2016 ᠣᠨ ᠤ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠵᠢᠯ ᠤᠨ ᠢᠯᠡᠳᠭᠡᠯ
ᠨᠡᠶᠢᠲᠡᠯᠡᠭᠰᠡᠨ ᠴᠠᠭ᠄
2016/8/22
        — 2016᠎ ᠤᠨ ᠤ 1 ᠰᠠᠷ᠎ᠠ ᠶᠢᠨ 23᠎ ᠤ ᠡᠳᠥᠷ ᠤᠨ ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠬᠡᠷ ᠬᠤᠷᠠᠯ ᠲᠡᠭᠡᠷ᠎ᠡ ᠥᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠠᠭᠠᠳᠤᠷ ᠲᠦᠯᠦᠭᠡᠯᠡᠭᠴᠢᠳ ᠡ᠄ ᠣᠳᠣ᠂ ᠪᠢ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠤᠨ ᠤ ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠦᠭᠵᠢᠯᠳᠡ ᠶᠢᠨ ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠵᠢᠭᠦᠯᠭᠡ ᠶᠢᠨ ᠬᠦᠳᠦᠯᠪᠦᠷᠢ ︵ᠲᠦᠰᠦᠯ︶︾᠎ ᠶᠢ ᠬᠠᠮᠲᠤ ᠳᠤᠨᠢ ᠬᠢᠨᠠᠨ ᠵᠦᠪᠯᠡᠬᠦ ᠪᠣᠯᠪᠠᠤ᠂ ᠲᠡᠷᠡᠴᠢᠯᠡᠨ ᠦᠪᠡᠷᠳᠡᠭᠡᠨ ᠵᠠᠰᠠᠬᠤ ᠣᠷᠤᠨ ᠤ ᠤᠯᠤᠰ ᠲᠥᠷᠦ ᠶᠢᠨ ᠵᠦᠪᠯᠡᠯᠭᠡᠨ ᠤ ᠭᠡᠰᠢᠭᠦᠨ ᠪᠣᠯᠣᠨ ᠬᠤᠷᠠᠯ ᠳᠤ ᠰᠤᠯᠠ ᠣᠷᠤᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃ ᠨᠢᠭᠡ᠂ ︽12 · 5︾᠎ ᠶᠢᠨ ᠲᠦᠯᠦᠪᠵᠢᠭᠦᠯᠭᠡ ᠶᠢᠨ ᠬᠤᠭᠤᠴᠠᠭ᠎ᠠ ᠪᠤᠯᠤᠨ 2015 ᠣᠨ ᠤ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠡᠷᠭᠢᠴᠡᠭᠦᠯᠣᠯ ︽12 · 5︾᠎ ᠶᠢᠨ ᠲᠦᠯᠦᠪᠵᠢᠭᠦᠯᠭᠡ ᠶᠢᠨ ᠬᠤᠭᠤᠴᠠᠭ᠎ᠠ ᠪᠣᠯ ᠮᠠᠨ ᠤ ᠤᠷᠤᠨ ᠤ ᠬᠦᠭᠵᠢᠯᠳᠡ ᠶᠢᠨ ᠶᠠᠪᠤᠴᠠ ᠲᠠᠬᠢ ᠪᠡᠯᠭᠡ ᠲᠡᠮᠳᠡᠭ ᠤᠨ ᠠᠴᠢ ᠬᠤᠯᠪᠣᠭᠳᠠᠯ ᠲᠠᠢ ᠬᠤᠭᠤᠴᠠᠭ᠎ᠠ ᠪᠣᠯᠤᠨ᠎ᠠ᠃ ᠲᠠᠪᠣᠨ ᠵᠢᠯ ᠤᠨ ᠲᠤᠷᠰᠢ᠂ ᠢᠯᠠᠩᠭᠤᠶ᠎ᠠ ᠨᠠᠮ ᠤᠨ ᠠᠷᠪᠠᠨ ᠨᠠᠶᠢᠮᠠᠳᠤᠭᠠᠷ ᠶᠡᠭᠡ ᠬᠤᠷᠠᠯ ᠠᠴᠠ ᠨᠠᠰᠢ᠂ ᠪᠣᠳᠤᠯᠢᠶᠠᠨᠲᠠᠢ ᠪᠦᠭᠡᠳ ᠬᠠᠳᠠᠭᠤ ᠴᠢᠩᠭ᠎ᠠ ᠠᠵᠤ ᠠᠬᠤᠢ ᠶᠢᠨ ᠪᠠᠶᠢᠳᠠᠯ ᠪᠣᠯᠣᠨ ᠬᠠᠲᠠᠭᠤ ᠪᠡᠷᠬᠡᠰᠢᠶᠡᠯᠲᠠᠢ ᠦᠭᠡᠷᠡᠴᠢᠯᠡᠯᠳᠡ ᠬᠦᠭᠵᠢᠯᠳᠡ ᠢ ᠲᠣᠭᠲᠠᠭᠤᠨ ᠪᠠᠶᠢᠯᠭᠠᠬᠤ ᠡᠭᠦᠷᠭᠡ ᠤᠨ ᠡᠮᠦᠨ᠎ᠠ᠂ ᠨᠠᠮ ᠤᠨ ᠲᠥᠪ ᠬᠤᠷᠢᠶ᠎ᠠ᠂ ᠲᠥᠷᠦ ᠶᠢᠨ ᠶᠠᠪᠤᠳᠠᠯ ᠤᠨ ᠬᠤᠷᠢᠶ᠎ᠠ ᠪᠣᠯᠣᠨ ᠦᠪᠡᠷᠳᠡᠭᠡᠨ ᠵᠠᠰᠠᠬᠤ ᠣᠷᠤᠨ ᠤ ᠨᠠᠮ ᠤᠨ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ ᠳᠣᠣᠷ᠎ᠠ᠂ ᠦᠪᠡᠷᠳᠡᠭᠡᠨ ᠵᠠᠰᠠᠬᠤ ᠣᠷᠤᠨ ᠤ ᠵᠠᠰᠠᠭ ᠤᠨ ᠣᠷᠳᠤᠨ ᠪᠦᠬᠦ ᠣᠷᠤᠨ ᠤ ᠦᠨᠳᠦᠰᠦᠳᠡᠨ ᠨᠦᠭᠦᠳ ᠤᠨ ᠺᠠᠳ᠋ᠷ ᠣᠯᠠᠨ ᠲᠦᠮᠡᠨ ᠳᠤ ᠪᠠᠳᠤ ᠲᠥᠰᠢᠭᠯᠡᠵᠦ ᠂ ᠨᠠᠮ ᠤᠨ ᠠᠷᠪᠠᠨ ᠨᠠᠶᠢᠮᠠᠳᠤᠭᠠᠷ ᠶᠡᠭᠡ ᠬᠤᠷᠠᠯ ᠪᠣᠯᠤᠨ ᠠᠷᠪᠠᠨ ᠨᠠᠶᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ᠂ ᠲᠦᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠤᠭᠤᠳ ᠪᠣᠯᠤᠨ ᠦᠪᠦᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠪᠡᠷᠳᠡᠭᠡᠨ ᠵᠠᠰᠠᠬᠤ ᠣᠷᠤᠨ ᠤ ᠨᠠᠮ ᠤᠨ ᠬᠤᠷᠢᠶ᠎ᠠ ᠶᠢᠨ ︽8337︾ ᠬᠦᠭᠵᠢᠯᠳᠡ ᠶᠢᠨ ᠰᠡᠳᠬᠢᠮᠵᠢ ᠪᠣᠯᠤᠨ ᠡᠯ᠎ᠡ ᠵᠦᠢᠯ ᠤᠨ ᠰᠢᠢᠳᠪᠦᠷᠢᠲᠦ ᠪᠣᠳᠤᠯᠭ᠎ᠠ ᠪᠠᠶᠢᠷᠢᠯᠠᠭᠤᠯᠤᠯᠳᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠲᠠᠪᠤ ᠢ ᠨᠢᠭᠡ ᠴᠤᠬᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠳᠠ ᠪᠣᠯᠤᠨ ︽ᠲᠦᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠣᠳᠤᠯᠭ᠎ᠠ ᠶᠢᠨ ᠪᠠᠶᠢᠷᠢᠰᠢᠭᠤᠯᠤᠯᠳᠠ ᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠡᠬᠡ ᠤᠯᠤᠰ ᠤᠨ ᠤᠮᠠᠷᠠᠳᠤ ᠶᠢᠨ ᠦᠵᠡᠮᠵᠢ ᠶᠢᠨ ᠣᠷᠤᠨ ᠢ ᠨᠡᠩ ᠦᠵᠡᠰᠭᠦᠯᠡᠩᠳᠤ ᠰᠠᠶᠢᠬᠠᠨ ᠪᠣᠯᠭᠠᠨ ᠪᠦᠳᠦᠭᠡᠨ ᠪᠠᠶᠢᠭᠤᠯᠬᠤ ᠶᠢᠨ ᠲᠣᠭᠤᠷᠢᠨ ᠳᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ᠂ ᠪᠦᠯᠬᠦᠮᠳᠡᠨ ᠲᠡᠮᠡᠴᠡᠵᠤ᠂ ᠪᠦᠬᠦ ᠣᠷᠤᠨ ᠤ ᠶᠡᠷᠦᠩᠬᠡᠶᠢᠯᠡᠭᠰᠡᠨ ᠠᠵᠤ ᠠᠬᠤᠢ ᠶᠢᠨ ᠪᠣᠳᠠᠳᠤ ᠬᠦᠴᠦᠨ᠂ ᠠᠵᠤ ᠦᠢᠯᠡᠰ ᠤᠨ ᠬᠦᠭᠵᠢᠯᠳᠡ ᠶᠢᠨ ᠲᠡᠰ ᠳᠠᠪᠬᠤᠷᠭ᠎ᠠ᠂ ᠬᠤᠲᠠ ᠬᠥᠳᠡᠭᠡ ᠶᠢᠨ ᠬᠦᠭᠵᠢᠯᠳᠡ ᠶᠢᠨ ᠪᠠᠶᠢᠳᠠᠯ ᠳᠦᠷᠰᠦ᠂ ᠣᠷᠤᠨ ᠪᠦᠰᠡ ᠶᠢᠨ ᠵᠣᠬᠢᠴᠠᠩᠭᠤᠢ ᠬᠦᠭᠵᠢᠯᠳᠡ ᠶᠢᠨ ᠬᠢᠷᠢ ᠬᠡᠮᠵᠢᠶ᠎ᠡ᠂ ᠬᠦᠭᠵᠢᠯᠳᠡ ᠶᠢᠨ ᠪᠠᠲᠤᠯᠠᠭ᠎ᠠ ᠶᠢᠨ ᠴᠢᠳᠠᠪᠤᠷᠢ ᠶᠢ ᠠᠬᠢᠭᠤᠯᠬᠤ ᠪᠠ ᠠᠷᠠᠳ ᠤᠨ ᠠᠮᠢᠳᠤᠷᠠᠯ ᠤᠨ ᠬᠢᠷᠢ ᠲᠥᠪᠰᠢᠨ ᠴᠦᠮ ᠨᠢᠭᠡᠨ ᠰᠢᠨ᠎ᠡ ᠱᠠᠳᠤᠨ ᠳᠤ ᠬᠦᠷᠴᠦ᠂ ᠥᠭᠡᠷᠡᠴᠢᠯᠡᠯᠳᠡ ᠨᠡᠭᠡᠭᠡᠯᠳᠡ᠂ ᠨᠡᠶᠢᠭᠡᠮ ᠤᠨ ᠠᠵᠢᠯ ᠦᠢᠯᠡᠰ᠂ ᠡᠶ᠎ᠡ ᠵᠣᠬᠢᠴᠠᠩᠭᠤᠢ ᠥᠪᠦᠷ ᠮᠣᠩᠭᠤᠯ ᠵᠢᠴᠢ ᠵᠠᠰᠠᠭ ᠤᠨ ᠣᠷᠳᠤᠨ ᠤ ᠲᠤᠰ ᠪᠡᠶ᠎ᠡ ᠶᠢᠨ ᠪᠠᠶᠢᠭᠤᠯᠤᠯᠳᠠ ᠪᠦᠬᠦ ᠲᠠᠯ᠎ᠠ ᠪᠠᠷ ᠴᠢᠩᠭᠠᠷᠠᠵᠤ᠂ ᠮᠠᠨ ᠤ ᠣᠷᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠴᠣ ᠰᠢᠨ᠎ᠡ ᠪᠠᠶᠢᠳᠠᠯ ᠢ ᠨᠡᠭᠡᠭᠡᠪᠡ᠃        — ᠶᠡᠷᠦᠩᠬᠡᠶᠢᠯᠡᠭᠰᠡᠨ ᠠᠵᠤ ᠠᠬᠤᠢ ᠶᠢᠨ ᠪᠣᠳᠠᠳᠤ ᠬᠦᠴᠦᠨ ᠢᠯᠡᠳᠳᠡ ᠴᠢᠩᠭᠠᠷᠠᠪᠡ᠃ ᠣᠷᠤᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠲᠡᠭ 2010 ᠣᠨ ᠤ 1.17 ᠲᠦᠮᠡᠨ ᠳ᠋ᠦᠩᠰᠢᠭᠤᠷ ᠲᠦᠭᠦᠷᠢᠭ ᠠᠴᠠ ᠪᠠᠨ 2015 ᠣᠨ ᠪᠣᠯᠬᠤ ᠳᠤ 1.8 ᠲᠦᠮᠡᠨ ᠳ᠋ᠦᠩᠰᠢᠭᠤᠷ ᠲᠦᠭᠦᠷᠢᠭ ᠪᠣᠯᠵᠤ᠂ ᠵᠢᠯ ᠪᠦᠷᠢ ᠳᠤᠮᠳᠠᠴᠢ ᠪᠠᠷ 10%᠎ ᠢᠶᠠᠷ ᠨᠡᠮᠡᠭᠳᠡᠪᠡ︔ ᠬᠦᠮᠦᠨ ᠪᠦᠷᠢ ᠶᠢᠨ ᠳᠤᠮᠳᠠᠴᠢ ᠦᠢᠯᠡᠳᠪᠦᠷᠢᠯᠡᠯ ᠤᠨ ᠶᠡᠷᠦᠩᠬᠡᠢ ᠦᠷᠲᠡᠭ 7070 ᠳ᠋ᠣᠯᠯᠠᠷ ᠠᠴᠠ ᠪᠠᠨ 1.15 ᠲᠦᠮᠡᠨ ᠳ᠋ᠤᠯᠯᠠᠷ ᠪᠣᠯᠵᠤ᠂ ᠪᠦᠬᠦ ᠤᠯᠤᠰ ᠤᠨ ᠡᠮᠦᠨ᠎ᠡ ᠡᠩᠨᠡᠬᠡᠨ ᠳᠤ ᠣᠷᠤᠪᠠ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠤᠯᠭ᠎ᠠ 1070 ᠳ᠋ᠦᠩᠰᠢᠭᠤᠷ ᠲᠦᠭᠦᠷᠢᠭ ᠠᠴᠠ ᠪᠠᠨ 1963.5 ᠳ᠋ᠦᠩᠰᠢᠭᠤᠷ ᠲᠦᠭᠦᠷᠢᠭ ᠪᠣᠯᠵᠤ᠂ ᠵᠢᠯ ᠪᠦᠷᠢ ᠳᠤᠮᠳᠠᠴᠢ ᠪᠠᠷ 12.9%᠎ ᠢᠶᠠᠷ ᠨᠡᠮᠡᠭᠳᠡᠪᠡ᠃ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 2273.5 ᠳ᠋ᠦᠩᠰᠢᠭᠤᠷ ᠲᠦᠭᠦᠷᠢᠭ ᠠᠴᠠ ᠪᠠᠨ 4352 ᠳ᠋ᠦᠩᠰᠢᠭᠤᠷ ᠲᠦᠭᠦᠷᠢᠭ ᠪᠣᠯᠵᠤ᠂ ᠵᠢᠯ ᠪᠦᠷᠢ ᠳᠤᠮᠳᠠᠴᠢ ᠪᠠᠷ 13.9 %᠎ ᠢᠶᠠᠷ ᠨᠡᠮᠡᠭᠳᠡᠪᠡ᠃ ᠲᠣᠭᠲᠠᠮᠠᠯ ᠬᠦᠷᠦᠩᠭᠡ ᠶᠢᠨ ᠪᠡᠯᠡ ᠣᠷᠤᠭᠤᠯᠤᠯᠳᠠ ᠶᠢ ᠨᠡᠶᠢᠳᠡ 5.2 ᠲᠦᠮᠡᠨ ᠳ᠋ᠦᠩᠰᠢᠭᠤᠷ ᠲᠦᠭᠦᠷᠢᠭ ᠲᠤ ᠬᠦᠷᠬᠡᠵᠤ᠂ ︽11 · 5︾᠎ ᠶᠢᠨ ᠲᠦᠯᠦᠪᠵᠢᠭᠦᠯᠭᠡ ᠶᠢᠨ ᠬᠤᠭᠤᠴᠠᠭᠠᠨ ᠤ 2.6 ᠳᠠᠬᠢᠨ ᠪᠣᠯᠵᠤ᠂ ᠵᠢᠯ ᠪᠦᠷᠢ ᠳᠤᠮᠳᠠᠴᠢ ᠪᠠᠷ 18%᠎ ᠢᠶᠠᠷ ᠨᠡᠮᠡᠭᠳᠡᠪᠡ᠃ ᠠᠵᠤ ᠠᠬᠤᠢ ᠮᠠᠭᠤᠳᠠᠬᠤ ᠲᠠᠷᠤᠭᠠᠰᠤ ᠦᠷᠭᠦᠯᠵᠢᠯᠡᠨ ᠶᠡᠬᠡᠳᠴᠤ ᠪᠠᠶᠢᠭ᠎ᠠ ᠪᠠᠶᠢᠳᠠᠯ ᠳᠣᠣᠷ᠎ᠠ ᠰᠢᠨ᠎ᠠ ᠢ ᠡᠭᠦᠳᠴᠤ ᠲᠣᠬᠢᠷᠠᠭᠤᠯᠭ᠎ᠠ ᠡᠵᠡᠮᠰᠢᠯ ᠤᠨ ᠠᠷᠭ᠎ᠠ ᠠᠪᠴᠠᠯ ᠢᠶᠠᠷ ᠠᠵᠤ ᠠᠬᠤᠢ ᠶᠢᠨ ᠨᠡᠮᠡᠭᠳᠡᠯ ᠢ ᠲᠣᠭᠲᠠᠪᠤᠷᠢᠵᠢᠭᠤᠯᠵᠤ᠂ ᠰᠢᠨ᠎ᠡ ᠬᠡᠪ ᠪᠠᠶᠢᠳᠠᠯ ᠳᠣᠣᠷᠠᠬᠢ ᠰᠢᠨ᠎ᠡ ᠬᠦᠭᠵᠢᠯᠳᠡ ᠶᠢ ᠪᠡᠶᠡᠯᠡᠭᠦᠯᠪᠡ᠃       — ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦᠯᠭᠦ ᠠᠬᠢᠴᠠ ᠢᠯᠡᠳᠳᠡ ᠲᠥᠷᠭᠡᠳᠪᠠ᠃ ᠲᠠᠪᠣᠨ ᠶᠡᠭᠡ ᠰᠠᠭᠤᠷᠢᠨ ᠤ ᠪᠦᠳᠦᠭᠡᠨ ᠪᠠᠶᠢᠭᠤᠯᠤᠯᠳᠠ ᠴᠢᠬᠤᠯᠠ ᠠᠬᠢᠴᠠ ᠲᠠᠢ ᠪᠣᠯᠵᠤ᠂ ᠭᠤᠷᠪᠠᠨ ᠠᠵᠤ ᠦᠢᠯᠡᠰ ᠤᠨ ᠪᠦᠲᠦᠴᠡ 9.4᠄ 54.5᠄ 36.1᠎ ᠠᠴᠠ ᠪᠠᠨ 9᠄ 51᠄ 40 ᠪᠣᠯᠵᠤ᠂ ᠣᠯᠠᠨ ᠡᠰᠢᠳᠤ ᠬᠦᠭᠵᠢᠯᠲᠡ᠂ ᠣᠯᠠᠨ ᠲᠦᠢᠯᠲᠤ ᠲᠤᠯᠭᠠᠭᠤᠷᠢᠯᠠᠯ ᠤᠨ ᠠᠵᠤ ᠦᠢᠯᠡᠰ ᠤᠨ ᠪᠦᠷᠢᠯᠳᠤᠴᠠ ᠢ ᠠᠩᠬ᠎ᠠ ᠠᠯᠬᠤᠮ ᠪᠣᠢ ᠪᠣᠯᠭᠠᠪᠠ᠃ ᠲᠠᠷᠢᠶᠠᠯᠠᠩ ᠮᠠᠯ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠠᠰᠢᠭ ᠣᠷᠤᠯᠭ᠎ᠠ ᠶᠢ ᠨᠡᠮᠡᠭᠳᠡᠭᠦᠯᠵᠦ᠂ ᠠᠮᠤ ᠪᠤᠳᠠᠭ᠎ᠠ ᠶᠢᠨ ᠤᠨᠠᠯᠳᠠ 431.6 ᠳ᠋ᠦᠩᠰᠢᠭᠤᠷ ᠵᠢᠩ ᠠᠴᠠ ᠪᠠᠨ 565.4 ᠳ᠋ᠦᠩᠰᠢᠭᠤᠷ ᠵᠢᠩ ᠬᠦᠷᠳᠡᠯ᠎ᠠ ᠨᠡᠮᠡᠭᠳᠡᠵᠤ᠂ ᠮᠠᠯ ᠤᠨ ᠲᠤᠭ᠎ᠠ ᠲᠣᠯᠤᠭᠠᠢ 1.08 ᠳ᠋ᠦᠩᠰᠢᠭᠤᠷ ᠠᠴᠠ ᠪᠠᠨ ᠨᠡᠮᠡᠭᠳᠡᠭᠡᠳ 1.36 ᠳ᠋ᠦᠩᠰᠢᠭᠤᠷ ᠪᠣᠯᠵᠤ᠂ ᠦᠨᠢᠶᠡᠨ ᠰᠦ᠂ ᠬᠤᠨᠢᠨ ᠮᠢᠬ᠎ᠠ ᠶᠢᠨ ᠭᠠᠷᠤᠯᠳᠠ ᠪᠦᠬᠦ ᠤᠯᠤᠰ ᠤᠨ ᠲᠡᠷᠢᠭᠦᠨ ᠳᠤ ᠣᠷᠤᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠢ ᠡᠳ᠋ᠰᠢᠭᠦᠯᠵᠤ ᠪᠤᠯᠪᠠᠰᠤᠷᠠᠭᠤᠯᠬᠤ ᠨᠣᠷᠮ᠎ᠠ 51%᠎ ᠠᠴᠠ ᠪᠠᠨ ᠳᠡᠭᠡᠭᠰᠢᠯᠡᠭᠡᠳ 58% ᠪᠣᠯᠪᠠ᠃ ᠠᠵᠤ ᠦᠢᠯᠡᠳᠪᠦᠷᠢ ᠠᠭᠤᠷᠬᠠᠢ ᠶᠢᠨ ᠦᠢᠯᠡᠰ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠵᠤ᠂ ︽ᠨᠡᠭᠦᠷᠡᠰᠦ ᠪᠠᠷ ᠭᠤᠣᠯᠯᠠᠭᠤᠯᠵᠤ ᠪᠠᠶᠢᠭᠰᠠᠨ︾᠎ ᠢ ᠠᠵᠤ ᠦᠢᠯᠡᠰ ᠤᠨ ᠣᠯᠠᠨ ᠡᠰᠢᠵᠢᠯ ᠲᠡᠰᠢ ᠬᠤᠪᠢᠷᠠᠭᠤᠯᠵᠤ᠂ ᠠᠵᠤ ᠦᠢᠯᠡᠳᠪᠦᠷᠢ ᠶᠢᠨ ᠨᠡᠮᠡᠭᠳᠡᠯ ᠳᠤ ᠨᠡᠭᠦᠷᠡᠰᠦ ᠶᠢᠨ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 33. 5%᠎ ᠠᠴᠠ ᠪᠠᠨ 11.3% ᠪᠣᠯᠵᠤ ᠪᠠᠭᠤᠷᠠᠪᠡ᠂ ᠲᠣᠨᠤᠭ ᠲᠦᠬᠦᠭᠡᠷᠦᠮᠵᠢ ᠦᠢᠯᠡᠳᠬᠦ᠂ ᠳᠡᠭᠡᠳᠤ ᠰᠢᠨ᠎ᠡ ᠮᠡᠷᠭᠡᠵᠢᠯ ᠂ ᠦᠩᠭᠡᠳᠤ ᠲᠡᠮᠦᠷᠯᠢᠭ ᠪᠣᠯᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠢ ᠡᠳ᠋ᠰᠢᠭᠦᠯᠬᠦ ᠦᠢᠯᠡᠰ ᠤᠨ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 31.7%᠎ ᠠᠴᠠ ᠪᠠᠨ ᠲᠡᠭᠡᠭᠰᠢᠯᠡᠭᠡᠳ 49% ᠪᠣᠯᠪᠠ᠃ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ 6458 ᠲᠦᠮᠡᠨ ᠺᠢᠯᠤᠸᠠᠲ ᠠᠴᠠ ᠪᠠᠨ 1 ᠳ᠋ᠦᠩᠰᠢᠭᠤᠷ ᠺᠢᠯᠤᠸᠠᠲ ᠪᠣᠯᠵᠤ ᠨᠡᠮᠡᠭᠳᠡᠨ᠂ ᠰᠠᠯᠬᠢᠨ ᠬᠦᠴᠦᠨ ᠤ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ 968 ᠲᠦᠮᠡᠨ ᠺᠢᠯᠤᠸᠠᠲ ᠠᠴᠠ ᠪᠠᠨ 2316 ᠲᠦᠮᠡᠨ ᠺᠢᠯᠤᠸᠠᠲ ᠪᠣᠯᠵᠤ ᠨᠡᠮᠡᠭᠳᠡᠨ᠂ ᠲᠤᠰ ᠲᠤᠰ ᠪᠦᠬᠦ ᠤᠯᠤᠰ ᠤᠨ ᠲᠠᠷᠢᠭᠦᠨ ᠳᠤ ᠣᠷᠤᠪᠠ᠃ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠬᠤᠪᠤᠷ ᠰᠢᠷᠤᠢ ᠶᠢᠨ ᠰᠢᠨ᠎ᠡ ᠮᠠᠲ᠋ᠧᠷᠢᠶᠡᠯ᠂ ᠡᠭᠦᠯᠡᠨ ᠪᠣᠳᠤᠯᠳᠠ ᠵᠡᠷᠭᠡ ᠠᠵᠤ ᠦᠢᠯᠡᠰ ᠤᠨ ᠬᠡᠪᠴᠢᠶᠡᠵᠢᠯ ᠪᠦᠬᠦ ᠤᠯᠤᠰ ᠤᠨ ᠲᠠᠷᠢᠭᠦᠨ ᠳᠤ ᠣᠷᠤᠪᠠ᠃ ᠦᠢᠯᠡᠴᠢᠯᠡᠭᠡᠨ ᠤ ᠦᠢᠯᠡᠰ ᠤᠨ ᠬᠠᠷᠢᠴᠡᠯ ᠢᠯᠡᠳᠲᠡ ᠳᠡᠭᠡᠭᠰᠢᠯᠡᠵᠦ᠂ ᠣᠳᠤ ᠦᠶ᠎ᠡ ᠶᠢᠨ ᠪᠠᠷᠠᠭᠠᠨ ᠤ ᠭᠦᠢᠯᠭᠡᠭᠡ᠂ ᠰᠣᠶᠣᠯ ᠵᠤᠭᠠᠴᠠᠯ᠂ ᠮᠦᠩᠭᠦᠨ ᠭᠦᠢᠯᠭᠡᠭᠡᠨ ᠳᠠᠭᠠᠳᠬᠠᠯ᠂ ᠡᠯᠧᠺᠳ᠋ᠷᠤᠨ ᠬᠤᠳᠠᠯᠳᠤᠭ᠎ᠠ ᠵᠡᠷᠭᠡ ᠦᠷᠨᠢᠩᠭᠦᠢ ᠬᠦᠭᠵᠢᠪᠡ᠃ ᠨᠡᠶᠢᠲᠡ ᠶᠢᠨ ᠦᠮᠴᠢᠯᠡᠯ ᠤᠨ ᠪᠣᠰᠤ ᠠᠵᠤ ᠠᠬᠤᠢ ᠲᠦᠷᠭᠡᠨ ᠪᠦᠭᠡᠳ ᠡᠷᠡᠭᠦᠯ ᠢᠶᠠᠷ ᠬᠦᠭᠵᠢᠵᠦ᠂ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠲᠠᠬᠢ ᠡᠵᠡᠯᠡᠬᠦ ᠬᠠᠷᠢᠴᠡᠯ 43%᠎ ᠠᠴᠠ ᠪᠠᠨ 64% ᠪᠣᠯᠵᠤ ᠳᠡᠭᠡᠭᠰᠢᠯᠡᠪᠡ᠃ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠬᠦᠭᠵᠢᠯᠳᠡ ᠶᠢᠨ ᠪᠠᠶᠢᠯᠳᠤᠬᠤ ᠪᠣᠳᠤᠯᠭ᠎ᠠ ᠶᠢ ᠬᠦᠴᠦᠲᠠᠢ ᠬᠡᠷᠡᠭᠵᠢᠭᠦᠯᠵᠦ᠂ ᠳᠠᠪᠠᠭᠤᠯᠢᠭ ᠠᠵᠤ ᠦᠢᠯᠡᠰ ᠤᠨ ᠲᠤᠨᠤᠭ ᠲᠦᠬᠦᠭᠡᠷᠦᠮᠵᠢ ᠶᠢᠨ ᠮᠡᠷᠭᠡᠵᠢᠯ ᠤᠯᠤᠰ ᠤᠨ ᠲᠤᠳᠤᠭᠠᠳᠤ ᠶᠢᠨ ᠲᠡᠷᠢᠭᠦᠨ ᠤ ᠬᠢᠷᠢ ᠬᠡᠮᠵᠢᠶᠠᠨ ᠳᠤ ᠬᠦᠷᠪᠡ᠃       — ᠬᠦᠭᠵᠢᠯᠳᠡ ᠶᠢᠨ ᠪᠠᠲᠤᠯᠠᠭ᠎ᠠ ᠶᠢᠨ ᠴᠢᠳᠠᠪᠤᠷᠢ ᠲᠠᠰᠤᠷᠠᠯᠲᠠ ᠦᠭᠡᠢ ᠳᠡᠭᠡᠭᠰᠢᠯᠡᠪᠡ᠃ ᠵᠠᠰᠠᠮᠠᠯ ᠵᠠᠮ ᠤᠨ ᠶᠡᠷᠦᠩᠬᠡᠢ ᠤᠷᠲᠤ 15.8 ᠲᠦᠮᠡᠨ ᠺᠢᠯᠤᠮᠧᠳ᠋ᠷ ᠠᠴᠠ ᠪᠠᠨ 17.5 ᠲᠦᠮᠡᠨ ᠺᠢᠯᠤᠮᠧᠳ᠋ᠷ ᠪᠤᠯᠵᠦ ᠨᠡᠮᠡᠭᠳᠡᠪᠡ ᠂ ᠲᠦᠷᠭᠡᠨ ᠤ ᠵᠠᠰᠠᠮᠠᠯ ᠵᠠᠮ 5000 ᠺᠢᠯᠤᠮᠧᠳ᠋ᠷ ᠢ ᠲᠠᠪᠠᠵᠤ᠂ ᠨᠢᠬᠡᠳᠦᠬᠡᠷ ᠲᠡᠰ ᠤᠨ ᠵᠠᠰᠠᠮᠠᠯ ᠵᠠᠮ 6000 ᠺᠢᠯᠤᠮᠧᠳ᠋ᠷ ᠢ ᠲᠠᠪᠠᠵᠦ᠂ ᠲᠦᠷᠭᠡᠨ ᠤ ᠵᠠᠰᠠᠮᠠᠯ ᠵᠠᠮ ᠪᠠ ᠨᠢᠬᠡᠳᠦᠬᠡᠷ ᠲᠡᠰ ᠤᠨ ᠵᠠᠰᠠᠮᠠᠯ ᠵᠠᠮ ᠤᠨ ᠶᠡᠷᠦᠩᠬᠡᠢ ᠤᠷᠳᠤ ᠨᠢ ᠪᠦᠬᠦ ᠤᠯᠤᠰ ᠤᠨ ᠲᠡᠷᠢᠭᠦᠨ ᠲᠤ ᠤᠷᠤᠵᠦ᠂ 30 ᠵᠤᠷᠪᠤᠰ ᠲᠦᠷᠭᠡᠨ ᠤ ᠵᠠᠰᠠᠮᠠᠯ ᠵᠠᠮ ᠪᠣᠯᠤᠨ ᠨᠢᠭᠡᠳᠦᠭᠡᠷ ᠳᠡᠰ ᠤᠨ ᠣᠷᠤᠨ ᠠᠴᠠ ᠭᠠᠷᠬᠤ ᠵᠠᠮ ᠢ ᠪᠠᠶᠢᠭᠤᠯᠵᠤ᠂ 94 ᠬᠤᠰᠢᠭᠤ ᠰᠢᠶᠠᠨ ᠬᠤᠲᠠ ᠲᠣᠭᠤᠷᠢᠭ ᠲᠤ ᠲᠦᠷᠭᠡᠨ ᠤ ᠵᠠᠰᠠᠮᠠᠯ ᠵᠠᠮ ᠪᠣᠶᠤ ᠨᠢᠭᠡᠳᠦᠭᠡᠷ ᠳᠡᠰ ᠤᠨ ᠵᠠᠰᠠᠮᠠᠯ ᠵᠠᠮ ᠨᠡᠪᠲᠡᠷᠡᠭᠦᠯᠪᠡ᠃ ᠲᠡᠮᠦᠷ ᠵᠠᠮ ᠤᠨ ᠠᠶᠠᠨ ᠵᠦᠭᠡᠭᠡᠪᠦᠷᠢ ᠶᠢᠨ ᠶᠡᠷᠦᠩᠬᠡᠢ ᠤᠷᠳᠤ 9500 ᠺᠢᠯᠤᠮᠧᠳ᠋ᠷ ᠠᠴᠠ ᠪᠠᠨ 1.35 ᠲᠦᠮᠡᠨ ᠺᠢᠯᠤᠮᠧᠳ᠋ᠷ ᠪᠤᠯᠵᠦ ᠨᠡᠮᠡᠭᠳᠡᠨ ᠂ ᠪᠦᠬᠦ ᠤᠯᠤᠰ ᠲᠤ ᠲᠡᠷᠢᠭᠦᠯᠡᠪᠡ᠃ ᠬᠦᠬᠡᠬᠤᠲᠡ ᠠᠴᠠ ᠴᠢᠭᠤᠯᠣᠯᠳᠣ ᠬᠠᠭᠠᠯᠭ᠎ᠠ ᠳᠤ ᠬᠦᠷᠬᠦ ᠵᠡᠷᠭᠡ 3 ᠵᠤᠷᠪᠤᠰ ᠲᠦᠷᠭᠡᠨ ᠤ ᠲᠡᠮᠦᠷ ᠵᠠᠮ ᠪᠠ ᠰᠢᠯᠢᠩᠬᠤᠳᠠ ᠠᠴᠠ ᠤᠯᠠᠭᠠᠠᠬᠤᠲᠡ ᠳᠤ ᠬᠦᠷᠬᠦ ᠵᠡᠷᠭᠡ ᠨᠢᠭᠡ ᠪᠦᠯᠦᠭ ᠲᠡᠮᠤᠷ ᠵᠠᠮ ᠤᠨ ᠴᠢᠬᠤᠯᠠ ᠶᠡᠭᠡ ᠲᠦᠷᠦᠯ ᠵᠦᠢᠯ ᠢ ᠪᠠᠷᠢᠯᠭ᠎ᠠ ᠡᠬᠢᠯᠡᠭᠦᠯᠵᠤ᠂ ᠬᠦᠬᠡᠬᠤᠳᠠ ᠪᠤᠭᠤᠳᠤ ᠵᠢᠨᠢᠩ ᠤᠨ ᠬᠦᠳᠡᠯᠬᠡᠬᠦᠷᠳᠤ ᠬᠦᠴᠤᠨ ᠤ ᠭᠠᠯᠳᠤ ᠲᠡᠷᠬᠡ ᠨᠡᠪᠳᠡᠷᠡᠵᠤ᠂ ᠮᠠᠨ ᠤ ᠤᠷᠤᠨ ᠳᠤ ᠬᠦᠳᠡᠯᠬᠡᠬᠦᠷᠳᠤ ᠬᠦᠴᠦᠨ ᠤ ᠭᠠᠯᠳᠤ ᠲᠡᠷᠬᠡ ᠦᠬᠡᠢ ᠪᠠᠶᠢᠬᠰᠠᠨ ᠲᠡᠤᠬᠡ ᠢ ᠡᠴᠦᠰᠯᠡᠬᠦᠯᠪᠡ᠃ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠭᠡᠯ ᠤᠨ ᠪᠠᠭᠤᠳᠠᠯ 12᠎ ᠠᠴᠠ ᠪᠠᠨ 24 ᠪᠣᠯᠵᠤ ᠨᠡᠮᠡᠭᠳᠡᠨ᠂ ᠪᠦᠬᠦ ᠤᠯᠤᠰ ᠤᠨ ᠲᠡᠷᠢᠭᠦᠨ ᠤ ᠡᠩᠨᠡᠭᠡᠨ ᠳᠤ ᠣᠷᠤᠪᠠ᠃ ᠰᠢᠯᠢ ᠶᠢᠨ ᠭᠤᠣᠯ ᠠᠶᠢᠮᠠᠭ ᠠᠴᠠ ᠱᠠᠨᠳᠦ᠋ᠩ ᠬᠦᠷᠬᠦ ᠵᠡᠷᠭᠡ 4 ᠵᠤᠷᠪᠤᠰ ᠣᠨᠴᠠ ᠦᠨᠳᠦᠷ ᠬᠦᠴᠦᠳᠡᠯᠲᠦ ᠭᠠᠳᠠᠭᠰᠢ ᠴᠠᠬᠢᠯᠭᠠᠨ ᠬᠦᠷᠭᠡᠬᠦ ᠰᠠᠭᠠᠳ ᠦᠭᠡᠢ ᠨᠡᠪᠳᠡᠷᠡᠬᠦ ᠵᠠᠮ ᠢ ᠪᠠᠷᠢᠯᠭ᠎ᠠ ᠡᠬᠢᠯᠡᠭᠦᠯᠵᠤ᠂ ᠦᠪᠦᠷ ᠮᠣᠩᠭᠤᠯ ᠤᠨ ᠪᠠᠷᠠᠭᠤᠨ ᠪᠡᠶ᠎ᠠ ᠶᠢᠨ ᠴᠠᠬᠢᠯᠭᠠᠨ ᠲᠣᠣᠷ ᠤᠨ ᠴᠠᠬᠢᠯᠭᠠᠨ ᠬᠤᠪᠢᠰᠬᠠᠬᠤ ᠭᠡᠮᠵᠢᠶ᠎ᠠ 1 ᠳ᠋ᠦᠩᠰᠢᠭᠤᠷ ᠺᠢᠯᠤᠸᠤᠯᠲ ᠠᠮᠫᠧᠷ ᠢ ᠰᠢᠪᠲᠤᠯᠪᠠ᠃ ᠬᠠᠲᠤᠨ ᠭᠤᠣᠯ ᠤᠨ ᠦᠶᠡᠷ ᠠᠴᠠ ᠰᠡᠷᠭᠡᠶᠢᠯᠡᠬᠦ ᠨᠢᠭᠡᠳᠦᠭᠡᠷ ᠬᠤᠭᠤᠴᠠᠭ᠎ᠠ᠂ ᠬᠠᠶᠢᠷᠤᠪ ᠤᠨ ᠲᠣᠬᠤᠢ ᠶᠢᠨ ᠣᠰᠤᠨ ᠠᠰᠢᠬᠯᠠᠯᠳᠠ ᠶᠢᠨ ᠬᠦᠢᠰᠦ ᠪᠠᠷᠢᠯᠭ᠎ᠠ ᠵᠡᠷᠭᠡ ᠴᠢᠬᠤᠯᠠ ᠶᠡᠭᠡ ᠣᠰᠤᠨ ᠠᠰᠢᠬᠯᠠᠯᠳᠠ ᠶᠢᠨ ᠪᠠᠷᠢᠯᠭ᠎ᠠ ᠢ ᠪᠦᠳᠦᠭᠡᠨ ᠪᠠᠶᠢᠭᠤᠯᠪᠠ᠃ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠪᠠᠲᠤᠯᠠᠭ᠎ᠠ ᠶᠢᠨ ᠴᠢᠳᠠᠪᠤᠷᠢ ᠤᠯᠠᠮ ᠨᠢᠭᠡ ᠠᠯᠬᠤᠮ ᠴᠢᠩᠭᠠᠷᠠᠵᠤ᠂ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠬᠯᠠᠬᠤ ᠬᠢᠷᠢ ᠬᠡᠮᠵᠢᠶ᠎ᠡ ᠲᠠᠰᠤᠷᠠᠯᠲᠠ ᠦᠭᠡᠢ ᠳᠡᠭᠡᠭᠰᠢᠯᠡᠪᠡ᠃        — ᠬᠤᠲᠠ ᠬᠥᠳᠡᠭᠡ ᠶᠢᠨ ᠣᠷᠤᠨ ᠪᠦᠰᠡ ᠶᠢᠨ ᠨᠢᠭᠡᠳᠦᠯᠲᠠᠢ ᠲᠦᠯᠦᠪᠵᠢᠭᠦᠯᠭᠡ ᠴᠢᠬᠤᠯᠠ ᠶᠡᠭᠡ ᠠᠬᠢᠴᠠ ᠲᠠᠢ ᠪᠤᠯᠪᠡ᠃ ᠨᠡᠶᠢᠲᠡ 886 ᠳ᠋ᠦᠩᠰᠢᠭᠤᠷ ᠲᠦᠭᠦᠷᠢᠭ ᠤᠨ ᠪᠡᠯᠠ ᠣᠷᠤᠭᠤᠯᠵᠤ ᠮᠠᠯᠵᠢᠬᠤ ᠲᠠᠷᠢᠶᠠᠯᠠᠬᠤ ᠣᠷᠤᠨ ᠳᠤ ︽ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ ᠢ ᠬᠡᠷᠡᠭᠵᠢᠭᠦᠯᠵᠦ᠂ ᠪᠦᠬᠦ ᠣᠷᠤᠨ ᠤ 84.4%᠎ ᠤᠨ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠳᠤ ᠠᠷᠪᠠ ᠢ ᠪᠦᠷᠬᠦᠭᠦᠯᠬᠦ ᠶᠢ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠤᠨ ᠤ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠡᠬᠡᠪᠡᠷ ᠳᠡᠭᠡᠭᠰᠢᠯᠡᠵᠦ᠂ ᠬᠤᠲᠠ ᠬᠦᠳᠡᠭᠡ ᠶᠢ ᠨᠢᠭᠡ ᠴᠣᠭᠴᠠᠵᠢᠭᠤᠯᠬᠤ᠂ ᠭᠠᠵᠠᠷ ᠣᠷᠤᠨ ᠤ ᠠᠵᠤ ᠠᠬᠤᠢ ᠶᠢᠨ ᠬᠦᠭᠵᠢᠯᠳᠡ ᠪᠣᠯᠤᠨ ᠮᠠᠯᠴᠢᠨ ᠲᠠᠷᠢᠶᠠᠴᠢᠨ ᠤ ᠣᠷᠤᠯᠭ᠎ᠠ ᠶᠢᠨ ᠨᠡᠮᠡᠭᠳᠡᠯ ᠢ ᠬᠦᠴᠦᠲᠠᠢ ᠠᠬᠢᠭᠤᠯᠵᠤ᠂ ᠨᠠᠮ ᠣᠯᠠᠨ ᠲᠦᠮᠡᠨ ᠪᠠ ᠺᠠᠳ᠋ᠷ ᠣᠯᠠᠨ ᠲᠦᠮᠡᠨ ᠤ ᠬᠠᠷᠢᠴᠠᠭ᠎ᠠ ᠶᠢ ᠨᠢᠭᠲᠠᠷᠠᠭᠤᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠮᠠᠭᠲᠠᠭᠠᠯ ᠰᠠᠶᠢᠰᠢᠶᠠᠯ ᠢ ᠣᠯᠪᠠ᠃ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠳᠠ ᠢ ᠢᠳᠡᠪᠬᠢᠲᠠᠢ ᠠᠬᠢᠭᠤᠯᠤᠨ᠂ ᠪᠠᠶᠢᠩᠭᠤ ᠰᠠᠭᠤᠭ᠎ᠠ ᠬᠦᠮᠦᠨ ᠠᠮᠠ ᠶᠢᠨ ᠬᠤᠲᠠ ᠪᠠᠯᠭᠠᠰᠤᠵᠢᠯᠳᠠ ᠢᠶᠢᠨ ᠨᠣᠷᠮ᠎ᠠ 55%᠎ ᠠᠴᠠ ᠪᠠᠨ 60.3% ᠪᠤᠯᠤᠨ ᠳᠡᠭᠡᠭᠰᠢᠯᠡᠪᠡ᠃ ︽ᠨᠢᠭᠡ ᠭᠤᠤᠯᠳᠠᠯᠭ᠎ᠠ ᠣᠯᠠᠨ ᠲᠥᠪ ᠲᠠᠢ᠂ ᠨᠢᠭᠡ ᠪᠦᠰᠡ ᠣᠯᠠᠨ ᠲᠡᠩᠭᠡᠯᠢᠭ ᠲᠠᠢ︾ ᠬᠤᠲᠠ ᠪᠠᠯᠭᠠᠰᠤ ᠶᠢᠨ ᠰᠢᠰᠲ᠋ᠧᠮ ᠢ ᠠᠩᠬ᠎ᠠ ᠠᠯᠬᠤᠮ ᠪᠦᠷᠢᠯᠳᠦᠭᠦᠯᠵᠤ᠂ ᠬᠤᠲᠠ ᠶᠢᠨ ᠥᠩᠭᠡ ᠳᠦᠷᠰᠦ᠂ ᠴᠢᠳᠠᠮᠵᠢ ᠪᠣᠯᠤᠨ ᠰᠠᠭᠤᠷᠢᠰᠢᠬᠤ ᠳᠤ ᠳᠤᠬᠢᠲᠠᠢ ᠪᠠᠶᠢᠳᠠᠯ ᠢ ᠥᠷᠭᠦᠯᠵᠢᠯᠡᠨ ᠰᠠᠶᠢᠵᠢᠷᠠᠭᠤᠯᠪᠠ᠃ ᠬᠦᠬᠡᠬᠤᠲᠡ ᠪᠤᠭᠤᠳᠤ ᠤᠷᠳᠤᠰ ᠤᠨ ᠲᠠᠶᠢᠴᠢᠯᠡᠨ ᠳᠠᠭᠠᠭᠤᠯᠬᠤ ᠦᠢᠯᠡᠳᠦᠯ ᠢ ᠴᠢᠩᠭᠠᠳᠬᠠᠵᠤ᠂ ᠵᠡᠭᠦᠨ ᠪᠡᠶ᠎ᠠ ᠶᠢᠨ ᠠᠶᠢᠮᠠᠭ ᠬᠤᠲᠠ ᠶᠢᠨ ᠬᠦᠭᠵᠢᠯᠳᠡ ᠶᠢᠨ ᠠᠯᠬᠤᠴᠠ ᠲᠦᠷᠭᠡᠳᠴᠦ᠂ ᠬᠤᠪᠢᠰᠬᠠᠯ ᠤᠨ ᠡᠷᠳᠡ ᠴᠢᠯᠦᠭᠡᠯᠡᠭᠳᠡᠭᠰᠡᠨ ᠤᠷᠤᠨ᠂ ᠴᠦᠭᠡᠨ ᠲᠤᠭᠠᠳᠤ ᠦᠨᠳᠦᠰᠦᠳᠡᠨ ᠤ ᠤᠷᠤᠨ᠂ ᠬᠢᠯᠢ ᠬᠢᠵᠠᠭᠠᠷ ᠤᠨ ᠶᠠᠳᠠᠭᠤ ᠬᠦᠴᠢᠷᠳᠡᠯ ᠲᠠᠢ ᠤᠷᠤᠨ ᠤ ᠳᠣᠲᠤᠭᠠᠳᠤ ᠬᠦᠭᠵᠢᠯ ᠤᠨ ᠬᠦᠳᠡᠯᠭᠡᠬᠦ ᠬᠦᠴᠦᠨ ᠳᠡᠭᠡᠭᠰᠢᠯᠡᠵᠦ᠂ ᠬᠤᠰᠢᠭᠤ ᠰᠢᠶᠠᠨ ᠤ ᠠᠵᠤ ᠠᠬᠤᠢ ᠶᠢᠨ ᠬᠦᠭᠵᠢᠯᠲᠡ ᠶᠢᠨ ᠬᠢᠷᠢ ᠬᠡᠮᠵᠢᠶ᠎ᠡ ᠢᠯᠡᠳᠲᠡ ᠳᠡᠭᠡᠭᠰᠢᠯᠡᠪᠡ              — ᠦᠭᠡᠷᠡᠴᠢᠯᠡᠯᠲᠡ ᠨᠡᠭᠡᠭᠡᠯᠲᠡ ᠬᠦᠨᠵᠡᠭᠡᠶᠢᠷᠡᠨ ᠠᠬᠢᠪᠡ᠃ ᠡᠯ᠎ᠡ ᠬᠦᠷᠢᠶ᠎ᠡ ᠬᠡᠪᠴᠢᠶᠡᠨ ᠤ ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠨᠢᠭᠡ ᠪᠦᠯᠦᠭ ᠡᠷᠴᠢᠮ ᠲᠠᠢ᠂ ᠣᠨᠴᠠᠯᠢᠭ ᠲᠠᠢ᠂ ᠨᠦᠯᠦᠭᠡᠯᠡᠯ ᠲᠠᠢ ᠦᠭᠡᠷᠡᠴᠢᠯᠡᠯᠲᠡ ᠶᠢᠨ ᠠᠷᠭ᠎ᠠ ᠠᠪᠴᠠᠯ ᠢ ᠬᠡᠷᠡᠭᠵᠢᠭᠦᠯᠵᠤ᠂ ᠨᠠᠮ ᠤᠨ ᠠᠷᠪᠠᠨ ᠨᠠᠶᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ ᠨᠠᠰᠢ 572 ᠵᠦᠢᠯ ᠤᠨ ᠦᠭᠡᠷᠡᠴᠢᠯᠡᠯᠳᠡ ᠶᠢᠨ ᠦᠷ᠎ᠡ ᠪᠦᠲᠦᠭᠡᠯ ᠤᠯᠵᠤ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ᠂ ᠡᠳ᠋ ᠤᠨ ᠵᠠᠰᠠᠭ ᠭᠠᠶᠢᠯᠢ ᠮᠦᠩᠭᠦᠨ ᠭᠦᠢᠯᠭᠡᠭᠡᠨ᠂ ᠣᠯᠣᠰ ᠤᠨ ᠦᠮᠴᠢᠯᠡᠯ ᠤᠨ ᠡᠳ᠋ ᠬᠦᠷᠦᠩᠭᠡ ᠤᠯᠤᠰ ᠤᠨ ᠦᠮᠴᠢᠯᠡᠯ ᠤᠨ ᠠᠵᠤ ᠠᠬᠤᠶᠢᠯᠠᠯ᠂ ᠮᠠᠯᠵᠢᠬᠤ ᠲᠠᠷᠢᠶᠠᠯᠠᠬᠤ ᠣᠷᠤᠨ᠂ ᠠᠮᠢ ᠠᠬᠤᠢ ᠶᠢᠨ ᠪᠣᠯᠪᠠᠰᠤᠨ ᠵᠡᠷᠭᠡ ᠴᠢᠬᠤᠯᠠ ᠬᠦᠷᠢᠶ᠎ᠡ ᠬᠡᠪᠴᠢᠶ᠎ᠡ ᠪᠣᠯᠤᠨ ᠵᠠᠩᠭᠢᠯᠠᠭ᠎ᠠ ᠶᠢᠨ ᠭᠤᠬᠴᠤᠭ᠎ᠠ ᠳᠠᠬᠢ ᠦᠭᠡᠷᠡᠴᠢᠯᠡᠯᠳᠡ ᠢᠯᠡᠳᠲᠡ ᠦᠷ᠎ᠡ ᠪᠦᠲᠦᠮᠵᠢ ᠣᠯᠪᠠ᠃ ᠤᠯᠤᠰ ᠤᠨ ︽ᠨᠢᠭᠡ ᠪᠦᠰᠡ ᠨᠢᠭᠡ ᠵᠠᠮ︾᠎ ᠤᠨ ᠪᠠᠶᠢᠯᠳᠤᠬᠤ ᠪᠣᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠤᠷᠤᠰ ᠮᠣᠩᠭᠤᠯ ᠯᠤᠭ᠎ᠠ ᠶᠢᠨ ᠬᠠᠮᠲᠤᠷᠠᠯᠴᠠᠭᠠᠨ ᠤ ᠲᠣᠭᠳᠠᠴᠠ ᠳᠤ ᠰᠢᠨ᠎ᠡ ᠶᠢ ᠡᠭᠦᠳᠴᠦ᠂ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠣᠯᠤᠨ ᠠᠮᠢᠵᠢᠷᠠᠯ ᠤᠨ ᠬᠦᠴᠦᠨ ᠲᠠᠢ ᠬᠢᠯᠢ ᠳᠠᠭᠠᠤ ᠶᠢᠨ ᠨᠡᠭᠡᠭᠡᠨ ᠬᠦᠭᠵᠢᠭᠦᠯᠵᠦ ᠨᠡᠭᠡᠭᠡᠯᠳᠡ ᠬᠢᠬᠦ ᠠᠵᠤ ᠠᠬᠤᠢ ᠶᠢᠨ ᠪᠦᠰᠡ ᠶᠢ ᠲᠦᠷᠭᠡᠳᠭᠡᠨ ᠪᠠᠶᠢᠭᠤᠯᠪᠠ᠃ ᠭᠠᠳᠠᠭᠠᠳᠤ ᠠᠴᠠ ᠣᠷᠤᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠢ ᠭᠡᠮᠵᠢᠶ᠎ᠠ 623.8 ᠳ᠋ᠦᠩᠰᠢᠭᠤᠷ ᠳ᠋ᠤᠯᠯᠠᠷ ᠲᠤ ᠬᠦᠷᠴᠤ᠂ ︽11 · 5︾᠎ ᠶᠢᠨ ᠲᠦᠯᠦᠪᠵᠢᠭᠦᠯᠭᠡ ᠶᠢᠨ ᠬᠤᠭᠤᠴᠠᠭᠠᠨ ᠤ ᠬᠢ ᠠᠴᠠ 1.64 ᠳᠠᠬᠢᠨ ᠪᠣᠯᠪᠠ᠃ ᠪᠡᠭᠡᠵᠢᠩ ᠲᠢᠶᠠᠨᠵᠢᠨ ᠾᠧᠪᠸᠢ᠂ ᠵᠡᠭᠦᠨ ᠬᠤᠶᠢᠲᠤ ᠤᠷᠤᠨ ᠪᠣᠯᠤᠨ ᠬᠦᠭᠵᠢᠭᠰᠡᠨ ᠮᠤᠵᠢ ᠬᠤᠲᠠ ᠵᠢᠴᠢ ᠰᠢᠶᠠᠩᠭᠠᠩ ᠣᠣᠮᠧᠨ ᠲᠠᠶᠢᠸᠠᠨ ᠯᠤᠭ᠎ᠠ ᠶᠢᠨ ᠪᠣᠳᠠᠲᠤ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠪᠦᠬᠦ ᠲᠠᠯ᠎ᠠ ᠪᠠᠷ ᠨᠡᠭᠡᠭᠡᠯᠲᠡ ᠬᠢᠬᠦ ᠪᠠᠶᠢᠳᠠᠯ ᠢ ᠲᠦᠷᠭᠡᠳᠭᠡᠨ ᠪᠣᠢ ᠪᠣᠯᠭᠠᠪᠠ᠃          — ᠠᠮᠢ ᠠᠬᠤᠢ ᠶᠢᠨ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠪᠠ᠃ ᠮᠠᠨ ᠤ ᠤᠯᠤᠰ ᠤᠨ ᠤᠮᠠᠷᠠᠳᠤ ᠣᠷᠤᠨ ᠤ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠲᠦᠷᠭᠡᠳᠭᠡᠨ ᠪᠦᠲᠦᠭᠡᠨ ᠪᠠᠶᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠪᠠᠶᠢᠳᠠᠯ ᠢ ᠶᠡᠷᠦᠩᠬᠡᠢ ᠳᠤᠨᠢ ᠬᠢᠵᠠᠭᠠᠷᠯᠠᠵᠤ᠂ ᠬᠡᠰᠡᠭ ᠲᠠᠯ᠎ᠠ ᠪᠠᠷ ᠰᠠᠶᠢᠵᠢᠷᠠᠵᠤ᠂ ᠦᠵᠡᠰᠭᠦᠯᠡᠩᠲᠤ ᠰᠠᠶᠢᠬᠠᠨ ᠦᠪᠦᠷ ᠮᠣᠩᠭᠤᠯ ᠤᠨ ᠪᠦᠲᠦᠭᠡᠨ ᠪᠠᠶᠢᠭᠤᠯᠤᠯᠳᠠ ᠢᠯᠡᠳᠲᠡ ᠦᠷ᠎ᠡ ᠪᠦᠲᠦᠮᠵᠢ ᠣᠯᠪᠠ᠃ ᠨᠡᠶᠢᠲᠡ 546 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠵᠤ᠂ ᠲᠠᠪᠣᠨ ᠶᠡᠭᠡ ᠠᠮᠢ ᠠᠬᠤᠢ ᠶᠢᠨ ᠢᠨᠵᠧᠨᠧᠷᠢᠩ ᠪᠣᠯᠣᠨ ᠵᠢᠷᠭᠤᠭᠠᠨ ᠶᠡᠭᠡ ᠣᠷᠤᠨ ᠪᠦᠰᠡ ᠶᠢᠨ ᠴᠢᠨᠠᠷᠲᠠᠢ ᠨᠤᠭᠤᠭᠠᠷᠠᠭᠤᠯᠬᠤ ᠢᠨᠵᠧᠨᠧᠷᠢᠩ ᠢ ᠬᠡᠷᠡᠭᠵᠢᠭᠦᠯᠪᠡ᠃ ᠣᠯᠤᠰ ᠤᠨ ᠨᠤᠳᠤᠭ ᠪᠡᠯᠴᠢᠭᠡᠷ ᠤᠨ ᠠᠮᠢ ᠠᠬᠤᠢ ᠶᠢᠨ ᠨᠦᠬᠦᠪᠦᠷᠢᠯᠡᠬᠦ ᠪᠠ ᠱᠠᠩᠨᠠᠬᠤ ᠲᠥᠷᠦ ᠶᠢᠨ ᠪᠣᠳᠤᠯᠭ᠎ᠠ ᠶᠢᠨ ᠬᠠᠷᠠᠭᠠᠯᠵᠡᠯ ᠢ ᠬᠦᠷᠳᠡᠵᠤ᠂ ᠠᠰᠢᠬᠯᠠᠵᠤ ᠪᠣᠯᠬᠤᠶᠢᠴᠠ 10.1 ᠳ᠋ᠦᠩᠰᠢᠭᠤᠷ ᠮᠦ ᠨᠤᠳᠤᠭ ᠪᠡᠯᠴᠢᠭᠡᠷ ᠢᠶᠠᠨ ᠪᠦᠬᠦᠨ ᠢ ᠬᠠᠮᠠᠭᠠᠯᠠᠬᠤ ᠬᠡᠪᠴᠢᠶᠠᠨ ᠳᠤ ᠣᠷᠤᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠨᠦᠬᠦᠪᠦᠷᠢᠯᠡᠬᠦ ᠪᠠ ᠱᠠᠩᠨᠠᠬᠤ ᠪᠡᠯᠡ ᠮᠦᠩᠭᠦ ᠶᠢ ᠨᠡᠶᠢᠲᠡ 300 ᠳ᠋ᠦᠩᠰᠢᠭᠤᠷ ᠲᠦᠭᠦᠷᠢᠭ ᠤᠷᠤᠭᠤᠯᠵᠤ ᠂ 146 ᠲᠦᠮᠡᠨ ᠡᠷᠦᠬᠡ᠂ 534 ᠲᠦᠮᠡᠨ ᠮᠠᠯᠴᠢᠨ ᠲᠠᠷᠢᠶᠠᠴᠢᠨ ᠳᠤ ᠠᠰᠢᠭ ᠬᠦᠷᠳᠡᠭᠡᠪᠡ᠃ ᠣᠢ ᠰᠢᠭᠤᠢ ᠶᠢᠨ ᠲᠠᠯᠠᠪᠠᠢ 3.6 ᠳ᠋ᠦᠩᠰᠢᠭᠤᠷ ᠮᠦ ᠠᠴᠠ ᠪᠠᠨ 3.8 ᠳ᠋ᠦᠩᠰᠢᠭᠤᠷ ᠮᠦ ᠪᠤᠯᠵᠤ ᠨᠡᠮᠡᠭᠳᠡᠨ᠂ ᠲᠠᠯ᠎ᠠ ᠨᠤᠲᠤᠭ ᠤᠨ ᠤᠷᠭᠤᠮᠠᠯ ᠤᠨ ᠬᠤᠴᠢᠯᠭ᠎ᠠ 37%᠎ ᠠᠴᠠ ᠪᠠᠨ 44% ᠪᠤᠯᠤᠨ ᠨᠡᠮᠡᠭᠳᠡᠪᠡ᠃ ᠣᠷᠴᠢᠨ ᠲᠣᠭᠤᠷᠢᠨ ᠤ ᠬᠠᠮᠠᠭᠠᠯᠠᠯᠳᠠ ᠶᠢᠨ ᠠᠵᠢᠯ ᠤᠨ ᠡᠷᠴᠢᠮ ᠢᠯᠡᠳᠲᠡ ᠴᠢᠩᠭᠠᠷᠠᠵᠤ᠂ ᠤᠯᠤᠰ ᠠᠴᠠ ᠪᠠᠭᠤᠯᠭᠠᠭᠰᠠᠨ ᠡᠨᠧᠷᠬᠢ ᠠᠷᠪᠢᠯᠠᠨ ᠪᠣᠬᠢᠷᠳᠤᠯ ᠢ ᠪᠠᠭᠠᠰᠬᠠᠬᠤ ᠬᠠᠷᠠᠯᠲᠠᠳᠤ ᠡᠬᠦᠷᠬᠡ ᠪᠠᠨ ᠪᠦᠬᠦ ᠲᠠᠯ᠎ᠠ ᠪᠠᠷ ᠪᠡᠶᠡᠯᠡᠭᠦᠯᠪᠡ᠃        — ᠠᠷᠠᠳ ᠤᠨ ᠠᠮᠢᠳᠤᠷᠠᠯ ᠤᠨ ᠲᠦᠪᠰᠢᠨ ᠢᠯᠡᠳᠲᠡ ᠳᠡᠭᠡᠭᠰᠢᠯᠡᠪᠡ᠃ ᠡᠯ᠎ᠡ ᠱᠠᠳᠤᠨ ᠤ ᠡᠳ᠋ ᠤᠨ ᠵᠠᠰᠠᠭ ᠠᠴᠠ ᠠᠷᠠᠳ ᠤᠨ ᠠᠮᠢᠳᠤᠷᠠᠯ ᠳᠤ ᠨᠡᠶᠢᠳᠡ 1.18 ᠲᠦᠮᠡᠨ ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠤ᠂ ︽11 · 5︾᠎ ᠶᠢᠨ ᠲᠦᠯᠦᠪᠵᠢᠭᠦᠯᠭᠡ ᠶᠢᠨ ᠬᠤᠭᠤᠴᠠᠭᠠᠨ ᠤ 2.6 ᠳᠠᠬᠢᠨ ᠪᠣᠯᠪᠠ᠃ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠡᠵᠡᠮᠳᠡᠵᠤ ᠪᠣᠯᠬᠤ ᠣᠷᠤᠯᠭ᠎ᠠ 17698 ᠲᠦᠭᠦᠷᠢᠭ᠂ 5781 ᠲᠦᠭᠦᠷᠢᠭ ᠠᠴᠠ ᠪᠠᠨ 30594 ᠲᠦᠭᠦᠷᠢᠭ ᠪᠠ 10776 ᠲᠦᠭᠦᠷᠢᠭ ᠪᠣᠯᠵᠤ ᠨᠡᠮᠡᠭᠳᠡᠨ᠂ ᠵᠢᠯ ᠳᠤᠮᠳᠠᠴᠢ ᠪᠠᠷ 11.1% ᠪᠠ 13.3%᠎ ᠢᠶᠠᠷ ᠨᠡᠮᠡᠭᠳᠡᠵᠦ᠂ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠠᠴᠠ ᠦᠨᠳᠦᠷ ᠪᠣᠯᠵᠤ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠣᠷᠤᠯᠭ᠎ᠠ ᠶᠢᠨ ᠵᠦᠷᠢᠶ᠎ᠡ 3. 1᠄ 1᠎ ᠠᠴᠠ ᠪᠠᠨ 2.8᠄ 1 ᠪᠣᠯᠤᠨ ᠪᠠᠭᠠᠰᠪᠡ᠃ ᠨᠡᠶᠢᠭᠡᠮ ᠤᠨ ᠪᠠᠳᠤᠯᠠᠪᠤᠷᠢ ᠶᠢᠨ ᠳᠦᠷᠢᠮ ᠬᠤᠲᠠ ᠬᠦᠳᠡᠭᠡ ᠢ ᠪᠦᠷᠭᠦᠵᠤ᠂ ᠪᠠᠳᠤᠯᠠᠪᠤᠷᠢ ᠶᠢᠨ ᠪᠠᠷᠢᠮᠵᠢᠶ᠎ᠠ ᠪᠦᠬᠦ ᠣᠯᠤᠰ ᠤᠨ ᠳᠤᠮᠳᠠᠴᠢ ᠬᠢᠷᠢ ᠬᠡᠮᠵᠢᠶ᠎ᠡ ᠳᠤ ᠬᠦᠷᠦᠭᠰᠡᠨ ᠪᠤᠶᠤ ᠳᠠᠪᠠᠪᠠ᠃ ᠶᠠᠳᠠᠭᠤ ᠶᠢ ᠲᠡᠳᠭᠦᠨ ᠨᠡᠭᠡᠭᠡᠨ ᠬᠦᠭᠵᠢᠭᠦᠯᠭᠦ᠂ ᠠᠷᠠᠳ ᠤᠨ ᠠᠮᠤᠭᠤᠯᠠᠩ ᠤᠷᠤᠨ ᠰᠠᠭᠤᠴᠠ ᠪᠣᠯᠤᠨ ᠦᠢᠯᠡᠰ ᠪᠤᠰᠬᠠᠵᠤ ᠠᠵᠢᠯ ᠣᠯᠭᠤᠬᠤ ᠢᠨᠵᠧᠨᠧᠷᠢᠩ ᠢ ᠪᠦᠭᠦ ᠬᠦᠴᠦᠨ ᠢᠶᠠᠷ ᠬᠡᠷᠡᠭᠵᠢᠭᠦᠯᠵᠤ᠂ 192 ᠲᠦᠮᠡᠨ ᠮᠠᠯᠴᠢᠨ ᠲᠠᠷᠢᠶᠠᠴᠢᠨ ᠢ ᠶᠠᠳᠠᠭᠤ ᠠᠴᠠ ᠠᠩᠭᠢᠵᠢᠷᠠᠭᠤᠯᠵᠤ᠂ 220 ᠲᠦᠮᠡᠨ ᠡᠷᠦᠬᠡ ᠬᠤᠲᠠ ᠬᠦᠳᠡᠭᠡ ᠶᠢᠨ ᠬᠦᠴᠢᠷᠲᠠᠢ ᠭᠡᠷ ᠪᠦᠯᠢ ᠶᠢᠨ ᠣᠷᠤᠨ ᠰᠠᠭᠤᠴᠠ ᠶᠢᠨ ᠨᠦᠬᠦᠴᠡᠯ ᠢ ᠰᠠᠶᠢᠵᠢᠷᠠᠭᠤᠯᠵᠤ᠂ ᠬᠤᠲᠠ ᠪᠠᠯᠭᠠᠰᠤ ᠶᠢᠨ 134 ᠲᠦᠮᠡᠨ ᠬᠦᠮᠦᠨ ᠳᠤ ᠰᠢᠨ᠎ᠡ ᠪᠠᠷ ᠠᠵᠢᠯ ᠤᠯᠭᠤᠪᠡ᠃ ︽ᠭᠤᠷᠪᠠᠨ ᠨᠢᠭᠡ︾ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢᠶᠠᠷ 336.7 ᠲᠦᠮᠡᠨ ᠮᠠᠯᠴᠢᠨ ᠲᠠᠷᠢᠶᠠᠴᠢᠨ ᠡᠷᠦᠬᠡ ᠳᠤ ᠠᠰᠢᠭ ᠬᠦᠷᠳᠡᠭᠡᠵᠤ᠂ ᠶᠠᠳᠠᠭᠤ ᠬᠦᠴᠢᠷᠳᠡᠢ ᠭᠡᠷ ᠪᠦᠯᠢ ᠶᠢᠨ 4.15 ᠲᠦᠮᠡᠨ ᠤᠶᠤᠲᠠᠳ ᠪᠣᠯᠤᠨ ᠨᠢᠭᠡ ᠴᠤ ᠠᠵᠢᠯ ᠲᠠᠢ ᠬᠦᠮᠦᠨ ᠦᠭᠡᠢ 4800 ᠭᠡᠷ ᠪᠦᠯᠢ ᠲᠤ ᠠᠰᠢᠬ ᠬᠦᠷᠳᠡᠬᠡᠪᠡ᠃        — ᠨᠡᠶᠢᠭᠡᠮ ᠤᠨ ᠠᠵᠢᠯ ᠦᠢᠯᠡᠰ ᠪᠦᠬᠦ ᠲᠠᠯ᠎ᠠ ᠪᠠᠷ ᠠᠯᠬᠤᠮ ᠳᠠᠪᠰᠢᠪᠠ᠃ ᠰᠤᠷᠭᠠᠨ ᠬᠦᠮᠦᠵᠢᠯ ᠤᠨ ᠪᠡᠯᠡ ᠣᠷᠤᠭᠤᠯᠤᠯᠲᠠ ᠵᠢᠯ ᠪᠦᠷᠢ ᠳᠤᠮᠳᠠᠴᠢ ᠪᠠᠷ 10.9%᠎ ᠢᠶᠠᠷ ᠨᠡᠮᠡᠭᠳᠡᠵᠦ᠂ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠨ ᠬᠦᠮᠦᠵᠢᠯ ᠵᠣᠬᠢᠴᠠᠩᠭᠤᠢ ᠬᠦᠭᠵᠢᠵᠦ᠂ ᠰᠤᠷᠭᠠᠭᠤᠯᠢ ᠡᠷᠬᠢᠯᠡᠬᠦ ᠨᠦᠬᠦᠴᠡᠯ ᠢᠯᠡᠳᠲᠡ ᠰᠠᠶᠢᠵᠢᠷᠠᠨ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠠᠴᠠ ᠳᠡᠭᠡᠳᠤ ᠵᠡᠷᠭᠡ ᠶᠢᠨ ᠰᠤᠷᠭᠠᠨ ᠬᠦᠮᠦᠵᠢᠯ ᠬᠦᠷᠲᠡᠯᠡᠬᠢ ᠰᠤᠷᠤᠯᠭ᠎ᠠ ᠶᠢᠨ ᠲᠡᠳᠭᠦᠮᠵᠢ ᠶᠢᠨ ᠰᠢᠰᠲ᠋ᠧᠮ ᠢ ᠪᠠᠶᠢᠭᠤᠯᠵᠤ᠂ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠳᠤᠨ ᠤ ᠰᠦᠢᠳᠭᠡᠯ ᠬᠤᠷᠢᠶᠠᠬᠤ ᠦᠭᠡᠢ ᠰᠤᠷᠭᠠᠨ ᠬᠦᠮᠦᠵᠢᠯ ᠢ ᠪᠦᠬᠦ ᠤᠯᠤᠰ ᠲᠤ ᠤᠷᠢᠳᠴᠢᠯᠡᠨ ᠪᠡᠶᠡᠯᠡᠭᠦᠯᠵᠤ᠂ ᠵᠢᠩᠬᠢᠨᠢ ᠠᠩᠭᠢ ᠶᠢᠨ ᠶᠡᠭᠡ ᠳᠡᠭᠡᠳᠤ ᠰᠤᠷᠭᠠᠭᠤᠯᠢ ᠶᠢ ᠰᠢᠨ᠎ᠡ ᠪᠠᠷ ᠬᠤᠶᠠᠷ ᠢ ᠨᠡᠮᠡᠭᠳᠡᠭᠦᠯᠪᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠤᠨ ᠪᠠᠶᠢᠭᠤᠯᠤᠯᠲᠠ ᠴᠢᠬᠤᠯᠠ ᠠᠬᠢᠴᠠ ᠲᠠᠢ ᠪᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠡᠪᠡᠳᠴᠢᠨ ᠦᠵᠡᠬᠦᠯᠬᠦ ᠳᠤ ᠬᠦᠴᠢᠷ᠂ ᠡᠪᠡᠳᠴᠢᠨ ᠦᠵᠡᠬᠦᠯᠬᠦ ᠳᠤ ᠦᠨ᠎ᠠ ᠲᠠᠢ ᠠᠰᠠᠭᠤᠳᠠᠯ ᠢ ᠪᠦᠲᠦᠮᠵᠢᠲᠠᠢ ᠨᠠᠮᠳᠠᠭᠠᠵᠤ᠂ ᠰᠠᠶᠢᠨ ᠢ ᠲᠦᠷᠦᠵᠦ ᠰᠢᠯᠢᠳᠡᠭ ᠦᠰᠭᠡᠬᠦ ᠬᠢᠷᠢ ᠬᠡᠮᠵᠢᠶ᠎ᠡ ᠲᠠᠰᠤᠷᠠᠯᠲᠠ ᠦᠭᠡᠢ ᠳᠡᠭᠡᠭᠰᠢᠯᠡᠪᠡ᠃ ᠦᠨᠳᠦᠰᠦᠲᠡᠨ ᠤ ᠰᠣᠶᠣᠯ ᠤᠨ ᠬᠦᠴᠦᠷᠭᠡᠭ ᠤᠷᠤᠨ ᠤ ᠪᠠᠶᠢᠭᠤᠯᠤᠯᠲᠠ ᠢᠯᠡᠳᠲᠡ ᠦᠷ᠎ᠡ ᠪᠦᠲᠦᠮᠵᠢᠲᠠᠢ ᠪᠣᠯᠵᠤ᠂ ᠰᠣᠶᠣᠯ ᠤᠨ ᠦᠢᠯᠡᠰ ᠴᠡᠴᠡᠭᠯᠡᠨ ᠬᠦᠭᠵᠢᠵᠦ᠂ ᠰᠣᠶᠣᠯ ᠤᠨ ᠠᠵᠤ ᠦᠢᠯᠡᠰ ᠤᠨ ᠨᠡᠮᠡᠭᠳᠡᠯ ᠦᠷᠲᠡᠭ ᠵᠢᠯ ᠪᠦᠷᠢ ᠳᠤᠮᠳᠠᠴᠢ ᠪᠠᠷ 18%᠎ ᠢᠶᠠᠷ ᠨᠡᠮᠡᠭᠳᠡᠵᠦ᠂ ᠰᠣᠨᠢᠨ ᠮᠡᠳᠡᠭᠡ ᠬᠡᠪᠯᠡᠯ᠂ ᠷᠠᠳᠢᠤ᠋ ᠺᠢᠨᠤ᠋ ᠲᠧᠯᠸᠢᠰ᠂ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠠᠵᠢᠯ ᠦᠢᠯᠡᠰ ᠦᠷᠭᠦᠯᠵᠢᠯᠡᠨ ᠠᠯᠬᠤᠮ ᠳᠠᠪᠰᠢᠵᠤ᠂ ᠲᠠᠯ᠎ᠠ ᠨᠤᠲᠤᠭ ᠤᠨ ᠰᠣᠶᠣᠯ ᠤᠨ ᠨᠦᠯᠦᠭᠡᠯᠡᠬᠦ ᠬᠦᠴᠦᠨ᠂ ᠲᠠᠮᠵᠢᠭᠤᠯᠬᠤ ᠬᠦᠴᠦᠨ ᠢᠯᠡᠳᠲᠡ ᠴᠢᠩᠭᠠᠷᠠᠵᠤ᠂ ᠮᠠᠨ ᠤ ᠣᠷᠤᠨ ᠳᠤ ᠯᠦ ᠰᠢᠶᠦ᠋ᠨ ᠤ ᠤᠳᠬ᠎ᠠ ᠵᠣᠬᠢᠶᠠᠯ ᠤᠨ ᠱᠠᠩᠨᠠᠯ ᠬᠦᠷᠲᠡᠵᠦ ᠪᠠᠶᠢᠭᠰᠠᠨ ᠦᠭᠡᠢ ᠪᠠᠶᠢᠳᠠᠯ ᠳᠤ ᠰᠢᠨ᠎ᠠ ᠰᠢᠪᠲᠤᠯᠤᠯᠲᠠ ᠲᠠᠢ ᠪᠤᠯᠪᠡ᠃ ᠨᠠᠮ ᠤᠨ ᠦᠨᠳᠦᠰᠦᠳᠡᠨ ᠤ ᠲᠦᠷᠦ ᠶᠢᠨ ᠪᠤᠳᠤᠯᠭ᠎ᠠ ᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠠᠵᠢᠯ ᠢ ᠨᠠᠷᠢᠨ ᠨᠢᠮᠪᠠᠢ ᠰᠠᠶᠢᠲᠤᠷ ᠬᠢᠵᠦ᠂ ᠴᠦᠭᠡᠨ ᠲᠣᠭᠠᠲᠤ ᠦᠨᠳᠦᠰᠦᠲᠡᠨ ᠪᠣᠯᠣᠨ ᠦᠨᠳᠦᠰᠦᠲᠡᠨ ᠤ ᠲᠦᠪᠯᠡᠷᠡᠨ ᠰᠠᠭᠤᠭᠰᠠᠨ ᠭᠠᠵᠠᠷ ᠣᠷᠤᠨ ᠤ ᠬᠦᠭᠵᠢᠯᠲᠡ ᠶᠢ ᠬᠠᠷᠠᠭᠠᠯᠵᠠᠨ ᠳᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠦᠨᠳᠦᠰᠦᠲᠡᠨ ᠨᠦᠭᠦᠳ ᠤᠨ ᠶᠡᠭᠡ ᠪᠦᠯᠬᠦᠮᠳᠡᠯ ᠤᠨ ᠰᠠᠶᠢᠨ ᠰᠠᠶᠢᠬᠠᠨ ᠪᠠᠶᠢᠳᠠᠯ ᠤᠯᠠᠮ ᠨᠢᠭᠡ ᠠᠯᠬᠤᠮ ᠪᠠᠬᠢᠵᠢᠨ ᠪᠠᠳᠤᠵᠢᠪᠡ᠃ ᠦᠷᠢᠰᠦᠯᠲᠦᠬᠡᠨ ᠤ ᠪᠡᠶ᠎ᠡ ᠶᠢᠨ ᠲᠠᠮᠢᠷ ᠪᠣᠯᠤᠨ ᠣᠯᠠᠨ ᠲᠦᠮᠡᠨᠴᠢ ᠴᠢᠨᠠᠷᠲᠠᠢ ᠪᠡᠶ᠎ᠡ ᠶᠢᠨ ᠲᠠᠮᠢᠷ ᠵᠣᠬᠢᠴᠠᠩᠭᠤᠢ ᠬᠦᠭᠵᠢᠵᠦ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠦᠭᠵᠢᠯᠲᠡ ᠶᠢᠨ ᠠᠯᠬᠤᠴᠠ ᠲᠦᠷᠭᠡᠳᠴᠦ᠂ ᠠᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠴᠦᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ ᠠᠮᠵᠢᠯᠳᠠ ᠲᠠᠢ ᠡᠷᠬᠢᠯᠡᠪᠡ᠃ ᠭᠠᠵᠠᠷ ᠬᠦᠳᠡᠯᠦᠯᠲᠡ ᠴᠠᠭ ᠠᠭᠤᠷ᠂ ᠳᠠᠩᠰᠠ ᠡᠪᠬᠡᠮᠡᠯ ᠲᠡᠤᠬᠡ ᠣᠶᠢᠯᠠᠯᠭ᠎ᠠ᠂ ᠵᠦᠪᠳᠡᠭᠴᠢ ᠪᠠ ᠰᠣᠶᠣᠯ ᠲᠡᠤᠬᠡ᠂ ᠭᠠᠳᠠᠭᠠᠳᠤ ᠶᠠᠪᠤᠳᠠᠯ ᠬᠠᠷᠢᠶᠠᠳᠤ ᠶᠢᠨ ᠶᠠᠪᠤᠳᠠᠯ ᠪᠣᠯᠤᠨ ᠡᠮᠡᠭᠲᠡᠶᠢᠴᠦᠳ ᠬᠡᠤᠬᠡᠳ᠂ ᠦᠳᠡᠭᠦᠰ᠂ ᠵᠡᠮᠳᠡᠭᠴᠦᠳ ᠤᠨ ᠠᠵᠢᠯ ᠴᠦᠮ ᠰᠢᠨ᠎ᠡ ᠠᠬᠢᠴᠠ ᠲᠠᠢ ᠪᠣᠯᠪᠠ᠃        — ᠡᠶ᠎ᠡ ᠵᠣᠬᠢᠴᠠᠩᠭᠤᠢ ᠦᠪᠦᠷ ᠮᠣᠩᠭᠤᠯ ᠤᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠪᠡ᠃ ᠬᠠᠤᠯᠢ ᠢᠶᠠᠷ ᠣᠷᠤᠨ ᠢᠶᠠᠨ ᠵᠠᠰᠠᠬᠤ ᠶᠢ ᠪᠦᠬᠦ ᠲᠠᠯ᠎ᠠ ᠪᠠᠷ ᠠᠬᠢᠭᠤᠯᠵᠤ᠂ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠬᠠᠣᠯᠢ ᠶᠢ ᠴᠢᠩᠭ᠎ᠠ ᠬᠡᠷᠡᠭᠵᠢᠭᠦᠯᠬᠦ᠂ ᠬᠠᠣᠯᠢ ᠴᠠᠭᠠᠵᠠ ᠶᠢ ᠲᠥᠪ ᠭᠤᠣᠯᠴᠢ ᠪᠠᠷ ᠬᠡᠷᠡᠭᠵᠢᠭᠦᠯᠭᠦ᠂ ᠪᠦᠬᠦ ᠠᠷᠠᠳ ᠢᠶᠠᠷ ᠢᠶᠠᠨ ᠬᠠᠤᠯᠢ ᠢ ᠵᠢᠷᠤᠮᠯᠠᠬᠤ ᠶᠢ ᠴᠢᠩᠭᠠᠳᠬᠠᠪᠠ᠃ ᠠᠮᠤᠷ ᠠᠮᠤᠭᠤᠯᠠᠩ ᠢ ᠡᠭᠦᠳᠤᠨ ᠪᠠᠶᠢᠭᠤᠯᠬᠤ ᠢᠨᠵᠧᠨᠧᠷᠢᠩ ᠢ ᠬᠦᠴᠦᠲᠠᠢ ᠬᠡᠷᠡᠭᠵᠢᠭᠦᠯᠦᠨ᠂ ᠨᠡᠶᠢᠭᠡᠮ ᠤᠨ ᠵᠦᠷᠢᠴᠡᠯ ᠢ ᠨᠠᠮᠳᠠᠭᠤᠯᠬᠤ ᠲᠣᠭᠲᠠᠴᠠ ᠲᠠᠰᠤᠷᠠᠯᠲᠠ ᠦᠭᠡᠢ ᠪᠦᠷᠢᠨᠰᠢᠵᠦ᠂ ᠨᠡᠶᠢᠭᠡᠮ ᠤᠨ ᠵᠠᠰᠠᠯᠲᠠ ᠶᠢᠨ ᠬᠢᠷᠢ ᠬᠡᠮᠵᠢᠶ᠎ᠡ ᠯᠠᠪᠳᠠᠭᠤᠨ ᠢᠶᠠᠷ ᠳᠡᠭᠡᠭᠰᠢᠯᠡᠪᠡ᠃ ᠪᠣᠰᠤᠭ᠎ᠠ ᠴᠣᠭᠴᠠᠳᠤ ᠨᠡᠶᠢᠭᠡᠮ ᠤᠨ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ ᠰᠢᠰᠲ᠋ᠧᠮ ᠢ ᠴᠣᠭᠴᠠᠯᠠᠨ ᠪᠠᠶᠢᠭᠤᠯᠵᠤ᠂ ᠡᠯ᠎ᠡ ᠲᠦᠷᠦᠯ ᠤᠨ ᠬᠠᠤᠯᠢ ᠠᠴᠠ ᠵᠦᠷᠢᠴᠡᠭᠰᠡᠨ ᠶᠠᠯ᠎ᠠ ᠪᠠ ᠳᠠᠶᠢᠰᠤᠩᠨᠠᠭᠴᠢ ᠬᠦᠴᠦᠨ ᠤ ᠨᠡᠪᠴᠢᠨ ᠣᠷᠤᠵᠤ ᠨᠤᠷᠠᠭᠠᠯᠲᠠ ᠡᠪᠳᠡᠯᠬᠡ ᠬᠢᠬᠦ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠦᠭᠴᠦ᠂ ᠠᠷᠠᠳ ᠣᠯᠠᠨ ᠤ ᠠᠮᠤᠷ ᠲᠦᠪᠰᠢᠨ ᠪᠠ ᠬᠠᠨᠤᠮᠵᠢ ᠶᠢᠨ ᠬᠡᠮᠵᠢᠶ᠎ᠡ ᠢᠯᠡᠳᠲᠡ ᠳᠡᠭᠡᠭᠰᠢᠯᠡᠪᠡ᠃ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠳᠠ ᠲᠠᠯᠪᠢᠬᠤ ᠠᠵᠢᠯ ᠴᠢᠩᠭᠠᠷᠠᠪᠠ᠃ ᠠᠷᠠᠳ ᠤᠨ ᠠᠭᠠᠷ ᠤᠨ ᠰᠡᠷᠭᠡᠶᠢᠯᠡᠯᠲᠡ ᠪᠠ ᠴᠡᠷᠢᠭ ᠢᠶᠠᠨ ᠬᠦᠷᠢᠶᠡᠯᠡᠵᠦ ᠴᠡᠷᠢᠭ ᠤᠨ ᠭᠡᠷ ᠪᠦᠯᠢ ᠢ ᠬᠠᠷᠠᠭᠠᠯᠵᠠᠬᠤ ᠠᠵᠢᠯ ᠢ ᠬᠢᠨᠠᠮᠠᠭᠠᠢ ᠰᠠᠶᠢᠲᠤᠷ ᠬᠢᠵᠤ᠂ ᠣᠯᠣᠰ ᠤᠨ ᠪᠠᠲᠤᠯᠠᠨ ᠬᠠᠮᠠᠭᠠᠯᠠᠯᠳᠠ ᠪᠣᠯᠤᠨ ᠴᠡᠷᠢᠭ ᠠᠩᠭᠢ ᠶᠢᠨ ᠤᠳᠤᠬᠢᠴᠢᠯᠠᠯᠳᠠ ᠶᠢᠨ ᠪᠦᠳᠦᠭᠡᠨ ᠪᠠᠶᠢᠭᠤᠯᠤᠯᠳᠠ ᠶᠢ ᠬᠦᠴᠦᠳᠡᠢ ᠳᠡᠮᠵᠢᠵᠤ᠂ ᠴᠡᠷᠢᠭ ᠠᠷᠠᠳ ᠤᠨ ᠠᠭᠤᠰᠤᠯᠴᠠᠨ ᠬᠦᠭᠵᠢᠬᠦ ᠶᠢ ᠠᠬᠢᠭᠤᠯᠵᠤ᠂ ᠡᠬᠡ ᠣᠯᠣᠰ ᠤᠨ ᠤᠮᠠᠷᠠᠲᠤ ᠠᠮᠤᠷ ᠲᠦᠪᠰᠢᠨ ᠲᠤᠭᠲᠠᠭᠤᠨ ᠤ ᠬᠠᠯᠬᠠᠪᠴᠢ ᠢ ᠴᠣᠭᠴᠠᠯᠠᠨ ᠪᠠᠶᠢᠭᠤᠯᠪᠠ᠃        — ᠵᠠᠰᠠᠭ ᠤᠨ ᠣᠷᠳᠤᠨ ᠤ ᠲᠤᠰ ᠪᠡᠶ᠎ᠡ ᠶᠢᠨ ᠪᠠᠶᠢᠭᠤᠯᠤᠯᠲᠠ ᠲᠠᠰᠤᠷᠠᠯᠳᠠ ᠦᠭᠡᠢ ᠴᠢᠩᠭᠠᠷᠠᠪᠡ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠮ ᠤᠨ ᠤᠯᠤᠰ ᠲᠥᠷᠦ ᠶᠢᠨ ᠰᠠᠬᠢᠯᠭ᠎ᠠ ᠪᠠᠲᠤ ᠪᠣᠯᠤᠨ ᠤᠯᠤᠰ ᠲᠥᠷᠦ ᠶᠢᠨ ᠶᠣᠰᠤ ᠳᠦᠷᠢᠮ ᠢ ᠴᠢᠩᠭ᠎ᠠ ᠰᠠᠬᠢᠵᠤ᠂ ᠲᠥᠪ ᠬᠤᠷᠢᠶ᠎ᠠ ᠶᠢᠨ ᠨᠡᠶᠢᠮᠠᠨ ᠵᠦᠢᠯ ᠤᠨ ᠲᠣᠭᠲᠠᠭᠠᠯ ᠪᠣᠯᠤᠨ ᠦᠪᠡᠷᠳᠡᠭᠡᠨ ᠵᠠᠰᠠᠬᠤ ᠣᠷᠤᠨ ᠤ 28 ᠵᠦᠢᠯ ᠤᠨ ᠢᠵᠢ ᠲᠦᠭᠦᠷᠵᠢᠭᠦᠯᠦᠭᠰᠡᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠨᠠᠮ ᠤᠨ ᠣᠯᠠᠨ ᠲᠦᠮᠡᠨᠴᠢ ᠱᠤᠭᠤᠮ ᠤᠨ ᠬᠦᠮᠦᠵᠢᠯ ᠦᠢᠯᠡᠳᠦᠯᠭᠡ ᠶᠢᠨ ᠠᠵᠢᠯᠯᠠᠭ᠎ᠠ ᠪᠣᠯᠤᠨ ︽ᠭᠤᠷᠪᠠᠨ ᠴᠢᠩᠭ᠎ᠠ ᠭᠤᠷᠪᠠᠨ ᠪᠣᠳᠠᠲᠠᠢ ᠪᠠᠶᠢᠬᠤ︾ ᠲᠤᠰᠬᠠᠢ ᠰᠡᠳᠦᠪᠳᠤ ᠬᠦᠮᠦᠵᠢᠯ ᠢ ᠭᠦᠨᠵᠡᠭᠡᠢ ᠦᠷᠨᠢᠭᠦᠯᠵᠦ᠂ ᠲᠥᠪ ᠰᠤᠷᠲᠠᠯ ᠪᠠ ᠰᠠᠬᠢᠯᠭ᠎ᠠ ᠪᠠᠳᠤ ᠢ ᠬᠢᠴᠢᠶᠡᠩᠭᠦ᠋ᠢᠯᠡᠨ ᠵᠢᠷᠤᠮᠯᠠᠵᠤ᠂ ᠲᠣᠭᠲᠠᠭᠠᠯ ᠳᠦᠷᠢᠮ ᠢ ᠪᠠᠶᠢᠭᠤᠯᠤᠨ ᠲᠤᠭᠳᠠᠭᠠᠵᠤ᠂ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠰᠤᠷᠲᠠᠯ ᠢᠯᠡᠳᠲᠡ ᠰᠠᠶᠢᠵᠢᠷᠠᠬᠤ ᠢ ᠠᠬᠢᠭᠤᠯᠪᠠ᠃ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠨ ᠪᠠᠶᠢᠴᠠᠭᠠᠬᠤ᠂ ᠬᠢᠨᠠᠨ ᠪᠣᠳᠤᠬᠤ ᠡᠷᠴᠢᠮ ᠢᠶᠠᠨ ᠴᠢᠩᠭᠠᠷᠠᠭᠤᠯᠵᠤ᠂ ᠠᠷᠢᠭᠤᠨ ᠴᠢᠭᠡᠴᠢ ᠪᠠᠷ ᠵᠠᠰᠠᠭ ᠪᠠᠷᠢᠬᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠪᠠ᠃ ᠵᠠᠰᠠᠭ ᠢ ᠴᠣᠮᠬᠠᠳᠬᠠᠨ ᠡᠷᠬᠡ ᠪᠠᠨ ᠪᠠᠭᠤᠯᠭᠠᠬᠤ ᠢ ᠬᠦᠴᠦᠳᠡᠢ ᠠᠳᠬᠤᠵᠤ᠂ ᠦᠪᠡᠷᠳᠡᠭᠡᠨ ᠵᠠᠰᠠᠬᠤ ᠣᠷᠤᠨ ᠤ ᠲᠤᠰ ᠱᠠᠳᠤᠨ ᠤ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠵᠦᠢᠯᠡᠰ ᠪᠣᠯᠣᠨ ᠵᠠᠰᠠᠭ ᠵᠠᠬᠢᠷᠭᠠᠨ ᠤ ᠡᠷᠬᠡ ᠶᠢ ᠲᠤᠰ ᠲᠤᠰ 47%᠎ ᠢᠶᠠᠷ ᠪᠠ 45%᠎ ᠢᠶᠠᠷ ᠪᠠᠭᠠᠰᠬᠠᠪᠠ᠃ ︽ᠭᠤᠷᠪᠠᠨ ᠵᠦᠢᠯ ᠤᠨ ᠰᠠᠬᠢᠯᠭ᠎ᠠ︾᠎ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠤᠨ ᠣᠷᠳᠤᠨ ᠤ ᠴᠢᠨᠠᠷᠲᠠᠢ ᠠᠰᠠᠷ ᠲᠠᠭᠲᠤ ᠲᠠᠩᠬᠢᠮ ᠪᠠᠭᠤᠳᠠᠯ ᠢ ᠰᠢᠨ᠎ᠡ ᠪᠠᠷ ᠪᠠᠶᠢᠭᠤᠯᠬᠤ ᠪᠠ ᠬᠢᠨᠠᠨ ᠵᠦᠪᠰᠢᠶᠡᠷᠡᠬᠦ ᠶᠢ ᠪᠦᠬᠦ ᠲᠠᠯ᠎ᠠ ᠪᠠᠷ ᠵᠣᠭᠰᠤᠭᠠᠵᠤ᠂ ᠦᠪᠡᠷᠳᠡᠭᠡᠨ ᠵᠠᠰᠠᠬᠤ ᠣᠷᠤᠨ ᠤ ᠲᠤᠰ ᠱᠠᠳᠤᠨ ᠤ ︽ᠠᠯᠪᠠᠨ ᠤ ᠭᠤᠷᠪᠠᠨ ᠵᠠᠷᠤᠳᠠᠯ︾᠎ ᠤᠨ ᠵᠠᠷᠤᠯᠭ᠎ᠠ ᠶᠢ 2010᠎ ᠤᠨ ᠤ ᠬᠢ ᠠᠴᠠ 53.3%᠎ ᠢᠶᠠᠷ ᠪᠠᠭᠤᠷᠠᠭᠤᠯᠪᠠ᠃ ᠬᠠᠤᠯᠢ ᠶᠣᠰᠤᠭᠠᠷ ᠵᠠᠰᠠᠭ ᠶᠠᠪᠤᠭᠤᠯᠬᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠰᠢᠨᠵᠢᠯᠡᠬᠦ ᠤᠬᠠᠭᠠᠨᠴᠢ ᠪᠦᠭᠡᠳ ᠠᠷᠠᠳᠴᠢᠯᠠᠯ ᠢᠶᠠᠷ ᠰᠢᠢᠳᠪᠦᠷᠢᠳᠤ ᠪᠣᠳᠤᠯᠭ᠎ᠠ ᠲᠣᠭᠲᠠᠭᠠᠬᠤ ᠶᠢ ᠪᠦᠬᠦ ᠲᠠᠯ᠎ᠠ ᠪᠠᠷ ᠠᠬᠢᠭᠤᠯᠵᠤ᠂ ᠠᠷᠠᠳ ᠤᠨ ᠲᠦᠯᠦᠭᠡᠯᠡᠭᠴᠢᠳ ᠤᠨ ᠬᠠᠤᠯᠢ ᠶᠣᠰᠤᠭᠠᠷ ᠬᠢᠨᠠᠯᠲᠠ ᠲᠠᠯᠪᠢᠬᠤ ᠪᠠ ᠤᠯᠤᠰ ᠳᠦᠷᠦ ᠶᠢᠨ ᠵᠦᠪᠯᠡᠯᠭᠡᠨ ᠤ ᠠᠷᠠᠳᠴᠢᠯᠠᠯ ᠢᠶᠠᠷ ᠬᠢᠨᠠᠯᠳᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠠᠨ ᠠᠪᠴᠤ᠂ ᠡᠯ᠎ᠡ ᠠᠷᠠᠳᠴᠢᠯᠠᠬᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠣᠨ ᠨᠠᠮ ᠪᠦᠯᠦᠭ ᠤᠨ ᠪᠣᠰᠤ ᠬᠦᠮᠦᠰ ᠤᠨ ᠰᠠᠨᠠᠯ ᠢ ᠬᠢᠨᠠᠮᠠᠭᠠᠢ ᠰᠣᠨᠤᠰᠴᠤ᠂ ᠵᠠᠰᠠᠭ ᠤᠨ ᠣᠷᠳᠤᠨ ᠤ ᠵᠦᠪᠯᠡᠭᠦ ᠠᠷᠠᠳᠴᠢᠯᠠᠯ ᠤᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠪᠠ᠃        ᠲᠥᠯᠥᠭᠡᠯᠡᠭᠴᠢᠳ ᠡ᠂ ᠥᠩᠭᠡᠷᠡᠨ ᠣᠳᠣᠭᠰᠠᠨ 2015 ᠣᠨ ᠳᠤ᠂ ᠪᠢᠳᠡ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠠᠴᠠ ᠲᠣᠭᠲᠠᠭᠠᠭᠰᠠᠨ ᠡᠯ᠎ᠡ ᠵᠦᠢᠯ ᠤᠨ ᠡᠭᠦᠷᠭᠡ ᠪᠠᠨ ᠠᠮᠵᠢᠯᠲᠠ ᠲᠠᠢ ᠪᠠᠷ ᠪᠡᠶᠡᠯᠡᠭᠦᠯᠪᠡ᠃ ᠠᠩᠬ᠎ᠠ ᠠᠯᠬᠤᠮ ᠤᠨ ᠪᠦᠷᠢᠳᠬᠡᠭᠰᠡᠨ ᠢᠶᠠᠷ ᠪᠣᠯ᠂ ᠣᠷᠣᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ 7.7% ᠢᠶᠢᠡᠷᠤ᠋ ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 6.5%᠎ ᠢᠶᠠᠷ ᠨᠡᠮᠡᠭᠳᠡᠨ᠂ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ 14.5%᠎ ᠢᠶᠠᠷ ᠨᠡᠮᠡᠭᠳᠡᠵᠦ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠡᠵᠡᠮᠳᠡᠵᠦ ᠪᠤᠯᠬᠤ ᠤᠷᠤᠯᠭ᠎ᠠ 8.5%᠎ ᠢᠶᠠᠷ ᠨᠡᠮᠡᠭᠳᠡᠪᠡ᠂ ᠪᠠᠶᠢᠡᠭᠭᠤ ᠰᠠᠭᠤᠭ᠎ᠠ ᠭᠠᠵᠠᠷ ᠢᠶᠠᠷ ᠨᠢ ᠬᠤᠪᠢᠶᠠᠪᠠᠯ᠂ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠡᠵᠡᠮᠳᠡᠵᠦ ᠪᠤᠯᠬᠤ ᠤᠷᠤᠯᠭ᠎ᠠ 7.9%᠎ ᠢᠶᠠᠷ ᠨᠡᠮᠡᠭᠳᠡᠵᠦ᠂ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 8%᠎ ᠢᠶᠠᠷ ᠨᠡᠮᠡᠭᠳᠡᠪᠡ᠃ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ ᠬᠠᠩᠰᠢ ᠶᠢᠨ ᠵᠢᠭᠠᠯᠳᠠ ᠲᠤᠭ᠎ᠠ 1.1%᠎ ᠢᠶᠠᠷ ᠥᠰᠴᠦ᠂ ᠨᠢᠭᠡᠴᠢ ᠦᠢᠯᠡᠳᠪᠦᠷᠢᠯᠡᠯ ᠤᠨ ᠶᠡᠷᠦᠩᠬᠡᠢ ᠥᠷᠲᠡᠭ ᠲᠠᠬᠢ ᠡᠨᠧᠷᠭᠢ ᠶᠢᠨ ᠬᠤᠷᠣᠭᠳᠠᠯ ᠪᠠ ᠨᠡᠭᠦᠷᠡᠰᠦᠳᠦ᠋ᠷᠦᠭᠴᠢ ᠶᠢᠨ ᠳᠠᠪᠬᠤᠷ ᠢᠰᠦᠯ ᠢ ᠭᠠᠳᠠᠭᠰᠢᠯᠠᠭᠤᠯᠬᠤ ᠬᠡᠮᠵᠢᠶ᠎ᠡ ᠲᠤᠰ ᠲᠤᠰ 4% ᠪᠠ 5%᠎ ᠢᠶᠠᠷ ᠪᠠᠭᠤᠷᠠᠪᠠ᠃ ᠭᠤᠣᠯ ᠪᠣᠯᠬᠤ ᠵᠢᠭᠠᠯᠳᠠ ᠲᠤᠭ᠎ᠠ ᠵᠣᠬᠢᠰᠲᠠᠢ ᠣᠷᠣᠨ ᠵᠠᠢ ᠲᠤ ᠪᠠᠶᠢᠷᠢᠯᠠᠨ᠂ ᠠᠵᠤ ᠠᠬᠤᠢ ᠶᠢᠨ ᠡᠷᠬᠢᠯᠳᠠ ᠲᠣᠭᠲᠠᠭᠤᠨ ᠤ ᠲᠤᠮᠳᠠ ᠠᠬᠢᠯᠳᠠ ᠲᠠᠢ᠂ ᠲᠣᠭᠲᠠᠭᠤᠨ ᠤ ᠲᠤᠮᠳᠠ ᠠᠮᠵᠢᠯᠳᠠ ᠲᠠᠢ ᠪᠤᠯᠪᠡ᠃ ᠨᠢᠭᠡ ᠵᠢᠯ ᠤᠨ ᠲᠤᠷᠰᠢ ᠪᠢᠳᠡ ᠭᠤᠣᠯᠳᠠᠭᠤ ᠳᠣᠣᠷᠠᠬᠢ ᠠᠵᠢᠯ ᠤᠳ ᠢ ᠬᠢᠭᠰᠡᠨ ᠪᠠᠶᠢᠨ᠎ᠠ᠄       ︵ᠨᠢᠭᠡ︶ ᠠᠵᠤ ᠠᠬᠤᠢ ᠶᠢᠨ ᠨᠡᠮᠡᠭᠳᠡᠯ ᠢ ᠪᠦᠬᠦ ᠬᠦᠴᠦᠨ ᠢᠶᠠᠷ ᠢᠶᠠᠨ ᠲᠣᠭᠲᠠᠭᠤᠨ ᠪᠠᠶᠢᠯᠭᠠᠪᠡ᠃ ᠠᠵᠤ ᠠᠬᠤᠢ ᠶᠢᠨ ᠡᠷᠬᠢᠯᠳᠠ ᠳᠠᠬᠢ ᠲᠤᠬᠢᠷᠠᠭᠤᠯᠭ᠎ᠠ ᠡᠵᠡᠮᠰᠢᠯ ᠢ ᠴᠢᠩᠭᠠᠳᠬᠠᠵᠤ᠂ ᠨᠡᠮᠡᠭᠳᠡᠯ ᠢ ᠲᠣᠭᠲᠠᠪᠤᠷᠢᠵᠢᠭᠤᠯᠤᠨ ᠦᠭᠡᠷᠡᠴᠢᠯᠡᠯᠲᠡ ᠶᠢ ᠠᠬᠢᠭᠤᠯᠵᠤ ᠪᠦᠲᠦᠴᠡ ᠶᠢ ᠲᠣᠬᠢᠷᠠᠭᠤᠯᠤᠨ ᠠᠷᠠᠳ ᠲᠤ ᠠᠰᠢᠭ ᠬᠦᠷᠲᠡᠭᠡᠬᠦ᠂ ᠪᠠᠭ᠎ᠠ ᠵᠢᠵᠢᠭ ᠠᠵᠤ ᠠᠬᠤᠶᠢᠯᠠᠯ ᠢ ᠲᠡᠳᠬᠦᠬᠦ᠂ ᠭᠡᠷ ᠭᠠᠵᠠᠷ ᠤᠨ ᠬᠦᠷᠦᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠦᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠵᠡᠷᠭᠡ ᠬᠦᠴᠦᠨ ᠪᠦᠬᠦᠢ ᠪᠣᠳᠠᠳᠠᠢ ᠠᠯᠢ ᠣᠯᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠤᠭᠳᠠᠭᠠᠪᠠ᠃ ᠪᠡᠯᠡ ᠣᠷᠤᠭᠤᠯᠤᠯᠲᠠ ᠶᠢᠨ ᠨᠡᠮᠡᠭᠳᠡᠯ ᠢ ᠲᠤᠬᠳᠠᠭᠤᠨ ᠪᠠᠶᠢᠯᠭᠠᠬᠤ ᠲᠤᠮᠳᠡᠬᠢ ᠵᠠᠩᠭᠢᠯᠠᠭ᠎ᠠ ᠶᠢᠨ ᠦᠢᠯᠡᠳᠦᠯ ᠢ ᠪᠠᠳᠠᠷᠠᠭᠤᠯᠪᠠ᠃ ᠭᠤᠣᠯᠳᠠᠯᠭ᠎ᠠ ᠲᠠᠢ ᠲᠥᠷᠥᠯ ᠵᠦᠢᠯ ᠢ ᠲᠤᠰᠬᠠᠢ ᠵᠦᠢᠯ ᠢᠶᠠᠷ ᠠᠬᠢᠭᠤᠯᠬᠤ ᠪᠠ ᠮᠤᠵᠢ ᠶᠢᠨ ᠳᠡᠰ ᠤᠨ ᠤᠳᠤᠷᠢᠳᠬᠤ ᠺᠠᠳ᠋ᠷ ᠤᠨ ᠭᠤᠣᠯᠳᠠᠯᠭ᠎ᠠ ᠲᠠᠢ ᠲᠥᠷᠥᠯ ᠵᠦᠢᠯ ᠢ ᠳᠠᠭᠠᠭᠠᠴᠢᠯᠠᠨ ᠬᠠᠷᠢᠯᠴᠠᠬᠤ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠴᠢᠬᠤᠯᠠ ᠶᠡᠭᠡ ᠲᠥᠷᠥᠯ ᠵᠦᠢᠯ ᠤᠨ ᠭᠤᠷᠪᠠᠨ ᠵᠢᠯ ᠤᠨ ᠠᠬᠢᠭᠤᠯᠬᠤ ᠲᠥᠯᠥᠪᠯᠡᠭᠡ ᠶᠢ ᠬᠡᠷᠡᠭᠵᠢᠭᠦᠯᠪᠡ᠃ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠥᠷᠥᠯ ᠵᠦᠢᠯ ᠤᠨ ᠪᠠᠷᠢᠯᠭ᠎ᠠ ᠡᠬᠢᠯᠡᠭᠦᠯᠦᠭᠰᠡᠨ ᠪᠠ ᠰᠡᠷᠭᠦᠭᠡᠭᠰᠡᠨ ᠨᠣᠷᠮ᠎ᠠ 95%᠎ ᠳᠤ ᠬᠦᠷᠴᠦ᠂ 4995 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠤᠯᠲᠠ ᠶᠢ ᠪᠡᠶᠡᠯᠡᠭᠦᠯᠪᠡ᠃ ᠤᠯᠤᠰ ᠤᠨ ᠵᠦᠪᠰᠢᠶᠡᠷᠡᠯ ᠢ ᠣᠯᠣᠭᠰᠠᠨ ᠪᠠ ᠪᠡᠯᠡᠳᠭᠡᠯ ᠠᠵᠢᠯ ᠢᠶᠠᠨ ᠡᠬᠢᠯᠡᠭᠦᠯᠦᠭᠰᠡᠨ ᠴᠢᠬᠤᠯᠠ ᠶᠡᠭᠡ ᠲᠥᠷᠥᠯ ᠵᠦᠢᠯ 22 ᠪᠠᠶᠢᠵᠤ᠂ ᠶᠡᠷᠦᠩᠭᠡᠢ ᠪᠡᠯᠡ ᠤᠷᠤᠭᠤᠯᠤᠯᠳᠠ ᠨᠢ 2024 ᠳ᠋ᠦᠩᠰᠢᠭᠤᠷ ᠲᠦᠭᠦᠷᠢᠭ ᠪᠠᠶᠢᠪᠡ᠃ ᠥᠪᠥᠷ ᠮᠣᠩᠭᠤᠯ ᠤᠨ ᠪᠠᠷᠠᠭᠤᠨ ᠪᠡᠶ᠎ᠠ ᠠᠴᠠ ᠲᠢᠶᠠᠨᠵᠢᠨ ᠬᠦᠷᠭᠦ᠂ ᠰᠢᠯᠢ ᠶᠢᠨ ᠭᠤᠣᠯ ᠠᠶᠢᠮᠠᠭ ᠠᠴᠠ ᠵᠢᠶᠠᠩᠰᠤ ᠬᠦᠷᠭᠦ᠂ ᠱᠠᠩᠬᠠᠢ ᠶᠢᠨ ᠰᠦᠮ᠎ᠡ ᠠᠴᠠ ᠱᠠᠨᠳᠦ᠋ᠩ ᠲᠤ ᠬᠦᠷᠭᠦ ᠪᠠ ᠰᠢᠯᠢ ᠶᠢᠨ ᠭᠤᠣᠯ ᠠᠶᠢᠮᠠᠭ ᠠᠴᠠ ᠱᠠᠨᠳᠦ᠋ᠩ ᠲᠤ ᠬᠦᠷᠭᠦ ᠴᠠᠬᠢᠯᠭᠠᠨ ᠬᠦᠴᠦᠨ ᠢ ᠭᠠᠳᠠᠬᠰᠢ ᠬᠦᠷᠭᠡᠭᠦ ᠵᠠᠮ ᠱᠤᠭᠤᠮ ᠵᠢᠴᠢ ᠢᠵᠢ ᠲᠦᠬᠦᠷᠵᠢᠭᠰᠡᠨ ᠴᠠᠬᠢᠯᠭᠠᠨ ᠡᠭᠦᠰᠭᠡᠭᠴᠢ ᠶᠢᠨ ᠲᠥᠷᠥᠯ ᠵᠦᠢᠯ ᠢ ᠪᠦᠳᠦᠭᠡᠨ ᠪᠠᠶᠢᠭᠤᠯᠵᠤ ᠡᠬᠢᠯᠡᠪᠡ᠃ ᠡᠵᠡᠨ᠎ᠡ ᠠᠴᠠ ᠬᠠᠮᠢ᠂ ᠰᠢᠯᠢ ᠶᠢᠨ ᠬᠤᠲᠠ ᠠᠴᠠ ᠡᠷᠢᠶᠡᠨ ᠬᠤᠲᠠ ᠳᠤ ᠬᠦᠷᠬᠦ ᠲᠡᠮᠦᠷ ᠵᠠᠮ ᠢ ᠪᠠᠶᠢᠭᠤᠯᠤᠨ ᠳᠠᠭᠤᠰᠵᠤ᠂ ᠤᠯᠠᠭᠠᠠᠬᠠᠳᠠ ᠪᠠ ᠲᠦᠩᠯᠢᠶᠣᠤ ᠠᠴᠠ ᠪᠡᠭᠡᠵᠢᠩ ᠮᠥᠭᠳᠡᠨ ᠲᠤ ᠬᠦᠷᠬᠦ ᠠᠶᠠᠨᠴᠢᠳ ᠤᠨ ᠲᠡᠭᠡᠭᠡᠪᠦᠷᠢ ᠶᠢᠨ ᠲᠤᠰᠬᠠᠢ ᠲᠡᠮᠦᠷ ᠵᠠᠮ ᠤᠨ ᠬᠤᠯᠪᠣᠬᠤ ᠱᠤᠭᠤᠮ᠂ ᠬᠦᠬᠡᠬᠤᠲᠠ ᠶᠢᠨ ᠭᠠᠵᠠᠷ ᠳᠣᠣᠷᠠᠬᠢ ᠲᠡᠮᠦᠷ ᠵᠠᠮ ᠵᠡᠷᠭᠡ ᠴᠢᠬᠤᠯᠠ ᠶᠡᠭᠡ ᠲᠥᠷᠥᠯ ᠵᠦᠢᠯ ᠢ ᠪᠠᠷᠢᠯᠭ᠎ᠠ ᠡᠬᠢᠯᠡᠭᠦᠯᠵᠤ᠂ ᠰᠢᠨ᠎ᠠ ᠪᠠᠷ ᠨᠡᠮᠡᠭᠳᠡᠭᠰᠡᠨ ᠲᠡᠮᠦᠷ ᠵᠠᠮ ᠤᠨ ᠠᠶᠠᠨ ᠵᠦᠭᠡᠭᠡᠪᠦᠷᠢ ᠶᠢᠨ ᠪᠦᠭᠦ ᠤᠷᠲᠤ ᠨᠢ 1320 ᠺᠢᠯᠤᠮᠧᠳ᠋ᠷ ᠲᠤ ᠬᠦᠷᠪᠡ᠃ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠳᠤ 760 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠤ᠂ ᠰᠢᠨ᠎ᠠ ᠪᠠᠷ ᠨᠡᠮᠡᠭᠳᠡᠭᠰᠡᠨ ᠵᠠᠰᠠᠮᠠᠯ ᠵᠠᠮ ᠤᠨ ᠤᠷᠲᠤ 3000 ᠺᠢᠯᠤᠮᠧᠳ᠋ᠷ ᠲᠤ ᠬᠦᠷᠴᠤ᠂ 1537 ᠭᠠᠴᠠᠭ᠎ᠠ ᠲᠤᠰᠬᠤᠨ ᠳᠤ ᠰᠢᠨ᠎ᠠ ᠪᠠᠷ ᠪᠠᠷᠤᠭᠰᠢᠨ ᠱᠦᠢᠨᠢ ᠵᠠᠮ ᠨᠡᠪᠲᠡᠷᠡᠭᠰᠡᠨ ᠪᠠᠶᠢᠨ᠎ᠠ᠃ ᠤᠯᠠᠭᠠᠨᠴᠠᠪ᠂ ᠵᠠᠯᠠᠨ ᠠᠶᠢᠯ᠂ ᠬᠤᠣᠯᠢᠩᠭᠤᠣᠯ ᠲᠤ ᠲᠡᠭᠡᠭᠡᠪᠦᠷᠢ ᠶᠢᠨ ᠨᠢᠰᠬᠡᠯ ᠤᠨ ᠪᠠᠭᠤᠳᠠᠯ 3᠎ ᠢ ᠪᠠᠶᠢᠭᠤᠯᠵᠤ᠂ ᠤᠷᠠᠳ ᠤᠨ ᠲᠤᠮᠳᠠᠳᠤ ᠬᠤᠰᠢᠭᠤ᠂ ᠰᠢᠨ᠎ᠡ ᠪᠠᠷᠭᠤ ᠪᠠᠷᠠᠭᠤᠨ ᠬᠤᠰᠢᠭᠤ ᠂ ᠠᠷᠤᠨ ᠬᠤᠰᠢᠭᠤ ᠳᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ 3᠎ ᠢ ᠪᠠᠶᠢᠭᠤᠯᠪᠠ᠃ ᠬᠠᠲᠤᠨ ᠭᠤᠣᠯ ᠤᠨ ᠬᠤᠶᠠᠳᠤᠭᠠᠷ ᠬᠤᠭᠤᠴᠠᠭᠠᠨ ᠤ ᠦᠶᠡᠷ ᠠᠴᠠ ᠰᠡᠷᠭᠡᠶᠢᠯᠡᠬᠦ᠂ ᠴᠣᠣᠯ ᠭᠤᠣᠯ ᠤᠨ ᠳᠣᠣᠷᠠᠳᠤ ᠤᠷᠤᠰᠬᠠᠯ ᠤᠨ ᠤᠰᠤᠯᠠᠯᠲᠠ ᠶᠢᠨ ᠣᠷᠣᠨ᠂ ᠨᠢᠷᠬᠢ ᠶᠢᠨ ᠳᠣᠣᠷᠠᠳᠤ ᠤᠷᠤᠰᠬᠠᠯ ᠤᠨ ᠤᠰᠤᠯᠠᠯᠲᠠ ᠶᠢᠨ ᠣᠷᠣᠨ ᠤ ᠲᠦᠷᠦᠯ ᠵᠦᠢᠯ ᠪᠠᠷᠢᠯᠭ᠎ᠠ ᠡᠬᠢᠯᠡᠭᠦᠯᠪᠡ᠃ ᠤᠶᠢᠢᠵᠢᠭᠤᠯᠵᠤ ᠨᠤᠭᠤᠭᠠᠷᠠᠭᠤᠯᠤᠬᠰᠡᠨ ᠲᠠᠯᠠᠪᠠᠢ 1100 ᠲᠦᠮᠡᠨ ᠮᠦ ᠳᠤ ᠬᠦᠷᠴᠤ᠂ ᠭᠤᠣᠯᠳᠠᠯᠭ᠎ᠠ ᠲᠠᠢ ᠣᠷᠣᠨ ᠪᠦᠰᠡ ᠶᠢ ᠨᠤᠭᠤᠭᠠᠷᠠᠭᠤᠯᠤᠬᠰᠡᠨ ᠲᠠᠯᠠᠪᠠᠢ 210 ᠲᠦᠮᠡᠨ ᠮᠦ ᠳᠤ ᠬᠦᠷᠪᠡ᠃ ᠭᠤᠣᠯ ᠪᠣᠯᠬᠤ ᠪᠤᠬᠢᠷᠳᠤᠯ ᠡᠳ᠋ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠪᠠᠨ ᠪᠦᠬᠦ ᠲᠠᠯ᠎ᠠ ᠪᠠᠷ ᠪᠡᠶᠡᠯᠡᠭᠦᠯᠦᠨ᠂ ᠦᠬᠠᠢ ᠵᠢᠴᠢ ᠡᠷᠭᠢᠨ ᠲᠣᠭᠤᠷᠢᠨ ᠤ ᠭᠠᠵᠠᠷ ᠣᠷᠣᠨ ᠤ ᠠᠭᠠᠷ ᠮᠠᠨᠳᠠᠯ ᠤᠨ ᠪᠣᠬᠢᠷᠳᠣᠯ ᠢ ᠵᠠᠰᠠᠬᠤ ᠪᠠᠨ ᠲᠦᠷᠭᠡᠳᠭᠡᠵᠤ᠂ ᠬᠦᠯᠦᠨ ᠨᠠᠭᠤᠷ ᠪᠠ ᠤᠯᠠᠭᠠᠨᠰᠤᠬᠠᠢ ᠶᠢᠨ ᠪᠤᠬᠢᠷᠳᠤᠯ ᠢ ᠵᠠᠰᠠᠬᠤ ᠠᠵᠢᠯ ᠳᠤ ᠢᠯᠡᠷᠬᠡᠢ ᠦᠷ᠎ᠡ ᠪᠦᠲᠦᠮᠵᠢ ᠣᠯᠪᠠ᠃ ᠣᠯᠠᠨ ᠠᠷᠭ᠎ᠠ ᠪᠠᠷᠢᠯ ᠢᠶᠠᠷ ᠠᠵᠤ ᠠᠬᠤᠶᠢᠯᠠᠯ ᠤᠨ ᠦᠢᠯᠡᠳᠪᠦᠷᠢᠯᠡᠯ ᠢ ᠲᠣᠭᠲᠠᠭᠤᠨ ᠪᠠᠶᠢᠯᠭᠠᠪᠡ᠃ ︽ᠡᠵᠡᠩᠨᠡᠯᠲᠡ ᠶᠢᠨ ᠭᠠᠶᠢᠯᠢ ᠶᠢ ᠨᠡᠮᠡᠭᠳᠡᠯ ᠦᠷᠲᠡᠭ ᠤᠨ ᠭᠠᠶᠢᠯᠢ ᠪᠣᠯᠭᠠᠨ ᠬᠤᠪᠢᠷᠠᠭᠤᠯᠬᠤ︾᠎ ᠪᠠᠷ ᠲᠠᠮᠵᠢᠨ ᠠᠵᠤ ᠠᠬᠤᠶᠢᠢᠯᠠᠯ ᠤᠨ ᠳᠠᠷᠤᠭᠠᠰᠤ ᠶᠢ ᠬᠥᠩᠭᠡᠷᠡᠭᠦᠯᠦᠭᠰᠡᠨ ᠭᠡᠪᠴᠢᠶ᠎ᠠ 99%᠎ ᠳᠤ ᠬᠦᠷᠴᠦ᠂ ᠪᠠᠭ᠎ᠠ ᠵᠢᠵᠢᠭ ᠠᠵᠤ ᠠᠬᠤᠶᠢᠯᠠᠯ ᠢ ᠭᠠᠶᠢᠯᠢ ᠠᠴᠠ ᠬᠡᠯᠲᠦᠷᠢᠭᠦᠯᠦᠭᠰᠡᠨ ᠬᠡᠪᠴᠢᠶ᠎ᠡ 97%᠎ ᠠᠴᠠ ᠳᠡᠭᠡᠭᠰᠢ ᠪᠠᠶᠢᠵᠤ᠂ ᠠᠵᠤ ᠠᠬᠤᠶᠢᠯᠠᠯ ᠤᠨ ᠭᠠᠶᠢᠯᠢ ᠢ ᠬᠠᠰᠤᠵᠤ ᠰᠦᠢᠳᠭᠡᠯ ᠢ ᠪᠠᠭᠤᠷᠠᠭᠠᠤᠯᠤᠬᠰᠡᠨ ᠭᠡᠮᠵᠢᠶ᠎ᠠ 280 ᠳ᠋ᠦᠩᠰᠢᠭᠤᠷ ᠲᠦᠭᠦᠷᠢᠭ ᠲᠤ ᠬᠦᠷᠪᠡ᠃ ᠴᠠᠬᠢᠯᠭᠠᠨ ᠬᠦᠴᠦᠨ ᠤ ᠶᠡᠷᠦᠩᠬᠡᠶᠢᠯᠡᠨ ᠲᠡᠳᠬᠦᠬᠦ ᠲᠥᠷᠥ ᠶᠢᠨ ᠪᠣᠳᠣᠯᠭ᠎ᠠ ᠪᠠᠷ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠥᠪᠡᠷ ᠤᠨ ᠥᠷᠲᠡᠭ ᠢ 60 ᠳ᠋ᠦᠩᠰᠢᠭᠤᠷ ᠲᠦᠭᠦᠷᠢᠭ ᠪᠠᠭᠤᠷᠠᠭᠤᠯᠵᠤ᠂ ᠠᠵᠤ ᠦᠢᠯᠡᠳᠪᠦᠷᠢ ᠶᠢᠨ ᠰᠢᠨ᠎ᠠ ᠪᠠᠷ ᠨᠡᠮᠡᠭᠳᠡᠭᠰᠡᠨ ᠴᠠᠬᠢᠯᠭᠠᠨ ᠬᠡᠷᠡᠭᠯᠡᠭᠦ ᠭᠡᠮᠵᠢᠶ᠎ᠠ 97 ᠳ᠋ᠦᠩᠰᠢᠭᠤᠷ ᠭᠷᠠᠳᠦ᠋ᠰ ᠲᠤ ᠬᠦᠷᠴᠤ᠂ ᠠᠵᠤ ᠦᠢᠯᠡᠳᠪᠦᠷᠢ ᠶᠢᠨ ᠰᠢᠨ᠎ᠠ ᠪᠠᠷ ᠨᠡᠮᠡᠭᠳᠡᠭᠰᠡᠨ ᠨᠡᠮᠡᠭᠳᠡᠯ ᠥᠷᠲᠡᠭ 335 ᠳ᠋ᠦᠩᠰᠢᠭᠤᠷ ᠲᠦᠭᠦᠷᠢᠭ᠂ ᠭᠠᠶᠢᠯᠢ ᠶᠢᠨ ᠣᠷᠣᠯᠭ᠎ᠠ 42 ᠳ᠋ᠦᠩᠰᠢᠭᠤᠷ ᠲᠦᠭᠦᠷᠢᠭ ᠲᠤ ᠬᠦᠷᠪᠡ᠃ ︽ᠨᠢᠭᠡ ᠠᠵᠤ ᠠᠬᠤᠶᠢᠯᠠᠯ ᠲᠤ ᠨᠢᠭᠡ ᠲᠥᠷᠥ ᠶᠢᠨ ᠪᠣᠳᠣᠯᠭ᠎ᠠ ᠢ ᠬᠡᠷᠡᠭᠵᠢᠭᠦᠯᠭᠦ︾ ᠠᠷᠭ᠎ᠠ ᠪᠠᠷ 372 ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠰᠡᠷᠭᠦᠭᠡᠬᠦ ᠶᠢ ᠲᠤᠰᠠᠯᠠᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 8.6%᠎ ᠢᠶᠠᠷ ᠨᠡᠮᠡᠭᠳᠡᠵᠦ᠂ ᠠᠵᠤ ᠦᠢᠯᠡᠳᠪᠦᠷᠢ ᠶᠢᠨ ᠴᠠᠬᠢᠯᠭᠠᠨ ᠬᠡᠷᠡᠭᠯᠡᠬᠦ ᠬᠡᠮᠵᠢᠶ᠎ᠡ 4.9%᠎ ᠢᠶᠠᠷ ᠨᠡᠮᠡᠭᠳᠡᠨ᠂ ᠪᠦᠬᠦ ᠤᠯᠤᠰ ᠪᠠ ᠬᠥᠷᠰᠢ ᠵᠡᠷᠭᠡᠯᠡᠳᠡᠭᠡ ᠮᠤᠵᠢ ᠨᠤᠭᠤᠳ ᠠᠴᠠ ᠲᠠᠪᠠᠪᠡ᠃ ᠡᠳ᠋ ᠤᠨ ᠵᠠᠰᠠᠭ ᠤᠨ ᠪᠡᠯᠡ ᠮᠥᠩᠭᠦ ᠶᠢᠨ ᠬᠥᠲᠥᠯᠥᠨ ᠵᠢᠯᠣᠭᠤᠳᠴᠤ ᠶᠡᠬᠡᠰᠬᠡᠬᠦ ᠦᠢᠯᠡᠳᠦᠯ ᠢ ᠪᠠᠳᠠᠷᠠᠭᠤᠯᠪᠠ᠃ ᠬᠠᠳᠠᠭᠠᠯᠠᠮᠵᠢ ᠪᠠᠷ ᠵᠢᠭᠡᠯᠡᠯᠭᠡ ᠶᠢ ᠠᠬᠢᠭᠤᠯᠵᠤ ᠪᠠᠶᠢᠭᠠᠳ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠰᠢᠨ᠎ᠠ ᠪᠠᠷ ᠨᠡᠮᠡᠭᠳᠡᠭᠦᠯᠦᠭᠰᠡᠨ ᠵᠢᠭᠡᠯᠡᠯᠭᠡ 568 ᠳ᠋ᠦᠩᠰᠢᠭᠤᠷ ᠲᠦᠭᠦᠷᠢᠭ ᠲᠤ ᠬᠦᠷᠴᠤ᠂ ᠮᠥᠩᠭᠦᠨ ᠭᠦᠢᠯᠭᠡᠭᠡ᠂ ᠤᠰᠤᠨ ᠤ ᠶᠠᠪᠤᠳᠠᠯ ᠤᠨ ᠪᠡᠯᠡ ᠬᠤᠷᠠᠮᠳᠤᠭᠤᠯᠭ᠎ᠠ ᠶᠢᠨ ᠲᠠᠪᠴᠠᠩ ᠢ ᠪᠠᠶᠢᠭᠤᠯᠵᠤ᠂ ᠲᠡᠮᠦᠷ ᠵᠠᠮ ᠤᠨ ᠵᠠᠮ ᠬᠠᠷᠢᠯᠴᠠᠭ᠎ᠠ᠂ ᠠᠵᠤ ᠦᠢᠯᠡᠰ ᠤᠨ ᠬᠥᠭᠵᠢᠯᠲᠡ᠂ ᠦᠢᠯᠡᠴᠢᠯᠡᠭᠡᠨ ᠤ ᠦᠢᠯᠡᠰ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ 240 ᠳ᠋ᠦᠩᠰᠢᠭᠤᠷ ᠲᠦᠭᠦᠷᠢᠭ ᠤᠨ ᠶᠡᠷᠦᠩᠬᠡᠢ ᠬᠡᠪᠴᠢᠶ᠎ᠡ ᠲᠠᠢ ᠰᠠᠭᠤᠷᠢ ᠮᠥᠩᠭᠦ ᠶᠢ ᠪᠠᠶᠢᠭᠤᠯᠵᠤ᠂ ᠨᠡᠶᠢᠭᠡᠮ ᠳᠤ PPP ᠲᠥᠷᠥᠯ ᠵᠦᠢᠯ ᠢ 91 ᠭᠠᠷᠭᠠᠵᠤ᠂ ᠨᠡᠶᠢᠲᠡ 1016 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠪᠡ᠃ ᠡᠯ᠎ᠡ ᠱᠠᠲᠤᠨ ᠤ ᠡᠳ᠋ ᠤᠨ ᠵᠠᠰᠠᠭ ᠤᠨ 940.8 ᠳ᠋ᠦᠩᠰᠢᠭᠤᠷ ᠲᠦᠭᠦᠷᠢᠭ ᠤᠨ ᠬᠠᠳᠠᠭᠠᠯᠠᠮᠵᠢ ᠶᠢᠨ ᠪᠡᠯᠡ ᠮᠥᠩᠭᠦ ᠶᠢ ᠬᠦᠭᠵᠢᠭᠡᠵᠤ᠂ 1477 ᠳ᠋ᠦᠩᠰᠢᠭᠤᠷ ᠲᠦᠭᠦᠷᠢᠭ ᠤᠨ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠳᠤ ᠢ ᠲᠠᠷᠬᠠᠭᠠᠵᠤ᠂ ᠣᠷᠣᠨ ᠨᠤᠲᠤᠭ ᠤᠨ ᠥᠷᠢ ᠥᠭᠴᠡᠭᠡ ᠪᠠᠨ ᠲᠥᠯᠥᠬᠦ ᠲᠠᠷᠤᠯᠳᠠ ᠶᠢ ᠪᠦᠲᠦᠮᠵᠢᠲᠡᠢ ᠨᠠᠮᠳᠠᠭᠠᠪᠠ᠃       ︵ᠬᠤᠶᠠᠷ︶ ᠠᠵᠤ ᠦᠢᠯᠡᠰ ᠤᠨ ᠪᠦᠲᠦᠴᠡ ᠶᠢ ᠬᠦᠴᠦᠯᠡᠨ ᠲᠤᠬᠢᠷᠠᠭᠤᠯᠵᠤ ᠰᠢᠯᠢᠳᠡᠭᠵᠢᠭᠦᠯᠪᠡ᠃ ᠣᠳᠣ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠢ ᠲᠦᠷᠭᠡᠳᠬᠡᠨ ᠬᠥᠭᠵᠢᠭᠦᠯᠪᠡ᠃ ᠰᠢᠨ᠎ᠠ ᠪᠠᠷ ᠨᠡᠮᠡᠭᠳᠡᠭᠰᠡᠨ ᠠᠮᠤ ᠪᠤᠳᠠᠭ᠎ᠠ ᠶᠢᠨ ᠤᠨᠠᠯᠲᠠ 14.8 ᠳ᠋ᠦᠩᠰᠢᠭᠤᠷ ᠵᠢᠩ᠂ ᠰᠢᠨ᠎ᠠ ᠪᠠᠷ ᠨᠡᠮᠡᠭᠳᠡᠭᠰᠡᠨ ᠮᠠᠯ ᠤᠨ ᠲᠤᠭ᠎ᠠ 670 ᠲᠦᠮᠡ ᠳᠤ ᠬᠦᠷᠴᠤ᠂ ᠠᠮᠤ ᠪᠤᠳᠠᠭ᠎ᠠ ᠶᠢᠨ ᠶᠡᠷᠦᠩᠬᠡᠢ ᠤᠨᠠᠯᠲᠠ᠂ ᠮᠠᠯ ᠤᠨ ᠲᠤᠭ᠎ᠠ ᠲᠣᠯᠣᠭᠠᠢ ᠴᠥᠮ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ ᠭᠤᠣᠯ ᠪᠣᠯᠬᠤ ᠲᠠᠷᠢᠮᠠᠯ ᠤᠨ ᠵᠦᠢᠯ ᠤᠨ ᠳᠠᠪᠠᠭᠤᠯᠢᠬᠳᠤ ᠣᠷᠣᠨ ᠪᠦᠰᠡ ᠶᠢᠨ ᠲᠥᠪᠯᠡᠷᠡᠭᠰᠡᠨ ᠭᠡᠮᠵᠢᠶ᠎ᠠ 85%᠎ ᠳᠤ ᠬᠦᠷᠴᠦ᠂ ᠪᠣᠬᠢᠷᠳᠣᠯ ᠦᠭᠡᠢ᠂ ᠨᠡᠶᠢᠲᠡ ᠳᠤ ᠬᠤᠣᠷᠠᠳᠠᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠵᠢᠴᠢ ᠣᠷᠭᠠᠨᠢᠭ ᠢᠳᠡᠭᠡᠨ ᠤ ᠵᠦᠢᠯ ᠢᠶᠠᠷ ᠬᠡᠷᠡᠴᠢᠯᠡᠭᠳᠡᠭᠰᠡᠨ ᠲᠠᠷᠢᠮᠡᠯ ᠤᠨ ᠲᠠᠯᠠᠪᠠᠢ 2350 ᠲᠦᠮᠡᠨ ᠮᠦ ᠪᠠᠶᠢᠵᠤ᠂ ᠰᠢᠨ᠎ᠠ ᠪᠠᠷ ᠨᠡᠮᠡᠭᠳᠡᠭᠰᠡᠨ ᠠᠷᠪᠢᠳᠠᠢ ᠤᠰᠤᠯᠠᠯᠲᠠ ᠶᠢᠨ ᠲᠠᠯᠠᠪᠠᠢ 519 ᠲᠦᠮᠡᠨ ᠮᠦ ᠳᠤ ᠬᠦᠷᠪᠡ᠃ ᠡᠯ᠎ᠡ ᠲᠥᠷᠥᠯ ᠤᠨ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ 4.3 ᠲᠦᠮᠨ ᠳᠤ ᠬᠦᠷᠴᠤ᠂ ᠮᠠᠯᠴᠢᠨ ᠲᠠᠷᠢᠶᠠᠴᠢᠨ ᠤ ᠲᠤᠰᠬᠠᠢ ᠬᠤᠷᠰᠢᠶ᠎ᠠ 7 ᠲᠦᠮᠡ ᠶᠢ ᠳᠠᠪᠠᠪᠠ᠃ ᠠᠵᠤ ᠦᠢᠯᠡᠳᠪᠦᠷᠢ ᠶᠢᠨ ᠬᠦᠭᠵᠢᠯᠳᠠ ᠶᠢᠨ ᠠᠷᠭ᠎ᠠ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠢᠳᠡᠪᠬᠢᠳᠡᠢ ᠠᠬᠢᠭᠤᠯᠪᠡ᠃ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠳᠤ 1035 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠵᠤ᠂ 41.2%᠎ ᠢᠶᠠᠷ ᠨᠡᠮᠡᠭᠳᠡᠪᠡ᠃ ᠨᠡᠭᠦᠷᠡᠰᠦᠨ ᠠᠭᠤᠷᠬᠠᠢ ᠶᠢᠨ ᠨᠢᠭᠡᠴᠢ ᠠᠭᠤᠷᠬᠠᠢ ᠶᠢᠨ ᠳᠤᠮᠳᠠᠴᠢ ᠬᠡᠪᠴᠢᠶ᠎ᠡ ᠨᠢ 188 ᠲᠦᠮᠡᠨ ᠲᠣᠨ ᠪᠠᠶᠢᠵᠤ᠂ ᠮᠠᠰᠢᠨᠴᠢᠯᠠᠯᠲᠠ ᠶᠢᠨ ᠨᠣᠷᠮ᠎ᠠ ᠪᠠ ᠠᠶᠣᠯ ᠦᠭᠡᠢ ᠦᠢᠯᠡᠳᠪᠦᠷᠢᠯᠡᠯ ᠤᠨ ᠲᠦᠪᠰᠢᠨ ᠪᠦᠬᠦ ᠤᠯᠤᠰ ᠤᠨ ᠲᠡᠷᠢᠭᠦᠨ ᠪᠠᠶᠢᠷᠢ ᠪᠠᠨ ᠪᠠᠲᠤᠯᠠᠪᠠ᠃ ᠰᠢᠨ᠎ᠠ ᠪᠠᠷ ᠨᠡᠮᠡᠭᠳᠡᠭᠰᠡᠨ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ 300 ᠲᠦᠮᠡᠨ ᠺᠢᠯᠤᠸᠠᠲ ᠲᠤ ᠬᠦᠷᠴᠤ᠂ ᠨᠡᠭᠦᠷᠡᠰᠦ ᠪᠠᠷ 142 ᠲᠦᠮᠡᠨ ᠲᠣᠨ ᠲᠣᠰᠣ ᠦᠢᠯᠡᠳᠬᠦ ᠂ ᠨᠡᠭᠦᠷᠡᠰᠦ ᠪᠠᠷ 106 ᠲᠦᠮᠡᠨ ᠲᠣᠨ ᠠᠯᠺᠧᠨ ᠦᠢᠯᠡᠳᠬᠦ᠂ ᠨᠡᠭᠦᠷᠡᠰᠦ ᠶᠢ 17.3 ᠳ᠋ᠦᠩᠰᠢᠭᠤᠷ ᠪᠣᠰᠤᠭ᠎ᠠ ᠳᠥᠷᠪᠡᠯᠵᠢᠨ ᠮᠧᠳ᠋ᠷ ᠤᠨ ᠪᠠᠶᠢᠭᠠᠯᠢ ᠶᠢᠨ ᠰᠢᠲᠠᠮᠠᠭᠠᠢ ᠬᠡᠢ ᠪᠣᠯᠭᠠᠬᠤ ᠦᠢᠯᠡᠳᠪᠦᠷᠢᠯᠡᠯ ᠤᠨ ᠴᠢᠳᠠᠪᠤᠷᠢ ᠶᠢ ᠪᠦᠷᠢᠯᠳᠦᠭᠦᠯᠵᠦ᠂ ᠴᠠᠬᠢᠯᠭᠠᠨ ᠵᠠᠳᠠᠯᠤᠯᠲᠤ ᠬᠥᠩᠭᠡᠨ ᠴᠠᠭᠠᠨ ᠢ ᠡᠳ᠋ᠰᠢᠭᠦᠯᠦᠨ ᠬᠤᠪᠢᠷᠠᠭᠤᠯᠬᠤ ᠨᠣᠷᠮ᠎ᠠ 70%᠎ ᠳᠤ ᠬᠦᠷᠪᠡ᠃ ᠰᠢᠯᠵᠢᠭᠡ ᠬᠤᠯᠪᠣᠭ᠎ᠠ᠂ ᠴᠠᠬᠢᠯᠭᠠᠨ ᠬᠤᠯᠪᠣᠭ᠎ᠠ᠂ ᠨᠢᠭᠡᠲᠦᠮᠡᠯ ᠬᠤᠯᠪᠣᠭ᠎ᠠ ᠶᠢᠨ ᠭᠤᠷᠪᠠᠨ ᠲᠣᠮᠣ ᠡᠭᠦᠯᠡᠨ ᠪᠣᠳᠣᠯᠲᠠ ᠶᠢᠨ ᠳ᠋ᠠᠶᠢᠲ᠋ᠠ ᠶᠢᠨ ᠲᠥᠪ ᠢ ᠪᠠᠶᠢᠭᠤᠯᠤᠨ᠂ 70 ᠲᠦᠮᠡᠨ ᠦᠢᠯᠡᠴᠢᠯᠡᠭᠦᠷ ᠲᠠᠢ ᠮᠠᠰᠢᠨ ᠴᠣᠭᠴᠠᠯᠠᠪᠤᠷᠢ ᠶᠢᠨ ᠴᠢᠳᠠᠪᠤᠷᠢ ᠶᠢ ᠪᠦᠷᠢᠯᠳᠦᠭᠦᠯᠵᠦ᠂ ᠪᠠᠶᠢᠳᠦ᠋᠂ ᠲᠧᠩᠰᠢᠶᠦ᠋ᠨ᠂ ᠵᠢᠩᠳᠦ᠋ᠩ ᠵᠡᠷᠭᠡ ᠨᠡᠷᠡᠳᠤ ᠠᠵᠤ ᠠᠬᠤᠶᠢᠯᠠᠯ ᠤᠳ ᠢ ᠤᠷᠢᠨ ᠠᠪᠴᠢᠷᠡᠪᠡ᠃ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠬᠦᠴᠦᠯᠡᠨ ᠬᠥᠭᠵᠢᠭᠦᠯᠪᠡ᠃ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ 8.1%᠎ ᠢᠶᠠᠷ ᠨᠡᠮᠡᠭᠳᠡᠵᠦ᠂ ᠭᠠᠶᠢᠯᠢ ᠶᠢᠨ ᠣᠷᠣᠯᠭ᠎ᠠ ᠳᠤ ᠦᠵᠡᠭᠦᠯᠦᠭᠰᠡᠨ ᠬᠤᠪᠢ ᠨᠡᠮᠡᠷᠢ ᠨᠢ 54.3%᠎ ᠳᠤ ᠬᠦᠷᠴᠦ᠂ ᠵᠠᠭᠤᠨ ᠤ ᠬᠠᠷᠢᠴᠡᠯ ᠢᠶᠠᠷ ᠲᠤᠰ ᠲᠤᠰ 1.3 ᠪᠠ 3.7 ᠬᠤᠪᠢ ᠳᠡᠭᠡᠭᠰᠢᠯᠡᠪᠡ᠃ ᠵᠤᠭᠠᠴᠡᠯ ᠤᠨ ᠦᠢᠯᠡᠰ ᠤᠨ ᠶᠡᠷᠦᠩᠬᠡᠢ ᠣᠷᠣᠯᠭ᠎ᠠ 2232 ᠳ᠋ᠦᠩᠰᠢᠭᠤᠷ ᠲᠦᠭᠦᠷᠢᠭ ᠲᠤ ᠬᠦᠷᠴᠤ᠂ 8419 ᠲᠦᠮᠡᠨ ᠬᠥᠮᠥᠨ ᠤᠳᠠᠭ᠎ᠠ ᠶᠢᠨ ᠵᠤᠭᠠᠴᠠᠬᠰᠡᠳ ᠢ ᠬᠦᠯᠢᠶᠡᠨ ᠠᠪᠴᠤ ᠵᠤᠴᠢᠯᠡᠨ᠂ ᠲᠤᠰ ᠲᠤᠰ 23.7%᠎ ᠢᠶᠠᠷ ᠪᠠ 11%᠎ ᠢᠶᠠᠷ ᠨᠡᠮᠡᠭᠳᠡᠪᠡ᠃ ᠡᠯᠧᠺᠳ᠋ᠷᠤᠨ ᠬᠤᠳᠠᠯᠳᠤᠭ᠎ᠠ᠂ ︽ᠢᠨᠲ᠋ᠧᠷ ᠰᠦᠯᠵᠢᠶ᠎ᠡ +︾ ᠲᠦᠷᠭᠡᠨ ᠬᠥᠭᠵᠢᠵᠦ᠂ ᠮᠡᠳᠡᠭᠡ ᠵᠠᠩᠭᠢ ᠶᠢᠨ ᠦᠢᠯᠡᠴᠢᠯᠡᠭᠡᠨ ᠤ ᠣᠷᠣᠯᠭ᠎ᠠ 33.5%᠎ ᠢᠶᠠᠷ ᠨᠡᠮᠡᠭᠳᠡᠨ᠂ ᠲᠦᠷᠭᠡᠨ ᠳᠠᠮᠵᠢᠭᠤᠯᠭ᠎ᠠ ᠶᠢᠨ ᠦᠢᠯᠡᠰ ᠤᠨ ᠣᠷᠣᠯᠭ᠎ᠠ 18%᠎ ᠢᠶᠠᠷ ᠨᠡᠮᠡᠭᠳᠡᠪᠡ᠃        ︵ᠭᠤᠷᠪᠠ︶ ᠥᠭᠡᠷᠡᠴᠢᠯᠡᠯᠲᠡ ᠶᠢᠨ ᠪᠤᠭᠤᠮᠳᠠ ᠰᠢᠪᠲᠤᠯᠬᠤ ᠡᠷᠴᠢᠮ ᠢ ᠴᠢᠩᠭᠠᠷᠠᠭᠤᠯᠪᠠ᠃ ᠦᠷᠭᠦᠯᠵᠢᠯᠡᠨ ᠵᠠᠰᠠᠭ ᠢ ᠴᠣᠮᠬᠠᠳᠬᠠᠨ ᠡᠷᠬᠡ ᠶᠢ ᠪᠠᠭᠤᠯᠭᠠᠪᠠ᠃ ᠭᠤᠷᠪᠠᠨ ᠱᠠᠲᠤᠨ ᠤ ᠡᠷᠬᠡ ᠶᠢᠨ ᠨᠠᠷᠢᠨ ᠳᠠᠩᠰᠠ ᠪᠠ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠨᠡᠶᠢᠲᠡᠯᠡᠵᠦ᠂ ᠠᠵᠤ ᠠᠬᠤᠶᠢᠯᠠᠯ ᠤᠨ ᠪᠡᠯᠡ ᠣᠷᠤᠭᠤᠯᠤᠯᠲᠠ ᠶᠢᠨ ᠲᠥᠷᠥᠯ ᠵᠦᠢᠯ ᠤᠨ ᠲᠠᠯ᠎ᠠ ᠪᠠᠷ ᠬᠢ 18 ᠵᠦᠢᠯ ᠤᠨ ᠬᠠᠷᠭᠤᠭᠤᠯᠤᠨ ᠵᠥᠪᠰᠢᠶᠡᠷᠡᠬᠦ ᠤᠷᠢᠲᠠᠴᠢ ᠨᠥᠬᠦᠴᠡᠯ ᠢ ᠬᠦᠴᠦᠨ ᠦᠭᠡᠢ ᠪᠣᠯᠭᠠᠨ᠂ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠭᠠᠷᠴᠠᠭ ᠤᠨ ᠨᠠᠷᠢᠨ ᠲᠠᠩᠰᠠ ᠶᠢ ᠨᠡᠶᠢᠲᠡᠯᠡᠵᠦ᠂ ᠰᠦᠢᠳᠬᠡᠯ ᠬᠤᠷᠢᠶᠠᠬᠤ 150 ᠲᠥᠷᠥᠯ ᠵᠦᠢᠯ ᠢ ᠬᠦᠴᠦᠨ ᠦᠭᠡᠢ ᠪᠣᠯᠭᠠᠵᠤ᠂ ᠲᠠᠲᠠᠪᠤᠷᠢᠯᠠᠬᠤ ᠪᠠᠨ ᠵᠣᠭᠰᠣᠭᠠᠭᠰᠠᠨ ᠪᠠ ᠪᠠᠭᠤᠷᠠᠭᠤᠯᠤᠭᠰᠠᠨ ᠪᠠᠶᠢᠨ᠎ᠠ᠃ ︽ᠭᠤᠷᠪᠠᠨ ᠦᠨᠡᠮᠯᠡᠯ ᠢ ᠨᠢᠭᠡᠳᠬᠡᠨ᠂ ᠨᠢᠭᠡ ᠦᠨᠡᠮᠯᠡᠯ ᠲᠤ ᠨᠢᠭᠡ ᠨᠤᠮᠧᠷ︾᠎ ᠲᠠᠢ ᠪᠠᠶᠢᠬᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠰᠢᠨ᠎ᠡ ᠬᠡᠪᠯᠡᠯ ᠤᠨ ᠡᠵᠡᠩᠨᠡᠯᠲᠡ ᠶᠢᠨ ᠦᠨᠡᠮᠯᠡᠯ ᠢ 5.3 ᠲᠦᠮᠡ ᠵᠦᠪᠰᠢᠶᠡᠷᠡᠨ ᠣᠯᠭᠤᠵᠤ᠂ ᠠᠵᠤ ᠠᠬᠤᠶᠢᠯᠠᠯ ᠤᠨ ᠳᠠᠩᠰᠠᠯᠠᠭᠤᠯᠬᠤ ᠬᠤᠭᠤᠴᠠᠭ᠎ᠠ ᠨᠢ ᠳᠤᠮᠳᠠᠴᠢ ᠪᠠᠷ 26 ᠡᠳᠦᠷ ᠪᠠᠶᠢᠭᠰᠠᠨ ᠢ 3 ᠡᠳᠦᠷ ᠪᠣᠯᠭᠠᠨ ᠪᠣᠭᠤᠨᠢᠰᠬᠠᠪᠠ᠃ ᠰᠢᠨ᠎ᠡ ᠪᠠᠷ ᠳᠠᠩᠰᠠᠯᠠᠨ ᠲᠡᠮᠳᠡᠭᠯᠡᠭᠦᠯᠦᠭᠰᠡᠨ ᠵᠠᠬ᠎ᠠ ᠳᠡᠯᠭᠡᠭᠦᠷ ᠤᠨ ᠭᠤᠤᠯ ᠴᠣᠭᠴᠠ ᠪᠣᠯᠬᠤ ᠡᠷᠦᠬᠡ 37 ᠲᠦᠮᠡ ᠪᠠᠶᠢᠵᠤ᠂ 34.5%᠎ ᠢᠶᠠᠷ ᠨᠡᠮᠡᠭᠳᠡᠪᠡ᠃ ᠣᠳᠣ ᠦᠶ᠎ᠡ ᠶᠢᠨ ᠵᠠᠬ᠎ᠠ ᠳᠡᠯᠭᠡᠭᠦᠷ ᠤᠨ ᠲᠤᠬᠳᠠᠯᠴᠠᠭ᠎ᠠ ᠶᠢ ᠲᠡᠭᠦᠯᠳᠡᠷᠵᠢᠭᠦᠯᠪᠡ᠃ ᠥᠪᠥᠷ ᠮᠣᠩᠭᠤᠯ ᠤᠨ ᠪᠠᠷᠠᠭᠤᠨ ᠪᠡᠶ᠎ᠠ ᠶᠢᠨ ᠴᠠᠬᠢᠯᠭᠠᠨ ᠲᠣᠣᠷ ᠢᠶᠠᠷ ᠳᠠᠮᠵᠢᠭᠤᠯᠬᠤ ᠴᠠᠬᠢᠯᠭᠠᠨ ᠤ ᠦᠨ᠎ᠡ ᠶᠢᠨ ᠥᠭᠡᠷᠡᠴᠢᠯᠡᠯᠲᠡ ᠶᠢ ᠡᠬᠢᠯᠡᠭᠦᠯᠦᠨ᠂ ᠲᠣᠮᠣ ᠠᠵᠤ ᠦᠢᠯᠡᠳᠪᠦᠷᠢ ᠶᠢᠨ ᠴᠠᠬᠢᠯᠭᠠᠨ ᠤ ᠦᠨ᠎ᠡ ᠶᠢ ᠭᠷᠠᠳᠦ᠋ᠰ ᠪᠦᠷᠢ ᠳᠤ 2.65 ᠮᠥᠩᠭᠦ ᠪᠠᠭᠤᠷᠠᠭᠤᠯᠵᠤ᠂ ᠴᠠᠬᠢᠯᠭᠠᠨ ᠬᠦᠴᠦᠨ ᠤ ᠣᠯᠠᠨ ᠲᠡᠰᠢ ᠠᠷᠠᠯᠵᠢᠶᠠᠯᠠᠬᠤ ᠪᠠ ᠲᠣᠮᠣ ᠬᠡᠷᠡᠭᠯᠡᠬᠦ ᠡᠷᠦᠬᠡ ᠶᠢᠨ ᠰᠢᠭᠤᠳ ᠬᠠᠩᠭᠠᠬᠤ ᠴᠠᠬᠢᠯᠭᠠᠨ ᠤ ᠬᠡᠮᠵᠢᠶ᠎ᠡ ᠶᠢ ᠲᠤᠰ ᠲᠤᠰ 55%᠎ ᠢᠶᠠᠷ ᠪᠠ 157%᠎ ᠢᠶᠠᠷ ᠨᠡᠮᠡᠭᠳᠡᠭᠦᠯᠪᠡ᠃ ᠵᠠᠰᠠᠭ ᠤᠨ ᠣᠷᠳᠣᠨ ᠤ ᠦᠨ᠎ᠡ ᠲᠣᠭᠲᠠᠭᠠᠬᠤ ᠲᠥᠷᠥᠯ ᠵᠦᠢᠯ ᠤᠨ 83᠎ ᠶᠢ ᠨᠢ ᠬᠦᠴᠦᠨ ᠦᠭᠡᠢ ᠪᠣᠯᠭᠠᠵᠤ᠂ 58.3%᠎ ᠢᠶᠠᠷ ᠬᠠᠰᠤᠬᠳᠠᠵᠦ᠂ ᠰᠠᠭᠤᠭᠠᠯᠢ ᠠᠷᠠᠳ ᠲᠤ ᠤᠰᠤᠨ ᠤ ᠱᠠᠲᠤᠯᠢᠭ ᠦᠨ᠎ᠡ ᠬᠠᠩᠰᠢ ᠪᠠ ᠰᠢᠲᠠᠮᠠᠭᠠᠢ ᠬᠡᠢ ᠶᠢᠨ ᠱᠠᠲᠤᠯᠢᠭ ᠦᠨ᠎ᠡ ᠬᠠᠩᠰᠢ ᠶᠢ ᠬᠡᠷᠡᠭᠵᠢᠭᠦᠯᠪᠠ᠃ ᠥᠯᠥ ᠬᠥᠳᠡᠯᠬᠦ ᠬᠥᠷᠥᠩᠭᠡ ᠶᠢᠨ ᠳᠠᠩᠰᠠᠯᠠᠨ ᠲᠡᠮᠳᠡᠭᠯᠡᠬᠦ ᠠᠵᠢᠯ ᠤᠨ ᠪᠠᠶᠢᠭᠤᠯᠤᠮᠵᠢ ᠶᠢ ᠨᠡᠶᠢᠯᠡᠭᠦᠯᠬᠦ ᠶᠢ ᠪᠡᠶᠡᠯᠡᠭᠦᠯᠪᠡ ᠃ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡ ᠶᠢᠨ ᠥᠭᠡᠷᠡᠴᠢᠯᠡᠯᠲᠡ ᠶᠢ ᠠᠬᠢᠭᠤᠯᠪᠠ᠃ ︽ᠡᠵᠡᠩᠨᠡᠯᠲᠡ ᠶᠢᠨ ᠭᠠᠶᠢᠯᠢ ᠶᠢ ᠨᠡᠮᠡᠭᠳᠡᠯ ᠦᠷᠲᠡᠭ ᠤᠨ ᠭᠠᠶᠢᠯᠢ ᠪᠣᠯᠭᠠᠨ ᠥᠭᠡᠷᠡᠴᠢᠯᠡᠬᠦ︾ ᠲᠤᠷᠰᠢᠯᠲᠠ ᠶᠢᠨ ᠴᠢᠬ ᠪᠠ ᠨᠡᠭᠦᠷᠡᠰᠦ ᠶᠢᠨ ᠡᠬᠢ ᠪᠠᠶᠠᠯᠢᠭ ᠤᠨ ᠭᠠᠶᠢᠯᠢ ᠰᠦᠢᠳᠬᠡᠯ ᠤᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠵᠤ᠂ ᠳᠣᠣᠷᠠᠳᠤ ᠱᠠᠲᠤ ᠤᠷᠤᠭᠤ ᠰᠢᠯᠵᠢᠭᠦᠯᠦᠨ ᠲᠦᠯᠦᠭᠦ ᠶᠢ ᠲᠡᠭᠦᠯᠳᠡᠷᠵᠢᠭᠦᠯᠦᠨ᠂ ᠤᠷᠲᠤᠪᠲᠤᠷ ᠬᠤᠭᠤᠴᠠᠭᠠᠨ ᠤ ᠡᠳ᠋ ᠤᠨ ᠵᠠᠰᠠᠭ ᠤᠨ ᠲᠥᠯᠥᠪᠵᠢᠭᠦᠯᠭᠡ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠵᠦ᠂ 22 ᠬᠤᠰᠢᠭᠤ ᠰᠢᠶᠠᠨ ᠳᠤ ︽ᠮᠤᠵᠢ ᠠᠴᠠ ᠰᠢᠶᠠᠨ ᠢ ᠰᠢᠭᠤᠳ ᠬᠠᠮᠢᠶᠠᠷᠬᠤ︾ ᠡᠳ᠋ ᠤᠨ ᠵᠠᠰᠠᠭ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠬ ᠭᠠᠷᠭᠠᠪᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠰᠢᠨ᠎ᠡ ᠪᠠᠷ ᠨᠡᠮᠡᠭᠳᠡᠭᠰᠡᠨ ᠢᠲᠡᠭᠡᠮᠵᠢᠲᠦ ᠵᠢᠭᠡᠯᠡᠯᠭᠡ 2000 ᠳ᠋ᠦᠩᠰᠢᠭᠤᠷ ᠲᠦᠭᠦᠷᠢᠭ ᠢ ᠲᠠᠪᠠᠵᠤ᠂ ᠵᠢᠭᠡᠯᠡᠯᠭᠡ ᠶᠢᠨ ᠦᠯᠡᠳᠡᠪᠦᠷᠢ ᠨᠢ 1.7 ᠲᠦᠮᠡᠨ ᠳ᠋ᠦᠩᠰᠢᠭᠤᠷ ᠲᠦᠭᠦᠷᠢᠭ ᠢ ᠳᠠᠪᠠᠵᠤ᠂ 14.7%᠎ ᠢᠶᠠᠷ ᠨᠡᠮᠡᠭᠳᠡᠪᠡ᠃ ᠰᠢᠨ᠎ᠠ ᠪᠠᠷ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠬᠰᠡᠨ ᠺᠣᠮᠫᠠᠨᠢ 2᠂ ︽ᠰᠢᠨ᠎ᠡ ᠭᠤᠷᠪᠠᠨ ᠵᠠᠬᠪᠤᠷ︾᠎ ᠲᠤ ᠰᠢᠨ᠎ᠠ ᠪᠠᠷ ᠫᠠᠶᠢᠰᠠ ᠡᠯᠭᠦᠭᠰᠡᠨ ᠺᠣᠮᠫᠠᠨᠢ 23᠎ ᠳᠤ ᠬᠦᠷᠪᠡ᠃ ᠪᠦᠬᠦ ᠵᠢᠯ ᠳᠤ 1176 ᠳ᠋ᠦᠩᠰᠢᠭᠤᠷ ᠲᠦᠭᠦᠷᠢᠭ ᠤᠨ ᠪᠡᠯᠡ ᠬᠤᠷᠠᠮᠳᠤᠭᠤᠯᠵᠤ᠂ 54%᠎ ᠢᠶᠠᠷ ᠨᠡᠮᠡᠭᠳᠡᠪᠡ᠃ ᠮᠥᠩᠭᠦᠨ ᠭᠦᠢᠯᠭᠡᠭᠡᠨ ᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠺᠣᠮᠫᠠᠨᠢ ᠶᠢ ᠪᠠᠶᠢᠭᠤᠯᠵᠤ᠂ ᠪᠦᠭᠦ ᠤᠷᠤᠨ ᠤ ︽ᠬᠥᠳᠡᠭᠡ ᠲᠣᠰᠬᠤᠨ ᠢ ᠲᠤᠰᠠᠯᠠᠬᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠴᠢᠬ︾᠎ ᠢ ᠪᠦᠷᠬᠦᠭᠦᠯᠪᠡ᠃ ᠠᠯᠪᠠᠨ ᠳᠤ ᠬᠡᠷᠡᠭᠯᠡᠬᠦ ᠮᠠᠰᠢᠨ ᠲᠡᠷᠭᠡ ᠶᠢᠨ ᠥᠭᠡᠷᠡᠴᠢᠯᠡᠯᠲᠡ ᠶᠢ ᠡᠬᠢᠯᠡᠭᠦᠯᠵᠦ᠂ ᠠᠯᠪᠠᠨ ᠲᠤ ᠬᠡᠷᠡᠭᠯᠡᠬᠦ ᠮᠠᠰᠢᠨ ᠲᠡᠷᠭᠡ 45%᠎ ᠢᠶᠠᠷ ᠬᠠᠰᠤᠭᠳᠠᠵᠤ᠂ ᠵᠢᠱᠢᠯᠳᠠ ᠪᠠᠷ ᠵᠢᠯ ᠪᠦᠷᠢ 4 ᠳ᠋ᠦᠩᠰᠢᠭᠤᠷ ᠲᠦᠭᠦᠷᠢᠭ ᠤᠨ ᠵᠠᠷᠤᠳᠠᠯ ᠠᠷᠪᠢᠯᠠᠬᠤ ᠪᠤᠯᠤᠨ᠎ᠠ᠃ ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ ᠦᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠪᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠬᠡᠷᠡᠭᠵᠢᠭᠦᠯᠬᠦ ᠰᠠᠨᠠᠯ ᠢ ᠲᠣᠭᠲᠠᠭᠠᠨ᠂ ᠠᠵᠤ ᠠᠬᠤᠶᠢᠯᠠᠯ ᠤᠨ ᠬᠠᠷᠢᠭᠤᠴᠠᠯᠭᠠᠲᠠᠳ ᠤᠨ ᠴᠠᠯᠢᠩ ᠬᠥᠯᠥᠰᠦ ᠶᠢᠨ ᠳᠦᠷᠢᠮ᠂ ᠲᠤᠰᠢᠶᠠᠯ ᠭᠦᠢᠴᠡᠳᠬᠡᠬᠦ ᠣᠯᠭᠤᠮᠵᠢ ᠪᠠ ᠲᠤᠬᠠᠶᠢᠯᠠᠭᠰᠠᠨ ᠠᠵᠢᠯ ᠤᠨ ᠵᠠᠷᠤᠯᠭ᠎ᠠ᠂ ᠡᠵᠡᠩᠨᠡᠯᠲᠡ ᠶᠢᠨ ᠪᠦᠲᠦᠮᠵᠢ ᠶᠢ ᠰᠢᠯᠭᠠᠨ ᠬᠢᠨᠠᠬᠤ ᠵᠡᠷᠭᠡ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠣᠢ ᠰᠢᠭᠤᠢ ᠶᠢᠨ ᠠᠵᠤ ᠦᠢᠯᠡᠳᠪᠦᠷᠢ ᠪᠠ ᠠᠭᠤᠷᠬᠠᠢ ᠶᠢᠨ ᠦᠢᠯᠡᠰ ᠤᠨ ᠪᠦᠯᠦᠭᠯᠡᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠪᠦᠬᠦ ᠲᠠᠯ᠎ᠠ ᠪᠠᠷ ᠡᠬᠢᠯᠡᠨ᠂ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠬᠢᠨ ᠰᠲ᠋ᠣᠺ ᠤᠨ ᠡᠷᠬᠡ ᠶᠢᠨ ᠪᠦᠲᠦᠴᠡ ᠪᠠᠨ ᠲᠣᠬᠢᠷᠠᠭᠤᠯᠤᠭᠰᠠᠨ ᠪᠠ ᠬᠠᠮᠢᠶᠠᠷᠤᠯᠳᠠ ᠪᠠᠨ ᠦᠬᠡᠷᠡᠴᠢᠯᠡᠭᠰᠡᠨ ᠤ ᠳᠠᠷᠠᠭ᠎ᠠ ᠠᠯᠳᠠᠭᠳᠠᠯ ᠲᠠᠢ ᠪᠠᠶᠢᠬᠰᠡᠨ ᠠᠴᠠ ᠪᠠᠨ ᠣᠯᠵᠠᠪᠤᠷᠢ ᠲᠠᠢ ᠪᠣᠯᠪᠠ᠃ ᠮᠠᠯᠵᠢᠬᠤ ᠳᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠲᠦᠷᠬᠡᠳᠬᠡᠪᠡ᠃ ᠪᠦᠬᠦ ᠣᠷᠣᠨ ᠤ 81%᠎ ᠶᠢᠨ ᠬᠡᠪᠴᠢᠶᠡᠵᠢᠯ ᠠᠴᠠ ᠳᠡᠭᠡᠭᠰᠢᠬᠢ ᠳᠠᠭᠠᠭᠤᠯᠤᠬᠴᠢ ᠠᠵᠤ ᠠᠬᠤᠶᠢᠯᠠᠯ ᠤᠳ ᠮᠠᠯᠴᠢᠨ ᠲᠠᠷᠢᠶᠠᠴᠢᠨ ᠲᠠᠢ ᠠᠰᠢᠭ ᠲᠤᠰᠠ ᠪᠠᠨ ᠬᠤᠯᠪᠣᠬᠰᠡᠨ ᠲᠣᠭᠲᠠᠴᠠ ᠢ ᠪᠠᠶᠢᠭᠤᠯᠵᠤ᠂ ᠮᠠᠯᠴᠢᠨ ᠲᠠᠷᠢᠶᠠᠴᠢᠨ ᠤ ᠬᠦᠮᠦᠨ ᠲᠤᠮᠳᠠᠴᠢ ᠶᠢᠨ ᠠᠵᠤ ᠦᠢᠯᠡᠰᠵᠢᠯᠲᠡ ᠠᠴᠠ ᠤᠯᠬᠤ ᠤᠷᠤᠯᠭ᠎ᠠ 4829 ᠲᠦᠭᠦᠷᠢᠭ ᠲᠤ ᠬᠦᠷᠲᠡᠪᠡ᠃ ᠭᠠᠵᠠᠷ ᠰᠢᠷᠣᠢ ᠶᠢᠨ ᠡᠷᠬᠡ ᠶᠢ ᠲᠣᠳᠣᠯᠠᠨ ᠲᠣᠭᠲᠠᠭᠠᠵᠤ ᠳᠠᠩᠰᠠᠯᠠᠨ ᠲᠡᠮᠳᠡᠭᠯᠡᠵᠦ ᠦᠨᠡᠮᠯᠡᠯ ᠣᠯᠭᠤᠬᠤ ᠲᠤᠷᠰᠢᠯᠲᠠ ᠪᠠ ᠨᠤᠲᠤᠭ ᠪᠡᠯᠴᠢᠭᠡᠷ ᠤᠨ ᠡᠷᠬᠡ ᠶᠢ ᠲᠣᠳᠣᠯᠠᠨ ᠲᠣᠭᠲᠠᠭᠠᠵᠤ ᠳᠠᠭᠠᠭᠠᠴᠢᠯᠠᠭᠤᠯᠬᠤ ᠠᠵᠢᠯ ᠢ ᠪᠡᠶᠡᠯᠡᠭᠦᠯᠵᠦ᠂ 3187 ᠲᠦᠮᠡᠨ ᠮᠦ ᠲᠠᠷᠢᠶᠠᠨ ᠭᠠᠵᠠᠷ ᠪᠠ 7200 ᠲᠦᠮᠡᠨ ᠮᠦ ᠪᠡᠯᠴᠢᠭᠡᠷ ᠤᠨ ᠡᠵᠡᠩᠨᠡᠯᠳᠠ ᠢᠶᠢᠨ ᠡᠷᠭᠡ ᠢ ᠰᠢᠯᠵᠢᠭᠦᠯᠤᠨ᠂ ᠮᠠᠯᠵᠢᠬᠤ ᠮᠤᠵᠢ ᠣᠷᠣᠨ ᠤ ᠲᠡᠷᠢᠬᠦᠨ ᠲᠤ ᠤᠷᠤᠪᠡ᠃ ᠨᠡᠭᠡᠭᠡᠯᠳᠡᠳᠤ ᠠᠵᠤ ᠠᠬᠤᠢ ᠶᠢᠨ ᠰᠢᠨ᠎ᠡ ᠪᠠᠶᠢᠭᠤᠯᠤᠮᠵᠢ ᠢ ᠪᠠᠶᠢᠭᠤᠯᠪᠠ᠃ ᠲᠣᠷᠭᠠᠨ ᠵᠠᠮ ᠤᠨ ᠠᠵᠤ ᠠᠬᠤᠢ ᠶᠢᠨ ᠪᠦᠰᠡ ᠪᠠ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠪᠠᠷ ᠣᠷᠣᠯᠴᠠᠨ᠂ ᠬᠥᠯᠥᠨ ᠪᠤᠶᠢᠷ ᠲᠠᠬᠢ ᠳᠤᠮᠳᠠᠳᠤ ᠣᠷᠣᠰ ᠮᠣᠩᠭᠤᠯ ᠤᠨ ᠬᠠᠮᠲᠤᠷᠠᠯᠴᠠᠠᠭᠠᠨ ᠤ ᠬᠤᠰᠢᠭᠤᠴᠢ ᠣᠷᠣᠨ ᠤ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ᠂ ᠮᠠᠨᠵᠤᠤᠷ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠪᠦᠳᠦᠭᠡᠨ ᠪᠠᠶᠢᠭᠤᠯᠤᠯᠳᠠ ᠳᠤ ᠤᠯᠤᠰ ᠤᠨ ᠴᠣᠬᠤᠯᠠᠪᠤᠷᠢᠯᠠᠯᠳᠠ ᠶᠢ ᠣᠯᠵᠤ᠂ ᠡᠷᠢᠶᠡᠨ ᠬᠤᠲᠠ — ᠵᠠᠮ ᠤᠨ ᠡᠭᠦᠳᠡ ᠶᠢᠨ ᠬᠢᠯᠢ ᠠᠯᠤᠰᠯᠠᠭᠰᠠᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ ᠪᠦᠲᠦᠭᠡᠨ ᠪᠠᠶᠢᠭᠤᠯᠤᠯᠲᠠ ᠶᠢᠨ ᠠᠬᠢᠴᠠ ᠲᠦᠷᠭᠡᠳᠪᠡ᠃ ᠭᠤᠣᠯᠳᠠᠯᠭ᠎ᠠ ᠲᠠᠢ ᠪᠣᠭᠤᠮᠲᠠ ᠳᠤ ᠪᠣᠭᠤᠮᠲᠠ ᠶᠢᠨ ᠪᠦᠲᠦᠮᠵᠢᠲᠡᠢ ᠠᠵᠢᠯᠯᠠᠭᠠᠨ ᠤ ᠥᠭᠡᠷᠡᠴᠢᠯᠡᠯᠲᠡ ᠶᠢᠨ ᠲᠤᠷᠰᠢᠯᠲᠠ ᠶᠢ ᠥᠷᠨᠢᠭᠦᠯᠪᠡ᠃ ᠠᠩᠬᠠᠳᠤᠭᠠᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠢ ᠠᠮᠵᠢᠯᠲᠠ ᠲᠠᠢ ᠡᠷᠬᠢᠯᠡᠪᠡ᠃ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠪᠠ᠃ ᠤᠯᠤᠰ ᠤᠨ ᠥᠮᠴᠢᠯᠡᠯ ᠤᠨ ᠣᠢ ᠰᠢᠭᠤᠢ ᠶᠢᠨ ᠲᠠᠯᠠᠪᠠᠢ ᠰᠢᠭᠤᠶᠢᠲᠤ ᠣᠷᠣᠨ ᠤ ᠥᠭᠡᠷᠡᠴᠢᠯᠡᠯᠲᠡ ᠶᠢ ᠡᠬᠢᠯᠡᠭᠦᠯᠵᠦ᠂ ᠠᠷᠠᠯᠵᠢᠶᠠᠨ ᠤ ᠴᠢᠨᠠᠷᠲᠠᠢ ᠮᠣᠳᠣ ᠣᠭᠲᠤᠯᠬᠤ ᠠᠵᠢᠯᠯᠠᠭ᠎ᠠ ᠶᠢ ᠪᠦᠬᠦ ᠲᠠᠯ᠎ᠠ ᠪᠠᠷ ᠵᠣᠭᠰᠣᠭᠠᠪᠠ᠃ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠦᠷᠢᠳᠦᠯ ᠤᠨ ᠬᠦᠰᠦᠨᠦᠭᠲᠦ ᠶᠢ ᠨᠠᠶᠢᠷᠠᠭᠤᠯᠤᠨ ᠵᠣᠬᠢᠶᠠᠬᠤ ᠪᠠ ᠤᠳᠤᠷᠢᠳᠬᠤ ᠺᠠᠳ᠋ᠷ ᠤᠨ ᠲᠤᠰᠢᠶᠠᠯ ᠠᠴᠠ ᠪᠠᠨ ᠬᠠᠯᠠᠬᠳᠠᠬᠤ ᠳᠤᠨᠢ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠬᠢᠨᠠᠨ ᠪᠣᠳᠣᠯᠲᠠ ᠬᠢᠬᠦ ᠲᠤᠷᠰᠢᠯᠲᠠ ᠶᠢ ᠥᠷᠨᠢᠭᠦᠯᠵᠦ᠂ ᠤᠰᠤᠨ ᠤ ᠡᠷᠬᠡ᠂ ᠪᠤᠬᠢᠷᠳᠤᠯ ᠢ ᠭᠠᠳᠠᠭᠰᠢᠯᠠᠭᠤᠯᠬᠤ ᠡᠷᠬᠡ᠂ ᠨᠡᠭᠦᠷᠡᠰᠦᠳᠦ᠋ᠷᠦᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠯᠠᠬᠤ ᠳᠦᠷᠢᠮ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠪᠠ᠃ ᠨᠡᠶᠢᠭᠡᠮ ᠤᠨ ᠠᠵᠢᠯ ᠦᠢᠯᠡᠰ ᠤᠨ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠪᠡ᠃ ᠬᠤᠲᠠ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢ ᠥᠷᠭᠡᠳᠬᠡᠨ᠂ ᠬᠤᠰᠢᠭᠤ ᠰᠢᠶᠠᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠥᠭᠡᠷᠡᠴᠢᠯᠡᠯᠲᠡ ᠢ ᠪᠦᠷᠭᠦᠭᠦᠯᠵᠤ᠂ ᠥᠭᠡᠷᠡᠴᠢᠯᠡᠯᠲᠡ ᠳᠤ ᠣᠷᠣᠯᠴᠠᠭᠰᠠᠨ ᠡᠮᠨᠡᠯᠭᠡ ᠶᠢᠨ ᠬᠤᠷᠢᠶ᠎ᠠ ᠨᠤᠭᠤᠳ ᠡᠮ ᠤᠨ ᠵᠦᠢᠯᠡᠰ ᠲᠤ ᠦᠨ᠎ᠡ ᠨᠡᠮᠡᠬᠦ ᠪᠠᠨ ᠪᠦᠬᠦᠨ ᠢ ᠬᠦᠴᠦᠨ ᠦᠭᠡᠢ ᠪᠣᠯᠭᠠᠪᠠ᠃ ᠰᠢᠯᠭᠠᠯᠲᠠ ᠪᠠᠷ ᠰᠤᠷᠤᠭᠴᠢ ᠡᠯᠰᠡᠬᠦ᠂ ᠦᠨᠳᠦᠰᠦᠲᠡᠨ ᠤ ᠰᠤᠷᠭᠠᠨ ᠬᠥᠮᠥᠵᠢᠯ ᠤᠨ ᠳᠦᠷᠢᠮ ᠵᠡᠷᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠳᠡᠯᠡᠭᠡᠳ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠥᠵᠢᠯ ᠤᠨ ᠲᠡᠩᠴᠡᠭᠦᠷᠢᠲᠡᠢ ᠬᠥᠭᠵᠢᠬᠦ ᠶᠢ ᠠᠬᠢᠭᠤᠯᠪᠠ᠃ ᠰᠣᠶᠣᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠪᠠ᠃ ᠬᠥᠯ ᠪᠥᠮᠪᠦᠭᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠴᠢᠬᠤᠯᠠ ᠠᠬᠢᠴᠠ ᠲᠠᠢ ᠪᠣᠯᠪᠠ᠃ ᠡᠷᠦᠬᠡ ᠠᠮᠠ ᠶᠢᠨ ᠲᠠᠩᠰᠠ ᠢᠶᠢᠨ ᠳᠦᠷᠢᠮ ᠤᠨᠥᠭᠡᠷᠡᠴᠢᠯᠡᠯᠲᠡ ᠶᠢᠨ ᠰᠠᠨᠠᠯ ᠢ ᠲᠣᠭᠲᠠᠭᠠᠨ ᠨᠡᠶᠢᠲᠡᠯᠡᠪᠡ᠃       ︵ᠳᠥᠷᠪᠡ︶ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠪᠠ᠃ ᠡᠯ᠎ᠡ ᠱᠠᠲᠤᠨ ᠤ ᠡᠳ᠋ ᠤᠨ ᠵᠠᠰᠠᠭ ᠠᠴᠠ ᠠᠷᠠᠳ ᠤᠨ ᠠᠮᠢᠳᠤᠷᠠᠯ ᠳᠤ 2873 ᠳ᠋ᠦᠩᠰᠢᠭᠤᠷ ᠲᠦᠭᠦᠷᠢᠭ ᠵᠠᠷᠤᠴᠠᠭᠤᠯᠵᠦ᠂ 17.8%᠎ ᠢᠶᠠᠷ ᠨᠡᠮᠡᠭᠳᠡᠨ᠂ ᠶᠡᠷᠦᠩᠬᠡᠢ ᠵᠠᠷᠤᠯᠭ᠎ᠠ ᠶᠢᠨ 66%᠎ ᠢ ᠡᠵᠡᠯᠡᠪᠡ᠃ ᠮᠠᠯᠵᠢᠬᠤ ᠲᠠᠷᠢᠶᠠᠯᠠᠬᠤ ᠣᠷᠣᠨ ᠳᠤ ︽ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ ᠢ ᠯᠠᠪᠳᠠᠭᠤᠨ ᠪᠠᠲᠤᠲᠠᠢ ᠪᠠᠷ ᠠᠬᠢᠭᠤᠯᠪᠠ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ ᠪᠡᠯᠡ ᠮᠥᠩᠭᠦ ᠶᠢᠨ ᠣᠷᠤᠭᠤᠯᠤᠯᠲᠠ ᠪᠠ ᠲᠥᠷᠥ ᠶᠢᠨ ᠪᠣᠳᠣᠯᠭ᠎ᠠ ᠪᠠᠷ ᠳᠡᠮᠵᠢᠬᠦ ᠶᠢ ᠴᠢᠩᠭᠠᠷᠠᠭᠤᠯᠤᠨ᠂ ᠲᠣᠭᠤᠷᠢᠨ ᠪᠠᠶᠢᠴᠠᠭᠠᠬᠤ᠂ ᠨᠡᠶᠢᠲᠡᠯᠢᠭ ᠢᠶᠠᠷ ᠵᠢᠱᠢᠶ᠎ᠡ ᠦᠵᠡᠭᠦᠯᠬᠦ᠂ ᠴᠢᠩᠭ᠎ᠠ ᠪᠠᠷ ᠰᠢᠯᠭᠠᠨ ᠬᠢᠨᠠᠬᠤ ᠪᠠ ᠺᠠᠳ᠋ᠷ ᠬᠦᠳᠡᠭᠡ ᠪᠠᠭᠤᠵᠤ ᠭᠠᠴᠠᠭ᠎ᠠ ᠲᠣᠰᠬᠤᠨ ᠳᠤ ᠰᠠᠭᠤᠬᠤ ᠵᠡᠷᠭᠡ ᠠᠷᠭ᠎ᠠ ᠬᠡᠮᠵᠢᠶ᠎ᠡ ᠠᠪᠴᠤ᠂ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠬᠢᠭᠤᠯᠪᠠ᠃ ᠪᠦᠬᠦ ᠵᠢᠯ ᠳᠤ ︽ᠠᠷᠪᠠ ᠢ ᠪᠦᠷᠢᠨ ᠪᠦᠷᠭᠦᠭᠦᠯᠭᠦ︾ ᠢᠨᠵᠧᠨᠧᠷᠢᠩ ᠲᠤ 418.6 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠤ᠂ ᠢᠨᠵᠧᠨᠧᠷᠢᠩ ᠢ ᠥᠷᠭᠡᠳᠬᠡᠬᠦ ᠳᠤ 263 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠪᠠ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠵᠠᠰᠠᠭ ᠵᠠᠬᠢᠷᠭᠠᠨ ᠤ ᠭᠠᠴᠠᠭ᠎ᠠ ᠲᠤᠰᠬᠤᠨ ᠪᠠ ᠬᠡᠰᠡᠭ ᠠᠶᠢᠯ ᠲᠤᠰᠬᠤᠨ ᠢ ᠪᠠᠭᠳᠠᠭᠠᠭᠰᠠᠨ 1.93 ᠲᠦᠮᠡᠨ ᠭᠠᠴᠠᠭ᠎ᠠ ᠲᠤᠰᠬᠤᠨ ᠳᠤ ᠥᠷᠨᠢᠭᠦᠯᠪᠡ᠃ ᠣᠯᠠᠨ ᠢᠶᠠᠷ ᠢᠶᠠᠨ ᠦᠢᠯᠡᠰ ᠪᠤᠰᠬᠠᠵᠤ᠂ ᠨᠠᠶᠢᠳᠠ ᠪᠠᠷ ᠢᠶᠠᠨ ᠰᠢᠨ᠎ᠡ ᠡᠭᠦᠳᠭᠦ ᠢ ᠢᠳᠡᠪᠬᠢᠲᠡᠢ ᠠᠬᠢᠭᠤᠯᠪᠠ᠃ ᠦᠢᠯᠡᠰ ᠪᠤᠰᠬᠠᠬᠤ ᠬᠥᠭᠵᠢᠯᠲᠡ ᠶᠢᠨ ᠰᠠᠭᠤᠷᠢ ᠮᠥᠩᠭᠦ ᠶᠢ ᠪᠠᠶᠢᠭᠤᠯᠤᠨ᠂ ᠦᠢᠯᠡᠰ ᠪᠤᠰᠬᠠᠬᠤ ᠪᠠᠳᠤᠯᠠᠨ ᠳᠠᠭᠠᠭᠠᠬᠤ ᠵᠢᠭᠡᠯᠡᠯᠭᠡ ᠢ 26.9 ᠳ᠋ᠦᠩᠰᠢᠭᠤᠷ ᠲᠦᠭᠦᠷᠢᠭ ᠲᠠᠯᠪᠢᠵᠤ᠂ ᠦᠢᠯᠡᠰ ᠪᠤᠰᠬᠠᠬᠤ ᠪᠠᠷ ᠲᠠᠮᠵᠢᠨ 15.9 ᠲᠦᠮᠡᠨ ᠬᠥᠮᠥᠨ ᠢ ᠲᠠᠶᠢᠴᠢᠯᠡᠨ ᠠᠵᠢᠯ ᠤᠯᠭᠤᠪᠡ᠃ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠩᠬᠠᠨ ᠤ ᠠᠵᠢᠯ ᠣᠯᠭᠤᠯᠲᠠ ᠶᠢᠨ ᠨᠣᠷᠮ᠎ᠠ 86.5%᠎ ᠳᠤ ᠬᠦᠷᠴᠦ᠂ 12.7 ᠲᠦᠮᠡᠨ ᠣᠶᠤᠲᠠᠳ ᠠᠵᠢᠯ ᠤᠯᠤᠬᠰᠡᠨ ᠪᠤᠶᠤ ᠠᠵᠢᠯ ᠣᠯᠬᠤ ᠬᠠᠨᠳᠤᠰᠢ ᠲᠠᠢ ᠪᠤᠯᠪᠡ᠂ 257.4 ᠲᠦᠮᠡᠨ ᠮᠠᠯᠴᠢᠨ ᠲᠠᠷᠢᠶᠠᠴᠢᠳ ᠢ ᠰᠢᠯᠵᠢᠭᠦᠯᠦᠨ ᠠᠵᠢᠯ ᠣᠯᠭᠤᠵᠤ᠂ ᠬᠤᠲᠠ ᠪᠠᠯᠭᠠᠰᠤᠨ ᠤ ᠰᠢᠨ᠎ᠠ ᠪᠠᠷ ᠠᠵᠢᠯ ᠤᠯᠤᠬᠰᠡᠨ ᠬᠦᠮᠦᠨ 26.9 ᠲᠦᠮᠡ ᠳᠤ ᠬᠦᠷᠴᠤ᠂ ᠬᠤᠲᠠ ᠪᠠᠯᠭᠠᠰᠤᠨ ᠤ ᠳᠠᠩᠰᠠᠯᠠᠨ ᠲᠡᠮᠳᠡᠭᠯᠡᠭᠦᠯᠦᠭᠰᠡᠨ ᠠᠵᠢᠯ ᠠᠯᠳᠠᠭᠰᠠᠳ ᠤᠨ ᠨᠣᠷᠮ᠎ᠠ ᠶᠢ 3.65%᠎ ᠢᠶᠠᠷ ᠬᠢᠵᠠᠭᠠᠷᠯᠠᠪᠠ᠃ ᠨᠡᠶᠢᠭᠡᠮ ᠤᠨ ᠪᠠᠳᠤᠯᠠᠪᠤᠷᠢ ᠶᠢᠨ ᠰᠢᠰᠲ᠋ᠧᠮᠵᠢ ᠶᠢ ᠲᠡᠭᠦᠯᠳᠡᠷᠵᠢᠭᠦᠯᠪᠡ᠃ ᠠᠵᠤ ᠠᠬᠤᠶᠢᠯᠠᠯ ᠤᠨ ᠠᠵᠢᠯ ᠠᠴᠠ ᠪᠠᠨ ᠲᠠᠷᠬᠠᠯᠠᠬᠳᠠᠬᠰᠡᠨ ᠬᠦᠮᠦᠨ ᠤ ᠨᠠᠰᠤᠵᠢᠯ ᠤᠨ ᠮᠥᠩᠭᠦ ᠬᠥᠮᠥᠨ ᠳᠤᠮᠳᠠᠴᠢ ᠪᠠᠷ ᠰᠠᠷ᠎ᠠ ᠪᠦᠷᠢ ᠳᠤ 206 ᠲᠦᠭᠦᠷᠢᠭ ᠨᠡᠮᠡᠭᠳᠡᠪᠡ᠂ ᠬᠤᠲᠠ ᠬᠦᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠲᠠᠢ ᠬᠦᠮᠦᠰ᠂ ᠲᠠᠪᠤᠨ ᠪᠠᠲᠤᠯᠠᠭᠠᠲᠤ ᠡᠷᠦᠭᠡ᠂ ᠲᠦᠪᠯᠡᠷᠡᠭᠦᠯᠦᠨ ᠠᠰᠠᠷᠠᠬᠤ ᠬᠦᠮᠦᠰ ᠤᠨ ᠠᠰᠠᠷᠠᠮᠵᠢ ᠶᠢᠨ ᠮᠦᠡᠭᠭᠦ ᠪᠦᠭᠦ ᠵᠢᠯ ᠳᠤ ᠬᠦᠮᠦᠨ ᠲᠤᠮᠳᠠᠴᠢ ᠪᠠᠷ ᠲᠤᠰ ᠪᠦᠷᠢ 300 ᠲᠦᠭᠦᠷᠢᠭ᠂ 225 ᠲᠦᠭᠦᠷᠢᠭ ᠪᠠ 843 ᠲᠦᠭᠦᠷᠢᠭ ᠨᠡᠮᠡᠭᠳᠡᠪᠡ᠂ ᠬᠦᠨᠳᠦ ᠡᠪᠡᠳᠴᠢᠨ ᠤ ᠳᠠᠭᠠᠳᠬᠠᠯ ᠬᠤᠲᠠ ᠬᠦᠳᠡᠭᠡ ᠢ ᠪᠦᠭᠦᠨ ᠢ ᠬᠠᠮᠤᠷᠪᠡ᠃ ᠬᠤᠲᠠ ᠪᠠᠯᠭᠠᠰᠤ ᠶᠢᠨ ᠰᠢᠨ᠎ᠠ ᠪᠠᠷ ᠪᠠᠷᠢᠯᠭ᠎ᠠ ᠡᠬᠢᠯᠡᠭᠰᠡᠨ ᠪᠠᠳᠤᠯᠠᠪᠤᠷᠢ ᠶᠢᠨ ᠤᠷᠤᠨ ᠰᠠᠭᠤᠴᠠ 28.5 ᠲᠦᠮᠡᠨ ᠢᠵᠢ ᠳᠤ ᠬᠦᠷᠪᠡ᠃ ᠡᠭᠦᠨ ᠲᠤ 24.2 ᠲᠦᠮᠡᠨ ᠢᠵᠢ ᠲᠦᠭᠦᠮ ᠪᠦᠳᠦᠴᠡᠳᠤ ᠣᠷᠣᠨ ᠰᠠᠭᠤᠴᠠ ᠢ ᠦᠭᠡᠷᠡᠴᠢᠯᠡᠨ ᠪᠠᠶᠢᠭᠤᠯᠵᠤ᠂ ᠦᠭᠡᠷᠡᠴᠢᠯᠡᠨ ᠪᠠᠶᠢᠭᠤᠯᠤᠬᠰᠡᠨ ᠭᠡᠮᠵᠢᠶ᠎ᠠ ᠬᠠᠮᠤᠭ ᠠᠷᠪᠢᠨ ᠨᠢᠭᠡ ᠵᠢᠯ ᠪᠤᠯᠪᠡ᠃ ᠪᠧᠢ ᠯᠢᠶᠠᠩ ᠤᠨ ᠲᠦᠭᠦᠮ ᠪᠦᠳᠦᠴᠡᠳᠤ ᠤᠷᠤᠨ ᠰᠠᠭᠤᠴᠠ ᠶᠢᠨ ᠦᠭᠡᠷᠡᠴᠢᠯᠠᠯᠳᠠ ᠶᠢ ᠪᠡᠶᠡᠯᠡᠭᠦᠯᠵᠤ᠂ ᠲᠡᠮᠦᠷ ᠵᠠᠮ ᠤᠨ ᠡᠮᠦᠨᠡᠬᠢ᠂ ᠷᠠᠰᠢᠶᠠᠨ ᠵᠡᠷᠭᠡ ᠭᠠᠵᠠᠷ ᠤᠷᠤᠨ ᠤ ᠳᠥᠭᠦᠮ ᠪᠦᠳᠦᠴᠡᠳᠤ ᠣᠷᠣᠨ ᠰᠠᠭᠤᠴᠠ ᠶᠢ ᠥᠭᠡᠷᠡᠴᠢᠯᠡᠬᠦ ᠲᠥᠷᠥᠯ ᠵᠦᠢᠯ ᠤᠨ ᠠᠬᠢᠴᠠ ᠤᠷᠤᠭᠰᠢᠲᠠᠢ ᠪᠠᠶᠢᠨ᠎ᠠ᠃ ᠮᠠᠯᠵᠢᠬᠤ ᠲᠠᠷᠢᠶᠠᠯᠠᠬᠤ ᠣᠷᠣᠨ ᠤ 21.8 ᠲᠦᠮᠡᠨ ᠢᠵᠢ ᠨᠤᠷᠠᠬᠤ ᠠᠶᠤᠯᠲᠠᠢ ᠭᠡᠷ ᠪᠠᠶᠢᠰᠢᠩ ᠢ ᠦᠭᠡᠷᠡᠴᠢᠯᠡᠨ ᠪᠠᠶᠢᠭᠤᠯᠵᠤ᠂ 21.4 ᠲᠦᠮᠡᠨ ᠡᠷᠦᠬᠡ ᠶᠢᠨ ᠪᠠᠷᠢᠯᠭ᠎ᠠ ᠶᠢ ᠳᠠᠭᠤᠰᠬᠠᠪᠠ᠃ ᠶᠠᠳᠠᠭᠤ ᠶᠢ ᠳᠡᠳᠬᠦᠭᠦ ᠡᠷᠴᠢᠮ ᠢᠶᠠᠨ ᠴᠢᠩᠭᠠᠷᠠᠭᠤᠯᠪᠠ᠃ ᠡᠳ᠋ ᠤᠨ ᠵᠠᠰᠠᠭ ᠠᠴᠠ ᠶᠠᠳᠠᠭᠤ ᠶᠢ ᠳᠡᠳᠭᠦᠭᠦ ᠳᠤ 48 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠵᠤ᠂ 176 ᠳ᠋ᠦᠩᠰᠢᠭᠤᠷ ᠲᠦᠭᠦᠷᠢᠭ ᠤᠨ ᠮᠥᠩᠭᠦᠨ ᠭᠦᠢᠯᠭᠡᠭᠡᠨ ᠢᠶᠠᠷ ᠶᠠᠳᠠᠭᠤ ᠶᠢ ᠳᠡᠳᠬᠦᠬᠦ ᠵᠢᠭᠡᠯᠡᠯᠭᠡ ᠲᠠᠷᠬᠠᠭᠠᠪᠡ᠃ ᠶᠠᠳᠠᠭᠤᠷᠠᠬᠤ ᠨᠤᠷᠮ᠎ᠠ 6%᠎ ᠢᠶᠠᠷ ᠪᠠᠭᠤᠷᠠᠵᠤ᠂ ᠤᠯᠤᠰ ᠤᠨ ᠪᠠᠷᠢᠮᠵᠢᠶ᠎ᠠ ᠠᠴᠠ ᠳᠣᠤᠷ᠎ᠠ ᠶᠠᠳᠠᠭᠤ ᠬᠦᠴᠢᠷᠳᠡᠯᠲᠡᠢ ᠬᠥᠮᠥᠨ ᠠᠮᠠ 80 ᠲᠦᠮᠡ ᠣᠷᠴᠢᠮ ᠪᠠᠭᠤᠷᠠᠪᠠ᠃ ︽8+ 1︾ ᠢᠶᠢᠨ ᠪᠠᠳᠤᠯᠠᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠤ᠂ ᠨᠡᠶᠢᠭᠡᠮ ᠤᠨ ᠲᠤᠰᠠᠯᠠᠮᠵᠢ ᠶᠢᠨ ᠠᠵᠢᠯᠯᠠᠭ᠎ᠠ ᠳᠤ 82.7 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠤ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠪᠠ᠃ ᠡᠯ᠎ᠡ ᠲᠦᠷᠦᠯ ᠤᠨ ᠨᠡᠶᠢᠭᠡᠮ ᠤᠨ ᠠᠵᠢᠯ ᠦᠢᠯᠡᠰ ᠤᠨ ᠬᠦᠭᠵᠢᠯᠳᠠ ᠢ ᠲᠦᠷᠭᠡᠳᠬᠡᠪᠡ᠃ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠥᠵᠢᠯ᠂ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠰᠤᠷᠭᠠᠭᠤᠯᠢ ᠡᠷᠬᠢᠯᠡᠬᠦ ᠨᠥᠬᠦᠴᠡᠯ ᠢ ᠦᠨᠡᠨᠬᠦ ᠰᠠᠶᠢᠵᠢᠷᠠᠭᠤᠯᠤᠨ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠬᠡᠦᠬᠡᠳ ᠤᠨ ᠴᠡᠴᠡᠷᠯᠢᠭ ᠲᠤ ᠣᠷᠣᠭᠰᠠᠨ ᠪᠣᠷᠣ ᠨᠣᠷᠮ᠎ᠠ 87% ᠬᠦᠷᠲᠡᠯ᠎ᠡ ᠳᠡᠭᠡᠭᠰᠢᠯᠡᠵᠦ᠂ 25 ᠬᠤᠰᠢᠭᠤ ᠰᠢᠶᠠᠨ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠥᠵᠢᠯ ᠢ ᠲᠡᠩᠴᠡᠭᠦᠷᠢᠲᠡᠢ ᠬᠥᠭᠵᠢᠭᠦᠯᠬᠦ ᠦᠨᠡᠯᠡᠯᠳᠠ ᠢ ᠦᠡᠭᠭᠡᠷᠡᠭᠡᠪᠡ᠃ ᠠᠵᠢᠯ ᠮᠡᠷᠭᠡᠵᠢᠯ ᠤᠨ ᠰᠤᠷᠭᠠᠨ ᠬᠥᠮᠥᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠤᠨᠴᠠᠭᠠᠢ ᠰᠤᠷᠭᠠᠨ ᠬᠥᠮᠥᠵᠢᠯ ᠤᠨ ᠰᠤᠷᠭᠠᠭᠤᠯᠢ ᠶᠢᠨ ᠠᠯᠪᠠᠨ ᠬᠡᠷᠡᠭᠯᠡᠭᠡᠨ ᠤ ᠵᠠᠷᠤᠳᠠᠯ ᠤᠨ ᠪᠠᠷᠢᠮᠵᠢᠶ᠎ᠠ ᠶᠢ ᠳᠡᠭᠡᠭᠰᠢᠯᠡᠭᠦᠯᠪᠡ᠃ ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠵᠠᠷᠤᠳᠠᠯ ᠤᠨ ᠨᠦᠬᠦᠪᠦᠷᠢ ᠶᠢᠨ ᠪᠠᠷᠢᠮᠵᠢᠶ᠎ᠠ ᠶᠢ ᠬᠥᠮᠥᠨ ᠳᠤᠮᠳᠠᠴᠢ ᠳᠤ 40 ᠲᠦᠭᠦᠷᠢᠭ ᠳᠡᠭᠡᠭᠰᠢᠯᠡᠭᠦᠯᠪᠡ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠡᠷᠡᠭᠦᠯ ᠬᠠᠮᠠᠭᠠᠯᠠᠯ ᠤᠨ ᠲᠥᠷᠥᠯ ᠵᠦᠢᠯ ᠤᠨ ᠠᠬᠢᠴᠠ ᠤᠷᠤᠬᠰᠢᠳᠠᠢ ᠪᠠᠶᠢᠵᠦ᠂ ᠦᠪᠦᠷ ᠮᠤᠩᠭᠤᠯ ᠤᠨ ᠡᠮᠨᠡᠯᠬᠡ ᠶᠢᠨ ᠬᠤᠷᠢᠶ᠎ᠠ ᠶᠢᠨ ᠡᠬᠦᠳᠡᠨ ᠡᠮᠨᠡᠯᠬᠡ ᠶᠢᠨ ᠲᠤᠮᠤ ᠠᠰᠠᠷ᠂ ᠦᠪᠦᠷ ᠮᠤᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠳᠤ ᠡᠮᠨᠡᠯᠬᠡ ᠶᠢᠨ ᠬᠤᠷᠢᠶ᠎ᠠ ᠶᠢᠨ ᠡᠬᠦᠳᠡᠨ ᠡᠮᠨᠡᠯᠬᠡ ᠤ ᠲᠤᠮᠤ ᠠᠰᠠᠷ ᠪᠠᠷᠢᠯᠭ᠎ᠠ ᠲᠠᠭᠤᠰᠴᠤ᠂ ᠦᠪᠦᠷ ᠮᠤᠩᠭᠤᠯ ᠤᠨ ᠡᠮᠨᠡᠯᠭᠡ ᠤ ᠶᠡᠭᠡ ᠰᠤᠷᠭᠠᠭᠤᠯᠢ ᠶᠢᠨ ᠬᠤᠶᠠᠳᠤᠭᠠᠷ ᠬᠠᠷᠢᠶᠠᠳᠤ ᠡᠮᠨᠡᠯᠬᠡ ᠢᠶᠢᠨ ᠬᠤᠷᠢᠶ᠎ᠠ ᠢ ᠨᠡᠬᠦᠯᠬᠡᠨ ᠪᠠᠶᠢᠭᠤᠯᠬᠤ ᠲᠦᠷᠦᠯ ᠵᠦᠢᠯ᠂ ᠦᠪᠦᠷ ᠮᠤᠩᠭᠤᠯ ᠤᠨ ᠬᠢᠳᠠᠳ ᠡᠮᠨᠡᠯᠬᠡ ᠶᠢᠨ ᠬᠤᠷᠢᠶ᠎ᠠ ᠤ ᠡᠮᠨᠡᠯᠬᠡ ᠳᠤ ᠰᠠᠭᠤᠬᠤ ᠵᠢᠴᠢ ᠡᠮᠴᠢᠯᠡᠬᠡᠨ ᠤ ᠮᠡᠷᠬᠡᠵᠢᠯ ᠤᠨ ᠶᠡᠷᠦᠩᠬᠡᠶᠢᠯᠡᠭᠰᠡᠨ ᠠᠰᠠᠷ ᠵᠡᠷᠬᠡ 5 ᠲᠥᠷᠥᠯ ᠵᠦᠢᠯ ᠤᠨ ᠭᠤᠣᠯ ᠴᠣᠭᠴᠠ ᠶᠢᠨ ᠪᠠᠷᠢᠯᠭ᠎ᠠ ᠨᠢ ᠠᠵᠢᠯ ᠳᠠᠭᠤᠰᠪᠠ᠃ ᠠᠩᠬ᠎ᠠ ᠤᠳᠠᠭ᠎ᠠ ᠨᠠᠨᠳᠢᠩᠭᠧᠷ ᠱᠠᠩᠨᠠᠯ ᠬᠦᠷᠳᠡᠵᠠᠢ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠬᠡᠷᠡᠭᠵᠢᠭᠦᠯᠵᠦ᠂ ᠤᠳᠬ᠎ᠠ ᠤᠷᠠᠯᠢᠭ ᠤᠨ ᠵᠣᠬᠢᠶᠠᠨ ᠪᠦᠳᠦᠭᠡᠯᠳᠠ ᠢ ᠵᠣᠬᠢᠶᠠᠨ ᠪᠠᠶᠢᠭᠤᠯᠬᠤ ᠠᠵᠢᠯ ᠢ ᠴᠢᠩᠭᠠᠳᠬᠠᠪᠠ᠃ ᠤᠷᠲᠤ ᠴᠠᠭᠠᠨ ᠬᠡᠷᠡᠮ ᠵᠡᠷᠭᠡ ᠭᠤᠣᠯᠳᠠᠯᠭ᠎ᠠ ᠲᠠᠢ ᠰᠣᠶᠣᠯ ᠤᠨ ᠥᠪ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠰᠣᠶᠣᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠪᠠ ᠵᠢᠱᠢᠶ᠎ᠡ ᠦᠵᠡᠭᠦᠯᠬᠦ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠭᠡᠪᠡ᠃       ︵ᠲᠠᠪᠤ︶ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠵᠢᠴᠢ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠲᠦᠷᠭᠡᠳᠬᠡᠨ ᠪᠠᠶᠢᠭᠤᠯᠵᠤ᠂ ᠵᠥᠪᠯᠡᠭᠦ ᠠᠷᠠᠳᠴᠢᠯᠠᠯ ᠤᠨ ᠪᠠᠶᠢᠭᠤᠯᠤᠯᠲᠠ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠳᠡᠪᠰᠢᠭᠦᠯᠦᠨ ᠬᠢᠨᠠᠨ ᠵᠥᠪᠯᠡᠭᠦᠯᠦᠭᠰᠡᠨ ᠣᠷᠣᠨ ᠨᠤᠲᠤᠭ ᠤᠨ ᠴᠢᠨᠠᠷᠲᠠᠢ ᠬᠠᠤᠯᠢ ᠳᠦᠷᠢᠮ 6 ᠪᠠᠶᠢᠵᠤ᠂ ᠵᠠᠰᠠᠭ ᠤᠨ ᠣᠷᠳᠣᠨ ᠤ ᠲᠣᠭᠲᠠᠭᠠᠭᠰᠠᠨ᠂ ᠵᠠᠰᠠᠪᠤᠷᠢ ᠣᠷᠣᠭᠤᠯᠤᠭᠰᠠᠨ ᠪᠠ ᠬᠦᠴᠦᠨ ᠦᠭᠡᠢ ᠪᠣᠯᠭᠠᠭᠰᠠᠨ ᠲᠣᠭᠲᠠᠭᠠᠯ ᠳᠦᠷᠢᠮ 10 ᠪᠠᠶᠢᠵᠤ᠂ ᠠᠷᠠᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠵᠥᠪᠯᠡᠯᠭᠡ᠂ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ 1038 ᠭᠦᠢᠴᠡᠳᠬᠡᠨ᠂ ᠭᠦᠢᠴᠡᠳᠬᠡᠵᠦ ᠳᠠᠭᠤᠰᠬᠠᠭᠰᠠᠨ ᠨᠣᠷᠮ᠎ᠠ ᠨᠢ 100%᠎ ᠳᠤ ᠬᠦᠷᠪᠡ᠃ ᠣᠯᠠᠨ ᠨᠡᠶᠢᠲᠡ ᠶᠢᠨ ᠪᠡᠯᠡ ᠮᠥᠩᠭᠦ᠂ ᠤᠯᠤᠰ ᠤᠨ ᠥᠮᠴᠢᠯᠡᠯ ᠤᠨ ᠡᠳ᠋ ᠬᠥᠷᠥᠩᠭᠡ᠂ ᠤᠯᠤᠰ ᠤᠨ ᠥᠮᠴᠢᠯᠡᠯ ᠤᠨ ᠡᠬᠢ ᠪᠠᠶᠠᠯᠢᠭ ᠤᠨ ᠬᠢᠨᠠᠨ ᠪᠣᠳᠣᠯᠲᠠ ᠶᠢᠨ ᠪᠦᠭᠦᠨ ᠢ ᠪᠦᠷᠭᠦᠭᠦᠯᠭᠦ ᠢ ᠲᠦᠷᠭᠡᠳᠭᠡᠵᠤ᠂ ᠬᠠᠷᠢᠭᠤᠴᠠᠯᠭ᠎ᠠ ᠠᠯᠳᠠᠵᠤ ᠲᠤᠰᠢᠶᠠᠯ ᠢᠶᠠᠨ ᠭᠤᠲᠤᠭᠠᠭᠰᠠᠨ᠂ ︽ᠳᠦᠷᠪᠡᠨ ᠰᠤᠷᠲᠠᠯ︾ ᠵᠡᠷᠭᠡ ᠠᠰᠠᠭᠤᠳᠠᠯ ᠳᠤ ᠪᠠᠶᠢᠴᠠᠭᠠᠨ ᠰᠢᠢᠳᠪᠦᠷᠢᠯᠡᠬᠦ ᠡᠷᠴᠢᠮ ᠢ ᠨᠡᠮᠡᠭᠳᠡᠬᠦᠯᠦᠨ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠢᠯᠡᠳᠳᠡ ᠴᠢᠩᠭᠠᠷᠠᠪᠠ᠃ ᠨᠡᠶᠢᠭᠡᠮ ᠤᠨ ᠵᠠᠰᠠᠯᠲᠠ ᠲᠤ ᠰᠢᠨ᠎ᠡ ᠶᠢ ᠡᠭᠦᠳᠴᠦ᠂ ᠬᠦᠳᠡᠯᠮᠦᠷᠢ ᠶᠢᠨ ᠬᠠᠷᠢᠴᠠᠭ᠎ᠠ ᠶᠡᠷᠦᠩᠬᠡᠢ ᠳᠡᠭᠡᠨ ᠡᠶ᠎ᠡ ᠵᠤᠬᠢᠴᠠᠩᠭᠤᠢ ᠲᠣᠭᠲᠠᠭᠤᠨ ᠪᠠᠶᠢᠵᠤ᠂ ᠵᠠᠬᠢᠳᠠᠯ ᠰᠤᠷᠪᠤᠯᠵᠢᠯᠠᠭ᠎ᠠ ᠶᠢᠨ ᠪᠦᠯᠦᠭ ᠤᠳᠠᠭ᠎ᠠ ᠪᠠ ᠬᠥᠮᠥᠨ ᠤ ᠲᠤᠭ᠎ᠠ 18.4%᠎ ᠢᠶᠠᠷ ᠪᠠ 27.9%᠎ ᠢᠶᠠᠷ ᠪᠠᠭᠤᠷᠠᠨ᠂ ᠡᠷᠡᠭᠦᠦ ᠶᠢᠨ ᠬᠡᠷᠡᠭ ᠪᠠ ᠠᠮᠤᠷ ᠢ ᠬᠠᠮᠠᠭᠠᠯᠠᠬᠤ ᠬᠡᠷᠡᠭ 7.2%᠎ ᠢᠶᠠᠷ ᠪᠠ 7.7%᠎ ᠢᠶᠠᠷ ᠪᠠᠭᠤᠷᠠᠪᠠ᠃ ᠠᠶᠤᠯ ᠦᠭᠡᠢ ᠦᠢᠯᠡᠳᠪᠦᠷᠢᠯᠠᠯ ᠤᠨ ᠶᠡᠭᠡ ᠪᠠᠶᠢᠴᠠᠭᠠᠯᠲᠠ ᠪᠠ ᠲᠤᠰᠬᠠᠢ ᠴᠡᠭᠴᠡᠯᠡᠨ ᠵᠠᠰᠠᠯᠲᠠ ᠶᠢ ᠪᠦᠬᠦ ᠲᠠᠯ᠎ᠠ ᠪᠠᠷ ᠥᠷᠨᠢᠭᠦᠯᠵᠦ᠂ ᠠᠳᠡᠯ ᠡᠭᠦᠰᠦᠭᠰᠡᠨ ᠲᠤᠭ᠎ᠠ ᠪᠠ ᠰᠢᠷᠬᠠᠳᠦᠵᠤ ᠦᠭᠦᠭᠰᠡᠨ ᠬᠥᠮᠥᠨ ᠤ ᠲᠤᠭ᠎ᠠ 16.6%᠎ ᠢᠶᠠᠷ ᠪᠠ 9%᠎ ᠢᠶᠠᠷ ᠪᠠᠭᠤᠷᠠᠪᠠ᠃ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠣᠷᠣᠨ ᠪᠦᠰᠡ ᠶᠢᠨ ᠴᠢᠨᠠᠷᠲᠠᠢ ᠪᠠ ᠰᠢᠰᠲ᠋ᠧᠮ ᠤᠨ ᠴᠢᠨᠠᠷᠲᠠᠢ ᠠᠰᠠᠭᠤᠳᠠᠯ ᠭᠠᠷᠭᠠᠬᠤ ᠦᠭᠡᠢ ᠬᠤᠷᠢᠭ᠎ᠠ ᠱᠤᠭᠤᠮ ᠢ ᠪᠠᠳᠤᠯᠡᠨ᠂ ᠣᠯᠠᠨ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾᠎ ᠢ ᠪᠠᠲᠤᠯᠠᠪᠠ᠃       ᠳᠦᠯᠦᠭᠡᠯᠡᠭᠴᠢᠳ ᠡ᠂ ᠦᠩᠭᠡᠷᠡᠭᠰᠡᠨ ᠨᠢᠭᠡ ᠵᠢᠯ ᠤᠨ ᠴᠢᠷᠮᠠᠶᠢᠯᠭ᠎ᠠ ᠪᠠᠷ ︽12 · 5︾᠎ ᠶᠢᠨ ᠳᠦᠯᠦᠪᠵᠢᠬᠦᠯᠭᠡ ᠪᠠᠨ ᠳᠦᠬᠦᠷᠡᠩ ᠠᠮᠵᠢᠯᠳᠡ ᠲᠠᠢ ᠪᠠᠶᠠᠯᠠᠬᠦᠯᠵᠦ᠂ ᠦᠪᠤᠷ ᠮᠣᠩᠭᠤᠯ ᠤᠨ ᠬᠦᠭᠵᠢᠯᠳᠡ ᠨᠢᠭᠡᠨᠲᠡ ᠰᠢᠨ᠎ᠠ ᠨᠢᠭᠡᠨ ᠳᠡᠥᠭᠡᠨ ᠭᠠᠷᠤᠭ᠎ᠠ ᠳᠡᠭᠡᠷ᠎ᠠ ᠵᠣᠠᠠᠰᠣᠪᠠ᠃ ︽12 · 5︾᠎ ᠶᠢᠨ ᠬᠤᠭᠤᠴᠠᠭᠠᠨ ᠤ ᠬᠦᠭᠵᠢᠯᠳᠡ ᠪᠠᠨ ᠡᠷᠬᠢᠴᠡᠬᠦᠯᠪᠡᠯ᠂ ᠪᠢᠳᠡ ᠡᠶᠢᠮᠦᠷᠬᠦ ᠬᠦᠨ ᠬᠦᠨᠵᠡᠭᠡᠢ ᠳᠦᠷᠦᠭᠳᠡᠯ ᠲᠠᠢ ᠪᠠᠶᠢᠨ᠎ᠠ᠄ ᠡᠨᠡ ᠲᠠᠪᠤᠨ ᠵᠢᠯ ᠪᠤᠯ ᠮᠠᠨ ᠤ ᠣᠷᠣᠨ ᠤ ᠠᠵᠦ ᠠᠬᠤᠢ ᠶᠢᠨ ᠪᠦᠳᠦᠭᠡᠨ ᠪᠠᠶᠢᠭᠤᠯᠥᠯᠳᠡ᠂ ᠣᠯᠥᠰ ᠳᠦᠷᠦ ᠶᠢᠨ ᠪᠠᠶᠢᠭᠤᠯᠥᠯᠳᠡ᠂ ᠰᠣᠶᠣᠯ ᠤᠨ ᠪᠠᠶᠢᠭᠤᠯᠥᠯᠳᠡ᠂ ᠨᠡᠶᠢᠭᠡᠮ ᠤᠨ ᠪᠠᠶᠢᠭᠤᠯᠥᠯᠳᠡ ᠪᠤᠯᠥᠨ ᠠᠮᠢ ᠠᠬᠤᠢ ᠶᠢᠨ ᠪᠤᠯᠪᠠᠰᠣᠨ ᠤ ᠪᠠᠶᠢᠭᠤᠯᠥᠯᠳᠡ ᠪᠦᠬᠦ ᠳᠡᠯ᠎ᠠ ᠪᠠᠷ ᠠᠬᠢᠬᠰᠠᠨ ᠲᠠᠪᠤᠨ ᠵᠢᠯ᠂ ᠬᠦᠭᠵᠢᠯᠳᠡ ᠶᠢᠨ ᠠᠷᠭ᠎ᠠ ᠮᠠᠶ᠋ᠢᠭ ᠤᠨ ᠬᠤᠪᠢᠷᠠᠯᠳᠠ ᠶᠢ ᠲᠦᠷᠬᠡᠳᠬᠡᠭᠰᠡᠨ᠂ ᠬᠦᠭᠵᠢᠯᠳᠡ ᠶᠢᠨ ᠰᠠᠭᠤᠷᠢ ᠨᠡᠩ ᠪᠠᠬᠢᠵᠢᠭᠰᠡᠨ᠂ ᠬᠦᠭᠵᠢᠯᠳᠡ ᠨᠡᠩ ᠪᠦᠬᠦ ᠳᠡᠯ᠎ᠠ ᠪᠠᠷ ᠵᠤᠬᠢᠴᠠᠩᠭᠤᠢ ᠪᠠᠷ ᠦᠷᠬᠦᠯᠵᠢᠯᠡᠭᠰᠡᠨ ᠲᠠᠪᠤᠨ ᠵᠢᠯ᠂ ᠦᠭᠡᠷᠡᠴᠢᠯᠡᠯᠳᠡ ᠶᠢᠨ ᠪᠤᠭᠤᠮᠳᠠ ᠰᠢᠪᠳᠣᠯᠬᠤ ᠡᠷᠴᠢᠮ ᠬᠠᠮᠤᠭ ᠴᠢᠩᠭ᠎ᠠ᠂ ᠬᠤᠳᠡ ᠬᠦᠳᠡᠭᠡ ᠶᠢᠨ ᠳᠦᠷᠰᠣ ᠪᠠᠶᠢᠳᠡᠯ ᠤᠨ ᠬᠤᠪᠢᠷᠡᠯᠳᠡ ᠬᠠᠮᠤᠭ ᠢᠯᠡᠷᠭᠡᠢ᠂ ᠦᠷᠬᠡᠨ ᠤᠯᠠᠨ ᠲᠦᠮᠠᠨ ᠬᠠᠮᠤᠭ ᠣᠯᠡᠨ ᠪᠣᠲᠠᠲᠠᠢ ᠠᠰᠢᠭ ᠬᠦᠷᠳᠡᠭᠰᠡᠨ ᠲᠠᠪᠤᠨ ᠵᠢᠯ ᠪᠤᠯᠥᠨ᠎ᠠ᠃ ᠢᠯᠡᠩᠭᠤᠶ᠎ᠠ ᠨᠠᠮ ᠤᠨ ᠠᠷᠪᠠᠨ ᠨᠠᠶᠢᠮᠠᠳᠣᠭᠠᠷ ᠶᠡᠭᠡ ᠬᠤᠷᠡᠯ ᠠᠴᠠ ᠨᠠᠰᠢ᠂ ᠪᠢᠳᠡ ᠦᠵᠡᠯ ᠰᠠᠨᠠᠭ᠎ᠠ᠂ ᠣᠯᠥᠰ ᠳᠦᠷᠦ᠂ ᠦᠢᠯᠡ ᠠᠵᠢᠯᠯᠠᠭ᠎ᠠ ᠶᠢᠨ ᠳᠡᠯ᠎ᠠ ᠪᠠᠷ ᠢᠮᠬᠠᠳᠡ ᠰᠢ ᠶᠢᠨ ᠫᠢᠡᠭ ᠨᠦᠬᠦᠷ ᠢᠶᠠᠷ ᠶᠡᠷᠦᠩᠭᠡᠢ ᠱᠦᠵᠢ ᠪᠤᠯᠭᠠᠠᠠᠰᠠᠨ ᠨᠠᠮ ᠤᠨ ᠳᠦᠪ ᠬᠤᠷᠢᠶ᠎ᠠ ᠯᠤᠭ᠎ᠠ ᠳᠡᠭᠡᠳᠣ ᠭᠡᠮᠵᠢᠶ᠎ᠠ ᠪᠠᠷ ᠨᠢᠭᠡᠳᠦᠯᠳᠡᠢ ᠪᠠᠶᠢᠬᠤ ᠶᠢ ᠪᠠᠷᠢᠮᠳᠠᠯᠡᠵᠦ᠂ ᠬᠦᠭᠵᠢᠯᠳᠡ ᠶᠢᠨ ᠰᠡᠳᠬᠢᠮᠵᠢ ᠪᠠᠨ ᠳᠡᠰᠣᠷᠡᠯᠳᠡ ᠦᠭᠡᠢ ᠳᠡᠬᠦᠯᠳᠡᠷᠵᠢᠬᠦᠯᠦᠨ᠂ ᠬᠦᠭᠵᠢᠯᠳᠡ ᠶᠢᠨ ᠠᠷᠭ᠎ᠠ ᠪᠠᠷᠢᠯ ᠳᠠᠭᠠᠨ ᠢᠳᠡᠪᠬᠢᠳᠡᠢ ᠪᠠᠷ ᠰᠢᠨ᠎ᠠ ᠶᠢ ᠡᠬᠦᠳᠴᠥ᠂ ᠮᠠᠰᠢ ᠣᠯᠡᠨ ᠬᠤᠪᠤᠷ ᠨᠠᠨᠳᠢᠨ ᠲᠣᠷᠰᠢᠯᠭ᠎ᠠ ᠬᠤᠷᠡᠮᠳᠣᠭᠤᠯᠪᠠ᠃ ᠬᠤᠷᠢᠶᠡᠩᠭᠤᠶᠢᠯᠠᠪᠠᠯ ᠭᠤᠤᠯᠳᠡᠭᠤ᠄ ᠵᠦᠪ ᠣᠨᠣᠪᠴᠢᠳᠡᠢ ᠣᠯᠥᠰ ᠳᠦᠷᠦ ᠶᠢᠨ ᠴᠢᠭᠯᠡᠯ ᠢ ᠡᠷᠬᠡᠪᠰᠢ ᠢᠮᠬᠠᠳᠡ ᠪᠡᠷᠢᠮᠳᠡᠯᠡᠵᠦ᠂ ᠨᠠᠮ ᠤᠨ ᠳᠦᠪ ᠬᠤᠷᠢᠶ᠎ᠠ᠂ ᠳᠦᠷᠦ ᠶᠢᠨ ᠶᠠᠪᠤᠳᠡᠯ ᠤᠨ ᠬᠤᠷᠢᠶ᠎ᠠ ᠪᠤᠯᠥᠨ ᠦᠪᠡᠷᠳᠡᠭᠡᠨ ᠵᠠᠰᠬᠠᠥ ᠣᠷᠣᠨ ᠤ ᠨᠠᠮ ᠤᠨ ᠬᠤᠷᠢᠶ᠎ᠠ ᠶᠢᠨ ᠡᠯ᠎ᠠ ᠵᠦᠢᠯ ᠤᠨ ᠰᠢᠢᠳᠪᠦᠷᠢᠳᠣ ᠪᠤᠳᠣᠯᠭ᠎ᠠ ᠪᠠᠶᠢᠷᠢᠯᠡᠭᠤᠯᠥᠯᠳᠡ ᠶᠢ ᠪᠦᠬᠦ ᠳᠡᠯ᠎ᠠ ᠪᠠᠷ ᠲᠣᠣᠱᠯᠠᠭᠤᠯᠥᠨ ᠨᠡᠶᠢᠳᠡᠪᠦᠷᠢᠵᠢᠭᠤᠯᠵᠦ᠂ ᠪᠦᠬᠦ ᠣᠷᠣᠨ ᠤ ᠦᠨᠳᠣᠰᠣᠳᠡᠨ ᠨᠦᠭᠦᠳ ᠤᠨ ᠠᠷᠡᠳ ᠳᠦᠮᠡᠨ ᠳᠤ ᠨᠢᠠᠠᠳᠡ ᠳᠦᠰᠢᠭᠯᠡᠨ᠂ ᠰᠠᠬᠢᠨ ᠪᠠᠷᠡᠯᠡᠵᠦ ᠬᠠᠷᠢᠯᠴᠡᠨ ᠬᠠᠪᠰᠣᠷᠣᠯᠴᠡᠵᠦ᠂ ᠪᠦᠯᠬᠦᠮᠳᠡᠨ ᠳᠡᠮᠠᠴᠠᠵᠦ᠂ ᠪᠤᠳᠠᠳᠣ ᠪᠠᠶᠢᠳᠡᠯ ᠠᠴᠠ ᠪᠠᠨ ᠡᠬᠦᠰᠴᠥ ᠪᠦᠳᠦᠭᠡᠯᠴᠢ ᠴᠢᠨᠡᠷᠳᠡᠢ ᠬᠦᠴᠣᠯᠠᠨ ᠴᠢᠷᠮᠡᠶᠢᠵᠦ ᠠᠵᠢᠯ ᠢᠶᠠᠨ ᠦᠷᠨᠢᠬᠦᠯᠬᠦ ᠬᠡᠷᠡᠭᠲᠡᠢ︔ ᠬᠦᠭᠵᠢᠬᠦᠯᠬᠦ ᠪᠤᠯ ᠳᠡᠷᠢᠬᠦᠨ ᠴᠢᠬᠤᠯᠡ ᠡᠬᠦᠷᠭᠡ ᠪᠤᠯᠬᠤ ᠶᠢ ᠡᠷᠬᠡᠪᠰᠢ ᠢᠮᠬᠠᠳᠡ ᠪᠡᠷᠢᠮᠳᠡᠯᠡᠵᠦ᠂ ᠠᠵᠦ ᠠᠬᠤᠢ ᠶᠢᠨ ᠬᠦᠭᠵᠢᠯᠳᠡ ᠶᠢᠨ ᠰᠢᠨ᠎ᠠ ᠭᠡᠪ ᠪᠠᠶᠢᠳᠡᠯ ᠳᠤ ᠰᠠᠨᠠᠭᠠᠴᠢᠯᠠᠭ᠎ᠠ ᠠᠴᠠ ᠪᠠᠨ ᠵᠣᠬᠢᠴᠡᠨ ᠢᠳᠡᠪᠬᠢᠳᠡᠢ ᠪᠠᠷ ᠬᠦᠳᠦᠯᠦᠨ ᠵᠢᠯᠥᠭᠤᠳᠴᠥ᠂ ᠬᠦᠭᠵᠢᠯᠳᠡ ᠶᠢᠨ ᠰᠠᠨᠠᠭᠠᠴᠢᠯᠠᠭᠠᠳᠣ ᠡᠷᠭᠡ ᠶᠢ ᠪᠠᠳᠣ ᠡᠵᠡᠮᠰᠢᠬᠦ ᠬᠡᠷᠡᠭᠲᠠᠢ︔ ᠬᠦᠭᠵᠢᠯᠳᠡ ᠶᠢᠨ ᠶᠠᠰᠣ ᠴᠢᠨᠡᠷ ᠪᠠ ᠦᠷ᠎ᠠ ᠠᠰᠢᠭ ᠢ ᠳᠡᠭᠡᠭᠰᠢᠯᠡᠬᠦᠯᠬᠦ ᠪᠠᠷ ᠭᠤᠤᠯ ᠪᠤᠯᠭᠠᠬᠤ ᠶᠢ ᠡᠷᠬᠡᠪᠰᠢ ᠢᠮᠬᠠᠳᠡ ᠪᠡᠷᠢᠮᠳᠡᠯᠡᠵᠦ᠂ ᠠᠵᠦ ᠠᠬᠤᠢ ᠶᠢᠨ ᠪᠦᠳᠦᠴᠡ ᠶᠢᠨ ᠪᠠᠶᠢᠯᠳᠣᠬᠤ ᠪᠤᠳᠣᠯᠭ᠎ᠠ ᠶᠢᠨ ᠴᠢᠨᠡᠷᠳᠡᠢ ᠲᠣᠬᠢᠷᠡᠭᠤᠯᠥᠯᠳᠡ ᠶᠢᠨ ᠡᠷᠴᠢᠮ ᠢᠶᠠᠨ ᠴᠢᠩᠭᠠᠷᠡᠭᠤᠯᠵᠤ᠂ ᠠᠵᠦ ᠠᠬᠤᠢ ᠶᠢᠨ ᠬᠦᠭᠵᠢᠯᠳᠡ ᠶᠢᠨ ᠠᠷᠭ᠎ᠠ ᠮᠠᠶ᠋ᠢᠭ ᠢᠶᠠᠨ ᠬᠤᠪᠢᠷᠡᠭᠤᠯᠬᠤ ᠶᠢ ᠲᠦᠷᠬᠡᠳᠬᠡᠵᠤ᠂ ᠬᠤᠳᠡ ᠬᠦᠳᠡᠭᠡ ᠣᠷᠣᠨ ᠪᠦᠰᠡ ᠶᠢᠨ ᠬᠦᠭᠵᠢᠯᠳᠡ ᠬᠠᠷᠢᠯᠴᠠᠨ ᠳᠡᠩᠴᠡᠬᠦᠷᠢᠳᠡᠢ ᠪᠠᠶᠢᠬᠤ᠂ ᠠᠵᠦ ᠠᠬᠤᠢ ᠨᠡᠶᠢᠭᠡᠮ ᠤᠨ ᠬᠦᠭᠵᠢᠯᠳᠡ ᠬᠠᠷᠢᠯᠴᠡᠨ ᠵᠣᠬᠢᠴᠡᠩᠭᠤᠢ ᠪᠠᠶᠢᠬᠤ᠂ ᠬᠦᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯᠲᠠᠢ ᠬᠦᠭᠵᠢᠬᠦ ᠶᠢ ᠲᠦᠯᠬᠢᠨ ᠠᠬᠢᠭᠤᠯᠬᠤ ᠬᠡᠷᠡᠭᠲᠠᠢ︔ ᠦᠭᠡᠷᠡᠴᠢᠯᠡᠯᠳᠡ ᠶᠢ ᠪᠦᠬᠦ ᠳᠡᠯ᠎ᠠ ᠪᠠᠷ ᠬᠦᠨᠵᠡᠭᠡᠶᠢᠷᠡᠬᠦᠯᠬᠦ ᠶᠢ ᠡᠷᠬᠡᠪᠰᠢ ᠢᠮᠬᠠᠳᠡ ᠪᠡᠷᠢᠮᠳᠡᠯᠡᠵᠦ᠂ ᠦᠭᠡᠷᠡᠴᠢᠯᠡᠯᠳᠡ ᠶᠢᠨ ᠠᠷᠭ᠎ᠠ ᠪᠠᠷ ᠬᠦᠭᠵᠢᠯᠳᠡ ᠶᠢᠨ ᠲᠣᠮᠳᠡᠬᠢ ᠵᠦᠷᠢᠴᠡᠯ ᠪᠠ ᠠᠰᠠᠭᠤᠳᠡᠯ ᠢ ᠰᠢᠢᠳᠪᠦᠷᠢᠯᠡᠨ᠂ ᠬᠦᠭᠵᠢᠯᠳᠡ ᠶᠢᠨ ᠰᠢᠨ᠎ᠠ ᠣᠷᠣᠨ ᠵᠡᠢ ᠶᠢ ᠦᠷᠭᠡᠳᠭᠡᠵᠦ᠂ ᠬᠦᠭᠵᠢᠯᠳᠡ ᠳᠤ ᠰᠢᠨ᠎ᠠ ᠬᠦᠳᠡᠯᠭᠡᠬᠦ ᠬᠦᠴᠣᠨ ᠨᠡᠮᠡᠷᠢᠯᠡᠬᠦ ᠬᠡᠷᠡᠭᠲᠠᠢ︔ ᠠᠷᠡᠳ ᠳᠦᠮᠡᠨ ᠤ ᠪᠤᠶᠠᠨ ᠵᠢᠷᠭᠠᠯ ᠢ ᠨᠡᠮᠡᠭᠳᠡᠬᠦᠯᠬᠦ᠂ ᠬᠦᠮᠦᠨ ᠤ ᠪᠦᠬᠦ ᠳᠡᠯ᠎ᠠ ᠶᠢᠨ ᠬᠦᠭᠵᠢᠯᠳᠡ ᠶᠢ ᠠᠬᠢᠭᠤᠯᠬᠤ ᠪᠠᠷ ᠡᠬᠦᠰᠣᠴᠡ ᠪᠠ ᠲᠣᠰᠣᠯᠳᠡ ᠪᠤᠯᠭᠠᠬᠤ ᠶᠢ ᠡᠷᠬᠡᠪᠰᠢ ᠢᠮᠬᠠᠳᠡ ᠪᠡᠷᠢᠮᠳᠡᠯᠡᠵᠦ᠂ ᠠᠷᠡᠳ ᠳᠦᠮᠡᠨ ᠤ ᠠᠮᠢᠳᠣᠷᠡᠯ ᠤᠨ ᠬᠢᠷᠢ ᠲᠦᠪᠰᠢᠨ ᠢ ᠦᠨᠡᠨᠬᠦ ᠳᠡᠭᠡᠭᠰᠢᠯᠡᠬᠦᠯᠦᠨ᠂ ᠦᠨᠳᠣᠰᠣᠨ ᠣᠯᠡᠨ ᠨᠡᠶᠢᠳᠡ ᠶᠢᠨ ᠦᠢᠯᠡᠴᠢᠯᠡᠭᠡᠨ ᠢ ᠳᠡᠩᠴᠡᠬᠦᠷᠢᠳᠠᠢ ᠪᠤᠯᠭᠠᠬᠤ ᠶᠢ ᠬᠦᠴᠣᠳᠡᠢ ᠲᠦᠯᠬᠢᠨ ᠠᠬᠢᠭᠤᠯᠵᠦ ᠬᠦᠭᠵᠢᠯᠳᠡ ᠶᠢᠨ ᠦᠷ᠎ᠠ ᠪᠦᠳᠦᠭᠡᠯ ᠢ ᠦᠷᠭᠡᠨ ᠣᠯᠡᠨ ᠳᠦᠮᠡᠨ ᠳᠤ ᠨᠡᠩ ᠢᠯᠡᠬᠦᠥ ᠨᠡᠩ ᠰᠠᠶᠢᠨ ᠡᠳ᠋ᠯᠡᠬᠦᠯᠬᠦ ᠬᠡᠷᠡᠭᠲᠠᠢ︔ ᠨᠠᠮ ᠤᠨ ᠦᠨᠳᠣᠰᠣᠳᠡᠨ ᠤ ᠲᠣᠬᠠᠢ ᠳᠦᠷᠦ ᠶᠢᠨ ᠪᠤᠳᠣᠯᠭ᠎ᠠ ᠪᠠ ᠦᠨᠳᠣᠰᠣᠳᠡᠨ ᠤ ᠣᠷᠣᠨ ᠤ ᠦᠪᠡᠷᠳᠡᠭᠡᠨ ᠵᠠᠰᠬᠠᠥ ᠳᠦᠷᠢᠮ ᠢ ᠪᠦᠬᠦ ᠳᠡᠯ᠎ᠠ ᠪᠠᠷ ᠨᠡᠶᠢᠳᠡᠪᠦᠷᠢᠵᠢᠭᠤᠯᠬᠤ ᠶᠢ ᠡᠷᠬᠡᠪᠰᠢ ᠢᠮᠬᠠᠳᠡ ᠪᠡᠷᠢᠮᠳᠡᠯᠡᠵᠦ᠂ ᠦᠨᠳᠣᠰᠣᠳᠡᠨ ᠤ ᠠᠵᠢᠯ ᠢ ᠨᠠᠷᠢᠨ ᠨᠢᠮᠪᠡᠢ ᠰᠠᠶᠢᠳᠣᠷ ᠬᠢᠵᠦ᠂ ᠦᠨᠳᠣᠰᠣᠳᠡᠨ ᠨᠦᠭᠦᠳ ᠤᠨ ᠶᠡᠭᠡ ᠪᠦᠯᠬᠦᠮᠳᠡᠯ ᠤᠨ ᠰᠠᠶᠢᠨ ᠰᠠᠶᠢᠬᠠᠨ ᠪᠠᠶᠢᠳᠡᠯ ᠢ ᠳᠡᠰᠣᠷᠡᠯᠳᠡ ᠦᠭᠡᠢ ᠪᠠᠬᠢᠵᠢᠬᠦᠯᠥᠨ ᠬᠦᠭᠵᠢᠬᠦᠯᠬᠦ ᠬᠡᠷᠡᠭᠲᠠᠢ︔ ᠡᠯ᠎ᠠ ᠳᠡᠯ᠎ᠠ ᠶᠢᠨ ᠬᠢᠨ ᠤ ᠢᠳᠡᠪᠬᠢᠵᠢᠯ ᠢ ᠳᠡᠶᠢᠴᠢᠯᠬᠠᠥ ᠶᠢ ᠡᠷᠬᠡᠪᠰᠢ ᠢᠮᠬᠠᠳᠡ ᠪᠡᠷᠢᠮᠳᠡᠯᠡᠵᠦ᠂ ᠡᠯ᠎ᠠ ᠵᠦᠢᠯ ᠤᠨ ᠠᠰᠢᠭ ᠲᠣᠰᠠ ᠶᠢᠨ ᠬᠠᠷᠢᠴᠠᠭ᠎ᠠ ᠶᠢ ᠨᠢᠭᠡᠳᠦᠯᠳᠡᠢ ᠳᠦᠯᠦᠪᠯᠡᠨ ᠰᠠᠶᠢᠳᠤᠷ ᠰᠢᠢᠳᠪᠦᠷᠢᠯᠡᠵᠦ᠂ ᠨᠡᠶᠢᠭᠡᠮ ᠤᠨ ᠡᠶ᠎ᠡ ᠵᠤᠬᠢᠴᠡᠯ ᠲᠠᠢ ᠲᠣᠠᠠᠳᠠᠭᠤᠨ ᠪᠠᠶᠢᠳᠡᠯ ᠢ ᠪᠦᠬᠦ ᠬᠦᠴᠣᠨ ᠢᠶᠠᠷ ᠬᠠᠮᠠᠭᠠᠯᠠᠵᠦ᠂ ᠡᠭᠡ ᠣᠯᠥᠰ ᠤᠨ ᠣᠮᠡᠷᠡᠳᠣ ᠬᠢᠯᠢ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢᠶᠢᠡᠨ ᠴᠣᠭᠴᠠᠯᠠᠨ ᠪᠠᠶᠢᠭᠤᠯᠬᠤ ᠨᠡᠶᠢᠯᠡᠮᠡᠯ ᠬᠦᠴᠣᠨ ᠢ ᠨᠢᠠᠠᠳᠡᠷᠡᠭᠤᠯᠬᠤ ᠬᠡᠷᠡᠭᠲᠠᠢ᠃       ᠳᠦᠯᠦᠭᠡᠯᠡᠭᠴᠢᠳ ᠡ᠂ ︽12 · 5︾᠎ ᠶᠢᠨ ᠳᠦᠯᠦᠪᠵᠢᠬᠦᠯᠭᠡ ᠶᠢᠨ ᠬᠤᠭᠤᠴᠠᠭᠠᠨ ᠲᠤ ᠣᠯᠥᠠᠠᠰᠠᠨ ᠠᠮᠵᠢᠯᠳᠡ ᠪᠦᠳᠦᠮᠵᠢ ᠪᠤᠯ ᠬᠢᠯᠪᠡᠷ ᠪᠤᠰᠣ ᠶᠣᠮ᠃ ᠡᠨᠡ ᠨᠢ ᠨᠠᠮ ᠤᠨ ᠳᠦᠪ ᠬᠤᠷᠢᠶ᠎ᠠ᠂ ᠲᠦᠷᠦ ᠶᠢᠨ ᠶᠠᠪᠣᠲᠠᠯ ᠤᠨ ᠬᠤᠷᠢᠶ᠎ᠠ ᠶᠢᠨ ᠪᠠᠳᠣ ᠴᠢᠩᠭ᠎ᠠ ᠣᠳᠣᠷᠢᠳᠣᠯᠭ᠎ᠠ ᠪᠠ ᠬᠠᠯᠠᠮᠵᠢᠯᠠᠯ ᠳᠡᠮᠵᠢᠯᠭᠡ ᠶᠢᠨ ᠦᠷ᠎ᠠ ᠳᠦᠢᠩ ᠪᠣᠯᠣᠨ᠎ᠠ᠂ ᠦᠪᠡᠷᠳᠡᠭᠡᠨ ᠵᠠᠰᠬᠠᠥ ᠣᠷᠣᠨ ᠤ ᠨᠠᠮ ᠤᠨ ᠬᠤᠷᠢᠶ᠎ᠠ ᠶᠢᠨ ᠰᠢᠨᠵᠢᠯᠡᠬᠦ ᠣᠬᠠᠭᠠᠨᠴᠢ ᠪᠠᠷ ᠰᠢᠢᠳᠪᠦᠷᠢᠳᠣ ᠪᠣᠳᠣᠯᠭ᠎ᠠ ᠲᠣᠠᠠᠳᠠᠭᠠᠵᠦ᠂ ᠵᠦᠪ ᠣᠨᠣᠪᠴᠢᠳᠡᠢ ᠣᠳᠣᠷᠢᠳᠣᠠᠠᠰᠠᠨ ᠤ ᠦᠷ᠎ᠠ ᠳᠦᠢᠩ ᠪᠣᠯᠣᠨ᠎ᠠ᠂ ᠪᠦᠬᠦ ᠣᠷᠣᠨ ᠤ ᠦᠨᠳᠣᠰᠣᠳᠡᠨ ᠨᠦᠭᠦᠳ ᠤᠨ ᠺᠠᠳ᠋ᠷ ᠣᠯᠡᠨ ᠳᠦᠮᠡᠨ ᠤ ᠬᠠᠮᠳᠣ ᠪᠠᠷ ᠴᠢᠷᠮᠠᠶᠢᠵᠣ᠂ ᠪᠦᠯᠬᠦᠮᠳᠡᠨ ᠳᠡᠮᠡᠴᠡᠭᠰᠡᠨ ᠤ ᠦᠷ᠎ᠠ ᠳᠦᠢᠩ ᠪᠤᠯᠬᠤ ᠶᠣᠮ᠃ ᠡ᠊ᠨᠳᠡ ᠪᠢ ᠦᠪᠡᠷᠳᠡᠭᠡᠨ ᠵᠠᠰᠬᠠᠥ ᠣᠷᠣᠨ ᠤ ᠠᠷᠡᠳ ᠤᠨ ᠵᠠᠰᠠᠭ ᠤᠨ ᠣᠷᠳᠣᠨ ᠤ ᠡᠮᠤᠨ᠎ᠠ ᠠᠴᠠ ᠪᠦᠬᠦ ᠣᠷᠣᠨ ᠤ ᠦᠨᠳᠣᠰᠣᠳᠡᠨ ᠨᠦᠭᠦᠳ ᠤᠨ ᠠᠷᠡᠳ ᠳᠦᠮᠡᠨ᠂ ᠦᠪᠡᠷᠳᠡᠭᠡᠨ ᠵᠠᠰᠬᠠᠥ ᠣᠷᠣᠨ ᠤ ᠦᠭᠡᠷᠡᠴᠢᠯᠡᠯᠳᠡ ᠨᠡᠭᠡᠭᠡᠯᠳᠡ ᠪᠠ ᠣᠳᠣᠬᠢᠴᠢᠯᠬᠠᠥ ᠪᠦᠳᠦᠭᠡᠨ ᠪᠠᠶᠢᠭᠤᠯᠥᠯᠳᠡ ᠳᠤ ᠬᠤᠪᠢ ᠨᠡᠮᠡᠷᠢ ᠦᠵᠡᠬᠦᠯᠦᠭᠰᠡᠨ ᠪᠤᠢ ᠪᠦᠬᠦᠢ ᠨᠦᠬᠦᠳ᠂ ᠦᠪᠤᠷ ᠮᠣᠩᠭᠤᠯ ᠤᠨ ᠬᠦᠭᠵᠢᠯᠳᠡ ᠶᠢ ᠬᠠᠯᠠᠮᠵᠢᠯᠠᠨ ᠳᠡᠮᠵᠢᠭᠰᠡᠨ ᠨᠠᠶᠢᠵᠢ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠬᠦᠯᠦᠶ᠎ᠠ︕      ᠠᠮᠵᠢᠯᠳᠡ ᠪᠦᠳᠦᠮᠵᠢ ᠪᠠᠨ ᠣᠯᠵᠦ ᠬᠠᠷᠬᠠᠥ ᠶᠢᠨ ᠬᠠᠮᠳᠣ᠂ ᠪᠢᠳᠡ ᠪᠠᠰᠠ ᠦᠪᠤᠷ ᠮᠣᠩᠭᠤᠯ ᠪᠤᠯ ᠬᠠᠷᠠᠬᠠᠨ ᠬᠦᠭᠵᠢᠭᠡᠳᠦᠢ ᠬᠢᠯᠢ ᠬᠢᠵᠠᠭᠠᠷ ᠤᠨ ᠦᠨᠳᠣᠰᠣᠳᠡᠨ ᠤ ᠭᠠᠵᠡᠷ ᠣᠷᠣᠨ᠂ ᠶᠡᠷᠦᠩᠭᠡᠶᠢᠯᠡᠭᠰᠡᠨ ᠠᠵᠦ ᠠᠬᠤᠢ ᠶᠢᠨ ᠪᠤᠳᠠᠳᠣ ᠬᠦᠴᠣᠨ ᠪᠠᠰᠠ ᠬᠦᠴᠦᠷᠭᠡᠭ ᠪᠤᠰᠣ᠂ ᠬᠤᠳᠡ ᠬᠦᠳᠡᠭᠡ᠂ ᠣᠷᠣᠨ ᠪᠦᠰᠡ᠂ ᠠᠵᠦ ᠠᠬᠤᠢ ᠨᠡᠶᠢᠭᠡᠮ ᠤᠨ ᠬᠦᠭᠵᠢᠯᠳᠡ ᠵᠣᠬᠢᠴᠡᠩᠭᠤᠢ ᠪᠤᠰᠣ ᠪᠠᠶᠢᠵᠦ᠂ ᠰᠠᠭᠤᠷᠢ ᠲᠦᠬᠦᠭᠡᠷᠦᠮᠵᠢ ᠪᠠ ᠦᠨᠳᠣᠰᠣᠨ ᠣᠯᠡᠨ ᠨᠡᠶᠢᠳᠡ ᠶᠢᠨ ᠦᠢᠯᠡᠴᠢᠯᠡᠭᠡᠨ ᠨᠡᠯᠢᠶᠡᠳ ᠬᠤᠴᠣᠷᠣᠬᠲᠠᠩᠭᠤᠢ ᠪᠠᠶᠢᠵᠦ᠂ ᠬᠤᠳᠡ ᠬᠦᠳᠡᠭᠡ ᠶᠢᠨ ᠰᠠᠭᠤᠭᠠᠯᠢ ᠠᠷᠡᠳ ᠤᠨ ᠣᠷᠣᠯᠭ᠎ᠠ ᠶᠢᠨ ᠬᠢᠷᠢ ᠲᠦᠪᠰᠢᠨ ᠪᠠᠰᠠ ᠦᠨᠳᠣᠷ ᠪᠣᠰᠣ ᠪᠠᠶᠢᠠᠠᠰᠠᠭᠠᠷ︔ ᠠᠵᠦ ᠦᠢᠯᠡᠰ ᠤᠨ ᠪᠦᠳᠦᠴᠡ ᠶᠢᠨ ᠬᠦᠨᠳᠣ ᠭᠡᠯᠪᠡᠷᠢᠴᠢᠯᠡᠭᠰᠡᠨ ᠣᠨᠴᠠᠯᠢᠭ ᠨᠡᠯᠢᠶᠡᠳ ᠢᠯᠡᠷᠭᠡᠢ ᠪᠠᠶᠢᠵᠦ᠂ ᠡᠬᠢ ᠪᠠᠶᠠᠯᠢᠭ ᠤᠨ ᠪᠤᠰᠣ ᠭᠡᠯᠪᠡᠷᠢ ᠶᠢᠨ ᠠᠵᠦ ᠦᠢᠯᠡᠰ᠂ ᠪᠠᠶᠢᠯᠳᠣᠬᠤ ᠪᠤᠳᠣᠯᠭ᠎ᠠ ᠶᠢᠨ ᠴᠢᠨᠡᠷᠳᠡᠢ ᠰᠢᠨ᠎ᠠ ᠪᠠᠷ ᠮᠠᠨᠲᠣᠬᠰᠠᠨ ᠠᠵᠦ ᠦᠢᠯᠡᠰ᠂ ᠣᠳᠣ ᠦᠶ᠎ᠠ ᠶᠢᠨ ᠦᠢᠯᠡᠴᠢᠯᠡᠭᠡᠨ ᠤ ᠦᠢᠯᠡᠰ ᠤᠨ ᠬᠦᠭᠵᠢᠯᠳᠡ ᠬᠦᠢᠴᠡᠳ ᠪᠣᠰᠣ ᠪᠠᠶᠢᠠᠠᠰᠠᠭᠠᠷ︔ ᠠᠵᠦ ᠠᠬᠤᠢ ᠶᠢᠨ ᠨᠡᠮᠡᠭᠳᠡᠯ ᠤᠨ ᠬᠦᠳᠡᠯᠭᠡᠬᠦ ᠬᠦᠴᠣᠨ ᠵᠣᠬᠢᠴᠡᠩᠭᠤᠢ ᠪᠤᠰᠣ ᠪᠠᠶᠢᠵᠦ᠂ ᠪᠦᠳᠦᠮᠵᠢᠳᠡᠢ ᠭᠡᠷᠡᠭᠴᠡᠭᠡ ᠱᠠᠭᠠᠷᠳᠡᠯᠭ᠎ᠠ ᠪᠠ ᠪᠦᠳᠦᠮᠵᠢᠳᠡᠢ ᠬᠠᠩᠭᠠᠯᠭ᠎ᠠ ᠬᠦᠢᠴᠡᠳ ᠪᠤᠰᠣ ᠪᠠᠶᠢᠬᠤ ᠪᠠᠶᠢᠳᠡᠯ ᠵᠠᠷᠭᠡᠴᠡᠨ ᠣᠷᠣᠰᠢᠵᠦ᠂ ᠰᠢᠨᠵᠢᠯᠡᠬᠦ ᠣᠬᠠᠭᠠᠨ ᠮᠡᠷᠭᠡᠵᠢᠯ ᠤᠨ ᠲᠣᠯᠭᠠᠭᠤᠷᠢᠯᠡᠬᠤ ᠴᠢᠳᠡᠪᠦᠷᠢ ᠴᠢᠩᠭ᠎ᠠ ᠪᠣᠰᠣ ᠪᠠᠶᠢᠠᠠᠰᠠᠭᠠᠷ︔ ᠠᠮᠢ ᠠᠬᠤᠢ ᠶᠢᠨ ᠣᠷᠴᠢᠨ ᠲᠤᠭᠤᠷᠢᠨ ᠪᠠᠰᠠ ᠨᠡᠯᠢᠶᠡᠳ ᠬᠡᠪᠡᠷᠡᠭ ᠪᠠᠶᠢᠵᠦ᠂ ᠶᠠᠭ ︽ᠣᠷᠣᠠᠠᠰᠢᠯᠠᠪᠠᠰᠣ ᠲᠡᠬᠦᠰ ᠢᠯᠡᠯᠳᠡ ᠣᠯᠵᠦ᠂ ᠣᠷᠣᠬᠰᠢᠯᠠᠬᠤ ᠦᠭᠡᠢ ᠪᠤᠯᠪᠠᠰᠣ ᠣᠬᠤᠷᠢᠬᠤ︾ ᠳᠡᠥᠭᠡ ᠢᠶᠢᠨ ᠵᠠᠩᠬᠢᠯᠠᠭ᠎ᠠ ᠶᠢᠨ ᠴᠠᠭ ᠦᠶ᠎ᠠ ᠳᠤ ᠣᠷᠣᠰᠢᠵᠦ ᠪᠠᠶᠢᠠᠠᠰᠠᠭᠠᠷ︔ ᠠᠵᠦ ᠠᠬᠤᠢ ᠶᠢᠨ ᠠᠵᠢᠯᠯᠠᠭᠠᠨ ᠢᠶᠠᠷ ᠬᠤᠷᠠᠮᠲᠣᠬᠰᠠᠨ ᠳᠡᠯᠳᠡ ᠳᠦᠭᠰᠢᠬᠦᠷᠢ ᠨᠡᠯᠢᠶᠡᠳ ᠣᠯᠡᠨ ᠪᠠᠶᠢᠵᠦ᠂ ᠭᠡᠰᠡᠭ ᠠᠵᠢᠯ ᠳᠦᠷᠦᠯ ᠤᠨ ᠦᠢᠯᠡᠳᠪᠦᠷᠢᠯᠡᠯ ᠤᠨ ᠴᠢᠳᠡᠪᠤᠷᠢ ᠦᠯᠡᠬᠦᠳᠡᠵᠦ᠂ ᠵᠠᠷᠢᠮ ᠠᠵᠦ ᠠᠬᠤᠶᠢᠯᠠᠯ ᠤᠨ ᠡᠵᠡᠩᠨᠡᠯᠳᠡ ᠬᠦᠴᠢᠷᠳᠡᠯ ᠳᠤ ᠣᠴᠡᠷᠡᠵᠦ᠂ ᠡᠳ᠋ ᠤᠨ ᠵᠠᠰᠠᠭ ᠤᠨ ᠣᠷᠣᠯᠭ᠎ᠠ ᠵᠠᠷᠣᠯᠭ᠎ᠠ ᠶᠢᠨ ᠵᠦᠷᠢᠴᠡᠯ ᠨᠡᠯᠢᠶᠡᠳ ᠲᠤᠪᠤᠶᠢᠮ᠎ᠠ ᠪᠠᠶᠢᠵᠦ᠂ ᠵᠠᠷᠢᠮ ᠭᠠᠵᠡᠷ ᠣᠷᠣᠨ ᠤ ᠵᠠᠰᠠᠭ ᠤᠨ ᠣᠷᠳᠣᠨ ᠤ ᠦᠷᠢ ᠦᠭᠴᠡᠭᠡ ᠶᠢᠨ ᠳᠡᠷᠣᠭᠠᠰᠣ ᠨᠡᠯᠢᠶᠡᠳ ᠬᠦᠨᠳᠣ ᠪᠠᠶᠢᠠᠠᠰᠠᠭᠠᠷ︔ ᠬᠠᠥᠯᠢ ᠪᠠᠷ ᠵᠠᠰᠬᠠᠥ᠂ ᠰᠢᠨ᠎ᠠ ᠶᠢ ᠡᠬᠦᠳᠬᠦ᠂ ᠠᠷᠢᠭᠤᠨ ᠴᠢᠭᠡᠴᠢ ᠪᠠ ᠦᠢᠯᠡᠴᠢᠯᠡᠬᠦ ᠭᠡᠯᠪᠡᠷᠢ ᠶᠢᠨ ᠵᠠᠰᠠᠭ ᠤᠨ ᠣᠷᠳᠣᠨ ᠤ ᠪᠠᠶᠢᠭᠤᠯᠥᠯᠳᠡ ᠶᠢ ᠪᠠᠰᠠ ᠣᠯᠡᠮ ᠨᠢᠭᠡ ᠠᠯᠬᠤᠮ ᠴᠢᠩᠭᠠᠳᠬᠠᠬᠤ ᠴᠢᠬᠤᠯᠡᠳᠡᠢ ᠪᠠᠶᠢᠵᠦ᠂ ᠠᠵᠦ ᠠᠬᠤᠢ ᠶᠢᠨ ᠲᠣᠬᠢᠷᠡᠭᠤᠯᠭ᠎ᠠ ᠡᠵᠡᠮᠰᠢᠯ᠂ ᠣᠯᠡᠨ ᠨᠡᠶᠢᠳᠡ ᠶᠢᠨ ᠦᠢᠯᠡᠴᠢᠯᠡᠭᠡ᠂ ᠵᠠᠬ᠎ᠠ ᠳᠡᠯᠭᠡᠬᠦᠷ ᠤᠨ ᠬᠢᠨᠡᠨ ᠬᠠᠮᠢᠶᠡᠷᠦᠯᠳᠡ ᠶᠢᠨ ᠠᠷᠭ᠎ᠠ ᠮᠠᠶ᠋ᠢᠭ ᠪᠠ ᠠᠷᠭ᠎ᠠ ᠪᠠᠷᠢᠯ ᠢ ᠪᠠᠰᠠ ᠣᠯᠡᠮ ᠨᠢᠭᠡ ᠠᠯᠬᠤᠮ ᠰᠢᠨ᠎ᠠ ᠶᠢ ᠡᠬᠦᠳᠣᠨ ᠳᠡᠬᠦᠯᠳᠡᠷᠵᠢᠬᠦᠯᠬᠦ ᠴᠢᠬᠤᠯᠡᠳᠡᠢ ᠪᠠᠶᠢᠠᠠᠰᠠᠭᠠᠷ ᠪᠠᠶᠢᠬᠤ ᠶᠢ ᠰᠡᠷᠭᠡᠭ ᠢᠶᠠᠷ ᠣᠯᠵᠦ ᠳᠡᠨᠢᠪᠠ᠃ ᠪᠢᠳᠡ ᠵᠠᠪᠠᠯ ᠳᠡᠭᠡᠳᠣ ᠭᠡᠮᠵᠢᠶᠡᠨ ᠤ ᠬᠠᠷᠢᠭᠤᠴᠠᠯᠭᠠᠲᠣ ᠵᠤᠷᠢᠭ ᠰᠠᠨᠠᠭ᠎ᠠ ᠪᠠᠷ᠂ ᠯᠠᠪᠳᠠᠭᠤᠨ ᠪᠦᠳᠦᠮᠵᠢᠳᠡᠢ ᠠᠵᠢᠯᠯᠬᠠᠥ ᠪᠠ ᠴᠦᠬᠦᠷᠡᠰᠢ ᠦᠭᠡᠢ ᠴᠢᠷᠮᠠᠶᠢᠬᠤ ᠪᠠᠷ ᠳᠡᠮᠵᠢᠨ᠂ ᠡᠳᠡᠭᠡᠷ ᠠᠰᠠᠭᠤᠳᠡᠯ ᠢ ᠰᠢᠢᠳᠪᠦᠷᠢᠯᠡᠬᠦ ᠶᠢ ᠲᠦᠷᠭᠡᠳᠭᠡᠵᠦ᠂ ᠰᠢᠨ᠎ᠠ ᠭᠠᠷᠤᠭ᠎ᠠ ᠳᠡᠭᠡᠷ᠎ᠠ ᠴᠢᠨᠡᠭᠡᠯᠢᠭ ᠨᠡᠶᠢᠭᠡᠮ ᠢ ᠪᠦᠬᠦ ᠳᠡᠯ᠎ᠠ ᠪᠠᠷ ᠪᠠᠶᠢᠭᠤᠯᠬᠤ ᠰᠢᠨ᠎ᠠ ᠢᠯᠡᠯᠳᠡ ᠶᠢ ᠳᠡᠮᠡᠴᠡᠨ ᠣᠯᠬᠤ ᠪᠠᠷ ᠴᠢᠷᠮᠡᠶᠢᠵᠠᠭᠠᠶ᠎ᠠ︕       ᠬᠤᠶᠡᠷ᠂ ︽13 · 5︾᠎ ᠶᠢᠨ ᠬᠤᠭᠤᠴᠠᠭᠠᠨ ᠤ ᠠᠵᠦ ᠠᠬᠤᠢ ᠨᠡᠶᠢᠭᠡᠮ ᠤᠨ ᠬᠦᠭᠵᠢᠯᠳᠡ ᠶᠢᠨ ᠭᠤᠤᠯ ᠡᠬᠦᠷᠭᠡ ᠪᠠ 2016 ᠣᠨ ᠤ ᠭᠤᠤᠯᠳᠠᠯᠭ᠎ᠠ ᠲᠠᠢ ᠠᠵᠢᠯ ︽13 · 5︾᠎ ᠶᠢᠨ ᠬᠤᠭᠤᠴᠠᠭ᠎ᠠ ᠪᠤᠯ ᠮᠠᠨ ᠤ ᠣᠷᠣᠨ ᠤ ᠴᠢᠨᠡᠭᠡᠯᠢᠭ ᠨᠡᠶᠢᠭᠡᠮ ᠢ ᠪᠦᠬᠦ ᠳᠡᠯ᠎ᠠ ᠪᠠᠷ ᠪᠠᠶᠢᠭᠤᠯᠬᠤ ᠰᠢᠢᠳᠪᠦᠷᠢᠯᠡᠬᠦ ᠴᠢᠨᠠᠷᠲᠠᠢ ᠴᠠᠬ ᠬᠤᠭᠤᠴᠠᠭ᠎ᠠ ᠪᠣᠯᠣᠨ᠎ᠠ᠂ ᠦᠭᠡᠷᠡᠴᠢᠯᠡᠯᠳᠡ ᠶᠢ ᠪᠦᠬᠦ ᠳᠡᠯ᠎ᠠ ᠪᠠᠷ ᠬᠦᠨᠵᠡᠭᠡᠶᠢᠷᠡᠬᠦᠯᠬᠦ ᠪᠣᠭᠤᠮᠲᠠ ᠰᠢᠪᠲᠣᠯᠬᠤ ᠴᠠᠬ ᠬᠤᠭᠤᠴᠠᠭ᠎ᠠ ᠪᠣᠯᠣᠨ᠎ᠠ᠂ ᠬᠠᠦᠯᠢ ᠪᠠᠷ ᠣᠷᠣᠨ ᠢᠶᠠᠨ ᠵᠠᠰᠬᠠᠥ ᠶᠢ ᠪᠦᠬᠦ ᠳᠡᠯ᠎ᠠ ᠪᠠᠷ ᠲᠦᠯᠬᠢᠨ ᠠᠬᠢᠭᠤᠯᠬᠤ ᠵᠠᠩᠬᠢᠯᠠᠭ᠎ᠠ ᠶᠢᠨ ᠴᠠᠬ ᠬᠤᠭᠤᠴᠠᠭ᠎ᠠ ᠪᠤᠯᠥᠨ᠎ᠠ᠃ ᠨᠠᠮ ᠤᠨ ᠠᠷᠪᠠᠨ ᠨᠠᠶᠢᠮᠠᠳᠣᠭᠠᠷ ᠬᠤᠭᠤᠴᠠᠭᠠᠨ ᠤ ᠳᠦᠪ ᠬᠤᠷᠢᠶ᠎ᠠ ᠶᠢᠨ ᠲᠠᠪᠤᠳᠣᠭᠠᠷ ᠪᠦᠬᠦᠳᠡ ᠬᠤᠷᠡᠯ ᠤᠨ ᠵᠤᠷᠢᠭ ᠰᠠᠨᠠᠭ᠎ᠠ ᠶᠢ ᠦᠨᠳᠣᠰᠣᠯᠡᠨ᠂ ᠦᠪᠡᠷᠳᠡᠭᠡᠨ ᠵᠠᠰᠬᠠᠥ ᠣᠷᠣᠨ ᠤ ᠨᠠᠮ ᠤᠨ ᠬᠤᠷᠢᠶ᠎ᠠ ︽13 · 5︾᠎ ᠶᠢᠨ ᠬᠤᠭᠤᠴᠠᠭᠠᠨ ᠲᠠᠬᠢ ᠮᠠᠨ ᠤ ᠣᠷᠣᠨ ᠤ ᠠᠵᠦ ᠠᠬᠤᠢ ᠨᠡᠶᠢᠭᠡᠮ ᠤᠨ ᠬᠦᠭᠵᠢᠯᠳᠡ ᠶᠢᠨ ᠶᠡᠷᠦᠩᠭᠡᠢ ᠱᠠᠭᠠᠷᠳᠡᠯᠭ᠎ᠠ᠂ ᠭᠤᠤᠯ ᠵᠢᠱᠢᠭᠰᠡᠨ ᠬᠠᠷᠡᠯᠳᠡ ᠪᠠ ᠭᠤᠤᠯᠳᠡᠯᠭ᠎ᠠ ᠲᠠᠢ ᠡᠬᠦᠷᠭᠡ ᠶᠢ ᠲᠣᠠᠠᠳᠠᠭᠠᠵᠦ᠂ ︽ᠦᠪᠤᠷ ᠮᠣᠩᠭᠤᠯ ᠤᠨ ᠦᠪᠡᠷᠳᠡᠭᠡᠨ ᠵᠠᠰᠬᠠᠥ ᠣᠷᠣᠨ ᠤ ᠣᠯᠥᠰ ᠠᠷᠡᠳ ᠤᠨ ᠠᠵᠦ ᠠᠬᠤᠢ ᠪᠠ ᠨᠡᠶᠢᠭᠡᠮ ᠤᠨ ᠬᠦᠭᠵᠢᠯᠳᠡ ᠶᠢᠨ ᠠᠷᠪᠠᠨ ᠭᠤᠷᠪᠠᠳᠣᠭᠠᠷ ᠲᠠᠪᠤᠨ ᠵᠢᠯ ᠤᠨ ᠳᠦᠯᠦᠪᠵᠢᠬᠦᠯᠭᠡ ᠶᠢᠨ ᠬᠦᠳᠦᠯᠪᠦᠷᠢ ᠶᠢᠨ ᠲᠣᠪᠴᠢ ︵ᠳᠦᠰᠦᠯ︶︾᠎ ᠳᠤ ᠨᠢᠭᠡᠨᠳᠡ ᠪᠦᠬᠦ ᠳᠡᠯ᠎ᠠ ᠪᠠᠷ ᠲᠤᠰᠬᠠᠵᠦ᠂ ᠲᠣᠰ ᠣᠲᠠᠭᠠᠨ ᠤ ᠶᠡᠭᠡ ᠬᠤᠷᠠᠯ ᠳᠤ ᠬᠢᠨᠡᠨ ᠵᠦᠪᠯᠡᠬᠦᠯᠬᠦ ᠪᠠᠷ ᠳᠡᠪᠰᠢᠬᠦᠯᠪᠠ᠃ ᠬᠤᠶᠢᠰᠢᠳᠡ ᠶᠢᠨ ᠲᠠᠪᠤᠨ ᠵᠢᠯ ᠳᠤ᠂ ᠬᠦᠭᠵᠢᠬᠦᠯᠬᠦ ᠪᠤᠯ ᠳᠡᠷᠢᠬᠦᠨ ᠴᠢᠬᠤᠯᠡ ᠡᠬᠦᠷᠭᠡ ᠪᠤᠯᠬᠤ ᠶᠢ ᠪᠡᠷᠢᠮᠳᠡᠯᠡᠵᠦ᠂ ᠭᠠᠵᠡᠷ ᠣᠷᠣᠨ ᠤ ᠶᠡᠷᠦᠩᠭᠡᠶᠢᠯᠡᠭᠰᠡᠨ ᠠᠵᠦ ᠠᠬᠤᠢ ᠶᠢᠨ ᠪᠤᠳᠠᠳᠣ ᠬᠦᠴᠣᠨ ᠢ ᠲᠠᠰᠤᠷᠠᠯᠳᠠ ᠦᠬᠡᠢ ᠪᠤᠵᠠᠭᠠᠶᠢᠷᠡᠭᠤᠯᠥᠨ᠎ᠠ᠃ ᠠᠵᠦ ᠠᠬᠤᠢ ᠶᠢᠨ ᠲᠣᠮᠳᠡ ᠳᠡᠭᠡᠳᠣ ᠬᠤᠷᠳᠣᠴᠠ ᠪᠠᠷ ᠨᠡᠮᠡᠭᠳᠡᠬᠦ ᠶᠢ ᠴᠢᠷᠮᠡᠶᠢᠨ ᠪᠠᠳᠣᠯᠠᠵᠦ᠂ ᠭᠠᠵᠡᠷ ᠣᠷᠣᠨ ᠤ ᠦᠢᠯᠡᠳᠪᠦᠷᠢᠯᠡᠯ ᠤᠨ ᠶᠡᠷᠦᠩᠭᠡᠢ ᠦᠷᠲᠡᠭ ᠤᠨ ᠨᠡᠮᠡᠭᠳᠡᠯ ᠤᠨ ᠬᠤᠷᠳᠤᠴᠠ ᠢ ᠪᠦᠬᠦ ᠣᠯᠥᠰ ᠤᠨ ᠲᠣᠮᠳᠡᠴᠢ ᠲᠦᠪᠰᠢᠨ ᠠᠴᠠ ᠦᠨᠳᠣᠷ ᠪᠠᠶᠢᠯᠭᠠᠵᠦ᠂ ᠭᠤᠤᠯ ᠪᠤᠯᠬᠤ ᠠᠵᠦ ᠠᠬᠤᠢ ᠶᠢᠨ ᠵᠢᠭᠠᠯᠲᠠ ᠲᠤᠭ᠎ᠠ ᠶᠢ ᠳᠡᠩᠴᠡᠬᠦᠷᠢᠳᠡᠢ ᠵᠣᠬᠢᠴᠠᠩᠭᠤᠢ ᠪᠤᠯᠭᠠᠨ᠎ᠠ︔ ᠠᠵᠦ ᠦᠢᠯᠡᠰ ᠤᠨ ᠬᠦᠭᠵᠢᠯᠳᠡ ᠶᠢᠨ ᠲᠣᠮᠳᠡ ᠳᠡᠭᠡᠳᠣ ᠲᠡᠰ ᠳᠡᠰᠢ ᠳᠡᠪᠰᠢᠬᠤ ᠶᠢ ᠠᠬᠢᠭᠤᠯᠵᠦ᠂ ᠣᠯᠡᠨ ᠡᠰᠢᠳᠣ ᠬᠦᠭᠵᠢᠯᠳᠡ᠂ ᠣᠯᠡᠨ ᠲᠦᠢᠯ ᠶᠢᠡᠷ ᠲᠣᠯᠭᠠᠭᠤᠷᠢᠯᠬᠠᠰᠠᠨ ᠣᠳᠣ ᠦᠶ᠎ᠠ ᠶᠢᠨ ᠠᠵᠦ ᠦᠢᠯᠡᠰ ᠤᠨ ᠰᠢᠰᠲ᠋ᠧᠮ ᠢ ᠦᠨᠳᠣᠰᠣᠨ ᠳᠡᠭᠡᠨ ᠪᠦᠷᠢᠯᠳᠦᠬᠦᠯᠦᠨ᠎ᠠ᠃ ᠬᠦᠭᠵᠢᠯᠳᠡ ᠶᠢᠨ ᠭᠡᠷᠡᠭᠴᠡᠭᠡ ᠳᠤ ᠲᠤᠬᠢᠷᠬᠠᠰᠠᠨ ᠣᠳᠣ ᠦᠶ᠎ᠠ ᠶᠢᠨ ᠰᠠᠭᠤᠷᠢ ᠪᠡᠯᠡᠳᠭᠡᠮᠵᠢ ᠶᠢᠨ ᠲᠣᠣᠷ ᠰᠦᠯᠵᠢᠶ᠎ᠠ ᠶᠢ ᠪᠠᠶᠢᠭᠤᠯᠥᠨ᠎ᠠ᠃ ᠰᠢᠨ᠎ᠠ ᠶᠢ ᠡᠬᠦᠳᠴᠥ ᠬᠦᠭᠵᠢᠬᠦᠯᠬᠦ ᠶᠢ ᠪᠡᠷᠢᠮᠳᠡᠯᠡᠵᠦ᠂ ᠬᠦᠭᠵᠢᠯᠳᠡ ᠶᠢᠨ ᠶᠠᠰᠣ ᠴᠢᠨᠡᠷ ᠪᠠ ᠦᠷ᠎ᠠ ᠠᠰᠢᠭ ᠢ ᠬᠦᠴᠣᠯᠠᠨ ᠳᠡᠭᠡᠭᠰᠢᠯᠡᠬᠦᠯᠥᠨ᠎ᠠ᠃ ᠰᠢᠨ᠎ᠠ ᠶᠢ ᠡᠬᠦᠳᠬᠦ ᠪᠠᠷ ᠭᠤᠤᠯ ᠬᠦᠲᠦᠯᠦᠮᠵᠢ ᠪᠣᠯᠣᠨ ᠲᠣᠯᠭᠠᠭᠤᠷᠢᠯᠡᠬᠤ ᠴᠢᠬ ᠪᠤᠯᠭᠠᠠᠠᠰᠠᠨ ᠠᠵᠦ ᠠᠬᠤᠢ ᠶᠢᠨ ᠰᠢᠰᠲ᠋ᠧᠮ ᠪᠠ ᠬᠦᠭᠵᠢᠯᠳᠡ ᠶᠢᠨ ᠵᠬᠠᠪᠤᠷ ᠢ ᠪᠦᠷᠢᠯᠲᠦᠬᠦᠯᠵᠦ᠂ ᠭᠤᠤᠯᠳᠠᠯᠭ᠎ᠠ ᠲᠠᠢ ᠬᠦᠷᠢᠶ᠎ᠠ ᠴᠠᠷᠠᠭ᠎ᠠ ᠪᠤᠯᠥᠨ ᠵᠠᠩᠬᠢᠯᠠᠭ᠎ᠠ ᠶᠢᠨ ᠭᠤᠭᠴᠤᠭ᠎ᠠ ᠶᠢᠨ ᠦᠭᠡᠷᠡᠴᠢᠯᠡᠯᠳᠡ ᠳᠤ ᠰᠢᠢᠳᠪᠦᠷᠢᠯᠡᠭᠴᠢ ᠴᠢᠨᠡᠷᠳᠡᠢ ᠦᠷ᠎ᠠ ᠪᠦᠳᠦᠭᠡᠯ ᠣᠯᠬᠤ ᠶᠢ ᠠᠬᠢᠭᠤᠯᠥᠨ᠎ᠠ᠃ ᠵᠣᠬᠢᠴᠡᠩᠭᠤᠢ ᠬᠦᠭᠵᠢᠯᠲᠡ ᠶᠢ ᠪᠡᠷᠢᠮᠳᠡᠯᠠᠵᠦ᠂ ᠬᠦᠭᠵᠢᠯᠳᠡ ᠶᠢᠨ ᠪᠦᠬᠦᠯᠢ ᠴᠣᠠᠠᠴᠠᠳᠣ ᠴᠢᠨᠡᠷ ᠢ ᠬᠦᠴᠣᠯᠡᠨ ᠴᠢᠩᠭᠠᠳᠬᠠᠨ᠎ᠠ᠃ ᠬᠤᠳᠡ ᠬᠦᠳᠡᠭᠡ ᠶᠢᠨ ᠬᠦᠭᠵᠢᠯᠳᠡ ᠶᠢᠨ ᠨᠢᠭᠡ ᠴᠣᠭᠴᠠᠵᠢᠭᠰᠠᠨ ᠪᠠᠶᠢᠭᠤᠯᠥᠮᠵᠢ ᠲᠣᠠᠠᠳᠡᠴᠠ ᠶᠢ ᠲᠡᠬᠦᠯᠲᠡᠷᠵᠢᠬᠦᠯᠦᠨ᠂ ᠣᠯᠡᠨ ᠨᠡᠶᠢᠳᠡ ᠶᠢᠨ ᠡᠬᠢ ᠪᠠᠶᠠᠯᠢᠭ ᠢ ᠳᠡᠩᠴᠡᠬᠦᠷᠢᠳᠡᠢ ᠲᠣᠬᠢᠷᠡᠭᠤᠯᠬᠤ ᠶᠢ ᠠᠬᠢᠭᠤᠯᠵᠦ᠂ ᠪᠦᠬᠦ ᠡᠯᠧᠮᠧᠨ᠋ᠲ᠂ ᠣᠯᠡᠨ ᠬᠦᠷᠢᠶ᠎ᠠ ᠴᠡᠷᠠᠭ᠎ᠠ ᠲᠠᠢ᠂ ᠦᠨᠳᠣᠷ ᠦᠷ᠎ᠠ ᠠᠰᠢᠭ ᠲᠠᠢ ᠴᠡᠷᠢᠭ ᠠᠷᠡᠳ ᠤᠨ ᠬᠦᠨ ᠠᠭᠤᠰᠣᠯᠴᠬᠠᠰᠠᠨ ᠬᠦᠭᠵᠢᠯᠳᠡ ᠶᠢᠨ ᠪᠦᠲᠦᠴᠡ ᠶᠢ ᠪᠦᠷᠢᠯᠲᠦᠬᠦᠯᠦᠨ᠎ᠠ᠃ ᠪᠤᠬᠢᠷᠳᠣᠯ ᠦᠭᠡᠢ ᠬᠦᠭᠵᠢᠯᠲᠡ ᠶᠢ ᠪᠡᠷᠢᠮᠳᠡᠯᠡᠵᠦ᠂ ᠮᠠᠨ ᠤ ᠣᠯᠥᠰ ᠤᠨ ᠣᠮᠡᠷᠡᠳᠣ ᠶᠢᠨ ᠴᠢᠬᠤᠯᠡ ᠠᠮᠢ ᠠᠬᠤᠢ ᠶᠢᠨ ᠠᠮᠥᠷ ᠳᠦᠪᠰᠢᠨ ᠤ ᠬᠠᠯᠬᠠᠪᠴᠢ ᠶᠢ ᠬᠦᠴᠣᠯᠡᠨ ᠪᠠᠶᠢᠭᠤᠯᠥᠨ᠎ᠠ᠃ ᠳᠡᠯ᠎ᠠ ᠨᠣᠳᠤᠭ ᠤᠨ ᠣᠷᠭᠤᠮᠠᠯ ᠤᠨ ᠪᠦᠷᠬᠦᠴᠡ ᠶᠢᠨ ᠬᠡᠮᠵᠢᠶ᠎ᠡ ᠪᠣᠯᠣᠨ ᠣᠢ ᠰᠢᠭᠤᠢ ᠶᠢᠨ ᠪᠦᠷᠬᠦᠴᠠ ᠶᠢᠨ ᠨᠣᠷᠮ᠎ᠠ ᠶᠢ ᠦᠷᠬᠦᠯᠵᠢᠯᠡᠨ ᠳᠡᠭᠡᠭᠰᠢᠯᠡᠬᠦᠯᠬᠦ ᠶᠢ ᠠᠬᠢᠭᠤᠯᠵᠦ᠂ ᠠᠮᠢ ᠠᠬᠤᠢ ᠶᠢᠨ ᠣᠷᠴᠢᠨ ᠲᠤᠭᠤᠷᠢᠨ ᠤ ᠶᠠᠰᠣ ᠴᠢᠨᠡᠷ ᠢ ᠦᠷᠬᠦᠯᠵᠢᠯᠡᠨ ᠰᠠᠶᠢᠵᠢᠷᠡᠭᠤᠯᠵᠦ᠂ ᠭᠤᠤᠯ ᠪᠤᠯᠬᠤ ᠠᠮᠢ ᠠᠬᠤᠢ ᠶᠢᠨ ᠰᠢᠰᠲ᠋ᠧᠮ ᠢ ᠰᠠᠶᠢᠨ ᠰᠠᠶᠢᠬᠠᠨ ᠣᠷᠴᠢᠯᠳᠡ ᠲᠠᠢ ᠪᠤᠯᠭᠠᠵᠦ᠂ ᠭᠤᠤᠯ ᠪᠤᠯᠬᠤ ᠪᠤᠬᠢᠷᠳᠣᠯ ᠡᠳ᠋ ᠢ ᠭᠠᠳᠠᠭᠰᠢᠯᠠᠭᠤᠯᠬᠤ ᠶᠡᠷᠦᠩᠭᠡᠢ ᠭᠡᠮᠵᠢᠶ᠎ᠠ ᠶᠢ ᠶᠡᠭᠡᠪᠡᠷ ᠪᠠᠭᠠᠰᠬᠠᠵᠦ᠂ ᠭᠤᠤᠯ ᠴᠣᠠᠠᠴᠠ ᠶᠢᠨ ᠴᠢᠳᠠᠮᠵᠢᠳᠤ ᠣᠷᠣᠨ ᠤ ᠪᠠᠶᠢᠷᠢᠰᠢᠯ ᠢ ᠦᠨᠳᠣᠰᠣᠨ ᠳᠡᠭᠡᠨ ᠪᠦᠷᠢᠯᠳᠦᠬᠦᠯᠦᠨ᠎ᠠ᠃ ᠨᠡᠭᠡᠭᠡᠯᠲᠡᠲᠦ ᠬᠦᠭᠵᠢᠯᠲᠡ ᠶᠢ ᠪᠡᠷᠢᠮᠳᠡᠯᠡᠵᠦ᠂ ᠨᠡᠭᠡᠭᠡᠯᠳᠡᠳᠣ ᠭᠡᠯᠪᠡᠷᠢ ᠶᠢᠨ ᠠᠵᠦ ᠠᠬᠤᠢ ᠶᠢᠨ ᠬᠢᠷᠢ ᠳᠦᠪᠰᠢᠨ ᠢ ᠬᠦᠴᠣᠯᠡᠨ ᠳᠡᠭᠡᠭᠰᠢᠯᠡᠬᠦᠯᠥᠨ᠎ᠠ᠃ ᠣᠯᠥᠰ ᠤᠨ ᠬᠦᠭᠵᠢᠯᠳᠡ ᠶᠢᠨ ᠶᠡᠭᠡ ᠳᠡᠯ᠎ᠠ ᠳᠤ ᠪᠦᠬᠦ ᠳᠡᠯ᠎ᠠ ᠪᠠᠷ ᠠᠭᠤᠰᠣᠯᠴᠠᠨ᠂ ᠨᠡᠭᠡᠭᠡᠯᠳᠡᠳᠣ ᠭᠡᠯᠪᠡᠷᠢ ᠶᠢᠨ ᠠᠵᠦ ᠠᠬᠤᠢ ᠶᠢᠨ ᠰᠢᠨ᠎ᠠ ᠪᠠᠶᠢᠭᠤᠯᠣᠮᠵᠢ ᠶᠢ ᠦᠨᠳᠣᠰᠣᠨ ᠲᠡᠭᠡᠨ ᠪᠦᠷᠢᠯᠳᠦᠬᠦᠯᠵᠦ᠂ ᠮᠠᠨ ᠤ ᠣᠯᠥᠰ ᠤᠨ ᠣᠮᠡᠷᠡᠰᠢ ᠨᠡᠭᠡᠭᠡᠯᠳᠡ ᠬᠢᠬᠦ ᠴᠢᠬᠤᠯᠡ ᠪᠠᠬᠢᠯᠠᠯᠳᠡ ᠶᠢᠨ ᠪᠠᠶᠢᠭᠤᠯᠣᠯᠲᠠ ᠶᠢ ᠳᠦᠷᠭᠡᠳᠭᠡᠨ᠎ᠠ᠃ ᠬᠠᠮᠳᠥ ᠪᠠᠷ ᠡᠳ᠋ᠯᠡᠬᠦ ᠬᠦᠭᠵᠢᠯᠲᠡ ᠶᠢ ᠪᠡᠷᠢᠮᠳᠡᠯᠡᠵᠦ᠂ ᠠᠷᠡᠳ ᠳᠦᠮᠡᠨ ᠤ ᠪᠤᠶᠠᠨ ᠵᠢᠷᠭᠠᠯ ᠢ ᠴᠢᠷᠮᠠᠶᠢᠨ ᠨᠡᠮᠡᠭᠳᠡᠬᠦᠯᠥᠨ᠎ᠠ᠃ ᠬᠤᠳᠡ ᠬᠦᠳᠡᠭᠡ ᠶᠢᠨ ᠰᠠᠭᠤᠭᠠᠯᠢ ᠠᠷᠡᠳ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠢ ᠪᠦᠬᠦ ᠣᠯᠥᠰ ᠤᠨ ᠲᠣᠮᠳᠡᠴᠢ ᠲᠦᠪᠰᠢᠨ ᠠᠴᠠ ᠦᠨᠳᠣᠷ ᠪᠠᠶᠢᠯᠭᠠᠬᠤ ᠶᠢ ᠪᠠᠶᠠᠯᠠᠬᠦᠯᠵᠦ᠂ ᠣᠷᠣᠯᠭ᠎ᠠ ᠶᠢᠨ ᠶᠡᠷᠦᠩᠬᠡᠢ ᠬᠡᠮᠵᠢᠶ᠎ᠠ ᠶᠢ ᠪᠦᠬᠦ ᠣᠯᠥᠰ ᠤᠨ ᠲᠣᠮᠳᠡᠴᠢ ᠲᠦᠪᠰᠢᠨ ᠳᠤ ᠬᠦᠷᠭᠡᠨ᠎ᠡ᠃ ᠦᠨᠳᠣᠰᠣᠨ ᠣᠯᠡᠨ ᠨᠡᠶᠢᠳᠡ ᠶᠢᠨ ᠦᠢᠯᠡᠴᠢᠯᠡᠭᠡᠨ ᠤ ᠳᠡᠩᠴᠡᠬᠦᠷᠢᠲᠡᠢ ᠪᠠᠶᠢᠬᠤ ᠬᠢᠷᠢ ᠲᠦᠪᠰᠢᠨ ᠪᠣᠯᠣᠨ ᠦᠷᠭᠡᠨ ᠣᠯᠠᠨ ᠲᠦᠮᠡᠨ ᠤ ᠦᠵᠡᠯ ᠰᠠᠨᠠᠭ᠎ᠠ ᠶᠣᠰᠣ ᠰᠣᠷᠲᠠᠬᠤᠨ᠂ ᠰᠢᠨᠵᠢᠯᠡᠬᠦ ᠣᠬᠠᠭᠠᠨ ᠰᠣᠶᠣᠯ ᠪᠤᠯᠥᠨ ᠡᠷᠡᠬᠦᠯ ᠴᠢᠬᠢᠷᠠᠭ ᠤᠨ ᠴᠢᠨᠡᠷ ᠴᠢᠨᠰᠠᠭ᠎ᠠ ᠶᠢ ᠦᠷᠬᠦᠯᠵᠢᠯᠡᠨ ᠳᠡᠭᠡᠭᠰᠢᠯᠡᠬᠦᠯᠦᠨ᠎ᠠ᠃ ᠶᠠᠳᠠᠭᠤ ᠠᠴᠠ ᠠᠩᠬᠢᠵᠢᠷᠡᠭᠤᠯᠬᠤ ᠪᠣᠭᠤᠮᠲᠠ ᠰᠢᠪᠲᠣᠯᠬᠤ ᠳᠡᠶᠢᠯᠠᠯᠳᠣᠭᠠᠨ ᠳᠤ ᠵᠠᠪᠠᠯ ᠢᠯᠡᠯᠳᠡ ᠣᠯᠵᠦ᠂ ᠦᠨᠳᠣᠰᠣᠳᠡᠨ ᠨᠦᠭᠦᠳ ᠤᠨ ᠠᠷᠡᠳ ᠳᠦᠮᠡᠨ ᠤ ᠴᠢᠨᠡᠭᠡᠯᠢᠭ ᠨᠡᠶᠢᠭᠡᠮ ᠳᠤ ᠬᠠᠮᠳᠣᠪᠡᠷ ᠲᠠᠪᠰᠢᠨ ᠣᠷᠣᠬᠤ ᠶᠢ ᠪᠠᠶᠠᠯᠠᠬᠦᠯᠦᠨ᠎ᠠ᠃ ᠡᠶ᠎ᠡ ᠵᠣᠬᠢᠴᠡᠯ ᠲᠠᠢ ᠦᠪᠤᠷ ᠮᠣᠩᠭᠤᠯ ᠤᠨ ᠪᠦᠳᠦᠭᠡᠨ ᠪᠠᠶᠢᠭᠤᠯᠥᠯᠳᠡ ᠶᠢ ᠠᠬᠢᠭᠤᠯᠵᠦ᠂ ᠡᠭᠡ ᠣᠯᠥᠰ ᠤᠨ ᠣᠮᠡᠷᠡᠳᠣ ᠬᠢᠯᠢ ᠶᠢᠨ ᠠᠮᠥᠷ ᠳᠦᠪᠰᠢᠨ ᠲᠣᠠᠠᠳᠠᠭᠤᠨ ᠤ ᠬᠠᠯᠬᠠᠪᠴᠢ ᠶᠢ ᠪᠠᠳᠣ ᠪᠠᠬᠢᠵᠢᠬᠦᠯᠥᠨ᠎ᠠ᠃ ᠡᠷᠭᠡ ᠳᠡᠭᠰᠢ ᠪᠦᠯᠬᠦᠮᠳᠡᠯ ᠲᠠᠢ ᠬᠠᠷᠢᠯᠴᠡᠨ ᠬᠠᠪᠰᠣᠷᠣᠯᠴᠬᠠᠥ ᠡᠶ᠎ᠡ ᠵᠤᠬᠢᠴᠠᠯ ᠲᠠᠢ ᠨᠡᠶᠢᠭᠡᠮ ᠵᠢᠷᠦᠮ ᠤᠨ ᠦᠨᠳᠣᠰᠣᠳᠡᠨ ᠤ ᠬᠠᠷᠢᠴᠠᠭ᠎ᠠ ᠶᠢ ᠪᠠᠬᠢᠵᠢᠬᠦᠯᠥᠨ ᠬᠦᠭᠵᠢᠬᠦᠯᠵᠦ᠂ ᠬᠠᠦᠯᠢ ᠪᠠᠷ ᠣᠷᠣᠨ ᠢᠶᠠᠨ ᠵᠠᠰᠬᠠᠥ ᠶᠢ ᠪᠦᠬᠦ ᠳᠡᠯ᠎ᠠ ᠪᠠᠷ ᠠᠬᠢᠭᠤᠯᠥᠨ᠂ ᠬᠠᠣᠯᠢᠵᠢᠯ ᠵᠠᠰᠠᠭ ᠤᠨ ᠣᠷᠳᠣᠨ ᠢ ᠦᠨᠳᠣᠰᠣᠨ ᠲᠡᠭᠡᠨ ᠪᠠᠶᠢᠭᠤᠯᠵᠦ᠂ ᠪᠦᠬᠦ ᠠᠷᠡᠳ ᠶᠢᠡᠷ ᠶᠢᠡᠨ ᠬᠠᠮᠳᠣᠪᠡᠷ ᠪᠠᠶᠢᠭᠤᠯᠥᠨ ᠬᠠᠮᠳᠣᠪᠡᠷ ᠡᠳ᠋ᠯᠡᠬᠦ ᠨᠡᠶᠢᠭᠡᠮ ᠤᠨ ᠵᠠᠰᠠᠯᠳᠡ ᠶᠢᠨ ᠪᠦᠲᠦᠴᠡ ᠶᠢᠨ ᠪᠠᠶᠢᠭᠤᠯᠣᠯᠲᠠ ᠶᠢ ᠳᠦᠷᠭᠡᠳᠭᠡᠨ᠎ᠠ᠃       ᠪᠢᠳᠡ ᠠᠵᠦ ᠠᠬᠤᠢ ᠶᠢᠨ ᠬᠦᠭᠵᠢᠯᠳᠡ ᠶᠢᠨ ᠰᠢᠨ᠎ᠠ ᠭᠡᠪ ᠪᠠᠶᠢᠳᠡᠯ ᠳᠤ ᠰᠠᠨᠠᠭᠠᠴᠢᠯᠠᠭ᠎ᠠ ᠠᠴᠠ ᠪᠠᠨ ᠵᠣᠬᠢᠴᠡᠨ᠂ ᠤᠨᠤᠪᠴᠢᠳᠠᠢ ᠡᠵᠡᠮᠳᠡᠵᠦ᠂ ᠢᠳᠡᠪᠬᠢᠳᠡᠢ ᠪᠠᠷ ᠬᠦᠳᠦᠯᠦᠨ ᠵᠢᠯᠣᠭᠤᠳᠴᠦ᠂ ᠪᠠᠶᠢᠯᠳᠣᠬᠤ ᠪᠤᠳᠣᠯᠭ᠎ᠠ ᠶᠢᠨ ᠠᠵᠠ ᠲᠣᠬᠢᠶᠡᠯᠳᠣ ᠬᠤᠭᠤᠴᠠᠭ᠎ᠠ ᠶᠢᠨ ᠲᠣᠳᠣᠭᠠᠳᠣ ᠠᠭᠤᠯᠬᠤᠨ ᠬᠤᠪᠢᠷᠡᠯᠳᠡ ᠶᠢ ᠬᠦᠨᠵᠡᠭᠡᠢ ᠳᠡᠨᠢᠵᠦ᠂ ︽ᠠᠷᠪᠠ ᠶᠢ ᠨᠡᠩ ᠴᠢᠬᠤᠯᠠᠴᠢᠯᠬᠠᠥ︾᠎ ᠶᠢᠨ ᠱᠠᠭᠠᠷᠳᠡᠯᠭ᠎ᠠ ᠶᠣᠰᠣᠭᠠᠷ᠂ ᠠᠶᠣᠯ ᠳᠦᠭᠰᠢᠬᠦᠷᠢ ᠪᠠ ᠦᠷᠢᠰᠦᠯᠳᠣᠭᠡᠨ ᠢ ᠪᠦᠳᠦᠮᠵᠢᠳᠡᠢ ᠠᠷᠭᠠᠴᠠᠵᠦ᠂ ᠬᠦᠴᠣᠯᠠᠨ ᠴᠢᠷᠮᠠᠶᠢᠵᠦ ᠦᠷ᠎ᠡ ᠪᠦᠲᠦᠮᠵᠢᠲᠡᠢ ᠪᠠᠷ ᠠᠵᠢᠯ ᠢᠶᠠᠨ ᠰᠠᠶᠢᠳᠣᠷ ᠬᠢᠵᠦ᠂ ᠡᠳᠡᠭᠡᠷ ᠬᠠᠷᠡᠯᠳᠡ ᠡᠬᠦᠷᠭᠡ ᠶᠢ ᠪᠡᠶᠡᠯᠡᠬᠦᠯᠬᠦ ᠶᠢ ᠦᠨᠡᠨᠬᠦ ᠪᠠᠳᠣᠯᠠᠵᠦ᠂ ᠣᠳᠣᠬᠢᠴᠢᠯᠬᠠᠰᠠᠨ ᠦᠪᠤᠷ ᠮᠣᠩᠭᠤᠯ ᠤᠨ ᠪᠦᠳᠦᠭᠡᠨ ᠪᠠᠶᠢᠭᠤᠯᠥᠯᠳᠡ ᠶᠢᠨ ᠰᠢᠨ᠎ᠠ ᠪᠠᠶᠢᠳᠡᠯ ᠢ ᠳᠠᠰᠣᠷᠡᠯᠳᠡ ᠦᠭᠡᠢ ᠡᠬᠦᠳᠰᠦᠭᠡᠢ︕       ᠡᠨᠡ ᠵᠢᠯ ᠪᠤᠯ ︽13 · 5︾᠎ ᠶᠢᠨ ᠳᠦᠯᠦᠪᠵᠢᠬᠦᠯᠭᠡ ᠶᠢ ᠬᠡᠷᠡᠭᠵᠢᠬᠦᠯᠬᠦ ᠠᠩᠬᠠᠨ ᠤ ᠵᠢᠯ ᠪᠣᠯᠬᠤ ᠲᠣᠯᠠ᠂ ᠡᠯ᠎ᠠ ᠵᠦᠢᠯ ᠤᠨ ᠠᠵᠢᠯ ᠶᠢᠡᠨ ᠰᠠᠶᠢᠳᠣᠷ ᠬᠢᠬᠦ ᠨᠢ ᠴᠢᠬᠤᠯᠡ ᠶᠡᠭᠡ ᠠᠴᠢ ᠬᠤᠯᠪᠤᠠᠠᠳᠡᠯ ᠲᠠᠢ ᠶᠣᠮ᠃ ᠶᠡᠷᠦᠩᠭᠡᠶᠢᠯᠡᠨ ᠵᠠᠳᠡᠯᠪᠠᠯ᠂ ᠪᠢᠳᠡᠨ ᠲᠤ ᠦᠷᠢᠰᠦᠯᠳᠣᠭᠡᠨ ᠪᠠ ᠠᠵᠠ ᠲᠣᠬᠢᠶᠡᠯ ᠵᠡᠷᠭᠡᠪᠡᠷ ᠲᠤᠯᠭᠠᠷᠠᠵᠤ ᠪᠤᠢ᠂ ᠭᠡᠪᠡᠴᠥ ᠠᠵᠠ ᠲᠣᠬᠢᠶᠡᠯ ᠨᠢ ᠦᠷᠢᠰᠦᠯᠳᠦᠭᠡᠨ ᠠᠴᠠ ᠶᠡᠭᠡ ᠪᠠᠶᠢᠭ᠎ᠠ ᠶᠣᠮ᠃ ᠮᠠᠨ ᠤ ᠣᠷᠣᠨ ᠡᠬᠢ ᠪᠠᠶᠠᠯᠢᠭ ᠤᠨ ᠣᠭ ᠰᠣᠷᠪᠤᠯᠵᠢ᠂ ᠣᠷᠣᠨ ᠪᠠᠶᠢᠷᠢ ᠶᠢᠨ ᠨᠦᠬᠦᠴᠡᠯ᠂ ᠬᠦᠴᠣᠨ ᠵᠦᠢᠯ ᠤᠨ ᠦᠪᠡᠷ ᠤᠨ ᠦᠷᠲᠡᠭ ᠵᠡᠷᠭᠡ ᠣᠯᠡᠨ ᠠᠷᠪᠢᠨ ᠬᠠᠷᠢᠴᠠᠩᠭᠤᠢ ᠳᠡᠪᠠᠭᠤᠯᠢᠭ ᠲᠠᠢ ᠪᠠᠶᠢᠵᠦ᠂ ᠲᠠᠪᠤᠨ ᠶᠡᠭᠡ ᠰᠠᠭᠤᠷᠢᠨ ᠭᠠᠵᠡᠷ ᠤᠨ ᠪᠦᠳᠦᠭᠡᠨ ᠪᠠᠶᠢᠭᠤᠯᠥᠯᠳᠡ ᠨᠢ ᠠᠤᠭ᠎ᠠ ᠶᠡᠭᠡ ᠬᠦᠭᠵᠢᠯᠳᠡ ᠶᠢᠨ ᠬᠦᠳᠡᠯᠭᠡᠭᠴᠢ ᠴᠢᠳᠡᠪᠦᠷᠢ ᠶᠢ ᠬᠤᠷᠡᠮᠳᠣᠭᠤᠯᠪᠠ︔ ᠮᠠᠨ ᠤ ᠣᠯᠥᠰ ᠤᠨ ᠠᠵᠦ ᠠᠬᠤᠢ ᠣᠷᠳᠣ ᠬᠤᠭᠤᠴᠠᠭ᠎ᠠ ᠪᠠᠷ ᠰᠠᠶᠢᠵᠢᠷᠡᠯᠳᠡ ᠲᠠᠢ ᠪᠤᠯᠬᠤ ᠦᠨᠳᠣᠰᠣᠨ ᠪᠠᠶᠢᠳᠡᠯ ᠬᠤᠪᠢᠷᠬᠠᠰᠠᠨ ᠦᠭᠡᠢ᠂ ᠬᠤᠷᠸ᠎ᠠ ᠣᠷᠴᠢᠨ ᠲᠣᠭᠤᠷᠢᠨ ᠲᠣᠠᠠᠳᠠᠭᠤᠨ ᠪᠠᠶᠢᠵᠦ᠂ ᠣᠯᠥᠰ ᠠᠴᠠ ᠪᠠᠷᠡᠭᠤᠨ ᠭᠡᠰᠡᠭ ᠤᠨ ᠣᠷᠣᠨ ᠪᠠ ᠦᠨᠳᠣᠰᠣᠳᠡᠨ ᠤ ᠭᠠᠵᠡᠷ ᠣᠷᠣᠨ ᠢ ᠳᠡᠮᠵᠢᠬᠦ ᠡᠷᠴᠢᠮ ᠢᠶᠠᠨ ᠦᠷᠬᠦᠯᠵᠢᠯᠡᠨ ᠴᠢᠩᠭᠠᠷᠡᠭᠤᠯᠪᠠ︔ ᠬᠠᠩᠭᠠᠯᠭ᠎ᠠ ᠶᠢᠨ ᠳᠡᠯ᠎ᠠ ᠳᠠᠬᠢ ᠪᠦᠳᠦᠴᠡ ᠶᠢᠨ ᠴᠢᠨᠡᠷᠳᠡᠢ ᠦᠭᠡᠷᠡᠴᠢᠯᠡᠯᠳᠡ ᠶᠢ ᠭᠡᠷᠡᠭᠵᠢᠬᠦᠯᠵᠦ᠂ ︽ᠨᠢᠭᠡ ᠪᠦᠰᠡ ᠨᠢᠭᠡ ᠵᠠᠮ︾᠂ ᠪᠡᠭᠡᠵᠢᠩ ᠲᠢᠶᠠᠨᠵᠢᠨ ᠾᠧᠪᠸᠢ ᠶᠢᠨ ᠵᠣᠬᠢᠴᠠᠩᠭᠤᠢ ᠬᠦᠭᠵᠢᠯᠲᠡ ᠶᠢᠨ ᠪᠠᠶᠢᠯᠳᠣᠬᠤ ᠪᠤᠳᠣᠯᠭ᠎ᠠ ᠬᠦᠨᠵᠡᠭᠡᠶᠢᠷᠡᠨ ᠠᠬᠢᠵᠦ᠂ ᠣᠯᠥᠰ ᠤᠨ ᠲᠣᠳᠣᠭᠠᠳᠣ ᠶᠢᠨ ᠭᠡᠷᠡᠭᠯᠡᠭᠡ ᠶᠢᠨ ᠪᠦᠳᠦᠴᠡ ᠶᠢᠨ ᠳᠡᠰ ᠳᠡᠪᠰᠢᠬᠦ ᠪᠠ ᠬᠦᠭᠵᠢᠭᠰᠡᠨ ᠭᠠᠵᠡᠷ ᠣᠷᠣᠨ ᠤ ᠠᠵᠦ ᠦᠢᠯᠡᠰ ᠤᠨ ᠰᠢᠯᠵᠢᠯᠳᠡ ᠳᠦᠷᠭᠡᠳᠴᠦ᠂ ᠮᠠᠨ ᠤ ᠣᠷᠣᠨ ᠤ ᠪᠦᠳᠦᠴᠡ ᠪᠠᠨ ᠲᠣᠬᠢᠷᠡᠭᠤᠯᠬᠤ᠂ ᠬᠦᠷᠦᠯᠴᠡᠬᠦ ᠦᠭᠡᠢ ᠵᠦᠢᠯ ᠢᠶᠠᠨ ᠨᠦᠬᠦᠪᠦᠷᠢᠯᠡᠬᠦ᠂ ᠲᠣᠳᠣᠭᠠᠳᠣ ᠭᠠᠳᠠᠭᠠᠳᠣ ᠳᠠᠬᠢ ᠨᠡᠭᠡᠭᠡᠯᠲᠡ ᠪᠠᠨ ᠦᠷᠭᠡᠳᠭᠡᠬᠦ ᠳᠤ ᠬᠤᠪᠤᠷ ᠨᠠᠨᠳᠢᠨ ᠠᠵᠠ ᠲᠣᠬᠢᠶᠡᠯ ᠣᠯᠭᠤᠪᠠ᠃ ᠦᠭᠡᠷᠡᠴᠢᠯᠡᠯᠲᠡ ᠶᠢᠨ ᠡᠭᠦᠷᠭᠡ ᠶᠢ ᠰᠤᠳᠤᠯᠤᠨ ᠪᠠᠶᠢᠷᠢᠯᠠᠭᠤᠯᠬᠤ᠂ ᠲᠣᠬᠢᠷᠠᠭᠤᠯᠤᠨ ᠵᠠᠳᠠᠯᠬᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠ ᠱᠠᠭᠠᠷᠳᠠᠨ ᠪᠠᠶᠢᠴᠠᠭᠠᠬᠤ ᠶᠢ ᠴᠢᠩᠭᠠᠳᠬᠠᠵᠤ᠂ ᠬᠦᠨᠳᠡᠯᠡᠨ ᠢᠶᠠᠷ ᠵᠣᠬᠢᠴᠠᠬᠰᠠᠨ᠂ ᠭᠤᠯᠳᠤ ᠪᠠᠷ ᠨᠡᠪᠲᠡᠷᠡᠭᠰᠡᠨ᠂ ᠱᠠᠳᠤ ᠱᠠᠳᠤ ᠪᠠᠷ ᠬᠠᠷᠢᠭᠤᠴᠠᠭᠰᠠᠨ ᠠᠵᠢᠯ ᠤᠨ ᠲᠣᠭᠲᠠᠴᠠ ᠶᠢ ᠪᠠᠶᠢᠭᠤᠯᠤᠨ᠂ ᠪᠦᠬᠦ ᠶᠠᠪᠤᠴᠠ ᠪᠠᠷ ᠳᠠᠭᠠᠵᠤ᠂ ᠪᠦᠬᠦ ᠶᠠᠪᠤᠴᠠ ᠳᠤᠨᠢ ᠬᠠᠷᠢᠭᠤᠴᠠᠨ᠂ ᠲᠣᠣᠱᠳᠠᠢ ᠠᠳᠬᠤᠨ᠎ᠠ᠃       ᠳᠤᠲᠤᠭᠠᠲᠤ ᠭᠠᠳᠠᠭᠠᠳᠤ ᠲᠠᠢ ᠴᠢᠯᠦᠭᠡᠲᠡᠢ ᠶᠠᠪᠤᠯᠴᠠᠬᠤ ᠶᠢ ᠪᠦᠬᠦ ᠲᠠᠯ᠎ᠠ ᠪᠠᠷ ᠥᠷᠭᠡᠳᠭᠡᠨ᠎ᠡ᠃ ᠤᠯᠤᠰ ᠤᠨ ︽ᠨᠢᠭᠡ ᠪᠦᠰᠡ ᠨᠢᠭᠡ ᠵᠠᠮ︾᠎ ᠤᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠳᠦᠬᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠂ ᠣᠷᠣᠰ ᠮᠣᠩᠭᠤᠯ ᠯᠤᠭ᠎ᠠ ᠬᠠᠮᠲᠤᠷᠠᠯᠴᠠᠬᠤ ᠲᠣᠭᠲᠠᠴᠠ ᠳᠤ ᠰᠢᠨ᠎ᠡ ᠶᠢ ᠡᠭᠦᠳᠦᠨ᠎ᠡ᠃ ᠰᠠᠭᠤᠷᠢ ᠳᠦᠭᠦᠭᠡᠷᠦᠮᠵᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠶᠡᠬᠡᠪᠡᠷ ᠠᠬᠢᠭᠤᠯᠤᠨ᠎ᠠ᠃ ᠤᠯᠤᠰ ᠤᠨ ᠨᠢᠭᠡᠲᠦᠯᠲᠡᠢ ᠲᠦᠯᠦᠪᠯᠡᠬᠦ ᠶᠢᠨ ᠠᠬᠢᠭᠤᠯᠲᠠ ᠳᠣᠣᠷ᠎ᠠ᠂ ᠤᠷᠤᠰ ᠮᠤᠩᠭᠤᠯ ᠯᠤᠭ᠎ᠠ ᠬᠤᠯᠪᠤᠬᠰᠠᠨ ᠭᠤᠤᠯᠳᠠᠯᠭ᠎ᠠ ᠲᠠᠢ ᠲᠡᠮᠦᠷ ᠵᠠᠮ᠂ ᠵᠠᠰᠠᠮᠠᠯ ᠵᠠᠮ ᠤᠨ ᠲᠦᠷᠦᠯ ᠵᠦᠢᠯ ᠢ ᠲᠦᠷᠬᠡᠳᠬᠡᠨ ᠪᠠᠶᠢᠭᠤᠯᠵᠦ᠂ ᠬᠠᠶᠢᠯᠠᠷ ᠠᠴᠠ ᠮᠠᠨᠵᠤᠤᠷ ᠬᠦᠷᠬᠦ ᠳᠦᠷᠭᠡᠨ ᠤ ᠵᠠᠰᠠᠮᠠᠯ ᠵᠠᠮ᠂ ᠮᠠᠨᠳᠤᠯ ᠠᠴᠠ ᠪᠠᠶᠢᠬᠠᠣᠪᠣᠭ᠎ᠠ ᠬᠦᠷᠬᠦ᠂ ᠤᠯᠢᠶᠠᠰᠤᠲᠠᠢ ᠠᠴᠠ ᠵᠡᠭᠦᠨ ᠬᠠᠳᠠᠪᠴᠢ ᠬᠦᠷᠬᠦ ᠵᠡᠷᠭᠡ ᠪᠣᠭᠤᠮᠲᠠ ᠶᠢᠨ ᠵᠠᠰᠠᠮᠠᠯ ᠵᠠᠮ ᠤᠨ ᠲᠦᠷᠦᠯ ᠵᠦᠢᠯ ᠢ ᠢᠳᠡᠪᠬᠢᠳᠡᠢ ᠠᠬᠢᠭᠤᠯᠵᠤ᠂ ᠵᠢᠯ ᠤᠨ ᠳᠤᠲᠤᠷ᠎ᠠ ᠣᠷᠳᠣᠰ ᠤᠨ ᠣᠯᠠᠨ ᠤᠯᠤᠰ ᠤᠨ ᠠᠭᠠᠷ ᠠᠶᠠᠯᠠᠯ ᠤᠨ ᠪᠤᠭᠤᠮᠲᠠ ᠶᠢ ᠨᠡᠭᠡᠭᠡᠬᠦ ᠪᠠᠷ ᠴᠢᠷᠮᠠᠶᠢᠨ᠎ᠠ᠃ ᠨᠡᠭᠡᠭᠡᠯᠲᠡᠲᠦ ᠲᠡᠪᠴᠡᠩ ᠤᠨ ᠠᠴᠢᠶᠠᠯᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠮᠠᠨᠵᠤᠤᠷ ᠪᠠ ᠡᠷᠢᠶᠡᠨ ᠬᠤᠲᠠ ᠶᠢᠨ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠣᠷᠰᠢᠯᠲᠠ ᠶᠢᠨ ᠣᠷᠣᠨ᠂ ᠬᠦᠯᠦᠨ ᠪᠤᠶᠢᠷ ᠲᠠᠬᠢ ᠳᠤᠮᠳᠠᠳᠤ ᠣᠷᠣᠰ ᠮᠣᠩᠭᠤᠯ ᠤᠨ ᠬᠠᠮᠲᠤᠷᠠᠯᠴᠠᠬᠤ ᠬᠤᠰᠢᠭᠤᠴᠢ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ ᠡᠷᠢᠶᠡᠨ ᠬᠤᠲᠠ — ᠵᠠᠮ ᠤᠨ ᠡᠭᠦᠳᠡ ᠶᠢᠨ ᠬᠢᠯᠢ ᠠᠯᠤᠰᠯᠠᠭᠰᠠᠨ ᠠᠵᠤ ᠠᠬᠤᠢ ᠶᠢᠨ ᠬᠠᠮᠲᠤᠷᠠᠯᠴᠠᠭ᠎ᠠ ᠶᠢᠨ ᠣᠷᠣᠨ ᠤ ᠴᠣᠬᠤᠯᠠᠪᠤᠷᠢᠯᠠᠯᠳᠠ ᠶᠢ ᠣᠯᠬᠤ ᠪᠠᠷ ᠴᠢᠷᠮᠠᠶᠢᠨ᠂ ᠮᠠᠨᠵᠣᠣᠷ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠪᠣᠭᠤᠮᠲᠠ ᠬᠠᠭᠠᠵᠤ ᠨᠡᠭᠡᠭᠡᠬᠦ ᠠᠵᠢᠯᠯᠠᠭᠠᠨ ᠢ ᠪᠡᠶᠡᠯᠡᠭᠦᠯᠦᠨ᠎ᠡ᠃ ︽ᠭᠤᠷᠪᠠᠨ ᠨᠢᠭᠡ︾᠎ ᠶᠢᠨ ᠬᠠᠮᠲᠤᠷᠠᠨ ᠬᠢᠨᠠᠨ ᠬᠠᠮᠢᠶᠠᠷᠬᠤ ᠵᠠᠭᠪᠤᠷ ᠢ ᠲᠦᠷᠭᠡᠳᠭᠡᠨ ᠬᠡᠷᠡᠭᠵᠢᠭᠦᠯᠵᠦ᠂ ᠪᠣᠭᠤᠮᠲᠠ ᠶᠢᠨ ᠪᠦᠲᠦᠮᠵᠢᠲᠡᠢ ᠠᠵᠢᠯᠯᠠᠭᠠᠨ ᠤ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠰᠣᠯᠢᠯᠴᠠᠭ᠎ᠠ ᠬᠠᠷᠢᠯᠴᠠᠭ᠎ᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠣᠷᠣᠰ ᠮᠣᠩᠭᠤᠯ ᠯᠤᠭ᠎ᠠ ᠶᠢᠨ ᠰᠤᠷᠭᠠᠨ ᠬᠦᠮᠦᠵᠢᠯ᠂ ᠰᠤᠶᠤᠯ᠂ ᠡᠮ ᠡᠮᠨᠡᠯᠭᠡ᠂ ᠪᠡᠶ᠎ᠡ ᠶᠢᠨ ᠲᠠᠮᠢᠷ᠂ ᠰᠢᠨᠵᠢᠯᠡᠬᠦ ᠤᠬᠠᠭᠠᠨ ᠮᠡᠷᠭᠡᠵᠢᠯ᠂ ᠵᠢᠭᠤᠯᠴᠢᠯᠠᠯ ᠵᠡᠷᠭᠡ ᠲᠠᠯ᠎ᠠ ᠪᠠᠷ ᠬᠢ ᠬᠦᠮᠦᠨ ᠨᠡᠶᠢᠭᠡᠮ ᠤᠨ ᠰᠣᠯᠢᠯᠴᠠᠭ᠎ᠠ ᠶᠢ ᠢᠳᠡᠪᠬᠢᠲᠡᠢ ᠪᠠᠷ ᠦᠷᠨᠢᠭᠦᠯᠵᠦ᠂ ᠣᠷᠣᠰ ᠮᠣᠩᠭᠤᠯ ᠤᠨ ᠣᠷᠣᠨ ᠨᠣᠲᠤᠭ ᠤᠨ ᠵᠠᠰᠠᠭ ᠤᠨ ᠣᠷᠳᠣᠨ ᠵᠢᠴᠢ ᠰᠠᠯᠠᠭ᠎ᠠ ᠮᠦᠴᠢᠷ ᠯᠦᠭᠡ ᠶᠢᠨ ᠬᠤᠭᠤᠷᠤᠨᠳᠤᠬᠢ ᠲᠣᠭᠲᠠᠮᠠᠯ ᠬᠤᠭᠤᠴᠠᠭ᠎ᠠ ᠲᠠᠢ ᠪᠠᠷ ᠵᠦᠪᠳᠡᠯᠴᠡᠨ ᠠᠭᠤᠯᠵᠠᠯᠲᠠ ᠬᠢᠬᠦ ᠶᠢ ᠴᠢᠩᠭᠠᠳᠬᠠᠨ᠎ᠠ᠃ ᠭᠠᠳᠠᠭᠠᠳᠤ ᠠᠷᠠᠯᠵᠢᠶ᠎ᠠ ᠶᠢᠨ ︽ᠰᠢᠯᠢᠳᠡᠭ ᠢ ᠨᠢ ᠭᠠᠷᠭᠠᠵᠤ ᠰᠢᠯᠢᠳᠡᠭ ᠢ ᠨᠢ ᠣᠷᠤᠭᠤᠯᠬᠤ︾ ᠲᠡᠰᠢ ᠬᠤᠪᠢᠷᠠᠭᠤᠯᠬᠤ ᠶᠢ ᠠᠬᠢᠭᠤᠯᠤᠨ᠎ᠠ᠃ ᠣᠷᠣᠰ ᠮᠣᠩᠭᠤᠯ ᠯᠤᠭ᠎ᠠ ᠶᠢᠨ ᠬᠤᠳᠠᠯᠳᠤᠭ᠎ᠠ ᠠᠷᠠᠯᠵᠢᠶ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠲᠡᠷᠢᠭᠦᠨ ᠤ ᠮᠡᠷᠭᠡᠵᠢᠯ ᠲᠦᠭᠦᠭᠡᠷᠦᠮᠵᠢ᠂ ᠵᠠᠩᠬᠢᠯᠠᠭ᠎ᠠ ᠶᠢᠨ ᠰᠡᠯᠪᠢᠭ ᠲᠤᠨᠤᠭ ᠢ ᠭᠠᠳᠠᠭᠠᠲᠤ ᠠᠴᠠ ᠣᠷᠤᠭᠤᠯᠬᠤ ᠶᠢ ᠳᠡᠮᠵᠢᠵᠦ᠂ ᠤᠯᠤᠰ ᠤᠨ ᠳᠤᠲᠤᠭᠠᠳᠤ ᠲᠤ ᠳᠤᠳᠠᠭᠳᠠᠵᠤ ᠪᠠᠶᠢᠭ᠎ᠠ ᠡᠬᠢ ᠪᠠᠶᠠᠯᠢᠭ ᠤᠨ ᠴᠢᠨᠠᠷᠲᠠᠢ ᠲᠠᠸᠠᠷ ᠢ ᠭᠠᠳᠠᠭᠠᠲᠤ ᠠᠴᠠ ᠣᠷᠤᠭᠤᠯᠬᠤ ᠶᠢ ᠦᠷᠭᠡᠳᠭᠡᠨ᠂ ᠠᠵᠤ ᠠᠬᠤᠶᠢᠯᠠᠯ ᠤᠨ ᠬᠢᠯᠢ ᠶᠢᠨ ᠭᠠᠳᠠᠨ᠎ᠠ ᠪᠠᠷᠢᠯᠭ᠎ᠠ ᠳᠠᠭᠠᠭᠠᠴᠢᠯᠠᠬᠤ ᠪᠠ ᠬᠦᠳᠡᠯᠮᠦᠷᠢ ᠦᠢᠯᠡᠴᠢᠯᠡᠭᠡ ᠶᠢᠨ ᠬᠠᠮᠲᠤᠷᠠᠯᠴᠠᠭ᠎ᠠ ᠶᠢ ᠦᠷᠨᠢᠭᠦᠯᠬᠦ ᠳᠤ ᠨᠦᠬᠦᠴᠡᠯ ᠡᠭᠦᠳᠴᠦ ᠥᠭᠭᠦᠨ᠎ᠡ᠃ ᠦᠢᠯᠡᠳᠪᠦᠷᠢᠯᠡᠬᠦ ᠴᠢᠳᠠᠪᠤᠷᠢ ᠦᠯᠡᠭᠦᠳᠡᠵᠦ ᠪᠠᠶᠢᠭ᠎ᠠ ᠠᠵᠤ ᠠᠬᠤᠶᠢᠯᠠᠯ ᠤᠨ ᠭᠠᠷᠴᠤ ᠶᠠᠪᠤᠬᠤ ᠶᠢ ᠳᠡᠮᠵᠢᠵᠦ᠂ ᠣᠯᠠᠨ ᠤᠯᠤᠰ ᠤᠨ ᠦᠢᠯᠡᠳᠪᠦᠷᠢᠯᠡᠬᠦ ᠴᠢᠳᠠᠪᠤᠷᠢ ᠯᠤᠭ᠎ᠠ ᠶᠢᠨ ᠬᠠᠮᠲᠤᠷᠠᠯᠴᠠᠭ᠎ᠠ ᠶᠢ ᠦᠷᠨᠢᠭᠦᠯᠦᠨ᠎ᠡ᠃ ᠰᠢᠨ᠎ᠡ ᠪᠠᠷ ᠪᠣᠢ ᠪᠣᠯᠣᠭᠰᠠᠨ ᠬᠤᠳᠠᠯᠳᠤᠭ᠎ᠠ ᠠᠷᠠᠯᠵᠢᠶ᠎ᠠ ᠶᠢᠨ ᠠᠷᠭ᠎ᠠ ᠮᠠᠶᠢᠢᠭ ᠢ ᠬᠦᠴᠦᠲᠡᠢ ᠬᠥᠭᠵᠢᠭᠦᠯᠵᠦ᠂ ᠠᠵᠤ ᠠᠬᠤᠶᠢᠯᠠᠯ ᠤᠨ ᠬᠢᠯᠢ ᠠᠯᠤᠰᠯᠠᠭᠰᠠᠨ ᠡᠯᠧᠺᠳ᠋ᠷᠤᠨ ᠬᠤᠳᠠᠯᠳᠤᠭᠠᠨ ᠤ ᠶᠠᠪᠤᠳᠠᠯ ᠦᠷᠨᠢᠭᠦᠯᠬᠦ ᠶᠢ ᠳᠡᠮᠵᠢᠨ᠎ᠡ᠃ ᠣᠷᠣᠨ ᠪᠦᠰᠡ ᠶᠢᠨ ᠠᠵᠤ ᠠᠬᠤᠢ ᠶᠢᠨ ᠬᠠᠮᠵᠢᠯᠴᠠᠨ ᠠᠵᠢᠯᠯᠠᠬᠤ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠴᠡᠪᠡᠷ ᠡᠨᠧᠷᠬᠢ ᠶᠢᠨ ᠰᠠᠭᠤᠷᠢᠨ ᠭᠠᠵᠠᠷ ᠤᠨ ᠲᠡᠪᠴᠡᠩ ᠢ ᠠᠰᠢᠬᠯᠠᠵᠤ᠂ ᠪᠡᠭᠡᠵᠢᠩ ᠲᠢᠶᠠᠨᠵᠢᠨ ᠾᠧᠪᠧᠢ᠂ ᠪᠥᠸᠧᠬᠠᠢ ᠲᠠᠩᠬᠢᠰ ᠳᠠᠭᠠᠤ᠂ ᠬᠥᠬᠡ ᠮᠦᠷᠡᠨ ᠤ ᠠᠵᠤ ᠠᠬᠤᠢ ᠶᠢᠨ ᠪᠦᠰᠡ ᠯᠦᠭᠡ ᠬᠠᠮᠲᠤᠷᠠᠯᠴᠠᠬᠤ ᠶᠢ ᠠᠬᠢᠭᠤᠯᠤᠨ᠎ᠠ᠃ ᠬᠦᠬᠡᠬᠤᠲᠠ ᠪᠤᠭᠤᠳᠤ ᠢᠷᠭᠠᠢ ᠳᠡᠮᠡᠭᠡᠳᠣ ᠵᠡᠷᠭᠡ ᠠᠵᠤ ᠠᠬᠤᠢ ᠶᠢᠨ ᠬᠠᠮᠲᠤᠷᠠᠯᠴᠠᠬᠤ ᠣᠷᠣᠨ ᠢ ᠲᠦᠷᠭᠡᠳᠭᠡᠨ ᠪᠠᠶᠢᠭᠤᠯᠵᠤ᠂ ᠪᠡᠭᠡᠵᠢᠩ ᠦᠪᠦᠷ ᠮᠣᠩᠭᠤᠯ ᠤᠨ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ᠰᠢᠶᠠᠩᠭᠠᠩ ᠣᠣᠮᠧᠨ ᠲᠠᠶᠢᠸᠠᠨ ᠤ ᠭᠠᠵᠠᠷ ᠣᠷᠣᠨ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠨ᠎ᠠ᠃ ᠮᠠᠨ ᠤ ᠣᠷᠣᠨ ᠤ ᠭᠠᠵᠠᠷ ᠰᠢᠷᠤᠢ ᠂ ᠴᠠᠬᠢᠯᠭᠠᠨ ᠬᠦᠴᠦᠨ ᠤ ᠳᠠᠪᠠᠭᠤᠯᠢᠭ ᠢ ᠪᠠᠳᠠᠷᠠᠭᠤᠯᠵᠤ᠂ ᠬᠦᠷᠢᠶᠡᠯᠡᠩ ᠲᠣᠭᠤᠷᠢᠭ ᠢ ᠬᠠᠮᠲᠤᠪᠠᠷ ᠪᠠᠶᠢᠭᠤᠯᠬᠤ ᠵᠡᠷᠭᠡ ᠠᠷᠭ᠎ᠠ ᠮᠠᠶᠢᠢᠭ ᠢᠶᠠᠷ ᠳᠠᠮᠵᠢᠨ᠂ ᠦᠨᠳᠦᠷ ᠬᠢᠷᠢ ᠲᠥᠪᠰᠢᠨᠲᠦ ᠠᠵᠤ ᠦᠢᠯᠡᠰ ᠤᠨ ᠰᠢᠯᠵᠢᠭᠦᠯᠦᠯᠲᠡ ᠶᠢ ᠲᠠᠭᠠᠭᠠᠨ ᠵᠤᠯᠭᠠᠭᠤᠯᠬᠤ ᠪᠠᠨ ᠲᠦᠷᠬᠡᠳᠬᠡᠨ᠎ᠠ᠃       ︵ᠲᠠᠪᠤ︶ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠵᠤ᠂ ᠠᠮᠢ ᠠᠬᠤᠢ ᠶᠢᠨ ᠠᠮᠦᠷ ᠲᠥᠪᠰᠢᠨ ᠤ ᠬᠠᠯᠬᠠᠪᠴᠢ ᠶᠢ ᠪᠠᠲᠤ ᠪᠠᠬᠢᠵᠢᠭᠦᠯᠦᠨ᠎ᠡ        ᠠᠮᠢ ᠠᠬᠤᠢ ᠶᠢᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠪᠡᠭᠡᠵᠢᠩ ᠲᠢᠶᠠᠨᠵᠢᠨ ᠤ ᠡᠯᠡᠰᠦᠨ ᠰᠢᠭᠤᠷᠭ᠎ᠠ ᠶᠢᠨ ᠡᠬᠢ ᠢᠷᠡᠯᠲᠡ ᠶᠢ ᠵᠠᠰᠠᠬᠤ᠂ ᠲᠠᠷᠢᠶᠠᠯᠠᠬᠤ ᠪᠠᠨ ᠵᠤᠭᠰᠤᠵᠤ ᠣᠶᠢᠵᠢᠭᠤᠯᠬᠤ ᠪᠠ ᠪᠡᠯᠴᠢᠭᠡᠷ ᠰᠡᠷᠭᠦᠭᠡᠬᠦ ᠵᠡᠷᠭᠡ ᠭᠤᠣᠯᠳᠠᠯᠭ᠎ᠠ ᠲᠠᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠵᠦ ᠂ ᠤᠯᠤᠰ ᠤᠨ ᠭᠠᠵᠠᠷ ᠰᠢᠷᠤᠢ ᠶᠢᠨ ᠨᠤᠭᠤᠭᠠᠷᠠᠭᠤᠯᠬᠤ ᠠᠵᠢᠯᠯᠠᠭ᠎ᠠ ᠶᠢ ᠶᠡᠭᠡ ᠬᠡᠪᠴᠢᠶ᠎ᠡ ᠪᠠᠷ ᠠᠬᠢᠭᠤᠯᠤᠨ᠂ 1000 ᠲᠦᠮᠡᠨ ᠮᠦ ᠣᠢ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ 200 ᠲᠦᠮᠡᠨ ᠮᠦ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ᠂ 3000 ᠲᠦᠮᠡᠨ ᠮᠦ ᠳᠤ ᠡᠪᠡᠰᠦ ᠲᠠᠷᠢᠬᠤ ᠶᠢ ᠪᠡᠶᠡᠯᠡᠭᠦᠯᠦᠨ᠎ᠡ᠃ ᠲᠠᠯ᠎ᠠ ᠨᠤᠲᠤᠭ ᠤᠨ ᠠᠮᠢ ᠠᠬᠤᠢ ᠶᠢᠨ ᠰᠢᠨ᠎ᠡ ᠨᠢᠭᠡ ᠡᠭᠡᠯᠵᠢ ᠶᠢᠨ ᠨᠦᠭᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠨᠦᠭᠦᠪᠦᠷᠢ ᠱᠠᠩᠨᠠᠯ ᠤᠨ ᠪᠠᠷᠢᠮᠵᠢᠶ᠎ᠠ ᠶᠢ ᠳᠡᠭᠡᠭᠰᠢᠯᠡᠭᠦᠯᠦᠨ᠂ ᠱᠠᠲᠤᠴᠢ ᠴᠢᠨᠠᠷᠲᠠᠢ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠤᠨ ᠲᠡᠩᠴᠡᠭᠦᠷᠢᠰᠢᠯ ᠤᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠵᠦ᠂ ᠲᠠᠯ᠎ᠠ ᠨᠤᠲᠤᠭ ᠤᠨ ᠠᠮᠢ ᠠᠬᠤᠢ ᠶᠢᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠤᠨ᠎ᠠ᠃ ᠡᠯᠡᠰᠦᠨ ᠤ ᠠᠵᠤ ᠦᠢᠯᠡᠰ᠂ ᠡᠪᠡᠰᠦᠨ ᠤ ᠠᠵᠤ ᠦᠢᠯᠡᠰ ᠪᠣᠯᠣᠨ ᠣᠢ ᠶᠢᠨ ᠬᠤᠷᠮᠣᠢ ᠶᠢᠨ ᠠᠵᠤ ᠠᠬᠤᠢ ᠶᠢ ᠲᠦᠷᠭᠡᠳᠭᠡᠨ ᠬᠥᠭᠵᠢᠭᠦᠯᠵᠦ᠂ ᠮᠠᠯᠴᠢᠨ ᠲᠠᠷᠢᠶᠠᠴᠢᠠ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠤᠨ᠎ᠠ᠃ ᠬᠦᠯᠦᠨ ᠨᠠᠭᠤᠷ᠂ ᠤᠯᠠᠭᠠᠨᠰᠤᠬᠠᠢ ᠶᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠵᠠᠰᠠᠬᠤ ᠲᠦᠯᠦᠪᠵᠢᠭᠦᠯᠭᠡ ᠶᠢᠨ ᠴᠣᠬᠤᠯᠠᠪᠤᠷᠢᠯᠠᠯᠳᠠ ᠶᠢ ᠣᠯᠬᠤ ᠪᠠᠷ ᠴᠢᠷᠮᠠᠶᠢᠨ᠎ᠠ᠃      ᠣᠷᠴᠢᠨ ᠲᠣᠭᠤᠷᠢᠨ ᠤ ᠬᠠᠮᠠᠭᠠᠯᠠᠯᠳᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠪᠣᠬᠢᠷᠳᠤᠯ ᠢ ᠵᠠᠰᠠᠬᠤ ᠪᠠᠨ ᠪᠦᠬᠦ ᠲᠠᠯ᠎ᠠ ᠪᠠᠷ ᠴᠢᠩᠭᠠᠳᠬᠠᠵᠤ᠂ ᠠᠭᠠᠷ ᠮᠠᠨᠳᠠᠯ ᠤᠨ ᠪᠣᠬᠢᠷᠳᠤᠯ ᠤᠨ ᠣᠷᠣᠨ ᠳᠤ ᠬᠤᠯᠪᠤᠭᠠᠯᠠᠨ ᠰᠡᠷᠭᠡᠶᠢᠯᠡᠬᠦ ᠬᠤᠯᠪᠤᠭᠠᠯᠠᠨ ᠡᠵᠡᠮᠳᠡᠬᠦ ᠠᠵᠢᠯ ᠢ ᠦᠷᠨᠢᠭᠦᠯᠦᠨ᠂ ᠲᠦᠯᠡᠰᠢᠨ ᠨᠡᠭᠦᠷᠡᠰᠦ ᠪᠠᠷ ᠴᠠᠬᠢᠯᠭᠠᠨ ᠭᠠᠷᠭᠠᠬᠤ ᠦᠢᠯᠡᠳᠪᠦᠷᠢ ᠶᠢᠨ ᠬᠡᠳᠦ ᠪᠠᠭ᠎ᠠ ᠪᠠᠷ ᠭᠠᠳᠠᠭᠰᠢᠯᠠᠭᠤᠯᠬᠤ ᠦᠭᠡᠷᠡᠴᠢᠯᠡᠯᠲᠡ ᠶᠢ ᠬᠡᠷᠡᠭᠵᠢᠭᠦᠯᠵᠦ᠂ ᠪᠠᠷᠢᠮᠵᠢᠶ᠎ᠠ ᠳᠤ ᠬᠦᠷᠬᠦ ᠦᠭᠡᠢ ᠮᠠᠰᠢᠨ ᠴᠤᠭᠴᠠᠯᠠᠪᠤᠷᠢᠳᠦ ᠭᠥᠸᠧᠯᠦ ᠪᠣᠯᠣᠨ ᠵᠢᠵᠢᠭ ᠴᠠᠬᠢᠯᠤᠭᠤᠷ ᠴᠢᠯᠠᠭᠤ᠂ ᠵᠢᠵᠢᠭ ᠴᠠᠬᠢᠭᠤᠷᠲᠤ ᠲᠡᠮᠦᠷ ᠵᠡᠷᠭᠡ ᠶᠢᠨ ᠬᠤᠴᠤᠷᠤᠩᠭᠤᠢ ᠦᠢᠯᠡᠳᠪᠦᠷᠢᠯᠡᠬᠦ ᠴᠢᠳᠠᠪᠤᠷᠢ ᠶᠢ ᠲᠦᠷᠭᠡᠳᠭᠡᠨ ᠰᠢᠭᠰᠢᠭᠳᠡᠭᠦᠯᠦᠨ᠎ᠡ᠃ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠣᠷᠴᠢᠨ ᠲᠣᠭᠤᠷᠢᠨ ᠢᠶᠠᠨ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠱᠠᠲᠤ ᠦᠶ᠎ᠡ ᠶᠢᠨ ᠴᠢᠨᠠᠷᠲᠠᠢ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠷᠴᠢᠨ ᠲᠣᠭᠤᠷᠢᠨ ᠤ ᠠᠰᠠᠭᠤᠳᠠᠯ ᠢ ᠶᠡᠬᠡᠪᠡᠷ ᠴᠡᠭᠴᠡᠯᠡᠨ ᠵᠠᠰᠠᠵᠤ ᠂ ᠵᠥᠪᠰᠢᠶᠡᠷᠡᠨ ᠣᠷᠤᠭᠤᠯᠬᠤ ᠪᠠᠷᠢᠮᠵᠢᠶ᠎ᠠ ᠶᠢ ᠳᠡᠭᠡᠭᠰᠢᠯᠡᠭᠦᠯᠦᠨ᠂ ᠬᠦᠷᠢᠶᠡᠯᠡᠩ ᠲᠣᠭᠤᠷᠢᠭ ᠤᠨ ᠣᠷᠴᠢᠨ ᠲᠣᠭᠤᠷᠢᠨ ᠤ ᠥᠷᠢ ᠥᠭᠴᠢᠭᠡ ᠪᠠᠨ ᠲᠦᠯᠦᠬᠦ᠂ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠶᠢ ᠠᠬᠢᠭᠤᠯᠤᠨ᠎ᠠ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠭᠲᠠᠭᠠᠯ ᠠᠴᠠ ᠵᠦᠷᠢᠴᠡᠭᠰᠡᠨ ᠲᠦᠷᠦᠯ ᠵᠦᠢᠯ ᠢ ᠴᠡᠪᠡᠷᠯᠠᠨ ᠴᠡᠭᠴᠡᠯᠡᠬᠦ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠬᠤᠲᠠ ᠬᠦᠳᠡᠭᠡ ᠶᠢᠨ ᠠᠭᠤᠯᠵᠠᠷ ᠤᠨ ᠬᠡᠰᠡᠭ᠂ ᠲᠠᠷᠢᠶᠠᠯᠠᠩ ᠤᠨ ᠲᠠᠷᠬᠠᠢ ᠪᠣᠬᠢᠷᠳᠤᠯ ᠪᠤᠯᠤᠨ ᠬᠦᠨᠳᠦ ᠲᠡᠮᠦᠷᠯᠢᠭ ᠤᠨ ᠪᠣᠬᠢᠷᠳᠤᠯ ᠢ ᠵᠠᠰᠠᠬᠤ ᠪᠠᠨ ᠴᠢᠩᠭᠠᠳᠬᠠᠵᠤ᠂ ᠲᠠᠷᠢᠶᠠᠨ ᠡᠮ᠂ ᠬᠢᠮᠢ ᠶᠢᠨ ᠪᠣᠷᠳᠤᠭᠤᠷ᠂ ᠰᠦᠯᠢᠶᠥᠦ ᠪᠦᠷᠭᠦᠪᠴᠢ ᠶᠢᠨ ᠬᠡᠷᠡᠭᠯᠡᠬᠦ ᠬᠡᠮᠵᠢᠶ᠎ᠡ ᠪᠠᠨ ᠪᠠᠭᠠᠰᠬᠠᠬᠤ ᠶᠢ ᠠᠬᠢᠭᠤᠯᠤᠨ᠎ᠠ᠃ ᠪᠤᠬᠢᠷᠳᠤᠯ ᠦᠬᠡᠢ ᠠᠭᠤᠷᠬᠠᠢ᠂ ᠡᠶ᠎ᠡ ᠵᠤᠬᠢᠴᠠᠯ ᠲᠠᠢ ᠠᠭᠤᠷᠬᠠᠢ ᠢ ᠪᠦᠳᠦᠬᠡᠨ ᠪᠠᠶᠢᠭᠤᠯᠤᠨ᠎ᠠ᠃ ᠤᠰᠤ ᠶᠢ ᠶᠡᠷᠦᠩᠬᠡᠶᠢᠯᠡᠨ ᠵᠠᠰᠠᠬᠤ ᠶᠢ ᠦᠷᠨᠢᠭᠦᠯᠵᠦ᠂ ᠭᠤᠣᠯᠳᠠᠯᠭ᠎ᠠ ᠲᠠᠢ ᠰᠠᠪᠠ ᠭᠠᠵᠠᠷ ᠤᠨ ᠤᠰᠤᠨ ᠤ ᠪᠣᠬᠢᠷᠳᠤᠯ ᠢ ᠬᠠᠮᠲᠤᠷᠠᠨ ᠰᠡᠷᠭᠡᠶᠢᠯᠡᠵᠦ ᠬᠠᠮᠲᠤᠪᠠᠷ ᠵᠠᠰᠠᠬᠤ ᠶᠢ ᠴᠢᠩᠭᠠᠳᠬᠠᠨ᠎ᠠ᠃ ᠳᠣᠣᠷ᠎ᠠ ᠨᠡᠭᠦᠷᠡᠰᠦᠳᠦ᠋ᠷᠦᠭᠴᠢ ᠲᠠᠢ ᠡᠷᠬᠢᠯᠲᠡᠳᠦ ᠬᠥᠭᠵᠢᠯᠲᠡ ᠶᠢ ᠬᠦᠴᠦᠳᠡᠢ ᠠᠬᠢᠭᠤᠯᠵᠤ᠂ ᠪᠣᠬᠢᠷᠳᠤᠯ ᠦᠭᠡᠢ ᠴᠡᠪᠡᠷ ᠦᠢᠯᠡᠳᠪᠦᠷᠢᠯᠡᠯ ᠢ ᠳᠡᠯᠭᠡᠷᠡᠭᠦᠯᠵᠦ᠂ ᠡᠨᠧᠷᠬᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠠᠵᠤ ᠦᠢᠯᠡᠰ ᠢᠶᠠᠨ ᠰᠢᠨ᠎ᠡ ᠨᠡᠮᠡᠭᠳᠡᠯ ᠤᠨ ᠴᠡᠭ ᠪᠣᠯᠭᠠᠬᠤ ᠪᠠᠷ ᠴᠢᠷᠮᠠᠶᠢᠨ᠎ᠠ᠃ ᠣᠷᠴᠢᠨ ᠲᠣᠭᠤᠷᠢᠨ ᠤ ᠬᠠᠮᠠᠭᠠᠯᠠᠯᠲᠠ ᠳᠤ ︽ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ ᠪᠠᠶᠢᠵᠤ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠨ᠂ ᠬᠠᠷᠢᠭᠤᠴᠠᠯᠭ᠎ᠠ ᠪᠠᠨ ᠠᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠂ ᠣᠷᠴᠢᠨ ᠲᠣᠭᠤᠷᠢᠨ ᠤ ᠬᠠᠤᠯᠢ ᠠᠴᠠ ᠵᠦᠷᠢᠴᠡᠭᠰᠡᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃       ᠠᠮᠢ ᠠᠬᠤᠢ ᠶᠢᠨ ᠪᠣᠯᠪᠠᠰᠤᠨ ᠤ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠤᠯᠤᠰ ᠤᠨ ᠦᠮᠴᠢᠯᠡᠯᠲᠦ ᠣᠢ ᠰᠢᠭᠤᠢ ᠶᠢᠨ ᠲᠠᠯᠠᠪᠠᠢ ᠰᠢᠭᠤᠶᠢᠲᠤ ᠣᠷᠣᠨ ᠤ ᠦᠭᠡᠷᠡᠴᠢᠯᠡᠯᠲᠡ ᠶᠢ ᠪᠦᠬᠦ ᠲᠠᠯ᠎ᠠ ᠪᠠᠷ ᠠᠬᠢᠭᠤᠯᠵᠤ ᠂ ᠦᠭᠡᠷᠡᠴᠢᠯᠡᠯᠲᠡ ᠶᠢᠨ ᠡᠭᠦᠷᠭᠡ ᠪᠠᠨ ᠬᠤᠭᠤᠴᠠᠭ᠎ᠠ ᠶᠤᠰᠤᠭᠠᠷ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠬᠠᠮᠲᠤ ᠶᠢᠨ ᠣᠢ ᠰᠢᠭᠤᠢ ᠶᠢᠨ ᠦᠮᠴᠢᠯᠡᠬᠦ ᠡᠷᠬᠡ ᠶᠢᠨ ᠳᠦᠷᠢᠮ ᠤᠨ ᠦᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢᠨ ᠥᠷᠢ ᠥᠭᠴᠢᠭᠡ ᠶᠢᠨ ᠬᠦᠰᠦᠨᠦᠭᠲᠦ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠤᠳᠤᠷᠢᠳᠬᠤ ᠺᠠᠳ᠋ᠷᠴᠤᠳ ᠲᠤ ᠲᠤᠰᠢᠶᠠᠯ ᠠᠴᠠ ᠪᠠᠨ ᠰᠢᠯᠵᠢᠭᠰᠡᠨ ᠤ ᠳᠠᠷᠠᠭᠠᠬᠢ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢᠨ ᠬᠢᠨᠠᠨ ᠪᠤᠳᠤᠬᠤ ᠲᠣᠷᠰᠢᠯᠲᠠ ᠶᠢ ᠦᠷᠨᠢᠭᠦᠯᠦᠨ᠎ᠡ ᠃ ᠭᠤᠣᠯ ᠴᠣᠭᠴᠠ ᠶᠢᠨ ᠴᠢᠳᠠᠮᠵᠢᠲᠦ ᠣᠷᠣᠨ ᠤ ᠲᠦᠯᠦᠪᠵᠢᠭᠦᠯᠭᠡ ᠪᠠᠷ ᠦᠨᠳᠦᠰᠦᠯᠡᠯ ᠪᠤᠯᠭᠠᠵᠦ᠂ ᠠᠮᠢ ᠠᠬᠤᠢ ᠶᠢᠨ ᠬᠤᠷᠢᠭ᠎ᠠ ᠱᠤᠭᠤᠮ ᠢ ᠢᠯᠭᠠᠨ ᠲᠣᠭᠲᠠᠭᠠᠬᠤ ᠠᠵᠢᠯ ᠢᠶᠢᠡᠨ ᠲᠦᠷᠭᠡᠳᠭᠡᠨ᠎ᠡ᠃ ᠪᠣᠬᠢᠷᠳᠤᠯ ᠢ ᠭᠠᠳᠠᠭᠰᠢᠯᠠᠭᠤᠯᠬᠤ ᠵᠥᠪᠰᠢᠶᠡᠷᠡᠯ ᠪᠠ ᠪᠤᠬᠢᠷᠳᠤᠯ ᠢ ᠭᠠᠳᠠᠭᠰᠢᠯᠠᠭᠤᠯᠬᠤ ᠡᠷᠬᠡ ᠶᠢ ᠦᠨ᠎ᠡ ᠲᠦᠯᠦᠪᠦᠷᠢ ᠲᠠᠢ ᠬᠡᠷᠡᠭᠯᠡᠬᠦ ᠳᠦᠷᠢᠮ ᠢ ᠬᠡᠷᠡᠭᠵᠢᠭᠦᠯᠵᠦ᠂ ᠭᠠᠳᠠᠭᠰᠢᠯᠠᠭᠤᠯᠬᠤ ᠦᠪᠡᠷ ᠤᠨ ᠥᠷᠲᠡᠭ ᠢ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠭᠠᠳᠠᠭᠰᠢᠯᠠᠭᠤᠯᠬᠤ ᠪᠠᠨ ᠪᠠᠭᠠᠰᠬᠠᠬᠤ ᠶᠢ ᠭᠡᠳᠡᠷᠬᠦ ᠰᠢᠬᠠᠮᠳᠠᠭᠤᠯᠤᠨ᠎ᠠ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠬᠤ ᠲᠣᠭᠲᠠᠴᠠ ᠶᠢ ᠪᠠᠶᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠤᠬᠢᠷᠠᠯ ᠬᠥᠨᠥᠭᠡᠯ ᠢ ᠦᠨᠡᠯᠡᠨ ᠵᠢᠱᠢᠬᠦ ᠲᠣᠷᠰᠢᠯᠲᠠ ᠶᠢᠨ ᠴᠢᠬ ᠢ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠤᠬᠢᠷᠠᠯ ᠬᠥᠨᠥᠭᠡᠯ ᠤᠨ ᠬᠠᠷᠢᠭᠤᠴᠠᠯᠭ᠎ᠠ ᠶᠢ ᠨᠠᠰᠤᠨ ᠲᠣᠷᠰᠢᠳᠠ ᠨᠡᠬᠡᠮᠵᠢᠯᠡᠬᠦ ᠳᠦᠷᠢᠮ ᠢ ᠬᠡᠷᠡᠭᠵᠢᠭᠦᠯᠦᠨ᠎ᠡ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠶᠢᠭᠤᠯᠤᠮᠵᠢ ᠶᠢᠨ ᠬᠢᠨᠠᠨ ᠰᠢᠯᠭᠠᠬᠤ ᠬᠢᠨᠠᠨ ᠪᠠᠶᠢᠴᠠᠭᠠᠬᠤ ᠬᠠᠤᠯᠢ ᠬᠡᠷᠡᠭᠵᠢᠭᠦᠯᠬᠦ ᠳᠤ ᠡᠭᠴᠡ ᠬᠠᠮᠢᠶᠠᠷᠤᠯᠲᠠ ᠶᠢ ᠲᠦᠷᠭᠡᠳᠭᠡᠨ ᠠᠬᠢᠭᠤᠯᠤᠨ᠎ᠠ᠃ ᠡᠨᠧᠷᠬᠢ ᠪᠣᠯᠣᠨ ᠤᠰᠤᠨ ᠤ ᠡᠬᠢ ᠰᠤᠷᠪᠤᠯᠵᠢ ᠶᠢᠨ ᠬᠤᠷᠤᠭᠳᠠᠯ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠵᠡᠷᠭᠡ ᠶᠢᠨ ᠶᠡᠷᠦᠩᠬᠡᠢ ᠬᠡᠮᠵᠢᠶ᠎ᠡ ᠪᠠ ᠡᠷᠴᠢᠮ ᠤᠨ ᠳᠠᠪᠬᠤᠷ ᠡᠵᠡᠮᠳᠡᠬᠦ ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ᠤᠰᠤᠨ ᠤ ᠡᠬᠢ ᠰᠤᠷᠪᠤᠯᠵᠢ ᠶᠢᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠦᠨ᠂ ᠠᠶᠢᠮᠠᠭ ᠬᠤᠲᠠ ᠶᠢᠨ ᠣᠰᠤᠨ ᠤ ᠦᠮᠴᠢᠯᠡᠬᠦ ᠡᠷᠬᠡ ᠶᠢ ᠰᠢᠯᠵᠢᠭᠦᠯᠦᠨ ᠥᠭᠬᠦ ᠲᠣᠷᠰᠢᠯᠲᠠ ᠶᠢᠨ ᠴᠢᠬ ᠢ ᠲᠦᠷᠭᠡᠳᠭᠡᠨ ᠠᠬᠢᠭᠤᠯᠤᠨ᠎ᠠ᠃ ᠠᠮᠢ ᠠᠬᠤᠢ ᠶᠢᠨ ᠰᠤᠶᠤᠯ ᠢ ᠢᠳᠡᠪᠬᠢᠲᠡᠢ ᠪᠠᠷ ᠬᠦᠮᠦᠵᠢᠭᠦᠯᠦᠨ ᠪᠤᠶᠢᠵᠢᠭᠤᠯᠵᠤ᠂ ᠠᠵᠢᠯᠴᠢ ᠠᠷᠪᠢᠲᠠᠢ ᠪᠠᠷ ᠠᠷᠪᠢᠯᠠᠨ ᠭᠠᠮᠨᠠᠬᠤ᠂ ᠪᠤᠬᠢᠷᠳᠤᠯ ᠦᠭᠡᠢ ᠳᠣᠣᠷ᠎ᠠ ᠨᠡᠭᠦᠷᠡᠰᠦᠳᠦ᠋ᠷᠦᠭᠴᠢᠲᠦ ᠠᠮᠢᠳᠤᠷᠠᠯ ᠤᠨ ᠠᠷᠭ᠎ᠠ ᠮᠠᠶᠶᠢᠭ ᠪᠠ ᠬᠡᠷᠡᠭᠯᠡᠭᠡ ᠶᠢᠨ ᠵᠠᠭᠪᠤᠷ ᠢ ᠰᠤᠷᠳᠠᠯᠴᠢᠯᠠᠨ᠎ᠠ᠃       ︵ᠵᠢᠷᠭᠤᠭ᠎ᠠ︶ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠰᠣᠶᠣᠯ ᠤᠨ ᠴᠡᠴᠡᠭᠯᠡᠯᠲᠡ ᠬᠦᠭᠵᠢᠯᠲᠡ ᠶᠢ ᠠᠬᠢᠭᠤᠯᠤᠨ᠎ᠠ        ᠨᠡᠶᠢᠭᠡᠮ ᠵᠢᠷᠤᠮ ᠤᠨ ᠭᠤᠣᠯᠯᠠᠭᠴᠢ ᠥᠷᠳᠡᠭ ᠤᠨ ᠦᠵᠡᠯᠲᠡ ᠶᠢᠨ ᠤᠬᠠᠭᠤᠯᠭ᠎ᠠ ᠬᠦᠮᠦᠵᠢᠯ ᠢ ᠭᠦᠨᠵᠡᠭᠡᠢ ᠠᠬᠢᠭᠤᠯᠤᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠠᠯᠢ ᠣᠯᠠᠨ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ᠂ ᠳᠤᠮᠳᠠᠳᠤ ᠶᠢᠨ ᠵᠡᠭᠦᠳᠦ ᠪᠣᠯᠣᠨ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠪᠠᠷ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠪᠠ ᠬᠦᠴᠦᠨ ᠴᠢᠳᠠᠯ ᠢᠶᠠᠨ ᠬᠤᠷᠠᠮᠳᠤᠭᠤᠯᠬᠤ ᠶᠢ ᠪᠠᠷᠢᠮᠲᠠᠯᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠲᠡᠮᠡᠴᠡᠬᠦ ᠬᠠᠮᠲᠤ ᠶᠢᠨ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠦᠨ᠎ᠡ᠃ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠂ ᠪᠣᠯᠪᠠᠰᠤᠨ ᠬᠤᠲᠠ᠂ ᠪᠣᠯᠪᠠᠰᠤᠨ ᠲᠤᠰᠬᠤᠨ ᠪᠠᠯᠭᠠᠰᠤ᠂ ᠪᠣᠯᠪᠠᠰᠤᠨ ᠨᠢᠭᠡᠴᠡ ᠪᠠ ᠪᠣᠯᠪᠠᠰᠤᠨ ᠭᠡᠷ ᠪᠦᠯᠢ ᠶᠢ ᠴᠣᠭᠴᠠᠯᠠᠨ ᠪᠠᠶᠢᠭᠤᠯᠬᠤ ᠠᠵᠢᠯᠯᠠᠭ᠎ᠠ ᠶᠢ ᠠᠬᠢᠭᠤᠯᠵᠤ᠂ ᠳᠤᠮᠳᠠᠳᠤ ᠶᠢᠨ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠤᠨ᠂ ᠦᠵᠡᠯ ᠰᠠᠨᠠᠭ᠎ᠠ ᠶᠤᠰᠤ ᠮᠤᠷᠠᠯ ᠪᠠ ᠨᠡᠶᠢᠭᠡᠮ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠷᠠᠭᠤᠯᠤᠨ᠎ᠠ᠃ ᠶᠠᠷᠢᠶ᠎ᠠ ᠬᠡᠯᠡᠯᠴᠡᠭᠡᠨ ᠢᠶᠠᠷ ᠬᠦᠲᠦᠯᠦᠨ ᠵᠢᠯᠤᠭᠤᠳᠬᠤ ᠪᠠ ᠰᠦᠯᠵᠢᠶ᠎ᠡ ᠪᠠᠷ ᠤᠬᠠᠭᠤᠯᠬᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠳᠠᠮᠵᠢᠭᠤᠯᠭ᠎ᠠ ᠶᠢᠨ ᠡᠮᠬᠢ ᠲᠢᠭᠯᠢᠮ ᠢ ᠵᠢᠷᠤᠮᠵᠢᠭᠤᠯᠤᠨ᠂ ᠭᠤᠣᠯ ᠬᠥᠭ ᠠᠶᠠᠰ ᠢ ᠴᠤᠤᠷᠢᠶᠠᠳᠤᠭᠤᠯᠤᠨ᠂ ᠢᠳᠡᠪᠬᠢ ᠬᠥᠴᠤ ᠶᠢ ᠤᠯᠠᠮᠵᠢᠯᠠᠨ ᠳᠠᠮᠵᠢᠭᠤᠯᠤᠨ᠎ᠠ᠃       ᠦᠨᠳᠦᠰᠦᠲᠡᠨ ᠤ ᠰᠤᠶᠣᠯ ᠤᠨ ᠬᠦᠴᠦᠷᠬᠡᠭ ᠣᠷᠣᠨ ᠢ ᠲᠦᠷᠬᠡᠳᠬᠡᠨ ᠪᠠᠶᠢᠭᠤᠯᠤᠨ᠎ᠠ᠃ ᠨᠡᠶᠢᠭᠡᠮ ᠵᠢᠷᠤᠮ ᠤᠨ ᠲᠡᠷᠢᠭᠦᠨ ᠤ ᠰᠤᠶᠣᠯ ᠤᠨ ᠤᠷᠤᠭᠰᠢᠯᠠᠬᠤ ᠴᠢᠭᠯᠡᠯ ᠢ ᠪᠠᠷᠢᠮᠲᠠᠯᠠᠵᠤ᠂ ᠲᠠᠯ᠎ᠠ ᠨᠤᠲᠤᠭ ᠤᠨ ᠰᠤᠶᠤᠯ ᠤᠨ ᠰᠢᠨ᠎ᠡ ᠶᠢ ᠡᠭᠦᠳᠦᠠ ᠭᠦᠭᠵᠢᠭᠦ ᠶᠢ ᠠᠬᠢᠭᠤᠯᠤᠨ᠎ᠠ᠃ ᠲᠡᠦᠬᠡ ᠶᠢᠨ ᠳᠤᠷᠠᠰᠬᠠᠯᠲᠤ ᠵᠦᠢᠯᠡᠰ ᠪᠣᠯᠣᠨ ᠪᠤᠳᠠᠰ ᠤᠨ ᠪᠣᠰᠤ ᠰᠤᠶᠤᠯ ᠤᠨ ᠥᠪ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠰᠤᠶᠤᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠤᠳᠬ᠎ᠠ ᠤᠷᠠᠯᠢᠭ ᠤᠨ ᠵᠣᠬᠢᠶᠠᠨ ᠪᠦᠲᠦᠭᠡᠬᠦ ᠶᠢ ᠴᠡᠴᠡᠭᠯᠡᠨ ᠬᠥᠭᠵᠢᠭᠦᠯᠵᠦ᠂ ᠨᠢᠭᠡ ᠪᠦᠯᠦᠭ ᠦᠨᠳᠦᠰᠦᠲᠡᠨ ᠤ ᠣᠨᠴᠠᠯᠢᠭ᠂ ᠴᠠᠭ ᠦᠶ᠎ᠡ ᠶᠢᠨ ᠣᠨᠴᠠᠯᠢᠭ ᠰᠢᠨᠵᠢ᠂ ᠣᠷᠣᠨ ᠪᠦᠰᠡ ᠶᠢᠨ ᠣᠨᠴᠠᠯᠢᠭ ᠢᠶᠠᠷ ᠪᠠᠶᠠᠯᠢᠭ᠂ ᠦᠵᠡᠯ ᠰᠠᠨᠠᠭᠠᠴᠢ ᠴᠢᠨᠠᠷ᠂ ᠤᠷᠠᠯᠢᠬᠴᠢ ᠴᠢᠨᠠᠷ ᠢ ᠪᠦᠷᠢᠳᠦᠭᠦᠯᠦᠭᠰᠡᠨ ᠰᠣᠳᠣᠨ ᠪᠦᠲᠦᠭᠡᠯ ᠢ ᠵᠣᠬᠢᠶᠠᠨ ᠪᠦᠲᠦᠭᠡᠨ᠎ᠡ᠃ ᠭᠠᠳᠠᠭᠰᠢ ᠳᠠᠮᠵᠢᠭᠤᠯᠬᠤ ᠳᠤ᠂ ᠰᠣᠶᠣᠯ ᠤᠨ ᠰᠣᠯᠢᠯᠴᠠᠭ᠎ᠠ ᠬᠢᠬᠦ ᠠᠷᠭ᠎ᠠ ᠮᠠᠶᠢᠢᠭ ᠲᠤ ᠰᠢᠨ᠎ᠡ ᠶᠢ ᠡᠭᠦᠳᠴᠦ᠂ ᠦᠨᠳᠦᠰᠦᠲᠡᠨ ᠤ ᠰᠣᠶᠣᠯ ᠤᠨ ᠭᠠᠳᠠᠭᠰᠢ ᠨᠦᠯᠦᠭᠡᠯᠡᠯ ᠢ ᠠᠬᠢᠭᠤᠯᠤᠨ᠎ᠠ ᠃ ᠰᠤᠶᠤᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠤᠨ ᠡᠷᠴᠢᠮ ᠢᠶᠠᠨ ᠴᠢᠩᠭᠠᠷᠠᠭᠤᠯᠵᠤ᠂ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠢᠶᠠᠷ ᠬᠢᠵᠠᠭᠠᠷ ᠣᠷᠣᠨ ᠢᠶᠠᠨ ᠪᠠᠭᠢᠵᠢᠭᠦᠯᠭᠦ ᠢᠨᠵᠧᠨᠧᠷᠢᠩ ᠢ ᠬᠡᠷᠡᠭᠵᠢᠭᠦᠯᠦᠨ᠂ ᠰᠤᠶᠤᠯ ᠤᠨ ᠡᠬᠢ ᠪᠠᠶᠠᠯᠢᠭ ᠢ ᠬᠦᠲᠦᠯᠦᠨ ᠵᠢᠯᠤᠭᠤᠳᠴᠤ ᠪᠠᠶᠢᠭᠠᠳ ᠦᠨᠳᠦᠰᠦᠨ ᠱᠠᠲᠤ ᠲᠡᠰᠢ ᠬᠡᠯᠪᠠᠶᠢᠯᠭᠡᠨ᠎ᠡ᠃ ᠪᠦᠬᠦ ᠠᠷᠠᠳ ᠢᠶᠠᠷ ᠢᠶᠠᠨ ᠨᠣᠮ ᠪᠢᠴᠢᠭ ᠤᠩᠰᠢᠬᠤ ᠶᠢ ᠰᠤᠷᠳᠠᠯᠴᠢᠯᠠᠵᠤ᠂ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠦᠢᠯᠡᠰ ᠢ ᠴᠡᠴᠡᠭᠯᠡᠨ ᠬᠥᠭᠵᠢᠭᠦᠯᠦᠨ᠎ᠡ᠃ ᠤᠯᠠᠮᠵᠢᠯᠠᠯᠲᠤ ᠵᠠᠭᠤᠴᠢᠯᠠᠭᠤᠷ ᠪᠣᠯᠣᠨ ᠰᠢᠨ᠎ᠡ ᠵᠠᠭᠤᠴᠢᠯᠠᠭᠤᠷ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ︽ᠭᠤᠷᠪᠠᠨ ᠰᠦᠯᠵᠢᠶᠡᠨ ᠤ ᠠᠭᠤᠰᠤᠯᠴᠠᠯ︾᠎ ᠶᠢ ᠲᠦᠷᠭᠡᠳᠭᠡᠨ ᠠᠬᠢᠭᠤᠯᠤᠨ᠎ᠠ᠃ ᠰᠤᠶᠤᠯ ᠤᠨ ᠵᠠᠬ᠎ᠠ ᠳᠡᠯᠭᠡᠭᠦᠷ ᠢ ᠬᠢᠨᠠᠨ ᠬᠠᠮᠢᠶᠠᠷᠬᠤ ᠪᠠ ᠰᠤᠶᠤᠯ ᠤᠨ ᠬᠦᠷᠢᠶᠡᠨ ᠲᠠᠬᠢ ᠮᠡᠳᠡᠯᠭᠡ ᠶᠢᠨ ᠦᠮᠴᠢᠯᠡᠬᠦ ᠡᠷᠬᠡ ᠶᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠤᠨ᠎ᠠ᠃       ᠰᠤᠶᠤᠯ ᠤᠨ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ᠃ ᠨᠡᠶᠢᠭᠡᠮ ᠤᠨ ᠦᠷ᠎ᠡ ᠠᠰᠢᠭ ᠢ ᠲᠡᠷᠢᠭᠦᠨ ᠪᠠᠶᠢᠷᠢᠨ ᠳᠤ ᠲᠠᠯᠪᠢᠵᠤ᠂ ᠨᠡᠶᠢᠭᠡᠮ ᠤᠨ ᠦᠷ᠎ᠡ ᠠᠰᠢᠭ ᠬᠢᠭᠡᠳ ᠠᠵᠤ ᠠᠬᠤᠢ ᠶᠢᠨ ᠦᠷ᠎ᠡ ᠠᠰᠢᠭ ᠢ ᠬᠠᠷᠢᠯᠴᠠᠨ ᠨᠢᠭᠡᠲᠦᠭᠦᠯᠬᠦ ᠶᠢ ᠪᠠᠷᠢᠮᠲᠠᠯᠠᠨ᠂ ᠰᠣᠶᠣᠯ ᠤᠨ ᠪᠠᠶᠢᠭᠤᠯᠤᠯ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠣᠶᠣᠯ ᠤᠨ ᠠᠵᠤ ᠦᠢᠯᠡᠰ ᠪᠣᠯᠣᠨ ᠵᠠᠬ᠎ᠠ ᠳᠡᠯᠭᠡᠭᠦᠷ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃ ︽ᠶᠡᠭᠡ ᠶᠢ ᠠᠠᠳᠬᠤᠵᠤ ᠪᠠᠭ᠎ᠠ ᠶᠢ ᠲᠡᠳᠭᠦᠬᠦ︾ ᠰᠡᠳᠬᠢᠮᠵᠢ ᠶᠤᠰᠤᠭᠠᠷ᠂ ᠭᠤᠤᠯᠯᠠᠭᠴᠢ ᠰᠤᠶᠤᠯ ᠤᠨ ᠠᠵᠤ ᠠᠬᠤᠶᠢᠢᠯᠠᠯ ᠪᠠ ᠳᠤᠮᠳᠠ ᠪᠠᠭ᠎ᠠ ᠵᠢᠵᠢᠭ ᠰᠤᠶᠤᠯ ᠤᠨ ᠠᠵᠤ ᠠᠬᠤᠶᠢᠢᠯᠠᠯ ᠤᠨ ᠭᠦᠭᠵᠢᠯᠳᠠ ᠪᠠᠨ ᠳᠦᠷᠭᠡᠳᠭᠡᠭᠦ ᠶᠢ ᠳᠠᠮᠵᠢᠵᠤ᠂ ᠰᠤᠶᠤᠯ ᠤᠨ ᠠᠵᠤ ᠦᠢᠯᠡᠰ ᠤᠨ ᠪᠦᠳᠦᠴᠠ ᠶᠢᠨ ᠳᠠᠰ ᠳᠠᠪᠰᠢᠭᠦ ᠶᠢ ᠠᠭᠢᠭᠤᠯᠤᠨ᠎ᠠ᠃ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠬᠠᠮᠢᠶᠠᠷᠤᠯᠲᠠ ᠶᠢᠨ ᠪᠠᠶᠢᠭᠤᠯᠤᠯ ᠢ ᠰᠢᠯᠤᠭᠤᠳᠬᠠᠨ᠂ ᠪᠡᠯᠡ ᠣᠷᠤᠭᠤᠯᠤᠯᠲᠠ ᠶᠢᠨ ᠬᠡᠪᠴᠢᠶᠡᠵᠢᠯ ᠢ ᠥᠷᠭᠡᠳᠭᠡᠵᠦ᠂ ᠰᠤᠶᠤᠯ ᠤᠨ ᠠᠵᠦ ᠦᠢᠯᠡᠰ ᠤᠨ ᠬᠦᠭᠵᠢᠯᠳᠡ ᠶᠢᠨ ᠰᠠᠭᠤᠷᠢ ᠮᠦᠡᠭᠬᠦ ᠢ ᠰᠠᠶᠢᠳᠤᠷ ᠬᠡᠷᠡᠭᠯᠡᠨ᠂ ᠭᠤᠣᠯᠳᠠᠯᠭ᠎ᠠ ᠲᠠᠢ ᠲᠦᠷᠦᠯ ᠵᠦᠢᠯ ᠪᠣᠯᠣᠨ ᠲᠦᠪᠯᠡᠷᠡᠭᠰᠡᠨ ᠣᠷᠣᠨ ᠤ ᠪᠦᠳᠦᠬᠡᠨ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ᠰᠣᠶᠣᠯ ᠬᠢᠭᠡᠳ ᠵᠢᠭᠤᠯᠴᠢᠯᠠᠯ᠂ ᠰᠢᠨᠵᠢᠯᠡᠬᠦ ᠤᠬᠠᠭᠠᠨ ᠮᠡᠷᠭᠡᠵᠢᠯ᠂ ᠪᠦᠲᠦᠭᠡᠯᠴᠢ ᠲᠦᠰᠦᠪᠯᠡᠯ ᠯᠦᠭᠡ ᠶᠢᠨ ᠠᠭᠤᠰᠤᠯᠴᠠᠯ ᠢ ᠠᠬᠢᠭᠤᠯᠵᠤ᠂ ᠰᠢᠨ᠎ᠠ ᠬᠡᠯᠪᠡᠷᠢ ᠶᠢᠨ ᠰᠤᠶᠤᠯ ᠤᠨ ᠡᠵᠡᠩᠨᠡᠯᠳᠡ ᠪᠠᠶᠢᠳᠠᠯ ᠢ ᠪᠤᠶᠢᠵᠢᠭᠤᠯᠤᠨ᠂ ᠰᠤᠶᠤᠯ ᠤᠨ ᠬᠡᠷᠡᠭᠯᠡᠭᠡ ᠶᠢ ᠥᠷᠭᠡᠳᠭᠡᠬᠦ ᠪᠠ ᠬᠦᠲᠦᠯᠦᠨ ᠵᠢᠯᠤᠭᠤᠳᠴᠤ᠂ ᠠᠵᠤ ᠠᠬᠤᠢ ᠶᠢᠨ ᠬᠥᠭᠵᠢᠯᠲᠡ ᠳᠠᠬᠢ ᠰᠤᠶᠤᠯ ᠤᠨ ᠠᠵᠤ ᠦᠢᠯᠡᠰ ᠤᠨ ᠬᠤᠪᠢ ᠨᠡᠮᠡᠷᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃        ︵ᠳᠣᠯᠤᠭ᠎ᠠ︶ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠨ᠎ᠠ        ᠠᠵᠢᠯ ᠣᠯᠭᠤᠬᠤ ᠦᠢᠯᠡᠰ ᠪᠤᠰᠬᠠᠬᠤ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠡ᠃ ᠦᠯᠡᠭᠦᠳᠡᠵᠦ ᠪᠠᠶᠢᠭ᠎ᠠ ᠦᠢᠯᠡᠳᠪᠦᠷᠢᠯᠡᠬᠦ ᠴᠢᠳᠠᠪᠤᠷᠢ ᠶᠢ ᠨᠠᠮᠳᠠᠭᠠᠬᠤ ︽ᠦᠬᠦᠰᠢᠷᠡᠮᠡᠯ ᠠᠵᠤ ᠠᠬᠤᠶᠢᠯᠠᠯ︾᠎ ᠢ ᠰᠢᠢᠳᠪᠦᠷᠢᠯᠡᠬᠦ ᠠᠴᠠ ᠪᠣᠢ ᠪᠣᠯᠬᠤ ᠪᠣᠯᠣᠮᠵᠢ ᠲᠠᠢ ᠠᠵᠢᠯ ᠣᠯᠭᠤᠬᠤ ᠳᠠᠷᠤᠯᠲᠠ ᠶᠢ ᠢᠳᠡᠪᠬᠢᠲᠡᠢ ᠠᠷᠭᠠᠴᠠᠵᠤ᠂ ᠨᠡᠩ ᠢᠳᠡᠪᠬᠢᠲᠡᠢ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠂ ᠠᠵᠢᠯ ᠣᠯᠭᠤᠬᠤ ᠬᠠᠷᠠᠯᠲᠠ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠠᠵᠢᠯ ᠣᠯᠭᠤᠵᠣ ᠦᠢᠯᠡᠰ ᠪᠤᠰᠬᠠᠬᠤ ᠢᠨᠵᠧᠨᠧᠷᠢᠩ ᠢ ᠯᠠᠪᠳᠠᠭᠤᠨ ᠪᠠᠲᠤᠲᠠᠢ ᠠᠬᠢᠭᠤᠯᠵᠤ᠂ ᠦᠢᠯᠡᠰ ᠪᠤᠰᠬᠠᠬᠤ ᠶᠢ ᠲᠡᠳᠭᠦᠬᠦ ᠡᠷᠴᠢᠮ ᠢᠶᠠᠨ ᠴᠢᠩᠭᠠᠷᠠᠭᠤᠯᠤᠨ᠂ ᠣᠶᠣᠲᠠᠳ ᠤᠨ ᠠᠵᠢᠯ ᠣᠯᠬᠤ ᠶᠢ ᠠᠬᠢᠭᠤᠯᠬᠤ ᠪᠠ ᠦᠢᠯᠡᠰ ᠪᠤᠰᠬᠠᠬᠤ ᠶᠢ ᠬᠦᠲᠦᠯᠦᠨ ᠵᠢᠯᠤᠭᠤᠳᠬᠤ ᠲᠦᠯᠦᠪᠯᠡᠭᠡ ᠶᠢ ᠬᠡᠷᠡᠭᠵᠢᠭᠦᠯᠦᠨ᠎ᠡ᠃ ᠬᠦᠳᠡᠯᠮᠦᠷᠢ ᠦᠢᠯᠡᠴᠢᠯᠡᠭᠡᠨ ᠤ ᠭᠠᠷᠭᠠᠯᠭ᠎ᠠ ᠶᠢ ᠵᠣᠬᠢᠶᠠᠨ ᠪᠠᠶᠢᠭᠤᠯᠤᠨ ᠬᠦᠲᠦᠯᠦᠨ ᠵᠢᠯᠤᠭᠤᠳᠴᠤ᠂ ᠮᠠᠯᠵᠢᠬᠤ ᠲᠠᠷᠢᠶᠠᠯᠠᠬᠤ ᠣᠷᠣᠨ ᠤ ᠬᠦᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠬᠤ ᠶᠢ ᠠᠬᠢᠭᠤᠯᠤᠨ᠎ᠠ᠃ ᠬᠦᠴᠢᠷᠳᠡᠯᠲᠡᠢ ᠬᠦᠮᠦᠰ ᠲᠤ ᠠᠵᠢᠯ ᠣᠯᠭᠤᠬᠤ ᠠᠵᠢᠯ ᠢ ᠰᠠᠶᠢᠲᠤᠷ ᠬᠢᠨ᠎ᠡ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠤᠯᠴᠠᠬᠤ ᠲᠦᠯᠦᠪᠯᠡᠭᠡ ᠶᠢ ᠬᠡᠷᠡᠭᠵᠢᠭᠦᠯᠵᠦ᠂ ᠨᠡᠶᠢᠭᠡᠮ ᠤᠨ ᠳᠠᠭᠠᠳᠬᠠᠯ ᠤᠨ ᠪᠦᠷᠭᠦᠴᠠ ᠶᠢ ᠤᠯᠠᠮ ᠨᠢᠭᠡ ᠠᠯᠬᠤᠮ ᠥᠷᠭᠡᠳᠭᠡᠨ᠎ᠡ᠃ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠤᠨ ᠦᠭᠡᠷᠡᠴᠢᠯᠡᠯᠲᠡ ᠶᠢ ᠡᠮᠬᠢ ᠵᠢᠷᠤᠮ ᠲᠠᠢ ᠠᠬᠢᠭᠤᠯᠵᠤ᠂ ᠭᠤᠣᠯᠴᠢ ᠪᠦᠭᠡᠳ ᠦᠷᠭᠦᠯᠵᠢᠯᠡᠩᠭᠦᠢ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠢ ᠪᠠᠶᠢᠭᠤᠯᠤᠨ᠎ᠠ᠃ ᠬᠦᠨᠳᠦ ᠡᠪᠡᠳᠴᠢᠨ ᠤ ᠳᠠᠭᠠᠳᠬᠠᠯ ᠲᠠᠬᠢ ᠬᠦᠮᠦᠨ ᠪᠦᠷᠢ ᠶᠢᠨ ᠳᠤᠮᠳᠠᠴᠢ ᠪᠡᠯᠡ ᠴᠤᠭᠯᠠᠭᠤᠯᠬᠤ ᠬᠢᠷᠢ ᠬᠡᠮᠵᠢᠶ᠎ᠠ ᠪᠣᠯᠣᠨ ᠵᠠᠷᠤᠴᠠᠭᠤᠯᠬᠤ ᠬᠠᠷᠢᠴᠠᠯ ᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠦᠨ᠎ᠡ᠃ ᠤᠯᠤᠰ ᠤᠨ ︽ᠲᠠᠪᠤᠨ ᠳᠠᠭᠠᠳᠬᠠᠯ ᠨᠢᠭᠡ ᠮᠦᠩᠭᠦ︾᠎ ᠶᠢ ᠴᠤᠮᠬᠠᠳᠬᠠᠨ ᠨᠡᠶᠢᠯᠡᠭᠦᠯᠬᠦ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠳᠠᠷᠤᠭᠠᠰᠤ ᠶᠢ ᠭᠦᠩᠭᠡᠷᠡᠭᠦᠯᠦᠨ᠎ᠡ᠃ ᠨᠡᠶᠢᠭᠡᠮ ᠤᠨ ᠠᠪᠤᠷᠨᠨ ᠳᠠᠳᠭᠦᠭᠦ ᠰᠢᠰᠲ᠋ᠧᠮ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠨ᠎ᠠ᠃ ︽ᠭᠤᠷᠪᠠᠨ ᠨᠢᠭᠡ︾᠎ ᠶᠢᠨ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠢ ᠦᠷᠭᠦᠯᠵᠢᠯᠡᠨ ᠰᠠᠶᠢᠲᠤᠷ ᠭᠦᠢᠴᠡᠳᠭᠡᠨ᠎ᠡ᠃       ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠴᠢᠷᠮᠠᠶᠢᠨ ᠳᠡᠭᠡᠭᠰᠢᠯᠡᠭᠦᠯᠦᠨ᠎ᠡ᠃ ᠠᠵᠢᠯ ᠤᠨ ᠡᠷᠴᠢᠮ ᠢᠶᠠᠨ ᠤᠯᠠᠮ ᠴᠢᠩᠭᠠᠷᠠᠭᠤᠯᠵᠤ᠂ ᠬᠤᠳᠠ ᠭᠦᠳᠡᠭᠡ ᠭᠠᠵᠠᠷ ᠤᠷᠤᠨ ᠪᠠ ᠠᠵᠢᠯ ᠳᠦᠷᠦᠯ ᠤᠨ ᠬᠤᠭᠤᠷᠤᠨᠳᠡᠭᠢ ᠤᠷᠤᠯᠭ᠎ᠠ ᠶᠢᠨ ᠵᠦᠷᠢᠶ᠎ᠠ ᠶᠢ ᠠᠯᠬᠤᠮ ᠠᠯᠬᠤᠮ ᠢᠶᠠᠷ ᠪᠠᠭᠠᠰᠬᠠᠨ᠎ᠠ᠃ ᠮᠠᠯᠴᠢᠨ ᠲᠠᠷᠢᠶᠠᠴᠢᠠ ᠤ ᠣᠷᠣᠯᠭ᠎ᠠ ᠶᠢ ᠣᠯᠠᠨ ᠠᠷᠭ᠎ᠠ ᠵᠠᠮ ᠢᠶᠠᠷ ᠨᠡᠮᠡᠭᠳᠡᠭᠦᠯᠵᠦ᠂ ᠮᠠᠯᠴᠢᠨ ᠲᠠᠷᠢᠶᠠᠴᠢᠠ ᠤ ᠦᠮᠴᠢᠯᠡᠬᠦ ᠡᠷᠬᠡ ᠪᠠᠨ ᠰᠢᠯᠵᠢᠭᠦᠯᠬᠦ ᠵᠡᠷᠭᠡ ᠲᠠᠯ᠎ᠠ ᠪᠠᠷ ᠬᠢ ᠡᠳ᠋ ᠬᠦᠷᠦᠩᠭᠡ ᠶᠢᠨ ᠴᠢᠨᠠᠷᠲᠠᠢ ᠣᠷᠣᠯᠭ᠎ᠠ ᠶᠢ ᠳᠡᠭᠡᠭᠰᠢᠯᠡᠭᠦᠯᠦᠨ᠂ ︽ᠪᠦᠷᠢᠨ ᠴᠢᠳᠠᠮᠵᠢᠳᠤ ᠺᠠᠷᠲ︾᠎ ᠤᠨ ᠲᠠᠷᠬᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠮᠠᠯᠴᠢᠨ ᠲᠠᠷᠢᠶᠠᠴᠢᠠ ᠳᠤ ᠬᠠᠷᠠᠭᠠᠯᠵᠠᠯ ᠦᠵᠡᠭᠦᠯᠬᠦ ᠨᠦᠬᠦᠪᠦᠷᠢ ᠶᠢᠨ ᠲᠥᠷᠥ ᠶᠢᠨ ᠪᠣᠳᠣᠯᠭ᠎ᠠ ᠶᠢ ᠲᠡᠷᠡ ᠶᠣᠰᠤᠭᠠᠷ ᠨᠢ ᠨᠠᠶᠢᠳᠠᠪᠤᠷᠢᠵᠢᠭᠤᠯᠤᠨ ᠪᠣᠲᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ᠃ ᠠᠵᠤ ᠠᠬᠤᠶᠢᠯᠠᠯ ᠤᠨ ᠣᠷᠣᠯᠭ᠎ᠠ ᠶᠢᠨ ᠬᠤᠪᠢᠶᠠᠷᠢᠯᠠᠯᠲᠠ ᠶᠢ ᠲᠣᠬᠢᠷᠠᠭᠤᠯᠤᠨ ᠡᠵᠡᠮᠳᠡᠬᠦ ᠪᠠᠨ ᠴᠢᠩᠭᠠᠷᠠᠭᠤᠯᠵᠤ᠂ ᠴᠠᠯᠢᠩ ᠤᠨ ᠬᠠᠮᠲᠤ ᠪᠠᠷ ᠵᠦᠪᠳᠡᠯᠴᠡᠬᠦ ᠬᠡᠪᠴᠢᠶ᠎ᠡ ᠶᠢ ᠥᠷᠭᠡᠳᠭᠡᠵᠦ᠂ ᠠᠵᠢᠯᠲᠠᠨ ᠠᠵᠢᠯᠴᠢᠳ ᠤᠨ ᠴᠠᠯᠢᠩ ᠤᠨ ᠨᠡᠮᠡᠭᠳᠡᠯ ᠤᠨ ᠬᠡᠮᠵᠢᠶ᠎ᠡ ᠶᠢ ᠵᠣᠬᠢᠬᠤ ᠬᠡᠮᠵᠢᠶ᠎ᠡ ᠪᠠᠷ ᠲᠣᠬᠢᠷᠠᠭᠤᠯᠤᠨ᠎ᠠ᠃ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠴᠠᠯᠢᠩ ᠤᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠤᠰᠢᠭᠤ ᠰᠢᠶᠠᠨ ᠤ ᠱᠠᠲᠤᠨ ᠠᠴᠠ ᠳᠣᠷᠤᠭᠰᠢᠬᠢ ᠪᠠᠶᠢᠭᠤᠯᠭ᠎ᠠ ᠶᠢᠨ ᠠᠯᠪᠠᠲᠠᠨ ᠤ ᠲᠤᠰᠢᠶᠠᠯ ᠬᠢᠭᠡᠳ ᠲᠤᠰᠢᠶᠠᠯ ᠤᠨ ᠳᠡᠰ ᠢ ᠵᠡᠷᠭᠡᠪᠡᠷ ᠶᠠᠪᠤᠭᠳᠠᠭᠤᠯᠬᠤ ᠳᠦᠷᠢᠮ ᠪᠠ ᠰᠢᠶᠠᠩ ᠪᠠᠯᠭᠠᠰᠤ ᠶᠢᠨ ᠠᠵᠢᠯ ᠤᠨ ᠨᠦᠬᠦᠪᠦᠷᠢ ᠶᠢᠨ ᠳᠦᠷᠢᠮ ᠢ ᠨᠠᠶᠢᠳᠠᠪᠤᠷᠢᠵᠢᠭᠤᠯᠤᠨ᠎ᠠ᠃        ᠨᠡᠶᠢᠭᠡᠮ ᠤᠨ ᠠᠵᠢᠯ ᠦᠢᠯᠡᠰ ᠤᠨ ᠬᠥᠭᠵᠢᠯᠲᠡ ᠶᠢ ᠲᠦᠷᠭᠡᠳᠭᠡᠨ᠎ᠡ᠃ ᠬᠤᠶᠠᠳᠤᠭᠠᠷ ᠬᠤᠭᠤᠴᠠᠭᠠᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠶᠢ ᠬᠡᠷᠡᠭᠵᠢᠭᠦᠯᠵᠦ᠂ ᠠᠯᠪᠠᠨ ᠠᠴᠠ ᠡᠷᠬᠢᠯᠡᠭᠰᠡᠨ ᠪᠠ ᠨᠡᠶᠢᠳᠡᠮ ᠬᠠᠷᠠᠭᠠᠯᠵᠠᠯᠠᠯᠳᠦ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠪᠦᠷᠭᠦᠴᠠ ᠶᠢ ᠥᠷᠭᠡᠳᠭᠡᠨ᠎ᠡ᠃ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠰᠤᠷᠭᠠᠭᠤᠯᠢ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠲᠦᠷᠭᠡᠳᠭᠡᠵᠦ᠂ ᠬᠦᠳᠡᠭᠡ ᠲᠤᠰᠬᠤᠨ ᠤ ᠪᠠᠭᠰᠢ ᠶᠢ ᠳᠡᠮᠵᠢᠬᠦ ᠲᠦᠯᠦᠪᠯᠡᠭᠡ ᠶᠢ ᠬᠡᠷᠡᠭᠵᠢᠭᠦᠯᠦᠨ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠲᠡᠩᠴᠡᠭᠦᠷᠢᠲᠡᠢ ᠬᠥᠭᠵᠢᠬᠦ ᠶᠢ ᠠᠬᠢᠭᠤᠯᠤᠨ᠎ᠠ᠃ ᠰᠤᠷᠭᠠᠭᠤᠯᠢ ᠪᠠ ᠠᠵᠤ ᠠᠬᠤᠶᠢᠯᠠᠯ ᠶᠢᠨ ᠬᠠᠮᠲᠤᠷᠠᠯᠴᠠᠭᠰᠠᠨ᠂ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢ ᠠᠭᠤᠰᠤᠯᠴᠠᠭᠰᠠᠨ ᠣᠳᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠰᠢᠰᠲ᠋ᠧᠮ ᠢ ᠲᠦᠷᠭᠡᠳᠭᠡᠨ ᠪᠠᠶᠢᠭᠤᠯᠵᠤ᠂ ᠰᠤᠷᠤᠭᠴᠢᠳ ᠤᠨ ᠰᠢᠨ᠎ᠡ ᠶᠢ ᠡᠭᠦᠳᠦᠨ ᠦᠢᠯᠡᠰ ᠪᠤᠰᠬᠠᠬᠤ ᠵᠣᠷᠢᠭ ᠰᠠᠨᠠᠭ᠎ᠠ ᠪᠠ ᠦᠢᠯᠡᠳᠦᠯᠭᠡ ᠳᠤ ᠣᠷᠤᠯᠴᠠᠬᠤ ᠴᠢᠳᠠᠪᠤᠷᠢ ᠶᠢ ᠬᠦᠮᠦᠵᠢᠭᠦᠯᠬᠦ ᠶᠢ ᠨᠡᠩ ᠴᠢᠬᠤᠯᠠᠴᠢᠯᠠᠨ᠎ᠠ᠃ ᠤᠯᠤᠰ ᠤᠨ ᠳᠣᠲᠤᠭᠠᠲᠤ ᠶᠢᠨ ᠲᠡᠷᠢᠭᠦᠨ ᠳᠡᠰ ᠤᠨ ᠶᠡᠭᠡ ᠰᠤᠷᠭᠠᠭᠤᠯᠢ᠂ ᠲᠡᠷᠢᠭᠦᠨ ᠳᠡᠰ ᠤᠨ ᠰᠢᠨᠵᠢᠯᠡᠭᠡᠨ ᠤ ᠪᠠᠶᠢᠭᠤᠯᠤᠯᠲᠠ ᠶᠢ ᠨᠢᠭᠡᠲᠦᠯᠲᠡᠢ ᠲᠦᠯᠦᠪᠯᠡᠨ ᠠᠬᠢᠭᠤᠯᠵᠤ᠂ ᠬᠡᠰᠡᠭ ᠡᠩ ᠤᠨ ᠵᠢᠩᠬᠢᠨᠢ ᠠᠩᠭᠢ ᠲᠠᠢ ᠳᠡᠭᠡᠳᠦ ᠵᠡᠷᠭᠡ ᠶᠢᠨ ᠰᠤᠷᠭᠠᠭᠤᠯᠢ ᠶᠢ ᠬᠡᠷᠡᠭᠯᠡᠭᠡᠨ ᠤ ᠬᠡᠯᠪᠡᠷᠢ ᠲᠡᠰᠢ ᠬᠤᠪᠢᠷᠠᠭᠤᠯᠬᠤ ᠶᠢ ᠵᠣᠷᠢᠬᠵᠢᠭᠤᠯᠤᠨ᠎ᠠ᠃ ᠠᠯᠪᠠᠨ ᠵᠢᠷᠤᠮ ᠤᠨ ᠰᠤᠷᠭᠠᠨ ᠬᠦᠮᠦᠵᠢᠯ ᠪᠣᠯᠣᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠢᠶᠠᠷ ᠭᠤᠣᠯᠳᠠᠯᠭ᠎ᠠ ᠪᠣᠯᠭᠠᠵᠤ᠂ ᠦᠨᠳᠦᠰᠦᠲᠡᠨ ᠤ ᠰᠤᠷᠭᠠᠨ ᠬᠦᠮᠦᠵᠢᠯ ᠢ ᠲᠦᠷᠭᠡᠳᠭᠡᠨ ᠬᠥᠭᠵᠢᠭᠦᠯᠦᠨ᠎ᠡ᠃ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ᠂ ᠣᠨᠴᠠᠭᠠᠢ ᠰᠤᠷᠭᠠᠨ ᠬᠦᠮᠦᠵᠢᠯ ᠤᠨ ᠰᠤᠷᠭᠠᠭᠤᠯᠢ ᠡᠷᠬᠢᠯᠡᠬᠦ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠡᠷᠡᠭᠦᠯ ᠡᠩᠬᠡ ᠦᠪᠦᠷ ᠮᠣᠩᠭᠤᠯ ᠤᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠬᠤᠲᠠ ᠪᠠ ᠬᠤᠰᠢᠭᠤ ᠰᠢᠶᠠᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠦᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠳᠠᠰ ᠬᠤᠪᠢᠶᠠᠵᠤ ᠣᠨᠣᠰᠢᠯᠠᠨ ᠡᠮᠨᠡᠬᠦ ᠲᠣᠷᠰᠢᠯᠲᠠ ᠶᠢᠨ ᠴᠢᠬ᠂ ᠠᠬᠠᠯᠠᠭᠴᠢ ᠡᠮᠴᠢ ᠶᠢᠨ ᠣᠯᠠᠨ ᠭᠠᠵᠠᠷ ᠲᠤ ᠠᠵᠢᠯ ᠡᠷᠬᠢᠯᠡᠬᠦ ᠶᠢ ᠠᠬᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠤᠨ ᠬᠤᠪᠢᠶᠠᠷᠢᠯᠠᠯᠲᠠ ᠶᠢ ᠰᠢᠯᠢᠳᠡᠭᠵᠢᠭᠦᠯᠦᠨ᠎ᠡ᠃ ᠬᠦᠨᠳᠦ ᠡᠪᠡᠳᠴᠢᠨ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠠᠷᠭᠠᠴᠠᠬᠤ ᠲᠣᠭᠲᠠᠴᠠ ᠶᠢ ᠪᠦᠷᠢᠨᠰᠢᠭᠦᠯᠦᠨ᠂ ᠦᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠭᠤᠣᠯᠳᠠᠯᠭ᠎ᠠ ᠲᠠᠢ ᠡᠮ ᠡᠮᠨᠡᠯᠭᠡ ᠡᠷᠡᠭᠦᠯ ᠬᠠᠮᠠᠭᠠᠯᠠᠯ ᠤᠨ ᠲᠦᠷᠦᠯ ᠵᠦᠢᠯ ᠪᠣᠯᠣᠨ ᠭᠤᠷᠪᠠᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠲᠦᠷᠭᠡᠳᠭᠡᠨ ᠪᠠᠶᠢᠭᠤᠯᠤᠨ᠎ᠠ᠃ ᠮᠣᠩᠭᠤᠯ ᠬᠢᠲᠠᠳ ᠡᠮ ᠡᠮᠨᠡᠯᠭᠡ ᠶᠢᠨ ᠠᠵᠢᠯ ᠦᠢᠯᠡᠰ ᠢ ᠲᠦᠷᠭᠡᠳᠭᠡᠨ ᠬᠥᠭᠵᠢᠭᠦᠯᠬᠦ ᠶᠢ ᠠᠬᠢᠭᠤᠯᠤᠨ᠎ᠠ᠃ ᠨᠢᠭᠡ ᠬᠤᠣᠰ ᠡᠷ᠎ᠡ ᠡᠮ᠎ᠡ ᠬᠤᠶᠠᠷ ᠬᠡᠦᠬᠡᠳ ᠠᠪᠴᠤ ᠪᠣᠯᠬᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠪᠦᠬᠦ ᠠᠷᠠᠳ ᠶᠢᠨ ᠪᠡᠶ᠎ᠠ ᠴᠢᠬᠢᠷᠠᠭᠵᠢᠭᠤᠯᠬᠤ ᠬᠦᠳᠡᠯᠭᠡᠭᠡᠨ ᠢ ᠢᠳᠡᠪᠬᠢᠲᠡᠢ ᠦᠷᠨᠢᠭᠦᠯᠵᠦ᠂ ᠪᠡᠶ᠎ᠡ ᠶᠢᠨ ᠲᠠᠮᠢᠷ ᠤᠨ ᠪᠡᠶ᠎ᠡ ᠪᠠᠨ ᠪᠣᠯᠪᠠᠰᠤᠷᠠᠭᠤᠯᠬᠤ ᠲᠠᠯᠠᠪᠣᠷ ᠤᠨ ᠳᠦᠭᠦᠭᠡᠷᠦᠮᠵᠢ ᠶᠢᠨ ᠪᠠᠶᠢᠭᠤᠯᠤᠯᠲᠠ ᠶᠢ ᠲᠦᠷᠭᠡᠳᠭᠡᠨ᠂ ᠬᠥᠯ ᠪᠦᠮᠪᠦᠭᠡ ᠶᠢᠨ ᠦᠭᠡᠷᠡᠴᠢᠯᠡᠯᠲᠡ ᠬᠥᠭᠵᠢᠯᠲᠡ ᠶᠢᠨ ᠲᠣᠷᠰᠢᠯᠲᠠ ᠶᠢᠨ ᠴᠢᠬ ᠤᠨ ᠠᠵᠢᠯ ᠢ ᠭᠦᠨᠵᠡᠭᠡᠢ ᠠᠬᠢᠭᠤᠯᠤᠨ᠎ᠠ᠃ ᠬᠦᠮᠦᠨ ᠠᠮᠠ ᠶᠢᠨ ᠨᠠᠰᠤᠵᠢᠯ ᠢ ᠠᠷᠭᠠᠴᠠᠬᠤ ᠠᠵᠢᠯᠯᠠᠭ᠎ᠠ ᠶᠢ ᠦᠷᠨᠢᠭᠦᠯᠵᠦ᠂ ᠡᠮᠡᠭᠲᠡᠶᠢᠴᠦᠳ ᠪᠠ ᠨᠠᠰᠤᠨ ᠳᠤ ᠦᠯᠦ ᠬᠦᠷᠦᠭᠰᠡᠳ ᠤᠨ ᠡᠷᠬᠡ ᠠᠰᠢᠭ ᠢ ᠪᠠᠲᠤᠯᠠᠨ᠂ ᠵᠡᠮᠳᠡᠭᠴᠦᠳ ᠢ ᠲᠡᠳᠭᠦᠬᠦ ᠵᠡᠮᠳᠡᠭᠴᠦᠳ ᠢ ᠲᠤᠰᠠᠯᠠᠬᠤ ᠦᠢᠯᠡᠴᠢᠯᠡᠭᠡᠨ ᠤ ᠰᠢᠰᠲ᠋ᠧᠮ ᠢ ᠳᠡᠭᠦᠯᠳᠡᠷᠵᠢᠭᠦᠯᠦᠨ᠎ᠡ᠃      ᠨᠡᠶᠢᠭᠡᠮ ᠤᠨ ᠡᠶ᠎ᠡ ᠵᠣᠬᠢᠴᠠᠩᠭᠤᠢ ᠪᠠ ᠲᠣᠭᠲᠠᠭᠤᠨ ᠢ ᠬᠠᠮᠠᠭᠠᠯᠠᠨ᠎ᠠ᠃ ᠠᠮᠤᠭᠤᠯᠠᠩ ᠦᠪᠦᠷ ᠮᠣᠩᠭᠤᠯ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠵᠦᠷᠢᠴᠡᠯ ᠢ ᠪᠠᠶᠢᠴᠠᠭᠠᠬᠤ ᠡᠶᠡᠲᠡᠭᠦᠯᠭᠦ ᠰᠢᠢᠳᠪᠦᠷᠢᠯᠡᠬᠦ ᠪᠠᠨ ᠴᠢᠩᠭᠠᠳᠬᠠᠨ᠂ ᠠᠮᠤᠷ ᠢ ᠬᠠᠮᠠᠭᠠᠯᠠᠵᠤ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢᠨ ᠰᠢᠨ᠎ᠡ ᠶᠢ ᠡᠭᠦᠳᠴᠦ᠂ ᠡᠯ᠎ᠡ ᠲᠦᠷᠦᠯ ᠤᠨ ᠠᠶᠤᠯ ᠲᠥᠭᠰᠢᠭᠦᠷᠢ ᠶᠢ ᠪᠦᠲᠦᠮᠵᠢᠲᠡᠢ ᠰᠡᠷᠭᠡᠶᠢᠯᠠᠨ ᠨᠠᠮᠳᠠᠭᠤᠯᠬᠤ ᠪᠠ ᠬᠠᠮᠢᠶᠠᠷᠤᠨ ᠡᠵᠡᠮᠳᠡᠨ᠎ᠡ᠃ ᠤᠯᠤᠰ ᠤᠨ ᠶᠡᠷᠦᠩᠬᠡᠢ ᠴᠤᠬᠴᠠ ᠶᠢᠨ ᠠᠮᠦᠷ ᠲᠥᠪᠰᠢᠨ ᠤ ᠦᠵᠡᠯᠲᠡ ᠶᠢᠨ ᠱᠠᠭᠠᠷᠳᠠᠯᠭ᠎ᠠ ᠶᠤᠰᠤᠭᠠᠷ᠂ ᠤᠯᠤᠰ ᠤᠨ ᠠᠮᠦᠷ ᠲᠥᠪᠰᠢᠨ ᠢ ᠬᠤᠬᠢᠷᠠᠭᠤᠯᠤᠭᠰᠠᠨ ᠦᠢᠯᠡ ᠠᠵᠢᠯᠯᠠᠭ᠎ᠠ ᠪᠣᠯᠣᠨ ᠬᠠᠤᠯᠢ ᠠᠴᠠ ᠵᠦᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠠᠶᠢᠭᠤᠯᠤᠯᠲᠠ ᠶᠢ ᠳᠡᠮᠵᠢᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠭᠡᠯ ᠬᠦᠴᠦᠨ ᠤ ᠪᠠᠶᠢᠭᠤᠯᠤᠯᠲᠠ ᠶᠢ ᠴᠢᠩᠭᠠᠳᠬᠠᠨ᠂ ᠠᠷᠠᠳ ᠤᠨ ᠠᠭᠠᠷ ᠤᠨ ᠰᠡᠷᠭᠡᠶᠢᠯᠡᠯᠲᠡ ᠪᠣᠯᠣᠨ ᠬᠢᠯᠢ ᠶᠢᠨ ᠬᠠᠮᠠᠭᠠᠯᠠᠯᠲᠠ ᠶᠢᠨ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠴᠡᠷᠢᠭ ᠠᠷᠠᠳ ᠤᠨ ᠠᠭᠤᠰᠤᠯᠴᠠᠨ ᠬᠥᠭᠵᠢᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠡᠯ᠎ᠠ ᠳᠦᠷᠦᠯ ᠤᠨ ᠠᠶᠤᠯᠭᠦᠢ ᠦᠢᠯᠡᠳᠪᠦᠷᠢᠯᠡᠯ ᠤᠨ ᠭᠡᠷᠡᠭ ᠪᠠ ᠢᠳᠡᠭᠡᠨ ᠤ ᠵᠦᠢᠯᠡᠰ ᠡᠮ ᠤᠨ ᠵᠦᠢᠯᠡᠰ ᠤᠨ ᠠᠮᠤᠷ ᠳᠦᠪᠰᠢᠨ ᠤ ᠭᠡᠷᠡᠭ ᠢ ᠪᠠᠶᠢᠴᠠᠭᠠᠨ ᠰᠢᠢᠳᠪᠤᠷᠢᠯᠡᠭᠦ ᠪᠠ ᠬᠠᠷᠢᠭᠤᠴᠠᠯᠭ᠎ᠠ ᠨᠡᠭᠡᠮᠵᠢᠯᠡᠭᠦ ᠡᠷᠴᠢᠮ ᠢᠶᠠᠨ ᠴᠢᠩᠭᠠᠷᠠᠭᠤᠯᠤᠨ᠎ᠠ᠃ ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠭᠤᠣᠯᠳᠠᠯᠭ᠎ᠠ ᠲᠠᠢ ᠬᠦᠷᠢᠶ᠎ᠡ ᠶᠢᠨ ᠳᠠᠯᠳᠠ ᠭᠡᠮ ᠢ ᠪᠠᠶᠢᠴᠠᠭᠠᠬᠤ ᠪᠠ ᠲᠤᠰᠬᠠᠢ ᠲᠦᠷᠦᠯ ᠢᠶᠠᠷ ᠴᠡᠭᠴᠡᠯᠡᠨ ᠵᠠᠰᠠᠬᠤ ᠶᠢ ᠰᠠᠶᠢᠲᠤᠷ ᠠᠳᠬᠤᠵᠤ᠂ ᠬᠦᠨᠳᠦ ᠠᠳᠡᠯ ᠣᠨᠴᠠ ᠶᠡᠭᠡ ᠠᠳᠡᠯ ᠡᠭᠦᠰᠭᠦ ᠶᠢ ᠡᠷᠡᠰ ᠰᠡᠷᠭᠡᠶᠢᠯᠡᠨ᠎ᠡ᠃ ᠢᠳᠡᠭᠡᠨ ᠪᠠ ᠡᠮ ᠤᠨ ᠵᠦᠢᠯᠠᠰ ᠤᠨ ᠠᠮᠤᠷ ᠳᠦᠪᠰᠢᠨ ᠦᠪᠦᠷ ᠮᠣᠩᠭᠤᠯ ᠤᠨ ᠪᠠᠶᠢᠭᠤᠯᠤᠯᠲᠠ ᠶᠢ ᠴᠢᠩᠭᠠᠳᠬᠠᠵᠦ᠂ ᠬᠠᠮᠤᠭ ᠤᠨ ᠴᠢᠩᠭ᠎ᠠ᠂ ᠪᠦᠭᠦ ᠶᠠᠪᠤᠴᠠ ᠶᠢ ᠬᠠᠮᠤᠷᠤᠭᠰᠠᠨ ᠢᠳᠡᠭᠡᠠ ᠪᠠ ᠡᠮ ᠤᠨ ᠵᠦᠢᠯᠡᠰ ᠤᠨ ᠠᠮᠦᠷ ᠲᠥᠪᠰᠢᠨ ᠤ ᠳᠦᠷᠢᠮ ᠢ ᠨᠠᠶᠢᠳᠠᠪᠤᠷᠢᠵᠢᠭᠤᠯᠤᠨ᠂ ᠠᠷᠠᠳ ᠲᠦᠮᠡᠨ ᠤ ᠠᠮᠢ ᠨᠠᠰᠤᠨ ᠤ ᠡᠷᠡᠭᠦᠯ ᠡᠩᠭᠡ ᠠᠮᠦᠷ ᠲᠥᠪᠰᠢᠨ ᠢ ᠪᠠᠲᠤᠯᠠᠨ᠎ᠠ᠃      ︵ᠨᠠᠶᠢᠮᠠ︶ ᠠᠷᠠᠳᠴᠢᠯᠠᠯ ᠬᠠᠤᠯᠢᠵᠢᠯ ᠪᠠ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢᠵᠢᠯ᠂ ᠰᠢᠨ᠎ᠡ ᠶᠢ ᠡᠭᠦᠳᠬᠦ᠂ ᠠᠷᠢᠭᠤᠨ ᠴᠢᠭᠡᠴᠢ ᠪᠠ ᠦᠢᠯᠡᠴᠢᠯᠡᠭᠡᠨ ᠤ ᠬᠡᠯᠪᠡᠷᠢᠪᠦᠬᠦᠢ ᠵᠠᠰᠠᠭ ᠤᠨ ᠣᠷᠳᠣᠨ ᠢ ᠲᠦᠷᠭᠡᠳᠭᠡᠨ ᠪᠠᠶᠢᠭᠤᠯᠤᠨ᠎ᠠ ᠨᠠᠮ ᠤᠨ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠤᠰᠤ ᠳᠦᠷᠢᠮ ᠢ ᠴᠢᠩᠭ᠎ᠠ ᠵᠢᠷᠤᠮᠯᠡᠵᠦ᠂ ᠦᠵᠡᠯᠳᠡ ᠲᠠᠨᠢᠯᠳᠠ ᠪᠠᠨ ᠨᠢᠬᠡᠳᠬᠡᠬᠦ ᠦᠵᠡᠯ ᠤᠬᠠᠮᠰᠠᠷ ᠢ ᠴᠢᠩᠭᠠᠳᠬᠠᠨ᠂ ᠦᠷᠬᠦᠯᠵᠢ ᠪᠦᠬᠡᠳ ᠤᠬᠠᠮᠰᠠᠷ ᠠᠴᠠ ᠪᠠᠨ ᠨᠠᠮ ᠤᠨ ᠲᠦᠪ ᠬᠤᠷᠢᠶ᠎ᠠ ᠯᠤᠭ᠎ᠠ ᠦᠵᠡᠯᠳᠡ ᠲᠠᠨᠢᠯᠳᠠ ᠪᠠᠨ ᠨᠢᠬᠡᠳᠬᠡᠨ᠂ ᠨᠠᠮ ᠤᠨ ᠤᠨᠤᠯ ᠪᠤᠯᠤᠨ ᠱᠤᠭᠤᠮ ᠴᠢᠭᠯᠡᠯᠳᠡ ᠲᠦᠷᠦ ᠶᠢᠨ ᠪᠤᠳᠤᠯᠭ᠎ᠠ ᠳᠤ ᠦᠵᠡᠯᠳᠡ ᠲᠠᠨᠢᠯᠳᠠ ᠪᠠᠨ ᠨᠢᠬᠡᠳᠬᠡᠵᠦ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠦᠬᠦᠷ ᠢᠶᠠᠷ ᠶᠡᠷᠦᠩᠬᠡᠢ ᠱᠦᠵᠢ ᠪᠤᠯᠭᠠᠭᠰᠠᠨ ᠨᠠᠮ ᠤᠨ ᠲᠥᠪ ᠬᠤᠷᠢᠶ᠎ᠠ ᠯᠤᠭ᠎ᠠ ᠳᠡᠭᠡᠳᠦ ᠬᠡᠮᠵᠢᠶ᠎ᠡ ᠪᠠᠷ ᠨᠢᠭᠡᠲᠦᠯᠲᠡᠢ ᠪᠠᠶᠢᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠠ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ ᠡᠵᠡᠨ ᠪᠣᠯᠬᠤ᠂ ᠬᠠᠤᠯᠢ ᠶᠤᠰᠤᠭᠠᠷ ᠣᠷᠣᠨ ᠢᠶᠠᠨ ᠵᠠᠰᠠᠬᠤ ᠶᠢ ᠤᠷᠭᠠᠨᠢᠭ ᠢᠶᠠᠷ ᠨᠢᠭᠡᠳᠭᠡᠬᠦ ᠶᠢ ᠪᠠᠷᠢᠮᠲᠠᠯᠠᠵᠤ᠂ ᠦᠨᠳᠦᠰᠦᠨ ᠬᠠᠤᠯᠢ ᠶᠢᠨ ᠬᠠᠤᠯᠢ ᠴᠠᠭᠠᠵᠠ ᠶᠢᠨ ᠡᠷᠬᠡ ᠰᠦᠷ ᠢ ᠡᠷᠡᠰ ᠬᠠᠮᠠᠭᠠᠯᠠᠨ᠂ ᠠᠷᠠᠳ ᠲᠦᠮᠡᠨ ᠤ ᠡᠷᠬᠡ ᠠᠰᠢᠭ ᠢ ᠬᠠᠤᠯᠢ ᠶᠤᠰᠤᠭᠠᠷ ᠬᠠᠮᠠᠭᠠᠯᠠᠵᠤ᠂ ᠨᠡᠶᠢᠭᠡᠮ ᠤᠨ ᠡᠷᠭᠡ ᠳᠡᠭᠰᠢ ᠳᠦᠪ ᠭᠤᠣᠯᠴᠢ ᠪᠠᠶᠢᠬᠤ ᠶᠢ ᠬᠠᠮᠠᠭᠠᠯᠠᠨ᠎ᠠ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠠᠤᠯᠢ ᠴᠠᠭᠠᠵᠠ ᠶᠢᠨ ᠬᠢᠨᠠᠯᠲᠠ ᠂ ᠠᠵᠢᠯ ᠤᠨ ᠬᠢᠨᠠᠯᠲᠠ ᠪᠣᠯᠣᠨ ᠤᠯᠤᠰ ᠲᠥᠷᠥ ᠶᠢᠨ ᠵᠦᠪᠯᠡᠯᠭᠡᠨ ᠤ ᠠᠷᠠᠳᠴᠢᠯᠠᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ ᠠᠪᠴᠤ᠂ ᠵᠠᠰᠠᠭ ᠤᠨ ᠣᠷᠳᠣᠨ ᠤ ᠵᠦᠪᠳᠡᠯᠴᠡᠬᠦ ᠲᠦᠯᠦᠪᠯᠡᠭᠡ ᠶᠢ ᠢᠳᠡᠪᠬᠢᠲᠡᠢ ᠪᠠᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯ᠎ᠡ ᠠᠷᠠᠳᠴᠢᠯᠠᠭᠰᠠᠨ ᠨᠠᠮ ᠪᠦᠯᠦᠭ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠦᠮᠦᠰ ᠪᠣᠯᠣᠨ ᠠᠷᠠᠳ ᠤᠨ ᠪᠦᠯᠬᠦᠮ ᠤᠨ ᠰᠠᠨᠠᠯ ᠰᠠᠨᠠᠭᠤᠯᠭ᠎ᠠ ᠶᠢ ᠭᠦᠢᠴᠡᠳ ᠰᠤᠨᠤᠰᠤᠨ᠎ᠠ᠃       ᠦᠨᠳᠦᠰᠦᠲᠡᠨ ᠤ ᠠᠰᠠᠭᠤᠳᠠᠯ ᠢ ᠳᠤᠮᠳᠠᠳᠤ ᠤᠯᠤᠰ ᠤᠨ ᠣᠨᠴᠠᠯᠢᠭ ᠢᠶᠠᠷ ᠰᠢᠢᠳᠪᠦᠷᠢᠯᠡᠬᠦ ᠵᠥᠪ ᠵᠠᠮ ᠢᠶᠠᠷ ᠭᠤᠶᠢᠪᠢᠰᠢ ᠦᠭᠡᠢ ᠵᠠᠮᠨᠠᠨ᠂ ᠦᠨᠳᠦᠰᠦᠲᠡᠨ ᠤ ᠠᠵᠢᠯ ᠤᠨ ᠲᠣᠬᠠᠢ ᠨᠠᠮ ᠤᠨ ᠲᠥᠷᠥ ᠶᠢᠨ ᠪᠣᠳᠣᠯᠭ᠎ᠠ ᠪᠤᠯᠤᠨ ᠦᠨᠳᠦᠰᠦᠳᠡᠨ ᠤ ᠤᠷᠤᠨ ᠤ ᠦᠪᠡᠷᠳᠡᠬᠡᠨ ᠵᠠᠰᠠᠬᠤ ᠲᠦᠷᠢᠮ ᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠬᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠢ ᠦᠷᠨᠢᠭᠦᠯᠦᠨ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠤᠯᠠᠮ ᠨᠢᠭᠡ ᠠᠯᠬᠤᠮ ᠬᠦᠨᠵᠡᠬᠡᠶᠢᠷᠡᠬᠦᠯᠵᠦ᠂ ︽ᠳᠥᠷᠪᠡᠨ ᠬᠠᠮᠲᠤ ᠶᠢᠨ ᠲᠠᠨᠢᠯᠲᠠ︾᠎ ᠶᠢ ᠦᠨᠡᠨᠬᠦ ᠲᠡᠬᠡᠭᠰᠢᠯᠡᠬᠦᠯᠦᠨ᠂ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠬᠰᠠᠨ ᠡᠶ᠎ᠡ ᠵᠤᠬᠢᠴᠠᠩᠭᠤᠢ ᠨᠡᠶᠢᠬᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠢ ᠪᠠᠬᠢᠵᠢᠬᠦᠯᠦᠨ ᠬᠦᠭᠵᠢᠬᠦᠯᠦᠨ᠎ᠠ᠃ ᠵᠥᠷᠢᠶᠡᠵᠢᠯ ᠲᠠᠢ ᠳᠡᠮᠵᠢᠭᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠰᠠᠭᠤᠷᠢ ᠳᠦᠭᠦᠭᠡᠷᠦᠮᠵᠢ᠂ ᠶᠠᠳᠠᠭᠤ ᠶᠢ ᠲᠡᠳᠭᠦᠭᠦ ᠨᠡᠭᠡᠭᠡᠨ ᠬᠥᠭᠵᠢᠭᠦᠯᠦᠯᠳᠠ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠵᠡᠷᠭᠡ ᠲᠠᠯ᠎ᠠ ᠪᠠᠷ ᠴᠦᠬᠡᠨ ᠲᠣᠭᠠᠲᠤ ᠦᠨᠳᠦᠰᠦᠲᠡᠨ ᠴᠤᠭᠯᠠᠷᠠᠨ ᠰᠠᠭᠤᠭᠰᠠᠨ ᠭᠠᠵᠠᠷ ᠣᠷᠣᠨ ᠲᠡᠰᠢ ᠬᠡᠯᠪᠠᠶᠢᠯᠭᠡᠨ᠎ᠡ᠃ ᠬᠢᠯᠢ ᠬᠢᠵᠠᠭᠠᠷ ᠣᠷᠣᠨ ᠢᠶᠠᠨ ᠬᠥᠭᠵᠢᠭᠦᠯᠦᠨ ᠠᠷᠠᠳ ᠢᠶᠠᠨ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠬᠢᠯᠢ ᠬᠢᠵᠠᠭᠠᠷ ᠤᠨ ᠭᠠᠵᠠᠷ ᠣᠷᠣᠨ ᠤ ᠮᠠᠯᠴᠢᠨ ᠲᠠᠷᠢᠶᠠᠴᠢᠠ ᠤ ᠦᠢᠯᠡᠳᠪᠦᠷᠢᠯᠡᠯ ᠠᠮᠢᠳᠤᠷᠠᠯ ᠤᠨ ᠨᠦᠬᠦᠴᠡᠯ ᠢ ᠬᠦᠴᠦᠯᠡᠨ ᠰᠠᠶᠢᠵᠢᠷᠠᠭᠤᠯᠤᠨ᠎ᠠ᠃ ᠬᠤᠲᠠ ᠶᠢᠨ ᠦᠨᠳᠦᠰᠦᠲᠡᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃ ᠱᠠᠰᠢᠨ ᠰᠤᠷᠲᠠᠬᠤᠨ ᠤ ᠠᠵᠢᠯ ᠤᠨ ᠲᠣᠬᠠᠢ ᠨᠠᠮ ᠤᠨ ᠦᠨᠳᠦᠰᠦᠨ ᠴᠢᠭᠯᠡᠯᠲᠡ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤᠮᠳᠠᠬᠢ ᠱᠠᠰᠢᠨ ᠰᠤᠷᠲᠠᠬᠤᠨ ᠤ ᠪᠦᠯᠬᠦᠮ᠂ ᠱᠠᠰᠢᠨ ᠰᠤᠷᠲᠠᠬᠤᠨ ᠤ ᠡᠲᠡᠭᠡᠳ ᠤᠨ ᠬᠢᠨ ᠪᠠ ᠱᠠᠰᠢᠨ ᠰᠢᠲᠦᠭᠴᠢ ᠣᠯᠠᠨ ᠲᠦᠮᠡᠨ ᠤ ᠢᠳᠡᠪᠬᠢᠦ᠋ᠯᠡᠳᠦᠯ ᠢ ᠰᠠᠶᠢᠲᠤᠷ ᠪᠠᠳᠠᠷᠠᠭᠤᠯᠤᠨ᠎ᠠ᠃ ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠂ ᠬᠠᠤᠯᠢ ᠪᠠᠷ ᠲᠣᠭᠲᠠᠭᠠᠭᠰᠠᠨ ᠡᠷᠬᠡ ᠮᠡᠳᠡᠯ᠂ ᠬᠠᠤᠯᠢ ᠪᠠᠷ ᠲᠣᠭᠲᠠᠭᠠᠭᠰᠠᠨ ᠡᠮᠭᠢ ᠵᠢᠷᠤᠮ ᠪᠣᠯᠣᠨ ᠡᠷᠬᠡ ᠶᠢᠨ ᠨᠠᠷᠢᠨ ᠬᠠᠭᠤᠳᠠᠰᠤ᠂ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠤᠰᠤᠭᠠᠷ ᠡᠭᠦᠷᠭᠡ ᠲᠤᠰᠢᠶᠠᠯ ᠪᠠ ᠬᠠᠷᠢᠭᠤᠴᠠᠯᠭ᠎ᠠ ᠪᠠᠨ ᠭᠦᠢᠴᠡᠳᠭᠡᠵᠦ᠂ ᠵᠠᠰᠠᠭ ᠤᠨ ᠣᠷᠳᠣᠨ ᠤ ᠠᠵᠢᠯ ᠢᠶᠠᠨ ᠪᠦᠬᠦᠨ ᠢ ᠬᠠᠤᠯᠢᠵᠢᠯ ᠤᠨ ᠵᠠᠮ ᠳᠤ ᠣᠷᠤᠭᠤᠯᠤᠨ᠎ᠠ᠃ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠲᠦᠷᠭᠡᠳᠭᠡᠨ ᠰᠠᠶᠢᠵᠢᠷᠠᠭᠤᠯᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠠᠷᠭ᠎ᠠ ᠵᠠᠮ ᠢ ᠦᠷᠭᠡᠳᠭᠡᠨ᠎ᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠡᠷᠴᠢᠮ ᠢᠶᠠᠨ ᠴᠢᠩᠭᠠᠷᠠᠭᠤᠯᠵᠤ᠂ ᠡᠯᠧᠺᠳ᠋ᠷᠣᠨ ᠵᠠᠰᠠᠭ ᠤᠨ ᠶᠠᠪᠤᠳᠠᠯ ᠪᠣᠯᠣᠨ ᠰᠦᠯᠵᠢᠶ᠎ᠡ ᠪᠠᠷ ᠠᠵᠢᠯ ᠢᠶᠠᠨ ᠭᠦᠢᠴᠡᠳᠭᠡᠬᠦ ᠶᠢ ᠳᠡᠯᠭᠡᠷᠡᠭᠦᠯᠦᠨ᠎ᠡ᠃ ᠰᠢᠨ᠎ᠡ ᠬᠡᠯᠪᠡᠷᠢ ᠶᠢᠨ ᠤᠶᠤᠨ ᠤ ᠬᠦᠮᠦᠷᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠯᠠᠪᠯᠠᠯᠭ᠎ᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠲᠣᠮᠣ ᠳ᠋ᠠᠶᠢᠲ᠋ᠠ ᠵᠡᠷᠭᠡ ᠠᠷᠭ᠎ᠠ ᠪᠠᠷᠢᠯ ᠢ ᠬᠡᠷᠡᠭᠯᠡᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠎ᠡ᠃ ᠠᠷᠢᠭᠤᠨ ᠴᠢᠭᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠢᠭᠤᠨ ᠴᠢᠭᠡᠴᠢ ᠪᠠᠷ ᠪᠡᠶ᠎ᠡ ᠪᠠᠨ ᠱᠠᠭᠠᠷᠳᠠᠬᠤ ᠪᠠᠷᠢᠮᠵᠢᠶ᠎ᠠ︾ ᠪᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾᠎ ᠢ ᠴᠢᠩᠭ᠎ᠠ ᠵᠢᠷᠤᠮᠯᠠᠵᠤ᠂ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠡᠯ᠎ᠡ ᠲᠦᠷᠦᠯ ᠤᠨ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠦᠷᠢᠴᠡᠭᠰᠡᠨ ᠬᠡᠷᠡᠭ ᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠬᠢᠨᠠᠨ ᠪᠤᠳᠤᠬᠤ ᠪᠠᠷ ᠬᠢᠨᠠᠯᠲᠠ ᠲᠠᠯᠪᠢᠬᠤ ᠶᠢ ᠴᠢᠩᠭᠠᠳᠬᠠᠵᠤ᠂ ᠬᠢᠨᠠᠨ ᠪᠤᠳᠤᠬᠤ ᠳᠦᠷᠢᠮ ᠤᠨ ᠦᠭᠡᠷᠡᠴᠢᠯᠡᠯᠲᠡ ᠶᠢ ᠠᠬᠢᠭᠤᠯᠤᠨ᠎ᠠ᠃ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠲᠠ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠴᠢᠳᠠᠮᠵᠢ ᠶᠢ ᠳᠡᠭᠡᠭᠰᠢᠯᠡᠭᠦᠯᠦᠨ᠎ᠡ᠃ ᠰᠤᠷᠲᠠᠯ ᠤᠨ ᠪᠠᠶᠢᠭᠤᠯᠤᠯᠲᠠ ᠶᠢ ᠤᠳᠠᠭᠠᠨ ᠳᠠᠭᠠᠭᠠᠮᠠᠭᠠᠢ ᠴᠢᠩᠭᠠᠳᠬᠠᠨ᠂ ︽ᠭᠤᠷᠪᠠᠨ ᠴᠢᠩᠭ᠎ᠠ ᠭᠤᠷᠪᠠᠨ ᠪᠣᠲᠠᠲᠠᠢ ᠪᠠᠶᠢᠬᠤ︾᠎ ᠶᠢᠨ ᠱᠠᠭᠠᠷᠳᠠᠯᠭ᠎ᠠ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠵᠠᠰᠠᠭ ᠵᠠᠬᠢᠷᠭᠠᠨ ᠤ ᠦᠯᠦ ᠭᠢᠬᠦ᠂ ᠳᠤᠷ᠎ᠠ ᠪᠠᠷ ᠭᠢᠬᠦ ᠪᠠ ᠣᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠬᠤ ᠦᠢᠯᠡ ᠠᠵᠢᠯᠯᠠᠭ᠎ᠠ ᠶᠢ ᠡᠷᠡᠰ ᠴᠡᠭᠴᠡᠯᠡᠨ ᠵᠠᠰᠠᠨ᠎ᠠ᠃      ᠲᠦᠯᠦᠭᠡᠯᠡᠭᠴᠢᠳ ᠡ᠂ ᠳᠠᠷᠠᠭ᠎ᠠ ᠵᠢᠯ ᠪᠢᠳᠡ ᠦᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠦᠪᠡᠳᠡᠭᠰᠢ ᠪᠠᠶᠠᠷ ᠢᠶᠠᠨ ᠣᠭᠲᠤᠬᠤ ᠪᠣᠯᠣᠨ᠎ᠠ᠂ ᠡᠨᠡ ᠪᠣᠯ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠤᠯᠤᠰ ᠲᠥᠷᠥ ᠶᠢᠨ ᠠᠮᠢᠳᠤᠷᠠᠯ ᠲᠠᠬᠢ ᠨᠢᠭᠡᠨ ᠲᠣᠮᠤ ᠶᠠᠪᠤᠳᠠᠯ ᠪᠣᠯᠣᠨ᠎ᠠ᠃ ᠪᠢᠳᠡ ᠠᠷᠠᠳ ᠤᠨ ᠲᠥᠯᠦᠭᠡ ᠪᠣᠲᠠᠲᠠᠢ ᠶᠢ ᠡᠷᠬᠢᠮᠯᠡᠨ ᠠᠵᠢᠯᠯᠠᠵᠤ ᠠᠷᠪᠢᠯᠠᠨ ᠭᠠᠮᠨᠠᠬᠤ ᠵᠠᠷᠴᠢᠮ ᠢ ᠪᠠᠷᠢᠮᠲᠠᠯᠠᠨ᠂ ᠦᠪᠡᠳᠡᠭᠰᠢ ᠪᠠᠶᠠᠷ ᠢᠶᠠᠨ ᠤᠭᠲᠤᠬᠤ ᠠᠵᠢᠯ ᠢ ᠦᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠯᠤᠭ᠎ᠠ ᠨᠢᠭᠲᠠ ᠤᠶᠠᠯᠳᠤᠭᠤᠯᠵᠤ᠂ ᠲᠦᠷᠦᠯ ᠵᠦᠢᠯ ᠶᠢᠨ ᠪᠦᠳᠦᠭᠡᠨ ᠪᠠᠶᠢᠭᠤᠯᠤᠯᠳᠠ᠂ ᠣᠷᠴᠢᠨ ᠲᠣᠭᠤᠷᠢᠨ ᠤ ᠴᠡᠭᠴᠡᠯᠡᠨ ᠵᠠᠰᠠᠬᠤ᠂ ᠶᠠᠷᠢᠶ᠎ᠠ ᠬᠡᠯᠡᠯᠴᠡᠭᠡᠨ ᠤ ᠤᠬᠠᠭᠤᠯᠭ᠎ᠠ᠂ ᠵᠣᠬᠢᠶᠠᠨ ᠪᠠᠶᠢᠭᠤᠯᠤᠨ ᠳᠠᠶᠢᠴᠢᠯᠠᠬᠤ ᠵᠡᠷᠭᠡ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠨ᠂ ᠠᠷᠠᠳ ᠤᠨ ᠠᠮᠢᠳᠤᠷᠠᠯ ᠳᠤ ᠬᠤᠯᠪᠣᠭᠳᠠᠭᠰᠠᠨ ᠨᠢᠭᠡ ᠪᠦᠯᠦᠭ ᠴᠢᠬᠤᠯᠡ ᠶᠡᠭᠡ ᠠᠰᠠᠭᠤᠳᠠᠯ ᠪᠣᠯᠣᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠦᠯᠢᠶᠡᠰᠦᠯᠡᠭᠰᠡᠨ ᠬᠦᠴᠢᠷ ᠠᠰᠠᠭᠤᠳᠠᠯ ᠢ ᠬᠦᠴᠦᠨ ᠢᠶᠠᠨ ᠲᠦᠪᠯᠡᠷᠡᠭᠦᠯᠦᠨ ᠰᠢᠢᠳᠪᠦᠷᠢᠯᠡᠵᠦ᠂ ᠰᠢᠯᠢᠳᠡᠭ ᠠᠮᠵᠢᠯᠲᠠ ᠪᠦᠲᠦᠮᠵᠢ ᠪᠠᠷ ᠢᠶᠠᠨ ᠦᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠢ ᠲᠠᠭᠠᠨ ᠪᠡᠯᠡᠭ ᠪᠤᠯᠭᠠᠵᠦ ᠳᠠᠪᠰᠢᠭᠦᠯᠣᠶ᠎ᠠ᠃       ᠲᠦᠯᠦᠭᠡᠯᠡᠭᠴᠢᠳ ᠡ᠂ ︽13 · 5︾᠎ ᠶᠢᠨ ᠲᠦᠯᠦᠪᠵᠢᠭᠦᠯᠭᠡ ᠶᠢᠨ ᠬᠦᠰᠢᠭᠡ ᠨᠢᠭᠡᠨᠲᠡ ᠨᠡᠬᠡᠬᠡᠭᠳᠡᠪᠡ᠂ ᠪᠢᠳᠡ ᠶᠠᠭ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠬᠠᠷᠠᠯᠲᠠ ᠲᠡᠰᠢ ᠬᠠᠮᠤᠭ ᠡᠴᠦᠰ ᠤᠨ ᠰᠢᠪᠲᠤᠯᠤᠯᠲᠠ ᠬᠢᠵᠦ ᠪᠣᠢ᠃ ᠪᠢᠳᠡ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠦᠨᠳᠦᠷ ᠮᠠᠨᠳᠤᠭᠤᠯᠵᠤ᠂ ᠰᠢ ᠶᠢᠨ ᠫᠢᠩ ᠨᠦᠬᠦᠷ ᠢᠶᠠᠷ ᠶᠡᠷᠦᠩᠬᠡᠢ ᠱᠦᠵᠢ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠰᠠᠶᠢᠨ ᠨᠢᠭᠲᠠᠷᠠᠨ ᠪᠦᠯᠬᠦᠮᠳᠡᠵᠦ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠠ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ᠂ ᠪᠦᠯᠬᠦᠮᠳᠡᠨ ᠲᠡᠮᠡᠴᠡᠵᠦ᠂ ᠯᠠᠪᠳᠠᠭᠤᠨ ᠪᠠᠲᠤᠲᠠᠢ ᠠᠵᠢᠯᠯᠠᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠭᠦ ᠶᠢᠨ ᠰᠢᠢᠳᠪᠦᠷᠢᠳᠦ ᠱᠠᠲᠤ ᠦᠶ᠎ᠡ ᠶᠢᠨ ᠰᠢᠨ᠎ᠡ ᠢᠯᠠᠯᠲᠠ ᠶᠢ ᠲᠡᠮᠡᠴᠡᠨ ᠣᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠡᠨᠡᠬᠦ ᠦᠵᠡᠮᠵᠢ ᠶᠢᠨ ᠣᠷᠣᠨ ᠢᠶᠠᠨ ᠨᠡᠩ ᠭᠤᠶᠢᠲᠠ ᠰᠠᠶᠢᠬᠠᠨ ᠦᠵᠡᠰᠭᠦᠯᠡᠩ ᠲᠠᠢ ᠪᠣᠯᠭᠠᠬᠤ ᠪᠠᠷ ᠴᠢᠷᠮᠠᠶᠢᠨ ᠲᠡᠮᠡᠴᠡᠵᠡᠭᠡᠶ᠎ᠡ︕
 
ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号