ᠨᠢᠭᠡ᠂ ᠵᠢᠯᠤᠭᠤᠳᠴᠦ ᠪᠣᠯᠬᠤ ᠲᠡᠷᠭᠡᠨ ᠤ ᠬᠡᠯᠪᠡᠷᠢ ᠶᠢ ᠨᠡᠮᠡᠭᠳᠡᠭᠦᠯᠬᠦ ᠶᠢ ᠬᠦᠢᠴᠡᠳᠭᠡᠬᠦ ᠭᠤᠶᠤᠴᠢᠯᠠᠭᠴᠢ᠂ | ᠲᠤᠰ ᠬᠦᠮᠥᠨ ᠤ ᠠᠪᠴᠦ ᠪᠠᠶᠢᠭ᠎ᠠ ᠮᠠᠰᠢᠨᠲᠦ ᠲᠡᠷᠭᠡᠨ ᠤ ᠵᠢᠯᠤᠭᠤᠴᠢ ᠶᠢᠨ ᠦᠨᠡᠮᠯᠡᠯ ᠬᠢᠭᠡᠳ ᠰᠠᠭᠤᠭᠠᠯᠢ ᠠᠷᠠᠳ ᠤᠨ | ᠪᠡᠶ᠎ᠡ ᠶᠢᠨ ᠦᠨᠡᠮᠯᠡᠯ ᠢᠶᠠᠨ ᠲᠤᠰᠢᠶᠠᠵᠤ ︵ᠮᠠᠰᠢᠨᠲᠦ ᠲᠡᠷᠭᠡᠨ ᠤ ᠵᠢᠯᠤᠭᠤᠴᠢ ᠶᠢᠨ ᠭᠤᠶᠤᠴᠢᠯᠠᠯ ᠤᠨ ᠬᠦᠰᠦᠨᠦᠭᠲᠦ︶᠂ | ︵ᠮᠠᠰᠢᠨᠲᠦ ᠲᠡᠷᠭᠡᠨ ᠤ ᠵᠢᠯᠤᠭᠤᠴᠢ ᠶᠢᠨ ᠪᠡᠶ᠎ᠡ ᠮᠠᠬᠠᠪᠤᠳ ᠤᠨ ᠨᠦᠬᠦᠴᠡᠯ ᠤᠨ ᠬᠡᠷᠡᠴᠢ︶᠂ ᠵᠢᠯᠤᠭᠤᠳᠴᠦ ᠪᠣᠯᠬᠤ | ᠲᠡᠷᠭᠡᠨ ᠤ ᠬᠡᠯᠪᠡᠷᠢ ᠶᠢ ᠨᠡᠮᠡᠭᠳᠡᠭᠦᠯᠬᠦ ᠪᠠᠷ ᠭᠤᠶᠤᠴᠢᠯᠠᠪᠠᠯ᠂ ᠮᠠᠰᠢᠨ ᠲᠡᠷᠭᠡᠨ ᠤ ᠵᠢᠯᠤᠭᠤᠴᠢ ᠶᠢᠨ ᠦᠨᠡᠮᠯᠡᠯ ᠬᠢᠨᠠᠨ | ᠤᠯᠭᠤᠭᠰᠠᠨ ᠭᠠᠵᠠᠷ ᠤᠨ ᠲᠡᠷᠭᠡ ᠬᠦᠰᠭᠡ ᠶᠢᠨ ᠬᠠᠮᠢᠶᠠᠷᠤᠯᠲᠠ ᠶᠢᠨ ᠲᠤᠪᠴᠢᠶ᠎ᠠ ᠳᠤ ᠳᠤᠷᠠᠳᠬᠤ ᠬᠡᠷᠡᠭᠲᠡᠢ᠃ | ᠬᠤᠶᠠᠷ᠂ ᠵᠢᠯᠤᠭᠤᠳᠴᠦ ᠪᠣᠯᠬᠤ ᠲᠡᠷᠭᠡᠨ ᠤ ᠬᠡᠯᠪᠡᠷᠢ ᠶᠢ ᠨᠡᠮᠡᠭᠳᠡᠭᠦᠯᠬᠦ ᠪᠠᠷ ᠭᠤᠶᠤᠴᠢᠯᠠᠪᠠᠯ᠂ ᠭᠤᠶᠤᠴᠢᠯᠠᠬᠤ ᠠᠴᠠ | ᠡᠮᠦᠨᠡᠬᠢ ᠤᠶᠢᠷ᠎ᠠ ᠶᠢᠨ ᠨᠢᠭᠡ ᠬᠤᠪᠢ ᠲᠡᠮᠳᠡᠭᠯᠡᠬᠦ ᠦᠶᠡᠯᠡᠬᠦ ᠬᠤᠭᠤᠴᠠᠭᠠᠨ ᠳᠤ ᠪᠦᠲᠦᠨ ᠬᠤᠪᠢ ᠲᠡᠮᠳᠡᠭᠯᠡᠭᠦᠯᠥᠭᠰᠡᠨ | ᠦᠭᠡᠢ ᠪᠠᠶᠢᠬᠤ ᠬᠡᠷᠡᠭᠲᠠᠢ᠃ ᠠᠶᠠᠨᠴᠢᠳ ᠤᠨ ᠳᠤᠮᠳᠠ ᠬᠡᠯᠪᠡᠷᠢ ᠶᠢᠨ ᠮᠠᠰᠢᠨ ᠲᠡᠷᠭᠡ᠂ ᠴᠢᠷᠭᠡᠤᠯ ᠲᠡᠷᠬᠡ᠂ | ᠠᠶᠠᠨᠴᠢᠳ ᠤᠨ ᠲᠤᠮᠤ ᠬᠡᠯᠪᠡᠷᠢ ᠶᠢᠨ ᠲᠡᠷᠭᠡ ᠶᠢᠨ ᠵᠢᠯᠤᠭᠤᠳᠴᠦ ᠪᠣᠯᠬᠤ ᠲᠡᠷᠭᠡᠨ ᠤ ᠬᠡᠯᠪᠡᠷᠢ ᠶᠢ ᠨᠡᠮᠡᠭᠳᠡᠭᠦᠯᠬᠦ ᠪᠠᠷ | ᠭᠤᠶᠤᠴᠢᠯᠠᠪᠠᠯ᠂ ᠪᠠᠰᠠ ᠳᠤᠤᠷ᠎ᠠ ᠵᠢᠭᠰᠠᠭᠠᠭᠰᠠᠨ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠠᠢ᠄ ︵ᠨᠢᠭᠡ︶ | ᠠᠶᠠᠨᠴᠢᠳ ᠤᠨ ᠳᠤᠮᠳᠠ ᠬᠡᠯᠪᠡᠷᠢ ᠶᠢᠨ ᠮᠠᠰᠢᠨ ᠲᠡᠷᠭᠡ ᠶᠢᠨ ᠵᠢᠯᠤᠭᠤᠳᠴᠦ ᠪᠣᠯᠬᠤ ᠲᠡᠷᠭᠡᠨ ᠤ ᠬᠡᠯᠪᠡᠷᠢ ᠶᠢ | ᠨᠡᠮᠡᠭᠳᠡᠭᠦᠯᠬᠦ ᠳᠤ ᠭᠤᠶᠤᠴᠢᠯᠠᠪᠠᠯ᠂ ᠪᠠᠭ᠎ᠠ ᠬᠡᠯᠪᠡᠷᠢ ᠶᠢᠨ ᠮᠠᠰᠢᠨ ᠲᠡᠷᠭᠡ᠂ ᠠᠦ᠋ᠲ᠋ᠤ᠋ ᠵᠠᠯᠭᠠᠯᠲᠠ ᠲᠠᠢ ᠪᠠᠭ᠎ᠠ | ᠬᠡᠯᠪᠡᠷᠢ ᠶᠢᠨ ᠮᠠᠰᠢᠨ ᠲᠡᠷᠭᠡ᠂ ᠳᠤᠤᠷ᠎ᠠ ᠬᠤᠷᠳᠤᠴᠠᠲᠦ ᠠᠴᠢᠶᠠᠨ ᠤ ᠮᠠᠰᠢᠨ ᠲᠡᠷᠭᠡ ᠪᠤᠶᠤ ᠭᠤᠷᠪᠠᠨ ᠬᠦᠷᠲᠦᠲᠦ | ᠮᠠᠰᠢᠨ ᠲᠡᠷᠭᠡ ᠶᠢᠨ ᠵᠢᠯᠤᠭᠤᠳᠴᠦ ᠪᠣᠯᠬᠤ ᠲᠡᠷᠭᠡᠨ ᠤ ᠬᠡᠯᠪᠡᠷᠢ ᠶᠢᠨ ᠬᠢᠷᠢ ᠬᠡᠮ ᠢ ᠣᠯᠣᠭᠠᠳ ᠭᠤᠷᠪᠠᠨ ᠵᠢᠯ ᠠᠴᠠ | ᠳᠡᠭᠡᠭᠰᠢ ᠪᠣᠯᠣᠭᠰᠠᠨ ᠪᠠᠶᠢᠬᠤ ᠶᠢᠨ ᠬᠠᠮᠲᠦ ᠭᠤᠶᠤᠴᠢᠯᠠᠬᠤ ᠠᠴᠠ ᠡᠮᠦᠨᠡᠬᠢ ᠤᠶᠢᠷ᠎ᠠ ᠶᠢᠨ ᠬᠤᠪᠢ ᠲᠡᠮᠳᠡᠭᠯᠡᠬᠦ | ᠵᠠᠯᠭᠠᠭ᠎ᠠ ᠬᠤᠶᠠᠷ ᠬᠤᠭᠤᠴᠠᠭᠠᠨ ᠳᠤ ᠳᠦᠭᠦᠷᠡᠩ ᠬᠤᠪᠢ ᠲᠡᠮᠳᠡᠭᠯᠡᠭᠦᠯᠥᠭᠰᠡᠨ ᠦᠭᠡᠢ ᠪᠠᠶᠢᠬᠤ᠂ ᠡᠰᠡᠭᠦᠯ᠎ᠡ | ᠬᠤᠲᠠ ᠶᠢᠨ ᠣᠯᠠᠨ ᠨᠡᠶᠢᠲᠡ ᠶᠢᠨ ᠮᠠᠰᠢᠨ ᠲᠡᠷᠭᠡ᠂ ᠳᠤᠮᠤ ᠬᠡᠯᠪᠡᠷᠢ ᠶᠢᠨ ᠪᠠᠷᠠᠭᠠᠨ ᠤ ᠲᠡᠷᠭᠡ ᠶᠢᠨ ᠵᠢᠯᠤᠭᠤᠳᠴᠦ | ᠪᠣᠯᠬᠤ ᠲᠡᠷᠭᠡᠨ ᠤ ᠬᠡᠯᠪᠡᠷᠢ ᠶᠢᠨ ᠬᠢᠷᠢ ᠬᠡᠮ ᠢ ᠣᠯᠤᠭᠠᠳ ᠨᠢᠭᠡ ᠵᠢᠯ ᠠᠴᠠ ᠳᠡᠭᠡᠭᠰᠢ ᠪᠣᠯᠤᠭᠰᠠᠨ ᠮᠦᠷᠲᠡᠭᠡᠨ | ᠭᠤᠶᠤᠴᠢᠯᠠᠬᠤ ᠠᠴᠠ ᠡᠮᠦᠨᠡᠬᠢ ᠤᠶᠢᠷ᠎ᠠ ᠶᠢᠨ ᠨᠢᠭᠡ ᠬᠤᠪᠢ ᠲᠡᠮᠳᠡᠭᠯᠡᠬᠦ ᠦᠶᠡᠯᠡᠬᠦ ᠬᠤᠭᠤᠴᠠᠭᠠᠨ ᠳᠤ ᠳᠦᠭᠦᠷᠡᠩ | ᠬᠤᠪᠢ ᠲᠡᠮᠳᠡᠭᠯᠡᠭᠦᠯᠥᠭᠰᠡᠨ ᠦᠭᠡᠢ ᠪᠠᠶᠢᠬᠤ᠃ ︵ᠬᠤᠶᠠᠷ︶ ᠴᠢᠷᠭᠡᠤᠯ ᠲᠡᠷᠭᠡ ᠶᠢᠨ ᠵᠢᠯᠤᠭᠤᠳᠴᠦ ᠪᠣᠯᠬᠤ | ᠲᠡᠷᠭᠡᠨ ᠤ ᠬᠡᠯᠪᠡᠷᠢ ᠶᠢ ᠨᠡᠮᠡᠭᠳᠡᠭᠦᠯᠬᠦ ᠪᠠᠷ ᠭᠤᠶᠤᠴᠢᠯᠠᠪᠠᠯ᠂ ᠠᠶᠠᠨᠴᠢᠳ ᠤᠨ ᠳᠤᠮᠳᠠ ᠬᠡᠯᠪᠡᠷᠢ ᠶᠢᠨ ᠮᠠᠰᠢᠨ ᠲᠡᠷᠭᠡ | ᠪᠤᠶᠤ ᠲᠤᠮᠤ ᠬᠡᠯᠪᠡᠷᠢ ᠶᠢᠨ ᠪᠠᠷᠠᠭᠠᠨ ᠤ ᠮᠠᠰᠢᠨ ᠲᠡᠷᠭᠡ ᠶᠢᠨ ᠵᠢᠯᠤᠭᠤᠳᠴᠦ ᠪᠣᠯᠬᠤ ᠲᠡᠷᠭᠡᠨ ᠤ ᠬᠡᠯᠪᠡᠷᠢ ᠶᠢᠨ ᠬᠢᠷᠢ | ᠬᠡᠮ ᠢ ᠣᠯᠤᠭᠠᠳ ᠭᠤᠷᠪᠠᠨ ᠵᠢᠯ ᠠᠴᠠ ᠳᠡᠭᠡᠭᠰᠢ ᠪᠣᠯᠤᠭᠰᠠᠨ ᠪᠠᠶᠢᠬᠤ ᠶᠢᠨ ᠬᠠᠮᠲᠦ ᠭᠤᠶᠤᠴᠢᠯᠠᠬᠤ ᠠᠴᠠ ᠡᠮᠥᠨᠡᠬᠢ | ᠤᠶᠢᠷ᠎ᠠ ᠶᠢᠨ ᠬᠤᠪᠢ ᠲᠡᠮᠳᠡᠭᠯᠡᠬᠦ ᠵᠠᠯᠭᠠᠭ᠎ᠠ ᠬᠤᠶᠠᠷ ᠦᠶᠡᠯᠡᠬᠦ ᠬᠤᠭᠤᠴᠠᠭᠠᠨ ᠳᠤ ᠳᠦᠭᠦᠷᠡᠩ ᠬᠤᠪᠢ | ᠲᠡᠮᠳᠡᠭᠯᠡᠭᠦᠯᠥᠭᠰᠡᠨ ᠦᠭᠡᠢ ᠪᠠᠶᠢᠬᠤ᠂ ᠡᠰᠡᠭᠦᠯ᠎ᠡ ᠠᠶᠠᠨᠴᠢᠳ ᠤᠨ ᠲᠤᠮᠤ ᠬᠡᠯᠪᠡᠷᠢ ᠶᠢᠨ ᠮᠠᠰᠢᠨ ᠲᠡᠷᠭᠡ ᠵᠢᠯᠤᠭᠤᠳᠬᠤ | ᠬᠢᠷᠢ ᠬᠡᠮ ᠢ ᠣᠯᠤᠭᠠᠳ ᠨᠢᠭᠡ ᠵᠢᠯ ᠠᠴᠠ ᠳᠡᠭᠡᠭᠰᠢ ᠪᠣᠯᠤᠭᠰᠠᠨ ᠮᠦᠷᠲᠡᠭᠡᠨ ᠭᠤᠶᠤᠴᠢᠯᠠᠬᠤ ᠠᠴᠠ ᠡᠮᠦᠨᠡᠬᠢ | ᠡᠴᠥᠰ ᠤᠨ ᠨᠢᠭᠡ ᠬᠤᠪᠢ ᠲᠡᠮᠳᠡᠭᠯᠡᠬᠦ ᠦᠶᠡᠯᠡᠬᠦ ᠬᠤᠭᠤᠴᠠᠭᠠᠨ ᠳᠤ ᠳᠦᠭᠦᠷᠡᠩ ᠬᠤᠪᠢ ᠲᠡᠮᠳᠡᠭᠯᠡᠭᠦᠯᠥᠭᠰᠡᠨ ᠦᠭᠡᠢ | ᠪᠠᠶᠢᠬᠤ᠃ ︵ᠭᠤᠷᠪᠠ︶ ᠠᠶᠠᠨᠴᠢᠳ ᠤᠨ ᠲᠤᠮᠤ ᠬᠡᠯᠪᠡᠷᠢ ᠶᠢᠨ ᠮᠠᠰᠢᠨ ᠲᠡᠷᠭᠡ ᠶᠢᠨ ᠵᠢᠯᠤᠭᠤᠳᠴᠦ ᠪᠣᠯᠬᠤ | ᠲᠡᠷᠭᠡᠨ ᠤ ᠬᠡᠯᠪᠡᠷᠢ ᠶᠢ ᠨᠡᠮᠡᠭᠳᠡᠭᠦᠯᠬᠦ ᠪᠠᠷ ᠭᠤᠶᠤᠴᠢᠯᠠᠪᠠᠯ᠂ ᠠᠶᠠᠨᠴᠢᠳ ᠤᠨ ᠳᠤᠮᠳᠠ ᠬᠡᠯᠪᠡᠷᠢ ᠶᠢᠨ ᠮᠠᠰᠢᠨ ᠲᠡᠷᠭᠡ | ᠪᠤᠶᠤ ᠳᠤᠮᠤ ᠬᠡᠯᠪᠡᠷᠢ ᠶᠢᠨ ᠪᠠᠷᠠᠭᠠᠨ ᠤ ᠮᠠᠰᠢᠨ ᠲᠡᠷᠭᠡ ᠶᠢᠨ ᠵᠢᠯᠤᠭᠤᠳᠴᠦ ᠪᠣᠯᠬᠤ ᠲᠡᠷᠭᠡᠨ ᠤ ᠬᠡᠯᠪᠡᠷᠢ ᠶᠢᠨ ᠬᠢᠷᠢ | ᠬᠡᠮ ᠢ ᠣᠯᠤᠭᠠᠳ ᠲᠠᠪᠤᠨ ᠵᠢᠯ ᠠᠴᠠ ᠳᠡᠭᠡᠭᠰᠢ ᠪᠣᠯᠤᠭᠰᠠᠨ ᠪᠠᠶᠢᠬᠤ ᠶᠢᠨ ᠬᠠᠮᠲᠦ ᠭᠤᠶᠤᠴᠢᠯᠠᠬᠤ ᠠᠴᠠ ᠡᠮᠢᠨᠡᠬᠢ | ᠤᠶᠢᠷ᠎ᠠ ᠶᠢᠨ ᠬᠤᠪᠢ ᠲᠡᠮᠳᠡᠭᠯᠡᠬᠦ ᠵᠠᠯᠭᠠᠭ᠎ᠠ ᠭᠤᠷᠪᠠᠨ ᠦᠶᠡᠯᠡᠬᠦ ᠬᠤᠭᠤᠴᠠᠭᠠᠨ ᠳᠤ ᠳᠦᠭᠦᠷᠡᠩ ᠬᠤᠪᠢ | ᠲᠡᠮᠳᠡᠭᠯᠡᠭᠦᠯᠥᠭᠰᠡᠨ ᠦᠭᠡᠢ ᠪᠠᠶᠢᠬᠤ᠂ ᠡᠰᠡᠭᠦᠯ᠎ᠡ ᠴᠢᠷᠭᠡᠤᠯ ᠲᠡᠷᠭᠡ ᠶᠢᠨ ᠵᠢᠯᠤᠭᠤᠳᠴᠦ ᠪᠣᠯᠬᠤ ᠲᠡᠷᠭᠡᠨ ᠤ | ᠬᠡᠯᠪᠡᠷᠢ ᠶᠢᠨ ᠬᠢᠷᠢ ᠬᠡᠮ ᠢ ᠣᠯᠤᠭᠠᠳ ᠬᠤᠶᠠᠷ ᠵᠢᠯ ᠠᠴᠠ ᠳᠡᠭᠡᠭᠰᠢ ᠪᠣᠯᠤᠭᠰᠠᠨ ᠮᠦᠷᠲᠡᠭᠡᠨ ᠭᠤᠶᠤᠴᠢᠯᠠᠬᠤ ᠠᠴᠠ | ᠡᠮᠦᠨᠡᠬᠢ ᠤᠶᠢᠷ᠎ᠠ ᠶᠢᠨ ᠬᠤᠪᠢ ᠲᠡᠮᠳᠡᠭᠯᠡᠬᠦ ᠨᠢᠭᠡ ᠦᠶᠡᠯᠡᠬᠦ ᠬᠤᠭᠤᠴᠠᠭᠠᠨ ᠳᠤ ᠳᠦᠭᠦᠷᠡᠩ ᠬᠤᠪᠢ | ᠲᠡᠮᠳᠡᠭᠯᠡᠭᠦᠯᠥᠭᠰᠡᠨ ᠦᠭᠡᠢ ᠪᠠᠶᠢᠬᠤ᠃ ᠲᠦᠷ ᠰᠠᠭᠤᠭ᠎ᠠ ᠭᠠᠵᠠᠷ ᠲᠠᠭᠠᠨ ᠭᠤᠶᠤᠴᠢᠯᠠᠭᠠᠳ ᠨᠡᠮᠡᠭᠳᠡᠭᠦᠯᠵᠦ ᠪᠣᠯᠬᠤ | ᠲᠡᠷᠭᠡᠨ ᠤ ᠬᠡᠯᠪᠡᠷᠢ ᠪᠣᠯ ᠪᠠᠭ᠎ᠠ ᠬᠡᠯᠪᠡᠷᠢ ᠶᠢᠨ ᠮᠠᠰᠢᠨ ᠲᠡᠷᠭᠡ᠂ ᠠᠦ᠋ᠲ᠋ᠤ᠋ ᠵᠠᠯᠭᠠᠯᠲᠠ ᠲᠠᠢ ᠪᠠᠭ᠎ᠠ ᠬᠡᠯᠪᠡᠷᠢ ᠶᠢᠨ ᠮᠠᠰᠢᠨ | ᠲᠡᠭᠡ᠂ ᠳᠤᠤᠷ᠎ᠠ ᠬᠤᠷᠳᠤᠴᠠᠲᠦ ᠠᠴᠢᠶᠠᠨ ᠤ ᠮᠠᠰᠢᠨ ᠲᠡᠷᠭᠡ᠂ ᠭᠤᠷᠪᠠᠨ ᠬᠦᠷᠲᠦᠲᠦ ᠮᠠᠰᠢᠨ ᠲᠡᠷᠭᠡ ᠪᠤᠯᠤᠨ᠎ᠠ᠃ | ᠭᠤᠷᠪᠠ᠂ ᠠᠶᠠᠨᠴᠢᠳ ᠤᠨ ᠲᠤᠮᠤ ᠬᠡᠯᠪᠡᠷᠢ ᠶᠢᠨ ᠮᠠᠰᠢᠨ ᠲᠡᠷᠭᠡ᠂ ᠴᠢᠷᠭᠡᠤᠯ ᠲᠡᠷᠭᠡ᠂ ᠠᠶᠠᠨᠴᠢᠳ ᠤᠨ ᠳᠤᠮᠳᠠ | ᠬᠡᠯᠪᠡᠷᠢ ᠶᠢᠨ ᠮᠠᠰᠢᠨ ᠲᠡᠷᠭᠡ ᠶᠢᠨ ᠵᠢᠯᠤᠭᠤᠳᠴᠦ ᠪᠣᠯᠬᠤ ᠲᠡᠷᠭᠡᠨ ᠤ ᠬᠡᠯᠪᠡᠷᠢ ᠶᠢ ᠨᠡᠮᠡᠭᠳᠡᠭᠦᠯᠬᠦ ᠪᠠᠷ ᠭᠤᠶᠤᠴᠢᠯᠠᠪᠠᠯ᠂ | ᠬᠦᠮᠦᠰ ᠢ ᠦᠭᠦᠭᠦᠯᠦᠭᠰᠡᠨ ᠵᠠᠮ ᠬᠠᠷᠢᠯᠴᠠᠭᠠᠨ ᠤ ᠠᠳᠡᠯ ᠳᠤ ᠪᠦᠬᠦ ᠬᠠᠷᠢᠭᠤᠴᠠᠯᠭ᠎ᠠ ᠪᠤᠶᠤ ᠭᠤᠣᠯ ᠪᠣᠯᠬᠤ | ᠬᠠᠷᠢᠭᠤᠴᠠᠯᠭ᠎ᠠ ᠡᠭᠦᠷᠭᠡᠯᠡᠭᠰᠡᠨ ᠲᠡᠮᠳᠡᠭᠯᠡᠯ ᠲᠠᠢ ᠪᠠᠶᠢᠵᠤ ᠪᠤᠯᠬᠤ ᠦᠭᠡᠢ᠃ ᠳᠦᠷᠪᠡ᠂ ᠭᠤᠶᠤᠴᠢᠯᠠᠭᠴᠢ ᠲᠤᠬᠠᠢ ᠶᠢᠨ | ᠭᠠᠵᠠᠷ ᠤᠨ ᠲᠡᠷᠭᠡ ᠬᠦᠰᠭᠡ ᠶᠢᠨ ᠬᠠᠮᠢᠶᠠᠷᠤᠯᠲᠠ ᠶᠢᠨ ᠲᠤᠪᠴᠢᠶ᠎ᠠ ᠳᠤ ᠬᠤᠷᠠᠮᠳᠤᠭᠰᠠᠨ ᠬᠤᠪᠢ ᠶᠢᠨ ᠪᠠᠶᠢᠳᠠᠯ ᠢᠶᠠᠨ | ᠪᠠᠶᠢᠴᠠᠭᠠᠨ ᠠᠰᠠᠭᠤᠵᠦ᠂ ᠨᠦᠬᠦᠴᠡᠯ ᠳᠤ ᠨᠡᠶᠢᠴᠡᠵᠦ ᠪᠠᠶᠢᠪᠠᠯ᠂ ᠠᠩᠬ᠎ᠠ ᠰᠤᠷᠬᠤ ᠲᠡᠰ ᠳᠠᠷᠠᠭᠠᠯᠠᠯ ᠳᠤ | ᠲᠤᠭᠲᠠᠭᠠᠭᠰᠠᠨ ᠴᠤᠪᠤᠷᠠᠯ ᠪᠠ ᠪᠤᠳᠠᠲᠠᠢ ᠵᠦᠢᠯᠡᠰ ᠤᠨ ᠶᠤᠰᠤᠭᠠᠷ ᠵᠢᠯᠤᠭᠤᠳᠴᠦ ᠪᠣᠯᠬᠤ ᠲᠡᠷᠭᠡᠨ ᠤ ᠬᠡᠯᠪᠡᠷᠢ ᠶᠢ | ᠨᠡᠮᠡᠭᠳᠡᠭᠦᠯᠬᠦ ᠲᠤᠬᠠᠶᠢᠯᠠᠭᠰᠠᠨ ᠠᠵᠢᠯ ᠢ ᠬᠦᠢᠴᠡᠳᠭᠡᠬᠦ ᠬᠡᠷᠡᠭᠲᠡᠢ᠂ ᠨᠦᠬᠦᠴᠡᠯ ᠳᠤ ᠨᠡᠶᠢᠴᠡᠬᠦ ᠦᠭᠡᠢ ᠳᠤᠨᠢ᠂ | ᠭᠦᠢᠴᠡᠳᠭᠡᠬᠦ ᠠᠴᠠ ᠪᠤᠴᠠᠭᠠᠭᠰᠠᠨ ᠬᠡᠷᠡᠴᠢ ᠬᠢᠵᠦ ᠦᠭᠭᠦᠨ᠎ᠡ᠃ ᠲᠠᠪᠤ᠂ ᠵᠢᠯᠤᠭᠤᠳᠴᠦ ᠪᠣᠯᠬᠤ ᠲᠡᠷᠭᠡᠨ ᠤ | ᠬᠡᠯᠪᠡᠷᠢ ᠶᠢ ᠨᠡᠮᠡᠭᠳᠡᠭᠦᠯᠬᠦ ᠪᠠᠷ ᠭᠤᠶᠤᠴᠢᠯᠠᠪᠠᠯ᠂ ᠭᠤᠶᠤᠴᠢᠯᠠᠭᠴᠢ ᠰᠢᠯᠭᠠᠯᠲᠠ ᠶᠢᠨ ᠵᠦᠢᠯ ᠤᠨ ᠨᠢᠭᠡ᠂ ᠬᠤᠶᠠᠷ ᠪᠠ | ᠭᠤᠷᠪᠠ ᠳᠤ ᠬᠢᠷᠢ ᠲᠡᠩᠴᠡᠭᠰᠡᠨ ᠤ ᠳᠠᠷᠠᠭ᠎ᠠ᠂ ᠲᠡᠷᠭᠡ ᠬᠦᠰᠭᠡ ᠶᠢᠨ ᠬᠠᠮᠢᠶᠠᠷᠤᠯᠲᠠ ᠶᠢᠨ ᠲᠤᠪᠴᠢᠶ᠎ᠠ ᠠᠴᠠ ᠮᠠᠰᠢᠨᠲᠦ | ᠲᠡᠷᠬᠡᠨ ᠤ ᠵᠢᠯᠤᠭᠤᠴᠢ ᠶᠢᠨ ᠦᠨᠡᠮᠯᠡᠯ ᠬᠢᠨᠠᠨ ᠤᠯᠭᠤᠨ᠎ᠠ᠃ | | |