ᠵᠢᠯᠣᠭᠤᠴᠢ ᠶᠢᠨ ᠦᠨᠡᠮᠯᠡᠯ ᠢᠶᠠᠨ ᠰᠢᠯᠵᠢᠭᠦᠯᠦᠨ ᠣᠷᠣᠭᠤᠯᠵᠤ ᠦᠨᠡᠮᠯᠡᠯ ᠰᠣᠯᠢᠬᠤ ᠶᠢ ᠭᠦᠢᠴᠡᠳᠬᠡᠬᠦ ᠲᠣᠬᠠᠶᠢᠯᠠᠭᠰᠠᠨ ᠠᠵᠢᠯ ᠤᠨ ᠵᠥᠭᠯᠡᠭᠦᠷ
ᠨᠡᠶᠢᠲᠡᠯᠡᠭᠰᠡᠨ ᠴᠠᠭ᠄
2016-08-20
       ᠨᠢᠭᠡ᠂ ᠲᠣᠬᠠᠶᠢᠯᠠᠭᠰᠠᠨ ᠠᠵᠢᠯ ᠤᠨ ᠬᠡᠪᠴᠢᠶ᠎ᠡ᠄ ᠡᠷᠦᠬᠡ ᠠᠮᠠ ᠪᠤᠶᠤ ᠰᠠᠭᠤᠭ᠎ᠠ ᠭᠠᠵᠠᠷ ᠢᠶᠠᠨ ᠬᠤᠪᠢᠷᠠᠭᠤᠯᠬᠤ ᠳᠤ᠂ ᠮᠠᠰᠢᠨ ᠲᠡᠷᠭᠡᠨ ᠤ ᠵᠢᠯᠣᠭᠤᠴᠢ ᠶᠢᠨ ᠦᠨᠡᠮᠯᠡᠯ ᠢᠶᠠᠨ ᠰᠢᠯᠵᠢᠭᠦᠯᠦᠨ ᠣᠷᠣᠭᠤᠯᠵᠤ ᠦᠨᠡᠮᠯᠡᠯ ᠰᠣᠯᠢᠬᠤ ᠪᠠᠷ ᠭᠤᠶᠤᠴᠢᠯᠠᠨ᠎ᠠ᠃ ᠬᠤᠶᠠᠷ᠂ ᠬᠡᠷᠡᠭᠴᠡᠭᠡ ᠪᠦᠬᠦᠢ ᠮᠠᠲ᠋ᠧᠷᠢᠶᠠᠯ 1. ᠭᠠᠷ ᠤᠨ ᠦᠰᠦᠭ ᠢᠶᠠᠨ ᠵᠢᠷᠤᠭᠰᠠᠨ ︽ᠮᠠᠰᠢᠨ ᠲᠡᠷᠭᠡᠨ ᠤ ᠵᠢᠯᠣᠭᠤᠴᠢ ᠶᠢᠨ ᠦᠨᠡᠮᠯᠡᠯ ᠤᠨ ᠭᠤᠶᠤᠴᠢᠯᠠᠯ ᠤᠨ ᠬᠦᠰᠦᠨᠦᠭᠲᠦ︾ 2. ᠵᠢᠯᠣᠭᠤᠴᠢ ᠶᠢᠨ ᠪᠡᠶ᠎ᠡ ᠶᠢᠨ ᠭᠡᠷᠡᠴᠢ ︵ᠳᠠᠷᠣᠢ ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ︾ ᠪᠤᠶᠤ ︽ᠲᠦᠷ ᠴᠠᠭ ᠤᠨ ᠪᠡᠶ᠎ᠡ ᠶᠢᠨ ᠦᠨᠡᠮᠯᠡᠯ︾︶᠎ ᠤᠨ ᠤᠭ ᠵᠦᠢᠯ ᠵᠢᠴᠢ ᠬᠠᠭᠤᠯᠪᠤᠷᠢ᠃ 3. ᠰᠢᠶᠠᠨ ᠪᠤᠶᠤ ᠴᠡᠷᠢᠭ ᠠᠩᠭᠢ ᠶᠢᠨ ᠬᠤᠷᠢᠶᠠᠨ ᠤ ᠱᠠᠳᠤᠨ ᠠᠴᠠ ᠳᠡᠭᠡᠭᠰᠢᠬᠢ ᠡᠮᠴᠢᠯᠡᠭᠡ ᠶᠢᠨ ᠪᠠᠶᠢᠭᠤᠯᠤᠮᠵᠢ ᠶᠢᠨ ᠬᠢᠵᠦ ᠥᠭᠭᠦᠭᠰᠡᠨ ᠪᠡᠶ᠎ᠡ ᠮᠠᠬᠠᠪᠤᠳ ᠤᠨ ᠨᠥᠬᠦᠴᠡᠯ ᠤᠨ ᠲᠣᠬᠠᠢ ᠭᠡᠷᠡᠴᠢ᠃ 4. ᠳᠥᠷᠪᠡᠨ ᠬᠤᠪᠢ ᠣᠶᠢᠷ᠎ᠡ ᠶᠢᠨ ᠬᠤᠭᠤᠴᠠᠭᠠᠨ ᠤ ᠴᠠᠭᠠᠨ ᠳᠡᠪᠢᠰᠭᠡᠷ ᠲᠠᠢ ᠨᠢᠭᠡ ᠢᠮᠠᠬᠤ ᠶᠢᠨ ᠮᠠᠯᠠᠭᠠᠢ ᠦᠭᠡᠢ ᠪᠤᠳᠤᠭᠲᠤ ᠭᠡᠷᠡᠯ ᠵᠢᠷᠤᠭ᠃ 5 . ᠤᠭ ᠮᠠᠰᠢᠨ ᠲᠡᠷᠭᠡᠨ ᠤ ᠵᠢᠯᠣᠭᠤᠴᠢ ᠶᠢᠨ ᠦᠨᠡᠮᠯᠡᠯ᠃ ᠭᠤᠷᠪᠠ᠂ ᠣᠷᠣᠯᠠᠨ ᠭᠦᠢᠴᠡᠳᠬᠡᠭᠴᠢ ᠳᠤ ᠨᠠᠶᠢᠳᠠᠨ ᠭᠦᠢᠴᠡᠳᠬᠡᠯᠭᠡᠵᠦ ᠪᠣᠯᠣᠨ᠎ᠠ 1. ᠣᠷᠣᠯᠠᠨ ᠭᠦᠢᠴᠡᠳᠬᠡᠭᠴᠢ ᠨᠢ ᠬᠤᠪᠢ ᠬᠥᠮᠥᠨ ᠪᠣᠯ᠂ ᠠᠯᠪᠠᠨ ᠭᠡᠷᠡᠴᠢᠯᠡᠯᠭᠡ ᠬᠢᠯᠭᠡᠭᠰᠡᠨ ᠨᠠᠶᠢᠳᠠᠯᠭ᠎ᠠ ᠶᠢᠨ ᠪᠢᠴᠢᠭ ᠪᠠ ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ︾᠎ ᠤᠨ ᠤᠭ ᠵᠦᠢᠯ ᠪᠠ ᠬᠠᠭᠤᠯᠪᠤᠷᠢ ᠶᠢ ᠲᠤᠰᠢᠶᠠᠨ᠎ᠠ᠃ 2. ᠣᠷᠣᠯᠠᠨ ᠭᠦᠢᠴᠡᠳᠬᠡᠭᠴᠢ ᠨᠢ ᠨᠢᠭᠡᠴᠡ ᠪᠣᠯ᠂ ᠲᠣᠰ ᠨᠢᠭᠡᠴᠡ ᠶᠢᠨ ᠲᠠᠨᠢᠯᠴᠠᠭᠤᠯᠭ᠎ᠠ ᠶᠢᠨ ᠪᠢᠴᠢᠭ ᠵᠢᠴᠢ ᠠᠯᠪᠠᠨ ᠲᠠᠮᠠᠭ᠎ᠠ ᠳᠠᠷᠤᠭᠰᠠᠨ ᠪᠠᠶᠢᠭᠤᠯᠤᠮᠵᠢ ᠶᠢᠨ ᠣᠷᠣᠯᠠᠬᠤ ᠨᠣᠮᠧᠷ ᠤᠨ ᠦᠨᠡᠮᠯᠡᠯ᠂ ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ︾᠎ ᠤᠨ ᠤᠭ ᠵᠦᠢᠯ ᠪᠠ ᠬᠠᠭᠤᠯᠪᠤᠷᠢ ᠶᠢ ᠲᠤᠰᠢᠶᠠᠨ᠎ᠠ᠃ 3. ᠣᠷᠣᠯᠠᠨ ᠭᠦᠢᠴᠡᠳᠬᠡᠭᠴᠢ ᠨᠢ ᠬᠠᠨᠢ ᠨᠥᠬᠦᠷ ᠤᠨ ᠬᠠᠷᠢᠴᠠᠭ᠎ᠠ ᠲᠠᠢ ᠪᠣᠯ᠂ ︽ᠤᠷᠤᠭ ᠤᠨ ᠦᠨᠡᠮᠯᠡᠯ︾ ᠪᠠ ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ︾᠎ ᠤᠨ ᠤᠭ ᠵᠦᠢᠯ ᠪᠠ ᠬᠠᠭᠤᠯᠪᠤᠷᠢ ᠶᠢ ᠲᠤᠰᠢᠶᠠᠨ᠎ᠠ᠃ 4. ᠣᠷᠣᠯᠠᠨ ᠭᠦᠢᠴᠡᠳᠬᠡᠭᠴᠢ ᠨᠢ ᠡᠴᠢᠭᠡ ᠡᠬᠡ ᠦᠷ᠎ᠡ ᠬᠡᠦᠬᠡᠳ ᠵᠡᠷᠭᠡ ᠰᠠᠳᠤᠨ ᠲᠦᠷᠦᠯ ᠤᠨ ᠬᠠᠷᠢᠴᠠᠭ᠎ᠠ ᠲᠠᠢ ᠪᠣᠯ᠂ ᠰᠠᠳᠤᠨ ᠲᠦᠷᠦᠯ ᠤᠨ ᠬᠠᠷᠢᠴᠠᠭ᠎ᠠ ᠶᠢ ᠬᠡᠷᠡᠴᠢᠯᠡᠭᠰᠡᠨ ᠡᠷᠦᠬᠡ ᠠᠮᠠ ᠶᠢᠨ ᠳᠠᠩᠰᠠ ᠪᠠ ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ︾᠎ ᠤᠨ ᠤᠭ ᠵᠦᠢᠯ ᠪᠠ ᠬᠠᠭᠤᠯᠪᠤᠷᠢ ᠶᠢ ᠲᠤᠰᠢᠶᠠᠨ᠎ᠠ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号