ᠮᠠᠰᠢᠨ ᠲᠡᠷᠭᠡ ᠶᠢᠨ ᠵᠢᠯᠣᠭᠤᠴᠢ ᠶᠢᠨ ᠦᠨᠡᠮᠯᠡᠯ ᠭᠤᠶᠤᠴᠢᠯᠠᠬᠤ ᠳᠤ ᠲᠤᠰᠢᠶᠠᠬᠤ ᠭᠡᠷᠡᠴᠢ ᠮᠠᠲ᠋ᠧᠷᠢᠶᠠᠯ᠄ | ᠠᠷᠪᠠᠨ ᠨᠠᠶᠢᠮᠠᠳᠤᠭᠠᠷ ᠵᠦᠢᠯ ᠠᠩᠬ᠎ᠠ ᠤᠳᠠᠭ᠎ᠠ ᠮᠠᠰᠢᠨ ᠲᠡᠷᠭᠡ ᠶᠢᠨ ᠵᠢᠯᠣᠭᠤᠴᠢ ᠶᠢᠨ ᠦᠨᠡᠮᠯᠡᠯ ᠭᠤᠶᠣᠴᠢᠯᠠᠬᠤ ᠳᠤ᠂ | ᠭᠤᠶᠣᠴᠢᠯᠠᠯ ᠤᠨ ᠬᠥᠰᠥᠨᠥᠭᠲᠦ ᠲᠠᠭᠯᠠᠬᠤ ᠪᠥᠭᠡᠳ ᠳᠣᠣᠷᠠᠬᠢ ᠭᠡᠷᠡᠴᠢ ᠶᠢ ᠲᠤᠰᠢᠶᠠᠬᠤ ᠬᠡᠷᠡᠭᠲᠡᠢ᠄ ︵ᠨᠢᠭᠡ︶ | ᠭᠤᠶᠤᠴᠢᠯᠠᠭᠴᠢ ᠶᠢᠨ ᠪᠡᠶ᠎ᠡ ᠶᠢᠨ ᠦᠨᠡᠮᠯᠡᠯ︔ ︵ᠬᠤᠶᠠᠷ︶ ᠰᠢᠶᠠᠨ ᠤ ᠱᠠᠲᠤ ᠪᠣᠶᠤ ᠴᠡᠷᠢᠭ ᠠᠩᠭᠢ ᠶᠢᠨ | ᠬᠤᠷᠢᠶᠠᠨ ᠤ ᠱᠠᠲᠤ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠭᠠᠷᠭᠠᠵᠤ ᠥᠭᠭᠦᠭᠰᠡᠨ ᠬᠤᠯᠪᠤᠭᠳᠠᠯ ᠪᠥᠬᠦᠢ | ᠪᠡᠶ᠎ᠡ ᠶᠢᠨ ᠨᠥᠬᠦᠴᠡᠯ ᠤᠨ ᠭᠡᠷᠡᠴᠢ᠃ ᠵᠡᠮᠳᠡᠭᠴᠦᠳ ᠤᠨ ᠲᠤᠰᠬᠠᠢ ᠬᠡᠷᠡᠭᠯᠡᠬᠦ ᠵᠢᠵᠢᠭ ᠬᠡᠯᠪᠡᠷᠢ ᠶᠢᠨ ᠠᠦᠲ᠋ᠤ᠋ | ᠠᠷᠠᠭ᠎ᠠ ᠲᠠᠢ ᠠᠶᠠᠨᠴᠢᠳ ᠠᠴᠢᠬᠤ ᠮᠠᠰᠢᠨ ᠳᠤ ᠬᠠᠷᠢᠶᠠᠯᠠᠭᠳᠠᠪᠠᠯ᠂ ᠮᠤᠵᠢ ᠶᠢᠨ ᠱᠠᠲᠤᠨ ᠤ ᠡᠷᠡᠭᠦᠯ ᠬᠠᠮᠠᠭᠠᠯᠠᠯ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠣᠭᠲᠠᠭᠠᠭᠰᠠᠨ ᠲᠤᠰᠬᠠᠢ ᠡᠮᠴᠢᠯᠡᠭᠡᠨ ᠤ ᠪᠠᠶᠢᠭᠤᠯᠤᠮᠵᠢ ᠭᠠᠷᠭᠠᠵᠤ | ᠥᠭᠭᠦᠭᠰᠡᠨ ᠬᠤᠯᠪᠤᠭᠳᠠᠯ ᠪᠥᠬᠦᠢ ᠪᠡᠶ᠎ᠡ ᠶᠢᠨ ᠨᠥᠬᠦᠴᠡᠯ ᠤᠨ ᠭᠡᠷᠡᠴᠢ ᠶᠢ ᠲᠤᠰᠢᠶᠠᠬᠤ ᠬᠡᠷᠡᠭᠲᠡᠢ᠃ ᠠᠷᠪᠠᠨ | ᠶᠢᠰᠤᠳᠤᠭᠡᠷ ᠵᠦᠢᠯ ᠵᠢᠯᠤᠭᠤᠳᠬᠤ ᠶᠢ ᠵᠦᠪᠰᠢᠶᠡᠷᠡᠬᠦ ᠲᠡᠷᠭᠡᠨ ᠤ ᠬᠡᠯᠪᠡᠷᠢ ᠨᠡᠮᠡᠬᠦ ᠶᠢ ᠭᠤᠶᠣᠴᠢᠯᠠᠬᠤ ᠳᠤ᠂ | ᠭᠤᠶᠤᠴᠢᠯᠠᠯ ᠤᠨ ᠬᠥᠰᠥᠨᠥᠭᠲᠦ ᠲᠠᠭᠯᠠᠬᠤ ᠠᠴᠠ ᠭᠠᠳᠠᠨ᠎ᠠ᠂ ᠠᠷᠪᠠᠨ ᠨᠠᠶᠢᠮᠠᠳᠤᠭᠠᠷ ᠵᠦᠢᠯ ᠳᠤ ᠲᠣᠭᠲᠠᠭᠠᠭᠰᠠᠨ | ᠭᠡᠷᠡᠴᠢ ᠶᠢ ᠲᠤᠰᠢᠶᠠᠬᠤ ᠠᠴᠠ ᠭᠠᠳᠠᠨ᠎ᠠ᠂ ᠠᠪᠴᠤ ᠪᠠᠶᠢᠭ᠎ᠠ ᠮᠠᠰᠢᠨ ᠲᠡᠷᠭᠡ ᠶᠢᠨ ᠵᠢᠯᠣᠭᠤᠴᠢ ᠶᠢᠨ ᠦᠨᠡᠮᠯᠡᠯ ᠢᠶᠠᠨ | ᠲᠤᠰᠢᠶᠠᠬᠤ ᠬᠡᠷᠡᠭᠲᠡᠢ᠃ ᠬᠤᠷᠢᠳᠤᠭᠠᠷ ᠵᠦᠢᠯ ᠴᠡᠷᠢᠭ ᠠᠩᠭᠢ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ | ᠮᠠᠰᠢᠨ ᠲᠡᠷᠭᠡ ᠵᠢᠯᠤᠭᠤᠳᠬᠤ ᠦᠨᠡᠮᠯᠡᠯ ᠲᠠᠢ ᠬᠥᠮᠦᠨ ᠮᠠᠰᠢᠨ ᠲᠡᠷᠭᠡ ᠶᠢᠨ ᠵᠢᠯᠣᠭᠤᠴᠢ ᠶᠢᠨ ᠦᠨᠡᠮᠯᠡᠯ | ᠭᠤᠶᠤᠴᠢᠯᠠᠬᠤ ᠳᠤ᠂ ᠭᠤᠶᠤᠴᠢᠯᠠᠯ ᠤᠨ ᠬᠥᠰᠥᠨᠥᠭᠲᠦ ᠲᠠᠭᠯᠠᠬᠤ ᠶᠢᠨ ᠬᠠᠮᠲᠤ ᠳᠤᠤᠷᠠᠬᠢ ᠭᠡᠷᠡᠴᠢ᠂ ᠪᠠᠷᠢᠮᠲᠠ ᠶᠢ | ᠲᠤᠰᠢᠶᠠᠬᠤ ᠬᠡᠷᠡᠭᠲᠡᠢ᠄ ︵ᠨᠢᠭᠡ︶ ᠭᠤᠶᠤᠴᠢᠯᠠᠭᠴᠢ ᠶᠢᠨ ᠪᠡᠶ᠎ᠡ ᠶᠢᠨ ᠭᠡᠷᠡᠴᠢ᠂ ᠴᠡᠷᠢᠭ ᠠᠴᠠ ᠬᠠᠯᠠᠭᠳᠠᠭᠰᠠᠳ᠂ | ᠴᠡᠷᠢᠭ ᠠᠴᠠ ᠰᠢᠯᠵᠢᠭᠰᠡᠳ᠂ ᠴᠡᠷᠢᠭ ᠠᠴᠠ ᠪᠠᠭᠤᠭᠰᠠᠳ ᠲᠤ ᠬᠠᠷᠢᠶᠠᠯᠠᠭᠳᠠᠪᠠᠯ᠂ ᠴᠡᠷᠢᠭ ᠠᠩᠭᠢ᠂ ᠵᠡᠪᠰᠡᠭᠲᠦ | ᠴᠠᠭᠳᠠᠭ᠎ᠠ ᠶᠢᠨ ᠴᠡᠷᠢᠭ ᠠᠩᠭᠢ ᠶᠢᠨ ᠬᠢᠨᠠᠨ ᠲᠠᠷᠬᠠᠭᠠᠭᠰᠠᠨ ᠴᠡᠷᠢᠭ ᠠᠴᠠ ᠬᠠᠯᠠᠭᠳᠠᠭᠰᠠᠨ᠂ ᠴᠡᠷᠢᠭ ᠠᠴᠠ | ᠰᠢᠯᠵᠢᠭᠰᠡᠨ᠂ ᠴᠡᠷᠢᠭ ᠠᠴᠠ ᠪᠠᠭᠤᠭᠰᠠᠨ ᠭᠡᠷᠡᠴᠢ ᠶᠢ ᠲᠤᠰᠢᠶᠠᠬᠤ ᠬᠡᠷᠡᠭᠲᠡᠢ᠃ ︵ᠬᠤᠶᠠᠷ︶ ᠰᠢᠶᠠᠨ ᠤ ᠱᠠᠲᠤ ᠪᠣᠶᠤ | ᠴᠡᠷᠢᠭ ᠠᠩᠭᠢ ᠶᠢᠨ ᠬᠤᠷᠢᠶᠠᠨ ᠤ ᠱᠠᠲᠤ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠭᠠᠷᠭᠠᠵᠤ ᠥᠭᠭᠦᠭᠰᠡᠨ | ᠬᠤᠯᠪᠤᠭᠳᠠᠯ ᠪᠥᠬᠦᠢ ᠪᠡᠶ᠎ᠡ ᠶᠢᠨ ᠨᠥᠬᠦᠴᠡᠯ ᠤᠨ ᠭᠡᠷᠡᠴᠢ ᠪᠠᠶᠢᠬᠤ︔ ︵ᠭᠤᠷᠪᠡ︶ ᠴᠡᠷᠢᠭ ᠠᠩᠭᠢ᠂ ᠵᠡᠪᠰᠡᠭᠲᠦ | ᠴᠠᠭᠳᠠᠭ᠎ᠠ ᠶᠢᠨ ᠴᠡᠷᠢᠭ ᠠᠩᠭᠢ ᠶᠢᠨ ᠮᠠᠰᠢᠨ ᠲᠡᠷᠭᠡ ᠶᠢᠨ ᠵᠢᠯᠣᠭᠤᠴᠢ ᠶᠢᠨ ᠦᠨᠡᠮᠯᠡᠯ ᠪᠠᠶᠢᠬᠤ᠃ ᠬᠤᠷᠢᠨ ᠨᠢᠭᠡᠳᠦᠭᠡᠷ | ᠵᠦᠢᠯ ᠬᠢᠯᠢ ᠶᠢᠨ ᠭᠠᠳᠠᠨᠠᠬᠢ ᠮᠠᠰᠢᠨ ᠲᠡᠷᠭᠡ ᠶᠢᠨ ᠵᠢᠯᠣᠭᠤᠴᠢ ᠶᠢᠨ ᠦᠨᠡᠮᠯᠡᠯ ᠪᠠᠶᠢᠬᠤ ᠬᠥᠮᠦᠨ ᠮᠠᠰᠢᠨ ᠲᠡᠷᠭᠡ ᠶᠢᠨ | ᠵᠢᠯᠣᠭᠤᠴᠢ ᠶᠢᠨ ᠦᠨᠡᠮᠯᠡᠯ ᠭᠤᠶᠤᠴᠢᠯᠠᠬᠤ ᠳᠤ᠂ ᠭᠤᠶᠤᠴᠢᠯᠠᠯ ᠤᠨ ᠬᠥᠰᠥᠨᠥᠭᠲᠦ ᠲᠠᠭᠯᠠᠬᠤ ᠶᠢᠨ ᠬᠠᠮᠲᠤ ᠳᠤᠤᠷᠠᠬᠢ | ᠭᠡᠷᠡᠴᠢ᠂ ᠪᠠᠷᠢᠮᠲᠠ ᠶᠢ ᠲᠤᠰᠢᠶᠠᠬᠤ ᠬᠡᠷᠡᠭᠲᠡᠢ᠄ ︵ᠨᠢᠭᠡ︶ ᠭᠤᠶᠤᠴᠢᠯᠠᠭᠴᠢ ᠶᠢᠨ ᠪᠡᠶ᠎ᠡ ᠶᠢᠨ ᠭᠡᠷᠡᠴᠢ ᠪᠠᠶᠢᠬᠤ︔ ︵ | ᠬᠤᠶᠠᠷ︶ ᠰᠢᠶᠠᠨ ᠤ ᠱᠠᠲᠤ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠭᠠᠷᠭᠠᠵᠤ ᠥᠭᠭᠦᠭᠰᠡᠨ ᠬᠤᠯᠪᠤᠭᠳᠠᠯ | ᠪᠥᠬᠦᠢ ᠪᠡᠶ᠎ᠡ ᠶᠢᠨ ᠨᠥᠬᠦᠴᠡᠯ ᠤᠨ ᠭᠡᠷᠡᠴᠢ ᠪᠠᠶᠢᠬᠤ᠃ ᠭᠠᠳᠠᠭᠠᠳᠤ ᠤᠯᠤᠰ ᠤᠨ ᠳᠤᠮᠳᠠᠲᠤ ᠳᠤ ᠰᠠᠭᠤᠭ᠎ᠠ ᠡᠯᠴᠢᠨ | ᠰᠠᠶᠢᠳ ᠤᠨ ᠭᠠᠵᠠᠷ᠂ ᠺᠤᠨᠰᠦ᠋ᠯ ᠤᠨ ᠭᠠᠵᠠᠷ ᠤᠨ ᠠᠵᠢᠯᠲᠠᠨ ᠪᠣᠯᠣᠨ ᠣᠯᠠᠨ ᠤᠯᠤᠰ ᠤᠨ ᠵᠣᠬᠢᠶᠠᠨ | ᠪᠠᠶᠢᠭᠤᠯᠤᠯᠲᠠ ᠶᠢᠨ ᠳᠤᠮᠳᠠᠲᠤ ᠳᠤ ᠰᠠᠭᠤᠭ᠎ᠠ ᠲᠥᠯᠦᠭᠡᠯᠡᠬᠦ ᠪᠠᠶᠢᠭᠤᠯᠤᠮᠵᠢ ᠶᠢᠨ ᠠᠵᠢᠯᠲᠠᠨ ᠭᠤᠶᠤᠴᠢᠯᠠᠭᠰᠠᠨ ᠳᠤ | ᠬᠠᠷᠢᠶᠠᠯᠠᠭᠳᠠᠪᠠᠯ᠂ ᠭᠠᠳᠠᠭᠠᠳᠤ ᠬᠠᠷᠢᠯᠴᠠᠭᠠᠨ ᠤ ᠡᠷᠬᠡ ᠲᠡᠭᠰᠢ ᠵᠠᠷᠴᠢᠮ ᠶᠣᠰᠤᠭᠠᠷ ᠭᠦᠢᠴᠡᠳᠬᠡᠨ᠎ᠡ︔ ︵ᠭᠤᠷᠪᠡ︶ | ᠭᠠᠷᠳᠠᠵᠤ ᠪᠠᠶᠢᠭ᠎ᠠ ᠮᠠᠰᠢᠨ ᠲᠡᠷᠭᠡ ᠶᠢᠨ ᠵᠢᠯᠣᠭᠤᠴᠢ ᠶᠢᠨ ᠦᠨᠡᠮᠯᠡᠯ᠃ ᠬᠢᠲᠠᠳ ᠪᠢᠴᠢᠭ ᠤᠨ ᠪᠣᠰᠤ | ᠲᠣᠭᠠᠴᠢᠭᠰᠠᠨ ᠳᠤ ᠬᠠᠷᠢᠶᠠᠯᠠᠭᠳᠠᠪᠠᠯ᠂ ᠬᠢᠲᠠᠳ ᠪᠢᠴᠢᠭ ᠤᠨ ᠣᠷᠴᠢᠭᠤᠯᠭ᠎ᠠ ᠶᠢᠨ ᠪᠢᠴᠢᠭ ᠮᠠᠲ᠋ᠧᠷᠢᠶᠠᠯ ᠭᠠᠷᠭᠠᠬᠤ | ᠬᠡᠷᠡᠭᠲᠡᠢ᠃ | | |