠭ ᠪᠢᠴᠢᠭ ᠤᠨ ᠱᠠᠩᠨᠠᠯ︾ ᠬᠦ᠋ᠷᠳᠡᠵᠡᠢ᠃ ᠮᠠᠨ ᠤ ᠠᠶᠢᠮᠠᠭ ᠤᠨ ᠮᠤᠩᠭᠤᠯ ᠬᠡᠯᠡ ᠪᠢᠴᠢᠭ ᠤᠨ ᠠᠵᠢᠯ ᠨᠢ ᠥᠪᠡᠷᠳᠡᠬᠡᠨ ᠵᠠᠰᠠᠬᠤ ᠤᠷᠤᠨ ᠤ ᠦᠨᠳᠦᠰᠦᠳᠡᠨ ᠤ ᠵᠦᠪᠯᠡᠯ ᠤᠨ ᠵᠦᠪ ᠤᠨᠤᠪᠴᠢᠳᠠᠢ ᠵᠢᠯᠤᠭᠤᠳᠤᠯᠭ᠎ᠠ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭᠠᠨ ᠤ ᠴᠢᠬᠤᠯᠠᠴᠢᠯᠠᠭ᠎ᠠ ᠪᠠ ᠦᠨᠳᠦᠰᠦᠳᠡᠨ ᠤ ᠰᠤᠶᠤᠯ ᠢᠶᠠᠨ ᠲᠡᠭᠡᠳᠦᠯᠡᠨ ᠬᠠᠶᠢᠷᠠᠯᠠᠳᠠᠭ ᠠᠷᠠᠳ ᠤᠯᠠᠨ ᠤ ᠳᠡᠮᠵᠢᠯᠭᠡ ᠪᠠᠷ ᠡᠳᠤᠢ ᠳᠡᠳᠤᠢ ᠠᠮᠵᠢᠯᠳᠡ ᠪᠦᠳᠦᠮᠵᠢ ᠤᠯᠤᠬᠰᠠᠨ ᠪᠤᠯᠪᠠᠴᠦ ᠠᠵᠦ ᠠᠬᠤᠢ ᠪᠠ ᠨᠡᠶᠢᠬᠡᠮ ᠤᠨ ᠬᠥᠭᠵᠢᠯᠳᠡ ᠬᠤᠪᠢᠷᠠᠯᠳᠠ ᠶᠢ ᠳᠠᠭᠠᠯᠳᠤᠨ᠂ ᠮᠤᠩᠭᠤᠯ ᠬᠡᠯᠡᠨ ᠤ ᠭᠡᠷᠡᠭᠯᠡᠯᠳᠡ ᠶᠢᠨ ᠭᠡᠪᠴᠢᠶ᠎ᠠ ᠢᠪᠴᠤᠤᠷᠠᠵᠦ᠂ ᠮᠤᠩᠭᠤᠯ ᠭᠡᠯᠡ ᠶᠢ ᠰᠤᠷᠬᠤ᠂ ᠭᠡᠷᠡᠭᠯᠡᠬᠦ᠂ ᠰᠤᠳᠤᠯᠬᠤ᠂ ᠳᠦᠭᠡᠮᠡᠯᠵᠢᠭᠦᠯᠬᠦ ᠵᠡᠷᠭᠡ ᠳᠠᠯ᠎ᠠ ᠳᠤ ᠤᠯᠠᠨ ᠰᠢᠨ᠎ᠠ ᠬᠦᠴᠢᠷᠳᠡᠯ ᠰᠢᠨ᠎ᠠ ᠠᠰᠠᠭᠤᠳᠠᠯ ᠤᠷᠤᠰᠢᠵᠦ ᠪᠤᠢ᠃ ᠡᠨᠡᠬᠦ ᠪᠠᠶᠢᠳᠠᠯ ᠳᠤ ᠴᠢᠭᠯᠡᠬᠦᠯᠦᠨ ᠮᠠᠨ ᠤ ᠠᠶᠢᠮᠠᠭ ᠬᠤᠶᠢᠰᠢᠳᠠ ᠮᠤᠩᠭᠤᠯ ᠬᠡᠯᠡ ᠪᠢᠴᠢᠭ ᠤᠨ ᠠᠵᠢᠯ ᠢ ᠨᠡᠩ ᠴᠢᠬᠤᠯᠠᠴᠢᠯᠠᠨ ᠠᠳᠬᠤᠵᠦ᠂ ᠤᠯᠠᠨ ᠲᠦᠮᠡᠨ ᠤ ᠦᠨᠳᠦᠰᠦᠳᠡᠨ ᠤ ᠬᠡᠯᠡ ᠰᠤᠶᠤᠯ ᠢᠶᠠᠨ ᠬᠠᠶᠢᠷᠠᠯᠠᠵᠦ ᠬᠠᠮᠠᠭᠠᠯᠠᠵᠦ ᠬᠡᠷᠡᠭᠯᠡᠬᠦ ᠤᠬᠠᠮᠰᠠᠷ ᠢ ᠤᠯᠠᠮ ᠨᠢᠬᠡ ᠠᠯᠬᠤᠮ ᠳᠡᠭᠡᠭᠰᠢᠯᠡᠬᠦᠯᠦᠨ᠂ ︽ᠰᠦᠯᠵᠢᠶ᠎ᠡ + ᠮᠤᠩᠭᠤᠯ ᠬᠡᠯᠡᠨ ᠤ ᠠᠵᠢᠯ︾ ᠳᠤ ᠢᠳᠡᠪᠬᠢᠯᠡᠨ ᠤᠷᠤᠯᠴᠠᠵᠦ᠂ ᠬᠠᠤᠯᠢ ᠶᠤᠰᠤᠭᠠᠷ ᠮᠤᠩᠭᠤᠯ ᠬᠡᠯᠡ ᠪᠢᠴᠢᠭ ᠤᠨ ᠠᠵᠢᠯ ᠢ ᠬᠠᠮᠢᠶᠠᠷᠬᠤ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠮᠤᠩᠭᠤᠯ ᠬᠡᠯᠡ ᠰᠤᠷᠬᠤ ᠠᠵᠢᠯᠯᠠᠭ᠎ᠠ ᠶᠢ ᠦᠷᠬᠦᠯᠵᠢᠯᠡᠨ ᠦᠷᠨᠢᠬᠦᠯᠬᠦ ᠪᠠ ᠮᠤᠩᠭᠤᠯ ᠬᠡᠯᠡ ᠪᠢᠴᠢᠭ ᠤᠨ ᠪᠠᠶᠢᠴᠠᠭᠠᠨ ᠰᠤᠳᠤᠯᠤᠯᠳᠠ ᠶᠢᠨ ᠠᠵᠢᠯ ᠢ ᠨᠡᠩ ᠰᠠᠶᠢᠳᠤᠷ ᠬᠢᠵᠦ᠂ ᠮᠤᠩᠭᠤᠯ ᠭᠡᠯᠡ ᠪᠢᠴᠢᠭ ᠰᠣᠷᠴᠤ ᠭᠡᠷᠡᠭᠯᠡᠬᠦ ᠬᠢᠬᠡᠳ ᠰᠣᠳᠣᠯᠬᠤ ᠶᠢ ᠠᠬᠢᠭᠤᠯᠵᠤ᠂ ᠦᠨᠳᠦᠰᠦᠳᠡᠨ ᠤ ᠪᠦᠯᠬᠦᠮᠳᠡᠯ ᠳᠠᠪᠰᠢᠯᠳᠠ ᠳᠤ ᠨᠡᠩ ᠶᠡᠭᠡ ᠬᠦᠴᠦᠨ ᠡᠷᠭᠦᠬᠦ ᠪᠠᠷ ᠴᠢᠷᠮᠠᠶᠢᠵᠦ ᠪᠤᠢ᠃
 
ᠢᠷᠡᠯᠲᠡ᠄ ᠠᠶᠢᠮᠠᠭ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号