ᠲᠦᠷ ᠴᠠᠭ ᠤᠨ ᠵᠢᠯᠣᠭᠤᠴᠢ ᠶᠢᠨ ᠦᠨᠡᠮᠯᠡᠯ ᠭᠤᠶᠤᠴᠢᠯᠠᠨ ᠠᠪᠬᠤ
ᠨᠡᠶᠢᠲᠡᠯᠡᠭᠰᠡᠨ ᠴᠠᠭ᠄
2016-08-20
       ︽ᠬᠢᠯᠢ ᠪᠠᠷ ᠲᠦᠷ ᠣᠷᠣᠬᠤ ᠮᠠᠰᠢᠨᠲᠦ ᠲᠡᠷᠭᠡ ᠪᠠ ᠵᠢᠯᠣᠭᠤᠴᠢ ᠶᠢᠨ ᠬᠠᠮᠢᠶᠠᠷᠤᠯᠲᠠ ᠶᠢᠨ ᠲᠣᠭᠲᠠᠭᠠᠯ︾ ︵ᠲᠣᠳᠤᠭᠠᠳᠤ ᠶᠢ ᠬᠠᠮᠠᠭᠠᠯᠠᠬᠤ ᠶᠠᠮᠤᠨ ᠤ 90 ᠳ᠋ᠤᠭᠡᠷ ᠲᠣᠭᠠᠲᠤ ᠵᠠᠷᠯᠢᠭ︶ ᠤᠨ ᠬᠤᠶᠠᠳᠤᠭᠠᠷ ᠵᠦᠢᠯ ᠢ ᠦᠨᠳᠦᠰᠦᠯᠡᠪᠡᠯ ᠲᠤᠰ ᠲᠣᠭᠲᠠᠭᠠᠯ ᠨᠢ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠳᠤ ᠲᠦᠷ ᠴᠠᠭ ᠣᠷᠣᠵᠤ ᠭᠤᠷᠪᠠᠨ ᠰᠠᠷ᠎ᠠ ᠶᠢ ᠳᠠᠪᠠᠭ᠋ᠤ ᠦᠭᠡᠢ ᠮᠠᠰᠢᠨᠲᠦ ᠲᠡᠷᠭᠡ ᠪᠠ ᠮᠠᠰᠢᠨᠲᠦ ᠲᠡᠷᠭᠡᠨ ᠤ ᠵᠢᠯᠣᠭᠤᠴᠢ ᠳᠤ ᠲᠣᠬᠢᠷᠠᠨ᠎ᠠ᠃      ︵ᠨᠢᠭᠡ︶ ᠤᠯᠤᠰ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠢᠶᠠᠷ ᠵᠦᠪᠰᠢᠶᠡᠷᠡᠭᠦᠯᠦᠭᠰᠡᠨ ᠪᠦᠭᠡᠳ ᠬᠢᠯᠢ ᠪᠠᠷ ᠲᠦᠷ ᠣᠷᠣᠵᠤ ᠵᠣᠬᠢᠶᠠᠨ ᠪᠠᠶᠢᠭᠤᠯᠤᠯᠲᠠ ᠲᠠᠢ ᠵᠢᠭᠤᠯᠴᠢᠯᠠᠯ᠂ ᠤᠷᠤᠯᠳᠤᠭᠠᠨ ᠵᠢᠴᠢ ᠪᠤᠰᠤᠳ ᠬᠠᠷᠢᠯᠴᠠᠭᠠᠨ ᠤ ᠠᠵᠢᠯᠯᠠᠭ᠎ᠠ ᠳᠤ ᠣᠷᠣᠯᠴᠠᠬᠤ ᠭᠠᠳᠠᠭᠠᠳᠤ ᠶᠢᠨ ᠮᠠᠰᠢᠨᠲᠦ ᠲᠡᠷᠭᠡ ᠪᠠ ᠮᠠᠰᠢᠨᠲᠦ ᠲᠡᠷᠭᠡᠨ ᠤ ᠵᠢᠯᠣᠭᠤᠴᠢ︔      ︵ᠬᠤᠶᠠᠷ︶ ᠬᠢᠯᠢ ᠪᠠᠷ ᠲᠦᠷ ᠣᠷᠣᠭᠰᠠᠨ ᠤ ᠳᠠᠷᠠᠭ᠎ᠠ ᠵᠥᠪᠬᠡᠨ ᠬᠢᠯᠢ ᠶᠢᠨ ᠣᠷᠣᠨ ᠤ ᠵᠣᠬᠢᠬᠤ ᠬᠡᠪᠴᠢᠶᠡᠨ ᠳᠤᠲᠤᠷ᠎ᠠ ᠶᠠᠪᠤᠭᠤᠯᠬᠤ ᠭᠠᠳᠠᠭᠠᠳᠤ ᠶᠢᠨ ᠮᠠᠰᠢᠨᠲᠦ ᠲᠡᠷᠭᠡ ᠪᠠ ᠮᠠᠰᠢᠨᠲᠦ ᠲᠡᠷᠭᠡᠨ ᠤ ᠵᠢᠯᠣᠭᠤᠴᠢ︔      ︵ᠭᠤᠷᠪᠠ︶ ᠬᠢᠯᠢ ᠪᠠᠷ ᠲᠦᠷ ᠣᠷᠣᠭᠰᠠᠨ ᠤ ᠳᠠᠷᠠᠭ᠎ᠠ ᠳᠤᠮᠳᠠᠳᠤ ᠤᠯᠤᠰ ᠤᠨ ᠮᠠᠰᠢᠨᠲᠦ ᠲᠡᠷᠭᠡ ᠶᠢ ᠲᠦᠷᠢᠶᠡᠰᠦᠯᠡᠨ ᠵᠢᠯᠣᠭᠤᠳᠬᠤ ᠴᠢᠬᠤᠯᠠᠲᠠᠢ ᠭᠠᠳᠠᠭᠠᠳᠤ ᠶᠢᠨ ᠮᠠᠰᠢᠨᠲᠦ ᠲᠡᠷᠭᠡᠨ ᠤ ᠵᠢᠯᠣᠭᠤᠴᠢ︔ ᠳᠤᠮᠳᠠᠳᠤ ᠤᠯᠤᠰ ᠯᠤᠭ᠎ᠠ ᠬᠤᠶᠠᠷ ᠲᠠᠯ᠎ᠠ ᠪᠠᠷ ᠢᠶᠠᠨ ᠪᠤᠶᠤ ᠣᠯᠠᠨ ᠲᠠᠯ᠎ᠠ ᠶᠢᠨ ᠬᠢᠯᠢ ᠦᠩᠭᠡᠷᠡᠨ ᠲᠡᠭᠡᠭᠡᠪᠥᠷᠢ ᠬᠢᠬᠦ ᠵᠦᠪᠳᠡᠯᠴᠡᠭᠡᠷ ᠲᠣᠭᠲᠠᠭᠰᠠᠨ ᠪᠠᠶᠢᠪᠠᠯ᠂ ᠵᠦᠪᠳᠡᠯᠴᠡᠭᠡᠷ ᠤᠨ ᠶᠤᠰᠤᠭᠠᠷ ᠭᠦᠢᠴᠡᠳᠬᠡᠨ᠎ᠡ᠃ ᠤᠯᠤᠰ ᠪᠤᠶᠤ ᠵᠠᠰᠠᠭ ᠤᠨ ᠣᠷᠳᠣᠨ ᠤ ᠬᠤᠭᠤᠷᠤᠨᠳᠤ ᠮᠠᠰᠢᠨᠲᠦ ᠲᠡᠷᠭᠡᠨ ᠤ ᠫᠠᠶᠢᠰᠠ ᠪᠠ ᠵᠢᠯᠣᠭᠤᠴᠢ ᠶᠢᠨ ᠦᠨᠡᠮᠯᠡᠯ ᠢ ᠬᠠᠷᠢᠯᠴᠠᠨ ᠵᠥᠪᠰᠢᠶᠡᠷᠡᠬᠦ ᠵᠦᠪᠯᠡᠯᠴᠡᠭᠡᠷ ᠲᠠᠢ ᠪᠣᠯ ᠵᠦᠪᠯᠡᠯᠴᠡᠭᠡᠷ ᠤᠨ ᠶᠣᠰᠤᠭᠠᠷ ᠭᠦᠢᠴᠡᠳᠬᠡᠨ᠎ᠡ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号