ᠡᠷᠤᠭᠡ ᠠᠮᠠ ᠶᠢᠨ ᠰᠢᠨ᠎ᠠ ᠳᠦᠷᠦ ᠶᠢᠨ ᠪᠤᠳᠤᠯᠭ᠎ᠠ ᠰᠢᠯᠢ ᠶᠢᠨ ᠬᠤᠳᠠ ᠳᠤ
ᠨᠡᠶᠢᠲᠡᠯᠡᠭᠰᠡᠨ ᠴᠠᠭ᠄
2016-08-20
        ᠳᠦᠷᠦ ᠶᠢᠨ ᠶᠠᠪᠤᠳᠠᠯ ᠤᠨ ᠬᠤᠷᠢᠶᠠᠨ ᠤ ︽ᠡᠷᠤᠭᠡ ᠠᠮᠠ ᠦᠭᠡᠢ ᠬᠦᠮᠦᠰ ᠤᠨ ᠡᠷᠤᠭᠡ ᠠᠮᠠ ᠶᠢ ᠤᠷᠤᠭᠤᠯᠬᠤ ᠠᠰᠠᠭᠤᠳᠠᠯ ᠢ ᠰᠢᠢᠳᠪᠤᠷᠢᠯᠡᠬᠦ ᠲᠤᠬᠠᠢ ᠰᠠᠨᠠᠯ ᠤᠳ︾ ᠤᠨ ᠮᠡᠳᠡᠭᠳᠡᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠶᠢᠨ ᠲᠦᠯᠦᠭᠡ᠂ ᠰᠢᠯᠢ ᠶᠢᠨ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠡᠷᠤᠭᠡ ᠠᠮᠠ ᠶᠢᠨ ᠬᠠᠮᠢᠶᠠᠷᠤᠯᠳᠠ ᠶᠢᠨ ᠤᠶᠢᠯᠡᠴᠢᠯᠡᠭᠡ ᠳᠤ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠵᠤᠭᠢᠴᠠᠭᠤᠯᠤᠨ ᠨᠡᠪᠳᠡᠷᠡᠯᠴᠡᠬᠦ ᠠᠵᠢᠯ ᠢ ᠴᠢᠩᠭᠠᠳᠬᠠᠵᠦ᠂ ᠬᠦᠴᠦᠨ ᠪᠦᠬᠦᠢ ᠠᠷᠭ᠎ᠠ ᠬᠡᠮᠵᠢᠶ᠎ᠡ ᠠᠪᠴᠦ᠂ ᠲᠦᠯᠤᠪᠯᠡᠭᠡᠳᠤ ᠦᠷᠡᠵᠢᠯ ᠤᠨ ᠪᠤᠰᠤ ᠰᠠᠶ᠋ᠢ ᠲᠦᠷᠦᠭᠰᠡᠨ ᠭᠡᠤᠭᠡᠳ ᠤᠨ ᠡᠷᠤᠭᠡ ᠠᠮᠠ ᠶᠢ ᠤᠷᠤᠭᠤᠯᠬᠤ ᠠᠰᠠᠭᠤᠳᠠᠯ ᠢ ᠭᠠᠷᠳᠠᠨ ᠰᠢᠢᠳᠪᠤᠷᠢᠯᠡᠵᠦ ᠪᠠᠶᠢᠨ᠎ᠠ᠃  ᠨᠢᠭᠡ ᠳᠤ ᠲᠦᠯᠤᠪᠯᠡᠭᠡᠳᠤ ᠦᠷᠡᠵᠢᠯ ᠤᠨ ᠲᠦᠷᠤ ᠶᠢᠨ ᠪᠤᠳᠤᠯᠭ᠎ᠠ ᠳᠤ ᠨᠡᠶᠢᠴᠡᠭᠰᠡᠨ ᠰᠠᠶ᠋ᠢ ᠲᠦᠷᠦᠭᠰᠡᠨ ᠬᠡᠤᠭᠡᠳ ᠤᠨ ᠡᠷᠤᠭᠡ ᠠᠮᠠ ᠶᠢ ᠤᠷᠤᠭᠤᠯᠬᠤ ᠦᠶᠡᠰ᠂ ᠤᠭ ᠤᠨ ᠪᠠᠶᠢᠭᠰᠠᠨ ᠭᠠᠷ ᠬᠦᠢᠴᠡᠳᠭᠡᠯ ᠢ ᠲᠦᠭᠦᠮᠴᠢᠯᠡᠵᠦ᠂ ᠡᠷᠡᠬᠦᠯ ᠬᠠᠮᠠᠭᠠᠯᠠᠯ ᠲᠦᠯᠤᠪᠯᠡᠭᠡᠳᠤ ᠦᠷᠡᠵᠢᠯ ᠤᠨ ᠵᠦᠪᠯᠡᠯ ᠤᠨ ︽ᠭᠤᠷᠪᠠᠨ ᠬᠤᠯᠪᠤᠭ᠎ᠠ ᠪᠠᠷᠢᠮᠳᠠ︾ ᠶᠢ ᠦᠭᠡᠶᠢᠰᠭᠡᠵᠠᠢ᠃  ᠬᠤᠶᠠᠷ ᠲᠤ ᠲᠦᠯᠤᠪᠯᠡᠭᠡᠳᠤ ᠦᠷᠡᠵᠢᠯ ᠤᠨ ᠲᠦᠷᠦ ᠶᠢᠨ ᠪᠤᠳᠤᠯᠭ᠎ᠠ ᠳᠤ ᠦᠯᠦ ᠨᠡᠶᠢᠴᠡᠬᠦ ᠰᠠᠶ᠋ᠢ ᠲᠦᠷᠦᠭᠰᠡᠨ ᠬᠡᠤᠭᠡᠳ ᠲᠤ ᠡᠷᠤᠭᠡ ᠠᠮᠠ ᠤᠷᠤᠭᠤᠯᠬᠤ ᠳᠤ ᠰᠠᠶᠢᠨ ᠲᠤᠷ᠎ᠠ ᠠᠴᠠ ᠪᠠᠨ ᠡᠴᠢᠭᠡ ᠡᠭᠡ ᠠᠯᠢ ᠨᠢᠭᠡ ᠲᠠᠯ᠎ᠠ ᠶᠢ ᠨᠢ ᠴᠦ ᠲᠠᠭᠠᠵᠦ ᠡᠷᠤᠭᠡ ᠠᠮᠠ ᠤᠷᠤᠭᠤᠯᠵᠦ ᠪᠤᠯᠬᠤ ᠲᠦᠷᠦ ᠶᠢᠨ ᠪᠤᠳᠤᠯᠭ᠎ᠠ ᠶᠤᠰᠤᠭᠠᠷ᠂ ᠲᠤᠰ ᠬᠦᠮᠦᠨ ᠪᠤᠶᠤ ᠲᠡᠭᠦᠨ ᠤ ᠬᠠᠷᠠᠭᠠᠯᠵᠠᠨ ᠬᠠᠮᠠᠭᠠᠯᠠᠭᠴᠢ ᠠᠴᠠ ︽ᠲᠦᠷᠤᠯᠳᠡ ᠶᠢᠨ ᠠᠨᠠᠭᠠᠬᠤ ᠤᠬᠠᠭᠠᠨ ᠤ ᠬᠡᠷᠡᠴᠢ︾ ᠪᠠ ᠡᠴᠢᠭᠡ ᠡᠭᠡ ᠶᠢᠨ ᠨᠢᠭᠡ ᠲᠠᠯ᠎ᠠ ᠶᠢᠨ ᠰᠠᠭᠤᠭᠠᠯᠢ ᠠᠷᠠᠳ ᠤᠨ ᠡᠷᠤᠭᠡ ᠠᠮᠠ ᠶᠢᠨ ᠲᠡᠪᠳᠡᠷ᠂ ᠤᠷᠤᠭ ᠤᠨ ᠪᠠᠳᠤᠯᠠᠪᠤᠷᠢ ︵ᠪᠤᠶᠤ ᠤᠷᠤᠭᠯᠠᠭ᠎ᠠ ᠦᠭᠡᠢ ᠪᠠᠷ ᠲᠦᠷᠦᠭᠰᠡᠨ ᠲᠤᠳᠤᠷᠬᠠᠶᠢᠯᠠᠯᠳᠠ︶ ᠪᠠᠨ ᠠᠪᠴᠦ᠂ ᠪᠠᠶᠢᠩᠭᠤ ᠰᠠᠭᠤᠭ᠎ᠠ ᠡᠷᠤᠭᠡ ᠠᠮᠠ ᠳᠤ ᠲᠡᠮᠳᠡᠭᠯᠡᠬᠦᠯᠬᠦ ᠭᠤᠶᠤᠴᠢᠯᠠᠯ ᠭᠠᠷᠭᠠᠨ᠎ᠠ ᠃ ᠬᠡᠷᠪᠡ ᠠᠪᠤ ᠪᠠᠨ ᠲᠠᠭᠠᠵᠦ ᠡᠷᠤᠭᠡ ᠠᠮᠠ ᠤᠷᠤᠭᠤᠯᠬᠤ ᠴᠢᠬᠤᠯᠠᠳᠠᠢ ᠤᠷᠤᠭᠯᠠᠭ᠎ᠠ ᠦᠭᠡᠢ ᠪᠠᠷ ᠰᠠᠶ᠋ᠢ ᠲᠦᠷᠦᠭᠰᠡᠨ ᠭᠡᠤᠭᠡᠳ ᠨᠢ ᠬᠢᠷᠢ ᠭᠡᠮ ᠤᠨ ᠪᠠᠳᠤᠯᠠᠭ᠎ᠠ ᠲᠠᠢ ᠰᠢᠯᠭᠠᠨ ᠲᠤᠭᠳᠠᠭᠠᠬᠤ ᠪᠠᠶᠢᠭᠤᠯᠤᠮᠵᠢ ᠠᠴᠠ ᠭᠠᠷᠭᠠᠭᠰᠠᠨ ︽ᠲᠦᠷᠦᠭᠰᠡᠨ ᠭᠡᠤᠭᠡᠳ ᠤᠨ ᠰᠢᠯᠭᠠᠨ ᠲᠤᠭᠳᠠᠭᠠᠯᠳᠠ ᠶᠢᠨ ᠬᠡᠷᠡᠴᠢ︾ ᠬᠠᠩᠭᠠᠬᠤ ᠶᠢᠨ ᠬᠠᠮᠳᠤ ᠬᠠᠷᠢᠶ᠎ᠠ ᠲᠤᠭᠤᠷᠢᠭ ᠤᠨ ᠲᠤᠮᠢᠯᠠᠭᠰᠠᠨ ᠰᠠᠯᠪᠤᠷᠢ ᠪᠠᠷ ᠢᠶᠠᠨ ᠬᠢᠨᠠᠨ ᠮᠠᠭᠠᠳᠯᠠᠯᠳᠠ ᠬᠢᠯᠭᠡᠵᠦ᠂ ᠪᠠᠶᠢᠩᠭᠤ ᠰᠠᠭᠤᠭ᠎ᠠ ᠡᠷᠤᠭᠡ ᠠᠮᠠ ᠳᠤ ᠲᠡᠮᠳᠡᠭᠯᠡᠬᠦᠯᠬᠦ ᠪᠠᠷ ᠭᠤᠶᠤᠴᠢᠯᠡᠵᠦ ᠪᠤᠯᠤᠨ᠎ᠠ᠃  ᠭᠤᠷᠪᠠ ᠳᠤ ︽ᠲᠦᠷᠤᠯᠳᠡ ᠶᠢᠨ ᠠᠨᠠᠭᠠᠬᠤ ᠤᠬᠠᠭᠠᠨ ᠤ ᠬᠡᠷᠡᠴᠢ︾ ᠦᠭᠡᠢ ᠰᠠᠶ᠋ᠢ ᠲᠦᠷᠦᠭᠰᠡᠨ ᠬᠡᠤᠭᠡᠳ ᠨᠢ ᠡᠷᠤᠭᠡ ᠠᠮᠠ ᠤᠷᠤᠭᠤᠯᠬᠤ ᠳᠠᠭᠠᠨ ᠭᠡᠷᠪᠡ ᠲᠦᠷᠤᠬᠦ ᠳᠤ ᠲᠤᠰᠠᠯᠠᠬᠤ ᠪᠠᠶᠢᠭᠤᠯᠤᠮᠵᠢ ︵ᠵᠢᠱᠢᠶᠡᠯᠡᠪᠠᠯ ᠡᠮᠨᠡᠯᠭᠡ ᠶᠢᠨ ᠬᠤᠷᠢᠶ᠎ᠠ︶ ᠳᠤ ᠲᠦᠷᠦᠭᠰᠡᠨ ᠪᠠᠶᠢᠪᠠᠯ᠂ ᠲᠤᠰ ᠬᠦᠮᠦᠨ ᠪᠤᠶᠤ ᠲᠡᠬᠦᠨ ᠤ ᠬᠠᠷᠠᠭᠠᠯᠵᠠᠨ ᠬᠠᠮᠠᠭᠠᠯᠠᠭᠴᠢ ᠨᠢ ︽ᠲᠦᠷᠤᠯᠳᠡ ᠶᠢᠨ ᠠᠨᠠᠭᠠᠬᠤ ᠤᠬᠠᠭᠠᠨ ᠤ ᠬᠡᠷᠡᠴᠢ︾ ᠬᠢᠯᠭᠡᠵᠦ ᠪᠤᠯᠤᠨ᠎ᠠ᠃ ᠬᠡᠷᠪᠡ ᠡᠮᠨᠡᠯᠭᠡ ᠶᠢᠨ ᠬᠤᠷᠢᠶᠠᠨ ᠠᠴᠠ ᠭᠠᠳᠠᠨ᠎ᠠ ᠲᠦᠷᠦᠭᠰᠡᠨ ᠪᠠᠶᠢᠪᠠᠯ ᠲᠤᠰ ᠬᠦᠮᠦᠨ ᠪᠤᠶᠤ ᠲᠡᠭᠦᠨ ᠤ ᠬᠠᠷᠠᠭᠠᠯᠵᠠᠨ ᠬᠠᠮᠠᠭᠠᠯᠠᠭᠴᠢ ᠨᠢ ᠬᠢᠷᠢ ᠭᠡᠮ ᠤᠨ ᠪᠠᠳᠤᠯᠠᠭ᠎ᠠ ᠲᠠᠢ ᠰᠢᠯᠭᠠᠨ ᠲᠤᠭᠳᠠᠭᠠᠬᠤ ᠪᠠᠶᠢᠭᠤᠯᠤᠮᠵᠢ ᠪᠠᠷ ︽ᠲᠦᠷᠦᠭᠰᠡᠨ ᠭᠡᠤᠭᠡᠳ ᠤᠨ ᠰᠢᠯᠭᠠᠨ ᠲᠤᠭᠳᠠᠭᠠᠯᠳᠠ ᠶᠢᠨ ᠬᠡᠷᠡᠴᠢ︾ ᠬᠢᠯᠭᠡᠵᠦ᠂ ᠡᠴᠢᠭᠡ ᠡᠬᠡ ᠶᠢᠨ ᠡᠷᠤᠭᠡ ᠠᠮᠠ ᠪᠠᠶᠢᠭ᠎ᠠ ᠭᠠᠵᠠᠷ ᠤᠨ ᠬᠤᠰᠢᠭᠤ ᠰᠢᠶᠠᠨ ᠱᠠᠳᠤᠨ ᠤ ᠡᠷᠡᠭᠦᠯ ᠬᠠᠮᠠᠭᠠᠯᠠᠯ ᠲᠦᠯᠦᠪᠯᠡᠭᠡᠳᠤ ᠦᠷᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠢ ᠨᠠᠶᠢᠳᠠᠵᠦ ︽ᠲᠦᠷᠤᠯᠳᠠ ᠶᠢᠨ ᠠᠨᠠᠭᠠᠬᠤ ᠤᠬᠠᠭᠠᠨ ᠤ ᠭᠡᠷᠡᠴᠢ︾ ᠭᠤᠶᠤᠴᠢᠯᠠᠨ᠎ᠠ᠃ ᠲᠡᠬᠢᠨ ᠲᠤᠰ ᠬᠦᠮᠦᠨ ᠪᠤᠶᠤ ᠲᠡᠭᠦᠨ ᠤ ᠬᠠᠷᠠᠭᠠᠯᠵᠠᠨ ᠬᠠᠮᠠᠭᠠᠯᠠᠭᠴᠢ ᠠᠴᠠ ︽ᠲᠦᠷᠤᠯᠳᠠ ᠶᠢᠨ ᠠᠨᠠᠭᠠᠬᠤ ᠤᠬᠠᠭᠠᠨ ᠤ ᠭᠡᠷᠡᠴᠢ︾ ᠬᠢᠭᠡᠳ ᠡᠴᠢᠭᠡ ᠡᠭᠡ ᠶᠢᠨ ᠨᠢᠭᠡ ᠲᠠᠯ᠎ᠠ ᠶᠢᠨ ᠰᠠᠭᠤᠭᠠᠯᠢ ᠠᠷᠠᠳ ᠤᠨ ᠡᠷᠤᠭᠡ ᠠᠮᠠ ᠶᠢᠨ ᠲᠡᠪᠳᠡᠷ᠂ ᠤᠷᠤᠭ ᠤᠨ ᠪᠠᠳᠤᠯᠠᠪᠤᠷᠢ ︵ᠪᠤᠶᠤ ᠤᠷᠤᠭᠯᠠᠭ᠎ᠠ ᠦᠭᠡᠢ ᠪᠠᠷ ᠲᠦᠷᠦᠭᠰᠡᠨ ᠲᠤᠳᠤᠷᠬᠠᠶᠢᠯᠠᠯᠳᠠ︶ ᠪᠠᠨ ᠠᠪᠴᠦ᠂ ᠪᠠᠶᠢᠩᠭᠤ ᠰᠠᠭᠤᠭ᠎ᠠ ᠬᠦᠮᠦᠨ ᠠᠮᠠ ᠳᠤ ᠲᠡᠮᠳᠡᠭᠯᠡᠬᠦᠯᠬᠦ ᠪᠠᠷ ᠭᠤᠶᠤᠴᠢᠯᠠᠵᠦ ᠪᠤᠯᠤᠨ᠎ᠠ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号