ᠤᠷᠤᠭ ᠭᠡᠷ ᠪᠦᠯᠢ ᠶᠢᠨ ᠬᠤᠯᠢ ᠶᠢᠨ ᠳᠦᠰᠢᠭ
ᠨᠡᠶᠢᠲᠡᠯᠡᠭᠰᠡᠨ ᠴᠠᠭ᠄
2016-08-20
         3 ᠳ᠋ᠤᠭᠠᠷ ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ᠂ ᠠᠶᠢᠮᠠᠭ ᠤᠨ ᠡᠮᠡᠭᠳᠠᠶᠢᠴᠤᠳ ᠤᠨ ᠬᠤᠯᠪᠤᠭᠠᠲᠤ ᠬᠤᠷᠠᠯ ᠲᠦᠷᠦᠬᠦᠯᠡᠨ ᠠᠶᠢᠮᠠᠭ ᠤᠨ ᠲᠤᠮᠳᠠ ᠵᠡᠷᠬᠡ ᠶᠢᠨ ᠠᠷᠠᠳ ᠤᠨ ᠰᠢᠬᠦᠬᠦ ᠬᠤᠷᠢᠶ᠎ᠠ᠂ ᠠᠶᠢᠮᠠᠭ ᠤᠨ ᠠᠷᠠᠳ ᠤᠨ ᠶᠠᠪᠤᠳᠠᠯ ᠤᠨ ᠲᠤᠪᠴᠢᠶ᠎ᠡ ᠵᠡᠷᠬᠡ ᠪᠠᠶᠢᠭᠤᠯᠭ᠎ᠠ ᠨᠢᠬᠡᠴᠡ ᠠᠴᠠ ᠭᠤᠤᠯᠯᠠᠨ ᠡᠷᠬᠢᠯᠡᠭᠰᠡᠨ ᠰᠢᠯᠢ ᠶᠢᠨ ᠭᠤᠤᠯ ᠠᠶᠢᠮᠠᠭ ᠤᠨ ︽ᠬᠡᠷ ᠪᠦᠯᠢ ᠶᠢᠨ ᠬᠠᠮᠠᠭᠠᠯᠠᠭᠴᠢ︾ ᠤᠷᠤᠭ ᠬᠡᠷ ᠪᠦᠯᠢ ᠶᠢᠨ ᠵᠦᠷᠢᠴᠡᠯ ᠮᠦᠷᠬᠦᠯᠳᠦᠬᠡᠨ ᠤ ᠨᠡᠶᠢᠳᠡᠯᠢᠭ ᠬᠡᠷᠡᠭ ᠤᠨ ᠵᠢᠱᠢᠶ᠎ᠡ ᠶᠢᠨ ᠲᠠᠭᠤᠷᠢᠶᠠᠮᠠᠯ ᠲᠤᠭᠯᠠᠯᠳᠠ ᠶᠢᠨ ᠦᠨᠡᠯᠡᠡ ᠵᠠᠳᠠᠯᠬᠤ ᠬᠤᠷᠠᠯ ᠮᠠᠨ ᠤ ᠠᠶᠢᠮᠠᠭ ᠤᠨ ᠨᠠᠰᠤᠳᠠᠶᠢᠴᠤᠳ ᠤᠨ ᠬᠥᠳᠡᠯᠬᠡᠬᠡᠨ ᠤ ᠲᠥᠪ ᠲᠤ ᠶᠠᠪᠤᠭᠳᠠᠪᠠ᠃ ᠲᠤᠰ ᠤᠳᠠᠭᠠᠨ ᠤ ᠦᠨᠡᠯᠡᠨ ᠵᠠᠳᠠᠯᠬᠤ ᠬᠤᠷᠠᠯ ᠨᠢ ︽ᠠᠮᠤᠭᠤᠯᠠᠩ ᠬᠡᠷ ᠪᠦᠯᠢ︾ ᠶᠢ ᠪᠠᠶᠢᠭᠤᠯᠬᠤ ᠠᠵᠢᠯᠯᠠᠭ᠎ᠠ ᠶᠢ ᠤᠯᠠᠮ ᠢᠶᠠᠷ ᠬᠦᠨᠵᠡᠬᠡᠶᠢᠷᠡᠬᠦᠯᠬᠦ᠂ ᠤᠷᠤᠭ ᠬᠡᠷ ᠪᠦᠯᠢ ᠶᠢᠨ ᠵᠦᠷᠢᠴᠡᠯ ᠮᠦᠷᠬᠦᠯᠳᠦᠬᠡᠨ ᠢ ᠡᠶᠡᠳᠡᠬᠦᠯᠬᠦ ᠠᠵᠢᠯ ᠢ ᠲᠦᠯᠬᠢᠨ ᠠᠬᠢᠭᠤᠯᠬᠤ ᠪᠠᠷ ᠭᠤᠤᠯ ᠬᠠᠷᠠᠯᠳᠠ ᠪᠠᠨ ᠪᠤᠯᠭᠠᠵᠦ᠂ 3 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠵᠢᠩᠭᠢᠨᠢ ᠪᠠᠷ ᠬᠡᠷᠡᠭᠵᠢᠬᠦᠯᠦᠭᠰᠡᠨ ᠮᠠᠨ ᠤ ᠤᠯᠤᠰ ᠤᠨ ᠠᠩᠬᠠᠳᠠᠬᠴᠢ ︽ᠪᠦᠬᠦᠳᠡ ᠨᠠᠶᠢᠷᠠᠮᠳᠠᠬᠤ ᠲᠤᠮᠳᠠᠳᠥ ᠠᠷᠠᠳ ᠤᠯᠤᠰ ᠤᠨ ᠬᠡᠷ ᠪᠦᠯᠢ ᠶᠢᠨ ᠬᠦᠴᠦᠷᠬᠡᠭᠯᠡᠯ ᠢ ᠡᠰᠡᠷᠬᠦᠴᠡᠬᠦ ᠬᠠᠤᠯᠢ︾ ᠪᠠᠷ ᠲᠤᠯᠢ ᠪᠤᠯᠭᠠᠵᠦ᠂ ᠲᠤᠬᠠᠢ ᠶᠢᠨ ᠲᠠᠯᠠᠪᠤᠷ ᠲᠤ ᠨᠡᠶᠢᠳᠡᠯᠢᠭ ᠵᠢᠱᠢᠶ᠎ᠡ ᠲᠠᠢ ᠪᠠᠷ ᠲᠠᠭᠤᠷᠢᠶᠠᠨ ᠲᠤᠬᠯᠠᠬᠤ ᠬᠡᠯᠪᠡᠷᠢ ᠪᠠᠷ ᠶᠠᠪᠤᠭᠳᠠᠭᠤᠯᠵᠠᠢ᠃ ᠬᠤᠷᠠᠯ ᠳᠡᠭᠡᠷ᠎ᠡ ᠮᠠᠠ ᠤ ᠠᠶᠢᠮᠠᠭ ᠤᠨ ᠡᠮᠡᠭᠳᠠᠶᠢᠴᠤᠳ ᠤᠨ ᠬᠤᠯᠪᠤᠭᠠᠨ ᠤ ᠳᠡᠳ᠋ ᠲᠡᠷᠢᠬᠦᠯᠡᠭᠴᠢ ᠹᠧᠩ ᠱᠦ ᠵᠢᠤᠸᠠᠨ ᠠᠴᠠ ︽ᠬᠡᠷ ᠪᠦᠯᠢ ᠶᠢᠨ ᠬᠦᠴᠦᠷᠬᠡᠭᠯᠡᠯ ᠢ ᠡᠰᠡᠷᠬᠦᠴᠡᠬᠦ︾ ᠬᠠᠤᠯᠢ ᠶᠢᠨ ᠬᠡᠷᠡᠭᠵᠢᠬᠦᠯᠦᠭᠳᠡᠭᠰᠡᠨ ᠠᠬᠤᠢ ᠪᠠᠶᠢᠳᠠᠯ᠂ ᠠᠭᠤᠯᠭ᠎ᠠ ᠪᠠ ᠬᠢᠯᠠᠰ ᠴᠢᠭ ᠲᠤ ᠤᠡᠭᠰᠢᠨ ᠵᠠᠳᠠᠯᠤᠯᠳᠠ ᠬᠢᠭᠰᠡᠨ ᠤ ᠬᠠᠮᠳᠤ ᠮᠠᠨ ᠤ ᠠᠶᠢᠮᠠᠭ ᠤᠨ ᠡᠮᠡᠭᠳᠠᠶᠢᠴᠤᠳ ᠤᠨ ᠬᠤᠯᠪᠤᠭ᠎ᠠ ᠶᠢᠨ ︽ᠬᠡᠷ ᠪᠦᠯᠢ ᠶᠢᠨ ᠬᠦᠴᠦᠷᠬᠡᠭᠯᠡᠯ ᠢ ᠡᠰᠡᠷᠬᠦᠴᠡᠬᠦ ᠬᠠᠤᠯᠢ︾ ᠶᠢ ᠤᠬᠠᠭᠤᠯᠤᠭᠰᠠᠨ᠂ ᠬᠡᠷᠡᠭᠵᠢᠬᠦᠯᠦᠭᠰᠡᠨ ᠡᠯ᠎ᠡ ᠲᠦᠷᠦᠯ ᠤᠨ ᠠᠷᠭ᠎ᠠ ᠬᠡᠮᠵᠢᠶ᠎ᠡ ᠶᠢ ᠨᠡᠶᠢᠳᠡᠯᠡᠵᠠᠢ᠃ ᠲᠤᠰ ᠤᠳᠠᠭᠠᠨ ᠤ ᠭᠡᠷ ᠪᠦᠯᠢ ᠶᠢᠨ ᠬᠦᠴᠦᠷᠭᠡᠭᠯᠡᠯ ᠤᠨ ᠨᠡᠶᠢᠳᠡᠯᠢᠭ ᠵᠢᠱᠢᠶ᠎ᠠ ᠶᠢᠨ ᠳᠠᠭᠤᠷᠢᠶᠠᠮᠠᠯ ᠳᠤᠬᠯᠠᠯᠳᠠ ᠶᠢᠨ ᠦᠨᠡᠯᠡᠨ ᠵᠠᠳᠠᠯᠬᠤ ᠬᠤᠷᠠᠯ ᠳᠡᠭᠡᠷ ᠎ᠡ ᠠᠶᠢᠮᠠᠭ ᠤᠨ ᠡᠮᠡᠭᠳᠠᠶᠢᠴᠤᠳ ᠤᠨ ᠬᠤᠯᠪᠤᠭ᠎ᠠ ᠠᠴᠠ ᠮᠠᠨ ᠤ ᠠᠶᠢᠮᠠᠭ ᠬᠤᠳᠠ ᠶᠢᠨ ᠬᠤᠶᠠᠷ ᠱᠠᠳᠤᠨ ᠤ ᠰᠢᠬᠦᠬᠦ ᠬᠤᠷᠢᠶᠠᠨ ᠤ ᠶᠡᠭᠡ ᠬᠡᠮᠵᠢᠶᠡᠨ ᠤ ᠬᠡᠷ ᠪᠦᠯᠢ ᠶᠢᠨ ᠵᠦᠷᠢᠴᠡᠯ ᠮᠦᠷᠬᠦᠯᠳᠦᠬᠡᠨ ᠤ ᠦᠨᠡᠨ ᠪᠤᠳᠠᠳᠠᠢ ᠬᠡᠷᠡᠭ ᠤᠨ ᠵᠢᠱᠢᠶ᠎ᠡ ᠠᠴᠠ ᠰᠤᠩᠭᠤᠭᠰᠠᠠ ᠬᠡᠷ ᠪᠦᠯᠢ ᠶᠢᠨ ᠬᠦᠴᠦᠷᠬᠡᠭᠯᠡᠯ᠂ ᠨᠤᠳᠤᠭ ᠪᠠᠯᠴᠢᠭᠡᠷ ᠤᠨ ᠳᠠᠳᠠᠪᠤᠷᠢᠯᠠᠨ ᠬᠡᠷᠡᠭᠯᠡᠬᠦ ᠨᠥᠬᠦᠪᠦᠷᠢ ᠮᠥᠡᠭᠭᠦᠨ ᠤ ᠵᠦᠷᠢᠴᠡᠯ ᠵᠢᠭᠤᠷᠠᠭᠠᠨ᠂ ︽80 ᠪᠠ 90︾ ᠤᠨ ᠳᠤ ᠲᠦᠷᠦᠭᠰᠡᠤᠨ ᠤᠨ ᠤᠷᠤᠭ ᠰᠠᠯᠬᠤ ᠨᠤᠷᠮ᠎ᠡ ᠥᠨᠳᠦᠷ ᠪᠠ ᠨᠠᠰᠤᠳᠠᠶᠢᠴᠤᠳ ᠤᠨ ᠲᠠᠬᠢᠨ ᠤᠷᠤᠭᠯᠠᠬᠤ ᠵᠡᠷᠬᠡ 4 ᠨᠡᠶᠢᠳᠡᠯᠢᠭ ᠬᠡᠷᠡᠭ ᠤᠨ ᠵᠢᠱᠢᠶ᠎ᠡ ᠶᠢᠨ ᠬᠡᠰᠡᠭ ᠦᠵᠡᠭᠳᠡᠯ ᠢ ᠲᠤᠬᠠᠢ ᠶᠢᠨ ᠲᠠᠯᠠᠪᠤᠷ ᠲᠤ ᠲᠠᠭᠤᠷᠢᠶᠠᠨ ᠲᠤᠭᠯᠠᠵᠦ᠂ ᠲᠠᠬᠢᠨ ᠰᠢᠬᠦᠭᠴᠢ ᠶᠢᠨ ᠲᠤᠭᠤᠶᠢᠢᠯᠠᠩ᠂ ᠬᠠᠤᠯᠢᠴᠢ ᠶᠢᠨ ᠲᠤᠭᠤᠶᠢᠢᠯᠠᠩ᠂ ᠰᠡᠳᠬᠢᠴᠡ ᠶᠢᠨ ᠯᠠᠪᠯᠠᠯᠳᠠ ᠶᠢᠨ ᠲᠤᠭᠤᠶᠢᠢᠯᠠᠩ᠂ ᠤᠷᠤᠭ ᠬᠡᠷ ᠪᠦᠯᠢ ᠶᠢᠨ ᠯᠠᠪᠯᠠᠯᠳᠠ ᠶᠢᠨ ᠲᠤᠭᠤᠶᠢᠢᠯᠠᠩ᠂ ᠡᠮᠡᠭᠳᠠᠶᠢᠴᠤᠳ ᠤᠨ ᠬᠤᠯᠪᠤᠭᠠᠨ ᠤ ᠡᠷᠬᠡ ᠠᠰᠢᠭ ᠢ ᠬᠠᠮᠠᠭᠠᠯᠠᠬᠤ ᠺᠠᠳ᠋ᠷ ᠤᠨ ᠲᠤᠭᠤᠶᠢᠢᠯᠠᠩ ᠵᠡᠷᠬᠡ 5 ᠲᠤᠰᠬᠠᠢ ᠮᠡᠷᠬᠡᠵᠢᠯ ᠤᠨ ᠲᠤᠭᠤᠶᠢᠢᠯᠠᠩ ᠤᠨ ᠲᠤᠰᠬᠠᠢ ᠮᠡᠷᠬᠡᠵᠢᠯᠳᠡᠨ ᠨᠠᠷ ᠠᠴᠠ ᠡᠳᠡᠬᠡᠷ 4 ᠨᠡᠶᠢᠳᠡᠯᠢᠭ ᠵᠢᠱᠢᠶ᠎ᠡ ᠳᠤ ᠬᠠᠨᠳᠤᠭᠤᠯᠵᠦ᠂ ᠠᠳᠠᠯᠢ ᠪᠤᠰᠤ ᠵᠤᠭᠰᠤᠴᠠ ᠠᠴᠠ ᠬᠡᠷᠡᠭ ᠤᠨ ᠵᠢᠱᠢᠶ᠎ᠡ ᠶᠢ ᠵᠠᠳᠠᠯᠵᠦ᠂ ᠡᠶᠢᠮᠦᠷᠬᠦ ᠪᠠᠶᠢᠳᠠᠯ ᠳᠤ ᠵᠦᠷᠢᠴᠡᠯ ᠢ ᠬᠡᠷᠬᠢᠨ ᠰᠢᠢᠳᠪᠦᠷᠢᠯᠡᠬᠦ᠂ ᠡᠶ᠎ᠡ ᠵᠤᠬᠢᠴᠠᠯᠳᠦ ᠬᠡᠷ ᠪᠦᠯᠢ ᠶᠢ ᠬᠡᠷᠬᠢᠨ ᠴᠤᠭᠴᠠᠯᠠᠨ ᠪᠠᠶᠢᠭᠤᠯᠬᠤ ᠵᠡᠷᠬᠡ ᠲᠠᠯ᠎ᠠ ᠠᠴᠠ ᠰᠠᠨᠠᠯ ᠵᠦᠪᠯᠡᠯᠬᠡ ᠲᠤᠷᠠᠳᠴᠠᠢ᠃ ᠦᠨᠡᠨ ᠪᠤᠳᠠᠳᠠᠢ ᠬᠡᠷᠡᠭ ᠤᠨ ᠵᠢᠱᠢᠶ᠎ᠡ ᠶᠢᠨ ᠲᠠᠭᠤᠷᠢᠶᠠᠮᠠᠯ ᠲᠤᠭᠯᠠᠯᠳᠠ ᠶᠢᠨ ᠲᠤᠬᠠᠢ ᠶᠢᠨ ᠲᠠᠯᠠᠪᠤᠷ ᠤᠨ ᠠᠮᠢᠳᠤᠯᠢᠭ ᠲᠤᠭᠯᠠᠯᠳᠠ ᠪᠠ ᠰᠢᠨ᠎ᠡ ᠰᠡᠪᠡᠬᠦᠨ ᠬᠡᠯᠪᠡᠷᠢ ᠨᠢ ᠲᠤᠬᠠᠢ ᠶᠢᠨ ᠲᠠᠯᠠᠪᠤᠷ ᠤᠨ ᠦᠵᠡᠭᠴᠢᠳ ᠤᠨ ᠠᠩᠬᠠᠷᠤᠯ ᠢ ᠶᠡᠬᠡᠳᠡ ᠳᠠᠳᠠᠵᠦ᠂ ᠬᠡᠷ ᠪᠦᠯᠢ ᠶᠢᠨ ᠬᠦᠴᠦᠷᠬᠡᠭᠯᠡᠯ ᠶᠠᠪᠤᠭᠤᠯᠬᠤ᠂ ᠵᠠᠯᠠᠭᠤᠴᠤᠳ ᠤᠨ ᠬᠤᠷᠴᠠ ᠰᠢᠷᠦᠬᠦᠨ ᠮᠦᠷᠬᠦᠯᠳᠦᠬᠡᠨ ᠵᠡᠷᠬᠡ ᠬᠡᠰᠡᠭ ᠦᠵᠡᠭᠳᠡᠯ ᠳᠤ ᠵᠠᠷᠢᠮ ᠦᠵᠡᠭᠴᠢᠳ ᠨᠢ ᠬᠢᠯᠢᠩᠨᠡᠨ ᠠᠭᠤᠷᠯᠠᠵᠦ᠂ ᠵᠠᠷᠢᠮ ᠨᠢ ᠨᠢᠯᠪᠤᠰᠤ ᠠᠰᠬᠠᠷᠠᠭᠤᠯᠵᠦ ᠪᠠᠶᠢᠯ᠎ᠠ᠃ ᠠᠶᠢᠮᠠᠭ ᠤᠨ ᠡᠪᠯᠡᠯ ᠤᠨ ᠬᠤᠷᠢᠶᠠᠨ ᠤ ᠬᠠᠰᠬᠤᠸᠠᠷ ︽ᠰᠢᠨ᠎ᠡ ᠤᠷᠤᠬᠯᠠᠬᠰᠠᠨ ᠵᠠᠯᠠᠭᠤᠴᠤᠳ ᠤᠷᠤᠭ ᠬᠡᠷ ᠪᠦᠯᠢ ᠶᠢᠨ ᠲᠠᠯ ᠎ᠠ ᠳᠤ ᠤᠯᠠᠨ ᠠᠰᠠᠭᠤᠳᠠᠯ ᠤᠷᠤᠰᠢᠵᠦ ᠪᠤᠢ᠂ ᠬᠡᠷ ᠪᠦᠯᠢ ᠶᠢᠨ ᠪᠦᠷᠢᠯᠳᠦᠬᠦᠨ ᠬᠤᠭᠤᠷᠤᠨᠳᠦ ᠪᠠᠨ ᠡᠶ᠎ᠡ ᠡᠪᠳᠠᠢ᠂ ᠬᠠᠷᠢᠯᠴᠠᠨ ᠬᠦᠨᠳᠦᠳᠬᠡᠵᠦ᠂ ᠬᠠᠷᠢᠯᠴᠠᠨ ᠬᠠᠶᠢᠷᠠᠯᠠᠯᠴᠠᠵᠦ᠂ ᠡᠶ᠎ᠡ ᠨᠠᠶᠢᠷᠰᠠᠭ ᠵᠤᠯ ᠵᠢᠷᠭᠠᠯᠳᠤ ᠬᠡᠷ ᠪᠦᠯᠢ ᠶᠢ ᠴᠤᠭᠴᠠᠯᠠᠨ ᠪᠠᠶᠢᠭᠤᠯᠬᠤ ᠳᠤ ᠬᠦᠴᠦᠯᠡᠬᠦ ᠬᠡᠷᠡᠭᠳᠠᠢ ᠬᠡᠳᠡᠭ ᠢ ᠮᠡᠳᠡᠯ᠎ᠡ︾ ᠬᠡᠵᠦ ᠶᠠᠷᠢᠵᠦ ᠪᠠᠶᠢᠯ᠎ᠠ᠃ ᠬᠡᠷᠡᠭ ᠤᠨ ᠵᠢᠱᠢᠶ᠎ᠡ ᠶᠢ ᠲᠤᠬᠠᠢ ᠶᠢᠨ ᠲᠠᠯᠠᠪᠤᠷ ᠲᠤ ᠲᠠᠭᠤᠷᠢᠶᠠᠨ ᠲᠤᠭᠯᠠᠵᠦ᠂ ᠲᠤᠰᠬᠠᠢ ᠮᠡᠷᠬᠡᠵᠢᠯᠳᠡᠨ ᠠᠴᠠ ᠦᠨᠡᠯᠡᠨ ᠵᠠᠳᠠᠯᠤᠭᠰᠠᠨ ᠨᠢ ᠤᠤᠯ ᠤᠨ ᠬᠡᠷ ᠪᠦᠯᠢ ᠶᠢᠨ ᠵᠦᠷᠢᠴᠡᠯ ᠮᠦᠷᠬᠦᠯᠳᠦᠬᠡᠨ ᠤ ᠠᠰᠠᠭᠤᠳᠠᠯ ᠢ ᠶᠠᠷᠢᠯᠴᠠᠬᠤ ᠳᠤ ᠵᠦᠪᠬᠡᠨ ᠬᠡᠯᠡᠵᠦ ᠶᠠᠷᠢᠵᠦ ᠪᠠᠶᠢᠭᠰᠠᠠ ᠢ ᠬᠤᠪᠢᠷᠠᠭᠤᠯᠵᠦ᠂ ᠬᠡᠯᠪᠡᠷᠢ ᠶᠢᠨ ᠬᠤᠪᠢ ᠳᠤ ᠨᠡᠩ ᠰᠢᠨ᠎ᠡ ᠰᠡᠪᠡᠬᠦᠨ ᠢᠶᠠᠷ ᠥᠷᠬᠡᠨ ᠤᠯᠠᠨ ᠦᠵᠡᠭᠴᠢᠳ ᠤᠨ ᠦᠨᠡᠨ ᠪᠤᠳᠠᠳᠠᠢ ᠬᠡᠷᠡᠭ ᠤᠨ ᠵᠢᠱᠢᠶ᠎ᠡ ᠠᠴᠠ ᠤᠷᠤᠭ ᠬᠡᠷ ᠪᠦᠯᠢ ᠶᠢᠨ ᠵᠦᠷᠢᠴᠡᠯ ᠮᠦᠷᠬᠦᠯᠳᠦᠬᠡᠨ ᠤ ᠠᠰᠠᠭᠤᠳᠠᠯ ᠤᠨ ᠡᠬᠦᠰᠦᠯ᠂ ᠬᠤᠤᠷ ᠬᠥᠨᠥᠬᠡᠯ ᠢ ᠤᠶᠢᠢᠯᠠᠭᠠᠭᠤᠯᠵᠦ᠂ ᠬᠡᠷ ᠪᠦᠯᠢ ᠶᠢᠨ ᠬᠦᠴᠦᠷᠬᠡᠭᠯᠡᠯ ᠤᠴᠠᠷᠠᠬᠤ ᠦᠶᠡᠰ ᠬᠡᠷᠬᠢᠨ ᠥᠪᠡᠷ ᠤᠨ ᠬᠠᠤᠯᠢ ᠶᠤᠰᠤᠨ ᠤ ᠡᠷᠬᠡ ᠠᠰᠢᠭ ᠢᠶᠠᠨ ᠬᠠᠮᠠᠭᠠᠯᠠᠬᠤ ᠵᠡᠷᠬᠡ ᠪᠤᠳᠠᠳᠠᠢ ᠠᠷᠭ᠎ᠠ ᠬᠡᠮᠵᠢᠶ᠎ᠠ ᠶᠢ ᠨᠡᠩ ᠬᠦᠨᠵᠡᠬᠡᠢ ᠲᠠᠨᠢᠭᠤᠯᠵᠠᠢ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号