ᠠᠮᠤᠷ ᠢ ᠬᠠᠮᠠᠭᠠᠯᠠᠬᠤ ᠬᠠᠮᠢᠶᠠᠷᠤᠯᠳᠠ ᠶᠢᠨ ᠬᠠᠤᠯᠢ ᠶᠢᠨ ᠲᠤᠬᠠᠢ
ᠨᠡᠶᠢᠲᠡᠯᠡᠭᠰᠡᠨ ᠴᠠᠭ᠄
2016-08-20
       ᠪᠠᠶᠢᠭᠤᠯᠭ᠎ᠠ ᠶᠢᠨ ᠡᠮᠬᠢ ᠲᠢᠭᠯᠢᠮ᠂ ᠤᠯᠠᠨ ᠨᠡᠶᠢᠳᠡ ᠶᠢᠨ ᠲᠠᠯᠠᠪᠤᠷ ᠤᠨ ᠡᠮᠬᠢ ᠲᠢᠭᠯᠢᠮ᠂ ᠤᠯᠠᠨ ᠨᠡᠶᠢᠳᠡ ᠶᠢᠨ ᠵᠠᠮ ᠬᠠᠷᠢᠯᠴᠠᠭᠠᠨ ᠤ ᠪᠠᠭᠠᠵᠢ ᠶᠢᠨ ᠡᠮᠬᠢ ᠲᠢᠭᠯᠢᠮ᠂ ᠵᠠᠮ ᠬᠠᠷᠢᠯᠴᠠᠭᠠᠨ ᠤ ᠨᠡᠪᠳᠡᠷᠡᠯᠴᠡᠬᠡᠨ ᠤ ᠡᠮᠬᠢ ᠲᠢᠭᠯᠢᠮ ᠢ ᠪᠤᠶᠤ ᠰᠤᠩᠭᠤᠭᠤᠯᠢ ᠶᠢᠨ ᠡᠮᠬᠢ ᠲᠢᠭᠯᠢᠮ ᠢ ᠡᠪᠳᠡᠭᠰᠡᠨ ᠠᠵᠢᠯᠯᠠᠭ᠎ᠠ ᠶᠢ ᠶᠠᠭᠠᠬᠢᠵᠤ ᠰᠢᠳᠬᠡᠬᠦ ᠪᠤᠢ︖ ︽ᠠᠮᠤᠷ ᠢ ᠬᠠᠮᠠᠭᠠᠯᠠᠬᠤ ᠬᠠᠮᠢᠶᠠᠷᠤᠯᠳᠠ ᠶᠢᠨ ᠰᠢᠳᠬᠡᠬᠦ ᠬᠠᠤᠯᠢ︾ ᠶᠢᠨ 23 ᠳ᠋ᠤᠭᠠᠷ ᠵᠤᠷᠪᠤᠰ ᠤᠨ ᠲᠤᠭᠳᠠᠭᠠᠯ ᠢᠶᠠᠷ᠂ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠬᠡ ᠨᠢ ᠪᠠᠶᠢᠪᠠᠯ ᠰᠡᠷᠡᠮᠵᠢᠯᠡᠬᠦᠯᠬᠦ ᠪᠤᠶᠤ 200 ᠲᠦᠬᠦᠷᠢᠭ ᠠᠴᠠ ᠲᠤᠷᠤᠭᠰᠢᠬᠢ ᠵᠤᠭᠤᠰ ᠢᠶᠠᠷ ᠲᠤᠷᠭᠠᠨ᠎ᠠ︔ ᠪᠠᠶᠢᠳᠠᠯ ᠨᠢ ᠬᠦᠨᠳᠦ ᠨᠤᠴᠢᠳᠠᠢ ᠪᠠᠶᠢᠪᠠᠯ᠂ 5 ᠡᠳᠦᠷ ᠠᠴᠠ ᠲᠡᠬᠡᠭᠰᠢ 10 ᠡᠳᠦᠷ ᠠᠴᠠ ᠲᠤᠷᠤᠭᠰᠢ ᠲᠦᠷ ᠬᠤᠷᠢᠬᠤ ᠶᠢᠨ ᠬᠠᠮᠳᠤ 500 ᠲᠦᠬᠦᠷᠢᠭ ᠠᠴᠠ ᠲᠤᠷᠤᠭᠰᠢ ᠲᠤᠷᠭᠠᠵᠤ ᠪᠤᠯᠤᠨ᠎ᠠ᠄ ︵1︶ ᠪᠠᠶᠢᠭᠤᠯᠭ᠎ᠠ᠂ ᠪᠦᠯᠬᠦᠮ ᠨᠢᠬᠡᠴᠡ᠂ ᠠᠵᠤ ᠠᠬᠤᠶᠢᠢᠯᠠᠯ᠂ ᠠᠵᠢᠯ ᠦᠢᠯᠡᠰ ᠤᠨ ᠨᠢᠬᠡᠴᠡ ᠶᠢᠨ ᠡᠮᠬᠢ ᠲᠢᠭᠯᠢᠮ ᠢ ᠰᠠᠮᠠᠭᠤᠷᠠᠭᠤᠯᠵᠤ᠂ ᠠᠵᠢᠯ ᠦᠢᠯᠡᠳᠪᠦᠷᠢᠯᠡᠯ᠂ ᠡᠵᠡᠩᠨᠡᠯᠳᠡ᠂ ᠡᠮᠴᠢᠯᠡᠭᠡ᠂ ᠵᠢᠭᠠᠨ ᠰᠤᠷᠭᠠᠯᠳᠠ᠂ ᠰᠢᠨᠵᠢᠯᠡᠭᠡ ᠰᠤᠳᠤᠯᠤᠯ ᠢ ᠬᠡᠪ ᠤᠨ ᠶᠤᠰᠤᠭᠠᠷ ᠶᠠᠪᠤᠭᠳᠠᠵᠤ ᠴᠢᠳᠠᠬᠤ ᠦᠬᠡᠢ ᠪᠤᠯᠭᠠᠭᠰᠠᠨ ᠪᠤᠯᠪᠠᠴᠤ ᠬᠦᠨᠳᠦ ᠨᠤᠴᠢᠳᠠᠢ ᠬᠤᠬᠢᠷᠠᠯ ᠤᠴᠠᠷᠠᠭᠤᠯᠤᠭᠰᠠᠨ ᠦᠬᠡᠢ︔ ︵2︶ ᠲᠡᠷᠭᠡᠨ ᠦᠷᠳᠡᠭᠡ᠂ ᠭᠠᠷᠠᠮ᠂ ᠤᠡᠭᠭᠤᠴᠠᠨ ᠪᠠᠭᠤᠳᠠᠯ᠂ ᠨᠢᠰᠬᠡᠯ ᠤᠨ ᠪᠠᠭᠤᠳᠠᠯ᠂ ᠲᠡᠯᠬᠡᠬᠦᠷ ᠬᠤᠳᠠᠯᠳᠤᠭ᠎ᠠ᠂ ᠴᠡᠴᠡᠷᠯᠢᠭ᠂ ᠦᠵᠡᠰᠬᠦᠯᠡᠩ ᠤᠨ ᠤᠷᠳᠤᠨ ᠪᠤᠶᠤ ᠪᠤᠰᠤᠳ ᠤᠯᠠᠨ ᠨᠡᠶᠢᠳᠡ ᠶᠢᠨ ᠲᠠᠯᠠᠪᠤᠷ ᠤᠨ ᠡᠮᠬᠢ ᠲᠢᠭᠯᠢᠮ ᠢ ᠰᠠᠮᠠᠭᠤᠷᠠᠭᠤᠯᠤᠭᠰᠠᠨ︔ ︵3︶ ᠨᠡᠶᠢᠳᠡ ᠶᠢᠨ ᠮᠠᠰᠢᠨ ᠲᠡᠷᠬᠡ ᠂ ᠴᠠᠬᠢᠯᠭᠠᠨ ᠲᠡᠷᠬᠡ᠂ ᠭᠠᠯᠳᠤ ᠲᠡᠷᠬᠡ᠂ ᠤᠡᠭᠭᠤᠴᠠ ᠰᠡᠯ᠂ ᠨᠢᠰᠬᠡᠯ ᠪᠤᠶᠤ ᠤᠯᠠᠨ ᠨᠡᠶᠢᠳᠡ ᠶᠢᠨ ᠵᠠᠮ ᠬᠠᠷᠢᠯᠴᠠᠭᠠᠨ ᠤ ᠪᠠᠭᠠᠵᠢ ᠲᠡᠬᠡᠷᠡᠬᠢ ᠡᠮᠬᠢ ᠲᠢᠭᠯᠢᠮ ᠢ ᠡᠪᠳᠡᠭᠰᠡᠨ︔ ︵4︶ ᠮᠠᠰᠢᠨ ᠲᠡᠷᠬᠡ᠂ ᠤᠡᠭᠭᠤᠴᠠ ᠰᠡᠯ᠂ ᠨᠢᠰᠬᠡᠯ ᠵᠢᠴᠢ ᠪᠤᠰᠤᠳ ᠵᠠᠮ ᠬᠠᠷᠢᠯᠴᠠᠭᠠᠨ ᠤ ᠪᠠᠭᠠᠵᠢ ᠶᠢ ᠬᠠᠤᠯᠢ ᠪᠤᠰᠤ ᠪᠠᠷ ᠬᠤᠷᠢᠭᠯᠠᠨ ᠵᠤᠭᠰᠤᠭᠠᠬᠤ ᠪᠤᠶᠤ ᠬᠦᠴᠦᠷᠬᠡᠨ ᠭᠠᠷᠴᠤ᠂ ᠬᠦᠴᠦᠷᠬᠡᠨ ᠰᠠᠭᠤᠵᠤ ᠬᠡᠪ ᠤᠨ ᠠᠶᠠᠯᠠᠯ ᠢ ᠨᠢ ᠨᠦᠯᠦᠬᠡᠯᠡᠭᠰᠡᠨ︔ ︵5︶ ᠬᠠᠤᠯᠢ ᠶᠤᠰᠤᠭᠠᠷ ᠶᠠᠪᠤᠭᠤᠯᠵᠤ ᠪᠦᠬᠦᠢ ᠰᠤᠩᠭᠤᠭᠤᠯᠢ ᠶᠢᠨ ᠡᠮᠬᠢ ᠲᠢᠭᠯᠢᠮ ᠢ ᠡᠪᠳᠡᠭᠰᠡᠨ᠃ ᠤᠯᠠᠨ ᠢ ᠴᠤᠭᠯᠠᠭᠤᠯᠤᠨ ᠲᠡᠬᠡᠷ᠎ᠡ ᠦᠬᠦᠯᠡᠭᠰᠡᠨ ᠠᠵᠢᠯᠯᠠᠭ᠎ᠠ ᠬᠢᠭᠰᠡᠨ ᠪᠠᠶᠢᠪᠠᠯ ᠲᠦᠷᠦᠬᠦᠦ ᠶᠢ ᠨᠢ 10 ᠡᠳᠦᠷ ᠠᠴᠠ ᠲᠡᠬᠡᠭᠰᠢ 15 ᠡᠳᠦᠷ ᠠᠴᠠ ᠲᠤᠷᠤᠭᠰᠢ ᠲᠦᠷ ᠬᠤᠷᠢᠬᠤ ᠶᠢᠨ ᠬᠠᠮᠳᠦ 1000 ᠲᠦᠬᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠠ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号