ᠳᠦᠷᠦ ᠶᠢᠨ ᠶᠠᠪᠤᠳᠠᠯ ᠤᠨ ᠬᠤᠷᠢᠶᠠᠨ ᠤ ︽ᠡᠷᠤᠭᠡ ᠠᠮᠠ ᠦᠭᠡᠢ ᠬᠦᠮᠦᠰ ᠤᠨ ᠡᠷᠤᠭᠡ ᠠᠮᠠ ᠶᠢ | ᠤᠷᠤᠭᠤᠯᠬᠤ ᠠᠰᠠᠭᠤᠳᠠᠯ ᠢ ᠰᠢᠢᠳᠪᠤᠷᠢᠯᠡᠬᠦ ᠲᠤᠬᠠᠢ ᠰᠠᠨᠠᠯ ᠤᠳ︾ ᠤᠨ ᠮᠡᠳᠡᠭᠳᠡᠯ ᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠬᠤ ᠶᠢᠨ ᠲᠦᠯᠦᠭᠡ᠂ ᠰᠢᠯᠢ ᠶᠢᠨ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠡᠷᠤᠭᠡ | ᠠᠮᠠ ᠶᠢᠨ ᠬᠠᠮᠢᠶᠠᠷᠤᠯᠳᠠ ᠶᠢᠨ ᠤᠶᠢᠯᠡᠴᠢᠯᠡᠭᠡ ᠳᠤ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠵᠤᠭᠢᠴᠠᠭᠤᠯᠤᠨ | ᠨᠡᠪᠳᠡᠷᠡᠯᠴᠡᠬᠦ ᠠᠵᠢᠯ ᠢ ᠴᠢᠩᠭᠠᠳᠬᠠᠵᠦ᠂ ᠬᠦᠴᠦᠨ ᠪᠦᠬᠦᠢ ᠠᠷᠭ᠎ᠠ ᠬᠡᠮᠵᠢᠶ᠎ᠡ ᠠᠪᠴᠦ᠂ ᠲᠦᠯᠤᠪᠯᠡᠭᠡᠳᠤ | ᠦᠷᠡᠵᠢᠯ ᠤᠨ ᠪᠤᠰᠤ ᠰᠠᠶ᠋ᠢ ᠲᠦᠷᠦᠭᠰᠡᠨ ᠭᠡᠤᠭᠡᠳ ᠤᠨ ᠡᠷᠤᠭᠡ ᠠᠮᠠ ᠶᠢ ᠤᠷᠤᠭᠤᠯᠬᠤ ᠠᠰᠠᠭᠤᠳᠠᠯ ᠢ ᠭᠠᠷᠳᠠᠨ | ᠰᠢᠢᠳᠪᠤᠷᠢᠯᠡᠵᠦ ᠪᠠᠶᠢᠨ᠎ᠠ᠃ ᠨᠢᠭᠡ ᠳᠤ ᠲᠦᠯᠤᠪᠯᠡᠭᠡᠳᠤ ᠦᠷᠡᠵᠢᠯ ᠤᠨ ᠲᠦᠷᠤ ᠶᠢᠨ ᠪᠤᠳᠤᠯᠭ᠎ᠠ ᠳᠤ ᠨᠡᠶᠢᠴᠡᠭᠰᠡᠨ | ᠰᠠᠶ᠋ᠢ ᠲᠦᠷᠦᠭᠰᠡᠨ ᠬᠡᠤᠭᠡᠳ ᠤᠨ ᠡᠷᠤᠭᠡ ᠠᠮᠠ ᠶᠢ ᠤᠷᠤᠭᠤᠯᠬᠤ ᠦᠶᠡᠰ᠂ ᠤᠭ ᠤᠨ ᠪᠠᠶᠢᠭᠰᠠᠨ ᠭᠠᠷ | ᠬᠦᠢᠴᠡᠳᠭᠡᠯ ᠢ ᠲᠦᠭᠦᠮᠴᠢᠯᠡᠵᠦ᠂ ᠡᠷᠡᠬᠦᠯ ᠬᠠᠮᠠᠭᠠᠯᠠᠯ ᠲᠦᠯᠤᠪᠯᠡᠭᠡᠳᠤ ᠦᠷᠡᠵᠢᠯ ᠤᠨ ᠵᠦᠪᠯᠡᠯ ᠤᠨ ︽ᠭᠤᠷᠪᠠᠨ | ᠬᠤᠯᠪᠤᠭ᠎ᠠ ᠪᠠᠷᠢᠮᠳᠠ︾ ᠶᠢ ᠦᠭᠡᠶᠢᠰᠭᠡᠵᠠᠢ᠃ ᠬᠤᠶᠠᠷ ᠲᠤ ᠲᠦᠯᠤᠪᠯᠡᠭᠡᠳᠤ ᠦᠷᠡᠵᠢᠯ ᠤᠨ ᠲᠦᠷᠦ ᠶᠢᠨ | ᠪᠤᠳᠤᠯᠭ᠎ᠠ ᠳᠤ ᠦᠯᠦ ᠨᠡᠶᠢᠴᠡᠬᠦ ᠰᠠᠶ᠋ᠢ ᠲᠦᠷᠦᠭᠰᠡᠨ ᠬᠡᠤᠭᠡᠳ ᠲᠤ ᠡᠷᠤᠭᠡ ᠠᠮᠠ ᠤᠷᠤᠭᠤᠯᠬᠤ ᠳᠤ ᠰᠠᠶᠢᠨ | ᠲᠤᠷ᠎ᠠ ᠠᠴᠠ ᠪᠠᠨ ᠡᠴᠢᠭᠡ ᠡᠭᠡ ᠠᠯᠢ ᠨᠢᠭᠡ ᠲᠠᠯ᠎ᠠ ᠶᠢ ᠨᠢ ᠴᠦ ᠲᠠᠭᠠᠵᠦ ᠡᠷᠤᠭᠡ ᠠᠮᠠ ᠤᠷᠤᠭᠤᠯᠵᠦ ᠪᠤᠯᠬᠤ | ᠲᠦᠷᠦ ᠶᠢᠨ ᠪᠤᠳᠤᠯᠭ᠎ᠠ ᠶᠤᠰᠤᠭᠠᠷ᠂ ᠲᠤᠰ ᠬᠦᠮᠦᠨ ᠪᠤᠶᠤ ᠲᠡᠭᠦᠨ ᠤ ᠬᠠᠷᠠᠭᠠᠯᠵᠠᠨ ᠬᠠᠮᠠᠭᠠᠯᠠᠭᠴᠢ ᠠᠴᠠ ︽ | ᠲᠦᠷᠤᠯᠳᠡ ᠶᠢᠨ ᠠᠨᠠᠭᠠᠬᠤ ᠤᠬᠠᠭᠠᠨ ᠤ ᠬᠡᠷᠡᠴᠢ︾ ᠪᠠ ᠡᠴᠢᠭᠡ ᠡᠭᠡ ᠶᠢᠨ ᠨᠢᠭᠡ ᠲᠠᠯ᠎ᠠ ᠶᠢᠨ ᠰᠠᠭᠤᠭᠠᠯᠢ | ᠠᠷᠠᠳ ᠤᠨ ᠡᠷᠤᠭᠡ ᠠᠮᠠ ᠶᠢᠨ ᠲᠡᠪᠳᠡᠷ᠂ ᠤᠷᠤᠭ ᠤᠨ ᠪᠠᠳᠤᠯᠠᠪᠤᠷᠢ ︵ᠪᠤᠶᠤ ᠤᠷᠤᠭᠯᠠᠭ᠎ᠠ ᠦᠭᠡᠢ ᠪᠠᠷ ᠲᠦᠷᠦᠭᠰᠡᠨ | ᠲᠤᠳᠤᠷᠬᠠᠶᠢᠯᠠᠯᠳᠠ︶ ᠪᠠᠨ ᠠᠪᠴᠦ᠂ ᠪᠠᠶᠢᠩᠭᠤ ᠰᠠᠭᠤᠭ᠎ᠠ ᠡᠷᠤᠭᠡ ᠠᠮᠠ ᠳᠤ ᠲᠡᠮᠳᠡᠭᠯᠡᠬᠦᠯᠬᠦ ᠭᠤᠶᠤᠴᠢᠯᠠᠯ ᠭᠠᠷᠭᠠᠨ᠎ᠠ | ᠃ ᠬᠡᠷᠪᠡ ᠠᠪᠤ ᠪᠠᠨ ᠲᠠᠭᠠᠵᠦ ᠡᠷᠤᠭᠡ ᠠᠮᠠ ᠤᠷᠤᠭᠤᠯᠬᠤ ᠴᠢᠬᠤᠯᠠᠳᠠᠢ ᠤᠷᠤᠭᠯᠠᠭ᠎ᠠ ᠦᠭᠡᠢ ᠪᠠᠷ ᠰᠠᠶ᠋ᠢ ᠲᠦᠷᠦᠭᠰᠡᠨ | ᠭᠡᠤᠭᠡᠳ ᠨᠢ ᠬᠢᠷᠢ ᠭᠡᠮ ᠤᠨ ᠪᠠᠳᠤᠯᠠᠭ᠎ᠠ ᠲᠠᠢ ᠰᠢᠯᠭᠠᠨ ᠲᠤᠭᠳᠠᠭᠠᠬᠤ ᠪᠠᠶᠢᠭᠤᠯᠤᠮᠵᠢ ᠠᠴᠠ ᠭᠠᠷᠭᠠᠭᠰᠠᠨ ︽ | ᠲᠦᠷᠦᠭᠰᠡᠨ ᠭᠡᠤᠭᠡᠳ ᠤᠨ ᠰᠢᠯᠭᠠᠨ ᠲᠤᠭᠳᠠᠭᠠᠯᠳᠠ ᠶᠢᠨ ᠬᠡᠷᠡᠴᠢ︾ ᠬᠠᠩᠭᠠᠬᠤ ᠶᠢᠨ ᠬᠠᠮᠳᠤ ᠬᠠᠷᠢᠶ᠎ᠠ | ᠲᠤᠭᠤᠷᠢᠭ ᠤᠨ ᠲᠤᠮᠢᠯᠠᠭᠰᠠᠨ ᠰᠠᠯᠪᠤᠷᠢ ᠪᠠᠷ ᠢᠶᠠᠨ ᠬᠢᠨᠠᠨ ᠮᠠᠭᠠᠳᠯᠠᠯᠳᠠ ᠬᠢᠯᠭᠡᠵᠦ᠂ ᠪᠠᠶᠢᠩᠭᠤ ᠰᠠᠭᠤᠭ᠎ᠠ ᠡᠷᠤᠭᠡ | ᠠᠮᠠ ᠳᠤ ᠲᠡᠮᠳᠡᠭᠯᠡᠬᠦᠯᠬᠦ ᠪᠠᠷ ᠭᠤᠶᠤᠴᠢᠯᠡᠵᠦ ᠪᠤᠯᠤᠨ᠎ᠠ᠃ ᠭᠤᠷᠪᠠ ᠳᠤ ︽ᠲᠦᠷᠤᠯᠳᠡ ᠶᠢᠨ ᠠᠨᠠᠭᠠᠬᠤ | ᠤᠬᠠᠭᠠᠨ ᠤ ᠬᠡᠷᠡᠴᠢ︾ ᠦᠭᠡᠢ ᠰᠠᠶ᠋ᠢ ᠲᠦᠷᠦᠭᠰᠡᠨ ᠬᠡᠤᠭᠡᠳ ᠨᠢ ᠡᠷᠤᠭᠡ ᠠᠮᠠ ᠤᠷᠤᠭᠤᠯᠬᠤ ᠳᠠᠭᠠᠨ ᠭᠡᠷᠪᠡ | ᠲᠦᠷᠤᠬᠦ ᠳᠤ ᠲᠤᠰᠠᠯᠠᠬᠤ ᠪᠠᠶᠢᠭᠤᠯᠤᠮᠵᠢ ︵ᠵᠢᠱᠢᠶᠡᠯᠡᠪᠠᠯ ᠡᠮᠨᠡᠯᠭᠡ ᠶᠢᠨ ᠬᠤᠷᠢᠶ᠎ᠠ︶ ᠳᠤ ᠲᠦᠷᠦᠭᠰᠡᠨ ᠪᠠᠶᠢᠪᠠᠯ᠂ | ᠲᠤᠰ ᠬᠦᠮᠦᠨ ᠪᠤᠶᠤ ᠲᠡᠬᠦᠨ ᠤ ᠬᠠᠷᠠᠭᠠᠯᠵᠠᠨ ᠬᠠᠮᠠᠭᠠᠯᠠᠭᠴᠢ ᠨᠢ ︽ᠲᠦᠷᠤᠯᠳᠡ ᠶᠢᠨ ᠠᠨᠠᠭᠠᠬᠤ ᠤᠬᠠᠭᠠᠨ ᠤ | ᠬᠡᠷᠡᠴᠢ︾ ᠬᠢᠯᠭᠡᠵᠦ ᠪᠤᠯᠤᠨ᠎ᠠ᠃ ᠬᠡᠷᠪᠡ ᠡᠮᠨᠡᠯᠭᠡ ᠶᠢᠨ ᠬᠤᠷᠢᠶᠠᠨ ᠠᠴᠠ ᠭᠠᠳᠠᠨ᠎ᠠ ᠲᠦᠷᠦᠭᠰᠡᠨ ᠪᠠᠶᠢᠪᠠᠯ ᠲᠤᠰ | ᠬᠦᠮᠦᠨ ᠪᠤᠶᠤ ᠲᠡᠭᠦᠨ ᠤ ᠬᠠᠷᠠᠭᠠᠯᠵᠠᠨ ᠬᠠᠮᠠᠭᠠᠯᠠᠭᠴᠢ ᠨᠢ ᠬᠢᠷᠢ ᠭᠡᠮ ᠤᠨ ᠪᠠᠳᠤᠯᠠᠭ᠎ᠠ ᠲᠠᠢ ᠰᠢᠯᠭᠠᠨ ᠲᠤᠭᠳᠠᠭᠠᠬᠤ | ᠪᠠᠶᠢᠭᠤᠯᠤᠮᠵᠢ ᠪᠠᠷ ︽ᠲᠦᠷᠦᠭᠰᠡᠨ ᠭᠡᠤᠭᠡᠳ ᠤᠨ ᠰᠢᠯᠭᠠᠨ ᠲᠤᠭᠳᠠᠭᠠᠯᠳᠠ ᠶᠢᠨ ᠬᠡᠷᠡᠴᠢ︾ ᠬᠢᠯᠭᠡᠵᠦ᠂ ᠡᠴᠢᠭᠡ | ᠡᠬᠡ ᠶᠢᠨ ᠡᠷᠤᠭᠡ ᠠᠮᠠ ᠪᠠᠶᠢᠭ᠎ᠠ ᠭᠠᠵᠠᠷ ᠤᠨ ᠬᠤᠰᠢᠭᠤ ᠰᠢᠶᠠᠨ ᠱᠠᠳᠤᠨ ᠤ ᠡᠷᠡᠭᠦᠯ ᠬᠠᠮᠠᠭᠠᠯᠠᠯ ᠲᠦᠯᠦᠪᠯᠡᠭᠡᠳᠤ | ᠦᠷᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠢ ᠨᠠᠶᠢᠳᠠᠵᠦ ︽ᠲᠦᠷᠤᠯᠳᠠ ᠶᠢᠨ ᠠᠨᠠᠭᠠᠬᠤ ᠤᠬᠠᠭᠠᠨ ᠤ | ᠭᠡᠷᠡᠴᠢ︾ ᠭᠤᠶᠤᠴᠢᠯᠠᠨ᠎ᠠ᠃ ᠲᠡᠬᠢᠨ ᠲᠤᠰ ᠬᠦᠮᠦᠨ ᠪᠤᠶᠤ ᠲᠡᠭᠦᠨ ᠤ ᠬᠠᠷᠠᠭᠠᠯᠵᠠᠨ ᠬᠠᠮᠠᠭᠠᠯᠠᠭᠴᠢ ᠠᠴᠠ ︽ | ᠲᠦᠷᠤᠯᠳᠠ ᠶᠢᠨ ᠠᠨᠠᠭᠠᠬᠤ ᠤᠬᠠᠭᠠᠨ ᠤ ᠭᠡᠷᠡᠴᠢ︾ ᠬᠢᠭᠡᠳ ᠡᠴᠢᠭᠡ ᠡᠭᠡ ᠶᠢᠨ ᠨᠢᠭᠡ ᠲᠠᠯ᠎ᠠ ᠶᠢᠨ ᠰᠠᠭᠤᠭᠠᠯᠢ | ᠠᠷᠠᠳ ᠤᠨ ᠡᠷᠤᠭᠡ ᠠᠮᠠ ᠶᠢᠨ ᠲᠡᠪᠳᠡᠷ᠂ ᠤᠷᠤᠭ ᠤᠨ ᠪᠠᠳᠤᠯᠠᠪᠤᠷᠢ ︵ᠪᠤᠶᠤ ᠤᠷᠤᠭᠯᠠᠭ᠎ᠠ ᠦᠭᠡᠢ ᠪᠠᠷ ᠲᠦᠷᠦᠭᠰᠡᠨ | ᠲᠤᠳᠤᠷᠬᠠᠶᠢᠯᠠᠯᠳᠠ︶ ᠪᠠᠨ ᠠᠪᠴᠦ᠂ ᠪᠠᠶᠢᠩᠭᠤ ᠰᠠᠭᠤᠭ᠎ᠠ ᠬᠦᠮᠦᠨ ᠠᠮᠠ ᠳᠤ ᠲᠡᠮᠳᠡᠭᠯᠡᠬᠦᠯᠬᠦ ᠪᠠᠷ ᠭᠤᠶᠤᠴᠢᠯᠠᠵᠦ | ᠪᠤᠯᠤᠨ᠎ᠠ᠃ | | |