— 2014 ᠣᠨ ᠤ 1 ᠳ᠋ᠣᠭᠡᠷ ᠰᠠᠷ᠎ᠠ ᠶᠢᠨ 15 ᠤ ᠡᠳᠦᠷ ᠦᠪᠦᠷ ᠮᠣᠩᠭᠤᠯ ᠤᠨ ᠦᠪᠡᠷᠲᠡᠭᠡᠨ | ᠵᠠᠰᠠᠬᠤ ᠣᠷᠣᠨ ᠤ ᠠᠷᠪᠠᠨ ᠬᠤᠶᠠᠳᠣᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠬᠤᠶᠠᠳᠣᠭᠠᠷ ᠬᠤᠷᠠᠯᠳᠣᠭᠠᠨ ᠳᠡᠭᠡᠷ᠎ᠡ | ᠦᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠠᠭᠠᠲᠣᠷ | ᠲᠦᠯᠦᠭᠡᠯᠡᠭᠴᠢᠳ ᠡ᠄ | ᠣᠳᠣ᠂ ᠪᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠦᠪᠯᠡᠬᠦ ᠪᠣᠯᠪᠠᠣ᠂ ᠲᠡᠷᠡᠴᠢᠯᠡᠨ ᠦᠪᠡᠷᠲᠡᠭᠡᠨ | ᠵᠠᠰᠠᠬᠤ ᠣᠷᠣᠨ ᠤ ᠣᠯᠣᠰ ᠲᠦᠷᠦ ᠶᠢᠨ ᠵᠦᠪᠯᠡᠯᠭᠡᠨ ᠤ ᠭᠡᠰᠢᠭᠦᠳ ᠪᠣᠯᠣᠨ ᠬᠤᠷᠠᠯ ᠳᠤ ᠰᠣᠯᠠ ᠣᠷᠣᠯᠴᠠᠭᠰᠠᠳ | ᠰᠠᠨᠠᠯ ᠢᠶᠠᠨ ᠳᠣᠷᠠᠳᠬᠤ ᠪᠣᠯᠪᠠᠣ᠃ | ᠨᠢᠭᠡ᠂ ᠦᠡᠭᠭᠡᠷᠡᠭᠰᠡᠨ ᠨᠢᠭᠡ ᠵᠢᠯ ᠤᠨ ᠠᠵᠢᠯ ᠤᠨ ᠡᠷᠬᠢᠴᠡᠭᠦᠯᠦᠯ | 2013 ᠣᠨ ᠪᠣᠯ ᠲᠣᠰ ᠬᠤᠭᠤᠴᠠᠭᠠᠨ ᠤ ᠵᠠᠰᠠᠭ ᠤᠨ ᠣᠷᠳᠣᠨ ᠤ ᠡᠬᠢᠯᠡᠯᠲᠡ ᠶᠢᠨ ᠣᠨ ᠪᠣᠯᠬᠤ | ᠪᠦᠭᠡᠳ ᠮᠦᠨ ᠴᠦ ᠬᠠᠲᠠᠭᠤ ᠴᠢᠩᠭ᠎ᠠ ᠰᠢᠯᠭᠠᠯᠲᠠ ᠪᠠᠷ ᠳᠠᠮᠵᠢᠭᠠᠳ ᠰᠢᠨ᠎ᠡ ᠠᠮᠵᠢᠯᠲᠠ ᠣᠯᠣᠭᠰᠠᠨ ᠨᠢᠭᠡ ᠵᠢᠯ | ᠪᠣᠯᠣᠨ᠎ᠠ᠃ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠣᠳᠠᠯ ᠤᠨ ᠬᠤᠷᠢᠶ᠎ᠠ ᠪᠣᠯᠣᠨ ᠦᠪᠡᠷᠲᠡᠭᠡᠨ ᠵᠠᠰᠠᠬᠤ | ᠣᠷᠣᠨ ᠤ ᠨᠠᠮ ᠤᠨ ᠲᠦᠪ ᠬᠤᠷᠢᠶᠠᠨ ᠤ ᠵᠦᠪ ᠣᠨᠣᠪᠴᠢᠲᠠᠢ ᠣᠳᠣᠷᠢᠳᠣᠯᠭ᠎ᠠ ᠳᠣᠣᠷ᠎ᠠ᠂ ᠦᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲ᠊ ᠦ᠋ᠮᠡᠨ ᠢ ᠨᠢᠭᠲᠠ | ᠲᠦᠰᠢᠭᠯᠡᠨ᠂ ᠨᠠᠮ ᠤᠨ ᠠᠷᠪᠠᠨ ᠨᠠᠶᠢᠮᠠᠳᠣᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣ᠋ ᠨ ᠦᠪᠡᠷᠲᠡᠭᠡᠨ ᠵᠠᠰᠠᠬᠤ | ᠣᠷᠣᠨ ᠤ ︽8337︾ ᠬᠦᠭᠵᠢᠯᠲᠡ ᠶᠢᠨ ᠰᠡᠳᠭᠢᠴᠡ ᠶᠢ ᠪᠦᠬᠦ ᠲᠠᠯ᠎ᠠ ᠪᠠᠷ ᠲᠣᠣᠱᠯᠠᠭᠤᠯᠣᠨ | ᠨᠠᠶᠢᠳᠠᠪᠣᠷᠢᠵᠢᠭᠤᠯᠵᠣ᠂ ᠯᠠᠪᠳᠠᠭᠤᠨ ᠢᠶᠠᠷ ᠣᠷᠣᠭᠰᠢ ᠳᠠᠪᠰᠢᠭᠤᠯᠬᠤ ᠠᠵᠢᠯ ᠤᠨ ᠶᠡᠷᠦᠩᠬᠡᠢ ᠦᠨᠳᠦᠰᠦᠨ ᠰᠠᠨᠠᠭ᠎ᠠ ᠶᠢ | ᠪᠠᠷᠢᠮᠲᠠᠯᠠᠨ᠂ ᠨᠡᠮᠡᠭᠳᠡᠯ ᠢ ᠯᠠᠪᠳᠠᠭᠤᠨ ᠪᠠᠶᠢᠯᠭᠠᠬᠤ᠂ ᠪᠦᠲᠦᠴᠡ ᠶᠢ ᠲᠣᠬᠢᠷᠠᠭᠤᠯᠬᠤ᠂ ᠥᠭᠡᠷᠡᠴᠢᠯᠡᠯᠲᠡ ᠶᠢ | ᠠᠬᠢᠭᠤᠯᠬᠤ᠂ ᠠᠷᠠᠳ ᠤᠨ ᠠᠮᠢᠳᠣᠷᠠᠯ ᠢ ᠬᠠᠷᠭᠠᠯᠵᠠᠬᠤ ᠵᠡᠷᠭᠡ ᠡᠯ᠎ᠡ ᠵᠦᠢᠯ ᠤᠨ ᠠᠵᠢᠯ ᠢ ᠨᠢᠬᠡᠳᠦᠯᠲᠡᠢ ᠲᠦᠯᠦᠪᠯᠡᠨ | ᠠᠬᠢᠭᠤᠯᠵᠣ᠂ ᠠᠵᠣ ᠠᠬᠤᠢ ᠪᠠᠭᠤᠷᠠᠵᠣ ᠪᠠᠶᠢᠭ᠎ᠠ ᠳᠠᠷᠣᠯᠲᠠ ᠶᠢ ᠴᠢᠷᠮᠠᠶᠢᠨ ᠢᠯᠠᠨ ᠳᠠᠪᠠᠵᠣ᠂ ᠰᠢᠨᠵᠢᠯᠡᠬᠦ | ᠣᠬᠠᠭᠠᠨᠴᠢ ᠬᠦᠭᠵᠢᠯᠲᠡ ᠶᠢ ᠲᠦᠯᠬᠢᠨ ᠠᠬᠢᠭᠤᠯᠬᠤ᠂ ᠠᠷᠠᠳ ᠢ ᠪᠠᠶᠠᠵᠢᠭᠤᠯᠣᠨ ᠣᠷᠣᠨ ᠢᠶᠠᠨ ᠬᠦᠴᠦᠷᠬᠡᠭᠵᠢᠬᠦᠯᠬᠦ | ᠵᠠᠮ ᠢᠶᠠᠷ ᠰᠢᠨ᠎ᠡ ᠠᠯᠬᠤᠮ ᠢ ᠠᠯᠬᠤᠪᠠ᠃ | ︵ᠨᠢᠭᠡ︶ ᠠᠵᠣ ᠠᠬᠤᠢ ᠶᠢᠨ ᠬᠦᠭᠵᠢᠯᠲᠡ ᠲᠣᠭᠲᠠᠭᠤᠨ ᠪᠠᠶᠢᠬᠤ ᠶᠢᠨ ᠳᠠᠭᠠᠣ ᠳᠤ ᠰᠠᠶᠢᠵᠢᠷᠠᠯ ᠲᠠᠢ | ᠪᠠᠶᠢᠳᠠᠯ ᠢᠯᠡᠷᠡᠪᠡ᠃ ᠨᠢᠳᠣᠨᠣᠨ᠂ ᠮᠠᠨ ᠤ ᠣᠷᠣᠨ ᠤ ᠠᠵᠣ ᠠᠬᠤᠢ ᠶᠢᠨ ᠬᠦᠭᠵᠢᠯᠲᠡ ᠳᠤ ᠣᠶᠢᠷ᠎ᠠ ᠶᠢᠨ ᠵᠢᠯ | ᠴᠦᠬᠡᠨ ᠲᠣᠬᠢᠶᠠᠯᠳᠣᠭᠰᠠᠨ ᠬᠦᠴᠢᠷᠳᠡᠯ ᠲᠠᠢ ᠪᠠᠶᠢᠳᠠᠯ ᠭᠠᠷᠪᠠ᠃ ᠣᠯᠣᠰ ᠤᠨ ᠲᠣᠲᠣᠭᠠᠲᠣ ᠭᠠᠳᠠᠭᠠᠲᠣ ᠶᠢᠨ | ᠲᠦᠪᠡᠭ ᠪᠣᠳᠣᠯᠢᠶᠠᠨᠲᠠᠢ ᠪᠠᠶᠢᠳᠠᠯ ᠪᠣᠯᠣᠨ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠲᠠᠯᠭ᠎ᠠ ᠬᠦᠷᠦᠯᠴᠡᠬᠦ ᠦᠭᠡᠢ᠂ | ᠠᠵᠣ ᠠᠬᠤᠶᠢᠯᠠᠯ ᠤᠨ ᠦᠷ᠎ᠡ ᠠᠰᠢᠭ ᠪᠠᠭᠤᠷᠠᠭᠰᠠᠨ᠂ ᠡᠳ᠋ ᠤᠨ ᠵᠠᠰᠠᠭ ᠤᠨ ᠣᠷᠣᠯᠭ᠎ᠠ ᠶᠢᠨ ᠨᠡᠮᠡᠭᠳᠡᠯ | ᠣᠳᠠᠭᠠᠰᠢᠷᠠᠭᠰᠠᠨ ᠵᠡᠷᠭᠡ ᠬᠠᠲᠠᠭᠤ ᠴᠢᠩᠭ᠎ᠠ ᠦᠷᠢᠰᠦᠳᠦᠯᠭᠡᠨ ᠳᠤ ᠬᠠᠨᠳᠣᠨ᠂ ᠲᠦᠷᠦ ᠶᠢᠨ ᠪᠣᠳᠣᠯᠭ᠎ᠠ ᠶᠢᠨ | ᠲᠣᠬᠢᠷᠠᠭᠤᠯᠭ᠎ᠠ ᠡᠵᠡᠮᠳᠡᠯ ᠪᠣᠯᠣᠨ ᠪᠡᠯᠡ ᠣᠷᠣᠭᠤᠯᠣᠯᠲᠠ ᠶᠢᠨ ᠲᠣᠯᠭᠠᠭᠤᠷᠢᠯᠠᠯ ᠢ ᠣᠯᠠᠮ ᠨᠢᠭᠡ ᠠᠯᠬᠤᠮ | ᠴᠢᠩᠭᠠᠷᠠᠭᠤᠯᠣᠨ᠂ ᠠᠵᠣ ᠠᠬᠤᠢ ᠶᠢᠨ ᠨᠡᠮᠡᠭᠳᠡᠯ ᠢ ᠪᠦᠬᠦ ᠬᠦᠴᠦᠨ ᠢᠶᠠᠷ ᠢᠶᠠᠨ ᠲᠣᠭᠲᠠᠪᠦᠷᠢᠵᠢᠭᠤᠯᠣᠭᠠᠳ᠂ ᠠᠵᠣ | ᠠᠬᠤᠢ ᠶᠢᠨ ᠭᠤᠣᠯ ᠪᠣᠯᠬᠤ ᠭᠦᠢᠴᠡᠳᠭᠡᠬᠦ ᠲᠤᠭ᠎ᠠ ᠶᠢᠨ ᠨᠡᠮᠡᠭᠳᠡᠯ ᠤᠨ ᠬᠤᠷᠳᠣᠴᠠ ᠶᠢ ᠵᠣᠬᠢᠰᠲᠠᠢ ᠪᠠᠶᠢᠷᠢᠨ ᠳᠤ | ᠪᠠᠶᠢᠯᠭᠠᠪᠠ᠃ ᠪᠦᠬᠦ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠢ 1.68 ᠲᠦᠮᠡᠨ ᠳ᠋ᠦᠡᠭᠰᠢᠭᠤᠷ | ᠲᠦᠭᠦᠷᠢᠭ ᠪᠡᠶᠡᠯᠡᠭᠦᠯᠵᠦ᠂ 9% ᠪᠠᠷ ᠨᠡᠮᠡᠭᠳᠡᠪᠡ︔ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ | ᠣᠷᠣᠯᠭ᠎ᠠ 1719.5 ᠳ᠋ᠦᠡᠭᠰᠢᠭᠤᠷ ᠲᠦᠭᠦᠷᠢᠭ ᠪᠠᠶᠢᠵᠣ᠂ 10.7% ᠪᠠᠷ ᠨᠡᠮᠡᠭᠳᠡᠪᠡ︔ ᠪᠦᠬᠦ ᠨᠡᠶᠢᠬᠡᠮ ᠤᠨ | ᠲᠣᠭᠲᠠᠮᠠᠯ ᠬᠦᠷᠦᠩᠭᠡ ᠶᠢᠨ ᠪᠡᠯᠡ ᠣᠷᠣᠭᠤᠯᠣᠯᠲᠠ ᠶᠢ 1.55 ᠲᠦᠮᠡᠨ ᠳ᠋ᠦᠡᠭᠰᠢᠭᠤᠷ ᠪᠡᠶᠡᠯᠡᠭᠦᠯᠵᠦ᠂ 18. | 4% ᠪᠠᠷ ᠨᠡᠮᠡᠭᠳᠡᠪᠡ᠃ ᠲᠠᠷᠢᠶᠠᠯᠠᠩ ᠮᠠᠯ ᠠᠵᠣ ᠠᠬᠤᠢ ᠶᠢᠨ ᠦᠨᠳᠦᠰᠦᠨ ᠰᠠᠭᠤᠷᠢ ᠪᠠᠶᠢᠷᠢ ᠶᠢ ᠲᠠᠰᠣᠷᠠᠯᠲᠠ ᠦᠭᠡᠢ | ᠴᠢᠩᠭᠠᠷᠠᠭᠤᠯᠪᠠ᠃ ᠲᠠᠷᠢᠶᠠᠯᠠᠩ ᠮᠠᠯ ᠠᠵᠣ ᠠᠬᠤᠢ ᠶᠢᠨ ᠶᠡᠷᠦᠩᠬᠡᠶᠢᠯᠡᠭᠰᠡᠨ ᠦᠢᠯᠡᠳᠪᠦᠷᠢᠯᠡᠬᠦ ᠴᠢᠳᠠᠪᠣᠷᠢ ᠶᠢ | ᠯᠠᠪᠳᠠᠭᠤᠨ ᠢᠶᠠᠷ ᠳᠡᠭᠡᠭᠰᠢᠯᠡᠭᠦᠯᠵᠦ᠂ ᠠᠮᠣ ᠪᠣᠳᠠᠭᠠᠨ ᠤ ᠬᠤᠷᠢᠶᠠᠯᠲᠠ ᠲᠡᠣᠬᠡ ᠶᠢᠨ ᠰᠢᠨ᠎ᠡ ᠦᠨᠳᠦᠷ ᠬᠤᠷᠢᠶᠠᠯᠲᠠ ᠶᠢ | ᠲᠠᠬᠢᠨᠲᠠ ᠡᠭᠦᠳᠴᠦ᠂ ᠶᠡᠷᠦᠩᠬᠡᠢ ᠬᠤᠷᠢᠶᠠᠯᠲᠠ 554.6 ᠳ᠋ᠦᠡᠭᠰᠢᠭᠤᠷ ᠵᠢᠩ ᠳᠤ ᠬᠦᠷᠴᠦ᠂ 48.9 ᠳ᠋ᠦᠡᠭᠰᠢᠭᠤᠷ | ᠵᠢᠩ ᠨᠡᠮᠡᠭᠳᠡᠵᠦ᠂ 9.7% ᠪᠠᠷ ᠨᠡᠮᠡᠭᠳᠡᠨ᠂ ᠨᠡᠮᠡᠭᠳᠡᠯ ᠤᠨ ᠬᠡᠮᠵᠢᠶ᠎ᠡ ᠪᠣᠯᠣᠨ ᠨᠡᠮᠡᠭᠳᠡᠯ ᠤᠨ ᠬᠡᠪᠴᠢᠶ᠎ᠡ ᠴᠦᠮ ᠪᠦᠬᠦ | ᠣᠯᠣᠰ ᠤᠨ ᠲᠡᠷᠢᠭᠦᠨ ᠳᠤ ᠣᠷᠣᠪᠠ︔ ᠲᠡᠵᠢᠭᠡᠵᠦ ᠪᠠᠶᠢᠭ᠎ᠠ ᠮᠠᠯ 9 ᠵᠢᠯ ᠳᠠᠷᠠᠭᠠᠯᠠᠨ 1 ᠳ᠋ᠦᠡᠭᠰᠢᠭᠤᠷ ᠲᠤᠭ᠎ᠠ | ᠲᠣᠯᠣᠭᠠᠢ ᠠᠴᠠ ᠳᠡᠭᠡᠭᠰᠢ ᠶᠢ ᠪᠠᠲᠣᠯᠠᠵᠣ᠂ ᠮᠠᠯ ᠤᠨ ᠮᠢᠬ᠎ᠠ᠂ ᠰᠦ᠂ ᠨᠣᠣᠰᠣ ᠨᠣᠣᠯᠣᠷ ᠤᠨ ᠭᠠᠷᠣᠯᠲᠠ | ᠦᠷᠭᠦᠯᠵᠢᠯᠡᠨ ᠪᠦᠬᠦ ᠣᠯᠣᠰ ᠤᠨ ᠲᠡᠷᠢᠭᠦᠨ ᠳᠤ ᠣᠷᠣᠪᠠ᠃ ᠠᠵᠣ ᠠᠬᠤᠶᠢᠯᠠᠯ ᠤᠨ ᠦᠢᠯᠡᠳᠪᠦᠷᠢᠯᠡᠯ | ᠡᠵᠡᠩᠨᠡᠯᠲᠡ ᠶᠢ ᠪᠦᠬᠦ ᠬᠦᠴᠦᠨ ᠢᠶᠠᠷ ᠢᠶᠠᠨ ᠲᠣᠭᠲᠠᠪᠣᠷᠢᠵᠢᠭᠤᠯᠪᠠ᠃ ᠮᠠᠨ ᠤ ᠣᠷᠣᠨ ᠤ ᠴᠠᠬᠢᠯᠭᠠᠨ ᠬᠦᠴᠦᠨ ᠤ | ᠳᠠᠪᠠᠭᠤᠯᠢᠭ ᠪᠣᠯᠣᠨ ᠴᠠᠬᠢᠯᠭᠠᠨ ᠤ ᠦᠨ᠎ᠡ ᠶᠢᠨ ᠬᠦᠰᠢᠭᠦᠷᠭᠡ ᠶᠢᠨ ᠦᠢᠯᠡᠳᠦᠯ ᠢ ᠪᠠᠳᠠᠷᠠᠭᠤᠯᠣᠨ᠂ ᠴᠠᠬᠢᠯᠠᠭᠠᠨ | ᠬᠦᠴᠦᠨ ᠤ ᠶᠡᠷᠦᠩᠬᠡᠶᠢᠯᠡᠨ ᠲᠡᠳᠬᠦᠬᠦ ᠲᠦᠷᠦ ᠶᠢᠨ ᠪᠣᠳᠣᠯᠭ᠎ᠠ ᠶᠢ ᠨᠡᠶᠢᠲᠡᠯᠡᠵᠦ᠂ ᠠᠵᠣ ᠦᠢᠯᠡᠳᠪᠦᠷᠢ ᠶᠢᠨ ᠬᠡᠷᠡᠭᠯᠡᠬᠦ | ᠴᠠᠬᠢᠯᠭᠠᠨ ᠤ ᠬᠡᠮᠵᠢᠶ᠎ᠡ ᠶᠢ 170 ᠳ᠋ᠦᠡᠭᠰᠢᠭᠤᠷ ᠺᠢᠯᠣᠸᠠᠲ ᠴᠠᠭ ᠨᠡᠮᠭᠳᠡᠭᠦᠯᠵᠦ᠂ ᠦᠢᠯᠡᠳᠪᠦᠷᠢᠯᠡᠯ ᠢᠶᠠᠨ | ᠵᠣᠭᠰᠣᠭᠠᠭᠰᠠᠨ ᠪᠠ ᠬᠠᠭᠠᠰ ᠵᠣᠭᠰᠣᠭᠠᠭᠰᠠᠨ ᠬᠡᠪᠴᠢᠶᠡᠵᠢᠯ ᠠᠴᠠ ᠳᠡᠭᠡᠭᠰᠢᠬᠢ 261 ᠡᠷᠦᠬᠡ ᠠᠵᠣ ᠠᠬᠤᠶᠢᠯᠠᠯ | ᠦᠢᠯᠡᠳᠪᠦᠷᠢᠯᠡᠯ ᠢᠶᠠᠨ ᠰᠡᠷᠭᠦᠭᠡᠭᠡᠳ᠂ ᠭᠠᠶᠢᠯᠢ ᠶᠢᠨ ᠣᠷᠣᠯᠭ᠎ᠠ ᠶᠢ 950 ᠳ᠋ᠦᠡᠭᠰᠢᠭᠤᠷ ᠲᠦᠭᠦᠷᠢᠭ ᠨᠡᠮᠡᠭᠳᠡᠭᠦᠯᠪᠡ᠃ | ᠮᠦᠡᠭᠭᠦᠨ ᠬᠦᠢᠯᠭᠡᠭᠡᠨ ᠢᠶᠠᠷ ᠪᠣᠲᠠᠲᠣ ᠴᠣᠭᠴᠠ ᠠᠵᠣ ᠠᠬᠤᠢ ᠶᠢ ᠳᠡᠮᠵᠢᠬᠦᠯᠬᠦ᠂ ᠡᠬᠢ ᠪᠠᠶᠠᠯᠢᠭ ᠤᠨ | ᠲᠣᠬᠢᠷᠠᠭᠤᠯᠣᠯᠲᠠ ᠶᠢ ᠲᠡᠭᠦᠯᠳᠡᠷᠵᠢᠭᠦᠯᠬᠦ᠂ ᠡᠬᠢ ᠪᠠᠶᠠᠯᠢᠭ ᠢ ᠬᠦᠷᠦᠩᠭᠡᠵᠢᠭᠦᠯᠦᠨ ᠠᠵᠢᠯᠯᠠᠭᠤᠯᠬᠤ ᠶᠢ ᠲᠦᠯᠬᠢᠨ | ᠠᠬᠢᠭᠤᠯᠬᠤ᠂ ᠠᠵᠣ ᠠᠬᠤᠶᠢᠯᠠᠯ ᠳᠤ ᠬᠤᠯᠪᠣᠭᠳᠠᠬᠤ ᠰᠦᠢᠳᠭᠡᠯ ᠬᠤᠷᠢᠶᠠᠬᠤ ᠲᠦᠷᠦᠯ ᠵᠦᠢᠯ ᠢ ᠪᠠᠭᠠᠰᠬᠠᠬᠤ ᠵᠡᠷᠭᠡ | ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠣᠷᠢᠵᠢᠭᠤᠯᠣᠨ᠂ ᠠᠵᠣ ᠦᠢᠯᠡᠳᠪᠦᠷᠢ ᠶᠢᠨ ᠠᠵᠣ | ᠠᠬᠤᠢ ᠶᠢᠨ ᠨᠡᠮᠡᠭᠳᠡᠯ ᠤᠨ ᠬᠤᠷᠳᠣᠴᠠ ᠶᠢ ᠳᠡᠭᠡᠭᠰᠢᠯᠡᠭᠦᠯᠬᠦ᠂ ᠠᠵᠣ ᠠᠬᠤᠶᠢᠯᠠᠯ ᠤᠨ ᠠᠰᠢᠭ ᠣᠯᠵᠠᠪᠣᠷᠢ ᠶᠢᠨ | ᠪᠠᠭᠤᠷᠠᠬᠤ ᠬᠡᠪᠴᠢᠶ᠎ᠡ ᠶᠢ ᠪᠠᠭᠠᠰᠠᠬᠠᠬᠤ᠂ ᠨᠡᠭᠦᠷᠡᠰᠦ ᠴᠠᠬᠢᠯᠭᠠᠨ ᠲᠣᠰᠣ ᠲᠡᠭᠡᠭᠡᠪᠦᠷᠢ ᠵᠡᠷᠭᠡ ᠶᠢᠨ ᠤᠷᠢᠳᠠᠪᠡᠷ | ᠬᠡᠷᠡᠭᠵᠢᠭᠦᠯᠬᠦ ᠭᠦᠢᠴᠡᠳᠭᠡᠬᠦ ᠲᠤᠭ᠎ᠠ ᠶᠢᠨ ᠯᠠᠪᠳᠠᠭᠤᠨ ᠢᠶᠠᠷ ᠰᠠᠶᠢᠵᠢᠷᠠᠬᠤ ᠶᠢ ᠠᠬᠢᠭᠤᠯᠣᠭᠠᠳ᠂ ᠬᠡᠪᠴᠢᠶᠡᠵᠢᠯ ᠠᠴᠠ | ᠳᠡᠭᠡᠭᠰᠢ ᠠᠵᠣ ᠦᠢᠯᠡᠳᠪᠦᠷᠢᠯᠡᠯ ᠶᠢᠨ ᠨᠡᠮᠡᠭᠳᠡᠯ ᠦᠷᠲᠡᠭ 12% ᠢᠶᠠᠷ ᠨᠡᠮᠡᠭᠳᠡᠪᠡ᠃ ᠦᠢᠯᠡᠴᠢᠯᠡᠭᠡᠨ ᠤ ᠦᠢᠯᠡᠰ ᠢ | ᠶᠡᠬᠡᠪᠡᠷ ᠬᠦᠭᠵᠢᠭᠦᠯᠪᠡ᠃ ᠦᠢᠯᠡᠴᠢᠯᠡᠭᠡᠨ ᠤ ᠦᠢᠯᠡᠰ ᠤᠨ ᠬᠦᠭᠵᠢᠯᠲᠡ ᠶᠢ ᠠᠬᠢᠭᠤᠯᠬᠤ ᠵᠢᠯᠣᠭᠤᠳᠬᠤ ᠰᠠᠨᠠᠯ | ᠪᠣᠯᠣᠨ ᠲᠦᠬᠦᠷ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠵᠦ᠂ ᠵᠢᠭᠤᠯᠴᠢᠯᠠᠯ᠂ ᠪᠠᠷᠠᠭ᠎ᠠ ᠶᠢᠨ | ᠭᠦᠢᠯᠭᠡᠭᠡᠨ᠂ ᠮᠦᠡᠭᠭᠦᠨ ᠭᠦᠢᠯᠭᠡᠭᠡᠨ᠂ ᠡᠯᠧᠺᠳ᠋ᠷᠣᠨ ᠬᠤᠳᠠᠯᠳᠣᠭᠠᠨ ᠤ ᠶᠡᠪᠣᠳᠠᠯ ᠵᠡᠷᠭᠡ ᠣᠳᠣ ᠦᠶ᠎ᠡ ᠶᠢᠨ | ᠦᠢᠯᠡᠴᠢᠯᠡᠭᠡᠨ ᠤ ᠦᠢᠯᠡᠰ ᠤᠨ ᠬᠦᠭᠵᠢᠯᠲᠡ ᠲᠦᠷᠭᠡᠳᠭᠡᠴᠦ᠂ ᠪᠦᠬᠦ ᠣᠷᠣᠨ ᠤ ᠵᠢᠭᠤᠯᠴᠢᠯᠠᠯ ᠤᠨ ᠦᠢᠯᠡᠰ ᠤᠨ | ᠶᠡᠷᠦᠩᠬᠡᠢ ᠣᠷᠣᠯᠭ᠎ᠠ 18% ᠪᠠᠷ ᠨᠡᠮᠡᠭᠳᠡᠨ᠂ ᠮᠦᠡᠭᠭᠦᠨ ᠭᠦᠢᠯᠭᠡᠭᠡᠨ ᠤ ᠪᠠᠶᠢᠭᠤᠯᠣᠮᠵᠢ ᠶᠢᠨ ᠰᠢᠨ᠎ᠡ ᠪᠠᠷ | ᠨᠡᠮᠡᠭᠳᠡᠭᠰᠡᠨ ᠬᠠᠳᠠᠭᠠᠯᠠᠮᠵᠢ ᠠᠴᠠ 47.6 ᠳ᠋ᠦᠡᠭᠰᠢᠭᠤᠷ ᠲᠦᠭᠦᠷᠢᠭ ᠳᠠᠪᠠᠵᠣ᠂ ᠨᠡᠶᠢᠬᠡᠮ ᠤᠨ ᠬᠡᠷᠡᠭᠯᠡᠭᠡᠨ ᠤ | ᠬᠡᠷᠡᠭᠰᠡᠯ ᠤᠨ ᠵᠢᠵᠢᠭᠯᠡᠨ ᠬᠤᠳᠠᠯᠳᠣᠭᠰᠠᠨ ᠶᠡᠷᠦᠩᠬᠡᠢ ᠬᠡᠮᠵᠢᠶ᠎ᠡ 11.8% ᠪᠠᠷ ᠨᠡᠮᠡᠭᠳᠡᠪᠡ᠃ | ︵ᠬᠤᠶᠠᠷ︶ ᠠᠵᠣ ᠠᠬᠤᠢ ᠶᠢᠨ ᠪᠦᠲᠦᠴᠡ ᠶᠢᠨ ᠲᠣᠬᠢᠷᠠᠭᠤᠯᠣᠯᠲᠠ ᠰᠢᠨ᠎ᠡ ᠠᠬᠢᠴᠠ ᠲᠠᠢ ᠪᠣᠯᠪᠠ᠃ | ᠯᠠᠪᠳᠠᠭᠤᠨ ᠢᠶᠠᠷ ᠨᠡᠮᠡᠭᠳᠡᠭᠦᠯᠬᠦ ᠶᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠯᠤᠭ᠎ᠠ ᠬᠠᠷᠢᠯᠴᠠᠨ | ᠣᠶᠠᠯᠳᠣᠭᠤᠯᠬᠤ ᠶᠢ ᠪᠠᠷᠢᠮᠲᠠᠯᠠᠨ᠂ ᠠᠵᠣ ᠦᠢᠯᠡᠰ ᠤᠨ ᠪᠦᠲᠦᠴᠡ ᠶᠢᠨ ᠲᠣᠬᠢᠷᠠᠭᠤᠯᠣᠯᠲᠠ ᠶᠢᠨ ᠵᠢᠯᠣᠭᠤᠳᠬᠤ ᠰᠠᠨᠠᠯ | ᠪᠣᠯᠣᠨ 11 ᠭᠤᠣᠯᠳᠠᠯᠭ᠎ᠠ ᠲᠠᠢ ᠲᠣᠰᠬᠠᠢ ᠵᠦᠢᠯ ᠤᠨ ᠲᠦᠯᠦᠪᠵᠢᠭᠦᠯᠭᠡ ᠶᠢ ᠲᠣᠭᠲᠠᠭᠠᠨ ᠬᠡᠷᠡᠭᠵᠢᠭᠦᠯᠵᠦ᠂ ᠠᠵᠣ | ᠠᠬᠤᠢ ᠶᠢᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠣᠨ ᠳᠡᠰ ᠳᠡᠪᠰᠢᠬᠦ ᠪᠠ ᠬᠦᠭᠵᠢᠯᠲᠡ ᠶᠢᠨ ᠠᠷᠭ᠎ᠠ | ᠮᠠᠶ᠋ᠢᠭ ᠢᠶᠠᠨ ᠬᠤᠪᠢᠷᠠᠭᠤᠯᠬᠤ ᠶᠢ ᠲᠦᠯᠬᠢᠨ ᠠᠬᠢᠭᠤᠯᠪᠠ᠃ ᠲᠠᠪᠣᠨ ᠶᠡᠭᠡ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠣᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠪᠠ᠃ ᠨᠡᠭᠦᠷᠡᠰᠦ ᠶᠢ ᠪᠣᠯᠪᠠᠰᠣᠷᠠᠭᠤᠯᠣᠨ ᠬᠤᠪᠢᠷᠠᠭᠤᠯᠬᠤ ᠪᠠ | ᠶᠡᠷᠦᠩᠬᠡᠶᠢᠯᠡᠨ ᠠᠰᠢᠭᠯᠠᠬᠤ ᠨᠢᠭᠡ ᠪᠦᠯᠦᠭ ᠲᠦᠷᠦᠯ ᠵᠦᠢᠯ ᠢ ᠪᠠᠶᠢᠭᠤᠯᠣᠭᠰᠠᠨ ᠪᠣᠶᠣ ᠪᠠᠷᠢᠯᠭ᠎ᠠ ᠡᠬᠢᠯᠡᠭᠦᠯᠦᠨ | ᠪᠦᠲᠦᠭᠡᠨ ᠪᠠᠶᠢᠭᠤᠯᠵᠣ᠂ ᠴᠠᠬᠢᠯᠭᠠᠨ ᠬᠦᠴᠦᠨ ᠤ ᠮᠠᠰᠢᠨ ᠴᠣᠭᠴᠠᠯᠪᠦᠷᠢ ᠶᠢ 500 ᠲᠦᠮᠡᠨ ᠺᠢᠯᠣᠸᠠᠲ ᠰᠢᠨ᠎ᠡ ᠪᠠᠷ | ᠨᠡᠮᠡᠭᠳᠡᠭᠦᠯᠦᠨ᠂ ᠭᠠᠳᠠᠭᠰᠢ ᠬᠦᠷᠭᠡᠭᠰᠡᠨ ᠴᠠᠬᠢᠯᠭᠠᠨ ᠤ ᠬᠡᠮᠵᠢᠶ᠎ᠡ 1400 ᠳ᠋ᠦᠡᠭᠰᠢᠭᠤᠷ ᠺᠢᠯᠣᠸᠠᠲ ᠴᠠᠭ ᠪᠠᠶᠢᠵᠣ᠂ | ᠨᠡᠭᠦᠷᠡᠰᠦ ᠶᠢ ᠬᠡᠢ ᠪᠣᠯᠭᠠᠵᠣ 120 ᠳ᠋ᠦᠡᠭᠰᠢᠭᠤᠷ ᠪᠣᠰᠤᠭ᠎ᠠ ᠳᠦᠷᠪᠡᠯᠵᠢᠨ ᠮᠧᠳ᠋ᠷ ᠤᠨ ᠬᠢ ᠰᠢᠨ᠎ᠡ ᠪᠠᠷ ᠪᠠᠷᠢᠯᠭ᠎ᠠ | ᠡᠬᠢᠯᠡᠭᠦᠯᠪᠡ᠃ ᠪᠣᠷᠣᠯᠠᠭᠤᠯᠭ᠎ᠠ ᠶᠢᠨ ᠣᠷᠣᠯᠭ᠎ᠠ ᠨᠢ 500 ᠲᠦᠮᠡᠨ ᠲᠦᠭᠦᠷᠢᠭ ᠠᠴᠠ ᠳᠡᠭᠡᠭᠰᠢᠬᠢ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠠᠵᠣ ᠠᠬᠤᠶᠢᠯᠠᠯ ᠪᠣᠷᠣᠯᠠᠭᠤᠯᠭ᠎ᠠ ᠶᠢᠨ ᠣᠷᠣᠯᠭ᠎ᠠ ᠶᠢ | 3455.6 ᠳ᠋ᠦᠡᠭᠰᠢᠭᠤᠷ ᠲᠦᠭᠦᠷᠢᠭ ᠪᠡᠶᠡᠯᠡᠭᠦᠯᠵᠦ᠂ 14.5% ᠪᠠᠷ ᠨᠡᠮᠡᠭᠳᠡᠪᠡ᠃ ᠣᠳᠣ ᠦᠶ᠎ᠡ ᠶᠢᠨ ᠲᠣᠨᠤᠭ | ᠲᠦᠬᠦᠭᠡᠷᠦᠮᠵᠢ ᠦᠢᠯᠡᠳᠬᠦ᠂ ᠡᠭᠦᠯᠡᠨ ᠪᠣᠳᠣᠯᠲᠠ ᠵᠡᠷᠭᠡ ᠰᠢᠨ᠎ᠡ ᠪᠠᠷ ᠪᠣᠢ ᠪᠣᠯᠣᠭᠰᠠᠨ ᠠᠵᠣ ᠦᠢᠯᠡᠰ ᠲᠦᠷᠭᠡᠨ | ᠪᠤᠶᠢᠵᠢᠵᠣ᠂ ᠡᠭᠦᠯᠡᠨ ᠪᠣᠳᠣᠯᠲᠠ ᠶᠢᠨ ᠦᠢᠯᠡᠴᠢᠯᠡᠭᠦᠷ ᠢ 16.5 ᠲᠦᠮᠡᠨ ᠰᠠᠣᠷᠢ ᠪᠠᠶᠢᠭᠤᠯᠪᠠ᠃ ᠨᠡᠶᠢᠲᠡ ᠶᠢᠨ | ᠦᠮᠴᠢᠯᠡᠯ ᠤᠨ ᠪᠣᠰᠣ ᠠᠵᠣ ᠠᠬᠤᠢ ᠶᠢ ᠶᠡᠬᠡᠪᠡᠷ ᠬᠦᠭᠵᠢᠭᠦᠯᠪᠡ᠃ ᠨᠡᠶᠢᠲᠡ ᠶᠢᠨ ᠦᠮᠴᠢᠯᠡᠯ ᠤᠨ ᠪᠣᠰᠣ ᠠᠵᠣ | ᠠᠬᠤᠢ ᠶᠢᠨ ᠬᠦᠭᠵᠢᠯᠲᠡ ᠶᠢ ᠠᠬᠢᠭᠤᠯᠬᠤ 70 ᠵᠣᠷᠪᠣᠰ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠨᠡᠶᠢᠲᠡᠯᠡᠵᠦ᠂ ᠴᠢᠬᠤᠯᠠ ᠬᠦᠴᠦᠨ ᠵᠦᠢᠯ ᠤᠨ ᠪᠠᠲᠣᠯᠠᠭ᠎ᠠ ᠶᠢ ᠴᠢᠩᠭᠠᠷᠠᠭᠤᠯᠣᠨ᠂ ᠲᠣᠮᠳᠠ ᠪᠠᠭ᠎ᠠ ᠠᠵᠣ | ᠠᠬᠤᠶᠢᠯᠠᠯ ᠤᠨ ᠨᠡᠮᠡᠭᠳᠡᠯ ᠦᠷᠲᠡᠭ 13% ᠪᠠᠷ ᠨᠡᠮᠡᠭᠳᠡᠨ᠂ ᠬᠤᠪᠢ ᠶᠢᠨ ᠠᠵᠣ ᠦᠢᠯᠡᠳᠪᠦᠷᠢ ᠬᠤᠳᠠᠯᠳᠤᠭ᠎ᠠ ᠶᠢᠨ | ᠡᠷᠦᠬᠡ 100 ᠲᠦᠮᠡᠨ ᠶᠢ ᠳᠠᠪᠠᠪᠠ᠃ ᠬᠤᠲᠠ ᠬᠦᠳᠡᠭᠡ ᠶᠢ ᠨᠢᠭᠡᠳᠦᠯᠲᠡᠢ ᠲᠦᠯᠣᠪᠯᠡᠨ ᠬᠦᠭᠵᠢᠭᠦᠯᠬᠦ ᠶᠢ | ᠢᠳᠡᠪᠬᠢᠲᠡᠢ ᠪᠠᠷ ᠠᠬᠢᠭᠤᠯᠪᠠ᠃ ᠵᠢᠯᠣᠭᠤᠳᠬᠤ ᠰᠠᠨᠠᠯ ᠪᠣᠯᠣᠨ ᠲᠡᠳᠬᠦᠬᠦ ᠲᠦᠷᠦ ᠶᠢᠨ ᠪᠣᠳᠣᠯᠭ᠎ᠠ ᠶᠢ ᠲᠣᠭᠲᠠᠭᠠᠨ᠂ | ᠰᠢᠶᠠᠨ ᠤ ᠬᠡᠪᠴᠢᠶᠡᠨ ᠤ ᠠᠵᠣ ᠠᠬᠤᠢ ᠶᠢ ᠶᠡᠬᠡᠪᠡᠷ ᠬᠦᠭᠵᠢᠬᠦᠯᠵᠦ᠂ 80 ᠬᠤᠰᠢᠭᠤ ᠰᠢᠶᠠᠨ ︵ᠬᠤᠲᠠ︶ ᠤ | ᠡᠳ᠋ ᠤᠨ ᠵᠠᠰᠠᠭ ᠤᠨ ᠣᠷᠣᠯᠭ᠎ᠠ᠂ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠣᠯᠲᠠ᠂ ᠬᠡᠪᠴᠢᠶᠡᠵᠢᠯ ᠠᠴᠠ | ᠳᠡᠭᠡᠭᠰᠢᠬᠢ ᠠᠵᠣ ᠦᠢᠯᠡᠳᠪᠦᠷᠢ ᠶᠢᠨ ᠨᠡᠮᠡᠭᠳᠡᠯ ᠦᠷᠲᠡᠭ ᠤᠨ ᠨᠡᠮᠡᠭᠳᠡᠯ ᠤᠨ ᠬᠤᠷᠳᠣᠴᠠ ᠪᠦᠬᠦ ᠣᠷᠣᠨ ᠤ ᠳᠣᠮᠳᠠᠴᠢ | ᠬᠢᠷᠢ ᠬᠡᠮᠵᠢᠶ᠎ᠡ ᠠᠴᠠ ᠳᠡᠭᠡᠭᠦᠷ ᠪᠣᠯᠪᠠ᠃ ᠬᠤᠲᠠ ᠪᠠᠯᠭᠠᠰᠣ ᠳᠤ 28.7 ᠲᠦᠮᠡᠨ ᠬᠦᠮᠦᠨ ᠠᠮᠠ ᠰᠢᠨ᠎ᠡ ᠪᠠᠷ | ᠨᠡᠮᠡᠭᠳᠡᠭᠦᠯᠵᠦ᠂ ᠪᠦᠬᠦ ᠣᠷᠣᠨ ᠤ ᠬᠤᠲᠠ ᠪᠠᠯᠭᠠᠰᠣᠴᠢᠯᠠᠭᠰᠠᠨ ᠨᠣᠷᠮ᠎ᠠ 58.7% ᠳᠤ ᠬᠦᠷᠪᠡ᠃ ᠰᠢᠨᠵᠢᠯᠡᠬᠦ | ᠣᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠣᠷᠢ ᠶᠢ ᠯᠠᠪᠳᠠᠭᠤᠨ ᠢᠶᠠᠷ ᠳᠡᠭᠡᠭᠰᠢᠯᠡᠭᠦᠯᠪᠡ᠃ ᠨᠢᠭᠡ ᠪᠦᠯᠦᠭ | ᠰᠢᠨ᠎ᠡ ᠬᠡᠯᠪᠡᠷᠢ ᠶᠢᠨ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠣᠨ ᠨᠡᠭᠡᠭᠡᠬᠦ ᠪᠠᠶᠢᠭᠤᠯᠣᠮᠵᠢ ᠶᠢ ᠵᠣᠬᠢᠶᠠᠨ | ᠪᠠᠶᠢᠭᠤᠯᠵᠣ᠂ ᠰᠢᠨᠵᠢᠯᠡᠬᠦ ᠣᠬᠠᠭᠠᠨ ᠮᠡᠷᠭᠡᠵᠢᠯ ᠤᠨ ᠴᠢᠬᠤᠯᠠ ᠶᠡᠭᠡ ᠲᠣᠰᠬᠠᠢ ᠵᠦᠢᠯ ᠤᠳ ᠢ ᠬᠡᠷᠡᠭᠵᠢᠭᠦᠯᠵᠦ᠂ | ᠬᠦᠬᠡᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠣ ᠦᠢᠯᠡᠰ ᠤᠨ ᠬᠦᠷᠢᠶᠡᠯᠡᠩ ᠵᠡᠷᠭᠡ ᠰᠢᠨ᠎ᠡ ᠶᠢ ᠡᠭᠦᠳᠬᠦ | ᠰᠠᠭᠤᠷᠢᠨ ᠭᠠᠵᠠᠷ ᠤᠨ ᠵᠡᠷᠭᠡ ᠳᠡᠰ ᠢᠶᠠᠨ ᠦᠰᠭᠡᠬᠦ ᠶᠢ ᠲᠦᠯᠬᠢᠨ ᠠᠬᠢᠭᠤᠯᠵᠣ᠂ ᠪᠡᠶ᠎ᠡ ᠪᠠᠨ ᠳᠠᠭᠠᠭᠠᠵᠣ ᠰᠢᠨ᠎ᠡ ᠶᠢ | ᠡᠭᠦᠳᠬᠦ ᠪᠠ ᠰᠢᠨᠵᠢᠯᠡᠬᠦ ᠣᠬᠠᠭᠠᠨ ᠤ ᠰᠣᠳᠣᠯᠣᠯ ᠤᠨ ᠦᠷ᠎ᠡ ᠪᠦᠲᠦᠭᠡᠯ ᠢ ᠬᠤᠪᠢᠷᠠᠭᠤᠯᠣᠨ ᠬᠡᠷᠡᠭᠯᠡᠬᠦ ᠴᠢᠳᠠᠪᠣᠷᠢ | ᠢᠯᠡᠳᠲᠡ ᠳᠡᠭᠡᠭᠰᠢᠯᠡᠪᠡ᠃ ᠪᠦᠬᠦ ᠨᠡᠶᠢᠬᠡᠮ ᠤᠨ ᠰᠣᠳᠣᠯᠣᠨ ᠨᠡᠬᠡᠬᠡᠬᠦ ᠵᠠᠷᠣᠳᠠᠯ ᠤᠨ ᠣᠷᠣᠭᠤᠯᠣᠯᠲᠠ ᠶᠢ 26.8 | ᠳ᠋ᠦᠡᠭᠰᠢᠭᠤᠷ ᠲᠦᠭᠦᠷᠢᠭ ᠣᠷᠣᠭᠤᠯᠵᠣ᠂ ᠲᠣᠰᠬᠠᠢ ᠠᠰᠢᠭ ᠤᠨ ᠡᠷᠬᠡ ᠣᠯᠭᠤᠭᠰᠠᠨ ᠬᠡᠮᠵᠢᠶ᠎ᠡ 24.1% ᠪᠠᠷ | ᠨᠡᠮᠡᠭᠳᠡᠵᠦ᠂ ᠳᠡᠭᠡᠲᠦ ᠰᠢᠨ᠎ᠡ ᠮᠡᠷᠭᠡᠵᠢᠯ ᠤᠨ ᠠᠵᠣ ᠠᠬᠤᠶᠢᠯᠠᠯ 180 ᠡᠷᠦᠬᠡ ᠳᠤ ᠬᠦᠷᠴᠦ᠂ ᠦᠪᠡᠷᠲᠡᠭᠡᠨ ᠵᠠᠰᠠᠬᠤ | ᠣᠷᠣᠨ ᠤ ᠭᠤᠣᠯᠳᠠᠯᠭ᠎ᠠ ᠲᠠᠢ ᠲᠣᠷᠰᠢᠯᠲᠠ ᠶᠢᠨ ᠲᠠᠰᠤᠭ᠂ ᠢᠨᠵᠧᠨᠧᠷᠢᠩ ᠤᠨ ᠮᠡᠷᠭᠡᠵᠢᠯ ᠤᠨ ᠰᠣᠳᠣᠯᠣᠯ ᠤᠨ ᠲᠦᠪ | ᠲᠣᠰ ᠲᠣᠰ 79 ᠡᠷᠦᠬᠡ ᠪᠠ 86 ᠡᠷᠦᠬᠡ ᠳᠤ ᠬᠦᠷᠪᠠ᠃ | ︵ᠭᠤᠷᠪᠠ︶ ᠦᠷᠭᠦᠯᠵᠢᠯᠡᠨ ᠬᠦᠭᠵᠢᠬᠦ ᠴᠢᠳᠠᠪᠣᠷᠢ ᠢᠯᠡᠳᠲᠡ ᠨᠡᠮᠡᠭᠳᠡᠪᠡ᠃ ᠪᠡᠯᠡ ᠣᠷᠣᠭᠤᠯᠣᠯᠲᠠ | ᠪᠣᠯᠣᠨ ᠲᠦᠷᠦᠯ ᠵᠦᠢᠯ ᠤᠨ ᠪᠦᠲᠦᠭᠡᠨ ᠪᠠᠶᠢᠭᠤᠯᠣᠯᠲᠠ ᠶᠢᠨ ᠡᠷᠴᠢᠮ ᠢ ᠨᠡᠮᠡᠭᠳᠡᠭᠦᠯᠪᠡ᠃ ᠴᠢᠬᠤᠯᠠ ᠶᠡᠭᠡ ᠲᠦᠷᠦᠯ | ᠵᠦᠢᠯ ᠢ ᠲᠣᠰᠬᠠᠢ ᠵᠦᠢᠯ ᠢᠶᠠᠷ ᠲᠦᠯᠬᠢᠨ ᠠᠬᠢᠭᠤᠯᠬᠤ ᠲᠣᠭᠲᠠᠴᠠ ᠶᠢ ᠪᠠᠶᠢᠭᠤᠯᠵᠣ᠂ ᠪᠦᠬᠦ ᠣᠷᠣᠨ ᠤ ᠴᠢᠬᠤᠯᠠ | ᠶᠡᠭᠡ ᠲᠦᠷᠦᠯ ᠵᠦᠢᠯ ᠤᠨ ᠬᠡᠷᠡᠭᠵᠢᠭᠦᠯᠬᠦ ᠲᠦᠯᠦᠪᠯᠡᠯᠭᠡ ᠳᠤ ᠵᠢᠭᠰᠠᠭᠠᠭᠰᠠᠨ ᠲᠦᠷᠦᠯ ᠵᠦᠢᠯ 623 ᠪᠠᠶᠢᠵᠣ᠂ | 4647. 2 ᠳ᠋ᠦᠡᠭᠰᠢᠭᠤᠷ ᠲᠦᠭᠦᠷᠢᠭ ᠤᠨ ᠪᠡᠯᠡ ᠣᠷᠣᠭᠤᠯᠣᠯᠲᠠ ᠶᠢ ᠪᠡᠶᠡᠯᠡᠭᠦᠯᠪᠠ᠃ ᠲᠦᠷᠦᠯ ᠵᠦᠢᠯ ᠤᠨ | ᠡᠮᠦᠨᠡᠬᠢ ᠬᠤᠭᠤᠴᠠᠭᠠᠨ ᠤ ᠠᠵᠢᠯ ᠴᠢᠬᠤᠯᠠ ᠶᠡᠭᠡ ᠰᠢᠪᠲᠣᠯᠣᠯᠲᠠ ᠲᠠᠢ ᠪᠣᠯᠵᠣ᠂ ᠵᠦᠡᠭ ᠲᠢᠶᠠᠨ ᠡᠾᠧ | ᠴᠣᠸᠠᠩ ᠤᠨ 360 ᠲᠦᠮᠡᠨ ᠲᠣᠨ ᠮᠧᠲ᠋ᠢᠯ ᠠᠯᠺᠣᠣᠯ ᠵᠡᠷᠭᠡ 13 ᠭᠤᠣᠯᠳᠠᠯᠭ᠎ᠠ ᠲᠠᠢ ᠲᠦᠷᠦᠯ ᠵᠦᠢᠯ ᠣᠯᠣᠰ ᠤᠨ | ᠬᠢᠨᠠᠨ ᠵᠦᠪᠰᠢᠶᠡᠷᠡᠯ ᠢ ᠣᠯᠵᠣ᠂ 200 ᠳ᠋ᠦᠡᠭᠰᠢᠭᠤᠷ ᠪᠣᠰᠤᠭ᠎ᠠ ᠳᠦᠷᠪᠡᠯᠵᠢᠨ ᠮᠧᠳ᠋ᠷ ᠪᠦᠬᠦᠢ ᠨᠡᠭᠦᠷᠡᠰᠦ ᠶᠢ ᠬᠡᠢ | ᠪᠣᠯᠭᠠᠵᠣ᠂ ᠢ ᠲᠠᠢ ᠶᠢᠨ 200 ᠲᠦᠮᠡᠨ ᠨᠡᠭᠦᠷᠡᠰᠦ ᠪᠠᠷ ᠲᠣᠰᠣ ᠬᠢᠬᠦ ᠵᠡᠷᠭᠡ 14 ᠭᠤᠣᠯᠳᠠᠯᠭ᠎ᠠ ᠲᠠᠢ ᠲᠦᠷᠦᠯ | ᠵᠦᠢᠯ ᠭᠠᠷᠳᠠᠨ ᠡᠬᠢᠯᠡᠭᠦᠯᠬᠦ ᠳᠡᠭᠡᠨ ᠣᠷᠣᠵᠣ᠂ ᠪᠡᠯᠡ ᠣᠷᠣᠭᠤᠯᠣᠯᠲᠠ ᠶᠢᠨ ᠶᠡᠷᠦᠩᠬᠡᠢ ᠬᠡᠪᠴᠢᠶ᠎ᠡ ᠨᠢ 2700 | ᠳ᠋ᠦᠡᠭᠰᠢᠭᠤᠷ ᠲᠦᠭᠦᠷᠢᠭ ᠪᠣᠯᠣᠭᠰᠠᠨ ᠪᠠᠶᠢᠨ᠎ᠠ᠃ ᠡᠬᠢ ᠪᠠᠶᠠᠯᠢᠭ ᠢ ᠬᠠᠶᠢᠨ ᠪᠠᠶᠢᠴᠠᠭᠠᠬᠤ ᠡᠷᠴᠢᠮ ᠢ ᠨᠡᠮᠡᠭᠳᠡᠭᠦᠯᠵᠦ᠂ | ᠨᠡᠭᠦᠷᠦᠰᠦᠨ ᠤ ᠡᠬᠢ ᠪᠠᠶᠠᠯᠢᠭ ᠤᠨ ᠬᠠᠶᠢᠨ ᠢᠯᠡᠷᠡᠭᠦᠯᠦᠭᠰᠡᠨ ᠬᠠᠳᠠᠭᠠᠯᠠᠭᠳᠠᠴᠠ ᠶᠢ 450 ᠳ᠋ᠦᠡᠭᠰᠢᠭᠤᠷ ᠲᠣᠨ | ᠰᠢᠨ᠎ᠡ ᠪᠠᠷ ᠨᠡᠮᠡᠭᠳᠡᠬᠦᠯᠪᠡ᠃ ᠵᠠᠮ ᠬᠠᠷᠢᠯᠴᠠᠭ᠎ᠠ᠂ ᠣᠰᠣᠨ ᠠᠰᠢᠭᠯᠠᠯᠲᠠ᠂ ᠴᠠᠬᠢᠯᠭᠠᠨ ᠬᠦᠴᠦᠨ ᠵᠡᠷᠭᠡ ᠰᠠᠭᠤᠷᠢ | ᠪᠡᠯᠡᠳᠭᠡᠮᠵᠢ ᠶᠢᠨ ᠪᠦᠲᠦᠭᠡᠨ ᠪᠠᠶᠢᠭᠤᠯᠣᠯᠲᠠ ᠶᠢ ᠲᠦᠷᠭᠡᠳᠬᠡᠪᠡ᠃ ᠵᠠᠰᠠᠮᠠᠯ ᠵᠠᠮ ᠤᠨ ᠪᠦᠲᠦᠭᠡᠨ ᠪᠠᠶᠢᠭᠤᠯᠣᠯᠲᠠ ᠳᠤ | 656 ᠳ᠋ᠦᠡᠭᠰᠢᠭᠤᠷ ᠲᠦᠭᠦᠷᠢᠭ ᠤᠨ ᠪᠡᠯᠡ ᠣᠷᠣᠭᠤᠯᠣᠯᠲᠠ ᠶᠢ ᠪᠡᠶᠡᠯᠡᠭᠦᠯᠵᠦ᠂ ᠣᠷᠣᠨ ᠠᠴᠠ ᠭᠠᠷᠬᠤ 30 | ᠵᠣᠷᠪᠣᠰ ᠳᠡᠭᠡᠲᠦ ᠳᠡᠰ ᠤᠨ ᠵᠠᠰᠠᠮᠠᠯ ᠵᠠᠮ ᠢ ᠪᠦᠬᠦᠨ ᠢ ᠨᠡᠪᠲᠡᠷᠡᠭᠦᠯᠵᠦ᠂ ᠳᠡᠭᠡᠲᠦ ᠬᠤᠷᠳᠣ ᠶᠢᠨ ᠵᠠᠰᠠᠮᠠᠯ ᠵᠠᠮ ᠤᠨ | ᠣᠷᠳᠣ 4080 ᠺᠢᠯᠣᠮᠧᠳ᠋ᠷ ᠲᠤ ᠬᠦᠷᠴᠦ᠂ ᠨᠢᠭᠡᠲᠦᠭᠡᠷ ᠳᠡᠰ ᠤᠨ ᠵᠠᠰᠠᠮᠠᠯ ᠵᠠᠮ 5578 ᠺᠢᠯᠣᠮᠧᠳ᠋ᠷ ᠲᠤ ᠬᠦᠷᠴᠦ᠂ | ᠪᠠᠷᠣᠭᠰᠢᠨ ᠱᠦᠢᠨᠢ ᠵᠠᠮ ᠨᠡᠪᠲᠡᠷᠡᠭᠰᠡᠨ ᠭᠠᠴᠠᠭ᠎ᠠ ᠲᠣᠰᠬᠤᠨ ᠢ 1021 ᠶᠢ ᠰᠢᠨ᠎ᠡ ᠪᠠᠷ ᠨᠡᠮᠡᠭᠳᠡᠭᠦᠯᠪᠡ᠃ ᠲᠡᠮᠦᠷ | ᠵᠠᠮ ᠤᠨ ᠪᠦᠲᠦᠭᠡᠨ ᠪᠠᠶᠢᠭᠤᠯᠣᠯᠲᠠ ᠳᠤ 140 ᠳ᠋ᠦᠡᠭᠰᠢᠭᠤᠷ ᠲᠦᠭᠦᠷᠢᠭ ᠤᠨ ᠪᠡᠯᠡ ᠣᠷᠣᠭᠤᠯᠣᠯᠲᠠ ᠶᠢ | ᠪᠡᠶᠡᠯᠡᠭᠦᠯᠵᠦ᠂ 700 ᠺᠢᠯᠣᠮᠧᠳ᠋ᠷ ᠲᠡᠮᠦᠷ ᠵᠠᠮ ᠢ ᠰᠢᠨ᠎ᠡ ᠪᠠᠷ ᠪᠠᠶᠢᠭᠤᠯᠵᠣ᠂ ᠲᠡᠮᠦᠷ ᠵᠠᠮ ᠤᠨ ᠲᠡᠭᠡᠭᠡᠪᠦᠷᠢ | ᠡᠵᠡᠩᠨᠡᠭᠰᠡᠨ ᠶᠡᠷᠦᠩᠬᠡᠢ ᠣᠷᠲᠣ 1.1 ᠲᠦᠮᠡᠨ ᠺᠢᠯᠣᠮᠧᠳ᠋ᠷ ᠲᠤ ᠬᠦᠷᠴᠦ᠂ ᠪᠦᠬᠦ ᠣᠯᠣᠰ ᠤᠨ ᠲᠡᠷᠢᠭᠦᠨ | ᠪᠠᠶᠢᠷᠢᠨ ᠳᠤ ᠣᠷᠣᠪᠠ᠃ ᠨᠢᠰᠭᠡᠯ ᠤᠨ ᠪᠠᠭᠤᠳᠠᠯ ᠤᠨ ᠪᠦᠲᠦᠭᠡᠨ ᠪᠠᠶᠢᠭᠤᠯᠣᠯᠲᠠ ᠳᠤ 16 ᠳ᠋ᠦᠡᠭᠰᠢᠭᠤᠷ | ᠲᠦᠭᠦᠷᠢᠭ ᠤᠨ ᠪᠡᠯᠡ ᠣᠷᠣᠭᠤᠯᠣᠯᠲᠠ ᠶᠢ ᠪᠡᠶᠡᠯᠡᠭᠦᠯᠵᠦ᠂ 60% ᠪᠠᠷ ᠨᠡᠮᠡᠭᠳᠡᠨ᠂ ᠠᠯᠠᠱᠠ ᠶᠢᠨ ᠵᠢᠵᠢᠭ | ᠬᠡᠯᠪᠡᠷᠢ ᠶᠢᠨ ᠨᠢᠰᠭᠡᠯ ᠤᠨ ᠪᠠᠭᠤᠳᠠᠯ ᠤᠨ ᠠᠶᠠᠯᠠᠯ ᠢ ᠨᠡᠪᠲᠡᠷᠡᠭᠦᠯᠵᠦ᠂ ᠦᠪᠦᠷ ᠮᠣᠩᠭᠤᠯ ᠤᠨ ᠠᠭᠠᠷ ᠤᠨ | ᠲᠡᠭᠡᠭᠡᠪᠦᠷᠢ ᠶᠢᠨ ᠺᠣᠮᠫᠠᠨᠢ ᠠᠰᠢᠭᠯᠠᠯᠲᠠ ᠳᠤ ᠣᠷᠣᠵᠣ ᠲᠡᠭᠡᠭᠡᠪᠦᠷᠢ ᠡᠵᠡᠩᠨᠡᠨ᠂ ᠪᠦᠬᠦ ᠣᠷᠣᠨ ᠤ ᠨᠢᠰᠭᠡᠯ ᠤᠨ | ᠪᠠᠭᠤᠳᠠᠯ ᠤᠨ ᠶᠡᠷᠦᠩᠬᠡᠢ ᠲᠤᠭ᠎ᠠ 18 ᠳᠤ ᠬᠦᠷᠪᠡ᠃ ᠣᠰᠣᠨ ᠠᠰᠢᠭᠯᠠᠯᠲᠠ ᠶᠢᠨ ᠪᠦᠲᠦᠭᠡᠨ ᠪᠠᠶᠢᠭᠤᠯᠣᠯᠲᠠ ᠳᠤ | 130 ᠳ᠋ᠦᠡᠭᠰᠢᠭᠤᠷ ᠲᠦᠭᠦᠷᠢᠭ ᠤᠨ ᠪᠡᠯᠡ ᠣᠷᠣᠭᠤᠯᠣᠯᠲᠠ ᠶᠢ ᠪᠡᠶᠡᠯᠡᠭᠦᠯᠵᠦ᠂ ᠬᠠᠶᠢᠷᠦᠪ ᠤᠨ ᠲᠣᠬᠤᠢ ᠶᠢᠨ | ᠣᠰᠣᠨ ᠠᠰᠢᠭᠯᠠᠯᠲᠠ ᠶᠢᠨ ᠵᠠᠩᠭᠢᠯᠠᠭ᠎ᠠ ᠵᠡᠷᠭᠡ ᠭᠤᠣᠯᠳᠠᠯᠭ᠎ᠠ ᠲᠠᠢ ᠣᠰᠣ ᠠᠰᠢᠭᠯᠠᠯᠲᠠ ᠶᠢᠨ ᠪᠠᠷᠢᠯᠭ᠎ᠠ ᠣᠷᠣᠭᠰᠢᠲᠠᠢ | ᠠᠬᠢᠪᠠ᠃ ᠴᠠᠬᠢᠯᠭᠠᠨ ᠬᠦᠴᠦᠨ ᠤ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠣᠯᠲᠠ ᠶᠢ ᠲᠡᠭᠦᠯᠳᠡᠷᠵᠢᠭᠦᠯᠵᠦ᠂ | ᠬᠦᠳᠡᠭᠡ ᠲᠣᠰᠬᠤᠨ ᠤ ᠴᠠᠬᠢᠯᠭᠠᠨ ᠤ ᠲᠣᠣᠷ ᠤᠨ ᠥᠭᠡᠷᠡᠴᠢᠯᠡᠵᠦ ᠳᠡᠰ ᠳᠡᠪᠰᠢᠭᠦᠯᠬᠦ ᠶᠢ ᠲᠦᠷᠭᠡᠳᠭᠡᠨ᠂ | ᠲᠠᠷᠢᠶᠠᠯᠠᠬᠤ ᠮᠠᠯᠵᠢᠬᠤ ᠣᠷᠣᠨ ᠤ ᠡᠷᠦᠬᠡ ᠪᠣᠯᠭᠠᠨ ᠳᠤ ᠴᠠᠬᠢᠯᠭᠠᠨ ᠨᠡᠪᠲᠡᠷᠡᠭᠦᠯᠬᠦ ᠶᠢ ᠦᠨᠳᠦᠰᠦᠨ ᠳᠡᠭᠡᠨ | ᠪᠡᠶᠡᠯᠡᠭᠦᠯᠪᠡ᠃ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠡᠬᠢ ᠪᠠᠶᠠᠯᠢᠭ ᠢ ᠠᠷᠪᠢᠯᠠᠵᠣ | ᠠᠰᠢᠭᠯᠠᠬᠤ ᠶᠢ ᠴᠢᠩᠭᠠᠳᠬᠠᠪᠠ᠃ ᠭᠤᠣᠯᠳᠠᠯᠭ᠎ᠠ ᠲᠠᠢ ᠠᠮᠢ ᠠᠬᠤᠢ ᠶᠢᠨ ᠲᠦᠷᠦᠯ ᠵᠦᠢᠯ ᠢ ᠬᠡᠷᠡᠭᠵᠢᠭᠦᠯᠵᠦ᠂ ᠣᠢ | ᠰᠢᠭᠤᠢ ᠶᠢᠨ ᠲᠠᠯᠠᠪᠠᠢ ᠶᠢ 1205 ᠲᠦᠮᠡᠨ ᠮᠦ ᠪᠡᠶᠡᠯᠡᠭᠦᠯᠵᠦ᠂ ᠡᠭᠦᠨ ᠳᠤ ᠵᠢᠷᠭᠤᠭᠠᠨ ᠲᠣᠮᠣ ᠭᠤᠣᠯᠳᠠᠯᠭ᠎ᠠ ᠲᠠᠢ | ᠣᠷᠣᠨ ᠪᠦᠰᠡ 196 ᠲᠦᠮᠡᠨ ᠮᠦ ᠮᠣᠳᠣ ᠲᠠᠷᠢᠵᠣ ᠣᠶᠢᠵᠢᠭᠤᠯᠪᠠ᠃ ᠨᠣᠲᠤᠭ ᠪᠡᠯᠴᠢᠭᠡᠷ ᠤᠨ ᠠᠮᠢ ᠠᠬᠤᠢ ᠶᠢᠨ | ᠲᠣᠰᠠᠯᠠᠵᠣ ᠱᠠᠩᠨᠠᠬᠤ ᠲᠣᠭᠲᠠᠴᠠ ᠶᠢ ᠨᠠᠶᠢᠳᠠᠪᠣᠷᠢᠵᠢᠭᠤᠯᠣᠨ᠂ ᠱᠠᠲᠣ ᠦᠶ᠎ᠡ ᠶᠢᠨ ᠴᠢᠨᠠᠷᠲᠠᠢ ᠮᠠᠯᠵᠢᠬᠤ ᠶᠢ | ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠨᠣᠲᠤᠭ | ᠪᠡᠯᠴᠢᠭᠡᠷ ᠤᠨ ᠪᠦᠲᠦᠭᠡᠨ ᠪᠠᠶᠢᠭᠤᠯᠣᠯᠲᠠ ᠶᠢᠨ ᠶᠡᠷᠦᠩᠬᠡᠢ ᠬᠡᠪᠴᠢᠶ᠎ᠡ 5307.3 ᠲᠦᠮᠡᠨ ᠮᠦ ᠪᠠᠶᠢᠵᠣ᠂ ᠨᠣᠲᠤᠭ | ᠪᠡᠯᠴᠢᠭᠡᠷ ᠤᠨ ᠳᠣᠮᠳᠠᠴᠢ ᠣᠷᠭᠤᠮᠠᠯ ᠤᠨ ᠬᠤᠴᠢᠯᠭ᠎ᠠ ᠶᠢᠨ ᠪᠦᠷᠬᠦᠴᠡ 44.1% ᠪᠣᠯᠵᠣ᠂ ᠵᠠᠭᠤᠨ ᠤ ᠨᠢᠭᠡᠴᠢ ᠶᠢᠨ | 1 ᠪᠠᠷ ᠳᠡᠭᠡᠭᠰᠢᠯᠡᠵᠦ᠂ ᠬᠦᠷᠦᠰᠦ ᠰᠢᠷᠣᠢ ᠶᠢ ᠬᠠᠮᠠᠭᠠᠯᠠᠬᠤ ᠶᠡᠷᠦᠩᠬᠡᠶᠢᠯᠡᠨ ᠵᠠᠰᠠᠬᠤ ᠲᠠᠯᠠᠪᠠᠢ ᠶᠢ 650 ᠲᠦᠮᠡᠨ ᠮᠦ | ᠪᠡᠶᠡᠯᠡᠭᠦᠯᠪᠡ᠃ ᠪᠡᠭᠡᠵᠢᠩ ᠲᠢᠶᠠᠨᠵᠢᠨ ᠡᠾᠧᠪᠸᠢ ᠬᠢᠭᠡᠳ ᠣᠷᠴᠢᠨ ᠲᠣᠭᠤᠷᠢᠨ ᠤ ᠭᠠᠵᠠᠷ ᠣᠷᠣᠨ ᠤ ᠠᠭᠠᠷ | ᠮᠠᠨᠳᠠᠯ ᠤᠨ ᠪᠣᠬᠢᠷᠳᠣᠯ ᠢ ᠰᠡᠷᠭᠡᠶᠢᠯᠡᠨ ᠵᠠᠰᠠᠬᠤ ᠠᠵᠢᠯᠠᠯᠭ᠎ᠠ ᠶᠢᠨ ᠲᠦᠯᠦᠪᠯᠡᠯᠭᠡ ᠶᠢ ᠬᠢᠨᠠᠮᠠᠭᠠᠢ ᠨᠠᠶᠢᠳᠠᠪᠣᠷᠢᠵᠢᠭᠤᠯᠣᠨ᠂ | ᠭᠤᠣᠯᠳᠠᠯᠭ᠎ᠠ ᠲᠠᠢ ᠰᠠᠪᠠ ᠭᠠᠵᠠᠷ ᠤᠨ ᠣᠰᠣᠨ ᠤ ᠪᠣᠬᠢᠷᠳᠣᠯ᠂ ᠬᠦᠨᠳᠦ ᠲᠡᠮᠦᠷᠯᠢᠭ ᠤᠨ ᠪᠣᠬᠢᠷᠳᠣᠯ ᠢ ᠰᠡᠷᠭᠡᠶᠢᠯᠡᠨ | ᠵᠠᠰᠠᠬᠤ ᠪᠠ ᠭᠤᠣᠯᠳᠠᠯᠭ᠎ᠠ ᠲᠠᠢ ᠣᠷᠣᠨ ᠪᠦᠰᠡ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠲᠦᠯᠬᠢᠨ | ᠠᠬᠢᠭᠤᠯᠵᠣ᠂ ᠣᠷᠴᠢᠯ ᠠᠵᠣ ᠠᠬᠤᠢ ᠶᠢ ᠶᠡᠬᠡᠪᠡᠷ ᠬᠦᠭᠵᠢᠭᠦᠯᠦᠨ᠂ ᠬᠤᠴᠣᠷᠣᠩᠭᠤᠢ ᠦᠢᠯᠡᠳᠪᠦᠷᠢᠯᠡᠬᠦ | ᠴᠢᠳᠠᠪᠣᠷᠢ ᠶᠢ ᠲᠦᠷᠭᠡᠳᠭᠡᠨ ᠰᠢᠭᠰᠢᠭᠳᠡᠭᠦᠯᠵᠦ᠂ ᠨᠢᠭᠡᠴᠢ ᠦᠢᠯᠡᠳᠪᠦᠷᠢᠯᠡᠯ ᠤᠨ ᠶᠡᠷᠦᠩᠬᠡᠢ ᠦᠷᠲᠡᠭ ᠲᠠᠬᠢ | ᠡᠨᠧᠷᠬᠢ ᠶᠢᠨ ᠬᠤᠷᠣᠭᠳᠠᠭᠤᠯᠭ᠎ᠠ ᠪᠣᠯᠣᠨ ᠨᠡᠭᠦᠷᠡᠰᠦᠳᠦᠷᠦᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠬᠤ | ᠬᠡᠮᠵᠢᠶ᠎ᠡ ᠶᠢ ᠲᠣᠰ ᠲᠣᠰ 4.5% ᠪᠠ 5% ᠪᠠᠷ ᠪᠠᠭᠤᠷᠠᠭᠤᠯᠵᠣ᠂ ᠣᠯᠣᠰ ᠤᠨ ᠪᠠᠭᠤᠯᠭᠠᠭᠰᠠᠨ ᠬᠠᠷᠠᠯᠲᠠ ᠶᠢᠨ | ᠡᠭᠦᠷᠬᠡ ᠶᠢ ᠳᠠᠪᠠᠭᠤᠯᠣᠨ ᠪᠡᠶᠡᠯᠡᠭᠦᠯᠪᠡ᠃ ᠭᠠᠵᠠᠷ ᠰᠢᠷᠣᠢ᠂ ᠣᠰᠣ ᠬᠢᠭᠡᠳ ᠠᠭᠤᠷᠠᠬᠠᠢ ᠶᠢᠨ ᠭᠠᠷᠣᠯᠲᠠ ᠶᠢᠨ ᠡᠬᠢ | ᠪᠠᠶᠠᠯᠢᠭ ᠤᠨ ᠬᠠᠮᠢᠶᠠᠷᠣᠯᠲᠠ ᠶᠢ ᠴᠢᠩᠳᠠᠯᠠᠵᠣ᠂ ᠡᠬᠢ ᠪᠠᠶᠠᠯᠢᠭ ᠢ ᠶᠡᠷᠦᠩᠬᠡᠶᠢᠯᠡᠨ ᠨᠡᠬᠡᠬᠡᠨ ᠠᠰᠢᠭᠯᠠᠬᠤ ᠬᠢᠷᠢ ᠬᠡᠮᠵᠢᠶ᠎ᠡ | ᠣᠯᠠᠮ ᠨᠢᠭᠡ ᠠᠯᠬᠤᠮ ᠳᠡᠭᠡᠭᠰᠢᠯᠡᠪᠠ᠃ | ︵ᠳᠦᠷᠪᠡ︶ ᠥᠭᠡᠷᠡᠴᠢᠯᠡᠯᠲᠡ ᠨᠡᠬᠡᠬᠡᠯᠲᠡ ᠲᠠᠰᠣᠷᠠᠯᠲᠠ ᠦᠭᠡᠢ ᠭᠦᠨᠵᠡᠭᠡᠶᠢᠷᠡᠪᠡ᠃ ᠵᠠᠰᠠᠭ ᠵᠠᠬᠢᠷᠭᠠᠨ ᠤ | ᠬᠢᠨᠠᠨ ᠵᠦᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠲᠦᠷᠭᠡᠳᠭᠡᠨ᠂ ᠵᠠᠰᠠᠭ ᠢ ᠶᠡᠬᠡᠪᠡᠷ ᠴᠣᠮᠬᠠᠳᠬᠠᠨ ᠡᠷᠬᠡ ᠶᠢ | ᠲᠠᠯᠪᠢᠵᠣ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠵᠦᠢᠯᠡᠰ ᠢ 103 ᠶᠢ ᠬᠦᠴᠦᠨ ᠦᠭᠡᠢ ᠪᠣᠯᠭᠠᠭᠰᠠᠨ ᠪᠠ | ᠳᠣᠷᠣᠭᠰᠢ ᠪᠠᠭᠤᠯᠭᠠᠵᠣ᠂ ᠡᠯ᠎ᠡ ᠲᠦᠷᠦᠯ ᠤᠨ ᠰᠦᠢᠳᠭᠡᠯ ᠬᠤᠷᠢᠶᠠᠬᠤ 116 ᠵᠦᠢᠯᠡᠰ ᠢ ᠢᠯᠭᠠᠷᠠᠭᠤᠯᠣᠨ | ᠵᠢᠷᠣᠮᠵᠢᠭᠤᠯᠪᠠ᠃ ᠣᠯᠣᠰ ᠤᠨ ᠦᠮᠴᠢᠯᠡᠯᠲᠦ ᠬᠦᠷᠦᠩᠬᠡ ᠶᠢ ᠳᠠᠬᠢᠨ ᠵᠣᠬᠢᠶᠠᠨ ᠪᠠᠶᠢᠭᠤᠯᠬᠤ ᠪᠠ ᠲᠣᠬᠢᠷᠠᠭᠤᠯᠬᠤ ᠶᠢ | ᠲᠦᠷᠭᠡᠳᠭᠡᠨ᠂ ᠦᠪᠡᠷᠲᠡᠭᠡᠨ ᠵᠠᠰᠠᠬᠤ ᠣᠷᠣᠨ ᠤ ᠭᠠᠵᠠᠷ ᠰᠢᠨᠵᠢᠯᠡᠭᠡᠨ ᠤ ᠠᠭᠤᠷᠬᠠᠢ ᠶᠢᠨ ᠦᠢᠯᠡᠰ ᠡᠨᠧᠷᠬᠢ ᠶᠢᠨ | ᠪᠦᠲᠦᠭᠡᠨ ᠪᠠᠶᠢᠭᠤᠯᠣᠯᠲᠠ᠂ ᠵᠠᠮ ᠬᠠᠷᠢᠯᠴᠠᠭᠠᠨ ᠤ ᠪᠡᠯᠡ ᠣᠷᠣᠭᠤᠯᠣᠯᠲᠠ ᠵᠡᠷᠭᠡ ᠭᠤᠷᠪᠠᠨ ᠶᠡᠭᠡ ᠪᠦᠯᠦᠭᠯᠡᠯ ᠢ | ᠵᠣᠬᠢᠶᠠᠨ ᠪᠠᠶᠢᠭᠤᠯᠵᠣ᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠪᠠᠶᠢᠭᠤᠯᠣᠯᠲᠠ ᠶᠢᠨ ᠲᠦᠰᠦᠯ ᠢ ᠰᠣᠳᠣᠯᠣᠨ | ᠨᠡᠶᠢᠳᠡᠯᠡᠵᠦ᠂ ᠰᠢᠣᠳᠠᠨ ᠬᠤᠯᠪᠣᠭ᠎ᠠ ᠬᠢᠭᠡᠳ ᠲᠡᠮᠦᠷ ᠵᠠᠮ ᠤᠨ ᠲᠡᠭᠡᠭᠡᠪᠦᠷᠢ ᠶᠢᠨ ᠦᠢᠯᠡᠰ ᠤᠨ ᠡᠵᠡᠩᠨᠡᠯᠲᠡ ᠶᠢᠨ | ᠭᠠᠶᠢᠯᠢ ᠶᠢ ᠦᠷᠲᠡᠭ ᠨᠡᠮᠡᠭᠳᠡᠯ ᠤᠨ ᠭᠠᠶᠢᠯᠢ ᠪᠣᠯᠭᠠᠨ ᠦᠭᠡᠷᠴᠢᠯᠡᠬᠦ ᠲᠣᠷᠰᠢᠯᠲᠠ ᠶᠢᠨ ᠴᠢᠭ᠋ ᠤᠨ ᠠᠵᠢᠯ ᠢ | ᠡᠬᠢᠯᠡᠭᠦᠯᠵᠦ᠂ ᠡᠬᠢ ᠪᠠᠶᠠᠯᠢᠭ ᠤᠨ ᠭᠠᠶᠢᠯᠢ ᠶᠢᠨ ᠥᠭᠡᠷᠡᠴᠢᠯᠡᠯᠲᠡ ᠶᠢᠨ ᠡᠷᠴᠢᠮ ᠢ ᠨᠡᠮᠡᠭᠳᠡᠭᠦᠯᠪᠡ᠃ ᠬᠤᠲᠠ | ᠬᠦᠳᠡᠭᠡ ᠶᠢ ᠨᠢᠭᠡᠳᠦᠯᠲᠡᠢ ᠲᠦᠯᠦᠪᠯᠡᠨ ᠬᠦᠭᠵᠢᠭᠦᠯᠬᠦ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ︽ᠡᠷᠬᠡ ᠶᠢ ᠦᠷᠭᠡᠳᠭᠡᠨ ᠰᠢᠶᠠᠨ ᠢ ᠬᠦᠴᠦᠷᠬᠡᠭᠵᠢᠭᠦᠯᠬᠦ︾ ᠪᠠ ᠲᠠᠷᠢᠶᠠᠯᠠᠬᠤ ᠮᠠᠯᠵᠢᠬᠤ ᠣᠷᠣᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢᠨ ᠲᠣᠷᠰᠢᠯᠲᠠ ᠶᠢᠨ ᠴᠢᠭ᠋ ᠤᠨ ᠠᠵᠢᠯ ᠢ ᠦᠷᠨᠢᠭᠦᠯᠵᠦ᠂ ᠨᠡᠶᠢᠬᠡᠮ ᠤᠨ ᠦᠢᠯᠡᠰ ᠤᠨ ᠬᠦᠷᠢᠶᠡᠨ ᠤ | ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠪᠠ᠃ ᠲᠣᠲᠣᠭᠠᠳᠣ ᠭᠠᠳᠠᠭᠠᠳᠣ ᠨᠡᠬᠡᠬᠡᠯᠲᠡ ᠶᠢ ᠣᠯᠠᠮ | ᠨᠢᠭᠡ ᠠᠯᠬᠤᠮ ᠦᠷᠭᠡᠳᠭᠡᠨ᠂ ᠦᠪᠦᠷ ᠮᠣᠩᠭᠤᠯ ᠭᠤᠸᠠᠩᠳᠦ᠋ᠡᠭ ᠤᠨ ᠰᠢᠨᠵᠢᠯᠡᠬᠦ ᠣᠬᠠᠭᠠᠨ ᠮᠡᠷᠭᠡᠵᠢᠯ ᠤᠨ | ᠬᠤᠷᠰᠢᠯᠴᠠᠭᠠᠨ ᠤ ᠠᠵᠢᠯᠠᠯᠭ᠎ᠠ ᠶᠢᠨ ᠭᠠᠷᠠᠭ᠂ ᠦᠪᠦᠷ ᠮᠣᠩᠭᠤᠯ ᠰᠢᠶᠠᠩᠭᠠᠡᠭ ᠣᠣᠮᠧᠨ ᠤ ᠠᠵᠣ ᠠᠬᠤᠢ | ᠠᠷᠠᠯᠵᠢᠶᠠᠨ ᠤ ᠬᠤᠷᠰᠢᠯᠴᠠᠭᠠᠨ ᠤ ᠭᠠᠷᠠᠭ ᠪᠣᠯᠣᠨ ᠵᠡᠭᠦᠨ ᠬᠤᠶᠢᠲᠣ ᠶᠢᠨ ᠳᠦᠷᠪᠡᠨ ᠮᠣᠵᠢ ᠣᠷᠣᠨ ᠤ ᠵᠠᠰᠠᠭ | ᠵᠠᠬᠢᠷᠭᠠᠨ ᠤ ᠳᠠᠷᠤᠭ᠎ᠠ ᠶᠢᠨ ᠬᠠᠮᠲᠣᠷᠠᠭᠰᠠᠨ ᠬᠤᠷᠠᠯᠳᠣᠭᠠᠨ ᠢ ᠠᠮᠵᠢᠯᠲᠠ ᠲᠠᠢ ᠡᠷᠬᠢᠯᠡᠵᠦ᠂ ᠣᠯᠣᠰ ᠤᠨ ᠲᠣᠲᠣᠭᠠᠲᠣ | ︵ᠣᠷᠣᠨ ᠤ ᠭᠠᠳᠠᠨ᠎ᠠ︶ ᠶᠢᠨ 4400 ᠳ᠋ᠦᠡᠭᠰᠢᠭᠤᠷ ᠲᠦᠭᠦᠷᠢᠭ ᠤᠨ ᠪᠡᠯᠡ ᠮᠦᠡᠭᠭᠦ ᠶᠢ ᠣᠷᠣᠭᠤᠯᠵᠣ ᠢᠷᠠᠨ | ᠪᠣᠳᠠᠲᠠᠶᠢᠵᠢᠭᠤᠯᠵᠣ᠂ 25% ᠪᠠᠷ ᠨᠡᠮᠡᠭᠳᠡᠪᠡ᠃ ᠣᠮᠠᠷᠠᠰᠢ ᠨᠡᠬᠡᠬᠡᠯᠲᠡ ᠬᠢᠬᠦ ᠪᠠᠶᠢᠯᠳᠣᠬᠤ ᠪᠣᠳᠣᠯᠭ᠎ᠠ ᠶᠢ | ᠲᠦᠷᠭᠡᠳᠭᠡᠨ ᠠᠬᠢᠭᠤᠯᠵᠣ᠂ ᠭᠠᠳᠠᠭᠠᠳᠣ ᠠᠵᠣ ᠠᠬᠤᠢ ᠠᠷᠠᠯᠵᠢᠶ᠎ᠠ ᠪᠣᠯᠣᠨ ᠪᠣᠭᠤᠮᠲᠠ ᠶᠢᠨ ᠬᠦᠭᠵᠢᠯᠲᠡ ᠶᠢ | ᠠᠬᠢᠭᠤᠯᠬᠤ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ᠂ ᠭᠠᠳᠠᠭᠠᠲᠣ ᠠᠷᠠᠯᠵᠢᠶ᠎ᠠ | ᠰᠡᠷᠭᠦᠯᠲᠡ ᠶᠢᠨ ᠴᠢᠨᠠᠷᠲᠠᠢ ᠨᠡᠮᠡᠭᠳᠡᠯ ᠢ ᠪᠡᠶᠡᠯᠡᠭᠦᠯᠵᠦ᠂ ᠭᠠᠳᠠᠭᠠᠳᠣ ᠠᠴᠠ ᠣᠷᠣᠭᠤᠯᠵᠣ ᠭᠠᠳᠠᠭᠠᠲᠣ ᠳᠤ ᠭᠠᠷᠭᠠᠬᠤ | ᠶᠡᠷᠦᠩᠬᠡᠢ ᠲᠤᠭ᠎ᠠ ᠶᠢ 120 ᠳ᠋ᠦᠡᠭᠰᠢᠭᠤᠷ ᠳ᠋ᠣᠯᠯᠠᠷ ᠪᠡᠶᠡᠯᠡᠭᠦᠯᠵᠦ᠂ 6.5% ᠣᠷᠴᠢᠮ ᠢᠶᠠᠷ ᠨᠡᠮᠡᠭᠳᠡᠪᠡ︔ | ᠭᠠᠳᠠᠭᠠᠳᠣ ᠪᠡᠯᠡ ᠶᠢ 44 ᠳ᠋ᠦᠡᠭᠰᠢᠭᠤᠷ ᠳ᠋ᠣᠯᠯᠠᠷ ᠪᠣᠲᠠᠲᠠᠢ ᠠᠰᠢᠭᠯᠠᠵᠣ᠂ 12% ᠢᠶᠠᠷ ᠨᠡᠮᠡᠭᠳᠡᠪᠡ᠃ | ︵ᠲᠠᠪᠤ︶ ᠠᠷᠠᠳ ᠤᠨ ᠠᠮᠢᠳᠣᠷᠠᠯ ᠢ ᠪᠠᠲᠣᠯᠠᠨ ᠰᠠᠶᠢᠵᠢᠷᠠᠭᠤᠯᠬᠤ ᠡᠷᠴᠢᠮ ᠢ ᠨᠡᠮᠡᠭᠳᠡᠭᠦᠯᠪᠡ᠃ | ᠡᠳ᠋ ᠤᠨ ᠵᠠᠰᠠᠭ ᠤᠨ ᠣᠷᠣᠯᠭ᠎ᠠ ᠵᠠᠷᠣᠯᠭ᠎ᠠ ᠶᠢᠨ ᠵᠦᠷᠢᠴᠡᠯ ᠳᠣᠪᠤᠶᠢᠮ᠎ᠠ ᠪᠠᠶᠢᠭ᠎ᠠ ᠪᠠᠶᠢᠳᠠᠯ ᠤᠨ ᠳᠣᠣᠷ᠎ᠠ᠂ ︽ | ᠠᠯᠪᠠᠨ ᠤ ᠭᠤᠷᠪᠠᠨ ᠵᠦᠢᠯ ᠤᠨ ᠵᠠᠷᠣᠳᠠᠯ︾ ᠪᠣᠯᠣᠨ ᠡᠩ ᠤᠨ ᠴᠢᠨᠠᠷᠲᠠᠢ ᠵᠠᠷᠣᠯᠭ᠎ᠠ ᠶᠢ ᠪᠠᠭᠠᠰᠬᠠᠬᠤ ᠵᠡᠷᠭᠡ ᠠᠷᠭ᠎ᠠ | ᠬᠡᠮᠵᠢᠶ᠎ᠡ ᠪᠠᠷ ᠳᠠᠮᠵᠢᠭᠤᠯᠣᠨ᠂ ᠠᠷᠠᠳ ᠤᠨ ᠠᠮᠢᠳᠣᠷᠠᠯ ᠤᠨ ᠣᠷᠣᠭᠤᠯᠣᠯᠲᠠ ᠶᠢ ᠪᠦᠬᠦ ᠬᠦᠴᠦᠨ ᠢᠶᠠᠷ ᠢᠶᠠᠨ | ᠪᠠᠳᠣᠯᠠᠪᠠ᠃ ᠪᠦᠬᠦ ᠣᠷᠣᠨ ᠤ ᠡᠳ᠋ ᠤᠨ ᠵᠠᠰᠠᠭ ᠤᠨ ᠠᠷᠠᠳ ᠤᠨ ᠠᠮᠢᠳᠣᠷᠠᠯ ᠳᠠᠬᠢ ᠵᠠᠷᠣᠯᠭ᠎ᠠ 2340 | ᠳ᠋ᠦᠡᠭᠰᠢᠭᠤᠷ ᠲᠦᠭᠦᠷᠢᠭ ᠪᠠᠶᠢᠵᠣ᠂ ᠣᠯᠠᠨ ᠨᠡᠶᠢᠲᠡ ᠶᠢᠨ ᠡᠳ᠋ ᠤᠨ ᠵᠠᠰᠠᠭ ᠲᠦᠰᠦᠪ ᠤᠨ ᠵᠠᠷᠣᠯᠭ᠎ᠠ ᠶᠢᠨ 63. | 6% ᠶᠢ ᠡᠵᠡᠯᠡᠪᠡ᠃ ᠬᠤᠲᠠ ᠪᠠᠯᠭᠠᠰᠣ ᠶᠢᠨ ᠰᠠᠭᠤᠭᠠᠯᠢ ᠠᠷᠠᠳ ᠤᠨ ᠬᠦᠮᠦᠨ ᠪᠦᠷᠢ ᠶᠢᠨ ᠡᠵᠡᠮᠳᠡᠵᠦ ᠪᠣᠯᠬᠤ | ᠳᠣᠮᠳᠠᠴᠢ ᠣᠷᠣᠯᠭ᠎ᠠ ᠵᠢᠱᠢᠯᠲᠡ ᠪᠠᠷ 25497 ᠲᠦᠭᠦᠷᠢᠭ ᠪᠠᠶᠢᠵᠣ᠂ 10.1% ᠪᠠᠷ ᠨᠡᠮᠡᠭᠳᠡᠪᠡ︔ ᠮᠠᠯᠴᠢᠨ | ᠲᠠᠷᠢᠶᠠᠴᠢᠨ ᠬᠦᠮᠦᠨ ᠪᠦᠷᠢ ᠶᠢᠨ ᠳᠣᠮᠳᠠᠴᠢ ᠴᠡᠪᠡᠷ ᠣᠷᠣᠯᠭ᠎ᠠ 8596 ᠲᠦᠭᠦᠷᠢᠭ ᠪᠠᠶᠢᠵᠣ᠂ 12.9% ᠪᠠᠷ | ᠨᠡᠮᠡᠭᠳᠡᠵᠦ᠂ ᠴᠦᠮ ᠠᠵᠣ ᠠᠬᠤᠢ ᠶᠢᠨ ᠨᠡᠮᠡᠭᠳᠡᠯ ᠤᠨ ᠬᠤᠷᠳᠣᠴᠠ ᠶᠢ ᠳᠠᠪᠠᠪᠠ᠃ ᠠᠳᠠᠯ ᠦᠢᠯᠡᠰ ᠴᠣᠭᠴᠠᠯᠠᠬᠤ ᠪᠠᠷ | ᠠᠵᠢᠯ ᠣᠯᠭᠤᠬᠤ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠭᠦᠯᠪᠡ᠃ ᠠᠵᠢᠯ ᠣᠯᠭᠤᠬᠤ ᠪᠣᠯᠪᠠᠰᠣᠷᠠᠭᠤᠯᠣᠯ ᠪᠣᠯᠣᠨ | ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠢ ᠴᠢᠩᠭᠠᠳᠬᠠᠨ᠂ ᠳᠡᠭᠡᠳᠦ ᠰᠣᠷᠭᠠᠭᠤᠯᠢ ᠲᠡᠭᠦᠰᠦᠭᠰᠡᠳ | ᠵᠡᠷᠭᠡ ᠭᠤᠣᠯᠳᠠᠯᠭ᠎ᠠ ᠲᠠᠢ ᠬᠦᠮᠦᠰ ᠲᠤ ᠠᠵᠢᠯ ᠣᠯᠭᠤᠬᠤ ᠶᠢ ᠠᠬᠢᠭᠤᠯᠵᠣ᠂ ᠬᠤᠲᠠ ᠪᠠᠯᠭᠠᠰᠣ ᠶᠢᠨ ᠠᠵᠢᠯ | ᠣᠯᠭᠤᠯᠲᠠ ᠳᠤ ᠰᠢᠨ᠎ᠡ ᠪᠠᠷ 27.1 ᠲᠦᠮᠡᠨ ᠬᠦᠮᠦᠨ ᠨᠡᠮᠡᠭᠳᠡᠭᠦᠯᠵᠦ᠂ 14 ᠲᠦᠮᠡᠨ ᠳᠡᠭᠡᠳᠦ ᠰᠣᠷᠭᠠᠭᠤᠯᠢ | ᠲᠡᠭᠦᠰᠭᠡᠭᠰᠡᠳ ᠲᠤ ᠠᠵᠢᠯ ᠣᠯᠭᠤᠭᠰᠠᠨ ᠪᠣᠶᠣ ᠠᠵᠢᠯ ᠣᠯᠭᠤᠬᠤ ᠬᠠᠨᠳᠣᠰᠢ ᠶᠢ ᠨᠢ ᠨᠠᠶᠢᠳᠠᠪᠣᠷᠢᠵᠢᠭᠤᠯᠣᠨ᠂ | ᠲᠠᠶᠢᠷᠶᠠᠯᠠᠬᠤ ᠮᠠᠯᠵᠢᠬᠤ ᠣᠷᠣᠨ ᠤ ᠬᠦᠳᠡᠯᠮᠦᠷᠢ ᠬᠦᠴᠦᠨ ᠢ 259.3 ᠲᠦᠮᠡᠨ ᠬᠦᠮᠦᠨ ᠣᠳᠠᠭ᠎ᠠ ᠰᠢᠯᠵᠢᠭᠦᠯᠦᠨ | ᠠᠵᠢᠯ ᠣᠯᠭᠤᠵᠣ᠂ ᠠᠳᠠᠯ ᠦᠢᠯᠡᠰ ᠴᠣᠭᠴᠠᠯᠠᠬᠤ ᠪᠠᠷ 15.37 ᠲᠦᠮᠡᠨ ᠬᠦᠮᠦᠨ ᠳᠤ ᠠᠵᠢᠯ ᠣᠯᠭᠤᠵᠣ᠂ ᠬᠤᠲᠠ | ᠪᠠᠯᠭᠠᠰᠣ ᠶᠢᠨ ᠠᠵᠢᠯ ᠠᠯᠳᠠᠯᠲᠠ ᠶᠢᠨ ᠳᠠᠩᠰᠣᠯᠠᠭᠤᠯᠬᠤ ᠨᠣᠷᠮ᠎ᠠ ᠶᠢ 3.66% ᠶᠢᠨ ᠨᠡᠯᠢᠶᠡᠳ ᠳᠣᠣᠷ᠎ᠠ ᠬᠢᠷᠢ | ᠬᠡᠮᠵᠢᠶᠡᠨ ᠳᠤ ᠬᠢᠵᠠᠭᠠᠷᠯᠠᠪᠠ᠃ ᠨᠡᠶᠢᠬᠡᠮ ᠤᠨ ᠪᠠᠲᠣᠯᠠᠭ᠎ᠠ ᠶᠢᠨ ᠬᠢᠷᠢ ᠬᠡᠮᠵᠢᠶᠡᠨ ᠶᠢ ᠯᠠᠪᠳᠠᠭᠤᠨ ᠢᠶᠠᠷ | ᠳᠡᠭᠡᠭᠰᠢᠯᠡᠭᠦᠯᠪᠡ᠃ ᠠᠵᠣ ᠠᠬᠤᠶᠢᠯᠠᠯ ᠤᠨ ᠠᠵᠢᠯ ᠠᠴᠠ ᠪᠠᠨ ᠪᠠᠭᠤᠭᠰᠠᠨ ᠬᠦᠮᠦᠰ ᠤᠨ ᠨᠠᠰᠣᠵᠢᠯ ᠶᠢ ᠮᠦᠡᠭᠭᠦ᠂ | ᠬᠤᠲᠠ ᠬᠦᠳᠡᠭᠡ ᠶᠢᠨ ᠠᠮᠢᠳᠣᠷᠠᠯ ᠤᠨ ᠨᠠᠭᠠᠳᠣ ᠵᠠᠬ᠎ᠠ ᠶᠢᠨ ᠪᠠᠲᠣᠯᠠᠭ᠎ᠠ ᠵᠡᠷᠭᠡ ᠨᠡᠶᠢᠬᠡᠮ ᠤᠨ ᠪᠠᠲᠣᠯᠠᠭ᠎ᠠ ᠶᠢᠨ | ᠪᠠᠷᠢᠮᠵᠢᠶ᠎ᠠ ᠶᠢ ᠴᠦᠮ 10% ᠠᠴᠠ ᠳᠡᠭᠡᠭᠰᠢ ᠪᠠᠷ ᠳᠡᠭᠡᠭᠰᠢᠯᠡᠭᠦᠯᠵᠦ ᠬᠤᠲᠠ ᠬᠦᠳᠡᠭᠡ ᠶᠢᠨ ᠠᠮᠢᠳᠣᠷᠠᠯ ᠨᠠᠭᠠᠳᠣ | ᠵᠠᠬ᠎ᠠ ᠶᠢᠨ ᠪᠠᠲᠣᠯᠠᠭ᠎ᠠ᠂ ᠲᠠᠷᠢᠶᠠᠯᠠᠬᠤ ᠮᠠᠯᠵᠢᠬᠤ ᠣᠷᠣᠨ ᠣᠷᠣᠨ ᠤ ︽ᠲᠠᠪᠣᠨ ᠪᠠᠲᠣᠯᠠᠭ᠎ᠠ︾᠂ ᠬᠤᠲᠠ | ᠪᠠᠯᠭᠠᠰᠣ ᠶᠢᠨ ︽ᠭᠤᠷᠪᠠᠨ ᠦᠭᠡᠢ︾ ᠬᠦᠮᠦᠰ ᠪᠣᠯᠣᠨ ᠦᠨᠦᠴᠢᠨ ᠬᠡᠣᠬᠡᠳ ᠲᠤ ᠲᠣᠰᠠᠯᠠᠬᠤ ᠪᠠᠷᠢᠮᠵᠢᠶ᠎ᠠ ᠪᠦᠬᠦ | ᠣᠯᠣᠰ ᠤᠨ ᠡᠮᠦᠨᠡᠭᠦᠷ ᠣᠷᠣᠵᠣ᠂ ᠶᠠᠳᠠᠭᠤ ᠬᠦᠴᠢᠷᠳᠡᠯᠲᠡᠢ ᠣᠶᠣᠲᠠᠨ᠂ ᠭᠠᠮᠰᠢᠭᠳᠠᠭᠰᠠᠨ ᠣᠯᠠᠨ ᠲᠦᠮᠡᠨ ᠢ | ᠪᠦᠲᠦᠮᠵᠢᠲᠡᠢ ᠲᠡᠩᠬᠡᠷᠡᠭᠦᠯᠦᠨ ᠲᠣᠰᠠᠯᠠᠪᠠ᠃ ᠬᠠᠰᠣᠵᠣ ᠪᠠᠭᠠᠰᠬᠠᠭᠰᠠᠨ ︽ᠠᠯᠪᠠᠨ ᠤ ᠭᠤᠷᠪᠠᠨ ᠵᠦᠢᠯ ᠤᠨ ᠵᠠᠷᠣᠳᠠᠯ | ︾ ᠤᠨ ᠲᠣᠲᠣᠷ᠎ᠠ ᠠᠴᠠ 18 ᠳ᠋ᠦᠡᠭᠰᠢᠭᠤᠷ ᠲᠦᠭᠦᠷᠢᠭ ᠲᠣᠬᠢᠷᠠᠭᠤᠯᠵᠣ᠂ 295 ᠲᠦᠮᠡᠨ ᠣᠷᠣᠯᠭ᠎ᠠ ᠪᠠᠭ᠎ᠠ ᠲᠠᠢ | ᠲᠠᠷᠢᠶᠠᠯᠠᠬᠤ ᠮᠠᠯᠵᠢᠬᠤ ᠡᠷᠦᠬᠡ ᠶᠢᠨ ᠡᠷᠦᠬᠡ ᠪᠦᠷᠢ ᠳᠤ 1 ᠲᠣᠨ ᠳᠣᠯᠠᠭᠠᠯᠠᠯᠠᠭᠠ ᠶᠢᠨ ᠨᠡᠭᠦᠷᠡᠰᠦ ᠣᠯᠭᠤᠪᠠ᠃ | ᠠᠷᠠᠳ ᠤᠨ ᠠᠮᠢᠳᠣᠷᠠᠯ ᠤᠨ ᠣᠰᠣᠨ ᠠᠰᠢᠭᠯᠠᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠲᠠᠷᠢᠶᠠᠯᠠᠬᠤ ᠮᠠᠯᠵᠢᠬᠤ | ᠣᠷᠣᠨ ᠤ 100 ᠲᠦᠮᠡᠨ ᠬᠦᠮᠦᠨ ᠤ ᠠᠶᠣᠯ ᠦᠭᠡᠢ ᠣᠣᠭᠤᠬᠤ ᠣᠰᠣᠨ ᠤ ᠠᠰᠠᠭᠤᠳᠠᠯ ᠢ ᠰᠢᠢᠳᠪᠦᠷᠢᠯᠡᠪᠡ᠃ | ᠶᠠᠳᠠᠭᠤ ᠶᠢ ᠲᠡᠳᠬᠦᠨ ᠪᠣᠭᠤᠮᠲᠠ ᠰᠢᠪᠲᠣᠯᠬᠤ ᠢᠨᠵᠧᠨᠧᠷᠢᠩ ᠢ ᠶᠡᠬᠡᠪᠡᠷ ᠲᠦᠯᠬᠢᠨ ᠠᠬᠢᠭᠤᠯᠪᠠ᠃ ᠮᠣᠵᠢ ᠶᠢᠨ | ᠲᠡᠰ ᠤᠨ ᠣᠳᠣᠷᠢᠳᠬᠤ ᠺᠠᠳ᠋ᠷ ᠤᠨ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠲᠠᠢ ᠬᠠᠷᠢᠯᠴᠠᠬᠤ ᠠᠵᠢᠯ ᠢ | ᠨᠠᠶᠢᠳᠠᠪᠣᠷᠢᠵᠭᠤᠯᠵᠣ᠂ 23 ᠠᠵᠢᠯ ᠲᠦᠷᠦᠯ᠂ 38 ᠶᠠᠳᠠᠭᠤ ᠬᠦᠴᠢᠷᠳᠡᠯᠲᠡᠢ ᠬᠤᠰᠢᠭᠤ ᠰᠢᠶᠠᠨ ᠤ ᠶᠠᠳᠠᠭᠤ ᠶᠢ | ᠲᠡᠳᠭᠦᠵᠦ ᠨᠡᠭᠡᠭᠡᠨ ᠬᠦᠭᠵᠢᠭᠦᠯᠬᠦ ᠲᠦᠯᠦᠪᠵᠢᠭᠦᠯᠭᠡ ᠶᠢ ᠨᠠᠶᠢᠷᠠᠭᠤᠯᠣᠨ ᠵᠣᠬᠢᠶᠠᠵᠣ᠂ ᠶᠠᠳᠠᠭᠤ ᠶᠢ ᠳᠡᠳᠬᠦᠬᠦ | ᠣᠷᠣᠭᠤᠯᠣᠯᠲᠠ 100 ᠳ᠋ᠦᠡᠭᠰᠢᠭᠤᠷ ᠲᠦᠭᠦᠷᠢᠭ ᠢ ᠳᠠᠪᠠᠵᠣ᠂ ᠶᠠᠳᠠᠭᠤ ᠶᠢ ᠳᠡᠳᠬᠦᠵᠦ ᠨᠡᠭᠡᠭᠡᠨ ᠬᠦᠭᠵᠢᠭᠦᠯᠬᠦ | ᠲᠦᠷᠦᠯ ᠵᠦᠢᠯ 961 ᠶᠢ ᠬᠡᠷᠡᠭᠵᠢᠭᠦᠯᠵᠦ᠂ 40.8 ᠲᠦᠮᠡᠨ ᠶᠠᠳᠠᠭᠤ ᠬᠦᠴᠢᠷᠳᠡᠯᠲᠡᠢ ᠬᠦᠮᠦᠨ ᠠᠮᠠ ᠶᠢ | ᠲᠣᠭᠲᠠᠭᠤᠨ ᠢᠶᠠᠷ ᠶᠠᠳᠠᠭᠤ ᠠᠴᠠ ᠨᠢ ᠠᠩᠬᠢᠵᠢᠷᠠᠭᠤᠯᠬᠤ ᠶᠢ ᠪᠡᠶᠡᠯᠡᠭᠦᠯᠵᠦ᠂ ᠶᠠᠳᠠᠭᠤ ᠬᠦᠴᠢᠷᠳᠡᠯ ᠲᠠᠢ ᠶᠢᠨ ᠪᠣᠢ | ᠪᠣᠯᠬᠤ ᠨᠣᠷᠮ᠎ᠠ 17.8% ᠪᠠᠶᠢᠭᠰᠠᠨ ᠠᠴᠠ ᠨᠢ 14.9% ᠪᠣᠯᠲᠠᠯ᠎ᠠ ᠪᠠᠭᠤᠷᠠᠭᠤᠯᠵᠤ᠂ ᠶᠠᠳᠠᠭᠤ ᠬᠦᠴᠢᠷᠳᠡᠯᠲᠡᠢ | ᠬᠦᠮᠦᠨ ᠠᠮᠠ ᠶᠢᠨ ᠳᠤᠮᠳᠠᠴᠢ ᠣᠷᠣᠯᠭ᠎ᠠ ᠶᠢ 16% ᠠᠴᠠ ᠳᠡᠭᠡᠭᠰᠢ ᠨᠡᠮᠡᠭᠳᠡᠭᠦᠯᠪᠡ᠃ ᠠᠷᠠᠳ ᠣᠯᠠᠨ ᠤ ᠬᠢᠮᠲᠠ | ᠣᠷᠣᠨ ᠰᠠᠭᠤᠴᠠ ᠶᠢᠨ ᠢᠨᠵᠧᠨᠧᠷᠢᠩ ᠢ ᠯᠠᠪᠳᠠᠭᠤᠨ ᠪᠠᠲᠣᠲᠠᠢ ᠲᠦᠯᠬᠢᠨ ᠠᠬᠢᠭᠤᠯᠪᠠ᠃ ᠪᠠᠲᠣᠯᠠᠭ᠎ᠠ ᠶᠢᠨ ᠴᠢᠨᠠᠷᠲᠠᠢ | ᠣᠷᠣᠨ ᠰᠠᠭᠤᠴᠠ ᠶᠢᠨ ᠪᠦᠲᠦᠭᠡᠨ ᠪᠠᠶᠢᠭᠤᠯᠣᠯᠲᠠ ᠪᠣᠯᠣᠨ ᠲᠠᠷᠢᠶᠠᠯᠠᠬᠤ ᠮᠠᠯᠵᠢᠬᠤ ᠣᠷᠣᠨ ᠤ ᠨᠣᠷᠠᠬᠤ ᠠᠶᠣᠯ ᠲᠠᠢ | ᠭᠡᠷ ᠪᠠᠶᠢᠰᠢᠩ ᠢ ᠰᠢᠨᠡᠳᠭᠡᠨ ᠵᠠᠰᠠᠬᠤ ᠠᠯᠬᠤᠴᠠ ᠶᠢ ᠲᠦᠷᠭᠡᠳᠭᠡᠨ᠂ ᠪᠣᠭᠤᠲᠣ ᠶᠢᠨ ᠬᠤᠶᠢᠲᠣ ᠬᠢᠷ᠎ᠡ ᠵᠡᠷᠭᠡ ᠲᠦᠬᠦᠮ | ᠪᠦᠳᠦᠭᠦᠯᠢᠭ ᠣᠷᠣᠨ ᠰᠠᠭᠤᠴᠠ ᠶᠢᠨ ᠲᠣᠭᠤᠷᠢᠭ ᠢ ᠲᠦᠪᠯᠡᠷᠡᠭᠦᠯᠦᠨ ᠰᠢᠨᠡᠳᠭᠡᠨ ᠵᠠᠰᠠᠬᠤ ᠲᠦᠷᠦᠯ ᠵᠦᠢᠯ ᠢ ᠪᠦᠬᠦ | ᠲᠠᠯ᠎ᠠ ᠪᠠᠷ ᠡᠬᠢᠯᠡᠭᠦᠯᠵᠦ᠂ ᠡᠯ᠎ᠡ ᠲᠦᠷᠦᠯ ᠤᠨ ᠪᠠᠲᠣᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢ 17. 8 ᠲᠦᠮᠡᠨ | ᠢᠵᠢ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠵᠣ᠂ ᠪᠠᠷᠢᠯᠭ᠎ᠠ ᠡᠬᠢᠯᠡᠭᠦᠯᠦᠭᠰᠡᠨ ᠨᠣᠷᠮ᠎ᠠ 101. 6% ᠪᠣᠯᠪᠠ︔ | ᠲᠠᠷᠢᠶᠠᠯᠠᠬᠤ ᠮᠠᠯᠵᠢᠬᠤ ᠣᠷᠣᠨ ᠤ 12.75 ᠲᠦᠮᠡᠨ ᠡᠷᠦᠬᠡ ᠶᠢᠨ ᠨᠣᠷᠠᠬᠤ ᠠᠶᠣᠯ ᠲᠠᠢ ᠭᠡᠷ ᠪᠠᠶᠢᠰᠢᠩ ᠢ | ᠰᠢᠨᠡᠳᠭᠡᠨ ᠵᠠᠰᠠᠬᠤ ᠶᠢ ᠪᠡᠶᠡᠯᠡᠭᠦᠯᠵᠦ᠂ ᠣᠯᠣᠰ ᠠᠴᠠ ᠪᠠᠭᠤᠯᠭᠠᠭᠰᠠᠨ 3.65 ᠲᠦᠮᠡᠨ ᠡᠷᠦᠬᠡ ᠶᠢᠨ ᠡᠭᠦᠷᠭᠡ ᠠᠴᠠ | ᠳᠠᠪᠠᠪᠠ᠃ ᠡᠯ᠎ᠡ ᠵᠦᠢᠯ ᠤᠨ ᠨᠡᠶᠢᠬᠡᠮ ᠤᠨ ᠦᠢᠯᠡᠰ ᠢ ᠪᠦᠬᠦ ᠲᠠᠯ᠎ᠠ ᠪᠠᠷ ᠬᠦᠭᠵᠢᠭᠦᠯᠪᠡ᠃ ᠰᠣᠷᠬᠤ ᠨᠠᠰᠣᠨ ᠠᠴᠠ | ᠡᠮᠦᠨᠡᠬᠢ ᠰᠣᠷᠭᠠᠨ ᠬᠦᠮᠦᠵᠢᠯ ᠤᠨ ᠭᠤᠷᠪᠠᠨ ᠵᠢᠯ ᠤᠨ ᠠᠵᠢᠯᠠᠯᠭ᠎ᠠ ᠶᠢᠨ ᠲᠦᠯᠦᠪᠯᠡᠯᠭᠡ ᠶᠢ ᠦᠨᠳᠦᠰᠦᠨ ᠳᠤ ᠪᠠᠨ | ᠪᠡᠶᠡᠯᠡᠭᠦᠯᠵᠦ᠂ ᠳᠣᠮᠲᠠ ᠵᠡᠷᠭᠡ ᠶᠢᠨ ᠠᠵᠢᠯ ᠮᠡᠷᠭᠡᠵᠢᠯ ᠤᠨ ᠰᠣᠷᠭᠠᠨ ᠬᠦᠮᠦᠵᠢᠯ ᠤᠨ ᠥᠭᠡᠷᠡᠴᠢᠯᠡᠯᠲᠡ ᠪᠣᠯᠣᠨ | ᠬᠦᠭᠵᠢᠯᠲᠡ ᠶᠢ ᠣᠷᠣᠭᠰᠢᠲᠠᠢ ᠲᠦᠯᠬᠢᠨ ᠠᠬᠢᠭᠤᠯᠵᠣ᠂ ᠠᠯᠪᠠᠨ ᠵᠢᠷᠣᠮ ᠤᠨ ᠰᠣᠷᠭᠠᠨ ᠬᠦᠮᠦᠵᠢᠯ᠂ ᠦᠨᠳᠦᠷ | ᠵᠡᠷᠭᠡ ᠶᠢᠨ ᠲᠣᠮᠲᠠᠲᠣ ᠰᠣᠷᠭᠠᠭᠤᠯᠢ ᠶᠢᠨ ᠱᠠᠲᠣ ᠦᠶ᠎ᠡ ᠶᠢᠨ ᠰᠦᠢᠳᠭᠡᠯ ᠬᠤᠷᠢᠶᠠᠬᠤ ᠦᠭᠡᠢ ᠰᠣᠷᠠᠭᠠᠨ | ᠬᠦᠮᠦᠵᠢᠯ ᠤᠨ ᠵᠠᠷᠣᠳᠠᠯ ᠪᠣᠯᠣᠨ ᠭᠤᠣᠯᠳᠠᠯᠭ᠎ᠠ ᠲᠠᠢ ᠰᠣᠷᠭᠠᠨ ᠬᠦᠮᠦᠵᠢᠯ ᠤᠨ ᠢᠨᠵᠧᠨᠧᠷᠢᠩ ᠤᠨ ᠪᠦᠲᠦᠭᠡᠨ | ᠪᠠᠶᠢᠭᠤᠯᠣᠯᠲᠠ ᠶᠢᠨ ᠲᠦᠷᠦᠯ ᠵᠦᠢᠯ ᠤᠨ ᠪᠡᠯᠡ ᠮᠦᠡᠭᠭᠦ ᠶᠢ ᠪᠦᠬᠦᠨ ᠢ ᠨᠠᠶᠢᠳᠠᠪᠣᠷᠢᠵᠢᠭᠤᠯᠵᠣ᠂ ᠡᠯ᠎ᠡ ᠱᠠᠲᠣᠨ ᠤ | ᠡᠯ᠎ᠡ ᠲᠦᠷᠦᠯ ᠤᠨ ᠰᠣᠷᠭᠠᠨ ᠬᠦᠮᠦᠵᠢᠯ ᠵᠣᠬᠢᠴᠠᠩᠭᠤᠢ ᠪᠠᠷ ᠬᠦᠭᠵᠢᠪᠡ᠃ ᠬᠤᠲᠠ ᠬᠦᠳᠡᠭᠡ ᠶᠢᠨ ᠡᠮᠨᠡᠯᠭᠡ ᠪᠣᠯᠣᠨ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠣᠯᠲᠠ ᠶᠢ ᠴᠢᠩᠭᠠᠳᠬᠠᠨ᠂ | ᠠᠯᠪᠠᠨ ᠠᠴᠠ ᠪᠠᠶᠢᠭᠤᠯᠣᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ᠂ ᠬᠤᠲᠠ ᠬᠦᠳᠡᠭᠡ ᠶᠢᠨ ᠰᠠᠭᠤᠭᠠᠯᠢ | ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠲᠣᠷᠰᠢᠯᠲᠠ ᠵᠡᠷᠭᠡ ᠠᠵᠢᠯ ᠢ ᠣᠷᠣᠭᠰᠢᠲᠠᠢ ᠠᠬᠢᠭᠤᠯᠪᠠ᠃ | ᠨᠡᠶᠢᠭᠡᠮ ᠵᠢᠷᠣᠮ ᠤᠨ ᠭᠤᠣᠯᠯᠠᠬᠤ ᠦᠷᠲᠡᠭ ᠤᠨ ᠰᠢᠰᠲ᠋ᠧᠮᠵᠢ ᠶᠢᠨ ᠪᠠᠶᠢᠭᠤᠯᠣᠯᠲᠠ ᠶᠢ ᠭᠦᠨᠵᠡᠭᠡᠢ ᠲᠦᠯᠬᠢᠨ | ᠠᠬᠢᠭᠤᠯᠵᠣ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠂ | ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠬᠡᠷᠡᠭᠵᠢᠭᠦᠯᠵᠦ᠂ ᠠᠷᠪᠠᠳᠣᠭᠠᠷ ᠬᠤᠭᠤᠴᠠᠭᠠᠨ ᠤ | ᠲᠠᠯ᠎ᠠ ᠨᠣᠲᠤᠭ ᠤᠨ ᠰᠣᠶᠣᠯ ᠤᠨ ᠨᠠᠶᠢᠷ ᠢ ᠠᠮᠵᠢᠯᠲᠠ ᠲᠠᠢ ᠡᠷᠬᠢᠯᠡᠵᠦ᠂ ᠰᠣᠶᠣᠯ ᠤᠨ ᠪᠠᠶᠢᠭᠤᠯᠣᠯ ᠤᠨ | ᠥᠭᠡᠷᠡᠴᠢᠯᠡᠯᠲᠡ ᠪᠣᠯᠣᠨ ᠰᠣᠶᠣᠯ ᠤᠨ ᠠᠵᠣ ᠦᠢᠯᠡᠰ ᠤᠨ ᠬᠦᠭᠵᠢᠯᠲᠡ ᠶᠢ ᠲᠦᠷᠭᠡᠳᠭᠡᠭᠡᠳ᠂ ᠣᠯᠠᠨ ᠲᠦᠮᠡᠨ ᠤ | ᠣᠶᠣᠨ ᠤ ᠰᠣᠶᠣᠯ ᠤᠨ ᠠᠮᠢᠳᠣᠷᠠᠯ ᠡᠳᠦᠷ ᠢᠷᠡᠬᠦᠶ᠎ᠡ ᠡᠯᠪᠡᠭ ᠪᠠᠶᠠᠯᠢᠭ ᠪᠣᠯᠪᠠ᠃ ᠣᠶᠣᠨ ᠪᠢᠯᠢᠭ ᠲᠠᠢ ᠬᠤᠲᠠ ᠪᠠ | ᠨᠡᠶᠢᠬᠡᠮ ᠲᠣᠭᠤᠷᠢᠭ ᠤᠨ ᠪᠠᠶᠢᠭᠤᠯᠣᠯᠲᠠ ᠶᠢ ᠲᠦᠯᠬᠢᠨ ᠠᠬᠢᠭᠤᠯᠵᠣ᠂ ᠮᠣᠩᠭᠤᠯ ᠦᠭᠡ ᠬᠡᠯᠡ ᠦᠰᠦᠭ ᠪᠢᠴᠢᠭ ᠤᠨ | ᠮᠡᠳᠡᠭᠡ ᠵᠠᠩᠬᠢᠵᠢᠭᠤᠯᠣᠯᠲᠠ ᠶᠢᠨ ᠪᠠᠶᠢᠭᠤᠯᠣᠯᠲᠠ ᠶᠢ ᠲᠣᠰᠬᠠᠢ ᠵᠦᠢᠯ ᠢᠶᠠᠷ ᠲᠡᠳᠬᠦᠵᠦ᠂ ᠭᠠᠷ ᠣᠲᠠᠰᠣ ᠪᠠᠷ | ᠮᠣᠩᠭᠤᠯ ᠣᠬᠤᠷ ᠴᠢᠮᠡᠭᠡ ᠢᠯᠡᠭᠡᠬᠦ ᠪᠠ ᠮᠡᠳᠡᠭᠡ ᠵᠠᠩᠬᠢ ᠬᠡᠷᠡᠭᠯᠡᠬᠦ ᠶᠢ ᠪᠡᠶᠡᠯᠡᠭᠦᠯᠪᠡ᠃ ᠮᠠᠯᠵᠢᠬᠤ ᠲᠠᠷᠢᠶᠠᠯᠠᠬᠤ | ᠣᠷᠣᠨ ᠤ ︽ᠵᠢᠷᠭᠤᠭ᠎ᠠ ᠪᠠᠷ ᠪᠦᠬᠦᠨ ᠢ ᠬᠠᠮᠣᠷᠬᠤ︾ ᠢᠨᠵᠧᠨᠧᠷᠢᠩ ᠢ ᠬᠡᠷᠡᠭᠵᠢᠬᠦᠯᠵᠦ᠂ ᠬᠤᠲᠠ ᠬᠦᠳᠡᠭᠡ ᠶᠢᠨ | ᠣᠯᠠᠨ ᠨᠡᠶᠢᠲᠡ ᠶᠢᠨ ᠦᠨᠳᠦᠰᠣᠨ ᠦᠢᠯᠡᠴᠢᠯᠡᠭᠡᠨ ᠤ ᠲᠡᠩᠴᠡᠭᠦᠷᠢᠰᠢᠯ ᠤᠨ ᠤᠨ ᠬᠢᠷᠢ ᠬᠡᠮᠵᠢᠶ᠎ᠡ ᠦᠷᠭᠦᠯᠵᠢᠯᠡᠨ | ᠳᠡᠭᠡᠭᠰᠢᠯᠡᠪᠡ᠃ ᠰᠣᠨᠢᠨ ᠮᠡᠳᠡᠭᠡ ᠬᠡᠪᠯᠡᠯ᠂ ᠷᠠᠳᠢᠣ᠋ ᠺᠢᠨᠣ᠋ ᠲᠧᠯᠸᠢᠰ᠂ ᠭᠦᠨ ᠣᠬᠠᠭᠠᠨ ᠨᠡᠶᠢᠬᠡᠮ ᠤᠨ ᠰᠢᠨᠵᠢᠯᠡᠬᠦ | ᠣᠬᠠᠭᠠᠨ ᠤ ᠠᠵᠢᠯ ᠦᠢᠯᠡᠰ ᠴᠡᠴᠡᠭᠯᠡᠨ ᠬᠦᠭᠵᠢᠵᠦ᠂ ᠬᠦᠮᠦᠨ ᠠᠮᠠ ᠬᠢᠭᠡᠳ ᠲᠦᠯᠦᠪᠯᠡᠭᠡᠲᠦ ᠦᠷᠡᠵᠢᠯ ᠤᠨ ᠠᠵᠢᠯ | ᠠᠬᠢᠭᠤᠯᠣᠭᠳᠠᠵᠣ᠂ ᠣᠯᠠᠨ ᠲᠦᠮᠡᠨᠴᠢ ᠴᠢᠨᠠᠷᠲᠠᠢ ᠪᠡᠶ᠎ᠡ ᠶᠢᠨ ᠲᠠᠮᠢᠷ ᠤᠨ ᠠᠵᠢᠯᠠᠯᠭ᠎ᠠ ᠪᠠᠳᠠᠷᠠᠩᠭᠤᠢ ᠦᠷᠨᠢᠵᠦ᠂ | ᠦᠨᠳᠦᠰᠦᠨ ᠱᠠᠰᠢᠨ ᠰᠣᠷᠲᠠᠬᠤᠨ ᠤ ᠠᠵᠢᠯ ᠴᠢᠩᠭᠠᠳᠬᠠᠭᠲᠠᠨ᠂ ᠴᠠᠭ ᠠᠭᠤᠷ᠂ ᠠᠷᠠᠳ ᠤᠨ ᠠᠭᠠᠷ ᠤᠨ | ᠰᠡᠷᠭᠡᠶᠢᠯᠡᠯᠲᠡ᠂ ᠭᠠᠵᠠᠷ ᠬᠦᠲᠡᠯᠦᠯᠲᠡ ᠪᠣᠯᠣᠨ ᠡᠮᠡᠭᠲᠡᠶᠢᠴᠦᠳ ᠬᠡᠣᠬᠡᠳ᠂ ᠦᠲᠡᠭᠦᠰ ᠵᠡᠷᠭᠡ ᠶᠢᠨ ᠠᠵᠢᠯ | ᠯᠠᠪᠳᠠᠭᠤᠨ ᠪᠠᠲᠣᠲᠠᠢ ᠠᠬᠢᠪᠠ᠃ ᠨᠠᠶᠢᠬᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠦᠨᠡᠨᠬᠦ ᠬᠠᠮᠠᠭᠠᠯᠠᠪᠠ᠃ | ︽ᠰᠣᠷᠪᠣᠯᠵᠢᠯᠠᠯ ᠢ ᠶᠡᠬᠡᠪᠡᠷ ᠬᠦᠯᠢᠶᠡᠨ ᠠᠪᠬᠤ︾ ᠠᠵᠢᠯᠠᠯᠭ᠎ᠠ ᠶᠢ ᠭᠦᠨᠵᠡᠭᠡᠢ ᠦᠷᠨᠢᠭᠦᠯᠵᠦ᠂ ᠨᠢᠭᠡ ᠪᠦᠯᠦᠭ | ᠭᠤᠣᠯᠳᠠᠯᠭ᠎ᠠ ᠲᠠᠢ ᠵᠠᠬᠢᠲᠠᠯ ᠰᠣᠷᠪᠣᠯᠵᠢᠯᠠᠯ ᠤᠨ ᠠᠰᠠᠭᠤᠳᠠᠯ ᠢ ᠰᠢᠢᠳᠪᠦᠷᠢᠯᠡᠨ᠂ ᠪᠦᠬᠦ ᠣᠷᠣᠨ ᠤ ᠵᠠᠬᠢᠲᠠᠯ | ᠰᠣᠷᠪᠣᠯᠵᠢᠯᠠᠯ ᠤᠨ ᠬᠡᠮᠵᠢᠶ᠎ᠡ 25.5% ᠪᠠᠷ ᠪᠠᠭᠤᠷᠠᠪᠠ᠃ ︽ᠠᠮᠣᠭᠤᠯᠠᠩ ᠲᠠᠶᠢᠪᠤᠡᠭ ᠦᠪᠦᠷ ᠮᠣᠩᠭᠤᠯ ᠢ | ᠡᠭᠦᠳᠦᠨ ᠪᠠᠶᠢᠭᠤᠯᠬᠤ ᠢᠨᠵᠧᠨᠧᠷᠢᠩ︾ ᠢ ᠯᠠᠪᠳᠠᠭᠤᠨ ᠪᠠᠲᠣᠲᠠᠢ ᠲᠦᠯᠬᠢᠨ ᠠᠬᠢᠭᠤᠯᠵᠣ᠂ ᠡᠯ᠎ᠡ ᠲᠦᠷᠦᠯ ᠤᠨ | ᠬᠠᠣᠯᠢ ᠠᠴᠠ ᠵᠦᠷᠢᠴᠡᠭᠰᠡᠨ ᠶᠠᠯᠠᠲᠣ ᠠᠵᠢᠯᠠᠯᠭ᠎ᠠ ᠳᠤ ᠴᠢᠩᠭ᠎ᠠ ᠴᠣᠬᠢᠯᠲᠠ ᠦᠭᠴᠦ᠂ ᠨᠡᠶᠢᠬᠡᠮ ᠤᠨ ᠡᠶ᠎ᠡ | ᠵᠣᠬᠢᠴᠠᠯ ᠲᠠᠢ ᠲᠣᠭᠲᠠᠭᠤᠨ ᠪᠠᠶᠢᠬᠤ ᠶᠢ ᠪᠠᠲᠣᠯᠠᠪᠠ᠃ ᠠᠶᠣᠯ ᠦᠭᠡᠢ ᠦᠢᠯᠡᠳᠪᠦᠷᠢᠯᠡᠯ ᠪᠣᠯᠣᠨ ᠢᠳᠡᠭᠡᠨ ᠪᠠ | ᠡᠮ ᠤᠨ ᠵᠦᠢᠯ ᠤᠨ ᠠᠶᠣᠯ ᠦᠭᠡᠢ ᠬᠢᠨᠠᠯᠲᠠ ᠬᠠᠮᠢᠶᠠᠷᠣᠯᠲᠠ ᠶᠢ ᠴᠢᠩᠭᠠᠷᠠᠭᠤᠯᠵᠣ᠂ ᠠᠶᠣᠯ ᠦᠭᠡᠢ ᠶᠢᠨ ᠠᠲᠡᠯ | ᠭᠠᠷᠬᠤ ᠲᠤᠭ᠎ᠠ ᠪᠣᠯᠣᠨ ᠠᠲᠡᠭᠰᠡᠨ ᠬᠦᠮᠦᠨ ᠤ ᠲᠤᠭ᠎ᠠ ᠶᠢᠨ ︽ᠬᠤᠶᠠᠭᠤᠯᠠ ᠶᠢ ᠪᠠᠭᠤᠷᠠᠭᠤᠯᠬᠤ︾ ᠶᠢ ᠪᠡᠶᠡᠯᠡᠭᠦᠯᠪᠡ᠃ | ᠣᠯᠣᠰ ᠤᠨ ᠪᠠᠲᠣᠯᠠᠨ ᠬᠠᠮᠠᠭᠠᠯᠠᠯᠲᠠ ᠪᠣᠯᠣᠨ ᠴᠡᠷᠢᠭ ᠠᠩᠬᠢ ᠶᠢᠨ ᠣᠳᠣᠬᠢᠴᠢᠯᠠᠬᠤ ᠪᠦᠲᠦᠭᠡᠨ ᠪᠠᠶᠢᠭᠤᠯᠣᠯᠲᠠ ᠶᠢ | ᠢᠳᠡᠪᠬᠢᠲᠡᠢ ᠳᠡᠮᠵᠢᠵᠣ᠂ ᠣᠯᠣᠰ ᠤᠨ ᠪᠠᠲᠣᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠣᠯᠣᠨ ᠪᠡᠯᠡᠳᠭᠡᠯ ᠬᠦᠴᠦᠨ ᠤ | ᠪᠠᠶᠢᠭᠤᠯᠣᠯᠲᠠ ᠰᠢᠨ᠎ᠡ ᠠᠬᠢᠴᠠ ᠲᠠᠢ ᠪᠣᠯᠪᠠ᠃ | ︵ᠵᠢᠷᠭᠤᠭ᠎ᠠ︶ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠣᠯᠲᠠ ᠴᠢᠩᠭᠠᠳᠬᠠᠭᠳᠠᠪᠠ᠃ | ᠠᠩᠬᠠᠳᠠᠭᠴᠢ ᠪᠦᠯᠦᠭ ᠨᠠᠮ ᠤᠨ ᠣᠯᠠᠨ ᠲᠦᠮᠡᠨᠴᠢ ᠱᠣᠭᠤᠮ ᠤᠨ ᠬᠦᠮᠦᠵᠢᠯ ᠦᠢᠯᠡᠳᠦᠯᠡᠭᠡ ᠶᠢᠨ ᠠᠵᠢᠯᠠᠯᠭ᠎ᠠ ᠶᠢ | ᠬᠢᠨᠠᠮᠠᠭᠠᠢ ᠦᠷᠨᠢᠭᠦᠯᠵᠦ᠂ ᠲᠦᠪ ᠤᠨ ᠨᠠᠶᠢᠮᠠᠨ ᠵᠦᠢᠯ ᠤᠨ ᠲᠣᠭᠲᠠᠭᠠᠯ ᠪᠣᠯᠣᠨ ᠦᠪᠡᠷᠲᠡᠭᠡᠨ ᠵᠠᠰᠠᠬᠤ ᠣᠷᠣᠨ ᠤ | 28 ᠵᠦᠢᠯ ᠤᠨ ᠲᠦᠬᠦᠷ ᠲᠣᠭᠲᠠᠭᠠᠯ ᠢ ᠴᠢᠩᠭ᠎ᠠ ᠨᠠᠶᠢᠳᠠᠪᠣᠷᠢᠵᠢᠭᠤᠯᠣᠨ᠂ ᠦᠡᠭᠭᠡ ᠦᠨᠳᠦᠰᠦ ᠶᠢ ᠨᠢ ᠬᠠᠮᠲᠣᠲᠠ ᠨᠢ | ᠵᠠᠰᠠᠵᠣ᠂ ᠠᠪᠣᠨ ᠳᠣᠣᠷ᠎ᠠ ᠨᠢ ᠥᠭᠡᠷᠡᠴᠢᠯᠡᠬᠦ ᠶᠢ ᠪᠠᠷᠢᠮᠲᠠᠯᠠᠨ᠂ ᠴᠡᠴᠡᠭᠯᠡᠨ ᠰᠠᠶᠢᠵᠢᠷᠠᠭᠤᠯᠬᠤ ᠪᠠ ᠳᠦᠷᠢᠮ | ᠲᠣᠭᠲᠠᠭᠠᠯ ᠪᠠᠶᠢᠭᠤᠯᠬᠤ ᠠᠵᠢᠯ ᠢ ᠳᠣᠪᠤᠶᠢᠮ᠎ᠠ ᠰᠠᠶᠢᠳᠣᠷ ᠠᠳᠬᠤᠨ᠂ ︽ᠳᠦᠷᠪᠡᠨ ᠰᠣᠷᠲᠠᠯ︾ ᠤᠨ ᠲᠠᠯ᠎ᠠ ᠪᠠᠷ ᠬᠢ | ᠳᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠨᠠᠮ ᠪᠠ ᠣᠯᠠᠨ ᠲᠦᠮᠡᠨ ᠤ ᠬᠠᠷᠢᠴᠠᠭ᠎ᠠ ᠶᠢ ᠣᠯᠠᠮ ᠨᠢᠭᠡ | ᠠᠯᠬᠤᠮ ᠨᠢᠭᠲᠠᠷᠠᠭᠤᠯᠣᠨ᠂ ᠵᠠᠰᠠᠭ ᠵᠠᠬᠢᠷᠭᠠᠨ ᠤ ᠪᠠᠶᠢᠭᠤᠯᠣᠯᠭ᠎ᠠ ᠪᠣᠯᠣᠨ ᠺᠠᠳ᠋ᠷ ᠤᠨ ᠰᠣᠷᠲᠠᠯ ᠢᠯᠡᠷᠡᠬᠡᠢ ᠰᠠᠶᠢᠵᠢᠷᠠᠵᠣ | ᠂ ᠵᠠᠰᠠᠭ ᠵᠠᠬᠢᠷᠭᠠᠨ ᠤ ᠬᠦᠴᠦᠨ ᠴᠢᠳᠠᠪᠣᠷᠢ ᠲᠠᠰᠣᠷᠠᠯᠲᠠ ᠦᠭᠡᠢ ᠳᠡᠭᠡᠭᠰᠢᠯᠡᠪᠡ᠃ ᠰᠣᠷᠣᠯᠴᠠᠬᠤ ᠰᠣᠷᠲᠠᠯ | ᠵᠣᠬᠢᠶᠠᠯ ᠤᠨ ᠰᠣᠷᠲᠠᠯ ᠬᠤᠷᠠᠯ ᠤᠨ ᠰᠣᠷᠲᠠᠯ ᠶᠡᠬᠡᠪᠡᠷ ᠬᠠᠯᠠᠨ ᠰᠠᠶᠢᠵᠢᠷᠠᠭᠤᠯᠵᠣ᠂ ᠰᠣᠷᠲᠠᠯ ᠢ ᠲᠦᠪ ᠪᠣᠯᠭᠠᠵᠣ | ᠰᠠᠬᠢᠯᠭ᠎ᠠ ᠪᠠᠲᠣ ᠶᠢ ᠲᠦᠪ ᠴᠢᠩᠭ᠎ᠠ ᠪᠣᠯᠭᠠᠬᠤ ᠲᠣᠰᠬᠠᠢ ᠵᠦᠢᠯ ᠤᠨ ᠠᠵᠢᠯᠠᠯᠭ᠎ᠠ ᠶᠢ ᠭᠦᠨᠵᠡᠭᠡᠢ ᠦᠷᠨᠢᠭᠦᠯᠦᠨ᠂ | ᠪᠠᠷᠢᠮᠵᠢᠶ᠎ᠠ ᠠᠴᠠ ᠬᠡᠲᠦᠷᠡᠭᠰᠡᠨ ᠠᠵᠢᠯᠯᠠᠬᠤ ᠭᠡᠷ ᠪᠣᠯᠣᠨ ᠠᠯᠪᠠᠨ ᠶᠠᠪᠣᠳᠠᠯ ᠳᠤ ᠬᠡᠷᠡᠭᠯᠡᠬᠦ ᠲᠡᠷᠭᠡ ᠶᠢ ᠪᠦᠬᠦ ᠲᠠᠯ᠎ᠠ ᠪᠠᠷ | ᠢᠯᠭᠠᠷᠠᠭᠤᠯᠵᠣ᠂ ᠵᠠᠰᠠᠭ ᠤᠨ ᠣᠷᠳᠣᠨ ᠤ ᠴᠢᠨᠠᠷᠲᠠᠢ ᠠᠰᠠᠷ ᠲᠠᠩᠬᠢᠮ ᠪᠠᠭᠤᠳᠠᠯ ᠭᠠᠵᠠᠷ ᠪᠠᠶᠢᠭᠤᠯᠬᠤ ᠶᠢ ᠴᠢᠩᠭ᠎ᠠ | ᠴᠠᠭᠠᠵᠠᠯᠠᠨ᠂ ᠡᠩ ᠤᠨ ᠴᠢᠨᠠᠷᠲᠠᠢ ᠵᠠᠷᠣᠯᠭ᠎ᠠ ᠶᠢ ᠴᠢᠩᠭ᠎ᠠ ᠬᠢᠵᠠᠭᠠᠷᠯᠠᠵᠣ᠂ ᠪᠦᠬᠦ ᠣᠷᠣᠨ ᠤ ᠵᠠᠰᠠᠭ ᠵᠠᠬᠢᠷᠭᠠᠨ ᠤ | ᠠᠵᠢᠯ ᠦᠢᠯᠡᠰ ᠤᠨ ᠨᠢᠭᠡᠴᠡ ᠶᠢᠨ ︽ᠠᠯᠪᠠᠨ ᠤ ᠭᠤᠷᠪᠠᠨ ᠵᠦᠢᠯ ᠤᠨ ᠵᠠᠷᠣᠳᠠᠯ︾ 34% ᠪᠠᠷ ᠪᠠᠭᠤᠷᠠᠵᠣ᠂ | ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠷᠠᠯ ᠪᠠ ᠲᠠᠷᠬᠠᠭᠠᠬᠤ ᠪᠢᠴᠢᠭ ᠮᠠᠲ᠋ᠧᠷᠢᠶᠠᠯ ᠤᠨ ᠲᠤᠭ᠎ᠠ | ᠬᠡᠮᠵᠢᠶ᠎ᠡ ᠲᠣᠰ ᠲᠣᠰ 14% ᠪᠠ 17% ᠪᠠᠷ ᠪᠠᠭᠠᠰᠪᠠ᠃ ᠦᠪᠡᠷᠲᠡᠭᠡᠨ ᠵᠠᠰᠠᠬᠤ ᠣᠷᠣᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠡᠭᠭᠤ ᠶᠢᠨ ᠬᠤᠷᠢᠶᠠᠨ ᠤ ᠲᠣᠭᠲᠠᠭᠠᠯ ᠢ ᠬᠢᠨᠠᠮᠠᠭᠠᠢ | ᠬᠡᠷᠡᠭᠵᠢᠭᠦᠯᠵᠦ᠂ ᠣᠯᠣᠰ ᠲᠦᠷᠦ ᠶᠢᠨ ᠵᠦᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ | ᠣᠬᠠᠮᠰᠠᠷ ᠠᠴᠠ ᠪᠠᠨ ᠬᠦᠯᠢᠶᠡᠵᠦ᠂ ᠡᠯ᠎ᠡ ᠠᠷᠠᠳᠴᠢᠯᠠᠭᠰᠠᠨ ᠨᠠᠮ ᠪᠦᠯᠦᠭ᠂ ᠠᠵᠣ ᠦᠢᠯᠡᠳᠪᠦᠷᠢ ᠬᠤᠳᠠᠯᠳᠣᠭᠠᠨ ᠤ | ᠬᠤᠯᠪᠣᠭ᠎ᠠ ᠪᠣᠯᠣᠨ ᠨᠠᠮ ᠪᠦᠯᠦᠭ ᠤᠨ ᠪᠣᠰᠣ ᠬᠦᠮᠦᠰ ᠤᠨ ᠰᠠᠨᠠᠯ ᠢ ᠦᠷᠭᠡᠨ ᠢᠶᠠᠷ ᠰᠣᠨᠣᠰᠴᠣ᠂ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠵᠦᠪᠯᠡᠯᠭᠡ᠂ ᠰᠠᠨᠠᠭᠤᠯᠭ᠎ᠠ ᠪᠣᠯᠣᠨ ᠣᠯᠣᠰ | ᠲᠦᠷᠦ ᠶᠢᠨ ᠵᠦᠪᠯᠡᠯᠭᠡᠨ ᠤ ᠬᠡᠰᠢᠭᠦᠳ ᠢ ᠳᠣᠷᠠᠳᠣᠯᠭ᠎ᠠ ᠶᠢ ᠴᠠᠭ ᠲᠣᠬᠠᠢ ᠳᠤᠨᠢ ᠭᠦᠢᠴᠡᠳᠭᠡᠪᠡ᠃ ᠵᠠᠰᠠᠭ ᠤᠨ | ᠣᠷᠳᠣᠨ ᠤ ᠬᠠᠣᠯᠢ ᠳᠦᠷᠢᠮ ᠤᠨ ᠠᠵᠢᠯ ᠢ ᠴᠢᠩᠭᠠᠳᠬᠠᠨ᠂ ᠠᠷᠠᠳ ᠤᠨ ᠠᠮᠢᠳᠣᠷᠠᠯ ᠤᠨ ᠬᠦᠷᠢᠶᠡᠨ ᠤ ᠵᠠᠰᠠᠭ | ᠵᠠᠬᠢᠷᠭᠠᠨ ᠤ ᠬᠠᠣᠯᠢ ᠲᠣᠭᠲᠠᠭᠠᠬᠤ ᠶᠢ ᠴᠢᠩᠭᠠᠷᠠᠭᠤᠯᠵᠣ᠂ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠬᠦ ᠬᠢᠷᠢ ᠬᠡᠮᠵᠢᠶ᠎ᠡ | ᠣᠯᠠᠮ ᠨᠢᠭᠡ ᠠᠯᠬᠤᠮ ᠳᠡᠭᠡᠭᠰᠢᠯᠡᠪᠡ᠃ ᠵᠠᠰᠠᠭ ᠤᠨ ᠶᠠᠪᠣᠳᠠᠯ ᠢ ᠢᠯᠡ ᠪᠣᠯᠭᠠᠬᠤ ᠶᠢ ᠢᠳᠡᠪᠬᠢᠲᠡᠢ ᠪᠠᠷ ᠲᠦᠯᠬᠢᠨ | ᠠᠬᠢᠭᠤᠯᠵᠣ᠂ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ᠂ ᠠᠵᠣ ᠠᠬᠤᠢ ᠶᠢᠨ ᠬᠠᠷᠢᠭᠤᠴᠠᠯᠭ᠎ᠠ ᠶᠢ ᠬᠢᠨᠠᠨ ᠪᠣᠳᠣᠬᠤ | ᠪᠠ ᠨᠡᠶᠢᠬᠡᠮ ᠤᠨ ᠬᠢᠨ ᠤ ᠬᠢᠨᠠᠯᠲᠠ ᠲᠠᠯᠪᠢᠬᠤ ᠶᠢ ᠴᠢᠩᠭᠠᠳᠬᠠᠪᠠ᠃ | ᠲᠦᠯᠦᠭᠡᠯᠡᠭᠴᠢᠳ ᠡ᠂ ᠦᠡᠭᠭᠡᠷᠡᠭᠰᠡᠨ ᠨᠢᠭᠡ ᠵᠢᠯ ᠤᠨ ᠠᠮᠵᠢᠯᠲᠠ ᠣᠯᠣᠭᠰᠠᠨ ᠨᠢ ᠬᠢᠯᠪᠠᠷ ᠪᠣᠰᠣ ᠶᠣᠮ᠃ | ᠡᠨᠡ ᠨᠢ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠣᠳᠠᠯ ᠤᠨ ᠬᠤᠷᠢᠶ᠎ᠠ ᠪᠣᠯᠣᠨ ᠦᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠵᠦᠪ ᠣᠨᠣᠪᠴᠢᠲᠠᠢ ᠣᠳᠣᠷᠢᠳᠣᠭᠰᠠᠨ ᠤ ᠦᠷ᠎ᠡ ᠳ᠋ᠦᠡᠭ᠂ ᠪᠦᠬᠦ ᠣᠷᠣᠨ ᠤ | ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠢᠷᠭᠠᠭᠤ ᠪᠠᠷ ᠲᠡᠮᠡᠴᠡᠨ᠂ ᠬᠠᠲᠠᠭᠤᠵᠢᠯᠲᠠᠢ ᠴᠢᠷᠮᠠᠶᠢᠭᠰᠠᠨ ᠤ | ᠦᠷ᠎ᠡ ᠳ᠋ᠦᠡᠭ ᠪᠣᠯᠬᠤ ᠪᠦᠭᠡᠳ ᠮᠦᠨᠴᠦ ᠨᠡᠶᠢᠬᠡᠮ ᠤᠨ ᠡᠯ᠎ᠡ ᠡᠲᠡᠭᠡᠳ ᠤᠨ ᠬᠢᠨ ᠶᠡᠬᠡᠬᠡᠨ ᠳᠡᠮᠵᠢᠵᠣ | ᠬᠠᠪᠰᠣᠷᠣᠭᠰᠠᠨ ᠤ ᠦᠷ᠎ᠡ ᠳ᠋ᠦᠡᠭ ᠪᠣᠯᠬᠤ ᠶᠣᠮ᠃ ᠠᠳᠡ᠂ ᠪᠢ ᠦᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠡᠮᠦᠨ᠎ᠡ ᠠᠴᠠ ᠰᠢᠷᠭᠠᠭᠤ ᠪᠠᠷ ᠠᠵᠢᠯᠯᠠᠵᠤ ᠪᠠᠶᠢᠭ᠎ᠠ ᠪᠦᠬᠦ ᠣᠷᠣᠨ ᠤ | ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠲᠦᠯᠦᠭᠡᠯᠡᠭᠴᠢ᠂ ᠣᠯᠣᠰ ᠲᠦᠷᠦ ᠶᠢᠨ ᠵᠦᠪᠯᠡᠯᠭᠡᠨ ᠤ ᠬᠡᠰᠢᠭᠦᠳ᠂ ᠡᠯ᠎ᠡ ᠠᠷᠠᠳᠴᠢᠯᠠᠭᠰᠠᠨ ᠨᠠᠮ ᠪᠦᠯᠦᠭ ᠪᠣᠯᠣᠨ | ᠠᠷᠠᠳ ᠤᠨ ᠪᠦᠯᠬᠦᠮ᠂ ᠦᠪᠦᠷ ᠮᠣᠩᠭᠤᠯ ᠤᠨ ᠪᠦᠲᠦᠭᠡᠨ ᠪᠠᠶᠢᠭᠤᠯᠣᠯᠲᠠ ᠬᠢᠭᠡᠳ ᠬᠦᠭᠵᠢᠯᠲᠡ ᠶᠢ ᠬᠠᠯᠠᠮᠵᠢᠯᠠᠨ | ᠳᠡᠮᠵᠢᠭᠰᠡᠨ ᠪᠣᠢ ᠪᠦᠬᠦᠢ ᠨᠦᠬᠦᠳ᠂ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠣᠯᠵᠣ ᠬᠠᠷᠠᠭᠰᠠᠨ ᠤ ᠳᠠᠭᠠᠣ ᠪᠢᠳᠡ ᠪᠠᠰᠠ ᠠᠵᠣ ᠠᠬᠤᠢ ᠨᠡᠶᠢᠬᠡᠮ ᠤᠨ ᠬᠦᠭᠵᠢᠯᠲᠡ ᠳᠤ | ᠣᠷᠣᠰᠢᠵᠣ ᠪᠠᠶᠢᠭ᠎ᠠ ᠠᠰᠠᠭᠤᠳᠠᠯ ᠪᠣᠯᠣᠨ ᠲᠣᠯᠭᠠᠷᠠᠵᠣ ᠪᠦᠬᠦᠢ ᠬᠦᠴᠢᠷᠳᠡᠯ ᠢ ᠰᠡᠷᠭᠡᠭ ᠢᠶᠠᠷ ᠣᠯᠵᠣ ᠲᠠᠨᠢᠪᠠ᠃ | ᠨᠢᠭᠡ ᠳᠤ ᠠᠵᠣ ᠠᠬᠤᠢ ᠶᠢᠨ ᠪᠠᠭᠤᠷᠠᠵᠣ ᠪᠠᠶᠢᠭ᠎ᠠ ᠳᠠᠷᠣᠯᠲᠠ ᠨᠡᠮᠡᠭᠳᠡᠪᠡ᠃ ᠵᠠᠬ᠎ᠠ ᠳᠡᠯᠭᠡᠭᠦᠷ ᠤᠨ ᠬᠡᠷᠡᠭᠴᠡᠭᠡ | ᠱᠠᠭᠠᠷᠲᠠᠯᠭ᠎ᠠ ᠬᠦᠷᠦᠯᠴᠡᠬᠦ ᠦᠭᠡᠢ᠂ ᠭᠤᠣᠯ ᠪᠣᠯᠬᠤ ᠠᠵᠣ ᠦᠢᠯᠡᠳᠪᠦᠷᠢ ᠶᠢᠨ ᠦᠢᠯᠡᠳᠬᠦᠨ ᠤ ᠦᠨ᠎ᠡ ᠬᠠᠨᠭ᠍ᠰᠢ | ᠪᠠᠭᠤᠷᠠᠭᠰᠠᠨ ᠵᠡᠷᠭᠡ ᠬᠦᠴᠦᠨ ᠵᠦᠢᠯ ᠤᠨ ᠨᠦᠯᠦᠭᠡᠯᠡᠯ ᠠᠴᠠ ᠪᠣᠯᠵᠣ᠂ ᠠᠵᠣ ᠠᠬᠤᠢ ᠶᠢᠨ ᠨᠡᠮᠡᠭᠳᠡᠯ ᠤᠨ ᠬᠤᠷᠳᠣᠴᠠ | ᠣᠳᠠᠭᠠᠰᠢᠷᠠᠨ᠂ ᠵᠠᠷᠢᠮ ᠳᠠᠪᠠᠭᠤᠯᠢᠭ ᠠᠵᠣ ᠦᠢᠯᠡᠰ ᠤᠨ ᠠᠰᠢᠭ ᠣᠯᠵᠠᠪᠣᠷᠢ ᠶᠢᠨ ᠣᠷᠣᠨ ᠵᠠᠢ ᠢᠪᠴᠣᠣᠷᠠᠵᠣ᠂ | ᠡᠳ᠋ ᠤᠨ ᠵᠠᠰᠠᠭ ᠤᠨ ᠣᠷᠣᠯᠭ᠎ᠠ ᠶᠢ ᠨᠡᠮᠡᠭᠳᠡᠭᠦᠯᠬᠦ ᠬᠦᠴᠢᠷᠳᠡᠯ ᠶᠡᠭᠡᠰᠭᠡᠪᠡ᠃ ᠬᠤᠶᠠᠷ ᠲᠤ ᠠᠵᠣ ᠠᠬᠤᠢ ᠶᠢᠨ | ᠪᠦᠲᠦᠴᠡ ᠵᠦᠢ ᠵᠣᠬᠢᠰ ᠦᠭᠡᠢ ᠪᠠᠶᠢᠨ᠎ᠠ᠃ ᠠᠩᠬᠠᠨ ᠤ ᠪᠦᠲᠦᠭᠡᠭᠳᠡᠬᠦᠨ ᠤ ᠬᠤᠪᠢ ᠶᠢᠨ ᠵᠢᠩ ᠶᠡᠭᠡ ᠪᠠᠶᠢᠵᠣ᠂ | ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠬᠢᠷᠢ ᠬᠡᠮᠵᠢᠶ᠎ᠡ ᠶᠢ ᠣᠯᠠᠮ ᠨᠢᠭᠡ ᠠᠯᠬᠤᠮ ᠳᠡᠭᠡᠭᠰᠢᠯᠡᠭᠦᠯᠬᠦ | ᠴᠢᠬᠤᠯᠠ ᠲᠠᠢ ᠪᠠᠶᠢᠵᠣ᠂ ᠦᠢᠯᠡᠴᠢᠯᠡᠭᠡᠨ ᠤ ᠦᠢᠯᠡᠰ ᠪᠣᠯᠣᠨ ᠳᠣᠮᠲᠠ ᠪᠠᠭ᠎ᠠ ᠠᠵᠣ ᠠᠬᠤᠶᠢᠯᠠᠯ ᠤᠨ ᠬᠦᠭᠵᠢᠯᠲᠡ | ᠬᠤᠴᠣᠷᠠᠵᠣ᠂ ᠪᠡᠶ᠎ᠡ ᠪᠠᠨ ᠳᠠᠭᠠᠭᠠᠵᠣ ᠰᠢᠨ᠎ᠡ ᠶᠢ ᠡᠭᠦᠳᠬᠦ ᠴᠢᠳᠠᠪᠣᠷᠢ ᠴᠢᠩᠭ᠎ᠠ ᠪᠣᠰᠣ᠂ ᠬᠦᠭᠵᠢᠯᠲᠡ ᠶᠢᠨ ᠠᠷᠭ᠎ᠠ | ᠮᠠᠶ᠋ᠢᠭ ᠪᠠᠰᠠ ᠨᠡᠯᠢᠶᠡᠳ ᠪᠦᠳᠦᠭᠦᠯᠢᠩ᠂ ᠨᠡᠶᠢᠲᠡ ᠶᠢᠨ ᠦᠮᠴᠢᠯᠡᠯ ᠤᠨ ᠪᠣᠰᠣ ᠠᠵᠣ ᠠᠬᠤᠢ ᠪᠣᠯᠣᠨ ᠰᠢᠶᠠᠨ ᠤ | ᠬᠡᠪᠴᠢᠶᠡᠨ ᠤ ᠠᠵᠣ ᠠᠬᠤᠢ ᠶᠢᠨ ᠬᠦᠭᠵᠢᠯᠲᠡ ᠲᠣᠲᠠᠮᠠᠭ᠂ ᠬᠤᠲᠠ ᠬᠦᠳᠡᠭᠡ᠂ ᠣᠷᠣᠨ ᠪᠦᠰᠡ ᠶᠢᠨ ᠬᠦᠭᠵᠢᠯᠲᠡ | ᠲᠡᠩᠴᠡᠭᠦᠷᠢ ᠦᠭᠡᠢ ᠪᠠᠶᠢᠨ᠎ᠠ᠃ ᠭᠤᠷᠪᠠ ᠳᠤ ᠰᠠᠭᠤᠷᠢ ᠪᠡᠯᠡᠳᠭᠡᠮᠵᠢ ᠶᠢᠨ ᠪᠣᠭᠤᠮᠢ ᠬᠢᠵᠠᠭᠠᠷᠯᠠᠯ ᠮᠦᠨ ᠬᠦ ᠬᠦᠨᠳᠦ | ᠨᠣᠴᠢᠲᠠᠢ ᠪᠠᠶᠢᠨ᠎ᠠ᠃ ᠡᠨᠧᠷᠬᠢ ᠶᠢᠨ ᠨᠡᠪᠲᠡᠷᠡᠯ ᠵᠠᠮ ᠤᠨ ᠪᠦᠲᠦᠭᠡᠨ ᠪᠠᠶᠢᠭᠤᠯᠣᠯᠲᠠ ᠬᠠᠷᠢᠴᠠᠩᠭᠤᠢ ᠬᠤᠴᠣᠷᠠᠵᠣ᠂ | ᠪᠠᠷᠠᠭ᠎ᠠ ᠶᠢ ᠭᠠᠳᠠᠭᠰᠢ ᠲᠡᠭᠡᠭᠡᠪᠦᠷᠢᠯᠡᠬᠦ᠂ ᠴᠠᠬᠢᠯᠭᠠᠨ ᠬᠦᠴᠦᠨ ᠢ ᠭᠠᠷᠭᠠᠬᠤ ᠴᠢᠳᠠᠪᠣᠷᠢ ᠬᠦᠷᠦᠯᠴᠡᠬᠦ ᠦᠭᠡᠢ᠂ | ᠣᠰᠣᠨ ᠠᠰᠢᠭᠯᠠᠯᠲᠠ ᠶᠢᠨ ᠰᠠᠭᠤᠷᠢ ᠪᠡᠯᠡᠳᠭᠡᠮᠵᠢ ᠪᠠᠭᠤᠷᠠᠢ᠂ ᠣᠰᠣᠨ ᠤ ᠡᠬᠢ ᠪᠠᠶᠠᠯᠢᠭ ᠢ ᠪᠠᠲᠣᠯᠠᠬᠤ ᠴᠢᠳᠠᠪᠣᠷᠢ | ᠴᠢᠩᠭ᠎ᠠ ᠪᠣᠰᠣ ᠪᠠᠶᠢᠨ᠎ᠠ᠃ ᠳᠦᠷᠪᠡ ᠳᠤ ᠠᠷᠠᠳ ᠤᠨ ᠠᠮᠢᠳᠣᠷᠠᠯ ᠪᠣᠯᠣᠨ ᠨᠡᠶᠢᠬᠡᠮ ᠤᠨ ᠪᠠᠶᠢᠭᠤᠯᠣᠯᠲᠠ ᠶᠢ ᠣᠯᠠᠮ | ᠨᠢᠭᠡ ᠠᠯᠬᠤᠮ ᠴᠢᠩᠭᠠᠳᠬᠠᠬᠤ ᠴᠢᠬᠤᠯᠠᠲᠠᠢ ᠪᠠᠶᠢᠨ᠎ᠠ᠃ ᠬᠤᠲᠠ ᠬᠦᠳᠡᠭᠡ ᠶᠢᠨ ᠰᠠᠭᠤᠭᠠᠯᠢ ᠠᠷᠠᠳ ᠤᠨ | ᠣᠷᠣᠯᠭ᠎ᠠ ᠶᠢ ᠨᠡᠮᠡᠭᠳᠡᠭᠦᠯᠬᠦ ᠬᠦᠴᠢᠷᠳᠡᠯ ᠶᠡᠬᠡᠰᠴᠦ᠂ ᠭᠡᠰᠡᠭ ᠣᠯᠠᠨ ᠲᠦᠮᠡᠨ ᠤ ᠠᠮᠢᠳᠣᠷᠠᠯ ᠪᠣᠯᠣᠨ ᠪᠠᠰᠠ ᠨᠡᠯᠢᠶᠡᠳ | ᠬᠦᠴᠢᠷᠳᠡᠯ ᠲᠠᠢ ᠪᠠᠶᠢᠭ᠎ᠠ ᠪᠦᠭᠡᠳ ᠰᠣᠷᠭᠠᠨ ᠬᠦᠮᠦᠵᠢᠯ᠂ ᠡᠮᠨᠡᠯᠭᠡ᠂ ᠨᠡᠶᠢᠬᠡᠮ ᠤᠨ ᠪᠠᠲᠣᠯᠠᠭ᠎ᠠ᠂ ᠢᠳᠡᠭᠡᠨ ᠪᠠ | ᠡᠮ ᠤᠨ ᠵᠦᠢᠯ ᠤᠨ ᠠᠶᠣᠯ ᠦᠭᠡᠢ ᠶᠢᠨ ᠵᠡᠷᠭᠡ ᠲᠠᠯ᠎ᠠ ᠪᠠᠷ ᠪᠠᠰᠠ ᠣᠯᠠᠨ ᠲᠦᠮᠡᠨ ᠤ ᠲᠣᠰᠬᠠᠯ ᠳᠣᠪᠤᠶᠢᠮ᠎ᠠ ᠪᠠᠶᠢᠭ᠎ᠠ | ᠴᠦᠬᠡᠨ ᠪᠣᠰᠣ ᠠᠰᠠᠭᠤᠳᠠᠯ ᠣᠷᠣᠰᠢᠵᠣ ᠪᠠᠶᠢᠨ᠎ᠠ᠃ ᠲᠠᠪᠤ ᠳᠤ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠲᠠ ᠶᠢᠨ | ᠡᠭᠦᠷᠭᠡ ᠬᠠᠲᠠᠭᠤ ᠪᠡᠷᠬᠡ ᠪᠠᠶᠢᠨ᠎ᠠ᠃ ᠬᠡᠰᠡᠭ ᠵᠠᠷᠢᠮ ᠭᠠᠵᠠᠷ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ | ᠮᠦᠨ ᠬᠦ ᠮᠠᠭᠤᠵᠢᠷᠠᠵᠣ᠂ ᠡᠯᠡᠰᠦᠷᠭᠡᠭᠵᠢᠯ ᠡᠯᠡᠰᠦᠨ ᠤ ᠬᠦᠨᠦᠭᠡᠯ᠂ ᠬᠦᠷᠦᠰᠦ ᠰᠢᠷᠣᠢ ᠢᠳᠡᠭᠳᠡᠵᠦ ᠪᠠᠶᠢᠭ᠎ᠠ | ᠦᠵᠡᠭᠳᠡᠯ ᠮᠦᠨ ᠬᠦ ᠬᠦᠨᠳᠦ ᠨᠣᠴᠢᠲᠠᠢ ᠪᠠᠶᠢᠵᠣ᠂ ᠣᠰᠣ᠂ ᠠᠭᠠᠷ ᠮᠠᠨᠳᠠᠯ᠂ ᠬᠦᠨᠳᠦ ᠲᠡᠮᠦᠷᠯᠢᠭ ᠤᠨ ᠪᠣᠬᠢᠷᠳᠣᠯ ᠢ | ᠰᠡᠷᠭᠡᠶᠢᠯᠡᠨ ᠵᠠᠰᠠᠬᠤ ᠡᠭᠦᠷᠭᠡ ᠬᠦᠨᠳᠦ ᠵᠠᠮ ᠬᠤᠯᠠ ᠪᠠᠶᠢᠨ᠎ᠠ᠃ ᠵᠢᠷᠭᠤᠭ᠎ᠠ ᠳᠤ ᠵᠠᠰᠠᠭ ᠤᠨ ᠣᠷᠳᠣᠨ ᠤ ᠡᠭᠦᠷᠭᠡ | ᠴᠢᠳᠠᠪᠣᠷᠢ ᠶᠢᠨ ᠬᠤᠪᠢᠷᠠᠭᠤᠯᠣᠯᠲᠠ ᠬᠦᠷᠦᠯᠴᠡᠬᠦ ᠦᠭᠡᠢ ᠪᠠᠶᠢᠨ᠎ᠠ᠃ ᠵᠠᠰᠠᠭ ᠤᠨ ᠣᠷᠳᠣᠨ ᠬᠢᠭᠡᠳ ᠵᠠᠬ᠎ᠠ ᠳᠡᠯᠭᠡᠭᠦᠷ᠂ | ᠨᠡᠶᠢᠬᠡᠮ ᠤᠨ ᠬᠠᠷᠢᠴᠠᠭ᠎ᠠ ᠪᠠᠰᠠ ᠰᠢᠯᠣᠭᠤᠳᠣᠭᠠᠳᠣᠢ ᠪᠠᠶᠢᠵᠣ᠂ ᠣᠯᠠᠨ ᠨᠡᠶᠢᠲᠡ ᠶᠢᠨ ᠦᠢᠯᠡᠴᠢᠯᠡᠭᠡᠨ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠣᠯᠲᠠ ᠵᠡᠷᠭᠡ ᠡᠭᠦᠷᠭᠡ ᠴᠢᠳᠠᠪᠣᠷᠢ ᠪᠠᠨ ᠪᠠᠳᠠᠷᠠᠭᠤᠯᠬᠤ ᠶᠠᠪᠣᠳᠠᠯ ᠪᠠᠰᠠ ᠬᠦᠷᠦᠯᠴᠡᠬᠦ | ᠦᠭᠡᠢ ᠪᠠᠶᠢᠵᠣ᠂ ︽ᠳᠦᠷᠪᠡᠨ ᠰᠣᠷᠲᠠᠯ︾ ᠤᠨ ᠠᠰᠠᠭᠤᠳᠠᠯ ᠮᠦᠨ ᠬᠦ ᠠᠳᠠᠯᠢ ᠪᠣᠰᠣ ᠬᠡᠮᠵᠢᠶ᠎ᠡ ᠪᠠᠷ ᠣᠷᠣᠰᠢᠵᠣ | ᠪᠠᠶᠢᠨ᠎ᠠ᠃ ᠡᠭᠦᠨ ᠢ ᠪᠢᠳᠡ ᠬᠢᠨᠠᠮᠠᠭᠠᠢ ᠰᠢᠢᠳᠪᠦᠷᠢᠯᠡᠬᠦ ᠬᠡᠷᠡᠭᠲᠡᠢ᠃ | ᠬᠤᠶᠠᠷ᠂ ᠡᠨᠡ ᠵᠢᠯ ᠤᠨ ᠭᠤᠣᠯ ᠡᠭᠦᠷᠭᠡ | 2014 ᠣᠨ ᠪᠣᠯ ᠨᠠᠮ ᠤᠨ ᠠᠷᠪᠠᠨ ᠨᠠᠶᠢᠮᠠᠳᠣᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠣᠭᠠᠷ | ᠪᠦᠬᠦᠲᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠣᠨ ᠨᠠᠶᠢᠳᠠᠪᠦᠷᠢᠵᠢᠭᠤᠯᠵᠣ᠂ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠬᠦᠯᠬᠦ ᠡᠬᠢᠯᠡᠯᠲᠡ ᠶᠢᠨ ᠵᠢᠯ ᠪᠣᠯᠬᠤ ᠪᠦᠭᠡᠳ ᠮᠦᠨ ᠴᠦ | ᠦᠪᠡᠷᠲᠡᠬᠡᠨ ᠵᠠᠰᠠᠬᠤ ᠣᠷᠣᠨ ᠤ ︽8337︾ ᠬᠦᠭᠵᠢᠯᠲᠡ ᠶᠢᠨ ᠰᠡᠳᠬᠢᠴᠡ ᠶᠢ ᠲᠣᠭᠤᠰᠢᠯᠠᠭᠤᠯᠣᠨ | ᠨᠠᠶᠢᠳᠠᠪᠦᠷᠢᠵᠢᠭᠤᠯᠬᠤ ᠶᠢ ᠲᠦᠯᠬᠢᠨ ᠠᠬᠢᠭᠤᠯᠬᠤ᠂ ︽12.5︾ ᠶᠢᠨ ᠲᠦᠯᠦᠪᠵᠢᠭᠦᠯᠭᠡ ᠶᠢᠨ ᠲᠡᠮᠡᠴᠡᠬᠦ | ᠬᠠᠷᠠᠯᠲᠠ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠃ ᠡᠨᠡ ᠵᠢᠯ ᠤᠨ ᠠᠵᠣ ᠠᠬᠤᠢ ᠨᠡᠶᠢᠬᠡᠮ ᠤᠨ | ᠬᠦᠭᠵᠢᠯᠲᠡ ᠶᠢᠨ ᠣᠷᠴᠢᠨ ᠠᠬᠤᠢ ᠮᠦᠨ ᠬᠦ ᠪᠣᠳᠣᠯᠢᠶᠠᠨᠲᠠᠢ ᠪᠦᠭᠡᠳ ᠬᠠᠲᠠᠭᠤ ᠴᠢᠩᠭ᠎ᠠ ᠪᠠᠶᠢᠵᠣ᠂ ᠲᠣᠭᠲᠠᠭᠤᠨ | ᠪᠠᠶᠢᠬᠤ ᠶᠢᠨ ᠳᠠᠭᠠᠣ ᠲᠦᠭᠰᠢᠭᠦᠷᠢ ᠲᠠᠢ᠂ ᠠᠵᠣ ᠲᠣᠬᠢᠶᠠᠯ ᠪᠣᠯᠣᠨ ᠦᠷᠢᠰᠦᠯᠳᠦᠭᠡᠨ ᠬᠠᠮᠲᠣ ᠣᠷᠣᠰᠢᠵᠣ ᠪᠣᠢ᠃ | ᠪᠢᠳᠡ ᠲᠣᠯᠭᠠᠷᠠᠵᠣ ᠮᠡᠳᠡᠬᠦ ᠬᠦᠴᠢᠷᠳᠡᠯ ᠪᠣᠯᠣᠨ ᠦᠷᠢᠰᠦᠯᠳᠦᠭᠡᠨ ᠢ ᠭᠦᠢᠴᠡᠳ ᠵᠢᠱᠢᠵᠦ᠂ ᠦᠷᠢᠳᠠᠰᠠ ᠰᠠᠶᠢᠳᠣᠷ | ᠪᠡᠯᠡᠳᠬᠡᠯ ᠬᠢᠵᠦ᠂ ᠬᠡᠮ ᠢ ᠢᠷᠡᠬᠦ ᠠᠴᠠ ᠨᠢ ᠡᠮᠦᠨ᠎ᠡ ᠰᠡᠷᠭᠡᠶᠢᠯᠡᠬᠦ ᠬᠡᠷᠡᠭᠲᠡᠢ ᠮᠦᠷᠲᠡᠬᠡᠨ ᠪᠠᠰᠠ ᠢᠲᠡᠭᠡᠯ ᠵᠣᠷᠢᠭ ᠢᠶᠠᠨ | ᠪᠠᠳᠣᠳᠬᠠᠨ᠂ ᠰᠢᠨᠵᠢᠯᠡᠬᠦ ᠣᠬᠠᠭᠠᠨᠴᠢ ᠪᠠᠷ ᠠᠷᠭᠠᠴᠠᠵᠣ᠂ ᠡᠯ᠎ᠡ ᠵᠦᠢᠯ ᠤᠨ ᠠᠵᠢᠯ ᠢᠶᠠᠨ ᠯᠠᠪᠲᠠᠭᠤᠨ ᠪᠠᠲᠣᠲᠠᠢ | ᠰᠠᠶᠢᠳᠣᠷ ᠬᠢᠬᠦ ᠬᠡᠷᠡᠭᠲᠡᠢ᠃ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠲᠠᠯᠭ᠎ᠠ ᠪᠣᠯ᠄ ᠲᠣᠮᠲᠠᠲᠣ | ᠣᠯᠣᠰ ᠤᠨ ᠣᠨᠴᠠᠯᠢᠭ ᠪᠦᠬᠦᠢ ᠨᠡᠶᠢᠬᠡᠮ ᠵᠢᠷᠣᠮ ᠤᠨ ᠠᠭᠤᠣ ᠶᠡᠭᠡ ᠲᠤᠭ ᠢ ᠦᠨᠳᠦᠷ ᠮᠠᠨᠳᠣᠭᠤᠯᠣᠨ᠂ ᠳ᠋ᠸᠡᠭ | ᠰᠢᠶᠣᠣ ᠫᠢᠡᠭ ᠤᠨ ᠣᠨᠣᠯ᠂ ︽ᠭᠤᠷᠪᠠ ᠶᠢ ᠲᠦᠯᠦᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠣᠬᠠᠭᠠᠨᠴᠢ | ᠬᠦᠭᠵᠢᠯᠲᠡ ᠶᠢᠨ ᠦᠵᠡᠯᠲᠡ ᠪᠠᠷ ᠵᠢᠯᠣᠭᠤᠳᠠᠯᠭ᠎ᠠ ᠪᠣᠯᠭᠠᠵᠣ᠂ ᠨᠠᠮ ᠤᠨ ᠠᠷᠪᠠᠨ ᠨᠠᠶᠢᠮᠠᠳᠣᠭᠠᠷ ᠶᠡᠭᠡ ᠬᠤᠷᠠᠯ᠂ | ᠠᠷᠪᠠᠨ ᠨᠠᠶᠢᠮᠠᠳᠣᠭᠠᠷ ᠬᠤᠭᠤᠴᠠᠭᠠᠨ ᠤ ᠲᠦᠪ ᠬᠤᠷᠢᠶᠠᠨ ᠤ ᠬᠤᠶᠠᠳᠣᠭᠠᠷ᠂ ᠭᠤᠷᠪᠠᠳᠣᠭᠠᠷ ᠪᠦᠬᠦᠲᠡ ᠬᠤᠷᠠᠯ᠂ | ᠲᠦᠪ ᠤᠨ ᠠᠵᠣ ᠠᠬᠤᠢ ᠶᠢᠨ ᠠᠵᠢᠯ ᠤᠨ ᠬᠤᠷᠠᠯ ᠪᠣᠯᠣᠨ ᠰᠢ ᠶᠢᠨ ᠫᠢᠡᠭ ᠶᠡᠷᠦᠩᠬᠡᠢ ᠱᠦᠵᠢ ᠶᠢᠨ ᠠᠯᠢ ᠣᠯᠠᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠭᠤᠰᠢᠯᠠᠭᠤᠯᠣᠨ ᠨᠠᠶᠢᠳᠠᠪᠦᠷᠢᠵᠢᠭᠤᠯᠵᠣ᠂ | ᠦᠪᠡᠷᠲᠡᠭᠡᠨ ᠵᠠᠰᠠᠬᠤ ᠣᠷᠣᠨ ᠤ ︽8337︾ ᠬᠦᠭᠵᠢᠯᠲᠡ ᠶᠢᠨ ᠰᠡᠳᠬᠢᠴᠡ ᠪᠣᠯᠣᠨ ᠦᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠪᠦᠬᠦ ᠬᠡᠰᠢᠭᠦᠳ ᠤᠨ ᠬᠤᠷᠠᠯ ᠶᠢᠰᠦᠳᠦᠭᠡᠷ | ᠬᠤᠭᠤᠴᠠᠭᠠᠨ ᠤ ᠠᠷᠪᠠᠳᠣᠭᠠᠷ ᠣᠳᠠᠭᠠᠨ ᠤ ᠪᠦᠬᠦ ᠬᠡᠰᠢᠭᠦᠳ ᠤᠨ ᠬᠤᠷᠠᠯ ᠵᠢᠴᠢ ᠪᠦᠬᠦ ᠣᠷᠣᠨ ᠤ ᠠᠵᠣ | ᠠᠬᠤᠢ ᠶᠢᠨ ᠠᠵᠢᠯ ᠤᠨ ᠬᠤᠷᠠᠯᠳᠣᠭᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠭᠤᠰᠢᠯᠠᠭᠤᠯᠣᠨ | ᠨᠠᠶᠢᠳᠠᠪᠣᠷᠢᠵᠢᠭᠤᠯᠵᠣ᠂ ᠯᠠᠪᠳᠠᠭᠤᠨ ᠢᠶᠠᠷ ᠣᠷᠣᠭᠰᠢ ᠳᠠᠪᠰᠢᠭᠤᠯᠬᠤ ᠠᠵᠢᠯ ᠤᠨ ᠶᠡᠷᠦᠩᠬᠡᠢ ᠦᠨᠳᠦᠰᠦᠨ ᠰᠠᠨᠠᠭ᠎ᠠ ᠶᠢ | ᠪᠠᠷᠢᠮᠲᠠᠯᠠᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠵᠣ ᠠᠬᠤᠢ ᠨᠡᠶᠢᠬᠡᠮ ᠤᠨ ᠬᠦᠭᠵᠢᠯᠲᠡ ᠶᠢᠨ ᠡᠯ᠎ᠡ | ᠬᠦᠷᠢᠶᠡᠨ ᠤ ᠵᠠᠩᠬᠢᠯᠭ᠎ᠠ ᠨᠢᠭᠡᠪᠦᠷᠢ ᠳᠤ ᠲᠣᠭᠤᠰᠢᠯᠠᠵᠣ᠂ ᠪᠦᠲᠦᠮᠵᠢᠲᠡᠢ ᠪᠡᠯᠡ ᠣᠷᠣᠭᠤᠯᠣᠯᠲᠠ ᠶᠢ ᠦᠷᠭᠡᠳᠭᠡᠬᠦ ᠪᠠᠷ | ᠭᠤᠣᠯᠳᠠᠯᠭ᠎ᠠ ᠪᠣᠯᠭᠠᠨ ᠠᠵᠣ ᠠᠬᠤᠢ ᠶᠢᠨ ᠨᠡᠮᠡᠭᠳᠡᠯ ᠢ ᠲᠣᠭᠲᠠᠪᠣᠷᠢᠵᠢᠭᠤᠯᠵᠣ᠂ ︽ᠲᠠᠪᠣᠨ ᠶᠡᠭᠡ ᠰᠠᠭᠤᠷᠢᠨ ᠭᠠᠵᠠᠷ︾ | ᠢ ᠪᠦᠲᠦᠭᠡᠨ ᠪᠠᠶᠢᠭᠤᠯᠬᠤ ᠪᠠᠷ ᠭᠤᠣᠯᠳᠠᠯᠭ᠎ᠠ ᠪᠣᠯᠭᠠᠨ ᠠᠵᠣ ᠦᠢᠯᠡᠰ ᠤᠨ ᠪᠦᠲᠦᠴᠡ ᠳᠤ ᠲᠣᠬᠢᠷᠠᠭᠤᠯᠣᠯᠲᠠ ᠬᠢᠵᠦ | ᠂ ᠠᠷᠠᠳ ᠤᠨ ᠠᠮᠢᠳᠣᠷᠠᠯ ᠤᠨ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠬᠦ ᠪᠠᠷ ᠭᠤᠣᠯᠳᠠᠯᠭ᠎ᠠ ᠪᠣᠯᠭᠠᠨ ᠬᠤᠲᠠ | ᠬᠦᠳᠡᠭᠡ ᠶᠢᠨ ᠵᠣᠬᠢᠴᠠᠩᠭᠤᠢ ᠪᠠᠷ ᠬᠦᠭᠵᠢᠬᠦ ᠶᠢ ᠨᠢᠭᠡᠳᠦᠯᠲᠡᠢ ᠲᠦᠯᠦᠪᠯᠡᠵᠦ᠂ ᠠᠵᠣ ᠠᠬᠤᠢ ᠶᠢᠨ ᠪᠠᠶᠢᠭᠤᠯᠣᠯ ᠤᠨ | ᠥᠭᠡᠷᠡᠴᠢᠯᠡᠯᠲᠡ ᠶᠢ ᠲᠦᠷᠭᠡᠳᠬᠡᠬᠦ ᠪᠠᠷ ᠭᠤᠣᠯᠳᠠᠯᠭ᠎ᠠ ᠪᠣᠯᠭᠠᠨ ᠥᠭᠡᠷᠡᠴᠢᠯᠡᠯᠲᠡ ᠨᠡᠬᠡᠬᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠵᠦ᠂ ᠠᠵᠣ ᠠᠬᠤᠢ ᠶᠢᠨ ᠬᠦᠭᠵᠢᠯᠲᠡ ᠶᠢᠨ ᠶᠠᠰᠣ ᠴᠢᠨᠠᠷ ᠪᠣᠯᠣᠨ ᠦᠷ᠎ᠡ ᠠᠰᠢᠭ ᠢ ᠦᠨᠡᠨᠬᠦ | ᠳᠡᠭᠡᠭᠰᠢᠯᠡᠭᠦᠯᠦᠨ᠂ ᠠᠷᠠᠳ ᠤᠨ ᠠᠮᠢᠳᠣᠷᠠᠯ ᠤᠨ ᠶᠠᠰᠣ ᠴᠢᠨᠠᠷ ᠪᠣᠯᠣᠨ ᠬᠢᠷᠢ ᠬᠡᠮᠵᠢᠶ᠎ᠡ ᠶᠢ ᠲᠠᠰᠣᠷᠠᠯᠲᠠ ᠦᠭᠡᠢ | ᠳᠡᠭᠡᠭᠰᠢᠯᠡᠭᠦᠯᠵᠦ᠂ ᠰᠠᠭᠤᠷᠢ ᠪᠡᠯᠡᠳᠭᠡᠮᠵᠢ ᠪᠣᠯᠣᠨ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠲᠠ ᠶᠢ ᠴᠢᠩᠭᠠᠳᠬᠠᠨ | ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠬᠦ ᠪᠠ ᠲᠡᠭᠦᠯᠳᠡᠷᠵᠢᠭᠦᠯᠵᠦ᠂ | ᠨᠡᠶᠢᠬᠡᠮ ᠤᠨ ᠡᠯ᠎ᠡ ᠵᠦᠢᠯ ᠤᠨ ᠦᠢᠯᠡᠰ ᠢ ᠪᠦᠬᠦ ᠲᠠᠯ᠎ᠠ ᠪᠠᠷ ᠬᠦᠭᠵᠢᠭᠦᠯᠦᠨ᠂ ᠵᠠᠰᠠᠭ ᠤᠨ ᠣᠷᠳᠣᠨ ᠤ ᠡᠭᠦᠷᠭᠡ | ᠴᠢᠳᠠᠪᠣᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠣ᠂ ᠠᠵᠣ ᠠᠬᠤᠢ ᠶᠢᠨ ᠦᠷᠭᠦᠯᠵᠢᠯᠡᠨ ᠡᠷᠡᠭᠦᠯ ᠢᠶᠠᠷ | ᠬᠦᠭᠵᠢᠬᠦ᠂ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠠᠬᠢᠭᠤᠯᠬᠤ ᠪᠣᠯᠣᠨ᠎ᠠ᠃ ᠭᠤᠣᠯ | ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠭᠡᠢ ᠦᠷᠲᠡᠭ ᠢ 9% ᠣᠷᠴᠢᠮ ᠢᠶᠠᠷ | ᠨᠡᠮᠡᠭᠳᠡᠭᠦᠯᠵᠦ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ ᠶᠢ 7% ᠪᠠᠷ ᠨᠡᠮᠡᠭᠳᠡᠭᠦᠯᠦᠨ᠂ | ᠪᠦᠬᠦ ᠨᠡᠶᠢᠬᠡᠮ ᠤᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠣᠯᠲᠠ ᠶᠢ 15% ᠪᠠᠷ ᠨᠡᠮᠡᠭᠳᠡᠭᠦᠯᠵᠦ᠂ | ᠬᠡᠪᠴᠢᠶᠡᠵᠢᠯ ᠠᠴᠠ ᠳᠡᠭᠡᠭᠰᠢᠬᠢ ᠠᠵᠣ ᠦᠢᠯᠡᠳᠪᠦᠷᠢ ᠶᠢᠨ ᠨᠡᠮᠡᠭᠳᠡᠯ ᠢ 12% ᠢᠶᠠᠷ ᠨᠡᠮᠡᠭᠳᠡᠭᠦᠯᠵᠦ᠂ ᠬᠤᠲᠠ | ᠪᠠᠯᠭᠠᠰᠣ ᠶᠢᠨ ᠰᠠᠭᠤᠭᠠᠯᠢ ᠠᠷᠠᠳ ᠤᠨ ᠬᠦᠮᠦᠨ ᠪᠦᠷᠢ ᠶᠢᠨ ᠡᠵᠡᠮᠳᠡᠵᠦ ᠪᠣᠯᠬᠤ ᠳᠣᠮᠳᠠᠴᠢ ᠣᠷᠣᠯᠭ᠎ᠠ ᠶᠢ 9% ᠪᠠᠷ | ᠨᠡᠮᠡᠭᠳᠡᠭᠦᠯᠵᠦ᠂ ᠮᠠᠯᠴᠢᠨ ᠲᠠᠷᠢᠶᠠᠴᠢᠨ ᠬᠦᠮᠦᠨ ᠪᠦᠷᠢ ᠶᠢᠨ ᠳᠣᠮᠳᠠᠴᠢ ᠴᠡᠪᠡᠷ ᠣᠷᠣᠯᠭ᠎ᠠ ᠶᠢ 10% ᠪᠠᠷ | ᠨᠡᠮᠡᠭᠳᠡᠭᠦᠯᠵᠦ᠂ ᠨᠡᠶᠢᠬᠡᠮ ᠤᠨ ᠬᠡᠷᠡᠭᠯᠡᠭᠡᠨ ᠤ ᠬᠡᠷᠡᠭᠰᠡᠯ ᠤᠨ ᠵᠢᠵᠢᠭᠯᠡᠨ ᠬᠤᠳᠠᠯᠳᠣᠬᠤ ᠶᠡᠷᠦᠩᠬᠡᠢ ᠲᠤᠭ᠎ᠠ ᠶᠢ | 12% ᠢᠶᠠᠷ ᠨᠡᠮᠡᠭᠳᠡᠭᠦᠯᠦᠨ᠎ᠡ︔ ᠬᠤᠲᠠ ᠪᠠᠯᠭᠠᠰᠣ ᠶᠢᠨ ᠳᠠᠩᠰᠠᠯᠠᠭᠤᠯᠬᠤ ᠠᠵᠢᠯ ᠤᠨ ᠠᠯᠳᠠᠯᠲᠠ ᠶᠢᠨ ᠨᠣᠷᠮ᠎ᠠ ᠶᠢ | 4% ᠶᠢᠨ ᠲᠣᠲᠣᠷ᠎ᠠ ᠬᠢᠵᠠᠭᠠᠷᠯᠠᠵᠣ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠨᠭ᠍ᠰᠢ ᠶᠢᠨ ᠶᠡᠷᠦᠩᠬᠡᠢ ᠬᠢᠷᠢ | ᠬᠡᠮᠵᠢᠶ᠎ᠡ ᠶᠢᠨ ᠦᠰᠦᠯᠲᠡ ᠶᠢᠨ ᠬᠡᠮᠵᠢᠶ᠎ᠡ ᠶᠢ 3.5% ᠶᠢᠨ ᠣᠷᠴᠢᠮ ᠳᠤ ᠬᠢᠵᠠᠭᠠᠷᠯᠠᠵᠣ᠂ ᠨᠢᠭᠡᠴᠢ | ᠦᠢᠯᠡᠳᠪᠦᠷᠢᠯᠡᠯ ᠤᠨ ᠶᠡᠷᠦᠩᠬᠡᠢ ᠦᠷᠲᠡᠭ ᠲᠠᠬᠢ ᠡᠨᠧᠷᠬᠢ ᠶᠢᠨ ᠬᠤᠷᠣᠭᠳᠠᠭᠤᠯᠭ᠎ᠠ ᠪᠣᠯᠣᠨ ᠨᠡᠭᠦᠷᠡᠰᠦᠳᠦᠷᠦᠭᠴᠢ ᠶᠢᠨ | ᠲᠠᠪᠬᠤᠷ ᠢᠰᠦᠯ ᠤᠨ ᠭᠠᠳᠠᠭᠰᠢᠯᠠᠭᠤᠯᠬᠤ ᠬᠡᠮᠵᠢᠶ᠎ᠡ ᠶᠢ ᠴᠦᠮ 2.2% ᠠᠴᠠ ᠳᠡᠭᠡᠭᠰᠢ ᠪᠠᠷ ᠪᠠᠭᠤᠷᠭᠤᠯᠬᠤ ᠪᠣᠯᠣᠨ᠎ᠠ | ᠃ | ᠠᠵᠣ ᠠᠬᠤᠢ ᠨᠡᠶᠢᠬᠡᠮ ᠤᠨ ᠬᠦᠭᠵᠢᠯᠲᠡ ᠶᠢᠨ ᠬᠠᠷᠠᠯᠲᠠ ᠶᠢᠨ ᠡᠭᠦᠷᠬᠡ ᠶᠢ ᠪᠡᠶᠡᠯᠡᠭᠦᠯᠬᠦ ᠳᠤ᠂ ᠭᠤᠷᠪᠠᠨ | ᠲᠠᠯ᠎ᠠ ᠶᠢ ᠰᠠᠶᠢᠳᠣᠷ ᠡᠵᠡᠮᠰᠢᠬᠦ ᠬᠡᠷᠡᠭᠲᠡᠢ᠄ ᠨᠢᠭᠡ ᠳᠤ ᠯᠠᠪᠳᠠᠭᠤᠨ ᠢᠶᠠᠷ ᠣᠷᠣᠭᠰᠢ ᠳᠠᠪᠰᠢᠭᠤᠯᠬᠤ ᠶᠢ ᠪᠠᠷᠢᠮᠲᠠᠯᠠᠬᠤ | ᠬᠡᠷᠡᠭᠲᠡᠢ᠃ ᠣᠳᠣᠬᠠᠨ ᠤ ᠪᠠ ᠬᠤᠶᠢᠰᠢᠲᠠ ᠶᠢᠨ ᠨᠢᠭᠡᠨ ᠬᠤᠭᠤᠴᠠᠭᠠᠨ ᠳᠤ᠂ ᠬᠡᠳᠦ᠋ᠢᠪᠡᠷ ᠮᠠᠨ ᠤ ᠣᠷᠣᠨ ᠤ ᠠᠵᠣ | ᠠᠬᠤᠢ ᠨᠡᠶᠢᠬᠡᠮ ᠤᠨ ᠬᠦᠭᠵᠢᠯᠲᠡ ᠶᠢᠨ ᠣᠷᠲᠣ ᠬᠤᠭᠤᠴᠠᠭ᠎ᠠ ᠪᠠᠷ ᠰᠠᠶᠢᠵᠢᠷᠠᠯ ᠲᠠᠢ ᠪᠠᠶᠢᠬᠤ ᠦᠨᠳᠦᠰᠦᠨ ᠪᠠᠶᠢᠳᠠᠯ | ᠬᠤᠪᠢᠷᠭᠠᠲᠣᠢ ᠪᠣᠯᠪᠠᠴᠣ᠂ ᠭᠠᠳᠠᠭᠠᠲᠣ ᠣᠷᠴᠢᠨ ᠠᠬᠤᠢ ᠪᠣᠯᠣᠨ ᠲᠣᠯᠭᠠᠭᠤᠷᠢᠯᠠᠬᠤ ᠨᠦᠭᠦᠴᠡᠯ ᠳᠤ ᠢᠯᠡᠷᠡᠬᠡᠢ | ᠬᠤᠪᠢᠷᠠᠯᠲᠠ ᠭᠠᠷᠴᠣ᠂ ᠶᠠᠭ ᠠᠵᠣ ᠠᠬᠤᠢ ᠬᠤᠷᠳᠣᠴᠠ ᠪᠠᠨ ᠨᠡᠮᠡᠭᠳᠡᠭᠦᠯᠬᠦ ᠳᠡᠰ ᠢᠶᠠᠨ ᠰᠣᠯᠢᠬᠤ ᠬᠤᠭᠤᠴᠠᠭ᠎ᠠ ᠪᠠ | ᠪᠦᠲᠦᠴᠡ ᠶᠢᠨ ᠲᠣᠬᠢᠷᠠᠭᠤᠯᠣᠯᠲᠠ ᠦᠶ᠎ᠡ ᠦᠶ᠎ᠡ ᠬᠦᠨᠳᠡᠬᠦ ᠬᠤᠭᠤᠴᠠᠭᠠᠨ ᠳᠤ ᠣᠷᠣᠰᠢᠬᠤ ᠪᠣᠯᠣᠨ᠎ᠠ᠃ ᠡᠨᠡᠬᠦ | ᠬᠤᠭᠤᠴᠠᠭᠠᠨ ᠳᠤ ᠠᠵᠣ ᠠᠬᠤᠢ ᠶᠢᠨ ᠯᠠᠪᠳᠠᠭᠤᠨ ᠲᠣᠭᠲᠠᠭᠤᠨ ᠪᠦᠭᠡᠳ ᠨᠡᠯᠢᠶᠡᠳ ᠲᠦᠷᠭᠡᠨ ᠨᠡᠮᠡᠭᠳᠡᠯ ᠢ ᠪᠠᠲᠣᠯᠠᠵᠣ | ᠂ ᠠᠵᠢᠯ ᠣᠯᠭᠤᠯᠲᠠ ᠶᠢ ᠦᠷᠭᠡᠳᠭᠡᠬᠦ᠂ ᠡᠳ᠋ ᠤᠨ ᠬᠦᠴᠦᠨ ᠢ ᠨᠡᠮᠡᠭᠳᠡᠭᠦᠯᠬᠦ᠂ ᠠᠷᠠᠳ ᠤᠨ ᠠᠮᠢᠳᠣᠷᠠᠯ ᠢ | ᠰᠠᠶᠢᠵᠢᠷᠠᠭᠤᠯᠬᠤ᠂ ᠨᠡᠶᠢᠭᠡᠮ ᠢ ᠲᠣᠭᠲᠠᠭᠤᠨ ᠪᠠᠶᠢᠯᠭᠠᠬᠤ ᠵᠢᠱᠢᠯᠲᠡ ᠳᠤ ᠪᠠᠲᠣᠯᠠᠭ᠎ᠠ ᠬᠠᠨᠭ᠍ᠭᠠᠬᠤ ᠬᠡᠷᠡᠭᠲᠡᠢ ᠮᠦᠷᠲᠡᠭᠡᠨ | ᠪᠠᠰᠠ ᠠᠵᠣ ᠠᠬᠤᠢ ᠶᠢᠨ ᠨᠡᠮᠡᠭᠳᠡᠯ ᠤᠨ ᠬᠤᠷᠳᠣᠴᠠ ᠶᠢ ᠵᠦᠢ ᠵᠣᠬᠢᠰᠲᠠᠢ ᠣᠷᠣᠨ ᠳᠤ ᠬᠢᠵᠠᠭᠠᠷᠯᠠᠵᠣ᠂ ᠠᠷᠭ᠎ᠠ | ᠮᠠᠶ᠋ᠢᠭ ᠢᠶᠠᠨ ᠬᠤᠪᠢᠷᠠᠭᠤᠯᠬᠤ᠂ ᠪᠦᠲᠦᠴᠡ ᠶᠢ ᠲᠣᠬᠢᠷᠠᠭᠤᠯᠬᠤ ᠳᠤ ᠣᠷᠣᠨ ᠵᠠᠢ ᠦᠯᠡᠳᠡᠭᠡᠵᠦ ᠦᠭᠬᠦ ᠬᠡᠷᠡᠭᠲᠡᠢ᠃ | ᠡᠶᠢᠮᠦ ᠠᠴᠠ᠂ ᠡᠷᠬᠡᠪᠰᠢ ᠯᠠᠪᠳᠠᠭᠤᠨ ᠢᠶᠠᠷ ᠣᠷᠣᠭᠰᠢ ᠲᠠᠪᠰᠢᠭᠤᠯᠬᠤ᠂ ᠯᠠᠪᠳᠠᠭᠤᠨ ᠢᠶᠠᠷ ᠦᠢᠯᠡᠰ ᠪᠦᠳᠦᠭᠡᠬᠦ᠂ | ᠯᠠᠪᠳᠠᠭᠤᠨ ᠢᠶᠠᠷ ᠴᠢᠨᠠᠷ ᠢ ᠳᠡᠭᠡᠭᠰᠢᠯᠡᠭᠦᠯᠬᠦ ᠶᠢ ᠪᠠᠷᠢᠮᠲᠠᠯᠠᠨ᠂ ᠠᠵᠣ ᠠᠬᠤᠢ ᠶᠢᠨ ᠦᠷᠭᠦᠯᠵᠢᠯᠡᠨ ᠡᠷᠡᠭᠦᠯ ᠢᠶᠠᠷ | ᠬᠦᠭᠵᠢᠬᠦ᠂ ᠨᠡᠶᠢᠭᠡᠮ ᠤᠨ ᠡᠶ᠎ᠡ ᠵᠣᠬᠢᠴᠠᠯ ᠲᠠᠢ ᠪᠦᠭᠡᠳ ᠲᠣᠭᠲᠠᠭᠤᠨ ᠪᠠᠶᠢᠬᠤ ᠶᠢ ᠲᠦᠯᠬᠢᠨ ᠠᠬᠢᠭᠤᠯᠬᠤ ᠬᠡᠷᠡᠭᠲᠡᠢ᠃ | ᠬᠤᠶᠠᠷ ᠲᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠬᠤ ᠬᠡᠷᠡᠭᠲᠡᠢ᠃ ᠲᠦᠪ ᠠᠴᠠ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠴᠢᠬᠤᠯᠠ ᠶᠡᠭᠡ ᠪᠠᠶᠢᠯᠳᠣᠬᠤ ᠪᠣᠳᠣᠯᠭ᠎ᠠ ᠶᠢᠨ ᠪᠠᠶᠢᠷᠢᠯᠠᠭᠤᠯᠣᠯᠲᠠ | ᠬᠢᠭᠰᠡᠨ ᠶᠠᠪᠣᠳᠠᠯ ᠨᠢ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ ᠳᠡᠰ ᠳᠡᠪᠰᠢᠭᠦᠯᠬᠦ ᠪᠠᠷ ᠭᠤᠣᠯ | ᠪᠣᠯᠭᠠᠭᠰᠠᠨ ᠰᠢᠨ᠎ᠡ ᠨᠢᠭᠡᠨ ᠡᠭᠡᠯᠵᠢ ᠶᠢᠨ ᠬᠦᠭᠵᠢᠯᠲᠡ ᠶᠢ ᠲᠦᠯᠬᠢᠨ ᠠᠬᠢᠭᠤᠯᠬᠤ ᠪᠣᠯᠣᠨ᠎ᠠ᠂ ᠬᠡᠷᠪᠡ ᠰᠢᠨ᠎ᠡ ᠡᠷᠡᠨ | ᠵᠠᠭᠤᠨ ᠤ ᠲᠦᠷᠦᠭᠦᠦ ᠠᠷᠪᠠᠨ ᠵᠢᠯ ᠳᠤ ᠦᠪᠦᠷ ᠮᠣᠩᠭᠤᠯ ᠮᠠᠨ ᠤ ᠣᠯᠣᠰ ᠤᠨ ᠠᠵᠣ ᠠᠬᠤᠢ ᠶᠢᠨ ᠲᠦᠷᠭᠡᠨ | ᠨᠡᠮᠡᠭᠳᠡᠯ ᠤᠨ ᠬᠤᠭᠤᠴᠠᠭᠠᠨ ᠳᠤ ᠣᠷᠣᠭᠰᠠᠨ ᠴᠢᠬᠤᠯᠠ ᠶᠡᠭᠡ ᠠᠵᠠ ᠲᠣᠬᠢᠶᠠᠯ ᠢ ᠵᠠᠪᠳᠣᠨ᠂ ᠡᠬᠢ ᠪᠠᠶᠠᠯᠢᠭ ᠤᠨ | ᠳᠠᠪᠠᠭᠤᠯᠢᠭ ᠢᠶᠠᠨ ᠪᠠᠳᠠᠷᠠᠭᠤᠯᠬᠤ ᠪᠠᠷ ᠳᠠᠮᠵᠢᠭᠤᠯᠣᠨ ᠠᠵᠣ ᠠᠬᠤᠢ ᠶᠢᠨ ᠨᠢᠰᠬᠦ ᠮᠡᠲᠦ ᠲᠦᠷᠭᠡᠨ ᠬᠦᠭᠵᠢᠬᠦ ᠶᠢ | ᠪᠡᠶᠡᠯᠡᠭᠦᠯᠪᠡ ᠭᠡᠬᠦ ᠳᠤ ᠬᠦᠷᠪᠡᠯ᠂ ᠣᠳᠣ ᠪᠠᠷ ᠢᠶᠠᠨ ᠰᠢᠨ᠎ᠡ ᠨᠢᠭᠡᠨ ᠡᠭᠡᠯᠵᠢ ᠶᠢᠨ ᠥᠭᠡᠷᠡᠴᠢᠯᠡᠯᠲᠡ ᠶᠢ ᠪᠦᠬᠦ | ᠲᠠᠯ᠎ᠠ ᠪᠠᠷ ᠭᠦᠨᠵᠡᠭᠡᠶᠢᠷᠡᠭᠦᠯᠦᠨ᠂ ᠥᠭᠡᠷᠡᠴᠢᠯᠡᠯᠲᠡ ᠪᠠᠷ ᠬᠦᠭᠵᠢᠯᠲᠡ ᠶᠢ ᠠᠬᠢᠭᠤᠯᠵᠣ ᠠᠷᠭ᠎ᠠ ᠮᠠᠶ᠋ᠢᠭ ᠢᠶᠠᠨ | ᠬᠤᠪᠢᠷᠠᠭᠤᠯᠬᠤ ᠪᠠᠷ ᠪᠦᠲᠦᠴᠡ ᠶᠢᠨ ᠲᠣᠬᠢᠷᠠᠭᠤᠯᠣᠯᠲᠠ ᠶᠢ ᠠᠬᠢᠭᠤᠯᠵᠣ᠂ ᠠᠷᠠᠳ ᠤᠨ ᠠᠮᠢᠳᠣᠷᠠᠯ ᠢ | ᠰᠠᠶᠢᠵᠢᠷᠠᠭᠤᠯᠬᠤ ᠶᠢ ᠠᠬᠢᠭᠤᠯᠵᠣ᠂ ᠥᠭᠡᠷᠡᠴᠢᠯᠡᠯᠲᠡ ᠬᠢᠵᠦ ᠰᠢᠨ᠎ᠡ ᠡᠭᠦᠳᠬᠦ ᠪᠠᠷ ᠳᠠᠮᠵᠢᠭᠤᠯᠣᠨ ᠠᠵᠣ ᠠᠬᠤᠢ | ᠨᠡᠶᠢᠭᠡᠮ ᠤᠨ ᠬᠦᠭᠵᠢᠯᠲᠡ ᠶᠢᠨ ᠲᠣᠲᠣᠭᠠᠲᠣ ᠬᠦᠳᠡᠯᠭᠡᠬᠦ ᠬᠦᠴᠦᠨ ᠪᠣᠯᠣᠨ ᠠᠮᠢᠵᠢᠷᠠᠯ ᠶᠢᠨ ᠬᠦᠴᠦᠨ ᠢ ᠭᠦᠢᠴᠡᠳ | ᠭᠠᠷᠭᠠᠨ᠂ ᠨᠡᠩ ᠰᠠᠶᠢᠨ ᠶᠠᠰᠣ ᠴᠢᠨᠠᠷ᠂ ᠨᠡᠩ ᠢᠯᠡᠭᠦᠦ ᠦᠷ᠎ᠡ ᠠᠰᠢᠭ᠂ ᠨᠡᠩ ᠦᠷᠭᠦᠯᠵᠢᠯᠡᠬᠦ ᠬᠦᠭᠵᠢᠯᠲᠡ ᠶᠢ | ᠪᠡᠶᠡᠯᠡᠭᠦᠯᠬᠦ ᠬᠡᠷᠡᠭᠲᠡᠢ᠃ ᠭᠤᠷᠪᠠ ᠳᠤ ᠠᠷᠠᠳ ᠤᠨ ᠠᠮᠢᠳᠣᠷᠠᠯ ᠢ ᠡᠩ ᠲᠡᠷᠢᠭᠦᠨ ᠳᠤ ᠪᠠᠶᠢᠯᠭᠠᠬᠤ ᠶᠢ ᠪᠠᠷᠢᠮᠲᠠᠯᠠᠬᠤ | ᠬᠡᠷᠡᠭᠲᠡᠢ᠃ ᠲᠦᠪ ᠤᠨ ︽ᠨᠠᠭᠠᠲᠣ ᠵᠠᠬ᠎ᠠ ᠶᠢᠨ ᠨᠦᠭᠦᠴᠡᠯ ᠪᠣᠯᠣᠮᠵᠢ ᠪᠠᠨ ᠪᠠᠷᠢᠮᠲᠠᠯᠠᠬᠤ᠂ ᠭᠤᠣᠯᠳᠠᠭ᠎ᠠ ᠶᠢ | ᠳᠣᠪᠤᠶᠢᠯᠭᠠᠬᠤ᠂ ᠳᠦᠷᠢᠮ ᠢ ᠲᠡᠭᠦᠯᠳᠡᠷᠵᠢᠭᠦᠯᠬᠦ᠂ ᠶᠠᠷᠢᠶ᠎ᠠ ᠬᠡᠯᠡᠯᠴᠡᠭᠡᠨ ᠢ ᠬᠦᠳᠦᠯᠦᠨ ᠵᠢᠯᠣᠭᠤᠳᠬᠤ︾ | ᠱᠠᠠᠭᠠᠷᠲᠠᠯᠭᠠ ᠶᠣᠰᠣᠭᠠᠷ᠂ ᠦᠪᠡᠷᠲᠡᠭᠡᠨ ᠵᠠᠰᠠᠬᠤ ᠣᠷᠣᠨ ᠤ ᠪᠣᠲᠠᠲᠣ ᠪᠠᠶᠢᠳᠠᠯ ᠲᠠᠢ ᠣᠶᠠᠯᠳᠣᠭᠤᠯᠣᠨ᠂ ᠠᠵᠢᠯ | ᠣᠯᠭᠤᠬᠤ᠂ ᠰᠣᠷᠭᠠᠨ ᠬᠦᠮᠦᠵᠢᠯ᠂ ᠣᠷᠣᠨ ᠰᠠᠭᠤᠴᠠ᠂ ᠨᠡᠶᠢᠭᠡᠮ ᠤᠨ ᠪᠠᠲᠣᠯᠠᠭ᠎ᠠ᠂ ᠣᠷᠣᠯᠭ᠎ᠠ ᠶᠢᠨ | ᠬᠤᠪᠢᠶᠠᠷᠢᠯᠠᠯᠲᠠ᠂ ᠣᠯᠠᠨ ᠨᠡᠶᠢᠲᠡ ᠶᠢᠨ ᠠᠮᠣᠷ ᠲᠦᠪᠰᠢᠨ ᠵᠡᠷᠭᠡ ᠠᠷᠠᠳ ᠤᠨ ᠠᠮᠢᠳᠣᠷᠠᠯ ᠤᠨ ᠡᠯ᠎ᠡ ᠵᠦᠢᠯ ᠤᠨ | ᠠᠵᠢᠯ ᠢ ᠨᠢᠭᠡᠲᠦᠯᠲᠡᠢ ᠲᠦᠯᠦᠪᠯᠡᠨ ᠰᠠᠶᠢᠳᠣᠷ ᠬᠢᠵᠦ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ | ᠰᠢᠰᠲ᠋ᠧᠮᠵᠢ ᠶᠢ ᠪᠠᠶᠢᠭᠤᠯᠣᠯᠲᠠ ᠶᠢ ᠲᠦᠷᠭᠡᠳᠭᠡᠨ ᠠᠬᠢᠭᠤᠯᠵᠣ᠂ ᠪᠦᠬᠦ ᠰᠡᠳᠭᠢᠯ ᠪᠠᠶᠢᠳᠠᠭ ᠴᠢᠳᠠᠯ ᠢᠶᠠᠷ ᠢᠶᠠᠨ | ᠠᠷᠠᠳ ᠣᠯᠠᠨ ᠳᠤ ᠪᠣᠲᠠᠲᠣ ᠶᠠᠪᠣᠳᠠᠯ ᠬᠢᠵᠦ ᠦᠭᠵᠦ ᠬᠦᠴᠢᠷ ᠶᠠᠪᠣᠳᠠᠯ ᠢ ᠨᠢ ᠰᠢᠢᠳᠪᠦᠷᠢᠯᠡᠵᠦ᠂ ᠪᠦᠬᠦ ᠣᠷᠣᠨ ᠤ | ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠥᠭᠡᠷᠡᠴᠢᠯᠡᠯᠲᠡ ᠬᠦᠭᠵᠢᠯᠲᠡ ᠶᠢ ᠦᠷ᠎ᠡ ᠪᠦᠲᠦᠭᠡᠯ ᠢ ᠭᠦᠢᠴᠡᠳ | ᠬᠦᠷᠲᠡᠭᠡᠬᠦ ᠬᠡᠷᠡᠭᠲᠡᠢ᠃ | ᠡᠨᠡ ᠵᠢᠯ ᠲᠣᠣᠷᠠᠬᠢ ᠠᠷᠪᠠᠨ ᠠᠵᠢᠯ ᠢ ᠭᠤᠣᠯᠳᠠᠯᠭ᠎ᠠ ᠲᠠᠢ ᠰᠠᠶᠢᠳᠣᠷ ᠠᠳᠬᠤᠬᠤ ᠬᠡᠷᠡᠭᠲᠡᠢ᠃ | ︵ᠨᠢᠭᠡ︶ ᠪᠦᠲᠦᠮᠵᠢᠲᠠᠢ ᠬᠡᠷᠡᠭᠴᠡᠭᠡ ᠶᠢ ᠴᠢᠷᠮᠠᠶᠢᠨ ᠦᠷᠭᠡᠳᠬᠡᠵᠤ᠂ ᠠᠵᠤ ᠠᠬᠤᠢ ᠶᠢᠨ | ᠲᠤᠭᠲᠠᠭᠤᠨ ᠢᠶᠠᠷ ᠨᠡᠮᠡᠭᠳᠡᠭᠦ ᠶᠢ ᠠᠬᠢᠭᠤᠯᠤᠨ᠎ᠠ | ᠪᠡᠯᠡ ᠤᠷᠤᠭᠤᠯᠤᠯᠲᠠ ᠶᠢ ᠳᠤᠪᠤᠶᠢᠮ᠎ᠠ ᠰᠠᠶᠢᠲᠤᠷ ᠠᠳᠬᠤᠨ᠎ᠠ᠃ ᠲᠦᠷᠦ ᠶᠢᠨ ᠶᠠᠪᠤᠳᠠᠯ ᠤᠨ ᠬᠤᠷᠢᠶᠠᠨ ᠤ | ︽ᠦᠪᠦᠷ ᠮᠤᠩᠭᠤᠯ ᠤᠨ ᠠᠵᠤ ᠠᠬᠤᠢ ᠨᠡᠶᠢᠭᠡᠮ ᠤᠨ ᠴᠢᠨᠠᠷᠯᠢᠭ ᠪᠦᠭᠡᠳ ᠲᠦᠷᠭᠡᠨ ᠬᠦᠭᠵᠢᠯᠲᠠ ᠶᠢ ᠠᠬᠢᠭᠤᠯᠬᠤ | ᠲᠤᠬᠠᠢ ᠰᠠᠨᠠᠯ ᠤᠳ︾ ᠢ ᠤᠯᠠᠮ ᠨᠢᠭᠡ ᠠᠯᠬᠤᠮ ᠨᠡᠶᠢᠳᠠᠪᠤᠷᠢᠵᠢᠭᠤᠯᠵᠤ᠂ ᠪᠤᠭᠤᠮᠢ ᠬᠢᠵᠠᠭᠠᠷᠯᠠᠯ ᠢ ᠰᠢᠪᠲᠤᠯᠬᠤ᠂ | ᠠᠵᠤ ᠦᠢᠯᠡᠰ ᠤᠨ ᠪᠦᠲᠦᠴᠡ ᠶᠢ ᠲᠤᠬᠢᠷᠠᠭᠤᠯᠬᠤ ᠪᠠ ᠠᠷᠠᠳ ᠤᠨ ᠠᠮᠢᠳᠤᠷᠠᠯ ᠤᠨ ᠪᠦᠲᠦᠭᠡᠨ ᠪᠠᠶᠢᠭᠤᠯᠤᠯᠲᠠ ᠶᠢ | ᠴᠢᠩᠭᠠᠳᠬᠤᠵᠤ ᠪᠡᠯᠡ ᠤᠷᠤᠭᠤᠯᠤᠯᠲᠠ ᠶᠢ ᠠᠳᠬᠤᠬᠤ ᠲᠤᠭᠤᠷᠢᠨ ᠳᠤ᠂ ᠵᠠᠮ ᠬᠠᠷᠢᠯᠴᠠᠭ᠎ᠠ ᠲᠡᠬᠡᠬᠡᠪᠦᠷᠢ ᠶᠢᠨ | ᠰᠢᠰᠲ᠋ᠧᠮᠵᠢ᠂ ᠡᠨᠧᠷᠬᠢ ᠶᠢ ᠭᠠᠳᠠᠭᠰᠢ ᠬᠦᠷᠭᠡᠬᠦ ᠨᠡᠪᠲᠡᠷᠡᠯ ᠵᠠᠮ᠂ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠪᠠ | ᠮᠡᠳᠡᠭᠡ ᠵᠠᠩᠬᠢ ᠶᠢᠨ ᠲᠤᠤᠷ ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ︽ᠲᠠᠪᠤᠨ ᠶᠡᠭᠡ | ᠰᠠᠭᠤᠷᠢᠨ ᠭᠠᠵᠠᠷ︾ ᠤᠨ ᠭᠤᠤᠯᠳᠠᠯᠭ᠎ᠠ ᠲᠠᠢ ᠲᠦᠯᠦᠪᠵᠢᠭᠦᠯᠭᠡ ᠶᠢᠨ ᠲᠦᠷᠦᠯ ᠵᠦᠢᠯ ᠢ ᠶᠡᠬᠡᠪᠡᠷ ᠲᠦᠯᠬᠢᠨ | ᠠᠬᠢᠭᠤᠯᠵᠤ᠂ ᠲᠡᠷᠢᠶᠠᠯᠠᠩ ᠮᠠᠯ ᠠᠵᠤ ᠠᠬᠤᠢ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ᠂ ᠠᠮᠢ | ᠠᠬᠤᠢ ᠶᠢᠨ ᠪᠦᠲᠦᠭᠡᠨ ᠪᠠᠶᠢᠭᠤᠯᠤᠯᠲᠠ ᠵᠡᠷᠭᠡ ᠬᠦᠷᠢᠶᠡᠨ ᠤ ᠪᠡᠯᠡ ᠤᠷᠤᠭᠤᠯᠤᠯᠲᠠ ᠶᠢ ᠪᠦᠲᠦᠮᠵᠢᠲᠠᠢ ᠪᠠᠷ | ᠨᠡᠮᠡᠭᠳᠡᠭᠦᠯᠦᠨ᠎ᠡ᠃ ᠤᠯᠠᠨ ᠲᠠᠯ᠎ᠠ ᠠᠴᠠ ᠪᠡᠯᠡ ᠤᠷᠤᠭᠤᠯᠬᠤ᠂ ᠵᠠᠬ᠎ᠠ ᠳᠡᠯᠭᠡᠬᠦᠷ ᠢᠶᠠᠷ ᠠᠵᠢᠯᠯᠠᠭᠤᠯᠬᠤ᠂ ᠲᠦᠷᠦ ᠶᠢᠨ | ᠪᠤᠳᠤᠯᠭ᠎ᠠ ᠶᠢ ᠲᠦᠬᠦᠷᠵᠢᠭᠦᠯᠬᠦ ᠦᠨᠳᠦᠰᠦᠨ ᠰᠡᠳᠬᠢᠴᠡ ᠶᠢ ᠪᠠᠷᠢᠮᠲᠠᠯᠠᠨ᠂ ᠪᠡᠯᠡ ᠲᠤᠬᠢᠷᠠᠭᠤᠯᠬᠤ ᠠᠷᠭ᠎ᠠ ᠵᠠᠮ ᠢ | ᠤᠯᠠᠮ ᠨᠢᠭᠡ ᠠᠯᠬᠤᠮ ᠦᠷᠭᠡᠳᠭᠡᠨ᠎ᠡ᠃ ᠤᠯᠤᠰ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠶᠢ ᠤᠨᠤᠪᠴᠢᠲᠠᠢ | ᠡᠵᠡᠮᠰᠢᠨ᠂ ᠲᠦᠪ ᠤᠨ ᠲᠦᠰᠦᠪ ᠤᠨ ᠲᠤᠲᠤᠷᠠᠬᠢ ᠪᠡᠯᠡ ᠮᠦᠡᠭᠭᠦ ᠶᠢ ᠢᠳᠡᠪᠬᠢᠯᠡᠨ ᠤᠯᠵᠤ᠂ ᠮᠦᠡᠭᠭᠦᠨ | ᠬᠦᠢᠯᠭᠡᠭᠡᠨ ᠤ ᠪᠠᠶᠢᠭᠤᠯᠤᠮᠵᠢ ᠶᠢᠨ ᠪᠡᠯᠡ ᠲᠤᠬᠢᠷᠠᠭᠤᠯᠬᠤ ᠬᠡᠪᠴᠢᠶ᠎ᠡ ᠪᠠᠨ ᠦᠷᠭᠡᠳᠬᠡᠬᠦ ᠶᠢ ᠳᠡᠮᠵᠢᠵᠤ ᠬᠦᠲᠦᠯᠦᠨ | ᠵᠢᠯᠦᠭᠤᠳᠤᠨ᠎ᠠ᠃ ᠪᠡᠯᠡ ᠤᠷᠤᠭᠤᠯᠬᠤ ᠪᠡᠯᠡ ᠲᠤᠬᠢᠷᠠᠭᠤᠯᠬᠤ ᠪᠠᠶᠢᠭᠤᠯᠤᠯ ᠲᠤᠭᠲᠠᠴᠠ ᠶᠢᠨ ᠰᠢᠨ᠎ᠠ ᠶᠢ ᠡᠭᠦᠳᠴᠤ᠂ | ᠪᠡᠯᠡ ᠤᠷᠤᠭᠤᠯᠵᠤ ᠪᠡᠯᠡ ᠲᠤᠬᠢᠷᠠᠭᠤᠯᠬᠤ ᠤᠷᠴᠢᠨ ᠨᠦᠬᠦᠴᠡᠯ ᠢ ᠶᠡᠬᠡᠪᠡᠷ ᠰᠠᠶᠢᠵᠢᠷᠠᠭᠤᠯᠤᠨ᠂ ᠵᠠᠬ᠎ᠠ ᠳᠡᠯᠭᠡᠬᠦᠷ ᠤᠨ | ᠭᠤᠤᠯ ᠴᠤᠭᠴᠠ ᠶᠢᠨ ᠪᠡᠯᠡ ᠤᠷᠤᠭᠤᠯᠬᠤ ᠢᠲᠡᠭᠡᠯ ᠵᠤᠷᠢᠭ ᠢ ᠨᠡᠮᠡᠭᠳᠡᠭᠦᠯᠵᠤ᠂ ᠠᠷᠠᠳ ᠤᠨ ᠪᠡᠯᠡ | ᠤᠷᠤᠭᠤᠯᠤᠯᠲᠠ ᠶᠢᠨ ᠳᠠᠯᠳᠠ ᠬᠦᠴᠦᠨ ᠢ ᠬᠦᠢᠴᠡᠳ ᠠᠭᠤᠲᠠᠯᠯᠠᠨᠠ᠃ ᠵᠠᠰᠠᠭ ᠤᠨ ᠤᠷᠳᠤᠨ ᠤ ᠪᠡᠯᠡ | ᠤᠷᠤᠭᠤᠯᠤᠯᠲᠠ ᠶᠢᠨ ᠬᠦᠰᠢᠭᠦᠷᠬᠡ ᠶᠢᠨ ᠦᠢᠯᠡᠳᠦᠯ ᠢ ᠪᠠᠳᠠᠷᠠᠭᠤᠯᠤᠨ᠂ ᠡᠬᠢ ᠪᠠᠶᠠᠯᠢᠭ᠂ ᠡᠳ᠋ ᠬᠦᠷᠦᠩᠭᠡ᠂ | ᠬᠦᠷᠦᠩᠭᠡ ᠶᠢ ᠨᠢᠭᠡ ᠴᠤᠭᠴᠠᠵᠢᠭᠤᠯᠤᠨ ᠠᠵᠢᠯᠯᠠᠭᠤᠯᠬᠤ ᠶᠢ ᠲᠦᠯᠬᠢᠨ ᠠᠬᠢᠭᠤᠯᠵᠤ᠂ ᠬᠦᠭᠵᠢᠭᠦᠯᠦᠯᠲᠡ ᠶᠢᠨ | ᠰᠠᠭᠤᠷᠢ ᠮᠦᠡᠭᠭᠦ ᠪᠠᠶᠢᠭᠤᠯᠬᠤ᠂ ᠵᠢᠭᠡᠯᠡᠯᠭᠡ ᠶᠢᠨ ᠲᠡᠮᠳᠡᠭᠲᠤ ᠲᠠᠷᠬᠠᠭᠠᠬᠤ᠂ ᠰᠲ᠋ᠤᠺ ᠤᠨ ᠡᠷᠬᠡ ᠶᠢ ᠬᠢᠮᠳᠡ ᠪᠠᠷ | ᠬᠤᠳᠠᠯᠳᠤᠬᠤ ᠵᠡᠷᠭᠡ ᠪᠡᠯᠡ ᠲᠤᠬᠢᠷᠠᠭᠤᠯᠬᠤ ᠠᠷᠭ᠎ᠠ ᠮᠠᠶ᠋ᠢᠭ ᠢ ᠬᠠᠶᠢᠨ ᠰᠦᠪᠡᠭᠴᠢᠯᠡᠵᠤ᠂ ᠪᠠᠶᠢᠯᠳᠤᠬᠤ | ᠪᠤᠳᠤᠯᠭ᠎ᠠ ᠶᠢᠨ ᠰᠢᠨ᠎ᠡ ᠶᠢ ᠡᠭᠦᠳᠬᠦ ᠠᠵᠤ ᠦᠢᠯᠡᠰ ᠤᠨ ᠰᠠᠭᠤᠷᠢ ᠮᠦᠡᠭᠭᠦ ᠶᠢᠨ ᠠᠵᠢᠯᠯᠠᠭᠠᠨ ᠢ ᠠᠬᠢᠭᠤᠯᠤᠨ᠎ᠠ᠃ | ᠭᠤᠤᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ᠎ᠡ᠃ ᠪᠦᠬᠦ | ᠲᠠᠯ᠎ᠠ ᠶᠢᠨ ᠴᠢᠨᠠᠷ᠂ ᠰᠠᠭᠤᠷᠢ ᠴᠢᠨᠠᠷ ᠪᠠ ᠪᠠᠶᠢᠯᠳᠤᠬᠤ ᠪᠤᠳᠤᠯᠭ᠎ᠠ ᠶᠢᠨ ᠴᠢᠨᠠᠷ ᠪᠦᠬᠦᠢ ᠨᠦᠯᠦᠭᠡ ᠲᠠᠢ ᠨᠢᠭᠡ ᠪᠦᠯᠦᠭ | ᠴᠢᠬᠤᠯᠡ ᠶᠡᠭᠡ ᠲᠦᠷᠦᠯ ᠵᠦᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠵᠤ᠂ ᠤᠮᠠᠷᠠᠲᠤ ᠤᠷᠤᠨ᠂ ᠵᠡᠭᠦᠨ ᠬᠤᠶᠢᠲᠤ | ᠤᠷᠤᠨ᠂ ᠳᠤᠮᠳᠠᠲᠤ ᠤᠷᠤᠨ ᠪᠤᠯᠤᠨ ᠲᠤᠷᠤᠨᠠᠲᠤ ᠤᠷᠤᠨ ᠲᠠᠰᠢ ᠬᠠᠨᠳᠤᠭᠤᠯᠤᠭᠰᠠᠨ ᠴᠡᠪᠡᠷ ᠡᠨᠧᠷᠬᠢ ᠭᠠᠷᠭᠠᠬᠤ | ᠨᠡᠪᠲᠡᠷᠡᠯ ᠵᠠᠮ ᠬᠢᠭᠡᠳ ᠢᠵᠢ ᠪᠦᠷᠢᠯᠳᠦᠬᠦᠯᠦᠭᠰᠡᠨ ᠴᠠᠬᠢᠯᠭᠠᠨ ᠡᠭᠦᠰᠬᠡᠭᠴᠢ ᠶᠢᠨ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠰᠠᠶᠢᠲᠤᠷ ᠠᠳᠬᠤᠵᠤ᠂ ᠴᠠᠬᠢᠯᠭᠠᠨ ᠬᠦᠴᠦᠨ᠂ ᠲᠤᠰᠦ ᠬᠡᠢ ᠶᠢ ᠭᠠᠳᠠᠭᠰᠢ ᠬᠦᠷᠭᠡᠬᠦ ᠨᠡᠪᠲᠡᠷᠡᠯ | ᠵᠠᠮ ᠤᠨ ᠲᠦᠷᠦᠯ ᠵᠦᠢᠯ ᠤᠨ ᠵᠦᠪᠰᠢᠶᠡᠷᠡᠯ ᠢ ᠲᠦᠷᠭᠡᠬᠡᠨ ᠤᠯᠬᠤ ᠪᠠᠷ ᠴᠢᠷᠮᠠᠶᠢᠨ᠎ᠠ᠃ ᠳᠡᠭᠡᠲᠤ ᠬᠤᠷᠲᠤ ᠶᠢᠨ | ᠵᠠᠰᠠᠮᠠᠯ ᠵᠠᠮ ᠤᠨ ᠲᠤᠤᠷ ᠪᠠ ᠤᠯᠤᠰ ᠪᠤᠯᠤᠨ ᠮᠤᠵᠢ ᠶᠢᠨ ᠭᠤᠤᠯ ᠱᠤᠭᠤᠮ ᠤᠨ ᠵᠠᠰᠠᠮᠠᠯ ᠵᠠᠮ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ᠂ ᠬᠤᠰᠢᠭᠤ ᠰᠢᠶᠠᠨ ᠳᠤ ᠨᠡᠪᠲᠡᠷᠡᠬᠦ ᠨᠢᠭᠡᠳᠤᠭᠡᠷ ᠳᠡᠰ ᠤᠨ ᠵᠠᠰᠠᠮᠠᠯ ᠵᠠᠮ ᠪᠠ | ᠭᠠᠴᠠᠭ᠎ᠠ ᠲᠤᠰᠬᠤᠨ ᠳᠤ ᠨᠡᠪᠲᠡᠷᠡᠬᠦ ᠪᠠᠷᠤᠭᠰᠢᠨ ᠱᠦᠢᠨᠢ ᠵᠠᠮ ᠤᠨ ᠪᠦᠲᠦᠭᠡᠨ ᠪᠠᠶᠢᠭᠤᠯᠤᠯᠲᠠ ᠶᠢ ᠲᠦᠯᠬᠢᠨ | ᠠᠬᠢᠭᠤᠯᠵᠤ᠂ ᠪᠡᠭᠡᠵᠢᠩ ᠠᠴᠠ ᠰᠢᠨᠵᠢᠶᠠᠩ ᠬᠦᠷᠬᠦ ᠳᠡᠭᠡᠲᠤ ᠬᠤᠷᠲᠤ ᠶᠢᠨ ᠵᠠᠰᠠᠮᠠᠯ ᠵᠠᠮ ᠤᠨ ᠯᠢᠩᠾᠧ ᠠᠴᠠ ᠦᠪᠦᠷ | ᠮᠤᠩᠭᠤᠯ ᠭᠠᠨᠰᠤ ᠶᠢᠨ ᠵᠠᠭᠠᠭ ᠬᠦᠷᠬᠦ᠂ ᠷᠦᠡᠭ ᠴᠸᠡᠭ ᠠᠴᠠ ᠦᠬᠠᠢ ᠬᠦᠷᠬᠦ ᠳᠡᠭᠡᠲᠤ ᠬᠤᠷᠲᠤ ᠶᠢᠨ ᠵᠠᠰᠠᠮᠠᠯ | ᠵᠠᠮ ᠤᠨ ᠦᠵᠦᠬᠦᠷ ᠪᠠᠯᠭᠠᠰᠤ ᠠᠴᠠ ᠦᠬᠠᠢ ᠬᠦᠷᠬᠦ᠂ ᠳ᠋ᠠᠨᠳᠦ᠋ᠡᠭ ᠠᠴᠠ ᠰᠢᠯᠢᠩᠬᠤᠲᠠ ᠬᠦᠷᠬᠦ ᠳᠡᠭᠡᠲᠤ ᠬᠤᠷᠲᠤ ᠶᠢᠨ | ᠵᠠᠰᠠᠮᠠᠯ ᠵᠠᠮ ᠤᠨ ᠪᠢᠷᠠᠭᠤ ᠪᠠᠯᠭᠠᠰᠤ ᠠᠴᠠ ᠰᠢᠯᠢᠩᠬᠤᠲᠠ ᠬᠦᠷᠬᠦ ᠳᠡᠭᠡᠲᠤ ᠬᠤᠷᠳᠤ ᠶᠢᠨ ᠵᠠᠰᠠᠮᠠᠯ ᠵᠠᠮ ᠪᠤᠯᠤᠨ | ᠤᠯᠠᠭᠠᠨᠬᠤᠲᠠ ᠠᠴᠠ ᠷᠠᠰᠢᠶᠠᠨ ᠬᠦᠷᠬᠦ ᠨᠢᠭᠡᠳᠤᠭᠡᠷ ᠳᠡᠰ ᠤᠨ ᠵᠠᠰᠠᠮᠠᠯ ᠵᠠᠮ ᠤᠨ ᠦᠭᠡᠷᠡᠴᠢᠯᠡᠨ ᠪᠠᠶᠢᠭᠤᠯᠬᠤ ᠵᠡᠷᠭᠡ | ᠲᠦᠷᠦᠯ ᠵᠦᠢᠯ ᠢ ᠰᠢᠨ᠎ᠡ ᠪᠠᠷ ᠠᠵᠢᠯ ᠡᠬᠢᠯᠡᠭᠦᠯᠵᠤ᠂ ᠳᠡᠭᠡᠲᠤ ᠬᠤᠷᠲᠤ ᠶᠢᠨ ᠵᠠᠰᠠᠮᠠᠯ ᠵᠠᠮ 1990 ᠺᠢᠯᠤᠮᠧᠳ᠋ᠷ᠂ | ᠭᠠᠴᠠᠭ᠎ᠠ ᠲᠤᠰᠬᠤᠨ ᠳᠤ ᠨᠡᠪᠲᠡᠷᠡᠬᠦ ᠪᠠᠷᠤᠭᠰᠢᠨ ᠱᠦᠢᠨᠢ ᠵᠠᠮ ᠢ ᠰᠢᠨ᠎ᠡ ᠪᠠᠷ 700 ᠶᠢ ᠨᠡᠮᠡᠭᠳᠡᠭᠦᠯᠬᠦ ᠶᠢ | ᠪᠠᠭᠲᠠᠭᠠᠭᠰᠠᠨ ᠵᠠᠰᠠᠮᠠᠯ ᠵᠠᠮ ᠤᠨ ᠬᠡᠪᠴᠢᠶ᠎ᠡ ᠶᠢ 1.4 ᠲᠦᠮᠡᠨ ᠺᠢᠯᠤᠮᠧᠳ᠋ᠷ ᠪᠦᠲᠦᠭᠡᠨ ᠪᠠᠶᠢᠭᠤᠯᠤᠨ᠎ᠠ᠃ | ᠬᠦᠬᠡᠬᠤᠲᠠ ᠠᠴᠠ ᠴᠢᠭᠤᠯᠤᠯᠲᠤ ᠬᠠᠭᠠᠯᠭ᠎ᠠ ᠬᠦᠷᠬᠦ ᠠᠶᠠᠨᠴᠢᠳ ᠤᠨ ᠲᠡᠭᠡᠭᠡᠪᠦᠷᠢ ᠶᠢᠨ ᠲᠤᠰᠬᠠᠢ ᠱᠤᠭᠤᠮ ᠤᠨ | ᠲᠡᠮᠦᠷ ᠵᠠᠮ᠂ ᠬᠦᠬᠡᠬᠤᠲᠠ ᠠᠴᠠ ᠵᠡᠭᠦᠨᠭᠠᠷ ᠤᠷᠳᠤᠰ ᠬᠦᠷᠬᠦ ᠲᠦᠷᠭᠡᠨ ᠬᠤᠷᠳᠤ ᠶᠢᠨ ᠲᠡᠮᠦᠷ ᠵᠠᠮ ᠵᠡᠷᠭᠡ ᠲᠦᠷᠦᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠦᠪᠦᠷ ᠮᠤᠩᠭᠤᠯ ᠤᠨ ᠪᠠᠷᠠᠭᠤᠨ ᠬᠡᠰᠡᠭ ᠠᠴᠠ ᠳᠤᠮᠳᠠᠲᠤ | ᠤᠷᠤᠨ ᠬᠦᠷᠬᠦ᠂ ᠡᠵᠡᠨ᠎ᠡ ᠠᠴᠠ ᠬᠠᠮᠢ ᠬᠦᠷᠬᠦ᠂ ᠪᠠᠶᠢᠴᠸᠡᠭ ᠠᠴᠠ ᠷᠠᠰᠢᠶᠠᠨ ᠬᠦᠷᠬᠦ ᠲᠡᠮᠦᠷ ᠵᠠᠮ ᠤᠨ ᠴᠢᠳᠠᠪᠤᠷᠢ ᠶᠢ | ᠦᠷᠭᠡᠳᠬᠡᠨ ᠦᠭᠡᠷᠡᠴᠢᠯᠡᠨ ᠪᠠᠶᠢᠭᠤᠯᠬᠤ ᠪᠠ ᠬᠠᠷᠪᠢᠨ ᠠᠴᠠ ᠮᠠᠨᠵᠤᠤᠷ ᠬᠦᠷᠬᠦ ᠲᠡᠮᠦᠷ ᠵᠠᠮ ᠤᠨ ᠴᠠᠬᠢᠯᠭᠠᠨᠵᠢᠭᠤᠯᠤᠨ | ᠦᠭᠡᠷᠡᠴᠢᠯᠡᠬᠦ ᠵᠡᠷᠬᠡ ᠲᠦᠷᠦᠯ ᠵᠦᠢᠯ ᠢ ᠰᠢᠨ᠎ᠡ ᠪᠠᠷ ᠪᠠᠷᠢᠯᠭ᠎ᠠ ᠡᠬᠢᠯᠡᠬᠦᠯᠵᠤ᠂ ᠲᠦᠡᠭᠯᠢᠶᠤᠤ᠂ ᠤᠯᠠᠭᠠᠨᠬᠠᠳᠠ ᠠᠴᠠ | ᠪᠡᠭᠡᠵᠢᠩ ᠮᠦᠭᠳᠡᠨ ᠬᠦᠷᠬᠦ ᠠᠶᠠᠨᠴᠢᠳ ᠤᠨ ᠲᠡᠭᠡᠭᠡᠪᠦᠷᠢ ᠶᠢᠨ ᠲᠤᠰᠬᠠᠢ ᠱᠤᠭᠤᠮ ᠤᠨ ᠲᠡᠮᠦᠷ ᠵᠠᠮ ᠤᠨ ᠬᠤᠯᠪᠤᠬᠤ | ᠱᠤᠭᠤᠮ ᠤᠨ ᠡᠮᠦᠨᠡᠬᠦ ᠬᠤᠭᠤᠴᠠᠭᠠᠨ ᠤ ᠠᠵᠢᠯ ᠢ ᠲᠦᠯᠬᠢᠨ ᠠᠬᠢᠭᠤᠯᠵᠤ᠂ 1800 ᠺᠢᠯᠤᠮᠧᠳ᠋ᠷ ᠤᠷᠲᠤ ᠲᠡᠮᠦᠷ | ᠵᠠᠮ ᠢ ᠰᠢᠨ᠎ᠡ ᠪᠠᠷ ᠪᠠᠷᠢᠯᠭ᠎ᠠ ᠡᠬᠢᠯᠡᠬᠦᠯᠦᠨ᠂ ᠲᠡᠭᠡᠭᠡᠪᠦᠷᠢ ᠡᠵᠡᠩᠨᠡᠬᠦ ᠤᠷᠲᠤ ᠶᠢ 1100 ᠺᠢᠯᠤᠮᠧᠳ᠋ᠷ ᠰᠢᠨ᠎ᠡ ᠪᠠᠷ | ᠨᠡᠮᠡᠭᠳᠡᠬᠦᠯᠦᠨ᠎ᠡ᠃ ᠬᠦᠬᠡᠬᠤᠲᠠ ᠨᠢᠰᠬᠡᠯ ᠤᠨ ᠪᠠᠭᠤᠳᠠᠯ ᠤᠨ ᠨᠡᠬᠦᠯᠬᠡᠵᠤ ᠪᠠᠶᠢᠭᠤᠯᠬᠤ ᠠᠵᠢᠯ ᠢ ᠲᠦᠷᠭᠡᠳᠬᠡᠨ᠂ | ᠬᠤᠤᠯᠢᠨ ᠭᠤᠤᠯ᠂ ᠤᠯᠠᠭᠠᠨᠴᠠᠪ ᠤᠨ ᠨᠢᠰᠬᠡᠯ ᠤᠨ ᠪᠠᠭᠤᠳᠠᠯ ᠢ ᠪᠠᠶᠢᠭᠤᠯᠵᠤ ᠳᠠᠭᠤᠰᠬᠠᠨ᠂ ᠪᠤᠭᠤᠲᠤ᠂ | ᠤᠯᠠᠭᠠᠨᠬᠤᠲᠠ᠂ ᠤᠯᠠᠭᠠᠨᠬᠠᠳᠠ ᠶᠢᠨ ᠨᠢᠰᠬᠡᠯ ᠤᠨ ᠪᠠᠭᠤᠳᠠᠯ ᠤᠨ ᠦᠭᠡᠷᠡᠴᠢᠯᠡᠵᠤ ᠦᠷᠬᠡᠳᠬᠡᠨ ᠪᠠᠷᠢᠯᠭ᠎ᠠ ᠶᠢ | ᠪᠡᠶᠡᠯᠡᠭᠦᠯᠵᠤ᠂ ᠤᠯᠤᠰ ᠤᠨ ᠳᠡᠰ ᠤᠨ ᠠᠵᠢᠯ ᠡᠬᠦᠷᠬᠡ ᠬᠦᠢᠴᠡᠳᠬᠡᠬᠦ ᠨᠡᠶᠢᠳᠡᠮ ᠬᠡᠷᠡᠭᠯᠡᠭᠡᠨ ᠤ ᠠᠭᠠᠷ ᠤᠨ | ᠲᠡᠭᠡᠭᠡᠪᠦᠷᠢ ᠶᠢᠨ ᠲᠤᠷᠰᠢᠯᠲᠠ ᠶᠢᠨ ᠠᠵᠢᠯ ᠢ ᠲᠦᠯᠬᠢᠨ ᠠᠬᠢᠭᠤᠯᠵᠤ᠂ ᠨᠡᠶᠢᠳᠡᠮ ᠬᠡᠷᠡᠭᠯᠡᠬᠡᠨ ᠤ ᠨᠢᠰᠬᠡᠯ ᠤᠨ | ᠪᠠᠭᠤᠳᠠᠯ ᠢ ᠪᠠᠶᠢᠭᠤᠯᠵᠤ ᠳᠠᠭᠤᠰᠬᠠᠬᠤ ᠪᠠᠷ ᠴᠢᠷᠮᠠᠶᠢᠨ᠎ᠠ᠃ ᠦᠨᠳᠡᠭᠡᠨ᠂ ︽ᠴᠤᠤᠯ ᠭᠤᠤᠯ ᠤᠨ ᠤᠰᠤ ᠶᠢ ᠲᠠᠲᠠᠵᠤ | ᠯᠢᠶᠤᠤ ᠡᠾᠧ ᠭᠤᠤᠯ ᠳᠤ ᠨᠡᠮᠡᠷᠢᠯᠡᠬᠦ︾᠂ ᠬᠠᠲᠤᠨ ᠭᠤᠤᠯ ᠤᠨ ᠦᠶᠡᠷ ᠰᠡᠷᠭᠡᠶᠢᠯᠡᠬᠦ ᠪᠠᠷᠢᠯᠭ᠎ᠠ ᠶᠢᠨ ᠬᠤᠶᠠᠳᠤᠭᠠᠷ | ᠬᠤᠭᠤᠴᠠᠭ᠎ᠠ ᠵᠡᠷᠭᠡ ᠭᠤᠤᠯᠳᠠᠯᠭ᠎ᠠ ᠲᠠᠢ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ | ᠲᠦᠯᠬᠢᠨ ᠠᠬᠢᠭᠤᠯᠵᠤ᠂ ᠤᠯᠢᠶᠠᠰᠤᠲᠠᠢ ᠨᠠᠭᠤᠷ ᠪᠤᠯᠤᠨ ᠬᠦᠯᠦᠨ ᠨᠠᠭᠤᠷ ᠤᠨ ᠤᠰᠤᠨ ᠤ ᠤᠷᠴᠢᠨ ᠲᠤᠭᠤᠷᠢᠨ ᠢ | ᠵᠠᠰᠠᠬᠤ ᠶᠠᠪᠤᠳᠠᠯ ᠢ ᠰᠠᠶᠢᠲᠤᠷ ᠠᠳᠬᠤᠨ᠂ ᠤᠰᠤᠨ ᠠᠰᠢᠭᠯᠠᠯᠲᠠ ᠶᠢᠨ ᠰᠠᠭᠤᠷᠢ ᠪᠡᠯᠡᠳᠬᠡᠮᠵᠢ ᠶᠢᠨ ᠪᠠᠲᠤᠯᠭ᠎ᠠ ᠶᠢᠨ | ᠴᠢᠳᠠᠪᠤᠷᠢ ᠶᠢ ᠳᠡᠭᠡᠭᠰᠢᠯᠡᠭᠦᠯᠦᠨ᠎ᠡ᠃ | ᠬᠡᠷᠡᠭᠯᠡᠭᠡᠨ ᠪᠠ ᠭᠠᠳᠠᠭᠠᠲᠤ ᠬᠡᠷᠡᠭᠴᠡᠭᠡ ᠶᠢ ᠬᠦᠴᠦᠯᠡᠨ ᠦᠷᠭᠡᠳᠬᠡᠨ᠎ᠡ᠃ ᠬᠡᠷᠡᠭᠯᠡᠬᠡᠨ ᠤ ᠰᠠᠭᠤᠷᠢ | ᠦᠢᠯᠡᠳᠦᠯ ᠢ ᠬᠦᠢᠴᠡᠳ ᠪᠠᠳᠠᠷᠠᠭᠤᠯᠤᠨ᠂ ᠬᠡᠷᠡᠭᠯᠡᠬᠡᠨ ᠢ ᠵᠤᠷᠢᠭᠵᠢᠭᠤᠯᠬᠤ ᠡᠳ᠋ ᠤᠨ ᠵᠠᠰᠠᠭ ᠭᠠᠶᠢᠯᠢ᠂ ᠢᠲᠡᠭᠡᠮᠵᠢᠲᠤ | ᠵᠢᠭᠡᠯᠡᠯᠭᠡ ᠪᠠ ᠢᠲᠡᠭᠡᠮᠵᠢᠲᠤ ᠬᠡᠷᠡᠭᠯᠡᠭᠡᠨ ᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠮᠡᠳᠡᠭᠡ ᠵᠠᠩᠬᠢ᠂ | ᠰᠤᠶᠤᠯ ᠵᠢᠭᠤᠯᠴᠢᠯᠠᠯ᠂ ᠨᠠᠰᠤᠵᠢᠯ ᠡᠷᠡᠭᠦᠯ ᠮᠡᠨᠲᠤ᠂ ᠬᠡᠷ ᠤᠨ ᠠᠳᠡᠯ ᠠᠬᠤᠢ ᠶᠢᠨ ᠦᠢᠯᠡᠴᠢᠯᠡᠭᠡᠨ ᠵᠡᠷᠭᠡ | ᠬᠡᠷᠡᠭᠯᠡᠭᠡᠨ ᠤ ᠬᠠᠯᠠᠮᠰᠢᠯ ᠴᠢᠭ᠋ ᠢ ᠪᠤᠶᠢᠵᠢᠭᠤᠯᠵᠤ᠂ ᠰᠢᠨ᠎ᠡ ᠮᠠᠶ᠋ᠢᠭ ᠤᠨ ᠬᠡᠷᠡᠭᠯᠡᠭᠡᠨ ᠤ ᠲᠦᠯᠦᠪ ᠪᠠᠶᠢᠳᠠᠯ ᠢ | ᠬᠦᠭᠵᠢᠭᠦᠯᠦᠨ᠂ ᠬᠡᠷᠡᠭᠯᠡᠬᠡᠨ ᠤ ᠤᠷᠤᠨ ᠵᠠᠢ ᠶᠢ ᠲᠠᠰᠤᠷᠠᠯᠲᠠ ᠦᠭᠡᠢ ᠦᠷᠭᠡᠵᠢᠭᠦᠯᠦᠨ᠎ᠡ᠃ ᠤᠳᠤ ᠦᠶ᠎ᠡ ᠶᠢᠨ | ᠬᠦᠢᠯᠬᠡᠬᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠭᠡᠨ᠂ ᠬᠦᠢᠯᠭᠡᠭᠡᠨ ᠤ ᠭᠤᠤᠯ ᠴᠤᠭᠴᠠ ᠶᠢ | ᠪᠤᠶᠢᠵᠢᠭᠤᠯᠤᠨ᠂ ᠬᠦᠢᠯᠬᠡᠬᠡᠨ ᠤ ᠠᠵᠤ ᠦᠢᠯᠡᠰ ᠢ ᠪᠤᠵᠠᠭᠠᠶᠢᠷᠠᠭᠤᠯᠵᠤ᠂ ︽ᠲᠦᠮᠡᠨ ᠲᠤᠰᠬᠤᠨ ᠮᠢᠩᠭᠠᠨ | ᠰᠢᠶᠠᠩ ᠤᠨ ᠵᠠᠬ᠎ᠠ ᠳᠡᠯᠭᠡᠭᠦᠷ︾ ᠤᠨ ᠢᠨᠵᠧᠨᠧᠷᠢᠩ ᠢ ᠬᠦᠨᠵᠡᠬᠡᠢ ᠬᠡᠷᠡᠭᠵᠢᠭᠦᠯᠵᠤ᠂ ᠬᠦᠳᠡᠭᠡ ᠠᠶᠢᠯ ᠤᠨ ᠳᠡᠯᠭᠡᠭᠦᠷ ᠢ | ᠪᠦᠲᠦᠭᠡᠨ ᠪᠠᠶᠢᠭᠤᠯᠬᠤ ᠪᠠ ᠦᠭᠡᠷᠡᠴᠢᠯᠡᠨ ᠪᠠᠶᠢᠭᠤᠯᠤᠨ᠎ᠠ᠃ ᠵᠠᠬ᠎ᠠ ᠳᠡᠯᠭᠡᠭᠦᠷ ᠤᠨ ᠡᠮᠬᠢ ᠲᠢᠭᠯᠢᠮ ᠢ ᠶᠡᠬᠡᠪᠡᠷ | ᠴᠡᠭᠴᠡᠯᠡᠨ ᠵᠢᠷᠤᠮᠵᠢᠭᠤᠯᠵᠤ᠂ ᠪᠠᠷᠠᠭ᠎ᠠ ᠶᠢᠨ ᠦᠨ᠎ᠡ ᠬᠠᠨᠭ᠍ᠰᠢ ᠶᠢ ᠲᠤᠭᠲᠠᠭᠤᠨ ᠢᠶᠠᠷ ᠬᠢᠵᠠᠭᠠᠷᠯᠠᠬᠤ ᠲᠦᠷᠦ ᠶᠢᠨ | ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠦᠢᠯᠡᠳᠭᠦᠨ ᠤ ᠶᠠᠰᠤ ᠴᠢᠨᠠᠷ ᠤᠨ ᠠᠶᠤᠯ | ᠦᠭᠡᠢ ᠶᠢᠨ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠂ ᠬᠤᠳᠠᠯᠳᠤᠭᠠᠨ ᠤ ᠮᠡᠬᠡᠯᠡᠨ ᠬᠢᠬᠠᠬᠤ᠂ | ᠬᠤᠳᠠᠯ ᠬᠠᠭᠤᠷᠮᠠᠭ ᠴᠢᠨᠠᠷ ᠮᠠᠭᠤ ᠦᠢᠯᠡᠳᠭᠦᠨ ᠦᠢᠯᠡᠳᠴᠤ ᠪᠤᠷᠤᠯᠠᠭᠤᠯᠬᠤ ᠦᠢᠯᠡ ᠠᠵᠢᠯᠯᠠᠭ᠎ᠠ ᠳᠤ ᠴᠢᠩᠭ᠎ᠠ | ᠴᠤᠬᠢᠯᠲᠠ ᠦᠭᠴᠤ᠂ ᠬᠡᠷᠡᠭᠯᠡᠭᠡᠨ ᠤ ᠰᠠᠶᠢᠨ ᠰᠠᠶᠢᠬᠠᠨ ᠤᠷᠴᠢᠨ ᠠᠬᠤᠢ ᠶᠢ ᠪᠠᠶᠢᠭᠤᠯᠤᠨ᠎ᠠ᠃ ᠭᠠᠳᠠᠭᠠᠲᠤ | ᠬᠡᠷᠡᠭᠴᠡᠭᠡ ᠶᠢ ᠢᠳᠡᠪᠬᠢᠲᠠᠢ ᠪᠠᠷ ᠦᠷᠭᠡᠵᠢᠭᠦᠯᠦᠨ᠂ ᠭᠠᠳᠠᠭᠠᠲᠤ ᠳᠤ ᠭᠠᠷᠭᠠᠬᠤ ᠭᠠᠳᠠᠭᠠᠲᠤ ᠠᠴᠠ ᠤᠷᠤᠭᠤᠯᠬᠤ | ᠪᠦᠲᠦᠴᠡ ᠶᠢ ᠰᠢᠯᠢᠳᠡᠭᠵᠢᠭᠦᠯᠵᠤ᠂ ᠳᠠᠪᠠᠭᠤᠯᠢᠭ ᠦᠢᠯᠡᠳᠭᠦᠨ ᠤ ᠭᠠᠳᠠᠭᠠᠲᠤ ᠳᠤ ᠭᠠᠷᠭᠠᠬᠤ ᠶᠢ ᠦᠷᠭᠡᠳᠭᠡᠨ᠂ | ᠡᠨᠧᠷᠬᠢ᠂ ᠲᠦᠬᠦᠬᠡᠢ ᠮᠠᠲ᠋ᠧᠷᠢᠶᠠᠯ ᠵᠢᠴᠢ ᠲᠡᠷᠢᠭᠦᠨ ᠤ ᠮᠡᠷᠭᠡᠵᠢᠯ ᠪᠠ ᠲᠦᠭᠦᠬᠡᠷᠤᠮᠵᠢ ᠶᠢ ᠭᠠᠳᠠᠭᠠᠲᠤ ᠠᠴᠠ | ᠤᠷᠤᠭᠤᠯᠬᠤ ᠶᠢ ᠨᠡᠮᠡᠭᠳᠡᠭᠦᠯᠦᠨ᠎ᠡ᠃ ︽ᠭᠠᠳᠠᠭᠰᠢ ᠭᠠᠷᠬᠤ︾ ᠠᠯᠬᠤᠴᠠ ᠶᠢ ᠲᠦᠷᠭᠡᠳᠬᠡᠨ᠂ ᠬᠢᠯᠢ ᠶᠢᠨ ᠭᠠᠳᠠᠨ᠎ᠠ | ᠪᠡᠯᠡ ᠤᠷᠤᠭᠤᠯᠬᠤ ᠶᠢ ᠵᠤᠷᠢᠭᠵᠢᠭᠤᠯᠵᠤ᠂ ᠲᠤᠮᠦ ᠠᠵᠤ ᠠᠬᠤᠶᠢᠯᠠᠯ ᠤᠨ ᠤᠯᠠᠨ ᠤᠯᠤᠰ ᠲᠠᠬᠢ ᠦᠷᠢᠰᠦᠯᠳᠦᠬᠦ | ᠴᠢᠳᠠᠯ ᠢ ᠳᠡᠭᠡᠭᠰᠢᠯᠡᠭᠦᠯᠦᠨ᠂ ᠳᠤᠮᠳᠠ ᠪᠠᠭ᠎ᠠ ᠠᠵᠤ ᠠᠬᠤᠶᠢᠯᠠᠯ᠂ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠳ ᠤᠨ ᠤᠯᠠᠨ ᠵᠦᠢᠯ ᠤᠨ ᠬᠡᠯᠪᠡᠷᠢ ᠮᠠᠶ᠋ᠢᠭ ᠢᠶᠠᠷ ᠭᠠᠳᠠᠭᠠᠲᠤ ᠳᠤ ᠪᠡᠯᠡ ᠤᠷᠤᠭᠤᠯᠵᠤ ᠬᠤᠷᠰᠢᠯᠴᠠᠬᠤ | ᠠᠵᠢᠯ ᠦᠷᠨᠢᠭᠦᠯᠬᠦ ᠶᠢ ᠬᠦᠲᠦᠯᠦᠨ ᠵᠢᠯᠤᠭᠤᠳᠴᠤ᠂ ᠬᠢᠯᠢ ᠶᠢᠨ ᠭᠠᠳᠠᠨ᠎ᠠ ᠡᠬᠢ ᠪᠠᠶᠠᠯᠢᠭ ᠤᠨ ᠨᠡᠭᠡᠭᠡᠯᠲᠡ ᠬᠢᠬᠦ᠂ | ᠲᠠᠷᠢᠶᠠᠯᠠᠩ ᠮᠠᠯ ᠠᠵᠤ ᠠᠬᠤᠢ ᠶᠢᠨ ᠲᠠᠯ᠎ᠠ ᠪᠠᠷ ᠬᠤᠷᠰᠢᠯᠴᠠᠬᠤ ᠵᠡᠷᠬᠡ ᠲᠦᠷᠦᠯ ᠵᠦᠢᠯ ᠢ ᠭᠤᠤᠯᠳᠠᠯᠭ᠎ᠠ ᠲᠠᠢ | ᠰᠠᠶᠢᠲᠤᠷ ᠠᠳᠬᠤᠨ᠎ᠠ᠃ | ︵ᠬᠤᠶᠠᠷ︶ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦ ᠶᠢ ᠲᠦᠯᠬᠢᠨ ᠠᠬᠢᠭᠤᠯᠵᠤ᠂ | ᠬᠦᠭᠵᠢᠯᠲᠡ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠬᠤ ᠶᠢ ᠠᠬᠢᠭᠤᠯᠤᠨ᠎ᠠ | ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦ ᠠᠯᠬᠤᠴᠠ ᠶᠢ ᠲᠦᠷᠭᠡᠳᠬᠡᠨ᠎ᠡ᠃ ︽ | ᠲᠠᠪᠤᠨ ᠶᠡᠭᠡ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠤᠯᠲᠠ ᠶᠢᠨ ᠲᠤᠭᠤᠷᠢᠨ ᠳᠤ᠂ ᠬᠡᠮᠵᠢᠶ᠎ᠡ ᠶᠢ ᠨᠡᠮᠡᠭᠳᠡᠭᠦᠯᠬᠦ | ᠶᠡᠪᠤᠳᠠᠯ ᠢᠶᠠᠷ ᠪᠦᠲᠦᠴᠡ ᠶᠢᠨ ᠲᠤᠬᠢᠷᠠᠭᠤᠯᠤᠯᠲᠠ ᠶᠢ ᠳᠠᠶᠢᠴᠢᠯᠠᠨ᠂ ᠰᠢᠨ᠎ᠡ ᠶᠢ ᠡᠭᠦᠳᠬᠦ ᠶᠠᠪᠤᠳᠠᠯ ᠢᠶᠠᠷ ᠠᠵᠤ | ᠦᠢᠯᠡᠰ ᠤᠨ ᠲᠡᠰ ᠲᠡᠪᠰᠢᠬᠦ ᠶᠢ ᠠᠬᠢᠭᠤᠯᠵᠤ᠂ ᠠᠵᠤ ᠠᠬᠤᠢ ᠶᠢᠨ ᠬᠦᠭᠵᠢᠯᠲᠡ ᠶᠢᠨ ᠶᠠᠰᠤ ᠴᠢᠨᠠᠷ ᠪᠠ ᠦᠷ᠎ᠡ | ᠠᠰᠢᠭ ᠢ ᠬᠦᠴᠦᠯᠡᠨ ᠳᠡᠭᠡᠭᠰᠢᠯᠡᠭᠦᠯᠦᠨ᠎ᠡ᠃ ᠤᠯᠤᠰ ᠠᠴᠠ ᠠᠭᠠᠷ ᠮᠠᠨᠳᠠᠯ ᠤᠨ ᠪᠤᠬᠢᠷᠳᠤᠯ ᠢ ᠵᠠᠰᠠᠬᠤ᠂ | ᠦᠢᠯᠡᠳᠪᠦᠷᠢᠯᠡᠬᠦ ᠴᠢᠳᠠᠪᠤᠷᠢ ᠬᠡᠲᠤ ᠢᠯᠡᠭᠦᠳᠡᠵᠤ ᠪᠠᠶᠢᠭ᠎ᠠ ᠶᠢ ᠠᠷᠢᠯᠭᠠᠬᠤ ᠠᠵᠠ ᠲᠤᠬᠢᠶᠠᠯ ᠢ ᠵᠠᠪᠳᠤᠨ᠂ ᠡᠨᠧᠷᠬᠢ᠂ | ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠤᠨ ᠴᠢᠬᠤᠯᠠ ᠶᠡᠭᠡ ᠲᠦᠷᠦᠯ ᠵᠦᠢᠯ ᠤᠨ ᠪᠠᠷᠢᠯᠭ᠎ᠠ | ᠡᠬᠢᠯᠡᠭᠦᠯᠵᠤ ᠪᠦᠲᠦᠭᠡᠨ ᠪᠠᠶᠢᠭᠤᠯᠬᠤ ᠶᠢ ᠲᠤᠪᠤᠶᠢᠮ᠎ᠠ ᠰᠠᠶᠢᠲᠤᠷ ᠠᠳᠬᠤᠵᠤ᠂ ᠠᠵᠤ ᠦᠢᠯᠡᠰ ᠤᠨ ᠰᠢᠯᠵᠢᠯᠲᠡ ᠶᠢ | ᠬᠡᠪᠴᠢᠶᠡᠵᠢᠭᠦᠯᠦᠨ᠂ ᠬᠡᠯᠬᠢᠶᠡᠵᠢᠭᠦᠯᠤᠨ᠂ ᠪᠦᠯᠦᠭᠯᠡᠯᠵᠢᠭᠦᠯᠦᠨ ᠵᠠᠯᠭᠠᠨ ᠠᠪᠴᠤ᠂ ᠨᠡᠭᠦᠷᠡᠰᠦ ᠪᠠᠷ ᠲᠤᠰᠤ ᠬᠢᠬᠦ | 450 ᠲᠦᠮᠡᠨ ᠳᠤᠨ᠂ ᠨᠡᠭᠦᠷᠠᠰᠦ ᠪᠠᠷ ᠠᠯᠺᠸᠠ ᠬᠢᠬᠦ 220 ᠲᠦᠮᠡᠨ ᠳᠤᠨ᠂ ᠨᠡᠭᠦᠷᠠᠰᠤ ᠶᠢ ᠬᠡᠢ ᠪᠤᠯᠭᠠᠬᠤ 200 | ᠳ᠋ᠦᠡᠭᠰᠢᠭᠤᠷ ᠪᠤᠰᠤᠭ᠎ᠠ ᠲᠦᠷᠪᠡᠯᠵᠢᠨ ᠮᠧᠳ᠋ᠷ᠂ ᠴᠠᠬᠢᠯᠭᠠᠨ ᠬᠦᠴᠦᠨ ᠤ ᠮᠠᠰᠢᠨ ᠴᠤᠭᠴᠠᠯᠠᠪᠤᠷᠢ ᠶᠢᠨ 600 ᠲᠦᠮᠡᠨ | ᠺᠢᠯᠤᠸ᠋ᠲ ᠤᠨ ᠬᠢ ᠶᠢ ᠰᠢᠨ᠎ᠡ ᠪᠠᠷ ᠪᠠᠷᠢᠯᠭ᠎ᠠ ᠡᠬᠢᠯᠡᠬᠦᠯᠬᠦ ᠪᠠᠷ ᠴᠢᠷᠮᠠᠶᠢᠵᠤ᠂ ᠠᠵᠤ ᠠᠬᠤᠢ ᠶᠢᠨ ᠰᠢᠨ᠎ᠡ ᠨᠡᠮᠡᠭᠳᠡᠯ ᠤᠨ | ᠴᠢᠭ᠋ ᠢ ᠪᠤᠶᠢᠵᠢᠭᠤᠯᠤᠨ᠎ᠠ᠃ ᠤᠯᠠᠮᠵᠢᠯᠠᠯᠲᠤ ᠲᠠᠪᠠᠭᠤᠯᠢᠭ ᠤᠨᠴᠠᠯᠢᠭ ᠪᠦᠬᠦᠢ ᠠᠵᠤ ᠦᠢᠯᠡᠰ ᠢ ᠦᠭᠡᠷᠡᠴᠢᠯᠡᠵᠤ ᠲᠡᠰ | ᠲᠡᠪᠰᠢᠬᠦᠯᠬᠦ ᠶᠢ ᠲᠦᠷᠭᠡᠳᠬᠡᠨ᠂ ᠠᠵᠤ ᠦᠢᠯᠡᠰ ᠢ ᠡᠮᠬᠢᠯᠡᠨ ᠨᠡᠶᠢᠯᠡᠭᠦᠯᠵᠤ ᠲᠠᠬᠢᠨ ᠵᠤᠬᠢᠶᠠᠨ ᠪᠠᠶᠢᠭᠤᠯᠬᠤ ᠶᠢ | ᠲᠦᠯᠬᠢᠨ ᠠᠬᠢᠭᠤᠯᠵᠤ᠂ ᠨᠡᠭᠦᠷᠡᠰᠦᠨ ᠤ ᠭᠠᠷᠭᠠᠯᠲᠠ ᠶᠢ ᠲᠤᠭᠲᠠᠭᠤᠨ ᠪᠠᠶᠢᠯᠭᠠᠵᠤ᠂ ᠨᠡᠭᠦᠷᠠᠰᠤ ᠶᠢ ᠬᠡᠤᠳᠠᠰᠦᠵᠢᠬᠦᠯᠬᠦ | ᠂ ᠡᠾᠯᠤᠷᠲᠤ ᠱᠦᠯᠲᠤ ᠶᠢᠨ ᠬᠢᠮᠢ ᠶᠢᠨ ᠠᠵᠤ ᠦᠢᠯᠡᠳᠪᠦᠷᠢ᠂ ᠹᠯᠤᠷ ᠤᠨ ᠬᠢᠮᠢ ᠶᠢᠨ ᠠᠵᠤ ᠦᠢᠯᠡᠳᠪᠦᠷᠢ ᠵᠡᠷᠭᠡ | ᠠᠵᠤ ᠦᠢᠯᠡᠰ ᠤᠨ ᠳᠡᠰ ᠲᠠᠪᠬᠤᠷᠭ᠎ᠠ ᠶᠢ ᠲᠦᠷᠭᠡᠳᠬᠡᠨ ᠳᠡᠭᠡᠭᠰᠢᠯᠡᠬᠦᠯᠵᠤ᠂ ᠨᠠᠷᠢᠯᠢᠭ ᠬᠢᠮᠢ ᠶᠢᠨ ᠠᠵᠤ | ᠦᠢᠯᠡᠳᠪᠦᠷᠢ ᠶᠢᠨ ᠦᠢᠯᠡᠳᠬᠦᠨ ᠤ ᠬᠤᠪᠢ ᠶᠢᠨ ᠵᠢᠩ ᠢ ᠳᠡᠭᠡᠭᠰᠢᠯᠡᠭᠦᠯᠦᠨ᠂ ᠠᠵᠤ ᠦᠢᠯᠡᠰ ᠤᠨ ᠬᠦᠭᠵᠢᠯᠲᠡ ᠶᠢᠨ | ᠰᠢᠨ᠎ᠡ ᠳᠠᠪᠠᠭᠤᠯᠢᠭ ᠢ ᠪᠦᠲᠦᠭᠡᠨ᠎ᠡ᠃ ᠨᠡᠭᠦᠷᠡᠰᠦ ᠴᠠᠬᠢᠯᠭᠠᠨ ᠲᠡᠮᠦᠷᠯᠢᠭ᠂ ᠬᠠᠶᠢᠬᠤ ᠮᠠᠯᠲᠠᠬᠤ ᠰᠢᠯᠢᠬᠦ | ᠪᠤᠯᠪᠠᠰᠤᠷᠠᠭᠤᠯᠬᠤ ᠶᠢ ᠨᠢᠭᠡ ᠴᠤᠭᠴᠠᠵᠢᠭᠤᠯᠤᠨ ᠬᠦᠭᠵᠢᠭᠦᠯᠬᠦ ᠶᠢ ᠲᠦᠯᠬᠢᠨ ᠠᠬᠢᠭᠤᠯᠵᠤ᠂ ᠦᠡᠭᠭᠡᠲᠤ | ᠲᠡᠮᠦᠷᠯᠢᠭ ᠤᠨ ᠠᠵᠤ ᠦᠢᠯᠡᠰ ᠤᠨ ᠤᠷᠲᠤᠳᠬᠠᠨ ᠡᠳ᠋ᠰᠢᠬᠦᠯᠬᠦ ᠨᠤᠷᠮ᠎ᠠ ᠶᠢ 30% ᠠᠴᠠ ᠳᠡᠭᠡᠭᠰᠢ ᠳᠤ | ᠬᠦᠷᠦᠭᠦᠯᠦᠨ᠂ ᠸᠠᠭᠠᠷ ᠱᠠᠭᠠᠵᠠᠩ᠂ ᠭᠡᠷᠡᠯ ᠸᠤᠯᠳ᠋ᠲᠤ ᠰᠢᠯ ᠵᠡᠷᠭᠡ ᠨᠠᠷᠢᠯᠢᠭ ᠬᠦᠨᠵᠡᠬᠡᠢ ᠡᠳ᠋ᠰᠢᠭᠦᠯᠦᠭᠰᠡᠨ | ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠭᠦᠨ ᠢ ᠲᠦᠷᠭᠡᠳᠬᠡᠨ ᠬᠦᠭᠵᠢᠭᠦᠯᠦᠨ᠎ᠡ᠃ ᠡᠬᠢ ᠪᠠᠶᠠᠯᠢᠭ ᠤᠨ ᠪᠤᠰᠤ | ᠬᠡᠯᠪᠡᠷᠢ ᠶᠢᠨ ᠠᠵᠤ ᠦᠢᠯᠡᠰ ᠪᠤᠯᠤᠨ ᠪᠠᠶᠢᠯᠲᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠪᠤᠢ ᠪᠤᠯᠤᠭᠰᠠᠨ ᠠᠵᠤ | ᠦᠢᠯᠡᠰ ᠢ ᠶᠡᠬᠡᠪᠡᠷ ᠬᠦᠭᠵᠢᠭᠦᠯᠦᠨ᠂ ᠡᠬᠦᠯᠡᠨ ᠪᠤᠳᠤᠯᠲᠠ ᠶᠢᠨ ᠲᠤᠭ᠎ᠠ ᠪᠠᠷᠢᠮᠲᠠ ᠶᠢᠨ ᠲᠦᠪ ᠤᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠡᠬᠦᠯᠡᠨ ᠪᠤᠳᠤᠯᠲᠠ ᠶᠢᠨ ᠬᠡᠷᠡᠭᠯᠡᠯᠲᠡ ᠶᠢᠨ ᠦᠢᠯᠡᠴᠢᠯᠡᠬᠡᠨ ᠪᠠ ᠬᠠᠲᠠᠭᠤ | ᠬᠡᠷᠡᠭᠰᠡᠯ ᠤᠨ ᠲᠦᠭᠦᠭᠡᠷᠤᠮᠵᠢ ᠦᠢᠯᠡᠳᠬᠦ ᠶᠢ ᠢᠳᠡᠪᠬᠢᠲᠠᠢ ᠪᠠᠷ ᠬᠦᠭᠵᠢᠭᠦᠯᠦᠨ᠂ ᠴᠢ ᠷᠦᠢ ᠲᠡᠮᠳᠡᠭᠲᠤ ᠮᠠᠰᠢᠨ | ᠲᠡᠷᠭᠡ᠂ ᠤᠮᠠᠷᠠᠲᠤ ᠶᠢᠨ ᠪᠧᠨ ᠤᠤᠢ ᠲᠡᠮᠳᠡᠭᠲᠤ ᠬᠦᠨᠲᠤ ᠠᠴᠢᠶᠠᠨ ᠤ ᠮᠠᠰᠢᠨ ᠲᠡᠷᠭᠡ ᠵᠡᠷᠭᠡ ᠲᠤᠨᠤᠭ ᠲᠦᠬᠦᠭᠡᠷᠦᠮᠵᠢ | ᠦᠢᠯᠡᠳᠬᠦ ᠦᠢᠯᠡᠰ ᠤᠨ ᠭᠤᠤᠯᠳᠠᠯᠭ᠎ᠠ ᠲᠠᠢ ᠲᠦᠷᠦᠯ ᠵᠦᠢᠯ ᠢ ᠰᠠᠶᠢᠲᠤᠷ ᠠᠳᠬᠤᠨ᠎ᠠ᠂ ᠰᠢᠨ᠎ᠡ ᠡᠨᠧᠷᠬᠢ᠂ ᠬᠤᠪᠤᠷ | ᠰᠢᠷᠤᠢ ᠶᠢᠨ ᠰᠢᠨ᠎ᠡ ᠮᠠᠲ᠋ᠧᠷᠢᠶᠠᠯ᠂ ᠠᠮᠢᠲᠤ ᠪᠤᠳᠠᠰ ᠤᠨ ᠡᠮ ᠬᠢᠬᠦ᠂ ᠡᠯᠧᠺᠳ᠋ᠷᠤᠨ ᠮᠡᠳᠡᠭᠡ ᠵᠠᠩᠬᠢ᠂ ᠡᠨᠧᠷᠬᠢ | ᠠᠷᠪᠢᠯᠠᠵᠤ ᠤᠷᠴᠢᠨ ᠲᠤᠭᠤᠷᠢᠨ ᠢ ᠬᠠᠮᠠᠭᠠᠯᠠᠬᠤ ᠵᠡᠷᠭᠡ ᠠᠵᠤ ᠦᠢᠯᠡᠰ ᠢ ᠲᠦᠷᠭᠡᠳᠭᠡᠨ ᠬᠦᠭᠵᠢᠭᠦᠯᠵᠤ᠂ ᠶᠡᠷᠤᠩᠬᠡᠢ | ᠬᠡᠮᠵᠢᠶ᠎ᠡ ᠪᠠ ᠬᠡᠪᠴᠢᠶ᠎ᠡ ᠶᠢ ᠨᠢ ᠪᠤᠵᠠᠭᠠᠶᠢᠷᠠᠭᠤᠯᠤᠨ᠂ ᠰᠢᠨ᠎ᠡ ᠲᠤᠯᠭᠠᠭᠤᠷᠢ ᠠᠵᠤ ᠦᠢᠯᠡᠰ ᠢ ᠪᠤᠢ ᠪᠤᠯᠭᠠᠨ᠎ᠠ᠃ | ᠤᠳᠤ ᠦᠶ᠎ᠡ ᠶᠢᠨ ᠦᠢᠯᠡᠴᠢᠯᠡᠭᠡᠨ ᠤ ᠠᠵᠤ ᠦᠢᠯᠡᠰ ᠢ ᠶᠡᠬᠡᠪᠡᠷ ᠬᠦᠭᠵᠢᠭᠦᠯᠦᠨ᠎ᠡ᠃ | ᠦᠢᠯᠡᠳᠪᠦᠷᠢᠯᠡᠯ ᠤᠨ ᠴᠢᠨᠠᠷᠲᠠᠢ ᠪᠠ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠢ ᠵᠡᠷᠭᠡ ᠳᠤᠨᠢ ᠴᠢᠬᠤᠯᠠᠴᠢᠯᠠᠬᠤ᠂ | ᠤᠯᠠᠮᠵᠢᠯᠠᠯᠲᠤ ᠪᠠ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠵᠡᠷᠭᠡ ᠳᠤᠨᠢ ᠡᠷᠬᠢᠮᠯᠡᠬᠦ ᠶᠢ ᠪᠠᠷᠢᠮᠲᠠᠯᠠᠨ᠂ | ᠦᠢᠯᠡᠴᠢᠯᠡᠭᠡᠨ ᠤ ᠦᠢᠯᠡᠰ ᠤᠨ ᠬᠦᠭᠵᠢᠯᠲᠡ ᠶᠢᠨ ᠬᠤᠷᠳᠤᠴᠠ ᠪᠠᠨ ᠲᠦᠷᠭᠡᠳᠭᠡᠬᠦ᠂ ᠬᠤᠪᠢ ᠶᠢᠨ ᠵᠢᠩ ᠢᠶᠠᠨ | ᠳᠡᠭᠡᠭᠰᠢᠯᠡᠭᠦᠯᠬᠦ᠂ ᠬᠢᠷᠢ ᠬᠡᠮᠵᠢᠶ᠎ᠡ ᠶᠢ ᠳᠡᠭᠡᠭᠰᠢᠯᠡᠬᠦᠯᠬᠦ ᠶᠢ ᠲᠦᠯᠬᠢᠨ ᠠᠬᠢᠭᠤᠯᠤᠨ᠎ᠠ᠃ ᠨᠢᠭᠡ ᠪᠦᠯᠦᠭ ᠴᠢᠬᠤᠯᠠ ᠶᠡᠭᠡ | ᠲᠦᠷᠦᠯ ᠵᠦᠢᠯ ᠢ ᠲᠦᠪᠯᠡᠷᠡᠭᠦᠯᠦᠨ ᠪᠦᠲᠦᠭᠡᠨ ᠪᠠᠶᠢᠭᠤᠯᠵᠤ᠂ ᠤᠨᠴᠠᠯᠢᠭ ᠢᠶᠠᠷ ᠢᠯᠡ ᠲᠤᠳᠤ᠂ ᠬᠡᠪᠴᠢᠶ᠎ᠡ ᠪᠠᠷ | ᠨᠡᠯᠢᠶᠡᠳ ᠶᠡᠭᠡ᠂ ᠨᠦᠯᠦᠭᠡᠯᠡᠨ ᠲᠠᠶᠢᠴᠢᠯᠠᠬᠤ ᠬᠦᠴᠦᠨ ᠢᠶᠠᠷ ᠴᠢᠩᠭ᠎ᠠ ᠪᠦᠬᠦᠢ ᠦᠢᠯᠡᠴᠢᠯᠡᠭᠡᠨ ᠤ ᠦᠢᠯᠡᠰ | ᠴᠤᠭᠯᠠᠷᠠᠭᠰᠠᠨ ᠤᠷᠤᠨ ᠢ 30 — 50 ᠶᠢ ᠪᠠᠶᠢᠭᠤᠯᠤᠨ᠎ᠠ᠃ ᠡᠯᠧᠺᠳ᠋ᠷᠤᠨ ᠬᠤᠳᠠᠯᠳᠤᠭᠠᠨ ᠤ ᠶᠠᠪᠤᠳᠠᠯ ᠤᠨ | ᠬᠦᠭᠵᠢᠯᠲᠠ ᠶᠢᠨ ᠲᠦᠯᠦᠪᠵᠢᠭᠦᠯᠬᠡ ᠪᠠ ᠲᠦᠷᠦ ᠶᠢᠨ ᠪᠤᠳᠤᠯᠭ᠎ᠠ ᠶᠢ ᠲᠤᠭᠲᠠᠭᠠᠨ᠂ ︽ᠦᠷᠭᠡᠨ ᠪᠦᠰᠡᠲᠤ ᠦᠪᠦᠷ | ᠮᠤᠩᠭᠤᠯ︾ ᠢᠨᠵᠧᠨᠧᠷᠢᠩ ᠢ ᠬᠦᠨᠵᠡᠭᠡᠢ ᠬᠡᠷᠡᠭᠵᠢᠭᠦᠯᠵᠤ᠂ ᠡᠯᠧᠺᠳ᠋ᠷᠤᠨ ᠬᠤᠳᠠᠯᠳᠤᠭᠠᠨ ᠤ ᠶᠠᠪᠤᠳᠠᠯ ᠢ ᠶᠡᠬᠡᠪᠡᠷ | ᠬᠦᠭᠵᠢᠭᠦᠯᠦᠨ᠎ᠡ᠃ ᠠᠷᠠᠯᠵᠢᠶᠠᠯᠠᠬᠤ᠂ ᠳᠡᠯᠭᠡᠨ ᠦᠵᠡᠭᠦᠯᠬᠦ᠂ ᠬᠦᠮᠦᠷᠭᠡᠯᠡᠨ ᠬᠠᠳᠠᠭᠠᠯᠠᠬᠤ᠂ ᠡᠳ᠋ᠰᠢᠭᠦᠯᠬᠦ᠂ | ᠲᠤᠬᠢᠷᠠᠭᠤᠯᠤᠨ ᠬᠦᠷᠭᠡᠬᠦ ᠶᠢ ᠨᠢᠭᠡ ᠴᠤᠭᠴᠠᠵᠢᠭᠤᠯᠤᠭᠰᠠᠨ ᠨᠢᠭᠡ ᠪᠦᠯᠦᠭ ᠶᠡᠷᠦᠩᠭᠡᠶᠢᠯᠡᠭᠰᠡᠨ ᠪᠠᠷᠠᠭ᠎ᠠ ᠶᠢᠨ | ᠬᠦᠢᠯᠭᠡᠭᠡᠨ ᠤ ᠬᠦᠷᠢᠶᠡᠯᠡᠩ ᠲᠤᠭᠤᠷᠢᠭ ᠢ ᠪᠦᠲᠦᠭᠡᠨ ᠪᠠᠶᠢᠭᠤᠯᠵᠤ᠂ ᠬᠤᠳᠠᠯᠳᠤᠭ᠎ᠠ ᠠᠷᠠᠯᠵᠢᠶ᠎ᠠ ᠶᠢᠨ ᠬᠦᠢᠯᠬᠡᠬᠡᠨ ᠤ | ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠬᠦᠬᠡᠬᠤᠲᠠ ᠵᠡᠷᠭᠡ ᠲᠦᠪ ᠬᠤᠲᠠ ᠪᠠ ᠮᠠᠨᠵᠤᠤᠷ᠂ | ᠡᠷᠢᠶᠡᠨ ᠬᠤᠲᠠ ᠵᠡᠷᠭᠡ ᠪᠤᠭᠤᠮᠲᠠ ᠬᠤᠲᠠ ᠪᠡ ᠭᠤᠤᠯᠳᠠᠯᠭ᠎ᠠ ᠪᠤᠯᠭᠠᠨ᠂ ︽ᠡᠬᠡ ᠬᠠᠭᠤᠷᠠᠢ ᠶᠢᠨ ᠭᠠᠷᠠᠮ ᠤᠨ ᠠᠵᠤ | ᠠᠬᠤᠢ︾ ᠶᠢ ᠢᠳᠡᠪᠬᠢᠲᠠᠢ ᠪᠠᠷ ᠬᠦᠭᠵᠢᠭᠦᠯᠦᠨ᠎ᠡ᠃ ᠤᠷᠤᠨ ᠨᠤᠲᠤᠭ ᠤᠨ ᠮᠦᠡᠭᠭᠦᠨ ᠬᠦᠢᠯᠭᠡᠭᠡᠨ ᠤ | ᠪᠠᠶᠢᠭᠤᠯᠤᠮᠵᠢ ᠨᠤᠭᠤᠳ ᠤᠨ ᠪᠡᠯᠡ ᠬᠦᠷᠦᠩᠭᠡ ᠪᠠᠨ ᠨᠡᠮᠡᠭᠳᠡᠭᠦᠯᠵᠤ ᠰᠲ᠋ᠤᠺ ᠢᠶᠠᠨ ᠦᠷᠭᠡᠳᠬᠡᠬᠦ ᠳᠤ ᠡᠯ᠎ᠡ | ᠲᠦᠷᠦᠯ ᠤᠨ ᠬᠦᠷᠦᠩᠭᠡ ᠶᠢᠨ ᠤᠷᠤᠯᠴᠠᠬᠤ ᠶᠢ ᠵᠤᠷᠢᠭᠵᠢᠭᠤᠯᠤᠨ᠂ ᠠᠷᠠᠳ ᠠᠴᠠ ᠡᠵᠡᠩᠨᠡᠭᠰᠡᠨ ᠪᠠᠩᠬᠢ ᠶᠢ ᠡᠬᠦᠰᠬᠡᠨ | ᠪᠠᠶᠢᠭᠤᠯᠵᠤ᠂ ᠲᠤᠰᠬᠤᠨ ᠪᠠᠯᠭᠠᠰᠤ ᠶᠢᠨ ᠪᠠᠩᠬᠢ᠂ ᠪᠡᠯᠡ ᠮᠦᠡᠭᠭᠦ ᠶᠢᠨ ᠲᠠᠯ᠎ᠠ ᠪᠠᠷ ᠬᠠᠪᠰᠤᠷᠤᠯᠴᠠᠬᠤ ᠬᠤᠷᠰᠢᠶ᠎ᠡ | ᠵᠡᠷᠭᠡ ᠰᠢᠨ᠎ᠡ ᠬᠡᠯᠪᠡᠷᠢ ᠶᠢᠨ ᠮᠦᠡᠭᠭᠦᠨ ᠬᠦᠢᠯᠭᠡᠭᠡᠨ ᠤ ᠪᠠᠶᠢᠭᠤᠯᠤᠮᠵᠢ ᠶᠢ ᠲᠦᠷᠭᠡᠳᠭᠡᠨ ᠵᠤᠬᠢᠶᠠᠨ ᠪᠠᠶᠢᠭᠤᠯᠵᠤ᠂ | ᠢᠲᠡᠭᠡᠮᠵᠢᠲᠤ ᠵᠢᠭᠡᠯᠡᠯᠭᠡ ᠶᠢᠨ ᠪᠦᠲᠦᠴᠡ ᠶᠢ ᠰᠢᠯᠢᠳᠡᠭᠵᠢᠭᠦᠯᠦᠨ᠂ ᠤᠯᠠᠨ ᠲᠡᠰ ᠲᠠᠪᠬᠤᠷᠭ᠎ᠠ ᠪᠦᠬᠦᠢ ᠬᠦᠷᠦᠩᠭᠡ ᠶᠢᠨ | ᠵᠠᠬ᠎ᠠ ᠳᠡᠯᠭᠡᠭᠦᠷ ᠢ ᠲᠦᠡᠭᠡᠳᠬᠡᠨ ᠬᠦᠭᠵᠢᠭᠦᠯᠵᠤ᠂ ᠰᠢᠭᠤᠳ ᠪᠡᠯᠡ ᠲᠤᠬᠢᠷᠠᠭᠤᠯᠬᠤ ᠬᠤᠪᠢ ᠶᠢᠨ ᠵᠢᠩ ᠢ | ᠳᠡᠭᠡᠭᠰᠢᠯᠡᠭᠦᠯᠦᠨ᠎ᠡ᠃ ᠵᠢᠭᠤᠯᠴᠢᠯᠠᠯ ᠤᠨ ᠦᠢᠯᠡᠰ ᠤᠨ ᠬᠦᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ | ᠵᠢᠭᠤᠯᠴᠢᠯᠠᠯ ᠤᠨ ᠠᠵᠤ ᠠᠬᠤᠶᠢᠯᠠᠯ ᠢ ᠪᠤᠶᠢᠵᠢᠭᠤᠯᠤᠨ ᠪᠤᠵᠠᠭᠠᠶᠢᠷᠠᠭᠤᠯᠵᠤ᠂ ᠵᠢᠭᠤᠯᠴᠢᠯᠠᠯ ᠤᠨ ᠪᠦᠲᠦᠭᠡᠭᠳᠡᠭᠦᠨ ᠤ | ᠰᠢᠰᠲ᠋ᠧᠮᠵᠢ ᠶᠢ ᠳᠡᠭᠦᠯᠳᠡᠷᠵᠢᠭᠦᠯᠦᠨ᠂ ᠵᠢᠭᠤᠯᠴᠢᠯᠠᠯ ᠤᠨ ᠰᠤᠶᠤᠯ ᠤᠨ ᠠᠭᠤᠯᠤᠭᠳᠠᠬᠤᠨ ᠢ ᠨᠡᠮᠡᠭᠳᠡᠭᠦᠯᠦᠨ᠎ᠡ᠃ | ᠵᠢᠭᠤᠯᠴᠢᠯᠠᠵᠤ ᠲᠤᠭᠤᠷᠢᠨ ᠦᠵᠡᠬᠦ᠂ ᠰᠡᠯᠡᠭᠦᠴᠡᠵᠤ ᠠᠮᠠᠷᠠᠨ ᠵᠤᠭᠠᠴᠠᠬᠤ ᠶᠢ ᠳᠤᠪᠤᠶᠢᠯᠭᠠᠨ᠂ ᠬᠢᠯᠢ ᠶᠢᠨ | ᠵᠢᠭᠤᠯᠴᠢᠯᠠᠯ ᠢ ᠲᠦᠷᠭᠡᠳᠬᠡᠨ ᠬᠦᠭᠵᠢᠭᠦᠯᠵᠤ᠂ ᠬᠢᠯᠢ ᠠᠯᠤᠰᠯᠠᠨ ᠵᠢᠭᠤᠯᠴᠢᠯᠠᠬᠤ ᠬᠤᠷᠰᠢᠯᠴᠠᠭᠠᠨ ᠤ ᠤᠷᠤᠨ ᠢ | ᠰᠦᠪᠡᠭᠴᠢᠯᠡᠨ ᠪᠠᠶᠢᠭᠤᠯᠵᠤ᠂ ᠤᠯᠤᠰ ᠤᠨ ᠲᠤᠲᠤᠭᠠᠲᠤ ᠶᠢᠨ ᠵᠢᠭᠤᠯᠴᠢᠯᠠᠯ ᠤᠨ ᠤᠷᠤᠨ ᠪᠦᠰᠡ ᠶᠢᠨ | ᠬᠠᠮᠵᠢᠯᠴᠠᠭ᠎ᠠ ᠶᠢ ᠴᠢᠩᠭᠠᠳᠬᠠᠨ᠎ᠠ᠃ | ᠨᠠᠶᠢᠲᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ ᠬᠦᠭᠵᠢᠯᠲᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠨᠡᠶᠢᠲᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ ᠬᠦᠭᠵᠢᠯᠲᠡ ᠳᠤ ᠠᠷᠠᠳ ᠤᠨ ᠪᠡᠯᠡ | ᠤᠷᠤᠭᠤᠯᠵᠤ ᠳᠡᠮᠵᠢᠬᠦ ᠶᠢ ᠵᠤᠷᠢᠭᠵᠢᠭᠤᠯᠬᠤ ᠲᠦᠷᠦᠯ ᠤᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠬᠢᠨᠠᠮᠠᠭᠠᠢ | ᠨᠠᠶᠢᠳᠠᠪᠤᠷᠢᠵᠢᠭᠤᠯᠵᠤ᠂ ᠵᠠᠬ᠎ᠠ ᠳᠡᠯᠭᠡᠬᠦᠷ ᠲᠤ ᠵᠦᠪᠰᠢᠶᠡᠷᠡᠨ ᠤᠷᠤᠭᠤᠯᠬᠤ ᠨᠢᠭᠡᠲᠤᠯᠲᠠᠢ ᠳᠦᠷᠢᠮ ᠢ ᠬᠡᠷᠡᠭᠵᠢᠭᠦᠯᠤᠨ᠂ | ᠤᠯᠤᠰ ᠤᠨ ᠨᠠᠵᠠᠭᠠᠢ ᠲᠠᠯ᠎ᠠ ᠶᠢᠨ ᠨᠠᠷᠢᠨ ᠳᠠᠩᠰᠠ ᠠᠴᠠ ᠭᠠᠳᠠᠨᠠᠬᠢ ᠬᠦᠷᠢᠶᠡᠨ ᠳᠤ ᠡᠯ᠎ᠡ ᠲᠦᠷᠦ ᠶᠢᠨ ᠵᠠᠬ᠎ᠠ | ᠳᠡᠯᠭᠡᠬᠦᠷ ᠤᠨ ᠭᠤᠤᠯ ᠴᠤᠭᠴᠠ ᠶᠢᠨ ᠬᠠᠤᠯᠢ ᠶᠤᠰᠤᠭᠠᠷ ᠡᠷᠬᠡ ᠲᠡᠭᠰᠢ ᠪᠠᠷ ᠤᠷᠤᠬᠤ ᠶᠢ ᠦᠨᠡᠨᠬᠦ ᠪᠠᠲᠤᠯᠠᠨ᠎ᠠ᠃ | ᠰᠠᠭᠤᠷᠢ ᠠᠵᠤ ᠦᠢᠯᠡᠰ᠂ ᠰᠠᠭᠤᠷᠢ ᠪᠡᠯᠡᠳᠭᠡᠮᠵᠢ᠂ ᠨᠡᠶᠢᠭᠡᠮ ᠤᠨ ᠦᠢᠯᠡᠰ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ | ᠰᠢᠨ᠎ᠡ ᠪᠠᠷ ᠪᠤᠢ ᠪᠤᠯᠤᠭᠰᠠᠨ ᠠᠵᠤ ᠦᠢᠯᠡᠰ ᠵᠡᠷᠭᠡ ᠬᠦᠷᠢᠶᠡᠨ ᠳᠤ ᠠᠷᠠᠳ ᠤᠨ ᠬᠦᠷᠦᠩᠭᠡ ᠶᠢᠨ ᠤᠷᠤᠬᠤ ᠶᠢ | ᠳᠡᠮᠵᠢᠵᠤ᠂ ᠳᠤᠮᠳᠠ ᠪᠠᠭ᠎ᠠ ᠠᠵᠤ ᠠᠬᠤᠶᠢᠯᠠᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠬᠦᠲᠦᠯᠦᠨ | ᠵᠢᠯᠤᠭᠤᠳᠴᠤ ᠪᠠᠶᠢᠭᠠᠳ ᠲᠦᠬᠦᠷ ᠬᠠᠮᠵᠢᠯᠴᠠᠭ᠎ᠠ ᠶᠢ ᠰᠠᠶᠢᠲᠤᠷ ᠬᠢᠯᠬᠡᠨ᠎ᠡ᠃ ᠤᠨᠴᠠ ᠵᠦᠪᠰᠢᠶᠡᠷᠡᠭᠰᠡᠨ | ᠡᠵᠡᠩᠨᠡᠯᠲᠡ ᠶᠢᠨ ᠬᠦᠷᠢᠶᠡᠨ ᠳᠤ ᠨᠡᠶᠢᠲᠡ ᠶᠢᠨ ᠦᠮᠴᠢᠯᠡᠯ ᠤᠨ ᠪᠤᠰᠤ ᠠᠵᠤ ᠠᠬᠤᠶᠢᠯᠠᠯ ᠤᠨ ᠤᠷᠤᠬᠤ ᠪᠤᠲᠠᠲᠠᠢ | ᠠᠷᠭ᠎ᠠ ᠶᠢ ᠲᠤᠭᠲᠠᠭᠠᠬᠤ᠂ ᠪᠠᠭ᠎ᠠ ᠵᠢᠵᠢᠭ ᠠᠵᠤ ᠠᠬᠤᠶᠢᠯᠠᠯ ᠤᠨ ᠵᠢᠭᠡᠯᠡᠯᠭᠡ ᠶᠢᠨ ᠲᠦᠭᠰᠢᠭᠦᠷᠢ ᠶᠢᠨ ᠨᠦᠬᠦᠪᠦᠷᠢ | ᠮᠦᠡᠭᠭᠦ ᠪᠠᠶᠢᠭᠤᠯᠬᠤ᠂ ᠢᠲᠡᠭᠡᠮᠵᠢ ᠶᠢᠨ ᠳᠠᠭᠠᠭᠠᠯᠲᠠ ᠬᠢᠬᠦ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠬᠦ ᠵᠡᠷᠭᠡ | ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠨᠡᠶᠢᠲᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ ︽ᠵᠦᠪᠰᠢᠶᠡᠷᠡᠯ ᠢᠶᠠᠷ | ᠤᠷᠤᠬᠤ ᠳᠤ ᠬᠦᠴᠢᠷ ᠪᠠᠶᠢᠬᠤ᠂ ᠪᠡᠯᠡ ᠲᠤᠬᠢᠷᠠᠭᠤᠯᠬᠤ ᠳᠤ ᠬᠦᠴᠢᠷ ᠪᠠᠶᠢᠬᠤ᠂ ᠪᠡᠯᠡ ᠲᠤᠬᠢᠷᠠᠭᠤᠯᠬᠤ ᠳᠤ ᠦᠨᠡᠲᠠᠢ | ᠪᠠᠶᠢᠬᠤ︾ ᠵᠡᠷᠭᠡ ᠳᠤᠪᠤᠶᠢᠮ᠎ᠠ ᠠᠰᠠᠭᠤᠳᠠᠯ ᠤᠳ ᠢ ᠲᠠᠶᠢᠯᠵᠤ᠂ ᠨᠡᠶᠢᠲᠡ ᠶᠢᠨ ᠦᠮᠴᠢᠯᠡᠯ ᠤᠨ ᠪᠤᠰᠤ ᠠᠵᠤ | ᠠᠬᠤᠢ ᠶᠢᠨ ᠬᠦᠭᠵᠢᠯᠲᠡ ᠶᠢᠨ ᠠᠮᠢᠵᠢᠷᠠᠯ ᠤᠨ ᠬᠦᠴᠦᠨ ᠪᠠ ᠳᠠᠯᠲᠠ ᠴᠢᠳᠠᠪᠤᠷᠢ ᠶᠢ ᠬᠦᠢᠴᠡᠳ ᠭᠠᠷᠭᠠᠨ᠎ᠠ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠦᠷᠢ ᠶᠢᠨ ᠪᠠᠶᠢᠭᠤᠯᠤᠯᠲᠠ ᠶᠢ | ᠴᠢᠩᠭᠠᠳᠬᠠᠨ᠎ᠠ᠃ ᠰᠢᠨᠵᠢᠯᠡᠬᠦ ᠤᠬᠠᠭᠠᠨ ᠰᠤᠷᠭᠠᠨ ᠬᠦᠮᠦᠵᠢᠯ ᠢᠶᠠᠷ ᠤᠷᠤᠨ ᠢᠶᠠᠨ ᠬᠦᠭᠵᠢᠭᠦᠯᠬᠦ ᠪᠠᠶᠢᠯᠲᠤᠬᠤ | ᠪᠤᠳᠤᠯᠭ᠎ᠠ ᠶᠢ ᠶᠡᠬᠡᠪᠡᠷ ᠬᠡᠷᠭᠵᠢᠭᠦᠯᠵᠤ᠂ ᠰᠢᠨ᠎ᠡ ᠶᠢ ᠡᠭᠦᠳᠬᠦ ᠪᠠᠷ ᠬᠦᠳᠡᠯᠭᠡᠬᠦᠷ ᠪᠤᠯᠭᠠᠭᠰᠠᠨ ᠬᠦᠭᠵᠢᠯᠲᠡ ᠶᠢᠨ ᠡᠨᠡᠬᠦ | ᠵᠠᠩᠬᠢᠯᠠᠭ᠎ᠠ ᠶᠢ ᠠᠳᠬᠤᠵᠤ᠂ ᠰᠢᠨ᠎ᠡ ᠮᠠᠶ᠋ᠢᠭ ᠤᠨ ᠨᠡᠭᠦᠷᠡᠰᠦᠨ ᠤ ᠬᠢᠮᠢ ᠶᠢᠨ ᠠᠵᠤ ᠦᠢᠯᠡᠳᠪᠦᠷᠢ᠂ ᠲᠤᠨᠤᠭ | ᠲᠦᠭᠦᠬᠡᠷᠦᠮᠵᠢ ᠦᠢᠯᠡᠳᠭᠦ᠂ ᠰᠢᠨ᠎ᠡ ᠡᠨᠧᠷᠬᠢ ᠰᠢᠨ᠎ᠡ ᠮᠠᠲ᠋ᠧᠷᠢᠶᠠᠯ ᠵᠡᠷᠭᠡ ᠭᠤᠤᠯᠳᠠᠯᠭ᠎ᠠ ᠲᠠᠢ ᠠᠵᠤ ᠦᠢᠯᠡᠰ ᠤᠨ | ᠬᠦᠷᠢᠶᠡᠨ ᠤ ᠵᠠᠩᠬᠢᠯᠠᠭ᠎ᠠ ᠶᠢᠨ ᠨᠡᠶᠢᠲᠡᠯᠢᠭ ᠴᠢᠨᠠᠷ ᠪᠦᠬᠦᠢ ᠮᠡᠷᠭᠡᠵᠢᠯ ᠤᠨ ᠪᠤᠭᠤᠮᠲᠠ ᠰᠢᠪᠲᠤᠯᠬᠤ ᠶᠢ ᠴᠢᠩᠭᠠᠳᠬᠠᠨ᠂ | ᠨᠡᠩ ᠤᠯᠠᠨ ᠬᠦᠷᠢᠶᠡᠨ ᠳᠤ ᠤᠨᠤᠯ ᠬᠢᠭᠡᠳ ᠮᠡᠷᠭᠡᠵᠢᠯ ᠤᠨ ᠰᠢᠪᠲᠤᠯᠤᠯᠲᠠ ᠶᠢ ᠴᠢᠷᠮᠠᠶᠢᠨ ᠪᠡᠶᠡᠯᠡᠭᠦᠯᠦᠨ᠎ᠡ᠃ | ᠮᠡᠷᠭᠡᠵᠢᠯ ᠤᠨ ᠰᠢᠨ᠎ᠡ ᠶᠢ ᠡᠭᠦᠳᠬᠦ ᠳᠠᠬᠢ ᠠᠵᠤ ᠠᠬᠤᠶᠢᠯᠠᠯ ᠤᠨ ᠭᠤᠤᠯ ᠴᠤᠭᠴᠠ ᠪᠤᠯᠬᠤ ᠪᠠᠶᠢᠷᠢ ᠰᠠᠭᠤᠷᠢ ᠶᠢ | ᠲᠠᠰᠤᠷᠠᠯᠲᠠ ᠦᠭᠡᠢ ᠴᠢᠩᠭᠠᠷᠠᠭᠤᠯᠵᠤ᠂ ᠠᠵᠤ ᠠᠬᠤᠶᠢᠯᠠᠯ ᠢᠶᠠᠷ ᠭᠤᠤᠯ ᠴᠤᠭᠴᠠ ᠪᠤᠯᠭᠠᠭᠰᠠᠨ᠂ ᠵᠠᠬ᠎ᠠ | ᠳᠡᠯᠭᠡᠭᠦᠷ ᠢᠶᠠᠷ ᠤᠳᠤᠷᠢᠳᠤᠮᠵᠢ ᠪᠤᠯᠭᠠᠭᠰᠠᠨ᠂ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ ᠨᠢᠭᠲᠠ | ᠤᠶᠠᠯᠳᠤᠭᠤᠯᠤᠭᠰᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮᠵᠢ ᠶᠢ ᠲᠦᠷᠭᠡᠳᠬᠡᠨ ᠪᠠᠶᠢᠭᠤᠯᠤᠨ᠎ᠠ᠃ ᠰᠢᠨᠵᠢᠯᠡᠬᠦ | ᠤᠬᠠᠭᠠᠨ ᠮᠡᠷᠭᠡᠵᠢᠯ ᠤᠨ ᠪᠠᠶᠢᠭᠤᠯᠤᠯ ᠤᠨ ᠦᠭᠡᠷᠡᠴᠢᠯᠡᠯᠲᠡ ᠶᠢ ᠬᠦᠨᠵᠡᠭᠡᠶᠢᠷᠡᠭᠦᠯᠵᠤ᠂ ᠮᠡᠷᠭᠡᠵᠢᠯ ᠤᠨ ᠰᠢᠨ᠎ᠡ ᠶᠢ | ᠡᠭᠦᠳᠬᠦ ᠵᠠᠬ᠎ᠠ ᠳᠡᠯᠭᠡᠬᠦᠷ ᠤᠨ ᠤᠳᠤᠷᠢᠳᠤᠮᠵᠢ ᠶᠢᠨ ᠲᠤᠭᠲᠠᠴᠠ ᠶᠢ ᠪᠦᠷᠢᠨᠰᠢᠭᠦᠯᠦᠨ᠂ ᠠᠵᠤ ᠠᠬᠤᠶᠢᠯᠠᠯ ᠢᠶᠠᠷ | ᠭᠤᠤᠯ ᠴᠤᠭᠴᠠ ᠪᠤᠯᠭᠠᠭᠰᠠᠨ᠂ ᠨᠡᠶᠢᠭᠡᠮ ᠤᠨ ᠬᠦᠴᠦᠨ ᠦᠷᠭᠡᠨ ᠢᠶᠠᠷ ᠤᠷᠤᠯᠴᠠᠭᠰᠠᠨ ᠰᠢᠨᠵᠢᠯᠡᠬᠦ ᠤᠬᠠᠭᠠᠨ | ᠮᠡᠷᠭᠡᠵᠢᠯ ᠤᠨ ᠤᠯᠠᠨ ᠡᠰᠢᠵᠢᠭᠰᠡᠨ ᠤᠷᠤᠭᠤᠯᠤᠯᠲᠠ ᠶᠢᠨ ᠰᠢᠰᠲ᠋ᠧᠮᠵᠢ ᠶᠢ ᠪᠠᠶᠢᠭᠤᠯᠤᠨ᠎ᠠ᠃ ︽ᠴᠢᠳᠠᠪᠤᠷᠢᠲᠠᠨ ᠢᠶᠠᠷ | ᠤᠷᠤᠨ ᠢᠶᠠᠨ ᠬᠦᠴᠦᠷᠬᠡᠭᠵᠢᠭᠦᠯᠬᠦ︾ ᠢᠨᠵᠧᠨᠧᠷᠢᠩ ᠢ ᠬᠦᠨᠵᠡᠭᠡᠢ ᠬᠡᠷᠡᠭᠵᠢᠭᠦᠯᠵᠤ᠂ ᠴᠢᠳᠠᠪᠤᠷᠢᠲᠠᠨ ᠬᠦᠮᠦᠵᠢᠭᠦᠯᠬᠦ ᠪᠠ | ᠤᠷᠤᠭᠤᠯᠵᠤ ᠢᠷᠡᠬᠦ ᠪᠠᠶᠢᠭᠤᠯᠤᠯ ᠲᠤᠭᠲᠠᠴᠠ ᠶᠢᠨ ᠦᠭᠡᠷᠡᠴᠢᠯᠡᠯᠲᠡ ᠶᠢ ᠲᠦᠷᠭᠡᠳᠬᠡᠨ᠂ ᠮᠡᠳᠡᠯᠭᠡ ᠶᠢᠨ ᠦᠷ᠎ᠡ | ᠪᠦᠲᠦᠭᠡᠯ ᠤᠨ ᠦᠮᠴᠢᠯᠡᠬᠦ ᠡᠷᠭᠡ ᠶᠢ ᠬᠠᠮᠠᠭᠠᠯᠠᠬᠤ ᠪᠠ ᠬᠡᠷᠡᠭᠯᠡᠬᠦ ᠪᠠᠷ ᠭᠤᠤᠯ ᠪᠤᠯᠭᠠᠭᠰᠠᠨ ᠰᠢᠨ᠎ᠡ ᠶᠢ ᠡᠬᠦᠳᠬᠦ ᠶᠢ | ᠤᠷᠠᠮᠰᠢᠭᠤᠯᠬᠤ ᠲᠦᠷᠦ ᠶᠢᠨ ᠪᠤᠳᠤᠯᠭ᠎ᠠ ᠶᠢ ᠲᠤᠭᠲᠠᠭᠠᠨ ᠬᠡᠷᠡᠭᠵᠢᠭᠦᠯᠵᠤ᠂ ᠰᠢᠨ᠎ᠡ ᠶᠢ ᠡᠭᠦᠳᠬᠦ ᠡᠯ᠎ᠡ ᠲᠦᠷᠦᠯ ᠤᠨ | ᠴᠢᠬᠤᠯᠠ ᠬᠦᠴᠦᠨ ᠵᠦᠢᠯ ᠪᠤᠯᠤᠨ ᠴᠢᠳᠠᠪᠤᠷᠢᠲᠠᠨ ᠤ ᠠᠮᠢᠵᠢᠷᠠᠯ ᠤᠨ ᠬᠦᠴᠦᠨ ᠦᠷᠢᠰᠦᠯᠳᠤᠨ ᠪᠠᠳᠠᠷᠠᠭᠰᠠᠨ ᠠᠮᠢᠳᠤ | ᠴᠤᠪᠤᠭᠤᠯᠢᠭ ᠪᠠᠶᠢᠳᠠᠯ ᠢ ᠪᠤᠢ ᠪᠤᠯᠭᠠᠨ᠎ᠠ᠃ | ︵ᠭᠤᠷᠪᠠ︶ ᠲᠠᠷᠢᠶᠡᠯᠠᠩ ᠮᠠᠯ ᠠᠵᠤ ᠠᠬᠤᠢ ᠲᠠᠷᠢᠶᠠᠯᠠᠬᠤ ᠮᠡᠯᠵᠢᠬᠤ ᠤᠷᠤᠨ ᠲᠠᠷᠢᠶᠠᠴᠢᠨ ᠮᠠᠯᠴᠢᠳ ᠤᠨ | ᠠᠵᠢᠯ ᠢ ᠴᠢᠩᠭᠠᠳᠬᠠᠨ᠂ ᠲᠠᠷᠢᠶᠠᠯᠠᠩ ᠮᠠᠯ ᠠᠵᠤ ᠠᠬᠤᠢ ᠶᠢᠨ ᠬᠦᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ | ᠳᠡᠭᠡᠭᠰᠢᠯᠡᠭᠦᠯᠦᠨ᠎ᠡ᠃ | ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠲᠦᠷᠭᠡᠳᠬᠡᠨ ᠬᠦᠭᠵᠢᠭᠦᠯᠦᠨ᠎ᠡ᠃ ᠠᠮᠦ | ᠪᠤᠳᠠᠭᠠᠨ ᠤ ᠦᠢᠯᠡᠳᠪᠦᠷᠢᠯᠡᠯ ᠢ ᠦᠴᠦᠭᠡᠨ ᠴᠤ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠲᠠᠷᠢᠮᠠᠯ ᠤᠨ | ᠶᠡᠷᠤᠩᠬᠡᠢ ᠲᠠᠷᠢᠬᠤ ᠲᠠᠯᠠᠪᠠᠢ ᠪᠠ ᠠᠮᠤ ᠪᠤᠳᠠᠭᠠᠨ ᠤ ᠲᠠᠷᠢᠮᠠᠯ ᠤᠨ ᠲᠠᠷᠢᠬᠤ ᠲᠠᠯᠠᠪᠠᠢ ᠶᠢ ᠲᠤᠰ ᠲᠤᠰ 1 | ᠳ᠋ᠦᠡᠭᠰᠢᠭᠤᠷ ᠮᠤ᠋ ᠪᠠ 8000 ᠲᠦᠮᠡᠨ ᠮᠤ᠋ ᠠᠴᠠ ᠳᠡᠭᠡᠭᠰᠢ ᠳᠤ ᠲᠤᠭᠲᠠᠭᠤᠨ ᠪᠠᠶᠢᠯᠭᠠᠬᠤ ᠶᠢ ᠦᠨᠡᠨᠬᠦ ᠪᠠᠲᠤᠯᠠᠨ᠎ᠠ᠃ | ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠳᠡᠯᠭᠡᠷᠡᠭᠦᠯᠬᠦ ᠡᠷᠴᠢᠮ ᠢ ᠨᠡᠮᠡᠭᠳᠡᠭᠦᠯᠦᠨ᠂ | ᠲᠡᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠬᠤ ᠬᠢᠷᠢ ᠬᠡᠮᠵᠢᠶ᠎ᠡ ᠶᠢ ᠳᠡᠬᠡᠭᠰᠢᠯᠡᠬᠦᠯᠵᠤ᠂ ᠡᠷᠳᠡᠨᠢ ᠰᠢᠰᠢ᠂ | ᠪᠤᠭᠤᠳᠠᠢ᠂ ᠲᠦᠮᠦᠰᠤ᠂ ᠴᠠᠷᠭᠠᠰᠤ ᠵᠡᠷᠭᠡ ᠶᠢᠨ ᠰᠠᠶᠢᠨ ᠦᠷ᠎ᠡ ᠪᠤᠶᠢᠵᠢᠭᠤᠯᠬᠤ᠂ ᠡᠭᠦᠯᠳᠡᠷ ᠪᠤᠶᠢᠵᠢᠭᠤᠯᠬᠤ | ᠰᠠᠭᠤᠷᠢᠨ ᠭᠠᠵᠠᠷ ᠪᠠ ᠡᠮᠦᠨ᠎ᠡ ᠬᠡᠰᠡᠭ ᠲᠤ ᠦᠷᠡᠵᠢᠭᠦᠯᠵᠤ ᠡᠭᠦᠯᠳᠡᠷ ᠪᠤᠶᠢᠵᠢᠭᠤᠯᠬᠤ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠵᠠᠭᠤᠨ ᠳ᠋ᠦᠡᠭᠰᠢᠭᠤᠷ ᠵᠢᠩ ᠠᠮᠦ ᠪᠤᠳᠠᠭᠠᠨ ᠤ ᠬᠤᠷᠢᠶᠠᠯᠲᠠ | ᠨᠡᠮᠡᠭᠳᠡᠭᠦᠯᠬᠦ ᠢᠨᠵᠧᠨᠧᠷᠢᠩ᠂ ︽ᠳᠦᠷᠪᠡᠨ ᠤᠷᠤᠨ ᠤ ᠮᠢᠩᠭᠠᠨ ᠲᠦᠮᠡᠨ ᠮᠤ᠋︾ ᠶᠢᠨ ᠦᠨᠳᠦᠷ ᠦᠷ᠎ᠡ ᠪᠦᠲᠦᠮᠵᠢᠲᠠᠢ | ᠤᠰᠤ ᠠᠷᠪᠢᠯᠠᠵᠤ ᠤᠰᠤᠯᠠᠬᠤ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠭᠦᠯᠵᠤ᠂ ᠤᠰᠤ ᠠᠷᠪᠢᠯᠠᠵᠤ ᠤᠰᠤᠯᠠᠬᠤ | ᠲᠠᠯᠠᠪᠠᠢ ᠶᠢ 450 ᠲᠦᠮᠡᠨ ᠮᠤ᠋ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠂ ᠠᠮᠤ ᠪᠤᠳᠠᠭᠠᠨ ᠤ ᠲᠠᠯᠠᠪᠠᠢ | ᠨᠢᠭᠡᠴᠢ ᠶᠢᠨ ᠤᠨᠠᠯᠲᠠ ᠪᠠ ᠪᠠᠶᠢᠭᠠᠯᠢ ᠶᠢᠨ ᠭᠠᠮᠰᠢᠭ ᠢ ᠡᠰᠡᠷᠭᠦᠴᠡᠬᠦ ᠴᠢᠳᠠᠪᠤᠷᠢ ᠶᠢ ᠯᠠᠪᠳᠠᠭᠤᠨ ᠢᠶᠠᠷ | ᠳᠡᠭᠡᠭᠰᠢᠯᠡᠭᠦᠯᠦᠨ᠎ᠡ᠃ ᠲᠠᠷᠢᠮᠠᠯ ᠤᠨ ᠪᠦᠲᠦᠴᠡ ᠪᠠ ᠡᠭᠦᠯᠳᠡᠷ ᠤᠨ ᠪᠦᠲᠦᠴᠡ ᠶᠢ ᠰᠢᠯᠢᠳᠡᠭᠵᠢᠭᠦᠯᠵᠤ᠂ ᠦᠨᠳᠦᠷ | ᠤᠨᠠᠯᠲᠠ ᠲᠠᠢ ᠴᠢᠨᠠᠷ ᠰᠠᠶᠢᠨᠲᠠᠢ ᠦᠨᠳᠦᠷ ᠦᠷ᠎ᠡ ᠠᠰᠢᠭ ᠲᠠᠢ ᠠᠶᠤᠯ ᠦᠭᠡᠢ ᠲᠠᠷᠢᠮᠠᠯ ᠤᠨ ᠠᠵᠤ ᠦᠢᠯᠡᠰ ᠤᠨ | ᠬᠦᠭᠵᠢᠯᠲᠠ ᠶᠢ ᠠᠬᠢᠭᠤᠯᠤᠨ᠎ᠠ᠃ ᠰᠢᠨ᠎ᠡ ᠨᠢᠭᠡᠨ ᠡᠬᠡᠯᠵᠢ ᠶᠢᠨ ︽ᠬᠤᠯᠢᠰᠢᠨ ᠢᠳᠡᠭᠡᠨ︾ ᠤ ᠢᠨᠵᠧᠨᠧᠷᠢᠩ ᠤᠨ | ᠪᠠᠶᠢᠭᠤᠯᠤᠯᠲᠠ ᠶᠢ ᠰᠠᠶᠢᠲᠤᠷ ᠠᠳᠬᠤᠵᠤ᠂ ᠪᠡᠯᠡᠳᠬᠡᠮᠵᠢᠲᠤ ᠢᠳᠡᠰᠢᠨ ᠨᠤᠭᠤᠭ᠎ᠠ ᠶᠢᠨ ᠲᠠᠯᠠᠪᠠᠢ ᠶᠢ 20 ᠲᠦᠮᠡᠨ ᠮᠤ᠋ | ᠰᠢᠨ᠎ᠡ ᠪᠠᠷ ᠨᠡᠮᠡᠭᠳᠡᠭᠦᠯᠦᠨ᠎ᠡ᠃ ︽ᠠᠮᠤ ᠪᠤᠳᠠᠭᠠᠨ ᠤ ᠠᠮᠤᠷ ᠲᠦᠪᠰᠢᠨ ᠤ ᠢᠨᠵᠧᠨᠧᠷᠢᠩ︾ ᠢ ᠯᠠᠪᠳᠠᠭᠤᠨ ᠢᠶᠠᠷ | ᠲᠦᠯᠬᠢᠨ ᠠᠬᠢᠭᠤᠯᠵᠤ᠂ ᠬᠦᠮᠦᠷᠬᠡᠯᠡᠨ ᠬᠠᠳᠠᠭᠠᠯᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ | ᠂ ᠠᠮᠤ ᠪᠤᠳᠠᠭ᠎ᠠ ᠶᠢ ᠤᠷᠤᠭᠰᠢᠲᠠᠢ ᠬᠤᠳᠠᠯᠲᠤᠨ ᠠᠪᠬᠤ ᠶᠢ ᠪᠠᠲᠤᠯᠠᠨ᠎ᠠ᠃ ᠮᠠᠯ ᠠᠵᠤ ᠠᠬᠤᠢ ᠶᠢᠨ ᠬᠦᠭᠵᠢᠯᠲᠡ ᠶᠢᠨ | ᠠᠷᠭ᠎ᠠ ᠮᠠᠶ᠋ᠢᠭ ᠢ ᠲᠦᠷᠭᠡᠳᠬᠡᠨ ᠬᠤᠪᠢᠷᠠᠭᠤᠯᠵᠤ᠂ ᠰᠦ ᠰᠠᠭᠠᠯᠢ ᠶᠢᠨ ᠦᠢᠯᠡᠰ᠂ ᠢᠳᠡᠰᠢᠨ ᠦᠬᠡᠷ᠂ ᠢᠳᠡᠰᠢᠨ | ᠬᠤᠨᠢᠨ ᠤ ᠠᠵᠤ ᠦᠢᠯᠡᠰ ᠢᠶᠠᠷ ᠭᠤᠤᠯᠳᠠᠯᠭ᠎ᠠ ᠪᠤᠯᠭᠠᠭᠰᠠᠨ ᠠᠮᠢ ᠠᠬᠤᠢ ᠶᠢᠨ ᠮᠠᠯ ᠠᠵᠤ ᠠᠬᠤᠢ ᠶᠢ ᠶᠡᠬᠡᠪᠡᠷ | ᠬᠦᠭᠵᠢᠭᠦᠯᠵᠤ᠂ ︽ᠬᠤᠤᠰ ᠵᠠᠭᠤ ᠮᠢᠩᠭ᠎ᠠ ᠲᠦᠮᠡ ᠶᠢᠨ ᠦᠨᠳᠦᠷ ᠬᠤᠷᠢᠶᠠᠯᠲᠠ ᠭᠠᠷᠤᠯᠲᠠ ᠶᠢ ᠡᠭᠦᠳᠤᠨ | ᠪᠠᠶᠢᠭᠤᠯᠬᠤ ᠶᠠᠰᠤ ᠴᠢᠨᠠᠷ ᠢ ᠳᠡᠭᠡᠭᠰᠢᠯᠡᠭᠦᠯᠤᠨ ᠦᠷ᠎ᠡ ᠠᠰᠢᠭ ᠢ ᠨᠡᠮᠡᠭᠳᠡᠭᠦᠯᠬᠦ︾ ᠢᠨᠵᠧᠨᠧᠷᠢᠩ ᠢ ᠬᠦᠨᠵᠡᠭᠡᠢ | ᠬᠡᠷᠡᠭᠵᠢᠭᠦᠯᠵᠤ᠂ ᠮᠠᠯ ᠤᠨ ᠡᠭᠦᠯᠳᠡᠷ ᠰᠠᠶᠢᠵᠢᠷᠠᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠮᠠᠯᠵᠢᠬᠤ ᠤᠷᠤᠨ ᠤ | ᠠᠮᠢ ᠠᠬᠤᠢ ᠶᠢᠨ ᠬᠡᠷ ᠪᠦᠯᠢ ᠶᠢᠨ ᠮᠠᠯᠵᠢᠯ ᠤᠨ ᠲᠠᠯᠠᠪᠠᠢ ᠪᠠ ᠲᠠᠷᠢᠶᠠᠯᠠᠬᠤ ᠤᠷᠤᠨ ᠤ ᠪᠠᠷᠢᠮᠵᠢᠶᠠᠵᠢᠭᠤᠯᠤᠭᠰᠠᠨ | ᠬᠡᠪᠴᠢᠶᠡᠲᠤ ᠲᠡᠵᠢᠭᠡᠨ ᠦᠷᠡᠵᠢᠭᠦᠯᠬᠦ ᠲᠠᠯᠠᠪᠠᠢ ᠶᠢ ᠲᠦᠷᠭᠡᠳᠬᠡᠨ ᠬᠦᠭᠵᠢᠬᠦᠯᠵᠤ᠂ ᠤᠳᠤ ᠦᠶ᠎ᠡ ᠶᠢᠨ ᠮᠠᠯ ᠠᠵᠤ | ᠠᠬᠤᠢ ᠶᠢᠨ ᠬᠦᠭᠵᠢᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠴᠢᠯᠡᠭᠰᠡᠨ ᠡᠵᠡᠩᠨᠡᠯᠲᠡ ᠶᠢ ᠢᠳᠡᠪᠬᠢᠲᠠᠢ ᠪᠠᠷ ᠲᠦᠯᠬᠢᠨ | ᠠᠬᠢᠭᠤᠯᠤᠨ᠎ᠠ᠃ ᠲᠤᠰᠬᠠᠢ ᠲᠤᠮᠦ ᠡᠷᠤᠬᠡ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ᠂ ᠲᠠᠷᠢᠶᠠᠴᠢᠨ | ᠮᠠᠯᠴᠢᠳ ᠤᠨ ᠬᠤᠷᠰᠢᠶ᠎ᠠ᠂ ᠠᠵᠤ ᠦᠢᠯᠡᠰᠴᠢᠯᠡᠭᠰᠡᠨ ᠲᠠᠭᠠᠭᠤᠯᠤᠭᠴᠢ ᠠᠵᠤ ᠠᠬᠤᠶᠢᠯᠠᠯ ᠵᠡᠷᠭᠡ ᠤᠯᠠᠨ ᠲᠦᠷᠦᠯ ᠤᠨ | ᠡᠵᠡᠩᠨᠡᠯᠲᠡ ᠶᠢᠨ ᠭᠤᠤᠯ ᠴᠤᠭᠴᠠ ᠶᠢ ᠲᠡᠳᠬᠦᠨ ᠬᠦᠭᠵᠢᠭᠦᠯᠵᠤ᠂ ᠰᠦ᠂ ᠮᠢᠬ᠎ᠠ᠂ ᠨᠤᠯᠤᠤᠷ᠂ ᠠᠮᠤ ᠪᠤᠳᠠᠭ᠎ᠠ | ᠪᠤᠷᠴᠠᠭ᠂ ᠲᠦᠮᠦᠰᠦ ᠵᠡᠷᠭᠡ ᠳᠠᠪᠠᠭᠤᠯᠢᠭ ᠤᠨᠴᠠᠯᠢᠭ ᠪᠦᠬᠦᠢ ᠠᠵᠤ ᠦᠢᠯᠡᠰ ᠢᠶᠠᠷ ᠭᠤᠤᠯᠳᠠᠯᠭ᠎ᠠ ᠲᠠᠢ | ᠭᠤᠤᠯᠯᠠᠭᠤᠯᠤᠨ᠂ ᠬᠤᠯᠪᠤᠭᠠᠯᠠᠭᠤᠯᠤᠨ ᠳᠠᠬᠢᠨ ᠵᠤᠬᠢᠶᠠᠨ ᠪᠠᠶᠢᠭᠤᠯᠬᠤ ᠪᠠᠷ ᠳᠠᠮᠵᠢᠭᠤᠯᠤᠨ ᠦᠢᠯᠡᠳᠪᠦᠷᠢᠯᠡᠵᠤ | ᠡᠳ᠋ᠰᠢᠭᠦᠯᠬᠦ ᠬᠡᠯᠪᠡᠷᠢ ᠶᠢᠨ᠂ ᠬᠦᠢᠯᠭᠡᠭᠡᠨ ᠠᠷᠠᠯᠵᠢᠶᠠᠯᠠᠬᠤ ᠬᠡᠯᠪᠡᠷᠢ ᠶᠢᠨ᠂ ᠲᠦᠭᠦᠷ ᠦᠢᠯᠡᠴᠢᠯᠡᠭᠡᠨ ᠤ ᠬᠡᠯᠪᠡᠷᠢ ᠶᠢᠨ | ᠨᠢᠭᠡ ᠪᠦᠯᠦᠭ ᠳᠠᠭᠠᠭᠤᠯᠤᠭᠴᠢ ᠠᠵᠤ ᠠᠬᠤᠶᠢᠯᠠᠯ ᠢ ᠲᠦᠷᠭᠡᠳᠬᠡᠨ ᠪᠤᠶᠢᠵᠢᠭᠤᠯᠵᠤ᠂ ᠬᠡᠪᠴᠢᠶᠡᠵᠢᠭᠦᠯᠦᠭᠰᠡᠨ᠂ | ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠢᠶᠠᠷ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠴᠢᠯᠡᠯᠲᠡ ᠶᠢᠨ | ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠡᠵᠡᠩᠨᠠᠨ ᠪᠤᠷᠤᠯᠠᠭᠤᠯᠬᠤ ᠠᠷᠭ᠎ᠠ ᠵᠠᠮ ᠤᠨ | ᠪᠠᠶᠢᠭᠤᠯᠤᠯᠲᠠ ᠶᠢ ᠴᠢᠩᠭᠠᠳᠬᠠᠨ᠂ ᠠᠰᠢᠭ ᠲᠤᠰᠠ ᠪᠠᠷ ᠢᠶᠠᠨ ᠬᠤᠯᠪᠤᠯᠳᠤᠬᠤ ᠲᠤᠭᠲᠠᠴᠠ ᠶᠢ ᠲᠡᠬᠦᠯᠳᠡᠷᠵᠢᠭᠦᠯᠦᠨ᠂ | ᠲᠠᠷᠢᠶᠠᠴᠢᠨ ᠮᠠᠯᠴᠢᠳ ᠤᠨ ᠤᠷᠤᠯᠭ᠎ᠠ ᠶᠢᠨ ᠨᠡᠮᠡᠭᠳᠡᠯ ᠢ ᠠᠬᠢᠭᠤᠯᠤᠨ᠎ᠠ᠃ ᠬᠡᠲᠤᠨ ᠵᠢᠯ ᠤᠨ ᠴᠢᠷᠮᠠᠶᠢᠯᠭ᠎ᠠ ᠪᠠᠷ | ᠳᠠᠮᠵᠢᠨ᠂ ᠪᠦᠬᠦ ᠤᠯᠤᠰ ᠲᠤ ᠨᠡᠷᠡᠲᠠᠢ ᠢᠳᠡᠰᠢᠨ ᠬᠤᠨᠢ ᠶᠢᠨ 5 ᠲᠦᠷᠦᠯ ᠲᠡᠮᠳᠡᠭ ᠢ ᠪᠤᠢ ᠪᠤᠯᠭᠠᠵᠤ᠂ 100 | ᠲᠦᠮᠡᠨ ᠲᠤᠯᠤᠭᠠᠢ ᠠᠴᠠ ᠳᠡᠭᠡᠭᠰᠢ ᠢᠳᠡᠰᠢᠨ ᠬᠤᠨᠢ ᠮᠠᠯᠯᠠᠬᠤ 5 ᠲᠤᠮᠤ ᠬᠡᠯᠪᠡᠷᠢ ᠶᠢᠨ ᠦᠢᠯᠡᠳᠪᠦᠷᠢᠯᠡᠯ ᠤᠨ | ᠬᠤᠯᠪᠤᠭᠠᠲᠤ ᠴᠤᠭᠴᠠ ᠶᠢ ᠪᠠᠶᠢᠭᠤᠯᠤᠨ᠂ ᠪᠤᠷᠤᠯᠠᠭᠤᠯᠤᠨ ᠬᠤᠳᠠᠯᠳᠤᠭᠰᠠᠨ ᠤᠷᠤᠯᠭ᠎ᠠ ᠨᠢ 10 ᠳ᠋ᠦᠩᠰᠢᠭᠤᠷ | ᠲᠦᠭᠦᠷᠢᠭ ᠠᠴᠠ ᠳᠡᠭᠡᠭᠰᠢᠬᠢ 5 ᠳᠠᠭᠠᠭᠤᠯᠬᠤ ᠠᠵᠤ ᠠᠬᠤᠶᠢᠯᠠᠯ ᠢ ᠪᠤᠶᠢᠵᠢᠭᠤᠯᠤᠨ᠎ᠠ᠃ | ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠮᠠᠶ᠋ᠢᠭ ᠤᠨ ᠡᠵᠡᠩᠨᠡᠯᠲᠡ ᠶᠢᠨ ᠰᠢᠰᠲ᠋ᠧᠮᠵᠢ ᠶᠢ ᠲᠦᠷᠭᠡᠳᠬᠡᠨ | ᠪᠠᠶᠢᠭᠤᠯᠤᠨ᠎ᠠ᠃ ᠦᠮᠴᠢᠯᠡᠬᠦ ᠡᠷᠬᠡ ᠶᠢ ᠲᠤᠲᠤᠷᠬᠠᠶᠢᠯᠠᠬᠤ᠂ ᠳᠠᠭᠠᠭᠠᠴᠢᠯᠠᠯᠲᠠ ᠶᠢᠨ ᠡᠷᠬᠡ ᠶᠢ ᠲᠤᠭᠲᠠᠭᠤᠨ | ᠪᠠᠶᠢᠯᠭᠠᠬᠤ᠂ ᠡᠵᠡᠩᠨᠡᠯᠲᠠ ᠶᠢᠨ ᠡᠷᠬᠡ ᠶᠢ ᠠᠮᠢᠳᠤᠯᠢᠭ ᠪᠤᠯᠭᠠᠬᠤ ᠱᠠᠭᠠᠷᠳᠠᠯᠭ᠎ᠠ ᠶᠤᠰᠤᠭᠠᠷ᠂ ᠲᠠᠷᠢᠶᠠᠯᠠᠬᠤ ᠮᠠᠯᠵᠢᠬᠤ | ᠤᠷᠤᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠦᠨ᠎ᠡ᠃ ᠲᠡᠷᠢᠶᠠᠯᠠᠬᠤ ᠮᠠᠯᠵᠢᠬᠤ | ᠤᠷᠤᠨ ᠤ ᠭᠠᠵᠠᠷ ᠰᠢᠷᠤᠢ᠂ ᠬᠠᠳᠤᠯᠠᠩ ᠪᠡᠯᠴᠢᠭᠡᠷ ᠤᠨ ᠬᠠᠮᠲᠤ ᠶᠢᠨ ᠦᠮᠴᠢᠯᠡᠯ ᠢ ᠪᠠᠷᠢᠮᠲᠠᠯᠠᠨ᠂ ᠲᠠᠷᠢᠶᠠᠴᠢᠨ | ᠮᠠᠯᠴᠢᠳ ᠤᠨ ᠳᠠᠭᠠᠭᠠᠴᠢᠯᠠᠵᠤ ᠪᠦᠬᠦᠢ ᠭᠠᠵᠠᠷ ᠰᠢᠷᠤᠢ ᠪᠠᠨ ᠡᠵᠡᠮᠰᠢᠬᠦ᠂ ᠬᠡᠷᠡᠭᠯᠡᠬᠦ᠂ ᠠᠰᠢᠭ ᠬᠦᠷᠲᠡᠬᠦ᠂ | ᠡᠷᠬᠢᠯᠳᠦᠬᠦᠯᠬᠦ ᠪᠠ ᠳᠠᠭᠠᠭᠠᠴᠢᠯᠠᠨ ᠡᠵᠡᠩᠨᠠᠵᠤ ᠪᠠᠶᠢᠭ᠎ᠠ ᠡᠷᠬᠡ ᠪᠠᠨ ᠪᠠᠷᠢᠴᠠᠭᠠᠯᠠᠬᠤ᠂ ᠳᠠᠭᠠᠭᠠᠯᠲᠠ ᠬᠢᠬᠦ ᠡᠷᠬᠡ ᠶᠢ | ᠬᠠᠤᠯᠢ ᠶᠤᠰᠤᠭᠠᠷ ᠬᠠᠮᠠᠭᠠᠯᠠᠵᠤ᠂ ᠬᠠᠮᠲᠤ ᠶᠢᠨ ᠤᠢ ᠮᠤᠳᠤᠨ ᠤ ᠭᠠᠵᠠᠷ ᠢ ᠬᠡᠷ ᠪᠦᠯᠢ ᠳᠤ ᠳᠠᠭᠠᠭᠠᠴᠢᠯᠠᠭᠤᠯᠤᠨ | ᠡᠵᠡᠩᠨᠡᠬᠦᠯᠬᠦ ᠳᠦᠷᠢᠮ ᠢ ᠲᠡᠭᠦᠯᠳᠡᠷᠵᠢᠭᠦᠯᠵᠤ᠂ ᠭᠠᠵᠠᠷ ᠰᠢᠷᠤᠢ ᠶᠢᠨ ᠡᠷᠬᠡ ᠶᠢ ᠨᠤᠲᠠᠯᠠᠨ ᠳᠠᠩᠰᠠᠯᠠᠵᠤ ᠦᠨᠡᠮᠯᠡᠯ | ᠤᠯᠭᠤᠬᠤ ᠲᠤᠷᠰᠢᠯᠲᠠ ᠶᠢᠨ ᠴᠢᠭ᠋ ᠤᠨ ᠠᠵᠢᠯ ᠢ ᠦᠷᠨᠢᠭᠦᠯᠦᠨ᠂ ᠲᠠᠷᠢᠶᠠᠯᠠᠬᠤ ᠮᠠᠯᠵᠢᠬᠤ ᠤᠷᠤᠨ ᠤ ᠬᠠᠮᠲᠤ ᠶᠢᠨ | ᠭᠠᠵᠠᠷ ᠰᠢᠷᠤᠢ ᠶᠢᠨ ᠦᠮᠴᠢᠯᠡᠬᠦ ᠡᠷᠬᠡ ᠶᠢ ᠨᠤᠲᠠᠯᠠᠨ ᠲᠠᠩᠰᠠᠯᠠᠵᠤ ᠦᠨᠡᠮᠯᠠᠯ ᠤᠯᠭᠤᠬᠤ ᠠᠵᠢᠯ ᠢ ᠦᠨᠳᠦᠰᠦᠨ ᠳᠤᠨᠢ | ᠪᠡᠶᠡᠯᠡᠭᠦᠯᠵᠤ᠂ ᠤᠷᠤᠨ ᠰᠠᠭᠤᠴᠠ ᠶᠢᠨ ᠰᠠᠭᠤᠷᠢ ᠭᠠᠵᠠᠷ ᠬᠢᠭᠡᠳ ᠬᠠᠮᠲᠤ ᠶᠢᠨ ᠪᠦᠲᠦᠬᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠰᠢᠷᠤᠢ ᠶᠢᠨ ᠬᠡᠷᠡᠭᠯᠡᠬᠦ ᠡᠷᠬᠡ ᠶᠢ ᠳᠠᠩᠰᠠᠯᠠᠵᠤ ᠦᠨᠡᠮᠯᠠᠯ ᠤᠯᠭᠤᠬᠤ ᠠᠵᠢᠯ ᠢ ᠲᠦᠯᠬᠢᠨ | ᠠᠬᠢᠭᠤᠯᠤᠨ᠎ᠠ᠃ ᠬᠡᠷ ᠪᠦᠯᠢ ᠶᠢᠨ ᠡᠵᠡᠩᠨᠡᠯᠲᠡ ᠶᠢᠨ ᠦᠨᠳᠦᠰᠦᠨ ᠪᠠᠶᠢᠷᠢ ᠰᠠᠭᠤᠷᠢ ᠶᠢ ᠪᠠᠷᠢᠮᠲᠠᠯᠠᠨ᠂ ᠬᠡᠷ ᠪᠦᠯᠢ | ᠡᠵᠡᠩᠨᠡᠬᠦ᠂ ᠬᠠᠮᠲᠤ ᠡᠵᠡᠩᠨᠡᠬᠦ᠂ ᠬᠤᠷᠰᠢᠵᠤ ᠡᠵᠡᠩᠨᠡᠬᠦ ᠪᠠ ᠠᠵᠤ ᠠᠬᠤᠶᠢᠯᠠᠯ ᠡᠵᠡᠩᠨᠡᠬᠦ ᠬᠠᠮᠲᠤᠪᠠᠷ ᠬᠦᠭᠵᠢᠭᠰᠡᠨ | ᠲᠠᠷᠢᠶᠠᠯᠠᠩ ᠮᠠᠯ ᠠᠵᠤ ᠠᠬᠤᠢ ᠶᠢᠨ ᠡᠵᠡᠩᠨᠠᠯᠲᠡ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠶᠢ ᠲᠦᠯᠬᠢᠨ | ᠠᠬᠢᠭᠤᠯᠤᠨ᠎ᠠ᠃ ᠭᠠᠵᠠᠷ ᠰᠢᠷᠤᠢ ᠬᠠᠳᠤᠯᠠᠩ ᠪᠡᠯᠴᠢᠭᠡᠷ ᠢ ᠡᠷᠬᠢᠯᠳᠦᠭᠦᠯᠬᠦ ᠦᠢᠯᠡᠴᠢᠯᠡᠭᠡᠨ ᠤ ᠲᠤᠤᠷ ᠰᠦᠯᠵᠢᠶ᠎ᠡ ᠶᠢ | ᠪᠦᠷᠢᠨᠰᠢᠭᠦᠯᠦᠨ᠂ ᠭᠠᠵᠠᠷ ᠰᠢᠷᠤᠢ ᠬᠠᠳᠤᠯᠠᠩ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠰᠢᠨ᠎ᠡ ᠮᠠᠶ᠋ᠢᠭ ᠤᠨ | ᠡᠵᠡᠩᠨᠡᠯᠲᠡ ᠶᠢᠨ ᠭᠤᠤᠯ ᠴᠤᠭᠴᠠ ᠲᠠᠰᠢ ᠡᠷᠬᠢᠯᠳᠦᠬᠦᠯᠬᠦ ᠵᠤᠷᠢᠭᠵᠢᠭᠤᠯᠤᠨ᠂ ᠤᠯᠠᠨ ᠵᠦᠢᠯ ᠤᠨ ᠬᠡᠯᠪᠡᠷᠢ ᠪᠦᠬᠦᠢ | ᠬᠡᠪᠴᠢᠶᠡᠵᠢᠭᠰᠡᠨ᠂ ᠡᠷᠴᠢᠮᠵᠢᠭᠰᠡᠨ ᠡᠵᠡᠩᠨᠡᠯᠲᠡ ᠶᠢ ᠬᠦᠭᠵᠢᠭᠦᠯᠵᠤ᠂ ᠪᠦᠬᠦ ᠶᠠᠪᠤᠴᠠ ᠶᠢ ᠬᠠᠮᠤᠷᠤᠭᠰᠠᠨ᠂ | ᠶᠡᠷᠦᠩᠭᠡᠶᠢᠯᠡᠨ ᠢᠵᠢ ᠪᠦᠷᠢᠳᠤᠬᠦᠯᠦᠭᠰᠡᠨ᠂ ᠳᠦᠭᠦᠮ ᠲᠦᠳᠡ ᠦᠨᠳᠦᠷ ᠦᠷ᠎ᠡ ᠪᠦᠲᠦᠮᠵᠢᠲᠠᠢ ᠲᠠᠷᠢᠶᠠᠯᠠᠩ ᠮᠠᠯ | ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠦᠨ᠎ᠡ᠃ | ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠦᠭᠡᠢ ᠶᠢ ᠪᠦᠬᠦ | ᠬᠦᠴᠦ ᠪᠠᠷ ᠢᠶᠠᠨ ᠰᠠᠶᠢᠲᠤᠷ ᠠᠳᠬᠤᠨ᠎ᠠ᠃ ᠦᠢᠯᠡᠳᠪᠦᠷᠢᠯᠡᠯ ᠤᠨ ᠤᠷᠴᠢᠨ ᠲᠤᠭᠤᠷᠢᠨ ᠤ ᠠᠶᠤᠯ ᠦᠭᠡᠢ ᠶᠢᠨ | ᠪᠤᠭᠤᠮᠲᠠ ᠶᠢ ᠴᠢᠩᠭ᠎ᠠ ᠠᠳᠬᠤᠵᠤ᠂ ᠲᠤᠰᠬᠠᠶᠢᠴᠢᠯᠠᠭᠰᠠᠨ᠂ ᠪᠠᠷᠢᠮᠵᠢᠶᠠᠵᠢᠭᠤᠯᠤᠭᠰᠠᠨ᠂ ᠨᠡᠶᠢᠲᠡ ᠳᠤ | ᠬᠤᠤᠷᠳᠠᠭᠤᠯᠤᠯ ᠦᠭᠡᠢ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠪᠠ ᠪᠤᠬᠢᠷᠳᠤᠯ ᠦᠭᠡᠢ | ᠢᠳᠡᠭᠡᠨ ᠤ ᠦᠢᠯᠡᠳᠪᠦᠷᠢᠯᠡᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠲᠦᠯᠬᠢᠨ ᠠᠬᠢᠭᠤᠯᠵᠤ᠂ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠭᠠᠷᠤᠯᠲᠠ ᠶᠢᠨ ᠭᠠᠵᠠᠷ ᠤᠨ | ᠤᠷᠴᠢᠨ ᠲᠤᠭᠤᠷᠢᠨ ᠤ ᠪᠤᠬᠢᠷᠳᠤᠯ ᠢ ᠴᠢᠩᠭ᠎ᠠ ᠬᠢᠵᠠᠭᠠᠷᠯᠠᠨ ᠡᠵᠡᠮᠳᠡᠵᠤ᠂ ᠲᠠᠷᠢᠶᠠᠯᠠᠩ ᠮᠠᠯ ᠠᠵᠤ ᠠᠬᠤᠢ ᠶᠢᠨ | ᠤᠷᠴᠢᠨ ᠲᠤᠭᠤᠷᠢᠨ᠂ ᠤᠷᠤᠭᠤᠯᠤᠯᠲᠠ ᠡᠳ᠋ ᠵᠡᠷᠭᠡ ᠶᠢᠨ ᠶᠠᠰᠤ ᠴᠢᠨᠠᠷ ᠤᠨ ᠠᠶᠤᠯ ᠦᠬᠡᠢ ᠶᠢᠨ ᠪᠠᠶᠢᠴᠠᠭᠠᠯᠲᠠ ᠶᠢ | ᠴᠢᠩᠭᠠᠳᠬᠠᠨ᠂ ᠬᠠᠤᠯᠢ ᠬᠡᠷᠡᠭᠵᠢᠭᠦᠯᠬᠦ ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠲᠠᠷᠢᠶᠠᠯᠠᠩ ᠤᠨ | ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠦᠭᠡᠢ ᠶᠢ ᠰᠢᠯᠭᠠᠨ ᠪᠠᠶᠢᠴᠠᠭᠠᠬᠤ | ᠪᠠᠶᠢᠴᠠᠭᠠᠨ ᠬᠡᠮᠵᠢᠬᠦ ᠪᠠ ᠮᠦᠷᠳᠡᠨ ᠨᠡᠬᠡᠮᠵᠢᠯᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠭᠡᠨ᠂ | ᠦᠢᠯᠡᠳᠪᠦᠷᠢᠯᠡᠬᠦ ᠡᠬᠢ ᠡᠬᠦᠰᠦᠯ ᠠᠴᠠ ᠨᠢ ᠵᠠᠰᠠᠬᠤ ᠪᠠ ᠦᠢᠯᠡᠳᠪᠦᠷᠢᠯᠡᠵᠤ ᠪᠤᠷᠤᠯᠠᠭᠤᠯᠬᠤ ᠪᠦᠬᠦ ᠶᠠᠪᠤᠴᠠ ᠶᠢᠨ | ᠬᠢᠨᠠᠨ ᠬᠠᠮᠢᠶᠠᠷᠬᠤ ᠶᠢ ᠴᠢᠩᠭᠠᠳᠬᠠᠵᠤ᠂ ᠠᠶᠤᠯ ᠦᠭᠡᠢ ᠦᠢᠯᠡᠳᠪᠦᠷᠢᠯᠡᠯ ᠤᠨ ᠴᠢᠩᠭ᠎ᠠ ᠵᠢᠷᠤᠮᠵᠢᠯ ᠢ ᠪᠠᠶᠢᠭᠤᠯᠤᠨ᠂ | ᠠᠷᠠᠳ ᠤᠯᠠᠨ ᠤ ︽ᠢᠳᠡᠭᠡᠨ ᠤᠮᠳᠠᠭᠠᠨ ᠤ ᠠᠶᠤᠯ ᠦᠭᠡᠢ︾ ᠶᠢ ᠦᠨᠡᠨᠬᠦ ᠪᠠᠲᠤᠯᠠᠨ᠎ᠠ᠃ ᠠᠮᠢ ᠠᠬᠤᠢ ᠶᠢᠨ ᠤᠭ | ᠭᠠᠷᠤᠯᠲᠠ ᠶᠢᠨ ᠭᠠᠵᠠᠷ ᠤᠨ ᠪᠦᠲᠦᠭᠡᠭᠳᠡᠬᠦᠨ ᠢ ᠬᠠᠮᠠᠭᠠᠯᠠᠬᠤ ᠪᠠ ᠨᠡᠶᠢᠲᠡ ᠳᠤ ᠬᠤᠤᠷᠳᠠᠭᠤᠯᠤᠯ ᠦᠭᠡᠢ | ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ᠂ ᠪᠤᠬᠢᠷᠳᠤᠯ ᠦᠬᠡᠢ ᠢᠳᠡᠭᠡᠨ᠂ ᠤᠷᠭᠠᠨᠢᠭ | ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ᠂ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ | ᠰᠢᠮ᠎ᠡ ᠶᠢᠨ ᠭᠠᠵᠠᠷ ᠵᠦᠢ ᠶᠢᠨ ᠲᠡᠮᠳᠡᠭ ᠢ ᠰᠢᠯᠭᠠᠨ ᠲᠤᠭᠲᠠᠭᠠᠬᠤ ᠶᠠᠪᠤᠳᠠᠯ ᠢ ᠴᠢᠩᠭᠠᠳᠬᠠᠨ᠂ ᠮᠠᠨ ᠤ ᠤᠷᠤᠨ ᠤ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠲᠦᠷᠦᠯ ᠲᠡᠮᠳᠡᠭ ᠤᠨ ᠠᠯᠳᠠᠷᠰᠢᠯ ᠪᠠ | ᠦᠷᠢᠰᠦᠯᠲᠦᠬᠦ ᠴᠢᠳᠠᠯ ᠢ ᠳᠡᠭᠡᠭᠰᠢᠯᠡᠭᠦᠯᠦᠨ᠎ᠡ᠃ | ᠰᠢᠨ᠎ᠡ ᠲᠡᠷᠢᠶᠡᠯᠠᠬᠤ ᠮᠠᠯᠵᠢᠬᠤ ᠤᠷᠤᠨ ᠤ ᠪᠦᠲᠦᠭᠡᠨ ᠪᠠᠶᠢᠭᠤᠯᠤᠯᠲᠠ ᠶᠢ ᠦᠨᠡᠨᠬᠦ ᠴᠢᠩᠭᠠᠳᠬᠠᠨ᠎ᠠ᠃ | ᠬᠤᠲᠠ ᠬᠦᠳᠡᠭᠡ ᠶᠢ ᠨᠢᠭᠡ ᠴᠤᠭᠴᠠᠵᠢᠭᠤᠯᠤᠨ ᠬᠦᠭᠵᠢᠭᠦᠯᠬᠦ ᠶᠢ ᠶᠡᠬᠡᠪᠡᠷ ᠲᠦᠯᠬᠢᠨ ᠠᠬᠢᠭᠤᠯᠵᠤ᠂ ᠰᠠᠭᠤᠷᠢ | ᠪᠡᠯᠡᠳᠬᠡᠮᠵᠢ ᠶᠢ ᠲᠠᠷᠢᠶᠠᠯᠠᠬᠤ ᠮᠠᠯᠵᠢᠬᠤ ᠤᠷᠤᠨ ᠲᠡᠰᠢ ᠤᠷᠳᠤᠳᠬᠠᠬᠤ᠂ ᠤᠯᠠᠨ ᠨᠡᠶᠢᠲᠡ ᠶᠢᠨ ᠦᠢᠯᠡᠴᠢᠯᠡᠭᠡᠨ ᠢᠶᠠᠷ | ᠮᠠᠯᠵᠢᠬᠤ ᠲᠠᠷᠢᠶᠠᠯᠠᠬᠤ ᠤᠷᠤᠨ ᠢ ᠬᠠᠮᠤᠷᠤᠭᠤᠯᠬᠤ᠂ ᠬᠤᠲᠠ ᠶᠢᠨ ᠪᠤᠯᠪᠠᠰᠤᠨ ᠢᠶᠠᠷ ᠮᠠᠯᠵᠢᠬᠤ ᠲᠠᠷᠢᠶᠠᠯᠠᠬᠤ ᠤᠷᠤᠨ ᠢ | ᠨᠦᠯᠦᠭᠡᠯᠡᠨ ᠲᠠᠶᠢᠴᠢᠯᠠᠬᠤ ᠶᠢ ᠠᠬᠢᠭᠤᠯᠤᠨ᠎ᠠ᠃ ᠤᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠯᠲᠠ ᠶᠢᠨ | ᠭᠤᠤᠯᠳᠠᠯᠭ᠎ᠠ ᠶᠢ ᠲᠡᠷᠢᠶᠠᠯᠠᠬᠤ ᠮᠠᠯᠵᠢᠬᠤ ᠤᠷᠤᠨ ᠳᠤ ᠲᠠᠯᠪᠢᠬᠤ ᠶᠢ ᠪᠠᠷᠢᠮᠲᠠᠯᠠᠨ᠂ 3 ᠵᠢᠯ ᠤᠨ ᠬᠤᠭᠤᠴᠠᠭᠠᠨ ᠳᠤ᠂ | ᠪᠦᠬᠦ ᠤᠷᠤᠨ ᠤ ᠬᠡᠪᠴᠢᠶᠡᠨ ᠳᠤ ᠲᠠᠷᠢᠶᠠᠯᠠᠬᠤ ᠮᠠᠯᠵᠢᠬᠤ ᠤᠷᠤᠨ ᠤ ᠨᠤᠷᠠᠬᠤ ᠠᠶᠤᠯᠲᠠᠢ ᠬᠡᠷ ᠪᠠᠶᠢᠰᠢᠩ ᠢ ᠵᠠᠰᠠᠨ | ᠰᠢᠨᠡᠳᠬᠡᠬᠦ᠂ ᠠᠶᠤᠯ ᠦᠭᠡᠢ ᠤᠤᠭᠤᠬᠤ ᠤᠰᠤ᠂ ᠭᠠᠴᠠᠭ᠎ᠠ ᠲᠤᠰᠬᠤᠨ ᠤ ᠵᠡᠬᠡᠯᠢ ᠭᠤᠳᠤᠮᠵᠢ ᠶᠢ ᠬᠠᠲᠠᠭᠤᠷᠠᠭᠤᠯᠬᠤ᠂ | ᠲᠤᠰᠬᠤᠨ ᠪᠤᠯᠭᠠᠨ ᠳᠤ ᠴᠠᠬᠢᠯᠭᠠᠨ ᠨᠡᠪᠲᠡᠷᠡᠭᠦᠯᠬᠦ᠂ ᠲᠤᠰᠬᠤᠨ ᠪᠤᠯᠭᠠᠨ ᠳᠤ ᠷᠠᠳᠢᠤ᠋ ᠨᠡᠪᠲᠡᠷᠡᠭᠦᠯᠭᠡ ᠲᠧᠯᠸᠢᠰ ᠪᠠ | ᠴᠢᠮᠡᠭᠡ ᠨᠡᠪᠲᠡᠷᠡᠭᠦᠯᠬᠡ ᠨᠡᠪᠲᠡᠷᠡᠭᠦᠯᠬᠦ᠂ ᠰᠤᠷᠭᠠᠭᠤᠯᠢ ᠶᠢᠨ ᠬᠡᠷ ᠪᠠᠶᠢᠷᠢ ᠶᠢᠨ ᠪᠦᠲᠦᠭᠡᠨ ᠪᠠᠶᠢᠭᠤᠯᠤᠯᠲᠠ ᠬᠢᠭᠡᠳ | ᠠᠠᠶᠤᠯ ᠦᠭᠡᠢ ᠪᠤᠯᠭᠠᠨ ᠵᠠᠰᠠᠨ ᠰᠢᠨᠡᠳᠬᠡᠬᠦ᠂ ᠭᠠᠴᠠᠭ᠎ᠠ ᠲᠤᠰᠬᠤᠨ ᠤ ᠪᠠᠷᠢᠮᠵᠢᠶᠠᠵᠢᠭᠤᠯᠤᠭᠰᠠᠨ ᠡᠷᠡᠬᠦᠯ | ᠬᠠᠮᠠᠭᠠᠯᠠᠯ ᠤᠨ ᠲᠠᠰᠤᠭ᠂ ᠭᠠᠴᠠᠭ᠎ᠠ ᠲᠤᠰᠬᠤᠨ ᠤ ᠰᠤᠶᠤᠯ ᠲᠤᠭᠯᠠᠭᠠᠮ ᠤᠨ ᠦᠷᠦᠭᠡ᠂ ᠠᠷᠠᠳ ᠲᠤ ᠳᠦᠭᠦᠮ | ᠬᠡᠯᠬᠢᠶ᠎ᠡ ᠬᠡᠲᠤ ᠳᠡᠯᠭᠡᠬᠦᠷ᠂ ᠲᠡᠷᠢᠶᠠᠯᠠᠬᠤ ᠮᠠᠯᠵᠢᠬᠤ ᠤᠷᠤᠨ ᠤ ᠪᠠᠶᠢᠡᠭᠭᠤ ᠰᠠᠭᠤᠭ᠎ᠠ ᠬᠦᠮᠦᠨ ᠠᠮᠠ ᠶᠢᠨ ᠨᠠᠰᠤᠵᠢᠯ | ᠡᠮᠨᠡᠯᠭᠡ ᠨᠠᠭᠠᠲᠤ ᠵᠠᠬ᠎ᠠ ᠶᠢᠨ ᠪᠠᠲᠤᠯᠭ᠎ᠠ ᠵᠡᠷᠭᠡ ᠨᠡᠶᠢᠭᠡᠮ ᠪᠠᠲᠤᠯᠭ᠎ᠠ ᠶᠢᠨ ︽ᠠᠷᠪᠠᠨ ᠪᠦᠬᠦᠨ ᠢ ᠬᠠᠮᠤᠷᠬᠤ︾ ᠶᠢ | ᠪᠶᠡᠯᠡᠭᠦᠯᠦᠨ᠂ ᠬᠤᠲᠠ ᠬᠦᠳᠡᠭᠡ ᠶᠢᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠲᠡᠩᠴᠡᠭᠦᠷᠢᠰᠢᠯᠲᠡ ᠶᠢ | ᠠᠬᠢᠭᠤᠯᠤᠨ᠎ᠠ᠃ ᠲᠠᠷᠢᠶᠠᠯᠠᠬᠤ ᠮᠠᠯᠵᠢᠬᠤ ᠤᠷᠤᠨ ᠤ ᠵᠠᠰᠠᠮᠠᠯ ᠵᠠᠮ᠂ ᠤᠰᠤᠨ ᠠᠰᠢᠭᠯᠠᠯᠲᠠ᠂ ᠴᠠᠬᠢᠯᠭᠠᠨ ᠤ ᠲᠤᠤᠷ | ᠵᠡᠷᠭᠡ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠤᠯᠲᠠᠢ ᠲᠦᠯᠦᠪᠯᠡᠨ ᠲᠦᠯᠬᠢᠨ ᠠᠬᠢᠭᠤᠯᠵᠤ᠂ | ᠲᠡᠷᠢᠶᠠᠯᠠᠬᠤ ᠮᠠᠯᠵᠢᠬᠤ ᠤᠷᠤᠨ ᠤ ᠨᠠᠮᠤᠭ ᠤᠨ ᠬᠡᠢ ᠪᠤᠯᠤᠨ ᠠᠶᠤᠯ ᠦᠭᠡᠢ ᠤᠤᠭᠤᠬᠤ ᠤᠰᠤᠨ ᠤ ᠢᠨᠵᠧᠨᠧᠷᠢᠩ ᠢ | ᠰᠠᠶᠢᠲᠤᠷ ᠠᠳᠬᠤᠵᠤ᠂ ᠬᠦᠳᠡᠭᠡ ᠲᠤᠰᠬᠤᠨ ᠤ 1.5 ᠲᠦᠮᠡᠨ ᠡᠷᠦᠬᠡ ᠳᠤ ᠨᠠᠮᠤᠭ ᠤᠨ ᠬᠡᠢ ᠬᠡᠷᠡᠭᠯᠡᠭᠦᠯᠬᠦ ᠪᠦᠲᠦᠭᠡᠨ | ᠪᠠᠶᠢᠭᠤᠯᠤᠯᠲᠠ ᠬᠢᠵᠤ᠂ 80 ᠲᠦᠮᠡᠨ ᠬᠦᠮᠦᠨ ᠠᠮᠠ ᠶᠢᠨ ᠠᠶᠤᠯ ᠦᠭᠡᠢ ᠤᠤᠭᠤᠬᠤ ᠤᠰᠤᠨ ᠤ ᠠᠰᠠᠭᠤᠳᠠᠯ ᠢ | ᠰᠢᠢᠳᠪᠦᠷᠢᠯᠡᠨ᠎ᠡ᠂ ᠤᠷᠤᠰᠢᠨ ᠰᠠᠭᠤᠬᠤ ᠳᠤ ᠲᠤᠬᠢᠷᠠᠭᠰᠠᠨ ᠦᠵᠡᠰᠭᠦᠯᠡᠩᠲᠤ ᠰᠠᠶᠢᠬᠠᠨ ᠬᠦᠳᠡᠭᠡ ᠲᠤᠰᠬᠤᠨ ᠢ | ᠶᠡᠬᠡᠪᠡᠷ ᠪᠦᠲᠦᠭᠡᠨ ᠪᠠᠶᠢᠭᠤᠯᠵᠤ᠂ ᠰᠢᠨ᠎ᠡ ᠲᠠᠷᠢᠶᠠᠯᠠᠬᠤ ᠮᠠᠯᠵᠢᠬᠤ ᠤᠷᠤᠨ ᠤ ᠪᠦᠲᠦᠭᠡᠨ ᠪᠠᠶᠢᠭᠤᠯᠤᠯᠲᠠ ᠶᠢᠨ | ᠵᠢᠱᠢᠶ᠎ᠠ ᠦᠵᠡᠭᠦᠯᠬᠦ ᠢᠨᠵᠧᠨᠧᠷᠢᠩ ᠢ ᠬᠦᠨᠵᠡᠭᠡᠢ ᠲᠦᠯᠬᠢᠨ ᠠᠬᠢᠭᠤᠯᠵᠤ᠂ ᠲᠡᠷᠢᠶᠠᠯᠠᠬᠤ ᠮᠠᠯᠵᠢᠬᠤ ᠤᠷᠤᠨ ᠤ | ᠬᠦᠮᠦᠰ ᠤᠨ ᠤᠷᠤᠰᠢᠨ ᠰᠠᠭᠤᠬᠤ ᠤᠷᠴᠢᠨ ᠲᠤᠭᠤᠷᠢᠨ ᠢ ᠶᠡᠷᠦᠩᠭᠡᠶᠢᠯᠡᠨ ᠴᠡᠭᠴᠡᠯᠡᠨ ᠵᠠᠰᠠᠬᠤ ᠶᠢ ᠪᠦᠬᠦ ᠲᠠᠯ᠎ᠠ ᠪᠠᠷ | ᠦᠷᠨᠢᠭᠦᠯᠦᠨ᠂ ᠲᠡᠷᠢᠶᠠᠯᠠᠬᠤ ᠮᠠᠯᠵᠢᠬᠤ ᠤᠷᠤᠨ ᠤ ᠲᠦᠷᠰᠦ ᠪᠠᠶᠢᠳᠠᠯ ᠳᠤ ᠦᠨᠳᠦᠰᠦᠨ ᠴᠢᠨᠡᠷᠲᠠᠢ ᠬᠤᠪᠢᠷᠠᠯᠲᠠ | ᠭᠠᠷᠭᠠᠨ᠎ᠠ᠃ | ︵ᠳᠦᠷᠪᠡ︶ ᠠᠵᠤ ᠠᠬᠤᠢ ᠶᠢᠨ ᠪᠠᠶᠢᠭᠤᠯᠤᠯ ᠤᠨ ᠦᠭᠡᠷᠡᠴᠢᠯᠡᠯᠲᠡ ᠪᠠᠷ ᠭᠤᠤᠯᠳᠠᠯᠭ᠎ᠠ ᠪᠤᠯᠭᠠᠨ | ᠦᠭᠡᠷᠡᠴᠢᠯᠡᠯᠲᠡ ᠨᠡᠭᠡᠭᠡᠯᠲᠡ ᠶᠢ ᠬᠦᠨᠵᠡᠭᠡᠶᠢᠷᠡᠭᠦᠯᠦᠨ᠂ ᠬᠦᠭᠵᠢᠯᠲᠡ ᠶᠢᠨ ᠠᠮᠢᠵᠢᠷᠠᠯ ᠤᠨ ᠬᠦᠴᠦᠨ ᠪᠤᠯᠤᠨ | ᠬᠦᠳᠡᠯᠬᠡᠬᠦ ᠬᠦᠴᠦᠨ ᠢ ᠨᠡᠮᠡᠭᠳᠡᠭᠦᠯᠦᠨ᠎ᠡ᠃ | ᠠᠵᠤ ᠠᠬᠤᠢ ᠶᠢᠨ ᠪᠠᠶᠢᠭᠤᠯᠤᠯ ᠤᠨ ᠦᠭᠡᠷᠡᠴᠢᠯᠡᠯᠲᠡ ᠶᠢ ᠢᠳᠡᠪᠬᠢᠲᠠᠢ ᠪᠠᠷ ᠲᠦᠯᠬᠢᠨ ᠠᠬᠢᠭᠤᠯᠤᠨ᠎ᠠ᠃ | ᠤᠯᠤᠰ ᠤᠨ ᠦᠮᠴᠢᠯᠡᠯᠲᠤ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠪᠠᠶᠢᠭᠤᠯᠤᠯ ᠢ ᠰᠢᠯᠤᠭᠤᠳᠬᠠᠨ᠂ ᠬᠦᠷᠦᠩᠭᠡ ᠶᠢ | ᠬᠠᠮᠢᠶᠠᠷᠬᠤ ᠪᠠᠷ ᠭᠤᠤᠯ ᠪᠤᠯᠭᠠᠨ ᠤᠯᠤᠰ ᠤᠨ ᠦᠮᠴᠢᠯᠡᠯᠲᠤ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠂ ᠤᠯᠤᠰ ᠤᠨ ᠦᠮᠴᠢᠯᠡᠯᠲᠤ ᠡᠳ᠋ ᠬᠦᠷᠦᠩᠭᠡ ᠶᠢᠨ ᠪᠠᠶᠢᠷᠢᠰᠢᠭᠤᠯᠤᠯ ᠪᠠ ᠪᠦᠲᠦᠴᠡ ᠶᠢ | ᠰᠢᠯᠢᠳᠡᠭᠵᠢᠭᠦᠯᠦᠨ ᠲᠤᠬᠢᠷᠠᠭᠤᠯᠤᠨ᠎ᠠ᠃ ᠤᠯᠤᠰ ᠤᠨ ᠦᠮᠴᠢᠯᠡᠯᠲᠤ ᠠᠵᠤ ᠠᠬᠤᠶᠢᠯᠠᠯ ᠤᠨ ᠦᠭᠡᠷᠡᠴᠢᠯᠡᠯᠲᠡ ᠶᠢ | ᠬᠦᠨᠵᠡᠭᠡᠶᠢᠷᠡᠭᠦᠯᠦᠨ᠂ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠵᠤ᠂ ᠤᠯᠤᠰ ᠤᠨ | ᠦᠮᠴᠢᠯᠡᠯᠲᠤ ᠠᠵᠤ ᠠᠬᠤᠶᠢᠯᠠᠯ ᠤᠨ ᠦᠭᠡᠷᠡᠴᠢᠯᠡᠯᠲᠠ ᠳᠤ ᠠᠷᠠᠳ ᠤᠨ ᠬᠦᠷᠦᠩᠭᠡ ᠶᠢᠨ ᠤᠷᠤᠯᠴᠠᠬᠤ ᠶᠢ | ᠵᠤᠷᠢᠭᠵᠢᠭᠤᠯᠤᠨ᠂ ᠬᠤᠯᠢᠮᠠᠭ ᠦᠮᠴᠢᠯᠡᠯᠲᠤ ᠠᠵᠤ ᠠᠬᠤᠢ ᠶᠢ ᠢᠳᠡᠪᠬᠢᠲᠠᠢ ᠪᠠᠷ ᠬᠦᠭᠵᠢᠭᠦᠯᠦᠨ᠂ ᠤᠯᠤᠰ ᠤᠨ | ᠦᠮᠴᠢᠯᠡᠯ ᠤᠨ᠂ ᠬᠠᠮᠲᠤ ᠶᠢᠨ ᠪᠠ ᠠᠷᠠᠳ ᠤᠨ ᠬᠦᠷᠦᠩᠭᠡ ᠰᠤᠯᠪᠢᠴᠡᠨ ᠰᠲ᠋ᠤᠺ ᠡᠵᠡᠮᠰᠢᠬᠦ ᠪᠠ ᠬᠠᠷᠢᠯᠴᠠᠨ | ᠠᠭᠤᠰᠤᠯᠴᠠᠨ ᠨᠢᠭᠡᠳᠬᠦ ᠶᠢ ᠲᠦᠯᠬᠢᠨ ᠠᠬᠢᠭᠤᠯᠤᠨ᠎ᠠ᠃ ᠴᠠᠬᠢᠯᠭᠠᠨ ᠬᠦᠴᠦᠨ ᠤ ᠵᠠᠬ᠎ᠠ ᠳᠡᠯᠭᠡᠬᠦᠷ ᠤᠨ | ᠦᠭᠡᠷᠡᠴᠢᠯᠡᠯᠲᠡ ᠶᠢ ᠬᠦᠨᠵᠡᠭᠡᠶᠢᠷᠡᠭᠦᠯᠵᠤ᠂ ᠤᠯᠤᠰ ᠠᠴᠠ ᠮᠠᠨ ᠤ ᠤᠷᠤᠨ ᠳᠤ ᠴᠠᠬᠢᠯᠭᠠᠨ ᠬᠦᠴᠦᠨ ᠤ | ᠪᠠᠶᠢᠭᠤᠯᠤᠯ ᠤᠨ ᠦᠭᠡᠷᠡᠴᠢᠯᠡᠯᠲᠡ ᠶᠢᠨ ᠲᠤᠷᠰᠢᠯᠲᠠ ᠬᠢᠬᠦ ᠶᠢ ᠴᠢᠷᠮᠠᠶᠢᠨ ᠤᠯᠵᠤ᠂ ᠲᠤᠤᠷᠵᠢᠭᠤᠯᠬᠤ ᠪᠠ | ᠲᠡᠭᠡᠭᠡᠪᠦᠷᠢᠯᠡᠬᠦ ᠶᠢ ᠰᠠᠯᠭᠠᠬᠤ ᠰᠢᠨ᠎ᠡ ᠬᠡᠯᠪᠡᠷᠢ ᠮᠠᠶ᠋ᠢᠭ ᠢ ᠢᠳᠡᠪᠬᠢᠲᠠᠢ ᠰᠦᠪᠡᠭᠴᠢᠯᠡᠨ᠂ ᠴᠠᠬᠢᠯᠭᠠᠨ ᠦᠨ᠎ᠡ ᠶᠢᠨ ᠪᠤᠢ | ᠪᠤᠯᠬᠤ ᠲᠤᠭᠲᠠᠴᠠ ᠶᠢ ᠲᠡᠭᠦᠯᠳᠡᠷᠵᠢᠭᠦᠯᠵᠤ᠂ ᠦᠨ᠎ᠡ ᠦᠷᠢᠰᠦᠯᠳᠤᠨ ᠲᠤᠤᠷ ᠲᠤ ᠭᠠᠷᠬᠤ ᠶᠢ ᠲᠦᠯᠬᠢᠨ | ᠠᠬᠢᠭᠤᠯᠤᠨ᠎ᠠ᠃ ᠦᠪᠦᠷ ᠮᠤᠩᠭᠤᠯ ᠤᠨ ᠪᠠᠷᠠᠭᠤᠨ ᠬᠡᠰᠡᠭ ᠤᠨ ᠭᠠᠵᠠᠷ ᠤᠷᠤᠨ ᠤ ᠴᠠᠬᠢᠯᠭᠠᠨ ᠬᠦᠴᠦᠨ ᠤ ᠵᠠᠬ᠎ᠠ | ᠳᠡᠯᠭᠡᠬᠦᠷ ᠤᠨ ᠤᠯᠠᠨ ᠲᠡᠰᠢ ᠠᠷᠠᠯᠵᠢᠶᠠᠯᠠᠬᠤ ᠲᠤᠭᠲᠠᠴᠠ ᠶᠢ ᠲᠡᠭᠦᠯᠳᠡᠷᠵᠢᠭᠦᠯᠵᠤ᠂ ᠦᠪᠦᠷ ᠮᠤᠩᠭᠤᠯ ᠤᠨ ᠵᠡᠭᠦᠨ | ᠬᠡᠰᠡᠭ ᠤᠨ ᠭᠠᠵᠠᠷ ᠤᠷᠤᠨ ᠤ ᠲᠤᠮᠤ ᠬᠡᠷᠡᠭᠯᠡᠬᠦ ᠡᠷᠦᠬᠡ ᠳᠤ ᠰᠢᠭᠤᠳ ᠴᠠᠬᠢᠯᠭᠠᠨ ᠬᠠᠨᠭ᠍ᠭᠠᠬᠤ ᠶᠢ ᠡᠬᠢᠯᠡᠭᠦᠯᠵᠤ᠂ | ᠠᠵᠤ ᠠᠬᠤᠶᠢᠯᠠᠯ ᠤᠨ ᠬᠡᠷᠡᠭᠯᠡᠬᠦ ᠴᠠᠬᠢᠯᠭᠠᠨ ᠤ ᠦᠪᠡᠷ ᠤᠨ ᠦᠷᠲᠡᠭ ᠢ ᠪᠠᠭᠤᠷᠠᠭᠤᠯᠤᠨ᠎ᠠ᠃ ᠤᠷᠤᠨ ᠪᠦᠰᠡ | ᠠᠯᠤᠰᠯᠠᠭᠰᠠᠨ ᠴᠠᠬᠢᠯᠭᠠᠨ ᠬᠦᠴᠦᠨ ᠤ ᠵᠠᠬ᠎ᠠ ᠳᠡᠯᠭᠡᠬᠦᠷ ᠤᠨ ᠰᠢᠰᠲ᠋ᠧᠮᠵᠢ ᠶᠢ ᠪᠠᠶᠢᠭᠤᠯᠵᠤ᠂ ᠴᠠᠬᠢᠯᠭᠠᠨ ᠬᠦᠴᠦᠨ ᠤ | ᠵᠠᠬ᠎ᠠ ᠳᠡᠯᠭᠡᠬᠦᠷ ᠤᠨ ᠨᠡᠩ ᠶᠡᠭᠡ ᠬᠡᠪᠴᠢᠶᠡᠨ ᠤ ᠨᠡᠶᠢᠯᠡᠯ ᠢ ᠠᠬᠢᠭᠤᠯᠤᠨ᠎ᠠ᠃ ᠡᠳ᠋ ᠤᠨ ᠵᠠᠰᠠᠭ ᠭᠠᠶᠢᠯᠢ ᠶᠢᠨ | ᠪᠠᠶᠢᠭᠤᠯᠤᠯ ᠤᠨ ᠦᠭᠡᠷᠡᠴᠢᠯᠡᠯᠲᠡ ᠶᠢ ᠬᠦᠨᠵᠡᠭᠡᠶᠢᠷᠡᠭᠦᠯᠦᠨ᠂ ᠰᠠᠯᠠᠭ᠎ᠠ ᠮᠦᠴᠢᠷ ᠤᠨ ᠲᠦᠰᠦᠪ ᠤᠨ | ᠦᠭᠡᠷᠡᠴᠢᠯᠡᠯᠲᠡ ᠶᠢ ᠲᠦᠯᠬᠢᠨ ᠠᠬᠢᠭᠤᠯᠵᠤ᠂ ᠪᠦᠬᠦ ᠰᠢᠰᠲ᠋ᠧᠮ ᠤᠨ ᠵᠠᠰᠠᠭ ᠤᠨ ᠤᠷᠳᠤᠨ ᠤ ᠲᠦᠰᠦᠪ ᠤᠨ | ᠰᠢᠰᠲ᠋ᠧᠮᠵᠢ ᠶᠢ ᠪᠠᠶᠢᠭᠤᠯᠤᠨ᠎ᠠ᠃ ᠵᠠᠰᠠᠭ ᠤᠨ ᠤᠷᠳᠤᠨ ᠤ ᠬᠤᠭᠤᠷᠤᠨᠳᠤᠬᠢ ᠠᠵᠢᠯ ᠤᠨ ᠡᠷᠬᠡ ᠪᠤᠯᠤᠨ | ᠵᠠᠷᠤᠯᠭ᠎ᠠ ᠶᠢᠨ ᠬᠠᠷᠢᠭᠤᠴᠠᠯᠭ᠎ᠠ ᠶᠢ ᠵᠦᠢ ᠵᠤᠬᠢᠰᠲᠠᠢ ᠬᠤᠪᠢᠶᠠᠷᠢᠯᠡᠵᠤ᠂ ᠰᠢᠯᠵᠢᠭᠦᠯᠦᠨ ᠦᠭᠬᠦ ᠳᠦᠷᠢᠮ ᠢ ᠤᠯᠠᠮ | ᠨᠢᠭᠡ ᠠᠯᠬᠤᠮ ᠵᠢᠷᠤᠮᠵᠢᠭᠤᠯᠤᠨ᠂ ᠬᠤᠰᠢᠭᠤ ᠰᠢᠶᠠᠨ ᠤ ᠱᠠᠲᠤᠨ ᠤ ᠦᠨᠳᠦᠰᠦᠨ ᠡᠳ᠋ ᠤᠨ ᠬᠦᠴᠦᠨ ᠢ ᠪᠠᠲᠤᠯᠠᠬᠤ | ᠲᠤᠭᠲᠠᠴᠠ ᠶᠢ ᠲᠡᠭᠦᠯᠳᠡᠷᠵᠢᠭᠦᠯᠦᠨ᠎ᠡ᠃ ᠤᠯᠤᠰ ᠤᠨ ᠱᠠᠭᠠᠷᠳᠠᠯᠭ᠎ᠠ ᠶᠤᠰᠤᠭᠠᠷ᠂ ᠡᠵᠡᠩᠨᠡᠯᠲᠡ ᠶᠢᠨ ᠭᠠᠶᠢᠯᠢ ᠶᠢ | ᠦᠷᠲᠡᠭ ᠨᠡᠮᠡᠭᠳᠡᠯ ᠤᠨ ᠭᠠᠶᠢᠯᠢ ᠪᠤᠯᠭᠠᠨ ᠲᠠᠲᠠᠪᠤᠷᠢᠯᠠᠬᠤ ᠵᠡᠷᠭᠡ ᠭᠠᠶᠢᠯᠢ ᠶᠢᠨ ᠳᠦᠷᠢᠮ ᠤᠨ ᠦᠭᠡᠷᠡᠴᠢᠯᠡᠯᠲᠡ ᠶᠢ | ᠤᠯᠠᠮ ᠨᠢᠭᠡ ᠠᠯᠬᠤᠮ ᠲᠦᠷᠦᠯ ᠬᠤᠪᠢᠶᠠᠨ ᠲᠦᠯᠬᠢᠨ ᠠᠬᠢᠭᠤᠯᠤᠨ᠎ᠠ᠃ ᠵᠠᠰᠠᠭ ᠤᠨ ᠤᠷᠳᠤᠨ ᠤ ᠴᠢᠨᠠᠷᠲᠠᠢ ᠦᠷᠢ | ᠦᠭᠴᠡᠭᠡ ᠶᠢᠨ ᠬᠠᠮᠢᠶᠠᠷᠤᠯᠲᠠ ᠶᠢᠨ ᠳᠦᠷᠢᠮ ᠢ ᠲᠤᠭᠲᠠᠭᠠᠵᠤ᠂ ᠵᠠᠰᠠᠭ ᠤᠨ ᠤᠷᠳᠤᠨ ᠤ ᠦᠷᠢ ᠦᠭᠴᠡᠭᠡ ᠵᠢᠭᠡᠯᠡᠬᠦ | ᠡᠷᠭᠡ ᠮᠡᠳᠡᠯ ᠪᠠ ᠬᠡᠪᠴᠢᠶ᠎ᠡ ᠶᠢ ᠵᠢᠷᠤᠮᠵᠢᠭᠤᠯᠵᠤ᠂ ᠦᠯᠡᠳᠡᠬᠡᠯ ᠦᠷᠢ ᠦᠭᠴᠡᠭᠡ ᠶᠢ ᠠᠯᠬᠤᠮ ᠠᠯᠬᠤᠮ ᠢᠶᠠᠷ | ᠰᠢᠢᠳᠪᠦᠷᠢᠯᠡᠨ᠂ ᠰᠢᠨ᠎ᠡ ᠪᠠᠷ ᠨᠡᠮᠡᠭᠳᠡᠬᠦ ᠦᠷᠢ ᠦᠭᠴᠡᠭᠡ ᠶᠢ ᠴᠢᠩᠭ᠎ᠠ ᠬᠢᠵᠠᠭᠠᠷᠯᠠᠨ ᠡᠵᠡᠮᠳᠡᠨ᠎ᠡ᠃ ᠡᠬᠢ | ᠪᠠᠶᠠᠯᠢᠭ ᠤᠨ ᠴᠢᠨᠠᠷᠲᠠᠢ ᠦᠢᠯᠡᠳᠭᠦᠨ ᠤ ᠦᠨ᠎ᠡ ᠬᠠᠨᠭ᠍ᠰᠢ ᠶᠢᠨ ᠦᠭᠡᠷᠡᠴᠢᠯᠡᠯᠲᠡ ᠶᠢ ᠲᠦᠯᠬᠢᠨ ᠠᠬᠢᠭᠤᠯᠵᠤ᠂ | ᠤᠯᠤᠰ ᠤᠨ ᠨᠡᠭᠦᠷᠡᠰᠦ ᠵᠡᠷᠭᠡ ᠡᠬᠢ ᠪᠠᠶᠠᠯᠢᠭ ᠤᠨ ᠭᠠᠶᠢᠯᠢ ᠶᠢ ᠦᠨ᠎ᠡ ᠪᠠᠷ ᠪᠤᠳᠤᠵᠤ ᠲᠠᠲᠠᠪᠤᠷᠢᠯᠠᠬᠤ | ᠦᠭᠡᠷᠡᠴᠢᠯᠡᠯᠲᠡ ᠶᠢ ᠨᠠᠶᠢᠳᠠᠪᠤᠷᠢᠵᠢᠭᠤᠯᠤᠨ᠂ ᠰᠠᠭᠤᠭᠠᠯᠢ ᠠᠷᠠᠳ ᠤᠨ ᠤᠰᠤ᠂ ᠴᠠᠬᠢᠯᠭᠠᠨ᠂ ᠬᠡᠢ ᠵᠡᠷᠭᠡ ᠱᠠᠲᠤᠯᠢᠭ | ᠦᠨ᠎ᠡ ᠬᠠᠨᠭ᠍ᠰᠢ ᠶᠢᠨ ᠳᠦᠷᠢᠮ ᠢ ᠲᠡᠭᠦᠯᠳᠡᠷᠵᠢᠭᠦᠯᠵᠤ᠂ ᠵᠠᠰᠠᠭ ᠵᠠᠬᠢᠷᠭᠠᠨ ᠤ ᠤᠷᠤᠨ ᠪᠦᠰᠡ ᠠᠯᠤᠰᠯᠠᠭᠰᠠᠨ ᠤᠰᠤ | ᠲᠠᠲᠠᠬᠤ ᠬᠦᠢᠴᠡᠳᠬᠡᠬᠦ ᠲᠤᠭ᠎ᠠ ᠶᠢᠨ ᠠᠷᠠᠯᠵᠢᠶᠠᠯᠠᠭ᠎ᠠ ᠶᠢ ᠠᠬᠢᠭᠤᠯᠵᠤ᠂ ᠭᠤᠤᠯ ᠪᠤᠯᠬᠤ ᠪᠤᠬᠢᠷ ᠪᠤᠳᠠᠰ | ᠭᠠᠳᠠᠭᠰᠢᠯᠠᠭᠤᠯᠬᠤ ᠰᠦᠢᠳᠬᠡᠯ ᠤᠨ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠃ | ᠨᠡᠬᠡᠬᠡᠯᠲᠡᠲᠤ ᠠᠵᠤ ᠠᠬᠤᠢ ᠶᠢᠨ ᠬᠦᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠤᠯᠤᠰ ᠤᠨ | ᠳᠤᠲᠤᠭᠠᠲᠤ ᠬᠠᠭᠤᠷᠠᠢ ᠶᠢᠨ ᠬᠢᠯᠢ ᠳᠠᠭᠠᠤ ᠶᠢᠨ ᠨᠡᠬᠡᠬᠡᠯᠲᠡ ᠶᠢ ᠦᠷᠭᠡᠳᠬᠡᠬᠦ ᠪᠠᠶᠢᠯᠳᠤᠬᠤ ᠪᠤᠳᠤᠯᠭ᠎ᠠ ᠶᠢᠨ ᠠᠵᠠ | ᠲᠤᠬᠢᠶᠠᠯ ᠢ ᠵᠠᠪᠳᠤᠨ᠂ ᠤᠮᠠᠷᠠᠰᠢ ᠨᠡᠬᠡᠬᠡᠯᠲᠡ ᠬᠢᠬᠦ ᠴᠢᠬᠤᠯᠠ ᠬᠦᠬᠦᠷᠬᠡᠨ ᠪᠠᠬᠢᠯᠡᠯᠲᠡ ᠪᠤᠯᠤᠨ ᠠᠮᠢᠵᠢᠷᠠᠯ ᠤᠨ | ᠬᠦᠴᠦᠨ ᠢᠶᠠᠷ ᠪᠢᠯᠬᠠᠮ᠎ᠠ ᠬᠢᠯᠢ ᠳᠠᠭᠠᠤ ᠶᠢᠨ ᠠᠵᠤ ᠠᠬᠤᠢ ᠶᠢᠨ ᠪᠦᠰᠡ ᠶᠢ ᠲᠦᠷᠭᠡᠳᠬᠡᠨ ᠪᠠᠶᠢᠭᠤᠯᠵᠤ᠂ ᠨᠡᠭᠡᠭᠡᠯᠲᠡ | ᠬᠢᠵᠤ ᠬᠦᠭᠵᠢᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠪᠤᠭᠤᠮᠲᠠ ᠶᠢᠨ ᠠᠵᠤ ᠠᠬᠤᠢ ᠶᠢ ᠶᠡᠬᠡᠪᠡᠷ | ᠬᠦᠭᠵᠢᠭᠦᠯᠦᠨ᠂ ᠮᠠᠨᠵᠤᠤᠷ ᠤᠨ ᠤᠯᠤᠰ ᠤᠨ ᠭᠤᠤᠯᠳᠠᠯᠭ᠎ᠠ ᠲᠠᠢ ᠨᠡᠭᠡᠭᠡᠨ ᠬᠦᠭᠵᠢᠭᠦᠯᠵᠤ ᠨᠡᠭᠡᠭᠡᠯᠲᠡ ᠬᠢᠬᠦ | ᠲᠤᠷᠰᠢᠯᠲᠠ ᠶᠢᠨ ᠤᠷᠤᠨ ᠪᠤᠯᠤᠨ ᠬᠦᠯᠦᠨ ᠪᠤᠶᠢᠷ ᠤᠨ ᠲᠤᠮᠳᠠᠲᠤ ᠤᠷᠤᠰ ᠮᠤᠩᠭᠤᠯ ᠤᠯᠤᠰ ᠤᠨ ᠬᠤᠷᠰᠢᠯᠴᠠᠬᠤ | ᠬᠤᠰᠢᠭᠤᠴᠢ ᠤᠷᠤᠨ ᠢ ᠲᠦᠯᠦᠪᠵᠢᠭᠦᠯᠵᠤ ᠪᠦᠲᠦᠭᠡᠨ ᠪᠠᠶᠢᠭᠤᠯᠬᠤ ᠶᠢ ᠲᠦᠷᠭᠡᠳᠭᠡᠨ ᠠᠬᠢᠭᠤᠯᠵᠤ᠂ ᠤᠯᠤᠰ ᠠᠴᠠ | ᠡᠷᠢᠶᠡᠨ ᠬᠤᠲᠠ ᠶᠢᠨ ᠤᠯᠤᠰ ᠤᠨ ᠭᠤᠤᠯᠳᠠᠯᠭ᠎ᠠ ᠲᠠᠢ ᠨᠡᠭᠡᠭᠡᠨ ᠬᠦᠭᠵᠢᠭᠦᠯᠵᠤ ᠨᠡᠭᠡᠭᠡᠯᠲᠡ ᠬᠢᠬᠦ ᠲᠤᠷᠰᠢᠯᠲᠠ ᠶᠢᠨ | ᠤᠷᠤᠨ ᠤ ᠲᠦᠰᠦᠯ ᠢ ᠵᠦᠪᠰᠢᠶᠡᠷᠡᠨ ᠬᠡᠷᠡᠭᠵᠢᠬᠦᠯᠬᠦ ᠶᠢ ᠢᠳᠡᠪᠬᠢᠯᠡᠨ ᠤᠯᠵᠤ᠂ ᠬᠢᠯᠢ ᠶᠢᠨ ᠴᠢᠯᠦᠭᠡᠲᠤ ᠠᠷᠠᠯᠵᠢᠶᠠᠨ ᠤ | ᠤᠷᠤᠨ ᠪᠤᠯᠤᠨ ᠬᠢᠯᠢ ᠠᠯᠤᠰᠯᠠᠭᠰᠠᠨ ᠠᠵᠤ ᠠᠬᠤᠢ ᠶᠢᠨ ᠬᠤᠷᠰᠢᠯᠴᠠᠬᠤ ᠤᠷᠤᠨ ᠢ ᠰᠦᠪᠡᠭᠴᠢᠯᠡᠨ ᠪᠠᠶᠢᠭᠤᠯᠵᠤ᠂ | ᠮᠠᠨᠵᠤᠤᠷ᠂ ᠡᠷᠢᠶᠡᠨ ᠬᠤᠲᠠ ᠶᠢ ᠴᠢᠯᠦᠭᠡᠲᠤ ᠠᠷᠠᠯᠵᠢᠶᠠᠨ ᠤ ᠤᠷᠤᠨ ︵ᠬᠦᠷᠢᠶᠡᠯᠡᠩ︶ ᠢᠶᠠᠷ ᠮᠡᠳᠡᠬᠦᠯᠵᠤ | ᠪᠠᠶᠢᠭᠤᠯᠬᠤ ᠠᠵᠢᠯ ᠢ ᠲᠦᠷᠭᠡᠭᠡᠨ ᠡᠬᠢᠯᠡᠬᠦᠯᠦᠨ᠎ᠡ᠃ ᠤᠷᠤᠰ ᠮᠤᠩᠭᠤᠯ ᠯᠤᠭ᠎ᠠ ᠶᠢᠨ ᠡᠳ᠋ᠰᠢᠬᠦᠯᠬᠡ ᠶᠢᠨ ᠠᠷᠠᠯᠵᠢᠶ᠎ᠠ᠂ | ᠡᠬᠢ ᠪᠠᠶᠠᠯᠢᠭ ᠨᠡᠬᠡᠬᠡᠭᠦ᠂ ᠰᠤᠶᠤᠯ ᠰᠤᠷᠭᠠᠨ ᠬᠦᠮᠦᠵᠢᠯ ᠵᠡᠷᠭᠡ ᠬᠦᠷᠢᠶᠡᠨ ᠤ ᠬᠤᠷᠰᠢᠯᠴᠠᠬᠤ ᠲᠤᠭᠲᠠᠴᠠ ᠶᠢ | ᠲᠡᠭᠦᠯᠲᠡᠷᠵᠢᠭᠦᠯᠦᠨ᠂ ᠬᠢᠯᠢ ᠪᠠᠷ ᠦᠡᠭᠭᠡᠷᠡᠭᠦᠯᠬᠦ ᠸᠢᠰᠠᠯᠠᠬᠤ ᠭᠠᠷᠳᠠᠮ ᠢ ᠳᠦᠭᠦᠮᠴᠢᠯᠡᠨ᠎ᠡ᠃ ᠡᠷᠬᠢᠨ ᠲᠤᠭᠤᠷᠢᠨ ᠤ | ᠮᠤᠵᠢ ᠤᠷᠤᠨ ᠬᠤᠲᠠ ᠯᠤᠭ᠎ᠠ ᠶᠢᠨ ᠠᠵᠤ ᠠᠬᠤᠢ ᠶᠢᠨ ᠬᠠᠮᠵᠢᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠨ᠂ | ᠳᠠᠯᠠᠢ ᠳᠠᠭᠠᠤ ᠶᠢᠨ ᠪᠠ ᠳᠤᠲᠤᠭᠠᠲᠤ ᠬᠠᠭᠤᠷᠠᠢ ᠶᠢᠨ ᠭᠠᠵᠠᠷ ᠤᠷᠤᠨ ᠯᠤᠭ᠎ᠠ ᠶᠢᠨ ᠬᠦᠨᠳᠡᠯᠡᠨ ᠬᠤᠯᠪᠤᠭᠠᠯᠠᠯ ᠢ | ᠲᠦᠯᠬᠢᠨ ᠠᠬᠢᠭᠤᠯᠵᠤ᠂ ᠰᠢᠶᠠᠩᠭᠠᠡᠭ ᠤᠤᠮᠸᠠ ᠲᠠᠶᠢᠸᠠᠨ ᠤᠷᠤᠨ ᠯᠤᠭ᠎ᠠ ᠶᠢᠨ ᠠᠵᠤ ᠠᠬᠤᠢ ᠠᠷᠠᠯᠵᠢᠶᠠᠨ ᠤ | ᠬᠤᠷᠰᠢᠯᠴᠠᠭ᠎ᠠ ᠶᠢ ᠬᠦᠨᠵᠡᠬᠡᠶᠢᠷᠡᠭᠦᠯᠦᠨ᠂ ᠪᠡᠭᠡᠵᠢᠩ ᠦᠪᠦᠷ ᠮᠤᠩᠭᠤᠯ ᠤᠨ ᠤᠷᠤᠨ ᠪᠦᠰᠡ ᠶᠢᠨ ᠬᠤᠷᠰᠢᠯᠴᠠᠬᠤ | ᠲᠤᠭᠲᠠᠴᠠ ᠶᠢᠨ ᠰᠢᠨ᠎ᠡ ᠶᠢ ᠡᠭᠦᠳᠴᠤ᠂ ᠪᠦᠸᠧᠬᠠᠢ ᠲᠠᠩᠬᠢᠰ ᠤᠨ ᠡᠷᠬᠢᠨ ᠲᠤᠭᠤᠷᠢᠨ ᠤ ᠠᠵᠤ ᠠᠬᠤᠢ ᠶᠢᠨ | ᠬᠦᠷᠢᠶ᠎ᠡ ᠳᠤ ᠰᠠᠨᠠᠭᠠᠴᠢᠯᠠᠭ᠎ᠠ ᠠᠴᠠ ᠪᠠᠨ ᠨᠡᠶᠢᠯᠡᠨ ᠤᠷᠤᠵᠤ᠂ ᠮᠠᠨ ᠤ ᠤᠷᠤᠨ ᠤ ᠠᠵᠤ ᠠᠬᠤᠢ ᠪᠠᠨ ᠪᠦᠬᠦ | ᠤᠯᠤᠰ ᠤᠨ ᠬᠦᠭᠵᠢᠯᠲᠡ ᠶᠢᠨ ᠶᠡᠭᠡ ᠲᠠᠯ᠎ᠠ ᠳᠤ ᠬᠦᠨᠵᠡᠭᠡᠢ ᠠᠭᠤᠰᠤᠯᠴᠠᠭᠤᠯᠬᠤ ᠶᠢ ᠲᠦᠯᠬᠢᠨ ᠠᠬᠢᠭᠤᠯᠤᠨ᠎ᠠ᠃ | ︵ᠲᠠᠪᠤ︶ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠬᠤ ᠪᠠ ᠰᠠᠶᠢᠵᠢᠷᠠᠭᠤᠯᠵᠤ᠂ ᠠᠷᠠᠳ ᠤᠯᠠᠨ ᠤ | ᠠᠮᠢᠳᠤᠷᠠᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠠᠵᠤ ᠦᠢᠯᠡᠰ ᠴᠤᠭᠴᠠᠯᠠᠬᠤ ᠪᠠᠷ ᠠᠵᠢᠯ ᠤᠯᠭᠤᠬᠤ ᠢᠨᠵᠧᠨᠧᠷᠢᠩ ᠢ ᠯᠠᠪᠳᠠᠭᠤᠨ ᠢᠶᠠᠷ ᠲᠦᠯᠬᠢᠨ | ᠠᠬᠢᠭᠤᠯᠤᠨ᠎ᠠ᠃ ᠠᠵᠢᠯ ᠤᠯᠭᠤᠬᠤ ᠨᠡᠩ ᠢᠳᠡᠪᠬᠢᠲᠠᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠤ᠂ ᠬᠤᠲᠠ | ᠪᠠᠯᠭᠠᠰᠤᠨ ᠳᠤ ᠠᠵᠢᠯ ᠤᠯᠭᠤᠭᠰᠠᠨ ᠬᠦᠮᠦᠰ ᠢ 25 ᠲᠦᠮᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠶᠢ ᠦᠨᠡᠨᠬᠦ | ᠪᠠᠲᠤᠯᠠᠨ᠎ᠠ᠃ ᠬᠦᠳᠡᠯᠮᠦᠷᠢ ᠨᠢᠭᠲᠠᠷᠠᠭᠰᠠᠨ ᠬᠡᠯᠪᠡᠷᠢ ᠶᠢᠨ ᠠᠵᠤ ᠦᠢᠯᠡᠰ᠂ ᠦᠢᠯᠡᠴᠢᠯᠡᠭᠡᠨ ᠤ ᠦᠢᠯᠡᠰ ᠪᠤᠯᠤᠨ | ᠨᠡᠶᠢᠲᠡ ᠶᠢᠨ ᠦᠮᠴᠢᠯᠡᠯ ᠤᠨ ᠪᠤᠰᠤ ᠠᠵᠤ ᠠᠬᠤᠢ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠢ ᠶᠡᠬᠡᠪᠡᠷ | ᠬᠦᠭᠵᠢᠭᠦᠯᠦᠨ᠂ ᠵᠠᠰᠠᠭ ᠤᠨ ᠤᠷᠳᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠬᠤᠳᠠᠯᠳᠤᠨ | ᠠᠪᠬᠤ ᠶᠢ ᠤᠯᠠᠮ ᠨᠢᠭᠡ ᠠᠯᠬᠤᠮ ᠨᠡᠮᠡᠭᠳᠡᠭᠦᠯᠦᠨ᠂ ᠤᠯᠠᠨ ᠨᠡᠶᠢᠲᠡ ᠶᠢᠨ ᠳᠠᠳᠤᠯᠭ᠎ᠠ ᠪᠤᠯᠪᠠᠰᠤᠷᠠᠭᠤᠯᠤᠯ ᠤᠨ | ᠰᠠᠭᠤᠷᠢᠨ ᠭᠠᠵᠠᠷ ᠪᠤᠯᠤᠨ ᠤᠶᠤᠲᠠᠳ ᠤᠨ ᠠᠲᠠᠯ ᠦᠢᠯᠡᠰ ᠴᠤᠭᠴᠠᠯᠠᠬᠤ ᠬᠦᠷᠢᠶᠡᠯᠡᠩ ᠤᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠭᠤᠯᠢ ᠠᠵᠤ ᠠᠬᠤᠶᠢᠯᠡᠯ ᠬᠤᠷᠰᠢᠯᠴᠠᠨ ᠮᠡᠷᠭᠡᠵᠢᠯ ᠤᠨ ᠴᠢᠳᠠᠪᠤᠷᠢ ᠶᠢᠨ | ᠪᠤᠯᠪᠠᠰᠤᠷᠠᠭᠤᠯᠤᠯ ᠦᠷᠨᠢᠭᠦᠯᠬᠦ᠂ ᠠᠵᠢᠯ ᠲᠠᠨᠢᠯᠴᠠᠭᠤᠯᠬᠤ᠂ ᠠᠵᠢᠯ ᠤᠯᠭᠤᠬᠤ ᠦᠢᠯᠡᠴᠢᠯᠡᠭᠡ ᠬᠢᠬᠦ᠂ ᠬᠦᠳᠡᠯᠮᠦᠷᠢ | ᠬᠦᠴᠦ ᠶᠢ ᠭᠠᠳᠠᠭᠰᠢ ᠬᠦᠷᠭᠡᠬᠦ ᠶᠢ ᠨᠢᠭᠡ ᠴᠤᠭᠴᠠᠵᠢᠭᠤᠯᠤᠭᠰᠠᠨ ᠠᠵᠢᠯᠯᠠᠭᠠᠨ ᠤ ᠬᠡᠯᠪᠡᠷᠢ ᠮᠠᠶ᠋ᠢᠭ ᠢ ᠰᠦᠪᠡᠭᠴᠢᠯᠡᠨ | ᠪᠠᠶᠢᠭᠤᠯᠵᠤ᠂ ᠳᠡᠭᠡᠲᠤ ᠰᠤᠷᠭᠠᠭᠤᠯᠢ ᠲᠡᠭᠦᠰᠦᠭᠰᠡᠳ ᠢᠯᠠᠩᠭᠤᠶ᠎ᠠ ᠶᠠᠳᠠᠭᠤ ᠬᠦᠴᠢᠷᠳᠡᠯᠲᠠᠢ ᠬᠡᠷ ᠪᠦᠯᠢ ᠪᠤᠯᠤᠨ | ᠮᠤᠩᠭᠤᠯ ᠬᠡᠯᠡ ᠪᠠᠷ ᠬᠢᠴᠢᠶᠡᠯᠯᠡᠭᠡᠳ ᠲᠡᠭᠦᠰᠦᠭᠰᠡᠳ ᠲᠤ ᠠᠵᠢᠯ ᠤᠯᠭᠤᠬᠤ ᠶᠢ ᠠᠬᠢᠭᠤᠯᠤᠨ᠂ ᠲᠠᠷᠢᠶᠠᠴᠢᠨ ᠮᠠᠯᠴᠢᠨ | ᠬᠦᠴᠦ ᠶᠠᠪᠤᠭᠰᠠᠳ᠂ ᠬᠤᠲᠠ ᠪᠠᠯᠭᠠᠰᠤ ᠶᠢᠨ ᠠᠵᠢᠯ ᠤᠯᠬᠤ ᠳᠤ ᠬᠦᠴᠢᠷᠲᠠᠢ ᠬᠦᠮᠦᠰ ᠪᠤᠯᠤᠨ ᠴᠡᠷᠢᠭ ᠤᠨ | ᠠᠯᠪᠠᠨ ᠠᠴᠠ ᠪᠠᠭᠤᠭᠰᠠᠳ ᠲᠤ ᠠᠵᠢᠯ ᠤᠯᠭᠤᠬᠤ ᠶᠢ ᠨᠢᠭᠡᠳᠤᠯᠲᠠᠢ ᠲᠦᠯᠦᠪᠯᠡᠨ ᠰᠠᠶᠢᠲᠤᠷ ᠬᠢᠨ᠎ᠡ᠃ ᠪᠡᠶ᠎ᠡ ᠪᠠᠨ | ᠳᠠᠭᠠᠭᠠᠵᠤ ᠠᠲᠠᠯ ᠦᠢᠯᠡᠰ ᠴᠤᠭᠴᠠᠯᠠᠬᠤ ᠶᠢ ᠢᠳᠡᠪᠬᠢᠲᠠᠢ ᠪᠠᠷ ᠵᠤᠷᠢᠭᠵᠢᠭᠤᠯᠤᠨ ᠳᠠᠮᠵᠢᠵᠤ᠂ ᠬᠠᠮᠢᠶ᠎ᠡ ᠪᠦᠬᠦᠢ | ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠠᠳᠠᠯ ᠦᠢᠯᠡᠰ ᠴᠤᠭᠴᠠᠯᠠᠬᠤ ᠶᠢᠨ | ᠬᠤᠷᠢᠭ᠎ᠠ ᠴᠠᠭᠠᠵᠠ ᠶᠢ ᠳᠤᠷᠤᠭᠰᠢᠯᠠᠭᠤᠯᠤᠨ᠂ ᠠᠲᠠᠯ ᠦᠢᠯᠡᠰ ᠴᠤᠭᠴᠠᠯᠠᠬᠤ ᠳᠠᠬᠢ ᠦᠢᠯᠡᠴᠢᠯᠡᠭᠡᠨ ᠤ ᠰᠠᠭᠠᠳ | ᠦᠭᠡᠢ ᠨᠡᠪᠲᠡᠷᠡᠬᠦ ᠵᠠᠮ ᠢ ᠨᠡᠭᠡᠭᠡᠵᠤ᠂ ᠠᠲᠠᠯ ᠦᠢᠯᠡᠰ ᠴᠤᠭᠴᠠᠯᠠᠬᠤ ᠪᠠᠷ ᠠᠵᠢᠯ ᠤᠯᠭᠤᠯᠲᠠ ᠶᠢ ᠳᠠᠶᠢᠴᠢᠯᠠᠬᠤ ᠶᠢᠨ | ᠳᠠᠬᠢᠨ ᠢᠶᠠᠷ ᠨᠡᠮᠡᠭᠳᠡᠬᠦᠯᠬᠦ ᠦᠢᠯᠡᠳᠦᠯ ᠢ ᠪᠠᠳᠠᠷᠠᠭᠤᠯᠵᠤ᠂ ᠵᠠᠰᠠᠭ ᠤᠨ ᠤᠷᠳᠤᠨ ᠠᠴᠠ ᠠᠲᠠᠯ ᠦᠢᠯᠡᠰ | ᠴᠤᠭᠴᠠᠯᠠᠬᠤ ᠶᠢ ᠵᠤᠷᠢᠭᠵᠢᠭᠤᠯᠬᠤ᠂ ᠨᠡᠶᠢᠭᠡᠮ ᠠᠴᠠ ᠠᠲᠠᠯ ᠦᠢᠯᠡᠰ ᠴᠤᠭᠴᠠᠯᠠᠬᠤ ᠶᠢ ᠳᠡᠮᠵᠢᠬᠦ᠂ | ᠬᠦᠳᠡᠯᠮᠦᠷᠢᠯᠡᠭᠴᠢᠳ ᠵᠤᠷᠢᠭᠲᠠᠢ ᠪᠠᠷ ᠠᠲᠠᠯ ᠦᠢᠯᠡᠰ ᠴᠤᠭᠴᠠᠯᠠᠬᠤ ᠰᠢᠨ᠎ᠡ ᠲᠤᠭᠲᠠᠴᠠ ᠶᠢ ᠪᠤᠢ ᠪᠤᠯᠭᠠᠨ᠎ᠠ᠃ | ᠤᠷᠤᠯᠭ᠎ᠠ ᠶᠢᠨ ᠬᠤᠪᠢᠶᠠᠷᠢᠯᠡᠯᠲᠠ ᠶᠢᠨ ᠳᠦᠷᠢᠮ ᠤᠨ ᠦᠭᠡᠷᠡᠴᠢᠯᠡᠯᠲᠡ ᠶᠢ ᠬᠦᠨᠵᠡᠭᠡᠶᠢᠷᠡᠭᠦᠯᠦᠨ᠎ᠡ᠃ | ᠴᠠᠯᠢᠩ ᠢᠶᠠᠷ ᠰᠢᠢᠳᠪᠦᠷᠢᠯᠡᠬᠦ ᠬᠢᠬᠡᠳ ᠬᠡᠪ ᠤᠨ ᠶᠤᠰᠤᠭᠠᠷ ᠨᠡᠮᠡᠭᠳᠡᠭᠦᠯᠬᠦ ᠲᠤᠭᠲᠠᠴᠠ ᠶᠢ ᠪᠦᠷᠢᠨᠰᠢᠭᠦᠯᠦᠨ᠂ ᠴᠠᠯᠢᠩ | ᠦᠭᠬᠦ ᠪᠠᠲᠤᠯᠠᠭ᠎ᠠ᠂ ᠨᠠᠭᠠᠲᠤ ᠵᠠᠬ᠎ᠠ ᠶᠢᠨ ᠴᠠᠯᠢᠩ ᠪᠤᠯᠤᠨ ᠠᠵᠤ ᠠᠬᠤᠶᠢᠯᠠᠯ ᠤᠨ ᠴᠠᠯᠢᠩ ᠢ ᠬᠠᠮᠲᠤᠪᠠᠷ ᠵᠦᠪᠳᠡᠯᠴᠡᠬᠦ | ᠳᠦᠷᠢᠮ ᠢ ᠲᠡᠭᠦᠯᠳᠡᠷᠵᠢᠭᠦᠯᠦᠨ᠂ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠴᠠᠯᠢᠩ ᠪᠤᠯᠤᠨ ᠨᠡᠮᠡᠭᠦᠷᠢ | ᠨᠦᠬᠦᠪᠦᠷᠢ ᠶᠢᠨ ᠳᠦᠷᠢᠮ ᠤᠨ ᠦᠭᠡᠷᠡᠴᠢᠯᠡᠯᠲᠠ ᠶᠢ ᠬᠦᠨᠵᠡᠭᠡᠶᠢᠷᠡᠬᠦᠯᠵᠤ᠂ ᠳᠠᠬᠢᠨ ᠬᠤᠪᠢᠶᠠᠷᠢᠯᠡᠬᠤ ᠶᠢᠨ | ᠲᠤᠬᠢᠷᠠᠭᠤᠯᠬᠤ ᠲᠤᠭᠲᠠᠴᠠ ᠶᠢ ᠲᠡᠭᠦᠯᠳᠡᠷᠵᠢᠭᠦᠯᠦᠨ᠂ ᠤᠯᠠᠨ ᠨᠡᠶᠢᠲᠡ ᠶᠢᠨ ᠡᠬᠢ ᠪᠠᠶᠠᠯᠢᠭ ᠢ ᠬᠢᠮᠳᠠ ᠪᠠᠷ | ᠬᠤᠳᠠᠯᠳᠤᠭᠰᠠᠨ ᠤ ᠠᠰᠢᠭ ᠤᠯᠵᠠᠪᠤᠷᠢ ᠶᠢ ᠵᠦᠢ ᠵᠤᠬᠢᠰᠲᠠᠢ ᠪᠠᠷ ᠬᠠᠮᠲᠤᠪᠡᠷ ᠡᠳ᠋ᠯᠡᠬᠦ ᠶᠢ ᠠᠬᠢᠭᠤᠯᠤᠨ᠎ᠠ᠃ | ᠲᠠᠷᠢᠶᠠᠴᠢᠨ ᠮᠠᠯᠴᠢᠳ ᠤᠨ ᠭᠠᠵᠠᠷ ᠰᠢᠷᠤᠢ᠂ ᠤᠷᠤᠨ ᠰᠠᠭᠤᠴᠠ ᠶᠢᠨ ᠰᠠᠭᠤᠷᠢ ᠭᠠᠵᠠᠷ ᠪᠤᠯᠤᠨ ᠬᠠᠮᠲᠤ ᠶᠢᠨ ᠡᠳ᠋ | ᠬᠦᠷᠦᠩᠭᠡ ᠶᠢᠨ ᠡᠷᠭᠡ ᠠᠰᠢᠭ ᠢ ᠬᠠᠤᠯᠢ ᠶᠤᠰᠤᠭᠠᠷ ᠪᠠᠲᠤᠯᠠᠨ᠂ ᠲᠠᠷᠢᠶᠠᠴᠢᠨ ᠮᠠᠯᠴᠢᠳ ᠤᠨ ᠡᠳ᠋ ᠬᠦᠷᠦᠩᠭᠡ ᠶᠢᠨ | ᠴᠢᠨᠠᠷᠲᠠᠢ ᠤᠷᠤᠯᠭ᠎ᠠ ᠶᠢ ᠨᠡᠮᠡᠭᠳᠡᠭᠦᠯᠦᠨ᠎ᠡ᠃ ᠲᠠᠷᠢᠶᠠᠴᠢᠨ ᠮᠠᠯᠴᠢᠳ ᠲᠤ ᠠᠰᠢᠭ ᠬᠦᠷᠲᠡᠭᠡᠬᠦ ᠡᠯ᠎ᠡ ᠵᠦᠢᠯ ᠤᠨ | ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠵᠤ᠂ ᠠᠮᠤ ᠪᠤᠳᠠᠭ᠎ᠠ ᠬᠤᠳᠠᠯᠳᠤᠨ ᠠᠪᠬᠤ | ᠨᠠᠭᠠᠲᠤ ᠵᠠᠬ᠎ᠠ ᠶᠢᠨ ᠦᠨ᠎ᠡ ᠪᠤᠯᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠲᠦᠷ | ᠬᠤᠳᠠᠯᠳᠤᠨ ᠠᠪᠴᠤ ᠬᠠᠳᠠᠭᠠᠯᠠᠬᠤ ᠳᠦᠷᠢᠮ ᠢ ᠦᠷᠭᠦᠯᠵᠢᠯᠡᠨ ᠬᠡᠷᠡᠭᠵᠢᠭᠦᠯᠵᠤ᠂ ᠲᠡᠷᠢᠶᠠᠴᠢᠨ ᠮᠠᠯᠴᠢᠳ ᠤᠨ | ᠲᠦᠷᠦ ᠶᠢᠨ ᠪᠤᠳᠤᠯᠭ᠎ᠠ ᠶᠢᠨ ᠴᠢᠨᠠᠷᠲᠠᠢ ᠤᠷᠤᠯᠭ᠎ᠠ ᠶᠢ ᠨᠡᠮᠡᠭᠳᠡᠭᠦᠯᠦᠨ᠎ᠡ᠃ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠶᠢ ᠲᠠᠰᠤᠷᠠᠯᠲᠠ ᠦᠭᠡᠢ ᠲᠡᠭᠦᠯᠳᠡᠷᠵᠢᠬᠦᠯᠦᠨ᠎ᠡ᠃ ᠠᠷᠠᠳ | ᠢᠷᠭᠡᠳ ᠤᠨ ᠬᠢᠮᠳᠠ ᠤᠷᠤᠨ ᠰᠠᠭᠤᠴᠠ ᠶᠢᠨ | ᠢᠨᠵᠧᠨᠧᠷᠢᠩ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠬᠦᠷᠦᠩᠭᠡ ᠶᠢᠨ ᠡᠷᠭᠡ ᠶᠢ ᠬᠠᠮᠲᠤᠪᠡᠷ | ᠦᠮᠴᠢᠯᠡᠬᠦ ᠶᠢ ᠰᠦᠪᠡᠭᠴᠢᠯᠡᠭᠰᠡᠨ ᠤᠷᠤᠨ ᠰᠠᠭᠤᠴᠠ ᠶᠢ ᠬᠦᠭᠵᠢᠭᠦᠯᠵᠤ᠂ ᠪᠤᠭᠤᠲᠤ ᠶᠢᠨ ᠬᠤᠶᠢᠲᠤ ᠬᠢᠷ᠎ᠠ ᠵᠡᠷᠭᠡ | ᠲᠦᠬᠦᠮ ᠪᠦᠳᠦᠭᠦᠯᠢᠭ ᠤᠷᠤᠨ ᠰᠠᠭᠤᠴᠠ ᠶᠢᠨ ᠲᠤᠭᠤᠷᠢᠭ ᠢ ᠰᠢᠨᠡᠳᠬᠡᠨ ᠵᠠᠰᠠᠬᠤ ᠲᠦᠷᠦᠯ ᠵᠦᠢᠯ ᠢ ᠲᠦᠷᠭᠷᠳᠬᠡᠨ | ᠠᠬᠢᠭᠤᠯᠵᠤ᠂ ᠬᠤᠲᠠ ᠪᠠᠯᠭᠠᠰᠤ ᠶᠢᠨ ᠪᠠᠲᠤᠯᠠᠭ᠎ᠠ ᠶᠢᠨ ᠴᠢᠨᠠᠷᠲᠠᠢ ᠤᠷᠤᠨ ᠰᠠᠭᠤᠴᠠ ᠶᠢ 24 ᠲᠦᠮᠡᠨ ᠢᠵᠢ | ᠰᠢᠨ᠎ᠡ ᠪᠠᠷ ᠠᠵᠢᠯ ᠡᠬᠢᠯᠡᠨ ᠪᠦᠲᠦᠭᠡᠨ ᠪᠠᠶᠢᠭᠤᠯᠵᠤ᠂ ᠲᠠᠷᠢᠶᠠᠯᠠᠬᠤ ᠮᠠᠯᠵᠢᠬᠤ ᠤᠷᠤᠨ ᠤ ᠨᠤᠷᠠᠬᠤ ᠠᠶᠤᠯᠲᠠᠢ ᠬᠡᠷ | ᠪᠠᠶᠢᠰᠢᠩ ᠢ 13 ᠲᠦᠮᠡᠨ ᠡᠷᠦᠬᠡ ᠠᠴᠠ ᠳᠡᠭᠡᠭᠰᠢ ᠶᠢᠨ ᠬᠢ ᠶᠢ ᠰᠢᠨᠡᠳᠬᠡᠨ ᠵᠠᠰᠠᠬᠤ ᠶᠢ ᠦᠨᠡᠨᠬᠦ ᠪᠠᠲᠤᠯᠠᠨ᠎ᠠ᠃ | ᠦᠨᠳᠦᠰᠦᠨ ᠡᠮᠨᠡᠯᠭᠡ ᠶᠢᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠦᠷᠭᠡᠳᠬᠡᠨ᠂ ᠬᠤᠲᠠ ᠪᠠᠯᠭᠠᠰᠤ ᠶᠢᠨ | ᠦᠨᠳᠦᠰᠦᠨ ᠡᠮᠨᠡᠯᠭᠡ ᠶᠢᠨ ᠳᠠᠭᠠᠳᠬᠠᠯ ᠳᠤ ᠤᠷᠤᠯᠴᠠᠬᠤ ᠨᠤᠷᠮ᠎ᠠ᠂ ᠬᠦᠳᠡᠭᠡ ᠲᠤᠰᠬᠤᠨ ᠤ ᠰᠢᠨ᠎ᠡ ᠮᠠᠶ᠋ᠢᠭ ᠤᠨ | ᠬᠤᠷᠰᠢᠭᠰᠡᠨ ᠡᠮᠨᠡᠯᠬᠡ ᠳᠤ ᠤᠷᠤᠯᠴᠠᠬᠤ ᠨᠤᠷᠮ᠎ᠠ ᠶᠢ 95% ᠠᠴᠠ ᠳᠡᠭᠡᠭᠰᠢ ᠳᠤ ᠲᠤᠭᠲᠠᠭᠤᠨ ᠪᠠᠶᠢᠯᠭᠠᠵᠤ᠂ | ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠬᠡ ᠪᠤᠯᠤᠨ ᠬᠤᠲᠠ ᠪᠠᠯᠭᠠᠰᠤ ᠶᠢᠨ ᠰᠠᠭᠤᠭᠠᠯᠢ | ᠠᠷᠠᠳ ᠤᠨ ᠡᠮᠨᠡᠯᠭᠡ ᠶᠢᠨ ᠳᠠᠭᠠᠳᠬᠠᠯ ᠤᠨ ᠵᠠᠰᠠᠭ ᠤᠨ ᠤᠷᠳᠤᠨ ᠠᠴᠠ ᠲᠤᠰᠠᠯᠠᠬᠤ ᠪᠠᠷᠢᠮᠵᠢᠶ᠎ᠡ ᠶᠢ ᠠᠯᠬᠤᠮ | ᠠᠯᠬᠤᠮ ᠢᠶᠠᠷ ᠳᠡᠭᠡᠭᠰᠢᠯᠡᠭᠦᠯᠦᠨ᠎ᠡ᠃ ᠤᠯᠤᠰ ᠤᠨ ᠨᠢᠭᠡᠳᠦᠯᠲᠠᠢ ᠪᠠᠶᠢᠷᠢᠯᠠᠭᠤᠯᠤᠯᠲᠠ ᠶᠤᠰᠤᠭᠠᠷ᠂ ᠠᠵᠤ | ᠠᠬᠤᠶᠢᠯᠠᠯ ᠤᠨ ᠠᠵᠢᠯ ᠠᠴᠠ ᠪᠠᠨ ᠪᠠᠭᠤᠭᠰᠠᠨ ᠬᠦᠮᠦᠰ ᠤᠨ ᠦᠨᠳᠦᠰᠦᠨ ᠨᠠᠰᠤᠵᠢᠯ ᠤᠨ ᠳᠠᠭᠠᠳᠬᠠᠯ ᠳᠤ | ᠲᠤᠬᠢᠷᠠᠭᠤᠯᠤᠯᠲᠠ ᠬᠢᠬᠦ ᠠᠵᠢᠯ ᠢ ᠰᠠᠶᠢᠲᠤᠷ ᠬᠢᠵᠤ᠂ ᠠᠵᠤ ᠠᠬᠤᠶᠢᠯᠠᠯ ᠤᠨ ᠠᠵᠢᠯᠲᠠᠨ ᠠᠵᠢᠯᠲᠠᠳ ᠤᠨ | ᠦᠨᠳᠦᠰᠦᠨ ᠨᠠᠰᠤᠵᠢᠯ ᠤᠨ ᠳᠠᠭᠠᠳᠬᠠᠯ᠂ ᠬᠤᠲᠠ ᠪᠠᠯᠭᠠᠰᠤ ᠶᠢᠨ ᠦᠨᠳᠦᠰᠦᠨ ᠡᠮᠨᠡᠯᠭᠡ ᠶᠢᠨ ᠳᠠᠭᠠᠳᠬᠠᠯ ᠤᠨ | ᠬᠠᠷᠢᠴᠠᠭ᠎ᠠ ᠶᠢᠨ ᠰᠢᠯᠵᠢᠭᠦᠯᠦᠨ ᠦᠷᠭᠦᠯᠵᠢᠯᠡᠭᠦᠯᠭᠦ ᠠᠷᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠪᠦᠬᠦ ᠤᠷᠤᠨ ᠳᠤ | ᠰᠠᠭᠠᠳ ᠦᠭᠡᠢ ᠦᠷᠭᠦᠯᠵᠢᠯᠡᠭᠦᠯᠬᠦ ᠶᠢ ᠪᠡᠶᠡᠯᠡᠭᠦᠯᠦᠨ᠎ᠡ᠃ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠳᠦᠷᠢᠮ ᠢ | ᠲᠡᠭᠦᠯᠳᠡᠷᠵᠢᠭᠦᠯᠦᠨ᠂ ᠬᠤᠲᠠ ᠬᠦᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠲᠠᠷᠢᠶᠠᠯᠠᠬᠤ | ᠮᠠᠯᠵᠢᠬᠤ ᠤᠷᠤᠨ ᠤ ︽ᠲᠠᠪᠤᠨ ᠪᠠᠲᠤᠯᠠᠭ᠎ᠠ︾ ᠪᠤᠯᠤᠨ ᠬᠤᠲᠠ ᠬᠦᠳᠡᠭᠡ ᠶᠢᠨ ᠡᠮᠨᠡᠯᠭᠡ ᠶᠢᠨ ᠲᠡᠩᠭᠡᠷᠡᠬᠦᠯᠦᠨ | ᠲᠤᠰᠠᠯᠠᠬᠤ ᠬᠢᠷᠢ ᠬᠡᠮᠵᠢᠶ᠎ᠡ ᠶᠢ ᠲᠤᠭᠲᠠᠭᠤᠨ ᠢᠶᠠᠷ ᠳᠡᠭᠡᠭᠰᠢᠯᠡᠬᠦᠯᠵᠤ᠂ ᠦᠨᠦᠴᠢᠨ ᠬᠡᠤᠭᠡᠳ᠂ ︽ᠭᠤᠷᠪᠠ ᠦᠭᠡᠢ︾ | ᠬᠦᠮᠦᠰ ᠪᠤᠯᠤᠨ ︽ᠭᠤᠷᠪᠠᠨ ᠵᠦᠢᠯ ᠤᠨ ᠠᠷᠠᠳ︾ ᠢ ᠠᠰᠠᠷᠠᠬᠤ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠃ | ᠶᠠᠳᠠᠭᠤ ᠶᠢ ᠲᠡᠳᠭᠦᠬᠦ ᠪᠠᠬᠢᠯᠡᠯᠲᠡ ᠲᠠᠭᠠᠷᠢᠬᠤ ᠢᠨᠵᠧᠨᠧᠷᠢᠩ ᠢ ᠶᠡᠬᠡᠪᠡᠷ ᠲᠦᠯᠬᠢᠨ ᠠᠬᠢᠭᠤᠯᠤᠨ᠎ᠠ᠃ | ᠶᠠᠳᠠᠭᠤ ᠶᠢ ᠲᠡᠳᠭᠦᠬᠦ ᠨᠡᠭᠡᠭᠡᠨ ᠬᠦᠭᠵᠢᠭᠦᠯᠬᠦ ᠠᠵᠢᠯ ᠤᠨ ᠲᠤᠭᠲᠠᠴᠠ ᠶᠢ ᠰᠢᠨ᠎ᠡ ᠪᠠᠷ ᠡᠭᠦᠳᠴᠤ᠂ ᠶᠠᠳᠠᠭᠤ ᠶᠢ | ᠲᠡᠳᠭᠦᠬᠦ ᠤᠷᠤᠭᠤᠯᠤᠯᠲᠠ ᠶᠢᠨ ᠡᠷᠴᠢᠮ ᠢ ᠨᠡᠮᠡᠭᠳᠡᠭᠦᠯᠦᠨ᠂ ᠵᠠᠯᠭᠠᠯᠳᠤᠭᠰᠠᠨ ᠬᠡᠰᠡᠭ ᠢᠶᠠᠷ ᠨᠡᠭᠡᠭᠡᠨ ᠬᠦᠭᠵᠢᠭᠦᠯᠬᠦ᠂ | ᠪᠦᠬᠦ᠋ᠢᠯᠡ ᠲᠤᠰᠬᠤᠨ ᠢᠶᠠᠷ ᠲᠦᠯᠬᠢᠨ ᠠᠬᠢᠭᠤᠯᠬᠤ᠂ ᠶᠠᠳᠠᠭᠤ ᠶᠢ ᠲᠡᠳᠭᠦᠨ ᠠᠷᠠᠳ ᠢ ᠨᠡᠭᠦᠯᠬᠡᠬᠦ ᠢᠨᠵᠧᠨᠧᠷᠢᠩ ᠢ | ᠬᠦᠨᠵᠡᠭᠡᠢ ᠬᠡᠷᠡᠭᠵᠢᠭᠦᠯᠵᠤ᠂ ᠠᠵᠢᠯ ᠲᠦᠷᠦᠯ ᠤᠨ ᠰᠢᠰᠲ᠋ᠧᠮ ᠢᠶᠠᠷ ᠲᠤᠰᠠᠯᠠᠬᠤ᠂ ᠲᠤᠭᠲᠠᠭᠰᠠᠨ ᠴᠢᠭ᠋ ᠢᠶᠠᠷ | ᠶᠠᠳᠠᠭᠤ ᠶᠢ ᠲᠡᠳᠭᠦᠬᠦ ᠪᠠ ᠤᠳᠤᠷᠢᠳᠬᠤ ᠺᠠᠳ᠋ᠷ ᠶᠠᠳᠠᠭᠤ ᠬᠦᠴᠢᠷᠳᠡᠯᠲᠠᠢ ᠬᠤᠰᠢᠭᠤ ᠰᠢᠶᠠᠨ ᠯᠦᠭᠡ ᠬᠠᠷᠢᠯᠴᠠᠬᠤ | ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠤ᠂ ᠨᠠᠷᠢᠯᠢᠭ ᠤᠨᠤᠪᠴᠢᠲᠠᠢ ᠪᠠᠷ ᠶᠠᠳᠠᠭᠤ ᠶᠢ ᠲᠡᠳᠭᠦᠬᠦ ᠶᠢ | ᠬᠡᠷᠡᠭᠵᠢᠭᠦᠯᠵᠤ᠂ ᠲᠦᠯᠦᠪᠵᠢᠭᠦᠯᠬᠡ᠂ ᠲᠦᠷᠦᠯ ᠵᠦᠢᠯ᠂ ᠺᠠᠳ᠋ᠷ ᠵᠡᠷᠭᠡ ︽ᠭᠤᠷᠪᠠ ᠶᠢ ᠲᠤᠰᠬᠤᠨ ᠬᠢᠭᠡᠳ | ᠡᠷᠦᠬᠡ ᠳᠤ ᠬᠦᠷᠦᠭᠦᠯᠬᠦ︾ ᠠᠵᠢᠯ ᠢ ᠪᠦᠬᠦ ᠲᠠᠯ᠎ᠠ ᠪᠠᠷ ᠡᠬᠢᠯᠡᠭᠦᠯᠦᠨ᠂ ᠶᠠᠳᠠᠭᠤ ᠬᠦᠴᠢᠷᠳᠡᠯᠲᠠᠢ ᠬᠦᠮᠦᠨ ᠠᠮᠠ ᠶᠢ | 40 ᠲᠦᠮᠡ ᠪᠠᠭᠠᠰᠬᠠᠬᠤ᠂ ᠶᠠᠳᠠᠭᠤ ᠬᠦᠴᠢᠷᠳᠡᠯᠲᠠᠢ ᠬᠦᠮᠦᠨ ᠠᠮᠠ ᠶᠢᠨ ᠬᠦᠮᠦᠨ ᠪᠦᠷᠢ ᠶᠢᠨ ᠳᠤᠮᠳᠠᠴᠢ | ᠤᠷᠤᠯᠭ᠎ᠠ ᠶᠢ 15% ᠠᠴᠠ ᠳᠡᠭᠡᠭᠰᠢ ᠪᠠᠷ ᠨᠡᠮᠡᠭᠳᠡᠭᠦᠯᠬᠦ᠂ ᠶᠠᠳᠠᠭᠤ ᠬᠦᠴᠢᠷᠳᠡᠯᠲᠠᠢ ᠭᠠᠵᠠᠷ ᠤᠷᠤᠨ ᠤ ᠤᠯᠠᠨ | ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠪᠠᠷᠢᠮᠵᠢᠶ᠎ᠠ ᠶᠢᠨ ᠨᠡᠮᠡᠭᠳᠡᠯ ᠤᠨ ᠬᠡᠮᠵᠢᠶ᠎ᠡ ᠶᠢ ᠪᠦᠬᠦ ᠤᠷᠤᠨ ᠤ ᠳᠤᠮᠳᠠᠴᠢ | ᠬᠢᠷᠢ ᠬᠡᠮᠵᠢᠶ᠎ᠡ ᠠᠴᠠ ᠳᠡᠭᠡᠭᠦᠷ ᠪᠤᠯᠭᠠᠬᠤ ᠪᠠᠷ ᠴᠢᠷᠮᠠᠶᠢᠨ᠂ ᠴᠦᠬᠡᠨ ᠲᠤᠭᠠᠲᠤ ᠦᠨᠳᠦᠰᠦᠲᠡᠨ ᠤ ᠶᠠᠳᠠᠭᠤ | ᠬᠦᠴᠢᠷᠳᠡᠯᠲᠠᠢ ᠬᠦᠮᠦᠨ ᠠᠮᠠ ᠶᠢ ᠶᠠᠳᠠᠭᠤ ᠠᠴᠠ ᠨᠢ ᠠᠩᠬᠢᠵᠢᠷᠠᠭᠤᠯᠵᠤ ᠪᠠᠶᠠᠵᠢᠭᠤᠯᠬᠤ ᠠᠰᠠᠭᠤᠳᠠᠯ ᠢ ᠦᠨᠡᠨᠬᠦ | ᠰᠠᠶᠢᠲᠤᠷ ᠰᠢᠢᠳᠪᠦᠷᠢᠯᠡᠨ᠎ᠡ᠃ | ᠨᠡᠶᠢᠭᠡᠮ ᠤᠨ ᠦᠢᠯᠡᠰ ᠢ ᠲᠦᠷᠭᠡᠳᠬᠡᠨ ᠬᠦᠭᠵᠢᠭᠦᠯᠦᠨ᠎ᠡ᠃ ᠰᠤᠷᠭᠠᠨ ᠬᠦᠮᠦᠵᠢᠯ ᠤᠨ ᠬᠦᠷᠢᠶᠡᠨ ᠤ | ᠶᠡᠷᠦᠩᠬᠡᠶᠢᠯᠡᠭᠰᠡᠨ ᠦᠬᠡᠷᠡᠴᠢᠯᠡᠯᠲᠡ ᠶᠢ ᠬᠦᠨᠵᠡᠭᠡᠶᠢᠷᠡᠭᠦᠯᠦᠨ᠂ ᠰᠤᠷᠭᠠᠨ ᠬᠦᠮᠦᠵᠢᠯ ᠤᠨ ᠤᠷᠤᠭᠤᠯᠤᠯᠲᠠ ᠶᠢ | ᠨᠡᠮᠡᠭᠳᠡᠬᠦᠯᠵᠤ᠂ ᠪᠦᠬᠦ ᠤᠷᠤᠨ ᠤ ᠬᠤᠶᠠᠳᠤᠭᠠᠷ ᠬᠤᠭᠤᠴᠠᠭᠠᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠦᠮᠦᠵᠢᠯ ᠤᠨ ᠭᠤᠷᠪᠠᠨ ᠵᠢᠯ ᠤᠨ ᠠᠵᠢᠯᠯᠠᠭ᠎ᠠ ᠶᠢᠨ ᠲᠦᠯᠦᠪᠯᠡᠭᠡ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ | ᠰᠤᠷᠭᠠᠭᠤᠯᠢ ᠶᠢ ᠪᠠᠷᠢᠮᠵᠢᠶᠠᠵᠢᠭᠤᠯᠬᠤ᠂ ᠳᠤᠮᠳᠠᠲᠤ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ | ᠰᠠᠭᠤᠷᠢ ᠴᠢᠳᠠᠪᠤᠷᠢ ᠪᠠ ᠳᠡᠭᠡᠲᠤ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠠᠯ᠎ᠠ ᠪᠠᠷ ᠰᠢᠨ᠎ᠡ ᠶᠢ | ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠦᠨ᠎ᠡ᠃ ᠠᠯᠪᠠᠨ | ᠵᠢᠷᠤᠮ ᠤᠨ ᠰᠤᠷᠭᠠᠨ ᠬᠦᠮᠦᠵᠢᠯ ᠢ ᠲᠡᠩᠴᠡᠭᠦᠷᠢᠲᠠᠢ ᠬᠦᠭᠵᠢᠭᠦᠯᠬᠦ ᠶᠢ ᠲᠦᠯᠬᠢᠨ ᠠᠬᠢᠭᠤᠯᠵᠤ᠂ ᠬᠤᠲᠠ | ᠬᠦᠳᠡᠭᠡ ᠶᠢᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠡᠬᠢ ᠪᠠᠶᠠᠯᠢᠭ ᠢ ᠨᠢᠭᠡᠳᠦᠯᠲᠠᠢ ᠲᠦᠯᠦᠪᠯᠡᠨ᠂ ᠬᠤᠲᠠ | ᠤᠷᠤᠵᠤ ᠬᠦᠴᠦ ᠶᠠᠪᠤᠵᠤ ᠪᠠᠶᠢᠭ᠎ᠠ ᠬᠦᠮᠦᠰ ᠢ ᠳᠠᠭᠠᠵᠤ ᠨᠡᠭᠦᠭᠰᠡᠨ ᠦᠷ᠎ᠡ ᠬᠡᠤᠬᠡᠳ ᠤᠨ ᠰᠤᠷᠭᠠᠭᠤᠯᠢ ᠳᠤ | ᠤᠷᠤᠬᠤ ᠳᠤ ᠬᠦᠴᠢᠷ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ᠃ ᠮᠠᠨ ᠤ ᠤᠷᠤᠨ ᠤ ᠠᠵᠤ ᠠᠬᠤᠢ ᠶᠢᠨ | ᠬᠡᠯᠪᠡᠷᠢ ᠪᠠᠨ ᠬᠤᠪᠢᠷᠠᠭᠤᠯᠬᠤ ᠪᠠ ᠨᠡᠶᠢᠭᠡᠮ ᠤᠨ ᠬᠡᠷᠡᠭᠴᠡᠭᠡ ᠳᠤ ᠲᠤᠬᠢᠷᠠᠯᠴᠠᠭᠰᠠᠨ ᠤᠳᠤ ᠦᠶ᠎ᠡ ᠶᠢᠨ ᠠᠵᠢᠯ | ᠮᠡᠷᠭᠡᠵᠢᠯ ᠤᠨ ᠰᠤᠷᠭᠠᠨ ᠬᠦᠮᠦᠵᠢᠯ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠳᠡᠭᠡᠲᠤ ᠰᠤᠷᠭᠠᠭᠤᠯᠢ ᠪᠤᠯᠤᠨ | ᠠᠵᠤ ᠠᠬᠤᠶᠢᠯᠠᠯ ᠤᠨ ᠦᠢᠯᠡᠳᠪᠦᠷᠢᠯᠡᠬᠦ ᠵᠢᠭᠠᠬᠤ ᠰᠤᠳᠤᠯᠬᠤ ᠬᠤᠷᠰᠢᠯᠴᠠᠭ᠎ᠠ ᠶᠢ ᠠᠬᠢᠭᠤᠯᠵᠤ᠂ ᠰᠢᠯᠭᠠᠯᠲᠠ ᠪᠠᠷ | ᠰᠤᠷᠤᠭᠴᠢ ᠡᠯᠰᠡᠬᠦ ᠲᠦᠷᠢᠮ ᠤᠨ ᠦᠭᠡᠷᠡᠴᠢᠯᠡᠯᠲᠡ ᠶᠢ ᠢᠳᠡᠪᠬᠢᠲᠠᠢ ᠪᠠᠷ ᠲᠦᠯᠬᠢᠨ ᠠᠬᠢᠭᠤᠯᠤᠨ᠎ᠠ᠃ ᠳᠡᠭᠡᠲᠤ | ᠰᠤᠷᠭᠠᠭᠤᠯᠢ ᠶᠢᠨ ᠴᠢᠳᠠᠪᠤᠷᠢᠲᠠᠨ ᠬᠦᠮᠦᠵᠢᠬᠦᠯᠬᠦ ᠲᠤᠭᠲᠠᠴᠠ ᠶᠢᠨ ᠰᠢᠨ᠎ᠡ ᠶᠢ ᠡᠭᠦᠳᠴᠤ᠂ ᠳᠡᠭᠡᠲᠤ | ᠰᠤᠷᠭᠠᠭᠤᠯᠢ ᠨᠤᠭᠤᠳ ᠤᠨ ᠤᠨᠴᠠᠯᠢᠭ ᠲᠠᠢ ᠪᠠᠷ ᠰᠤᠷᠭᠠᠭᠤᠯᠢ ᠡᠷᠬᠢᠯᠡᠬᠦ ᠶᠢ ᠳᠡᠮᠵᠢᠵᠤ᠂ ᠲᠡᠷᠢᠭᠦᠨ ᠤ | ᠰᠤᠷᠭᠠᠭᠤᠯᠢ ᠶᠢ ᠡᠭᠦᠳᠦᠨ ᠪᠠᠶᠢᠭᠤᠯᠬᠤ ᠪᠠᠷ ᠴᠢᠷᠮᠠᠶᠢᠨ᠎ᠠ᠃ ᠰᠤᠷᠭᠠᠨ ᠬᠦᠮᠦᠵᠢᠯ ᠢᠶᠠᠷ ᠶᠠᠳᠠᠭᠤ ᠶᠢ ᠲᠡᠳᠬᠦᠬᠦ | ᠠᠵᠢᠯ ᠢ ᠰᠠᠶᠢᠲᠤᠷ ᠠᠳᠬᠤᠵᠤ᠂ ᠲᠡᠷᠢᠶᠠᠯᠠᠬᠤ ᠮᠠᠯᠵᠢᠬᠤ ᠤᠷᠤᠨ ᠤ ᠬᠦᠴᠢᠷᠳᠡᠯᠲᠠᠢ ᠬᠡᠷ ᠪᠦᠯᠢ᠂ ᠬᠤᠲᠠ ᠶᠢᠨ | ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠵᠤ ᠪᠠᠶᠢᠭ᠎ᠠ ᠬᠡᠷ ᠪᠦᠯᠢ ᠠᠴᠠ ᠶᠡᠭᠡ ᠰᠤᠷᠭᠠᠭᠤᠯᠢ ᠶᠢᠨ | ᠵᠢᠩᠬᠢᠨᠢ ᠠᠩᠬᠢ᠂ ᠶᠡᠭᠡ ᠰᠤᠷᠭᠠᠭᠤᠯᠢ ᠪᠤᠯᠤᠨ ᠳᠡᠬᠡᠲᠤ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ | ᠰᠢᠯᠭᠠᠭᠤᠯᠤᠨ ᠤᠷᠤᠭᠰᠠᠨ ᠰᠤᠷᠤᠭᠴᠢᠳ ᠲᠤ ᠬᠦᠴᠢᠷᠳᠡᠯ ᠤᠨ ᠲᠤᠰᠠᠯᠠᠮᠵᠢ ᠤᠯᠭᠤᠵᠤ᠂ ᠶᠠᠳᠠᠭᠤ ᠬᠦᠴᠢᠷᠳᠡᠯᠲᠠᠢ | ᠬᠡᠷ ᠪᠦᠯᠢ ᠶᠢᠨ ᠰᠤᠷᠤᠭᠴᠢᠳ ᠢ ᠡᠬᠢᠯᠡᠯᠲᠡ ᠶᠢᠨ ᠱᠤᠭᠤᠮ ᠳᠡᠭᠡᠷ᠎ᠡ ᠨᠢ ᠶᠠᠭᠠᠬᠢᠭᠰᠠᠨ ᠴᠤ ᠢᠯᠠᠭᠳᠠᠭᠤᠯᠬᠤ ᠦᠭᠡᠢ | ᠪᠤᠯᠭᠠᠨ᠎ᠠ᠃ ᠦᠨᠳᠦᠰᠦᠲᠡᠨ ᠤ ᠰᠤᠷᠭᠠᠨ ᠬᠦᠮᠦᠵᠢᠯ ᠢ ᠡᠩ ᠲᠡᠷᠢᠭᠦᠨ ᠳᠤ ᠭᠤᠤᠯᠳᠠᠯᠭ᠎ᠠ ᠲᠠᠢ ᠬᠦᠭᠵᠢᠭᠦᠯᠦᠨ᠂ | ᠦᠨᠳᠦᠰᠦᠲᠡᠨ ᠤ ᠰᠤᠷᠭᠠᠨ ᠬᠦᠮᠦᠵᠢᠯ ᠤᠨ ᠬᠦᠭᠵᠢᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠬᠦᠯᠬᠦ ᠢᠨᠵᠧᠨᠧᠷᠢᠩ ᠢ | ᠶᠡᠬᠡᠪᠡᠷ ᠲᠦᠯᠬᠢᠨ ᠠᠬᠢᠭᠤᠯᠵᠤ᠂ ᠦᠨᠳᠦᠰᠦᠲᠡᠨ ᠤ ᠰᠤᠷᠭᠠᠨ ᠬᠦᠮᠦᠵᠢᠯ ᠤᠨ ᠴᠢᠳᠠᠪᠤᠷᠢᠲᠠᠨ ᠬᠦᠮᠦᠵᠢᠬᠦᠯᠬᠦ | ᠵᠠᠭᠪᠤᠷ ᠤᠨ ᠦᠭᠡᠷᠡᠴᠢᠯᠡᠯᠲᠡ ᠶᠢ ᠬᠢᠨᠠᠮᠠᠭᠠᠢ ᠵᠤᠬᠢᠶᠠᠨ ᠪᠠᠶᠢᠭᠤᠯᠤᠨ ᠬᠡᠷᠡᠭᠵᠢᠭᠦᠯᠵᠤ᠂ ᠮᠤᠩᠭᠤᠯ ᠦᠭᠡ ᠬᠡᠯᠡ | ᠦᠰᠦᠭ ᠪᠢᠴᠢᠭ ᠤᠨ ᠮᠡᠳᠡᠭᠡ ᠵᠠᠩᠬᠢᠵᠢᠭᠤᠯᠬᠤ᠂ ᠰᠦᠯᠵᠢᠶᠡᠵᠢᠭᠦᠯᠬᠦ ᠪᠠᠶᠢᠭᠤᠯᠤᠯᠲᠠ ᠶᠢ ᠲᠦᠷᠭᠡᠳᠬᠡᠨ᠎ᠡ᠃ | ᠪᠠᠭᠰᠢᠯᠠᠭᠴᠢᠳ ᠤᠨ ᠡᠩᠨᠡᠭᠡ ᠪᠠ ᠰᠤᠷᠭᠠᠨ ᠬᠦᠮᠦᠵᠢᠯ ᠤᠨ ᠮᠡᠳᠡᠭᠡ ᠵᠠᠩᠬᠢᠵᠢᠭᠤᠯᠬᠤ ᠪᠠᠶᠢᠭᠤᠯᠤᠯᠲᠠ ᠶᠢ | ᠴᠢᠩᠭᠠᠳᠬᠠᠨ᠂ ᠰᠤᠷᠭᠠᠨ ᠬᠦᠮᠦᠵᠢᠯ ᠤᠨ ᠡᠬᠢ ᠪᠠᠶᠠᠯᠢᠭ ᠢ ᠲᠠᠷᠢᠶᠠᠯᠠᠬᠤ ᠮᠠᠯᠵᠢᠬᠤ ᠤᠷᠤᠨ ᠪᠤᠯᠤᠨ ᠶᠠᠳᠠᠭᠤ | ᠬᠦᠴᠢᠷᠳᠡᠯᠲᠠᠢ ᠭᠠᠵᠠᠷ ᠤᠷᠤᠨ ᠲᠠᠰᠢ ᠬᠡᠯᠪᠠᠶᠢᠯᠬᠡᠬᠦ ᠶᠢ ᠲᠦᠯᠬᠢᠨ ᠠᠬᠢᠭᠤᠯᠤᠨ᠎ᠠ᠃ ᠡᠮ ᠡᠮᠨᠡᠯᠭᠡ ᠡᠷᠡᠭᠦᠯ | ᠬᠠᠮᠠᠭᠠᠯᠠᠯ ᠤᠨ ᠦᠢᠯᠡᠰ ᠤᠨ ᠬᠦᠭᠵᠢᠯᠲᠡ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠦᠪᠡᠷᠲᠡᠭᠡᠨ ᠵᠠᠰᠠᠬᠤ | ᠤᠷᠤᠨ ᠤ ᠲᠤᠰ ᠱᠠᠲᠤᠨ ᠤ 10 ᠭᠤᠤᠯᠳᠠᠯᠭ᠎ᠠ ᠲᠠᠢ ᠡᠷᠡᠭᠦᠯ ᠬᠠᠮᠠᠭᠠᠯᠠᠯ ᠤᠨ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠭᠡᠨ᠂ ᠦᠪᠦᠷ ᠮᠤᠩᠭᠤᠯ ᠤᠨ ᠡᠮᠨᠡᠯᠭᠡ ᠶᠢᠨ ᠬᠤᠷᠢᠶᠠᠨ ᠤ ᠡᠬᠦᠳᠡᠨ ᠡᠮᠨᠡᠯᠬᠡ ᠶᠢᠨ ᠠᠰᠠᠷ | ᠵᠡᠷᠭᠡ 3 ᠲᠦᠷᠦᠯ ᠵᠦᠢᠯ ᠢ ᠪᠠᠶᠢᠭᠤᠯᠤᠨ ᠪᠦᠲᠦᠭᠡᠬᠦ ᠶᠢᠨ ᠬᠠᠮᠲᠤ ᠠᠰᠢᠭᠯᠠᠯᠲᠠ ᠳᠤ ᠤᠷᠤᠭᠤᠯᠤᠨ ᠬᠡᠷᠡᠭᠯᠡᠬᠦᠯᠬᠦ᠂ | ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠤᠶᠠᠳᠤᠭᠠᠷ ᠬᠠᠷᠢᠶᠠᠲᠤ ᠡᠮᠨᠡᠯᠬᠡ ᠶᠢᠨ ᠬᠤᠷᠢᠶ᠎ᠡ ᠵᠡᠷᠭᠡ 7 ᠲᠦᠷᠦᠯ | ᠵᠦᠢᠯ ᠤᠨ ᠪᠠᠷᠢᠯᠭ᠎ᠠ ᠡᠬᠢᠯᠡᠬᠦᠯᠵᠤ ᠪᠦᠲᠦᠭᠡᠨ ᠪᠠᠶᠢᠭᠤᠯᠬᠤ ᠶᠢ ᠦᠨᠡᠨᠬᠦ ᠪᠠᠲᠤᠯᠠᠨ᠎ᠠ᠃ ᠬᠤᠰᠢᠭᠤ ᠰᠢᠶᠠᠨ ᠤ | ᠱᠠᠲᠤᠨ ᠤ ᠡᠮᠨᠡᠯᠭᠡ ᠶᠢᠨ ᠬᠤᠷᠢᠶ᠎ᠠ ᠵᠡᠷᠭᠡ ᠦᠨᠳᠦᠰᠦᠨ ᠱᠠᠲᠤᠨ ᠤ ᠡᠮᠨᠡᠯᠬᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢ ᠬᠦᠨᠵᠡᠭᠡᠶᠢᠷᠡᠭᠦᠯᠵᠤ᠂ ᠦᠨᠳᠦᠰᠦᠨ ᠱᠠᠲᠤᠨ ᠤ ᠡᠮᠨᠡᠯᠭᠡ | ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠲᠤᠤᠷ ᠰᠦᠯᠵᠢᠶ᠎ᠡ ᠪᠠ ᠡᠮᠴᠢᠯᠡᠭᠡ ᠶᠢᠨ ᠡᠩᠨᠡᠬᠡᠨ ᠤ ᠪᠠᠶᠢᠭᠤᠯᠤᠯᠲᠠ ᠶᠢ | ᠴᠢᠩᠭᠠᠳᠬᠠᠨ᠂ ᠰᠦᠷᠢᠶ᠎ᠡ ᠡᠪᠠᠳᠴᠢᠨ ᠵᠡᠷᠭᠡ ᠬᠦᠨᠲᠤ ᠶᠡᠭᠡ ᠡᠪᠳᠴᠢᠨ ᠡᠮᠬᠡᠭ ᠢ ᠰᠡᠷᠬᠡᠶᠢᠯᠡᠨ ᠬᠢᠵᠠᠭᠠᠷᠯᠠᠬᠤ ᠶᠢ | ᠴᠢᠩᠭᠠᠳᠬᠠᠨ᠎ᠠ᠃ ᠮᠤᠩᠭᠤᠯ ᠬᠢᠲᠠᠳ ᠡᠮ ᠡᠮᠨᠡᠯᠭᠡ ᠶᠢᠨ ᠦᠢᠯᠡᠰ ᠤᠨ ᠬᠦᠭᠵᠢᠯᠲᠡ ᠶᠢ ᠲᠦᠷᠭᠡᠳᠬᠡᠨ᠂ | ᠪᠠᠶᠢᠷᠢᠰᠢᠭᠤᠯᠤᠯ ᠨᠢ ᠵᠦᠢ ᠵᠤᠬᠢᠰᠲᠠᠢ᠂ ᠴᠢᠳᠠᠮᠵᠢ ᠪᠡ ᠪᠦᠷᠢᠨ ᠲᠡᠭᠦᠯᠳᠡᠷ ᠪᠦᠬᠦᠢ ᠮᠤᠩᠭᠤᠯ ᠬᠢᠲᠠᠳ ᠡᠮᠨᠡᠯᠭᠡ ᠶᠢᠨ | ᠡᠮᠴᠢᠯᠡᠭᠡ᠂ ᠵᠢᠭᠠᠨ ᠰᠤᠷᠭᠠᠯᠲᠠ ᠪᠠ ᠰᠢᠨᠵᠢᠯᠡᠬᠦ ᠤᠬᠠᠭᠠᠨ ᠤ ᠰᠤᠳᠤᠯᠤᠯ ᠤᠨ ᠦᠢᠯᠡᠴᠢᠯᠡᠭᠡᠨ ᠤ ᠰᠢᠰᠲ᠋ᠧᠮᠵᠢ ᠶᠢ | ᠪᠠᠶᠢᠭᠤᠯᠤᠨ ᠪᠦᠷᠢᠨᠰᠢᠭᠦᠯᠦᠨ᠎ᠡ᠃ ᠰᠤᠷᠭᠠᠨ ᠬᠦᠮᠦᠵᠢᠯ᠂ ᠰᠤᠶᠤᠯ᠂ ᠡᠮᠨᠡᠯᠭᠡ ᠵᠡᠷᠭᠡ ᠨᠡᠶᠢᠭᠡᠮ ᠤᠨ ᠦᠢᠯᠡᠰ ᠤᠨ | ᠬᠦᠭᠵᠢᠯᠲᠡ ᠳᠤ ᠨᠡᠶᠢᠭᠡᠮ ᠤᠨ ᠬᠦᠷᠦᠩᠭᠡ ᠶᠢᠨ ᠤᠷᠤᠯᠴᠠᠬᠤ ᠶᠢ ᠵᠤᠷᠢᠭᠵᠢᠭᠤᠯᠤᠨ᠎ᠠ᠃ ᠲᠦᠯᠦᠪᠯᠡᠭᠡᠲᠤ | ᠦᠷᠡᠵᠢᠯ ᠤᠨ ᠲᠤᠬᠠᠢ ᠤᠯᠤᠰ ᠤᠨ ᠦᠨᠳᠦᠰᠦᠨ ᠪᠤᠳᠤᠯᠭ᠎ᠠ ᠶᠢ ᠪᠠᠷᠢᠮᠲᠠᠯᠠᠨ᠂ ᠳᠤᠤᠷ᠎ᠠ ᠦᠷᠡᠵᠢᠯ ᠤᠨ ᠬᠢᠷᠢ | ᠬᠡᠮᠵᠢᠶ᠎ᠡ ᠶᠢ ᠦᠷᠬᠦᠯᠵᠢᠯᠡᠨ ᠲᠤᠭᠲᠠᠭᠤᠨ ᠪᠠᠶᠢᠯᠭᠠᠵᠤ᠂ ᠨᠢᠭᠡ ᠨᠢ ᠦᠷ᠎ᠡ ᠶᠢᠨ ᠭᠠᠭᠴᠠ ᠪᠠᠶᠢᠬᠤ ᠡᠷ᠎ᠡ ᠡᠮ᠎ᠡ | ᠬᠤᠶᠠᠳᠤᠭᠠᠷ ᠬᠡᠤᠭᠡᠳ ᠠᠪᠴᠤ ᠪᠤᠯᠬᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠤ᠂ ᠲᠦᠷᠦᠯᠲᠡ ᠶᠢᠨ ᠳᠤᠲᠠᠭᠤ | ᠲᠤᠷᠭᠤᠨ ᠤ ᠨᠢᠭᠡᠳᠤᠬᠡᠷ ᠳᠡᠰ ᠤᠨ ᠤᠷᠢᠳᠴᠢᠯᠠᠨ ᠰᠡᠷᠬᠡᠶᠢᠯᠡᠬᠦ ᠢᠨᠵᠧᠨᠧᠷᠢᠩ ᠢ ᠦᠷᠨᠢᠭᠦᠯᠦᠨ᠂ ᠲᠦᠷᠦᠬᠦ ᠬᠦᠮᠦᠨ | ᠠᠮᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠪᠦᠬᠦ ᠠᠷᠠᠳ ᠤᠨ ᠪᠡᠶ᠎ᠡ ᠪᠤᠯᠪᠠᠰᠤᠷᠠᠭᠤᠯᠬᠤ ᠬᠦᠳᠡᠯᠬᠡᠬᠡᠨ ᠢ | ᠦᠷᠭᠡᠨ ᠢᠶᠠᠷ ᠦᠷᠨᠢᠭᠦᠯᠦᠨ᠂ ᠤᠯᠠᠨ ᠲᠦᠮᠡᠨ ᠤ ᠪᠡᠶ᠎ᠡ ᠲᠠᠮᠢᠷ ᠪᠤᠯᠤᠨ ᠤᠷᠤᠯᠳᠤᠭᠠᠨ ᠤ ᠪᠡᠶ᠎ᠡ ᠶᠢᠨ ᠲᠠᠮᠢᠷ ᠤᠨ | ᠵᠤᠬᠢᠴᠠᠩᠭᠤᠢ ᠪᠠᠷ ᠬᠦᠭᠵᠢᠬᠦ ᠶᠢ ᠠᠬᠢᠭᠤᠯᠤᠨ᠎ᠠ᠃ ᠪᠦᠬᠦ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠪᠡᠶ᠎ᠡ | ᠲᠠᠮᠢᠷ ᠤᠨ ᠴᠤᠭᠯᠠᠭᠠᠨ ᠢ ᠰᠠᠶᠢᠲᠤᠷ ᠡᠷᠬᠢᠯᠡᠵᠤ᠂ ᠬᠦᠮᠦᠨ ᠠᠮᠠ ᠶᠢᠨ ᠦᠳᠡᠭᠦᠰᠵᠢᠬᠦ ᠶᠢ ᠢᠳᠡᠪᠬᠢᠲᠠᠢ ᠪᠠᠷ | ᠠᠷᠭᠠᠴᠠᠵᠤ᠂ ᠦᠳᠡᠭᠦᠰ ᠤᠨ ᠦᠢᠯᠡᠰ ᠪᠤᠯᠤᠨ ᠨᠠᠰᠤᠲᠠᠶᠢᠴᠤᠳ ᠲᠤ ᠦᠢᠯᠡᠴᠢᠯᠡᠬᠦ ᠠᠵᠤ ᠦᠢᠯᠡᠰ ᠢ ᠲᠦᠷᠭᠡᠳᠬᠡᠨ | ᠬᠦᠭᠵᠢᠭᠦᠯᠵᠤ᠂ ᠨᠡᠶᠢᠭᠡᠮ ᠤᠨ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠤ᠂ | ᠨᠠᠰᠤᠵᠢᠯ ᠤᠨ ᠦᠢᠯᠡᠰ ᠤᠨ ᠬᠦᠭᠵᠢᠯᠲᠡ ᠳᠤ ᠠᠷᠠᠳ ᠤᠨ ᠬᠦᠷᠦᠩᠭᠡ ᠶᠢᠨ ᠤᠷᠤᠯᠴᠠᠬᠤ ᠶᠢ ᠵᠤᠷᠢᠭᠵᠢᠭᠤᠯᠤᠨ | ᠳᠡᠮᠵᠢᠵᠤ᠂ ᠴᠢᠳᠠᠮᠵᠢ ᠪᠠᠷ ᠲᠡᠭᠦᠯᠳᠡᠷ᠂ ᠲᠦᠬᠦᠷ ᠪᠡᠯᠡᠳᠬᠡᠮᠵᠢ ᠨᠢ ᠪᠦᠷᠢᠨ ᠲᠡᠭᠦᠯᠳᠡᠷ ᠨᠢᠭᠡ ᠪᠦᠯᠦᠭ | ᠶᠡᠷᠦᠩᠬᠡᠶᠢᠯᠡᠭᠰᠡᠨ ᠨᠠᠰᠤᠲᠠᠨ ᠠᠰᠠᠷᠠᠬᠤ ᠦᠢᠯᠡᠴᠢᠯᠡᠬᠡᠨ ᠤ ᠲᠦᠪ ᠪᠤᠯᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ | ᠪᠦᠲᠦᠬᠡᠨ ᠪᠠᠶᠢᠭᠤᠯᠤᠨ᠎ᠠ᠃ ᠡᠮᠡᠭᠲᠠᠶᠢᠴᠤᠳ ᠬᠡᠤᠭᠡᠳ ᠤᠨ ᠦᠢᠯᠡᠰ ᠤᠨ ᠡᠷᠡᠭᠦᠯ ᠢᠶᠠᠷ ᠬᠦᠭᠵᠢᠬᠦ ᠶᠢ ᠲᠦᠯᠬᠢᠨ | ᠠᠬᠢᠭᠤᠯᠤᠨ᠎ᠠ᠃ | ︵ᠵᠢᠷᠭᠤᠭ᠎ᠠ︶ ᠠᠮᠢ ᠠᠬᠤᠢ ᠶᠢᠨ ᠣᠷᠴᠢᠨ ᠲᠤᠭᠤᠷᠢᠨ ᠤ ᠬᠠᠮᠠᠭᠠᠯᠠᠯᠳᠠ ᠶᠢ ᠴᠢᠩᠭᠠᠳᠬᠠᠨ᠂ ᠠᠮᠢ | ᠠᠬᠤᠢ ᠶᠢᠨ ᠪᠤᠯᠪᠠᠰᠣᠨ ᠤ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ᠃ | ᠠᠮᠢ ᠠᠬᠤᠢ ᠶᠢᠨ ᠪᠤᠯᠪᠠᠰᠣᠨ ᠤ ᠲᠦᠷᠢᠮ ᠤᠨ ᠪᠠᠶᠢᠭᠤᠯᠤᠯᠳᠠ ᠶᠢ ᠴᠢᠩᠭᠠᠳᠬᠠᠨ᠎ᠠ᠃ ᠠᠮᠢ ᠠᠬᠤᠢ ᠶᠢᠨ | ᠪᠦᠳᠦᠭᠡᠨ ᠪᠠᠶᠢᠭᠤᠯᠤᠯᠳᠠ ᠶᠢᠨ ᠬᠠᠷᠠᠯᠳᠠ ᠶᠢᠨ ᠦᠨᠡᠯᠡᠵᠣ ᠬᠢᠨᠠᠨ ᠰᠢᠯᠭᠠᠬᠤ ᠰᠢᠰᠲ᠋ᠧᠮᠵᠢ ᠶᠢ ᠪᠠᠶᠢᠭᠤᠯᠤᠨ᠂ ᠠᠮᠢ | ᠠᠬᠤᠢ ᠶᠢᠨ ᠣᠯᠠᠭᠠᠨ ᠱᠣᠭᠤᠮ ᠢ ᠢᠯᠭᠠᠨ ᠲᠤᠭᠳᠠᠭᠠᠵᠣ᠂ ᠡᠬᠢ ᠡᠭᠦᠰᠦᠯ ᠠᠴᠠ ᠨᠢ ᠬᠠᠮᠠᠭᠠᠯᠠᠬᠤ᠂ | ᠬᠤᠬᠢᠷᠠᠭᠤᠯᠣᠭᠰᠠᠨ ᠢ ᠲᠦᠯᠦᠭᠦᠯᠬᠦ ᠪᠠ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠷᠠᠭᠤᠯᠣᠨ᠂ ᠣᠷᠴᠢᠨ ᠲᠣᠭᠤᠷᠢᠨ ᠢ | ᠵᠠᠰᠠᠬᠤ ᠪᠠ ᠠᠮᠢ ᠠᠬᠤᠢ ᠶᠢ ᠵᠠᠰᠠᠨ ᠰᠡᠷᠭᠦᠭᠡᠬᠦ ᠲᠦᠷᠢᠮ ᠢ ᠲᠡᠭᠦᠯᠳᠡᠷᠵᠢᠭᠦᠯᠦᠨ᠎ᠡ᠃ ᠪᠠᠶᠢᠭᠠᠯᠢ ᠶᠢᠨ ᠡᠬᠢ | ᠪᠠᠶᠠᠯᠢᠭ ᠤᠨ ᠡᠳ᠋ ᠬᠦᠷᠦᠩᠭᠡ ᠶᠢᠨ ᠦᠮᠴᠢᠯᠡᠬᠦ ᠡᠷᠬᠡ ᠪᠠ ᠬᠡᠷᠡᠭᠴᠡᠭᠡ ᠶᠢ ᠵᠠᠬᠢᠷᠣᠨ ᠬᠠᠮᠢᠶᠠᠷᠬᠤ ᠲᠦᠷᠢᠮ ᠢ | ᠪᠦᠷᠢᠨᠰᠢᠭᠦᠯᠵᠣ᠂ ᠦᠢᠯᠡᠳᠪᠦᠷᠢᠯᠡᠯ ᠠᠮᠢᠳᠣᠷᠠᠯ᠂ ᠠᠮᠢ ᠠᠬᠤᠢ ᠶᠢᠨ ᠣᠷᠣᠨ ᠵᠠᠢ ᠶᠢᠨ ᠨᠡᠭᠡᠭᠡᠯᠳᠡ ᠶᠢ ᠵᠠᠬᠢᠷᠣᠨ | ᠬᠠᠮᠢᠶᠠᠷᠬᠤ ᠵᠠᠭᠠᠭ ᠢ ᠬᠤᠪᠢᠶᠠᠷᠢᠯᠠᠨ ᠲᠤᠭᠳᠠᠭᠠᠨ᠎ᠠ᠃ ᠣᠯᠣᠰ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ | ᠬᠦᠷᠦᠩᠭᠡ ᠶᠢᠨ ᠬᠠᠮᠢᠶᠠᠷᠣᠯᠳᠠ ᠶᠢ ᠴᠢᠩᠭᠠᠳᠬᠠᠨ᠂ ᠪᠠᠶᠢᠭᠠᠯᠢ ᠶᠢᠨ ᠡᠬᠢ ᠪᠠᠶᠠᠯᠢᠭ ᠤᠨ ᠬᠢᠨᠠᠨ ᠬᠠᠮᠢᠶᠠᠷᠬᠤ | ᠲᠤᠭᠳᠠᠴᠠ ᠶᠢ ᠲᠡᠭᠦᠯᠳᠡᠷᠵᠢᠭᠦᠯᠦᠨ᠎ᠡ᠃ ᠠᠮᠢ ᠠᠬᠤᠢ ᠶᠢᠨ ᠰᠢᠯᠢᠳᠡᠭ ᠭᠠᠵᠠᠷ ᠣᠷᠣᠨ ᠢᠶᠠᠷ ᠠᠨᠠᠢ ᠭᠠᠵᠠᠷ | ᠣᠷᠣᠨ ᠳᠤ ᠣᠯᠠᠨ ᠨᠡᠶᠢᠳᠡ ᠶᠢᠨ ᠠᠮᠢ ᠠᠬᠤᠢ ᠶᠢᠨ ᠪᠦᠳᠦᠭᠡᠭᠳᠡᠭᠦᠨ ᠤ ᠨᠦᠭᠦᠪᠦᠷᠢ ᠬᠠᠩᠭᠠᠯᠭᠠᠬᠤ ᠲᠤᠭᠳᠠᠴᠠ ᠶᠢ | ᠰᠦᠪᠡᠭᠴᠢᠯᠡᠨ ᠪᠠᠶᠢᠭᠤᠯᠵᠤ᠂ ᠭᠤᠤᠯᠳᠠᠯᠭ᠎ᠠ ᠲᠠᠢ ᠠᠮᠢ ᠠᠬᠤᠢ ᠶᠢᠨ ᠴᠢᠳᠠᠮᠵᠢᠲᠦ ᠣᠷᠣᠨ ᠳᠤ ᠰᠢᠯᠵᠢᠭᠦᠯᠦᠨ | ᠣᠯᠭᠤᠬᠤ ᠲᠦᠷᠦ ᠶᠢᠨ ᠪᠤᠳᠣᠯᠭ᠎ᠠ ᠶᠢ ᠨᠠᠶᠢᠳᠠᠪᠦᠷᠢᠵᠢᠭᠤᠯᠤᠨ᠂ ᠣᠢ ᠰᠢᠭᠤᠢ ᠶᠢᠨ ᠠᠮᠢ ᠠᠬᠤᠢ ᠶᠢᠨ ᠦᠷ᠎ᠡ | ᠠᠰᠢᠭ ᠲᠤ ᠨᠦᠬᠦᠪᠦᠷᠢᠯᠡᠬᠦ ᠲᠦᠷᠢᠮ ᠢ ᠪᠦᠷᠢᠨᠰᠢᠭᠦᠯᠦᠨ᠎ᠡ᠃ ᠭᠤᠤᠯ ᠴᠣᠭᠴᠠ ᠪᠦᠬᠦᠢ ᠴᠢᠳᠠᠮᠵᠢᠲᠦ ᠣᠷᠣᠨ ᠤ | ᠪᠦᠳᠦᠭᠡᠨ ᠪᠠᠶᠢᠭᠤᠯᠤᠯᠳᠠ ᠶᠢᠨ ᠲᠤᠷᠰᠢᠯᠳᠠ ᠶᠢᠨ ᠴᠢᠭ᠋ ᠤᠨ ᠵᠢᠱᠢᠶ᠎ᠠ ᠦᠵᠡᠭᠦᠯᠬᠦ ᠶᠢ ᠦᠷᠭᠦᠯᠵᠢᠯᠡᠨ ᠦᠷᠨᠢᠭᠦᠯᠵᠤ᠂ | ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢᠨ ᠦᠷᠢᠳᠦᠯ ᠤᠨ ᠬᠦᠰᠦᠨᠦᠭᠳᠦ ᠨᠠᠶᠢᠷᠠᠭᠤᠯᠤᠨ ᠵᠣᠬᠢᠶᠠᠬᠤ ᠶᠢ | ᠬᠠᠶᠢᠨ ᠰᠦᠪᠡᠭᠴᠢᠯᠡᠵᠤ᠂ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ᠂ ᠠᠮᠢ ᠠᠬᠤᠢ ᠶᠢᠨ ᠤᠷᠴᠢᠨ | ᠲᠤᠭᠤᠷᠢᠨ ᠤ ᠬᠠᠮᠠᠭᠠᠯᠠᠯᠳᠠ ᠵᠡᠷᠭᠡ ᠲᠠᠯ᠎ᠠ ᠶᠢᠨ ᠬᠢᠨᠠᠨ ᠰᠢᠯᠭᠠᠬᠤ ᠶᠢᠨ ᠴᠢᠬᠤᠯᠠ ᠪᠤᠯᠬᠤ ᠬᠡᠮᠵᠢᠶ᠎ᠡ ᠶᠢ | ᠨᠡᠮᠡᠭᠳᠡᠭᠦᠯᠦᠨ᠎ᠡ᠃ | ᠠᠮᠢ ᠠᠬᠤᠢ ᠶᠢᠨ ᠬᠠᠮᠠᠭᠠᠯᠠᠯᠳᠠ ᠪᠠ ᠪᠦᠳᠦᠭᠡᠨ ᠪᠠᠶᠢᠭᠤᠯᠤᠯᠳᠠ ᠶᠢ ᠬᠦᠴᠦᠲᠠᠢ ᠠᠳᠬᠤᠨ᠎ᠠ᠃ ᠪᠡᠭᠡᠵᠢᠩ | ᠲᠢᠶᠠᠨᠵᠢᠨ ᠤ ᠡᠷᠭᠢᠨ ᠲᠤᠭᠤᠷᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ᠪᠠᠶᠢᠭᠠᠯᠢ ᠶᠢᠨ ᠣᠢ ᠶᠢ ᠬᠠᠮᠠᠭᠠᠯᠠᠬᠤ | ᠬᠤᠶᠠᠳᠣᠭᠠᠷ ᠬᠤᠭᠤᠴᠠᠭ᠎ᠠ ᠵᠡᠷᠭᠡ ᠭᠤᠤᠯᠳᠠᠯᠭ᠎ᠠ ᠲᠠᠢ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢᠨ | ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠤ᠂ ᠰᠢᠨ᠎ᠡ ᠨᠢᠭᠡᠨ ᠡᠭᠡᠯᠵᠢ ᠶᠢᠨ ᠲᠠᠷᠢᠶᠠᠯᠠᠬᠤ ᠶᠢ ᠵᠣᠭᠰᠣᠭᠠᠵᠣ ᠣᠢ | ᠮᠣᠲᠦ ᠶᠢ ᠰᠡᠷᠭᠦᠭᠡᠬᠦ ᠡᠭᠦᠷᠭᠡ ᠶᠢ ᠢᠳᠡᠪᠬᠢᠯᠡᠨ ᠣᠯᠵᠣ᠂ ᠭᠤᠣᠯᠳᠠᠯᠭ᠎ᠠ ᠲᠠᠢ ᠣᠷᠣᠨ ᠤ ᠨᠤᠭᠤᠭᠠᠷᠠᠭᠤᠯᠤᠯᠳᠠ ᠶᠢᠨ | ᠡᠷᠴᠢᠮ ᠢ ᠨᠡᠮᠡᠭᠳᠡᠭᠦᠯᠦᠨ᠂ 1000 ᠲᠦᠮᠡᠨ ᠮᠣ᠋ ᠶᠢᠨ ᠣᠢ ᠰᠢᠭᠤᠢ ᠶᠢᠨ ᠠᠮᠢ ᠠᠬᠤᠢ ᠶᠢᠨ ᠪᠦᠳᠦᠭᠡᠨ | ᠪᠠᠶᠢᠭᠤᠯᠤᠯᠳᠠ᠂ 650 ᠲᠦᠮᠡᠨ ᠮᠤ᠋ ᠬᠦᠷᠦᠰᠦ ᠰᠢᠷᠦᠢ ᠶᠢᠨ ᠢᠳᠡᠭᠳᠡᠯ ᠢ ᠵᠠᠰᠠᠬᠤ ᠶᠢ ᠪᠡᠶᠡᠯᠡᠭᠦᠯᠦᠨ᠎ᠡ᠃ | ᠪᠠᠶᠢᠭᠠᠯᠢ ᠶᠢᠨ ᠬᠠᠮᠠᠭᠠᠯᠠᠯᠳᠠ ᠶᠢᠨ ᠣᠷᠣᠨ᠂ ᠠᠮᠢ ᠠᠬᠤᠢ ᠶᠢᠨ ᠴᠢᠳᠠᠮᠵᠢᠲᠦ ᠣᠷᠣᠨ ᠪᠠ ᠴᠢᠭᠢᠭᠯᠢᠭ ᠨᠤᠭᠤ ᠭᠠᠵᠠᠷ᠂ | ᠭᠡᠭᠡᠷ᠎ᠡ ᠶᠢᠨ ᠠᠮᠢᠳᠠᠨ ᠣᠷᠭᠤᠮᠠᠯ ᠤᠨ ᠬᠠᠮᠠᠭᠠᠯᠠᠯᠳᠠ ᠶᠢ ᠴᠢᠩᠭᠠᠳᠬᠠᠨ᠂ ᠣᠢ ᠰᠢᠭᠤᠢ᠂ ᠡᠯᠡᠰᠦ᠂ ᠡᠪᠡᠰᠦᠨ ᠤ | ᠠᠵᠣ ᠦᠢᠯᠡᠰ ᠢ ᠶᠡᠬᠡᠪᠡᠷ ᠬᠦᠭᠵᠢᠭᠦᠯᠦᠨ᠎ᠡ᠃ ᠠᠭᠤᠯᠠ ᠬᠦᠳᠡᠭᠡ ᠶᠢᠨ ᠠᠵᠣ ᠠᠬᠤᠢ ᠶᠢᠨ ᠵᠢᠱᠢᠶ᠎ᠠ ᠦᠵᠡᠭᠦᠯᠬᠦ | ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠵᠤ᠂ ᠣᠯᠣᠰ ᠤᠨ ᠣᠢ ᠰᠢᠭᠤᠢ | ᠠᠷᠠᠴᠢᠯᠠᠨ ᠪᠤᠶᠢᠵᠢᠭᠤᠯᠬᠤ ᠪᠠ ᠣᠶᠢᠵᠢᠭᠤᠯᠬᠤ ᠳᠠᠬᠢ ᠨᠦᠬᠦᠪᠦᠷᠢ ᠣᠯᠭᠤᠬᠤ ᠲᠤᠷᠰᠢᠯᠳᠠ ᠶᠢᠨ ᠴᠢᠭ᠋ ᠢ | ᠦᠷᠭᠡᠳᠭᠡᠬᠦ ᠶᠢ ᠣᠯᠬᠤ ᠪᠠᠷ ᠢᠳᠠᠪᠬᠢᠯᠡᠨ ᠴᠢᠷᠮᠠᠶᠢᠨ᠎ᠠ᠃ ᠮᠠᠯᠵᠢᠬᠤ ᠶᠢ ᠵᠣᠭᠰᠣᠭᠠᠵᠣ ᠪᠡᠯᠴᠢᠭᠡᠷ ᠰᠡᠷᠭᠦᠭᠡᠬᠦ ᠪᠠ | ᠦᠨᠳᠦᠷ ᠬᠤᠷᠢᠶᠠᠯᠳᠠ ᠴᠢᠨᠠᠷ ᠰᠠᠶᠢᠲᠠᠢ ᠴᠠᠷᠭᠠᠰᠣᠨ ᠤ ᠵᠢᠱᠢᠶ᠎ᠠ ᠦᠵᠡᠭᠦᠯᠬᠦ ᠰᠠᠭᠤᠷᠢᠨ ᠭᠠᠵᠠᠷ ᠤᠨ ᠪᠦᠳᠦᠭᠡᠨ | ᠪᠠᠶᠢᠭᠤᠯᠤᠯᠳᠠ ᠶᠢ ᠵᠣᠬᠢᠶᠠᠨ ᠪᠠᠶᠢᠭᠤᠯᠤᠨ ᠶᠠᠪᠤᠭᠳᠠᠭᠤᠯᠵᠣ᠂ ᠨᠣᠳᠤᠭ ᠪᠡᠯᠴᠢᠭᠡᠷ ᠤᠨ ᠪᠦᠳᠦᠭᠡᠨ | ᠪᠠᠶᠢᠭᠤᠯᠤᠯᠳᠠ ᠶᠢᠨ ᠶᠡᠷᠦᠩᠬᠡᠢ ᠬᠡᠪᠴᠢᠶ᠎ᠡ ᠶᠢ 4000 ᠲᠦᠮᠡᠨ ᠮᠣ᠋ ᠠᠴᠠ ᠲᠡᠭᠡᠭᠰᠢ ᠪᠠᠶᠢᠯᠭᠠᠬᠤ ᠶᠢ ᠪᠠᠳᠣᠯᠠᠨ᠎ᠠ᠂ | ᠨᠣᠳᠤᠭ ᠪᠡᠯᠴᠢᠭᠡᠷ ᠲᠤ ᠲᠣᠰᠠᠯᠠᠵᠣ ᠱᠠᠩᠨᠠᠬᠤ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠱᠠᠲᠦ ᠦᠶ᠎ᠡ ᠶᠢᠨ | ᠴᠢᠨᠠᠷᠲᠠᠢ ᠮᠠᠯᠵᠢᠬᠤ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠲᠦᠷᠢᠮ ᠢ ᠦᠷᠭᠦᠯᠵᠢᠯᠡᠨ | ᠬᠡᠷᠡᠭᠵᠢᠭᠦᠯᠵᠤ᠂ ᠨᠣᠳᠤᠭ ᠪᠡᠯᠴᠢᠭᠡᠷ ᠤᠨ ᠬᠠᠣᠯᠢ ᠬᠡᠷᠡᠭᠵᠢᠭᠦᠯᠵᠤ ᠬᠢᠨᠠᠯᠳᠠ ᠲᠠᠯᠪᠢᠵᠤ ᠪᠠᠶᠢᠴᠠᠭᠠᠬᠤ ᠶᠢ | ᠴᠢᠩᠭᠠᠳᠬᠠᠨ᠎ᠠ᠃ | ᠡᠨᠧᠷᠬᠢ ᠠᠷᠪᠢᠯᠠᠵᠦ ᠪᠤᠬᠢᠷᠳᠣᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠢ ᠰᠠᠶᠢᠳᠣᠷ ᠬᠢᠨ᠎ᠡ᠃ | ᠡᠨᠧᠷᠬᠢ ᠠᠷᠪᠢᠯᠠᠵᠤ ᠪᠤᠬᠢᠷᠳᠣᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠵᠣ ᠵᠠᠬ᠎ᠠ ᠲᠡᠯᠭᠡᠭᠦᠷᠴᠢᠯᠡᠭᠰᠡᠨ | ᠲᠤᠭᠳᠠᠴᠠ ᠶᠢ ᠪᠠᠶᠢᠭᠤᠯᠤᠨ ᠲᠡᠭᠦᠯᠳᠡᠷᠵᠢᠭᠦᠯᠵᠤ᠂ ᠡᠨᠧᠷᠬᠢ ᠠᠷᠪᠢᠯᠠᠵᠣ ᠪᠣᠬᠢᠷᠳᠣᠯ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠬᠠᠷᠠᠯᠳᠠᠳᠦ ᠬᠠᠷᠢᠭᠤᠴᠠᠯᠭ᠎ᠠ ᠶᠢᠨ ᠲᠦᠷᠢᠮ ᠪᠠ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ | ᠴᠢᠩᠭᠠᠷᠠᠭᠤᠯᠣᠨ᠂ ᠡᠨᠧᠷᠬᠢ ᠶᠢᠨ ᠬᠡᠷᠡᠭᠯᠡᠭᠡᠨ ᠤ ᠶᠡᠷᠦᠩᠬᠡᠢ ᠬᠡᠮᠵᠢᠶ᠎ᠡ ᠪᠠ ᠡᠨᠧᠷᠬᠢ ᠶᠢᠨ ᠬᠤᠷᠤᠭᠳᠠᠭᠤᠯᠭᠠ ᠶᠢᠨ | ᠡᠷᠴᠢᠮ ᠤᠨ ︽ᠬᠤᠣᠰ ᠡᠵᠡᠮᠳᠡᠯ︾ ᠤᠨ ᠬᠢᠨᠠᠨ ᠰᠢᠯᠭᠠᠬᠤ ᠶᠢ ᠬᠡᠷᠡᠭᠵᠢᠭᠦᠯᠦᠨ᠎ᠡ᠃ ᠠᠶᠣᠯ ᠦᠭᠡᠢ᠂ ᠣᠷᠴᠢᠨ | ᠲᠤᠭᠤᠷᠢᠨ ᠢ ᠬᠠᠮᠠᠭᠠᠯᠠᠬᠤ᠂ ᠡᠨᠧᠷᠬᠢ ᠶᠢᠨ ᠬᠤᠷᠣᠭᠳᠠᠭᠤᠯᠭ᠎ᠠ᠂ ᠭᠠᠵᠠᠷ ᠰᠢᠷᠦᠢ ᠵᠡᠷᠭᠡ ᠬᠢᠵᠠᠭᠠᠷᠯᠠᠯ ᠢ | ᠴᠢᠩᠭᠠᠷᠠᠭᠤᠯᠣᠨ᠂ ᠡᠨᠧᠷᠬᠢ ᠶᠡᠭᠡ ᠬᠤᠷᠣᠭᠳᠠᠭᠤᠯᠬᠤ᠂ ᠪᠤᠬᠢᠷᠳᠣᠯ ᠶᠡᠭᠡ ᠭᠠᠳᠠᠭᠰᠢᠯᠠᠭᠤᠯᠬᠤ ᠠᠵᠢᠯ ᠲᠦᠷᠦᠯ ᠤᠨ | ᠲᠤᠤᠷ᠎ᠠ ᠬᠢᠷᠢ ᠬᠡᠮᠵᠢᠶ᠎ᠡ ᠪᠠᠷ ᠲᠠᠪᠬᠤᠷᠳᠠᠭᠤᠯᠣᠨ ᠪᠦᠳᠦᠭᠡᠨ ᠪᠠᠶᠢᠭᠤᠯᠬᠤ ᠶᠢ ᠴᠢᠩᠭ᠎ᠠ ᠬᠢᠵᠠᠭᠠᠷᠯᠠᠵᠤ᠂ | ᠬᠤᠴᠣᠷᠣᠩᠭᠤᠢ ᠦᠢᠯᠡᠳᠪᠦᠷᠢᠯᠡᠬᠦ ᠴᠢᠳᠠᠪᠦᠷᠢ ᠶᠢ ᠲᠦᠷᠭᠡᠳᠭᠡᠨ ᠰᠢᠭᠰᠢᠭᠳᠡᠭᠦᠯᠵᠤ᠂ ︽12᠂ 5︾ ᠶᠢᠨ | ᠲᠦᠯᠦᠪᠵᠢᠭᠦᠯᠭᠡ ᠶᠢᠨ ᠬᠤᠭᠤᠴᠠᠭᠠᠨ ᠤ ᠬᠤᠴᠣᠷᠣᠩᠭᠤᠢ ᠦᠢᠯᠡᠳᠪᠦᠷᠢᠯᠡᠬᠦ ᠴᠢᠳᠠᠪᠦᠷᠢ ᠶᠢ ᠰᠢᠭᠰᠢᠭᠳᠡᠭᠦᠯᠬᠦ | ᠬᠠᠷᠠᠯᠳᠠ ᠶᠢ ᠨᠢᠭᠡ ᠵᠢᠯ ᠣᠷᠢᠳᠴᠢᠯᠠᠨ ᠪᠡᠶᠡᠯᠡᠭᠦᠯᠬᠦ ᠶᠢ ᠦᠨᠡᠨᠬᠦ ᠪᠠᠳᠣᠯᠠᠨ᠎ᠠ᠃ ᠪᠤᠬᠢᠷᠳᠣᠯ ᠭᠠᠳᠠᠭᠰᠢᠯᠠᠭᠤᠯᠬᠤ | ᠡᠷᠬᠡ ᠶᠢ ᠲᠦᠯᠦᠪᠦᠷᠢ ᠲᠠᠢ ᠬᠡᠷᠡᠭᠯᠡᠭᠦᠯᠬᠦ ᠪᠠ ᠠᠷᠠᠯᠵᠢᠶᠠᠯᠠᠬᠤ ᠲᠤᠷᠰᠢᠯᠳᠠ ᠶᠢ ᠢᠳᠡᠪᠬᠢᠲᠠᠢ ᠪᠠᠷ ᠲᠦᠯᠬᠢᠨ | ᠠᠬᠢᠭᠤᠯᠵᠤ᠂ ᠲᠤᠤᠷ᠎ᠠ ᠨᠡᠭᠦᠷᠡᠰᠦᠳᠦ᠋ᠷᠦᠭᠴᠢᠲᠦ ᠠᠵᠣ ᠠᠬᠤᠢ ᠶᠢᠨ ᠰᠢᠰᠲ᠋ᠧᠮᠵᠢ ᠶᠢ ᠲᠦᠷᠭᠡᠳᠭᠡᠨ ᠪᠤᠶᠢᠵᠢᠭᠤᠯᠵᠤ᠂ | ᠨᠡᠭᠦᠷᠡᠰᠦᠳᠦ᠋ᠷᠦᠭᠴᠢ ᠶᠢ ᠰᠢᠩᠭᠡᠭᠡᠨ ᠠᠪᠬᠤ ᠠᠷᠠᠯᠵᠢᠶ᠎ᠠ ᠶᠢ ᠲᠦᠯᠬᠢᠨ ᠠᠬᠢᠭᠤᠯᠤᠨ᠎ᠠ᠃ ᠡᠨᠧᠷᠬᠢ ᠠᠷᠪᠢᠯᠠᠵᠦ | ᠪᠣᠬᠢᠷᠳᠣᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠣᠯᠣᠨ | ᠶᠡᠷᠦᠩᠬᠡᠶᠢᠯᠡᠭᠰᠡᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠠᠷᠪᠠᠨ ᠶᠡᠭᠡ ᠭᠤᠣᠯᠳᠠᠯᠭ᠎ᠠ ᠲᠠᠢ | ᠡᠨᠧᠷᠬᠢ ᠠᠷᠪᠢᠯᠠᠬᠤ ᠢᠨᠵᠧᠨᠧᠷᠢᠩ ᠤᠨ ᠪᠠᠶᠢᠭᠤᠯᠣᠯᠳᠡ ᠶᠢ ᠴᠢᠩᠭᠠᠳᠬᠠᠨ᠂ ᠡᠨᠧᠷᠬᠢ ᠠᠷᠪᠢᠯᠠᠨ ᠭᠠᠵᠠᠷ ᠲᠤ ᠭᠠᠮᠳᠠᠢ | ᠬᠡᠯᠪᠡᠷᠢ ᠶᠢᠨ ᠪᠣᠬᠢᠷᠳᠣᠯ ᠦᠬᠡᠢ ᠪᠠᠷᠢᠯᠭ᠎ᠠ ᠶᠢ ᠶᠡᠬᠡᠪᠡᠷ ᠬᠦᠭᠵᠢᠭᠦᠯᠵᠦ᠂ ᠵᠠᠰᠠᠭ ᠤᠨ ᠣᠷᠳᠣᠨ ᠠᠴᠠ ᠪᠡᠯᠡ | ᠣᠷᠣᠭᠤᠯᠣᠨ ᠪᠦᠳᠦᠭᠡᠨ ᠪᠠᠶᠢᠭᠤᠯᠬᠤ ᠬᠦᠷᠢᠶᠡᠨ ᠳᠤ ᠪᠣᠬᠢᠷᠳᠣᠯ ᠦᠬᠡᠢ ᠪᠠᠷᠢᠯᠭ᠎ᠠ ᠶᠢᠨ ᠪᠠᠷᠢᠮᠵᠢᠶ᠎ᠡ ᠶᠢ | ᠠᠯᠪᠠᠳᠠᠯᠭ᠎ᠠ ᠪᠠᠷ ᠬᠡᠷᠡᠭᠵᠢᠭᠦᠯᠦᠨ᠎ᠡ᠃ | ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠶᠢ ᠴᠢᠩᠭᠠᠳᠬᠠᠨ᠎ᠠ᠃ ᠣᠷᠴᠢᠯ | ᠠᠵᠦ ᠠᠬᠤᠢ ᠶᠢ ᠶᠡᠬᠡᠪᠡᠷ ᠬᠦᠭᠵᠢᠭᠦᠯᠵᠦ᠂ ᠣᠷᠴᠢᠯ ᠠᠵᠦ ᠠᠬᠤᠢ ᠶᠢᠨ ᠵᠢᠱᠢᠶ᠎ᠡ ᠦᠵᠡᠬᠦᠯᠬᠦ ᠨᠢᠬᠡ ᠪᠦᠯᠦᠭ ᠠᠵᠦ | ᠠᠬᠤᠶᠢᠯᠠᠯ ᠪᠣᠯᠣᠨ ᠵᠢᠱᠢᠶ᠎ᠡ ᠦᠵᠡᠬᠦᠯᠬᠦ ᠬᠦᠷᠢᠶᠡᠯᠡᠩ ᠲᠣᠭᠤᠷᠢᠭ ᠢ ᠪᠦᠳᠦᠭᠡᠨ ᠪᠠᠶᠢᠭᠤᠯᠵᠦ᠂ ᠨᠣᠨᠳᠠᠭ | ᠨᠡᠭᠦᠷᠡᠰᠦᠨ ᠤ ᠦᠨᠡᠰᠦ᠂ ᠨᠡᠭᠦᠷᠡᠰᠦᠨ ᠴᠢᠯᠠᠭᠤ᠂ ᠲᠡᠮᠦᠷᠯᠢᠭ ᠬᠠᠶᠢᠯᠣᠭᠤᠯᠬᠤ ᠬᠢᠮᠢ ᠶᠢᠨ ᠠᠵᠦ ᠦᠢᠯᠡᠳᠪᠦᠷᠢ ᠶᠢᠨ | ᠬᠠᠶᠠᠭᠳᠠᠯ ᠰᠢᠭᠠᠷᠦ ᠵᠡᠷᠬᠡ ᠠᠵᠦ ᠦᠢᠯᠡᠳᠪᠦᠷᠢ ᠶᠢᠨ ᠬᠠᠶᠠᠭᠳᠠᠮᠠᠯ ᠪᠣᠳᠠᠰ ᠢ ᠠᠰᠢᠭᠯᠠᠬᠤ ᠶᠢ ᠲᠦᠯᠬᠢᠨ | ᠠᠬᠢᠭᠤᠯᠣᠨ᠎ᠠ᠃ ᠣᠰᠣᠨ ᠤ ᠡᠬᠢ ᠪᠠᠶᠠᠯᠢᠭ ᠤᠨ ᠬᠠᠮᠢᠶᠠᠷᠣᠯᠳᠡ ᠶᠢᠨ ᠬᠠᠮᠤᠭ ᠤᠨ ᠴᠢᠩᠭ᠎ᠠ ᠲᠦᠷᠢᠮ ᠢ | ᠬᠡᠷᠡᠭᠵᠢᠭᠦᠯᠵᠦ᠂ ᠭᠠᠵᠠᠷ ᠲᠣᠣᠷᠡᠬᠢ ᠣᠰᠣ ᠶᠢ ᠠᠷᠪᠢᠯᠠᠵᠦ ᠬᠠᠮᠠᠭᠠᠯᠠᠬᠤ ᠶᠢ ᠴᠢᠩᠭᠠᠳᠬᠠᠨ᠂ ᠭᠠᠵᠠᠷ ᠲᠣᠣᠷᠡᠬᠢ | ᠣᠰᠣ ᠶᠢ ᠬᠡᠷᠡᠭᠯᠡᠨ ᠣᠰᠣ ᠶᠡᠭᠡ ᠬᠤᠷᠣᠭᠳᠠᠭᠤᠯᠬᠤ ᠠᠵᠦ ᠦᠢᠯᠡᠰ ᠢ ᠬᠦᠭᠵᠢᠬᠦᠯᠬᠦ ᠶᠢ ᠴᠢᠩᠭ᠎ᠠ ᠴᠠᠭᠠᠵᠠᠯᠠᠨ᠎ᠠ᠃ | ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ᠂ ᠭᠠᠵᠠᠷ ᠤᠨ ᠭᠠᠮᠰᠢᠭ ᠬᠢᠭᠡᠳ ᠨᠡᠭᠦᠷᠡᠰᠦᠨ ᠠᠭᠤᠷᠬᠠᠢ ᠶᠢᠨ ᠭᠠᠯ | ᠨᠣᠴᠣᠭᠰᠠᠨ ᠣᠷᠣᠨ᠂ ᠲᠣᠷᠣᠭᠰᠢ ᠰᠠᠭᠤᠭᠰᠠᠨ ᠣᠷᠣᠨ ᠢ ᠵᠠᠰᠠᠬᠤ ᠶᠢ ᠴᠢᠩᠭᠠᠳᠬᠠᠨ᠂ ᠡᠯᠡᠰᠦ ᠮᠠᠩᠬ᠎ᠠ ᠡᠯᠡᠰᠦᠷᠬᠡᠭ | ᠭᠠᠵᠠᠷ ᠪᠣᠯᠣᠨ ᠬᠦᠷᠦᠰᠦ ᠰᠢᠷᠦᠢ ᠶᠢᠨ ᠢᠳᠡᠭᠳᠡᠯ ᠢ ᠵᠠᠰᠠᠬᠤ ᠪᠠ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ | ᠴᠢᠩᠭᠠᠷᠠᠭᠤᠯᠣᠨ᠎ᠠ᠃ ᠬᠡᠨ ᠠᠰᠢᠭ ᠬᠦᠷᠳᠡᠵᠦ ᠪᠠᠶᠢᠪᠠᠯ ᠲᠡᠭᠦᠨ ᠢᠶᠠᠷ ᠨᠦᠬᠦᠪᠦᠷᠢᠯᠡᠭᠦᠯᠬᠦ ᠵᠠᠷᠴᠢᠮ ᠢ ᠪᠠᠷᠢᠮᠳᠠᠯᠠᠨ᠂ | ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢᠳᠣ ᠣᠷᠣᠨ ᠤ ᠠᠮᠢ ᠠᠬᠤᠢ ᠳᠤ ᠨᠦᠬᠦᠪᠦᠷᠢᠯᠡᠬᠦ ᠲᠣᠭᠳᠠᠴᠠ ᠶᠢ | ᠲᠡᠭᠦᠯᠳᠡᠷᠵᠢᠭᠦᠯᠵᠦ᠂ ᠡᠬᠢ ᠪᠠᠶᠠᠯᠢᠭ ᠢ ᠨᠡᠬᠡᠬᠡᠨ ᠠᠰᠢᠭᠯᠠᠬᠤ ᠶᠢ ᠲᠠᠷᠢᠶᠠᠴᠢᠨ ᠮᠠᠯᠴᠢᠳ ᠤᠨ ᠠᠰᠢᠭ ᠲᠣᠰᠠ ᠯᠤᠭ᠎ᠠ | ᠵᠣᠯᠭᠠᠯᠳᠣᠭᠤᠯᠬᠤ ᠲᠣᠭᠳᠠᠴᠠ ᠶᠢ ᠪᠠᠶᠢᠭᠤᠯᠣᠨ᠂ ᠡᠶ᠎ᠡ ᠵᠣᠬᠢᠴᠠᠯ ᠲᠠᠢ ᠠᠭᠤᠷᠬᠠᠢ ᠶᠢᠨ ᠣᠷᠣᠨ᠂ ᠪᠣᠬᠢᠷᠳᠣᠯ ᠦᠬᠡᠢ | ᠠᠭᠤᠷᠬᠠᠢ ᠶᠢᠨ ᠣᠷᠣᠨ ᠢ ᠪᠦᠳᠦᠭᠡᠨ ᠪᠠᠶᠢᠭᠤᠯᠬᠤ ᠶᠢ ᠲᠦᠯᠬᠢᠨ ᠠᠬᠢᠭᠤᠯᠣᠨ᠎ᠠ᠃ ᠠᠭᠠᠷ ᠮᠠᠨᠳᠠᠯ ᠤᠨ ᠪᠣᠬᠢᠷᠳᠣᠯ ᠢ | ᠰᠡᠷᠭᠡᠶᠢᠯᠡᠨ ᠵᠠᠰᠠᠬᠤ ᠠᠵᠢᠯᠯᠠᠭ᠎ᠠ ᠶᠢᠨ ᠲᠦᠯᠦᠪᠯᠡᠭᠡ ᠬᠢᠭᠡᠳ ᠲᠦᠬᠦᠷ ᠲᠦᠷᠦ ᠶᠢᠨ ᠪᠣᠳᠣᠯᠭ᠎ᠠ ᠶᠢ | ᠨᠠᠶᠢᠳᠠᠪᠣᠷᠢᠵᠢᠭᠤᠯᠵᠦ᠂ ᠠᠷᠢᠭᠤᠨ ᠴᠡᠪᠡᠷ ᠡᠨᠧᠷᠬᠢ ᠪᠠᠷ ᠣᠷᠣᠯᠠᠭᠤᠯᠬᠤ ᠶᠢ ᠲᠦᠷᠭᠡᠳᠭᠡᠨ ᠭᠡᠷᠡᠭᠵᠢᠭᠦᠯᠵᠦ᠂ ᠡᠯ᠎ᠡ | ᠵᠦᠢᠯ ᠤᠨ ᠪᠣᠬᠢᠷᠳᠣᠯ ᠢ ᠪᠦᠬᠦ ᠲᠠᠯ᠎ᠠ ᠪᠠᠷ ᠵᠠᠰᠠᠵᠦ᠂ ᠣᠯᠣᠰ ᠠᠴᠠ ᠪᠠᠭᠤᠯᠭᠠᠭᠰᠠᠨ ᠡᠬᠦᠷᠭᠡ ᠶᠢ ᠦᠨᠡᠨᠬᠦ | ᠪᠠᠳᠣᠯᠠᠭ᠎ᠠ ᠲᠠᠢ ᠪᠡᠶᠡᠯᠡᠭᠦᠯᠦᠨ᠎ᠡ᠃ ᠭᠤᠣᠯᠳᠠᠯᠭ᠎ᠠ ᠲᠠᠢ ᠰᠠᠪᠠ ᠭᠠᠵᠠᠷ᠂ ᠠᠵᠢᠯ ᠲᠦᠷᠦᠯ ᠤᠨ ᠣᠰᠣᠨ ᠤ | ᠪᠣᠬᠢᠷᠳᠣᠯ ᠢ ᠰᠡᠷᠭᠡᠶᠢᠯᠡᠨ ᠵᠠᠰᠠᠬᠤ ᠪᠠ ᠬᠦᠨᠳᠣ ᠲᠡᠮᠦᠷᠯᠢᠭ ᠤᠨ ᠪᠣᠬᠢᠷᠳᠣᠯ ᠢ ᠶᠡᠷᠦᠩᠬᠡᠶᠢᠯᠡᠨ ᠵᠠᠰᠠᠬᠤ ᠶᠢ | ᠴᠢᠩᠭᠠᠳᠬᠠᠨ᠂ ᠰᠠᠪᠠ ᠭᠠᠵᠠᠷ᠂ ᠣᠷᠣᠨ ᠪᠦᠰᠡ ᠶᠢᠨ ᠣᠷᠴᠢᠨ ᠲᠣᠭᠤᠷᠢᠨ ᠤ ᠠᠶᠣᠯ ᠦᠬᠡᠢ ᠶᠢ ᠦᠨᠡᠨᠬᠦ | ᠪᠠᠳᠣᠯᠠᠨ᠎ᠠ᠃ | ︵ᠲᠣᠯᠤᠭ᠎ᠠ︶ ᠰᠢᠨ᠎ᠡ ᠮᠠᠶ᠋ᠢᠭ ᠤᠨ ᠬᠤᠳᠠ ᠪᠠᠯᠭᠠᠰᠣᠴᠢᠯᠠᠬᠤ ᠵᠠᠮ ᠢᠶᠠᠷ ᠵᠠᠮᠨᠠᠵᠦ᠂ ᠬᠤᠳᠡ ᠬᠦᠳᠡᠭᠡ ᠶᠢᠨ | ᠵᠣᠬᠢᠴᠠᠩᠭᠤᠢ ᠪᠠᠷ ᠬᠦᠭᠵᠢᠬᠦ ᠶᠢ ᠠᠬᠢᠭᠤᠯᠣᠨ᠎ᠠ | ᠬᠤᠳᠡ ᠬᠦᠳᠡᠭᠡ ᠶᠢᠨ ᠲᠦᠯᠦᠪᠵᠢᠭᠦᠯᠭᠡ ᠶᠢᠨ ᠬᠦᠳᠦᠯᠦᠨ ᠵᠢᠯᠣᠭᠤᠳᠬᠤ ᠪᠠ ᠲᠣᠬᠢᠷᠠᠭᠤᠯᠣᠨ ᠡᠵᠡᠮᠳᠡᠬᠦ | ᠦᠢᠯᠡᠳᠣᠯ ᠢ ᠪᠠᠳᠠᠷᠠᠭᠤᠯᠣᠨ᠎ᠠ᠃ ᠬᠦᠮᠦᠨ ᠢᠶᠠᠷ ᠦᠨᠳᠣᠰᠣ ᠪᠣᠯᠭᠠᠬᠤ᠂ ᠠᠵᠦ ᠦᠢᠯᠡᠳᠪᠦᠷᠢᠵᠢᠭᠦᠯᠬᠦ᠂ ᠮᠡᠳᠡᠭᠡ | ᠵᠠᠩᠭᠢᠵᠢᠭᠤᠯᠬᠤ᠂ ᠬᠤᠳᠠ ᠪᠠᠯᠭᠠᠰᠣᠴᠢᠯᠠᠬᠤ᠂ ᠲᠡᠷᠢᠶᠠᠯᠠᠩ ᠮᠠᠯ ᠠᠵᠦ ᠠᠬᠤᠢ ᠶᠢᠨ ᠣᠳᠣᠬᠢᠴᠢᠯᠠᠬᠤ ᠶᠢ | ᠵᠡᠷᠭᠡ ᠳᠤ ᠨᠢ ᠬᠦᠭᠵᠢᠭᠦᠯᠬᠦ᠂ ᠰᠢᠨᠵᠢᠯᠡᠬᠦ ᠣᠬᠠᠭᠠᠨᠴᠢ ᠪᠠᠷ ᠪᠠᠶᠢᠷᠢᠯᠠᠭᠤᠯᠬᠤ᠂ ᠪᠣᠬᠢᠷᠳᠣᠯ ᠦᠬᠡᠢ ᠬᠦᠭᠵᠢᠬᠦᠯᠬᠦ᠂ | ᠰᠣᠶᠣᠯ ᠢ ᠣᠯᠠᠮᠵᠢᠯᠠᠬᠤ ᠰᠢᠨ᠎ᠡ ᠮᠠᠶ᠋ᠢᠭ ᠤᠨ ᠬᠤᠳᠠ ᠪᠠᠯᠭᠠᠰᠣᠴᠢᠯᠠᠬᠤ ᠵᠠᠮ ᠢᠶᠠᠷ ᠵᠠᠮᠨᠠᠬᠤ ᠶᠢ ᠪᠠᠷᠢᠮᠳᠠᠯᠠᠨ᠂ ᠬᠤᠳᠠ | ᠪᠠᠯᠭᠠᠰᠤ ᠶᠢᠨ ᠶᠡᠷᠦᠩᠬᠡᠢ ᠲᠦᠯᠦᠪᠵᠢᠭᠦᠯᠭᠡ ᠪᠤᠯᠤᠨ ᠡᠵᠡᠮᠰᠢᠯ ᠤᠨ ᠴᠢᠨᠠᠷᠲᠠᠢ ᠨᠠᠷᠢᠨ ᠲᠣᠳᠣᠷᠬᠠᠢ | ᠲᠦᠯᠦᠪᠵᠢᠭᠦᠯᠭᠡ ᠶᠢ ᠰᠢᠨᠵᠢᠯᠡᠬᠦ ᠣᠬᠠᠭᠠᠨᠴᠢ ᠪᠠᠷ ᠨᠠᠶᠢᠷᠠᠭᠤᠯᠤᠨ ᠵᠤᠬᠢᠶᠠᠵᠣ᠂ ᠶᠡᠭᠡ ᠲᠤᠮᠳᠠ ᠪᠠᠭ᠎ᠠ ᠬᠤᠳᠠ ᠪᠠ | ᠪᠠᠭ᠎ᠠ ᠬᠤᠳᠠ ᠪᠠᠯᠭᠠᠰᠣ ᠶᠢᠨ ᠵᠣᠬᠢᠴᠠᠩᠭᠤᠢ ᠪᠠᠷ ᠬᠦᠭᠵᠢᠬᠦ᠂ ᠠᠵᠣ ᠦᠢᠯᠡᠰ ᠪᠣᠯᠣᠨ ᠬᠤᠳᠠ ᠪᠠᠯᠭᠠᠰᠦ ᠨᠡᠶᠢᠯᠡᠵᠦ | ᠬᠦᠭᠵᠢᠬᠦ᠂ ᠬᠤᠳᠠ ᠪᠠᠯᠭᠠᠰᠣᠴᠢᠯᠠᠯᠳᠠ ᠪᠠ ᠰᠢᠨ᠎ᠡ ᠲᠠᠷᠢᠶᠠᠯᠠᠬᠤ ᠮᠠᠯᠵᠢᠬᠤ ᠤᠷᠤᠨ ᠤ ᠪᠦᠳᠦᠭᠡᠨ ᠪᠠᠶᠢᠭᠤᠯᠤᠳᠠ ᠶᠢ | ᠵᠤᠬᠢᠴᠠᠩᠭᠤᠢ ᠪᠠᠷ ᠲᠦᠯᠬᠢᠨ ᠠᠬᠢᠭᠤᠯᠬᠤ ᠶᠢ ᠢᠳᠡᠪᠬᠢᠲᠠᠢ ᠪᠠᠷ ᠬᠦᠳᠦᠯᠦᠨ ᠵᠢᠯᠣᠭᠤᠳᠣᠨ᠎ᠠ᠃ ᠡᠷᠦᠬᠡ ᠠᠮᠠ ᠶᠢᠨ | ᠬᠠᠷᠢᠶ᠎ᠠ᠂ ᠭᠠᠵᠠᠷ ᠰᠢᠷᠦᠢ᠂ ᠣᠷᠣᠨ ᠰᠠᠭᠤᠴᠠ᠂ ᠣᠯᠠᠨ ᠨᠡᠶᠢᠳᠡ ᠶᠢᠨ ᠦᠨᠳᠦᠰᠦᠨ ᠦᠢᠯᠡᠴᠢᠯᠡᠭᠡᠨ ᠵᠡᠷᠭᠡ ᠲᠦᠭᠦᠷ | ᠲᠦᠷᠦ ᠶᠢᠨ ᠪᠤᠳᠣᠯᠭ᠎ᠠ ᠶᠢ ᠰᠣᠳᠣᠯᠣᠨ ᠲᠣᠭᠳᠠᠭᠠᠵᠣ᠂ ᠲᠣᠷᠰᠢᠯᠳᠠ ᠶᠢᠨ ᠴᠢᠭ᠋ ᠢᠶᠠᠷ ᠵᠢᠱᠢᠶ᠎ᠠ ᠦᠵᠡᠭᠦᠯᠬᠦ ᠶᠢ | ᠲᠦᠷᠭᠡᠳᠭᠡᠨ ᠦᠷᠨᠢᠭᠦᠯᠵᠤ᠂ ᠲᠠᠷᠢᠶᠠᠯᠠᠩ ᠮᠠᠯ ᠠᠵᠤ ᠠᠬᠤᠢ ᠠᠴᠠ ᠰᠢᠯᠵᠢᠭᠰᠡᠨ ᠬᠦᠮᠦᠨ ᠠᠮᠠ ᠶᠢ ᠬᠤᠳᠠ ᠶᠢᠨ | ᠠᠷᠠᠳ ᠪᠤᠯᠭᠠᠬᠤ ᠶᠢ ᠲᠦᠯᠬᠢᠨ ᠠᠬᠢᠭᠤᠯᠵᠤ᠂ ᠣᠯᠠᠨ ᠨᠡᠶᠢᠳᠡ ᠶᠢᠨ ᠦᠨᠳᠦᠰᠦᠨ ᠦᠢᠯᠡᠴᠢᠯᠡᠭᠡᠨ ᠢ ᠡᠷᠬᠡ | ᠲᠡᠭᠰᠢ ᠪᠠᠷ ᠬᠦᠷᠳᠡᠭᠡᠬᠦ ᠶᠢᠨ ᠬᠠᠮᠲᠦ ᠡᠷᠦᠬᠡ ᠠᠮᠠ ᠶᠢᠨ ᠬᠠᠷᠢᠶ᠎ᠠ ᠶᠢᠨ ᠬᠦᠮᠦᠨ ᠠᠮᠠ ᠠᠴᠠ ᠪᠠᠶᠢᠩᠭᠤ ᠰᠠᠭᠤᠭ᠎ᠠ | ᠬᠦᠮᠦᠨ ᠠᠮᠠ ᠲᠡᠰᠢ ᠪᠦᠬᠦᠨ ᠢ ᠬᠠᠮᠣᠷᠣᠭᠤᠯᠬᠤ ᠶᠢ ᠪᠡᠶᠡᠯᠡᠭᠦᠯᠦᠨ᠎ᠡ᠃ | ᠬᠤᠳᠠ ᠪᠠᠯᠭᠠᠰᠦ ᠶᠢᠨ ᠪᠠᠶᠢᠷᠢᠰᠢᠭᠤᠯᠣᠯ ᠪᠤᠯᠤᠨ ᠬᠡᠯᠪᠡᠷᠢ ᠪᠠᠶᠢᠳᠠᠯ ᠢ ᠰᠢᠯᠢᠳᠡᠭᠵᠢᠭᠦᠯᠦᠨ᠎ᠡ᠃ ᠣᠯᠠᠨ | ᠲᠦᠪ ᠢᠶᠠᠷ ᠲᠠᠶᠢᠴᠢᠯᠠᠬᠤ᠂ ᠣᠯᠠᠨ ᠵᠠᠩᠬᠢᠯᠠᠭ᠎ᠠ ᠴᠢᠭ᠋ ᠢᠶᠠᠷ ᠲᠤᠯᠭᠠᠭᠤᠷᠢᠯᠠᠭᠤᠯᠬᠤ ᠶᠢ ᠪᠠᠷᠢᠮᠳᠠᠯᠠᠨ᠂ ᠶᠡᠭᠡ ᠪᠠᠷ | ᠪᠠᠭ᠎ᠠ ᠶᠢ ᠲᠠᠶᠢᠴᠢᠯᠠᠭᠰᠠᠨ᠂ ᠶᠡᠭᠡ ᠲᠣᠮᠳᠠ ᠪᠠᠭ᠎ᠠ ᠬᠤᠳᠠ ᠪᠠ ᠪᠠᠭ᠎ᠠ ᠬᠤᠳᠠ ᠪᠠᠯᠭᠠᠰᠦ ᠵᠣᠬᠢᠴᠠᠩᠭᠤᠢ ᠪᠠᠷ | ᠬᠦᠭᠵᠢᠭᠰᠡᠨ ᠬᠤᠳᠠ ᠪᠠᠯᠭᠠᠰᠣᠴᠢᠯᠠᠬᠤ ᠰᠢᠨ᠎ᠡ ᠪᠠᠶᠢᠷᠢᠰᠢᠯ ᠢ ᠴᠣᠭᠴᠠᠯᠠᠨ ᠪᠠᠶᠢᠭᠤᠯᠤᠨ᠎ᠠ᠃ ᠬᠦᠬᠡᠬᠤᠳᠠ ᠪᠣᠭᠤᠲᠦ | ᠣᠷᠳᠣᠰ ᠲᠡᠮᠡᠭᠡᠲᠦ ᠶᠢᠨ ᠬᠤᠳᠠ ᠶᠢᠨ ᠪᠦᠭᠡᠮᠨᠡᠷᠡᠯ ᠤᠨ ᠲᠤᠬᠠᠢ ᠣᠯᠣᠰ ᠤᠨ ᠲᠦᠯᠦᠪᠵᠢᠭᠦᠯᠭᠡ ᠶᠢ | ᠨᠠᠶᠢᠳᠠᠪᠦᠷᠢᠵᠢᠭᠤᠯᠤᠨ᠂ ᠬᠦᠬᠡᠬᠤᠳᠠ ᠪᠣᠭᠤᠲᠦ ᠣᠷᠳᠣᠰ ᠤᠨ ᠬᠤᠳᠠ ᠶᠢᠨ ᠪᠦᠭᠡᠮᠨᠡᠷᠡᠯ ᠤᠨ ᠪᠦᠳᠦᠭᠡᠨ | ᠪᠠᠶᠢᠭᠤᠯᠤᠳᠠ ᠶᠢ ᠲᠦᠯᠬᠢᠨ ᠠᠬᠢᠭᠤᠯᠵᠤ᠂ ᠴᠢᠳᠠᠮᠵᠢ ᠪᠠᠷ ᠢᠶᠠᠨ ᠬᠠᠷᠢᠯᠴᠠᠨ ᠨᠦᠬᠦᠪᠦᠷᠢᠯᠡᠬᠦ᠂ ᠠᠵᠣ | ᠦᠢᠯᠡᠰ ᠢᠶᠠᠷ ᠢᠶᠠᠨ ᠬᠠᠷᠢᠯᠴᠠᠨ ᠲᠣᠰᠠᠯᠠᠬᠤ ᠶᠢ ᠠᠬᠢᠭᠤᠯᠤᠨ᠂ ᠵᠡᠷᠭᠡᠴᠡᠨ ᠬᠤᠯᠪᠣᠯᠳᠣᠬᠤ ᠬᠡᠯᠪᠡᠷᠢ ᠪᠠ ᠪᠦᠯᠬᠦᠮ | ᠪᠠᠶᠢᠭᠤᠯᠬᠤ ᠬᠡᠯᠪᠡᠷᠢ ᠶᠢᠨ ᠬᠦᠭᠵᠢᠯᠳᠡ ᠶᠢ ᠪᠡᠶᠡᠯᠡᠭᠦᠯᠦᠨ᠂ ᠪᠦᠬᠦ ᠣᠷᠣᠨ ᠤ ᠬᠦᠭᠵᠢᠯᠳᠡ ᠶᠢ ᠣᠳᠣᠷᠢᠳᠣᠨ | ᠲᠠᠭᠠᠭᠤᠯᠣᠭᠰᠠᠨ ᠴᠢᠬᠤᠯᠠ ᠨᠡᠮᠡᠭᠳᠡᠯ ᠤᠨ ᠲᠦᠢᠯ ᠢ ᠪᠤᠢ ᠪᠤᠯᠭᠠᠨ᠎ᠠ᠃ ᠬᠦᠬᠡᠬᠤᠳᠠ ᠶᠢᠨ ᠪᠦᠳᠦᠭᠡᠨ | ᠪᠠᠶᠢᠭᠤᠯᠤᠯᠳᠠ ᠶᠢᠨ ᠬᠠᠮᠢᠶᠠᠷᠣᠯᠳᠠ ᠶᠢᠨ ᠬᠢᠷᠢ ᠬᠡᠮᠵᠢᠶ᠎ᠡ ᠶᠢ ᠲᠡᠭᠡᠭᠰᠢᠯᠡᠭᠦᠯᠵᠤ᠂ ᠣᠷᠣᠨ ᠤ ᠲᠦᠪ ᠬᠤᠳᠠ ᠶᠢᠨ | ᠵᠢᠱᠢᠶ᠎ᠠ ᠦᠵᠡᠭᠦᠯᠦᠨ ᠲᠠᠶᠢᠴᠢᠯᠠᠨ ᠲᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠣᠨ᠎ᠠ᠃ ᠠᠶᠢᠮᠠᠭ ᠬᠤᠳᠠ ᠶᠢᠨ | ᠪᠠᠶᠢᠭ᠎ᠠ ᠭᠠᠵᠠᠷ ᠤᠨ ᠲᠦᠪ ᠬᠤᠳᠠ ᠶᠢᠨ ᠲᠤᠭᠤᠷᠢᠭ ᠢᠶᠠᠷ ᠭᠤᠤᠯᠳᠠᠯᠭ᠎ᠠ ᠪᠤᠯᠭᠠᠨ᠂ ᠨᠡᠭᠡᠭᠡᠨ ᠬᠦᠭᠵᠢᠭᠦᠯᠬᠦ | ᠬᠦᠴᠦᠯᠡᠴᠡ ᠶᠢ ᠰᠢᠨᠵᠢᠯᠡᠬᠦ ᠣᠬᠠᠭᠠᠨ ᠪᠠᠷ ᠲᠤᠬᠢᠷᠠᠭᠤᠯᠵᠣ᠂ ᠨᠡᠭᠡᠭᠡᠨ ᠬᠦᠭᠵᠢᠭᠦᠯᠬᠦ ᠵᠠᠭᠠᠭ ᠢ ᠵᠦᠢ ᠵᠣᠬᠢᠰᠲᠠᠢ | ᠢᠯᠭᠠᠨ ᠲᠤᠭᠳᠠᠭᠠᠵᠣ᠂ ᠣᠯᠣᠰ ᠤᠨ ᠭᠠᠵᠠᠷ ᠰᠢᠷᠦᠢ ᠶᠢᠨ ᠣᠷᠣᠨ ᠵᠠᠢ ᠶᠢ ᠲᠡᠩᠴᠡᠭᠦᠷᠢᠲᠠᠢ ᠨᠡᠭᠡᠭᠡᠨ | ᠬᠦᠭᠵᠢᠭᠦᠯᠬᠦ ᠶᠢ ᠲᠦᠯᠬᠢᠨ ᠠᠬᠢᠭᠤᠯᠵᠤ᠂ ᠣᠷᠣᠨ ᠪᠦᠰᠡ ᠶᠢᠨ ᠴᠢᠨᠠᠷᠲᠠᠢ ᠲᠦᠪ ᠬᠤᠳᠠ ᠶᠢ ᠬᠦᠴᠦᠷᠭᠡᠭᠵᠢᠭᠦᠯᠦᠨ᠂ | ᠣᠷᠣᠨ ᠪᠦᠰᠡ ᠶᠢᠨ ᠬᠦᠭᠵᠢᠯᠳᠡ ᠶᠢ ᠲᠠᠶᠢᠴᠢᠯᠠᠨ᠎ᠠ᠃ ᠰᠢᠶᠠᠨ ᠤ ᠬᠤᠳᠠ ᠶᠢᠨ ᠪᠠᠭᠳᠠᠭᠠᠮᠵᠢ ᠶᠢ ᠦᠷᠭᠡᠳᠭᠡᠨ | ᠴᠢᠨᠠᠷ ᠢ ᠲᠡᠭᠡᠭᠰᠢᠯᠡᠭᠦᠯᠬᠦ ᠪᠠᠷ ᠭᠤᠤᠯᠳᠠᠯᠭ᠎ᠠ ᠪᠤᠯᠭᠠᠨ᠂ ᠬᠤᠳᠠ ᠶᠢᠨ ᠲᠡᠭᠦᠷᠭᠡ ᠪᠠᠯᠭᠠᠰᠦ ᠪᠤᠯᠤᠨ ᠭᠤᠣᠯᠳᠠᠯᠭ᠎ᠠ ᠲᠠᠢ | ᠪᠠᠯᠭᠠᠰᠦ ᠶᠢᠨ ᠪᠦᠳᠦᠭᠡᠨ ᠪᠠᠶᠢᠭᠤᠯᠤᠯᠳᠠ ᠶᠢ ᠰᠠᠶᠢᠳᠣᠷ ᠠᠳᠬᠤᠵᠣ᠂ ᠬᠡᠪᠴᠢᠶ᠎ᠡ ᠨᠢ ᠵᠤᠬᠢᠰᠲᠠᠢ᠂ ᠴᠢᠳᠠᠮᠵᠢ ᠨᠢ | ᠪᠦᠷᠢᠨ᠂ ᠪᠠᠶᠢᠷᠢᠰᠢᠯᠠᠭᠤᠯᠤᠯ ᠨᠢ ᠵᠦᠢ ᠵᠤᠬᠢᠰᠲᠠᠢ᠂ ᠠᠵᠢᠯᠯᠠᠵᠤ ᠠᠮᠢᠳᠣᠷᠠᠬᠤ ᠳᠤ ᠴᠦᠮ ᠲᠤᠬᠢᠷᠠᠮᠵᠢᠲᠠᠢ | ᠣᠨᠴᠠᠯᠢᠭᠲᠦ ᠬᠤᠳᠠ ᠪᠠᠯᠭᠠᠰᠦ ᠶᠢᠨ ᠰᠢᠰᠲ᠋ᠧᠮᠵᠢ ᠶᠢ ᠪᠤᠢ ᠪᠤᠯᠭᠠᠨ᠎ᠠ᠃ | ᠬᠤᠳᠠ ᠶᠢᠨ ᠪᠦᠳᠦᠭᠡᠨ ᠪᠠᠶᠢᠭᠤᠯᠤᠯᠳᠠ ᠶᠢᠨ ᠬᠠᠮᠢᠶᠠᠷᠣᠯᠳᠠ ᠶᠢᠨ ᠬᠢᠷᠢ ᠬᠡᠮᠵᠢᠶ᠎ᠡ ᠶᠢ ᠲᠡᠭᠡᠭᠰᠢᠯᠡᠭᠦᠯᠦᠨ᠎ᠡ᠃ | ᠭᠠᠵᠠᠷ ᠰᠢᠷᠣᠢ ᠶᠢᠨ ᠠᠰᠢᠭᠯᠠᠮᠵᠢ ᠶᠢ ᠲᠡᠭᠡᠭᠰᠢᠯᠡᠭᠦᠯᠦᠨ᠂ ᠨᠡᠮᠡᠭᠳᠡᠯ ᠢ ᠴᠢᠩᠭ᠎ᠠ ᠬᠢᠵᠠᠭᠠᠷᠯᠠᠵᠤ᠂ ᠦᠯᠡᠳᠡᠭᠡᠯ ᠢ | ᠠᠮᠢᠳᠣᠯᠢᠭᠵᠢᠭᠤᠯᠤᠨ᠂ ᠬᠤᠳᠠ ᠪᠠᠯᠭᠠᠰᠦ ᠶᠢᠨ ᠣᠷᠣᠨ ᠵᠠᠢ ᠶᠢᠨ ᠪᠦᠳᠦᠴᠡ ᠶᠢ ᠰᠢᠯᠢᠳᠡᠭᠵᠢᠭᠦᠯᠵᠤ᠂ ᠬᠤᠳᠠ ᠶᠢᠨ | ᠪᠢᠴᠢᠯ ᠣᠷᠣᠨ ᠵᠠᠢ ᠶᠢ ᠵᠠᠰᠠᠬᠤ ᠶᠠᠪᠤᠳᠠᠯ ᠢ ᠰᠠᠶᠢᠳᠣᠷ ᠬᠢᠵᠤ᠂ ᠬᠤᠳᠠ ᠶᠢᠨ ᠶᠠᠪᠤᠳᠠᠯ ᠤᠨ ᠰᠠᠭᠤᠷᠢ | ᠪᠡᠯᠡᠳᠭᠡᠮᠵᠢ ᠶᠢᠨ ᠲᠤᠤᠷ ᠰᠦᠯᠵᠢᠶᠡᠨ ᠤ ᠪᠠᠶᠢᠭᠤᠯᠤᠯᠳᠠ ᠶᠢ ᠴᠢᠩᠭᠠᠳᠬᠠᠨ᠂ ᠬᠦᠮᠦᠰ ᠤᠨ ᠣᠷᠣᠰᠢᠨ ᠰᠠᠭᠤᠬᠤ | ᠣᠷᠴᠢᠨ ᠲᠤᠭᠤᠷᠢᠨ ᠪᠠ ᠶᠠᠰᠣ ᠴᠢᠨᠠᠷ ᠢ ᠰᠠᠶᠢᠵᠢᠷᠠᠭᠤᠯᠣᠨ᠎ᠠ᠃ ᠬᠤᠳᠠ ᠶᠢᠨ ᠪᠦᠳᠦᠭᠡᠨ ᠪᠠᠶᠢᠭᠤᠯᠤᠯᠳᠠ ᠶᠢᠨ ᠪᠡᠯᠡ | ᠣᠷᠣᠭᠤᠯᠵᠤ ᠪᠡᠯᠡ ᠲᠤᠬᠢᠷᠠᠭᠤᠯᠬᠤ ᠢᠯᠡ ᠵᠢᠷᠦᠮᠵᠢᠭ᠌ᠰᠠᠨ ᠲᠤᠭᠳᠠᠴᠠ ᠶᠢ ᠪᠠᠶᠢᠭᠤᠯᠵᠤ᠂ ᠬᠤᠳᠠ ᠶᠢᠨ ᠨᠡᠶᠢᠳᠠ ᠶᠢᠨ | ᠬᠡᠷᠡᠭᠯᠡᠭᠡᠨ ᠤ ᠪᠡᠯᠡᠳᠭᠡᠮᠵᠢ ᠳᠤ ᠨᠡᠶᠢᠭᠡᠮ ᠤᠨ ᠬᠦᠷᠦᠩᠭᠡ ᠶᠢᠨ ᠣᠷᠣᠯᠴᠠᠵᠤ ᠡᠵᠡᠩᠨᠡᠬᠦ ᠶᠢ ᠵᠣᠷᠢᠭᠵᠢᠭᠤᠯᠤᠨ᠂ ᠬᠤᠳᠠ | ᠪᠠᠯᠭᠠᠰᠣ ᠶᠢᠨ ᠪᠦᠳᠦᠭᠡᠨ ᠪᠠᠶᠢᠭᠤᠯᠤᠯᠳᠠ ᠶᠢᠨ ᠬᠡᠲᠦ ᠶᠡᠭᠡ ᠦᠷᠢ ᠲᠠᠯᠪᠢᠬᠤ ᠠᠰᠠᠭᠤᠳᠠᠯ ᠢ ᠦᠨᠡᠨᠬᠦ | ᠰᠢᠢᠳᠪᠦᠷᠢᠯᠡᠨ᠎ᠡ᠃ ᠣᠶᠣᠨᠲᠦ ᠬᠤᠳᠠ ᠪᠣᠯᠣᠨ ᠨᠡᠶᠢᠭᠡᠮ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢ | ᠲᠦᠷᠭᠡᠳᠭᠡᠨ᠂ ᠬᠤᠳᠠ ᠪᠠᠯᠭᠠᠰᠦ ᠶᠢᠨ ᠬᠦᠭᠵᠢᠯᠳᠡ ᠶᠢᠨ ᠠᠭᠤᠯᠤᠭᠳᠠᠬᠤᠨ ᠪᠠ ᠶᠡᠷᠦᠩᠬᠡᠶᠢᠯᠡᠭᠰᠡᠨ ᠦᠢᠯᠡᠴᠢᠯᠡᠭᠡᠨ ᠤ | ᠴᠢᠳᠠᠪᠦᠷᠢ ᠶᠢ ᠨᠡᠮᠡᠭᠳᠡᠭᠦᠯᠦᠨ᠎ᠡ᠃ | ᠰᠢᠶᠠᠨ ᠤ ᠬᠡᠪᠴᠢᠶᠠᠨ ᠤ ᠠᠵᠣ ᠠᠬᠤᠢ ᠶᠢ ᠬᠦᠭᠵᠢᠭᠦᠯᠦᠨ ᠪᠤᠵᠠᠭᠠᠶᠢᠷᠠᠭᠤᠯᠣᠨ᠎ᠠ᠃ ᠰᠢᠶᠠᠨ ᠤ | ᠬᠡᠪᠴᠢᠶᠠᠨ ᠤ ᠠᠵᠣ ᠠᠬᠤᠢ ᠶᠢᠨ ᠬᠦᠭᠵᠢᠯᠳᠡ ᠶᠢᠨ ᠲᠦᠯᠦᠪᠵᠢᠭᠦᠯᠭᠡ ᠶᠢ ᠬᠢᠨᠠᠮᠠᠭᠠᠢ ᠨᠠᠶᠢᠳᠠᠪᠦᠷᠢᠵᠢᠭᠤᠯᠵᠤ᠂ | ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠣᠨ ᠣᠨᠴᠠᠯᠢᠭᠲᠦ ᠠᠵᠣ ᠠᠬᠤᠢ ᠶᠢ ᠬᠦᠭᠵᠢᠭᠦᠯᠵᠤ᠂ | ᠭᠤᠤᠯᠯᠠᠭᠴᠢ ᠠᠵᠤ ᠦᠢᠯᠡᠰ ᠢ ᠪᠤᠶᠢᠵᠢᠭᠤᠯᠤᠨ᠂ ᠰᠠᠭᠤᠷᠢ ᠪᠡᠯᠡᠳᠭᠡᠮᠵᠢ ᠶᠢᠨ ᠪᠦᠳᠦᠭᠡᠨ ᠪᠠᠶᠢᠭᠤᠯᠤᠯᠳᠠ ᠪᠤᠯᠤᠨ | ᠠᠮᠢ ᠠᠬᠤᠢ ᠶᠢᠨ ᠣᠷᠴᠢᠨ ᠲᠤᠭᠤᠷᠢᠨ ᠤ ᠬᠠᠮᠠᠭᠠᠯᠠᠯᠳᠠ ᠶᠢ ᠴᠢᠩᠭᠠᠳᠬᠠᠵᠣ᠂ ᠬᠤᠳᠠ ᠬᠦᠳᠡᠭᠡ ᠶᠢᠨ | ᠬᠦᠭᠵᠢᠯᠳᠡ ᠶᠢ ᠨᠢᠭᠡᠳᠦᠯᠲᠠᠢ ᠲᠦᠯᠦᠪᠯᠡᠨ ᠬᠦᠭᠵᠢᠭᠦᠯᠬᠦ ᠳᠠᠬᠢ ᠰᠢᠶᠠᠨ ᠤ ᠬᠡᠪᠴᠢᠶᠠᠨ ᠤ ᠠᠵᠣ ᠠᠬᠤᠢ ᠶᠢᠨ ᠰᠠᠭᠤᠷᠢ | ᠦᠢᠯᠡᠳᠦᠯ ᠢ ᠭᠦᠢᠴᠡᠳ ᠪᠠᠳᠠᠷᠠᠭᠤᠯᠣᠨ᠎ᠠ᠃ ︽ᠡᠷᠬᠡ ᠶᠢ ᠦᠷᠭᠡᠳᠭᠡᠨ ᠰᠢᠶᠠᠨ ᠢ ᠬᠦᠴᠦᠷᠭᠡᠭᠵᠢᠭᠦᠯᠬᠦ︾ | ᠦᠭᠡᠷᠡᠴᠢᠯᠡᠯᠳᠡ ᠶᠢᠨ ᠲᠤᠷᠰᠢᠯᠳᠠ ᠶᠢᠨ ᠴᠢᠭ᠋ ᠤᠨ ᠠᠵᠢᠯ ᠢ ᠰᠠᠶᠢᠳᠣᠷ ᠠᠳᠬᠤᠨ᠂ ᠰᠢᠶᠠᠨ ᠤ ᠱᠠᠳᠣᠨ ᠤ ᠡᠳ᠋ ᠤᠨ | ᠬᠦᠴᠦᠨ ᠤ ᠪᠠᠳᠣᠯᠠᠭ᠎ᠠ ᠶᠢᠨ ᠲᠤᠭᠳᠠᠴᠠ ᠶᠢ ᠲᠡᠭᠦᠯᠳᠡᠷᠵᠢᠭᠦᠯᠵᠤ᠂ ᠠᠳᠠᠯᠢ ᠪᠤᠰᠤ ᠲᠦᠷᠦᠯ ᠬᠡᠯᠪᠡᠷᠢ ᠶᠢᠨ ᠬᠤᠰᠢᠭᠤ | ᠰᠢᠶᠠᠨ ᠢ ᠰᠣᠩᠭᠤᠨ ᠠᠵᠢᠯ ᠡᠷᠬᠡ ᠶᠢ ᠲᠣᠷᠣᠭᠰᠢ ᠪᠠᠭᠤᠯᠭᠠᠬᠤ ᠪᠠ ︽ᠦᠪᠡᠷᠳᠡᠭᠡᠨ ᠵᠠᠰᠠᠬᠤ ᠤᠷᠤᠨ ᠠᠴᠠ | ᠰᠢᠭᠤᠳ ᠬᠠᠮᠢᠶᠠᠷᠬᠤ ᠰᠢᠶᠠᠨ︾ ᠤ ᠡᠳ᠋ ᠤᠨ ᠵᠠᠰᠠᠭ ᠤᠨ ᠦᠭᠡᠷᠡᠴᠢᠯᠡᠯᠳᠡ ᠶᠢ ᠶᠠᠪᠤᠭᠤᠯᠵᠤ᠂ ︽ᠡᠳ᠋ ᠤᠨ | ᠵᠠᠰᠠᠭ ᠤᠨ ᠪᠠᠶᠢᠭᠤᠯᠤᠯ ᠢ ᠬᠤᠰᠢᠭᠤ ᠰᠢᠶᠠᠨ ᠬᠦᠷᠳᠡᠯ᠎ᠡ ᠬᠢᠨᠠᠨ ᠲᠤᠭᠳᠠᠭᠠᠬᠤ᠂ ᠰᠢᠯᠵᠢᠭᠦᠯᠦᠨ ᠣᠯᠭᠤᠬᠤ ᠶᠢ | ᠲᠦᠰᠦᠭᠡᠯᠡᠨ ᠪᠤᠳᠤᠬᠤ ᠶᠢᠨ ᠬᠠᠮᠲᠦ ᠬᠤᠰᠢᠭᠤ ᠰᠢᠶᠠᠨ ᠳᠤ ᠬᠦᠷᠳᠡᠯ᠎ᠡ ᠪᠠᠭᠤᠯᠭᠠᠬᠤ᠂ ᠤᠯᠤᠰ ᠤᠨ ᠬᠦᠮᠦᠷᠭᠡ ᠶᠢᠨ | ᠪᠡᠯᠡ ᠮᠦᠩᠭᠦ ᠶᠢ ᠬᠤᠰᠢᠭᠤ ᠰᠢᠶᠠᠨ ᠳᠤ ᠬᠦᠷᠳᠡᠯ᠎ᠡ ᠲᠤᠬᠢᠷᠠᠭᠤᠯᠬᠤ᠂ ᠡᠳ᠋ ᠤᠨ ᠵᠠᠰᠠᠭ ᠤᠨ ᠲᠦᠰᠦᠪ ᠪᠠ | ᠲᠦᠰᠦᠪ ᠤᠨ ᠭᠦᠢᠴᠡᠳᠭᠡᠯ ᠢ ᠬᠤᠰᠢᠭᠤ ᠰᠢᠶᠠᠨ ᠳᠤ ᠬᠦᠷᠳᠡᠯ᠎ᠡ ᠰᠢᠭᠤᠳ ᠬᠢᠬᠦ᠂ ᠣᠷᠣᠨ ᠨᠣᠳᠤᠭ ᠤᠨ ᠵᠠᠰᠠᠭ ᠤᠨ | ᠣᠷᠳᠣᠨ ᠤ ᠴᠢᠨᠠᠷᠲᠠᠢ ᠦᠷᠢ ᠰᠢᠷᠢ ᠶᠢ ᠬᠤᠰᠢᠭᠤ ᠰᠢᠶᠠᠨ ᠳᠤ ᠬᠦᠷᠳᠡᠯ᠎ᠡ ᠬᠠᠮᠢᠶᠠᠷᠬᠤ︾ ᠡᠳ᠋ ᠤᠨ ᠵᠠᠰᠠᠭ ᠤᠨ | ᠬᠠᠮᠢᠶᠠᠷᠣᠯᠳᠠ ᠶᠢᠨ ᠠᠷᠭ᠎ᠠ ᠮᠠᠶ᠋ᠢᠭ ᠢ ᠬᠡᠷᠡᠭᠵᠢᠭᠦᠯᠦᠨ᠎ᠡ᠃ | ᠣᠷᠣᠨ ᠪᠦᠰᠡ ᠶᠢᠨ ᠵᠤᠬᠢᠴᠠᠩᠭᠤᠢ ᠪᠠᠷ ᠬᠦᠭᠵᠢᠬᠦ ᠶᠢ ᠠᠬᠢᠭᠤᠯᠤᠨ᠎ᠠ᠃ ᠦᠪᠡᠷᠳᠡᠭᠡᠨ ᠵᠠᠰᠠᠬᠤ ᠤᠷᠤᠨ ᠤ | ᠭᠤᠤᠯ ᠴᠤᠭᠴᠠ ᠪᠦᠭᠦᠢ ᠴᠢᠳᠠᠮᠵᠢᠲᠦ ᠣᠷᠣᠨ ᠤ ᠲᠦᠯᠦᠪᠵᠢᠭᠦᠯᠭᠡ ᠪᠠᠷ ᠬᠤᠳᠠ ᠪᠠᠯᠭᠠᠰᠦ ᠬᠢᠭᠡᠳ ᠠᠵᠣ ᠦᠢᠯᠡᠰ | ᠵᠡᠷᠭᠡ ᠡᠯ᠎ᠡ ᠱᠠᠳᠣᠨ ᠤ ᠡᠯ᠎ᠡ ᠲᠦᠷᠦᠯ ᠤᠨ ᠲᠦᠯᠦᠪᠵᠢᠭᠦᠯᠭᠡ ᠶᠢ ᠶᠡᠷᠦᠩᠬᠡᠶᠢᠯᠡᠨ ᠵᠠᠬᠢᠷᠴᠣ᠂ ᠬᠦᠮᠦᠨ ᠠᠮᠠ ᠶᠢᠨ | ᠲᠠᠷᠬᠠᠯᠳᠠ᠂ ᠠᠵᠣ ᠠᠬᠤᠢ ᠶᠢᠨ ᠪᠠᠶᠢᠷᠢᠰᠢᠭᠤᠯᠤᠯ᠂ ᠣᠯᠣᠰ ᠤᠨ ᠭᠠᠵᠠᠷ ᠰᠢᠷᠣᠢ ᠶᠢᠨ ᠠᠰᠢᠭᠯᠠᠯᠳᠠ ᠪᠤᠯᠤᠨ ᠬᠤᠳᠠ | ᠪᠠᠯᠭᠠᠰᠣᠴᠢᠯᠠᠬᠤ ᠬᠦᠭᠵᠢᠯᠳᠡ ᠶᠢ ᠨᠢᠭᠡᠳᠦᠯᠲᠠᠢ ᠲᠦᠯᠦᠪᠯᠡᠨ ᠰᠦᠪᠡᠭᠴᠢᠯᠡᠵᠣ᠂ ᠣᠰᠣᠨ ᠤ ᠡᠬᠢ ᠪᠠᠶᠠᠯᠢᠭ ᠢ | ᠰᠢᠨᠵᠢᠯᠡᠬᠦ ᠣᠬᠠᠭᠠᠨᠴᠢ ᠪᠠᠷ ᠲᠤᠬᠢᠷᠠᠭᠤᠯᠵᠣ᠂ ᠡᠨᠧᠷᠬᠢ ᠠᠷᠪᠢᠯᠠᠵᠣ ᠪᠣᠬᠢᠷᠳᠣᠯ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠭᠦᠢᠴᠡᠳᠭᠡᠬᠦ ᠲᠤᠭ᠎ᠠ ᠶᠢ ᠵᠦᠢ ᠵᠤᠬᠢᠰᠲᠠᠢ ᠲᠤᠭᠳᠠᠭᠠᠨ᠎ᠠ᠃ ᠬᠠᠳᠣᠨ ᠭᠤᠣᠯ ᠬᠢᠭᠡᠳ ᠭᠤᠤᠯ ᠵᠠᠮ | ᠱᠣᠭᠤᠮ ᠲᠠᠭᠠᠦ ᠶᠢᠨ ᠠᠵᠣ ᠠᠬᠤᠢ ᠶᠢᠨ ᠪᠦᠰᠡ ᠶᠢᠨ ᠬᠦᠭᠵᠢᠯᠳᠡ ᠶᠢᠨ ᠬᠢᠷᠢ ᠬᠡᠮᠵᠢᠶ᠎ᠡ ᠶᠢ ᠲᠡᠭᠡᠭᠰᠢᠯᠡᠭᠦᠯᠵᠣ᠂ | ᠦᠪᠦᠷ ᠮᠣᠩᠭᠤᠯ ᠤᠨ ᠪᠠᠷᠠᠭᠤᠨ ᠬᠡᠰᠡᠭ ᠤᠨ 22 ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠬᠦᠷᠢᠶᠡᠯᠡᠩ | ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢ ᠬᠦᠴᠦᠯᠡᠨ ᠰᠠᠶᠢᠳᠣᠷ ᠠᠳᠬᠤᠵᠣ᠂ ᠦᠢᠯᠡᠳᠪᠦᠷᠢᠯᠡᠯ ᠤᠨ ᠴᠢᠬᠤᠯᠠ | ᠬᠦᠴᠦᠨ ᠵᠦᠢᠯ ᠢ ᠵᠦᠢ ᠵᠣᠬᠢᠰᠲᠠᠢ ᠲᠤᠬᠢᠷᠠᠭᠤᠯᠬᠤ ᠪᠠ ᠠᠵᠣ ᠦᠢᠯᠡᠰ ᠤᠨ ᠬᠠᠷᠢᠯᠴᠠᠨ ᠨᠦᠬᠦᠪᠦᠷᠢᠯᠡᠵᠣ ᠬᠠᠮᠳᠣᠷᠠᠨ | ᠬᠦᠳᠡᠯᠣᠯᠴᠡᠬᠦ ᠶᠢ ᠬᠦᠳᠦᠯᠦᠨ ᠵᠢᠯᠤᠭᠤᠳᠴᠣ᠂ ᠲᠦᠪᠯᠡᠷᠡᠵᠤ ᠴᠣᠭᠯᠠᠷᠠᠨ ᠡᠷᠴᠢᠮᠯᠢᠭ ᠬᠦᠭᠵᠢᠬᠦ ᠶᠢ ᠠᠬᠢᠭᠤᠯᠤᠨ᠎ᠠ᠃ | ᠵᠡᠭᠦᠨ ᠬᠡᠰᠡᠭ ᠤᠨ ᠠᠶᠢᠮᠠᠭ ᠬᠤᠳᠠ ᠶᠢᠨ ᠬᠦᠭᠵᠢᠯᠳᠡ ᠶᠢ ᠲᠦᠷᠭᠡᠳᠭᠡᠨ᠂ ᠭᠤᠤᠯᠳᠠᠯᠭ᠎ᠠ ᠲᠠᠢ ᠠᠵᠤ ᠦᠢᠯᠡᠰ ᠤᠨ | ᠬᠦᠭᠵᠢᠯᠳᠡ ᠶᠢᠨ ᠲᠦᠯᠦᠪᠵᠢᠭᠦᠯᠭᠡ ᠶᠢ ᠨᠠᠶᠢᠳᠠᠪᠦᠷᠢᠵᠢᠭᠤᠯᠵᠤ᠂ 13 ᠭᠤᠣᠯᠳᠠᠯᠭ᠎ᠠ ᠲᠠᠢ ᠠᠵᠣ ᠦᠢᠯᠡᠳᠪᠦᠷᠢ ᠶᠢᠨ | ᠬᠦᠷᠢᠶᠡᠯᠡᠩ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠨ᠂ ᠭᠤᠤᠯᠯᠠᠬᠤ ᠠᠵᠣ ᠦᠢᠯᠡᠰ ᠬᠢᠭᠡᠳ | ᠠᠮᠢ ᠠᠬᠤᠢ ᠶᠢᠨ ᠬᠠᠮᠠᠭᠠᠯᠠᠯᠳᠠ᠂ ᠰᠢᠨ᠎ᠡ ᠲᠠᠷᠢᠶᠠᠯᠠᠬᠤ ᠮᠠᠯᠵᠢᠬᠤ ᠣᠷᠣᠨ ᠤ ᠪᠦᠳᠦᠭᠡᠨ ᠪᠠᠶᠢᠭᠤᠯᠤᠯᠳᠠ ᠶᠢᠨ | ᠵᠤᠬᠢᠴᠠᠩᠭᠤᠢ ᠬᠠᠮᠳᠣᠪᠡᠷ ᠬᠦᠭᠵᠢᠬᠦ ᠶᠢ ᠲᠦᠯᠬᠢᠨ ᠠᠬᠢᠭᠤᠯᠵᠤ᠂ ᠪᠡᠶ᠎ᠡ ᠪᠠᠨ ᠲᠠᠭᠠᠭᠠᠵᠣ ᠬᠦᠭᠵᠢᠬᠦ ᠴᠢᠳᠠᠪᠣᠷᠢ ᠶᠢ | ᠪᠤᠶᠢᠵᠢᠭᠤᠯᠣᠨ᠎ᠠ᠃ ᠬᠦᠭᠵᠢᠯᠳᠡ ᠶᠢᠨ ᠰᠠᠭᠤᠷᠢ ᠪᠠᠷ ᠪᠠᠭᠤᠷᠡᠢ ᠭᠠᠵᠠᠷ ᠣᠷᠣᠨ ᠢ ᠬᠠᠪᠰᠣᠷᠣᠨ ᠲᠡᠳᠭᠦᠬᠦ ᠠᠵᠢᠯ ᠢ | ᠦᠷᠭᠦᠯᠵᠢᠯᠡᠨ ᠰᠠᠶᠢᠳᠣᠷ ᠬᠢᠵᠤ᠂ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠡᠷᠳᠡ ᠴᠢᠯᠦᠭᠡᠯᠡᠭᠳᠡᠭᠰᠡᠨ ᠣᠷᠣᠨ | ᠂ ᠬᠢᠯᠢ ᠶᠢᠨ ᠣᠷᠣᠨ ᠪᠠ ᠬᠦᠮᠦᠨ ᠠᠮᠠ ᠪᠠᠷ ᠨᠡᠯᠢᠶᠡᠳ ᠴᠦᠭᠡᠨ ᠦᠨᠳᠦᠰᠦᠳᠡᠨ ᠤ ᠣᠷᠣᠨ ᠢ ᠲᠡᠳᠭᠦᠬᠦ | ᠡᠷᠴᠢᠮ ᠢᠶᠠᠨ ᠨᠡᠮᠡᠭᠳᠡᠭᠦᠯᠦᠨ᠎ᠡ᠃ | ︵ᠨᠠᠶᠢᠮᠠ︶ ᠦᠨᠳᠦᠰᠦᠳᠡᠨ ᠤ ᠰᠣᠶᠣᠯ ᠤᠨ ᠬᠦᠴᠦᠷᠬᠡᠭ ᠣᠷᠣᠨ ᠤ ᠪᠠᠶᠢᠭᠤᠯᠤᠯᠳᠠ ᠶᠢ ᠲᠦᠷᠭᠡᠳᠭᠡᠨ᠂ | ᠰᠣᠶᠣᠯ ᠤᠨ ᠶᠡᠭᠡ ᠬᠦᠭᠵᠢᠯᠳᠡ ᠴᠡᠴᠡᠭᠯᠡᠯᠳᠡ ᠶᠢ ᠲᠦᠯᠬᠢᠨ ᠠᠬᠢᠭᠤᠯᠤᠨ᠎ᠠ᠃ | ᠨᠡᠶᠢᠭᠡᠮ ᠵᠢᠷᠦᠮ ᠤᠨ ᠭᠤᠤᠯᠯᠠᠬᠤ ᠦᠷᠳᠡᠭ ᠤᠨ ᠦᠵᠡᠯᠳᠡ ᠶᠢ ᠦᠢᠯᠡᠳᠦᠯᠭᠡᠵᠢᠭᠦᠯᠦᠨ᠎ᠡ᠃ ᠲᠤᠮᠳᠠᠲᠦ | ᠣᠯᠣᠰ ᠤᠨ ᠣᠨᠴᠠᠯᠢᠭ ᠪᠦᠬᠦᠢ ᠨᠡᠶᠢᠭᠡᠮ ᠵᠢᠷᠦᠮ ᠪᠠ ᠲᠤᠮᠳᠠᠲᠦ ᠣᠯᠣᠰ ᠤᠨ ᠵᠡᠭᠦᠲᠦ ᠶᠢᠨ ᠲᠤᠬᠠᠢ ᠣᠬᠠᠭᠤᠯᠭ᠎ᠠ | ᠬᠦᠮᠦᠵᠢᠯ ᠢ ᠬᠦᠨᠵᠡᠭᠡᠶᠢᠷᠡᠭᠦᠯᠦᠨ᠂ ᠨᠡᠶᠢᠭᠡᠮ ᠵᠢᠷᠦᠮ ᠤᠨ ᠭᠤᠤᠯᠯᠠᠬᠤ ᠦᠷᠳᠡᠭ ᠤᠨ ᠦᠵᠡᠯᠳᠡ ᠶᠢ ᠬᠦᠮᠦᠵᠢᠭᠦᠯᠬᠦ | ᠪᠠ ᠦᠢᠯᠡᠳᠦᠯᠭᠡᠵᠢᠭᠦᠯᠬᠦ ᠠᠵᠢᠯᠯᠠᠭ᠎ᠠ ᠶᠢ ᠦᠷᠭᠡᠨ ᠢᠶᠠᠷ ᠦᠷᠨᠢᠭᠦᠯᠵᠤ᠂ ︽ᠭᠤᠷᠪᠠ ᠶᠢ ᠰᠠᠨᠠᠭᠠᠴᠢᠯᠠᠬᠤ︾ ᠶᠢ | ᠬᠦᠮᠦᠨ ᠤ ᠰᠡᠳᠭᠢᠯ ᠳᠤ ᠬᠠᠳᠠᠭᠰᠢᠭᠤᠯᠵᠤ᠂ ᠦᠨᠳᠦᠰᠦᠳᠡᠨ ᠨᠦᠭᠦᠳ ᠤᠨ ᠣᠯᠠᠨ ᠲᠦᠮᠡᠨ ᠤ ᠨᠢᠭᠳᠠᠷᠠᠨ | ᠪᠦᠯᠬᠦᠮᠳᠡᠵᠣ ᠱᠠᠯᠠᠮᠠᠭᠠᠶᠢᠯᠠᠨ ᠣᠷᠣᠭᠰᠢᠯᠠᠬᠤ ᠬᠦᠴᠦᠷᠬᠡᠭ ᠶᠡᠭᠡ ᠣᠶᠣᠨ ᠰᠠᠨᠠᠭᠠᠨ ᠤ ᠬᠦᠴᠦᠨ ᠢ ᠨᠢᠭᠳᠠᠷᠠᠭᠤᠯᠤᠨ᠎ᠠ᠃ | ᠨᠡᠶᠢᠭᠡᠮ ᠤᠨ ᠶᠣᠰᠣ ᠰᠣᠷᠳᠠᠬᠤᠨ᠂ ᠡᠷᠬᠢᠯᠡᠭᠰᠡᠨ ᠠᠵᠢᠯ ᠤᠨ ᠶᠣᠰᠣ ᠰᠣᠷᠳᠠᠬᠤᠨ᠂ ᠭᠡᠷ ᠪᠦᠯᠢ ᠶᠢᠨ ᠶᠤᠰᠤ | ᠰᠣᠷᠳᠠᠬᠤᠨ ᠬᠢᠭᠡᠳ ᠬᠤᠪᠢ ᠬᠦᠮᠦᠨ ᠤ ᠵᠠᠩ ᠮᠣᠷᠠᠯ ᠤᠨ ᠬᠦᠮᠦᠵᠢᠯ ᠢ ᠴᠢᠩᠭᠠᠳᠬᠠᠨ᠂ ᠨᠠᠰᠣᠨ ᠳᠤ ᠦᠯᠦ | ᠬᠦᠷᠦᠭᠰᠡᠳ ᠤᠨ ᠦᠵᠡᠯ ᠰᠠᠨᠠᠭ᠎ᠠ ᠶᠤᠰᠤ ᠮᠣᠷᠠᠯ ᠤᠨ ᠪᠠᠶᠢᠭᠤᠯᠤᠯᠳᠠ ᠪᠠ ᠣᠶᠣᠳᠠᠳ ᠤᠨ ᠦᠵᠠᠯ ᠰᠠᠨᠠᠭ᠎ᠠ ᠣᠯᠣᠰ | ᠲᠦᠷᠦ ᠶᠢᠨ ᠬᠦᠮᠦᠵᠢᠯ ᠢ ᠲᠣᠪᠤᠶᠢᠮ᠎ᠠ ᠰᠠᠶᠢᠳᠣᠷ ᠠᠳᠬᠤᠵᠣ᠂ ᠨᠡᠶᠢᠭᠡᠮ ᠤᠨ ᠢᠳᠡᠭᠡᠮᠵᠢ ᠶᠢᠨ ᠰᠢᠰᠲ᠋ᠧᠮᠵᠢ ᠶᠢᠨ | ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠣᠯᠠᠨ ᠲᠦᠮᠡᠨᠴᠢ ᠴᠢᠨᠠᠷᠲᠠᠢ ᠣᠶᠣᠨ ᠤ ᠪᠤᠯᠪᠠᠰᠣᠨ ᠢ ᠡᠭᠦᠳᠦᠨ | ᠪᠠᠶᠢᠭᠤᠯᠬᠤ ᠠᠵᠢᠯᠯᠠᠭ᠎ᠠ ᠶᠢ ᠯᠠᠪᠳᠠᠭᠤᠨ ᠪᠠᠳᠣᠲᠠᠢ ᠦᠷᠨᠢᠭᠦᠯᠵᠤ᠂ ᠠᠷᠠᠳ ᠢᠷᠭᠡᠳ ᠤᠨ ᠶᠣᠰᠣ ᠮᠣᠷᠠᠯ ᠤᠨ ᠬᠡᠪ | ᠴᠢᠨᠠᠷ ᠪᠠ ᠨᠡᠶᠢᠭᠡᠮ ᠤᠨ ᠪᠤᠯᠪᠠᠰᠣᠨ ᠤ ᠬᠢᠷᠢ ᠬᠡᠮᠵᠢᠶ᠎ᠡ ᠶᠢ ᠲᠡᠭᠡᠭᠰᠢᠯᠡᠭᠦᠯᠦᠨ᠎ᠡ᠃ ᠰᠣᠨᠢᠨ ᠮᠡᠳᠡᠭᠡᠨ ᠤ | ᠵᠠᠭᠤᠴᠢᠯᠠᠭᠤᠷ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠤ᠂ ᠣᠯᠠᠮᠵᠢᠯᠠᠯᠲᠦ ᠵᠠᠭᠤᠴᠢᠯᠠᠭᠤᠷ ᠪᠤᠯᠤᠨ ᠰᠢᠨ᠎ᠡ ᠪᠠᠷ | ᠪᠤᠢ ᠪᠤᠯᠤᠭᠰᠠᠨ ᠵᠠᠭᠤᠴᠢᠯᠠᠭᠤᠷ ᠤᠨ ᠨᠡᠶᠢᠯᠡᠵᠣ ᠬᠦᠭᠵᠢᠬᠦ ᠶᠢ ᠠᠬᠢᠭᠤᠯᠵᠤ᠂ ᠰᠦᠯᠵᠢᠶᠡᠨ ᠤ ᠬᠠᠮᠢᠶᠠᠷᠣᠯᠳᠠ ᠪᠠ | ᠶᠠᠷᠢᠶ᠎ᠠ ᠬᠡᠯᠡᠯᠴᠡᠭᠡᠨ ᠤ ᠬᠦᠳᠦᠯᠦᠨ ᠵᠢᠯᠣᠭᠤᠳᠬᠤ ᠠᠵᠢᠯ ᠢ ᠰᠠᠶᠢᠳᠣᠷ ᠬᠢᠵᠤ᠂ ᠭᠤᠤᠯ ᠵᠣᠷᠢᠭ ᠰᠠᠨᠠᠭ᠎ᠠ ᠶᠢ | ᠪᠠᠳᠠᠷᠠᠭᠤᠯᠣᠨ᠂ ᠲᠦᠪ ᠬᠦᠴᠦᠨ ᠵᠦᠢᠯ ᠢ ᠣᠯᠠᠮᠵᠢᠯᠠᠨ ᠲᠡᠯᠭᠡᠷᠡᠭᠦᠯᠦᠨ᠎ᠡ᠃ | ᠣᠯᠠᠨ ᠨᠡᠶᠢᠳᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠣᠯᠠᠨ | ᠨᠡᠶᠢᠳᠡ ᠶᠢᠨ ᠰᠣᠶᠣᠯ ᠤᠨ ᠦᠢᠯᠡᠴᠢᠯᠡᠭᠡᠨ ᠤ ᠪᠡᠯᠡᠳᠭᠡᠮᠵᠢ ᠶᠢᠨ ᠲᠤᠤᠷ ᠰᠦᠯᠵᠢᠶᠡᠨ ᠤ ᠪᠠᠶᠢᠭᠤᠯᠤᠯᠳᠠ ᠪᠠ | ᠬᠠᠮᠢᠶᠠᠷᠣᠯᠳᠠ ᠶᠢ ᠴᠢᠩᠭᠠᠳᠬᠠᠨ᠂ ᠦᠨᠳᠦᠰᠦᠨ ᠱᠠᠳᠣᠨ ᠤ ᠣᠯᠠᠨ ᠨᠡᠶᠢᠳᠡ ᠶᠢᠨ ᠰᠣᠶᠣᠯ ᠤᠨ ᠪᠡᠯᠡᠳᠭᠡᠮᠵᠢ ᠶᠢ | ᠬᠠᠮᠳᠣᠪᠡᠷ ᠪᠠᠶᠢᠭᠤᠯᠤᠨ ᠬᠠᠮᠳᠣᠪᠡᠷ ᠡᠳ᠋ᠯᠡᠬᠦ ᠶᠢ ᠲᠦᠯᠬᠢᠨ ᠠᠬᠢᠭᠤᠯᠵᠤ᠂ ᠰᠣᠶᠣᠯ ᠢᠶᠠᠷ ᠠᠷᠠᠳ ᠲᠤ ᠠᠰᠢᠭ | ᠬᠦᠷᠳᠡᠭᠡᠬᠦ ᠭᠤᠤᠯᠳᠠᠯᠭ᠎ᠠ ᠲᠠᠢ ᠢᠨᠵᠧᠨᠧᠷᠢᠩ ᠪᠤᠯᠤᠨ ᠰᠣᠶᠣᠯ ᠤᠨ ᠲᠦᠷᠦᠯ ᠵᠦᠢᠯ ᠤᠨ ᠪᠦᠳᠦᠭᠡᠨ | ᠪᠠᠶᠢᠭᠤᠯᠤᠯᠳᠠ ᠶᠢ ᠬᠡᠷᠡᠭᠵᠢᠭᠦᠯᠵᠤ᠂ ᠨᠣᠮ ᠤᠨ ᠰᠠᠩ᠂ ᠮᠦᠽᠸᠢ᠂ ᠰᠣᠶᠣᠯ ᠤᠨ ᠣᠷᠳᠣᠨ ᠢ ᠰᠦᠢᠳᠭᠡᠯ | ᠬᠤᠷᠢᠶᠠᠬᠤ ᠦᠭᠡᠢ ᠪᠠᠷ ᠨᠡᠶᠢᠭᠡᠮ ᠳᠤ ᠨᠡᠭᠡᠭᠡᠬᠦ ᠠᠵᠢᠯ ᠢ ᠰᠠᠶᠢᠳᠣᠷ ᠬᠢᠨ᠎ᠡ᠃ ᠣᠯᠠᠨ ᠨᠡᠶᠢᠳᠡ ᠶᠢᠨ ᠰᠣᠶᠣᠯ ᠤᠨ | ᠦᠢᠯᠡᠴᠢᠯᠡᠭᠡᠨ ᠤ ᠵᠠᠰᠠᠭ ᠤᠨ ᠣᠷᠳᠣᠨ ᠬᠤᠳᠠᠯᠳᠣᠨ ᠠᠪᠬᠤ ᠭᠠᠷᠴᠠᠭ ᠤᠨ ᠲᠦᠷᠢᠮ ᠢ ᠰᠦᠪᠡᠭᠴᠢᠯᠡᠨ ᠪᠠᠶᠢᠭᠤᠯᠵᠤ᠂ | ᠣᠯᠠᠨ ᠨᠡᠶᠢᠳᠡ ᠶᠢᠨ ᠰᠣᠶᠣᠯ ᠤᠨ ᠦᠢᠯᠡᠴᠢᠯᠡᠭᠡᠨ ᠢ ᠦᠨᠡᠯᠡᠨ ᠵᠢᠱᠢᠵᠣ ᠰᠢᠯᠭᠠᠷᠠᠭᠤᠯᠬᠤ ᠰᠢᠰᠲ᠋ᠧᠮᠵᠢ ᠶᠢ | ᠲᠡᠭᠦᠯᠳᠡᠷᠵᠢᠭᠦᠯᠵᠤ᠂ ᠶᠠᠳᠠᠭᠤ ᠬᠦᠴᠢᠷᠳᠡᠯᠲᠠᠢ ᠭᠠᠵᠠᠷ ᠣᠷᠣᠨ ᠤ ᠣᠯᠠᠨ ᠨᠡᠶᠢᠳᠡ ᠶᠢᠨ ᠰᠣᠶᠣᠯ ᠤᠨ ᠦᠢᠯᠡᠰ ᠤᠨ | ᠬᠦᠭᠵᠢᠯᠳᠡ ᠶᠢ ᠲᠦᠷᠭᠡᠳᠭᠡᠨ᠂ ᠣᠯᠠᠨ ᠨᠡᠶᠢᠳᠡ ᠶᠢᠨ ᠰᠣᠶᠣᠯ ᠤᠨ ᠦᠨᠳᠣᠰᠣᠨ ᠦᠢᠯᠡᠴᠢᠯᠡᠭᠡᠨ ᠤ | ᠪᠠᠷᠢᠮᠵᠢᠶᠠᠵᠢᠭᠤᠯᠣᠯᠳᠠ᠂ ᠲᠡᠩᠴᠡᠭᠦᠷᠢᠵᠢᠯᠳᠡ ᠶᠢ ᠠᠬᠢᠭᠤᠯᠤᠨ᠎ᠠ᠂ ᠴᠢᠬᠤᠯᠠ ᠶᠡᠭᠡ ᠲᠡᠦᠭᠡ ᠶᠢᠨ ᠲᠣᠷᠠᠰᠬᠠᠯᠲᠦ | ᠵᠦᠢᠯᠡᠰ ᠢ ᠬᠠᠮᠠᠭᠠᠯᠠᠬᠤ ᠢᠨᠵᠧᠨᠧᠷᠢᠭ ᠢ ᠬᠡᠷᠡᠭᠵᠢᠭᠦᠯᠵᠣ᠂ ᠪᠣᠳᠠᠰ ᠤᠨ ᠪᠣᠰᠣ ᠰᠣᠶᠣᠯ ᠤᠨ ᠦᠪ ᠢ ᠬᠠᠮᠠᠭᠠᠯᠠᠬᠤ | ᠡᠷᠴᠢᠮ ᠢ ᠨᠡᠮᠡᠭᠳᠡᠭᠦᠯᠦᠨ᠂ ᠦᠨᠳᠦᠰᠦᠳᠡᠨ ᠤ ᠰᠣᠶᠣᠯ ᠪᠠ ᠲᠠᠯ᠎ᠠ ᠨᠤᠳᠤᠭ ᠤᠨ ᠰᠣᠶᠣᠯ ᠢ ᠶᠡᠬᠡᠪᠷ ᠣᠯᠠᠮᠵᠢᠯᠠᠨ | ᠪᠠᠳᠠᠷᠠᠭᠤᠯᠣᠨ᠎ᠠ᠃ ᠰᠣᠶᠣᠯ ᠤᠨ ᠪᠦᠳᠦᠭᠡᠯ ᠢ ᠡᠭᠦᠳᠦᠨ ᠭᠠᠷᠭᠠᠬᠤ ᠠᠵᠢᠯ ᠢ ᠴᠢᠩᠭᠠᠳᠬᠠᠨ᠂ ᠭᠠᠵᠠᠷ ᠣᠷᠣᠨ | ᠬᠢᠭᠡᠳ ᠦᠨᠳᠦᠰᠦᠳᠡᠨ ᠤ ᠣᠨᠴᠠᠯᠢᠭ ᠢᠶᠠᠷ ᠪᠠᠶᠠᠯᠢᠭ ᠪᠦᠬᠦᠢ ᠨᠢᠭᠡ ᠪᠦᠯᠦᠭ ᠰᠣᠳᠣᠨ ᠪᠦᠳᠦᠭᠡᠯ ᠤᠳ ᠢ ᠪᠤᠢ | ᠪᠤᠯᠭᠠᠨ᠎ᠠ᠃ ᠰᠣᠨᠢᠨ ᠮᠡᠳᠡᠭᠡ ᠬᠡᠪᠯᠡᠯ ᠬᠢᠭᠡᠳ ᠷᠠᠳᠢᠤ᠋ ᠨᠡᠪᠳᠡᠷᠡᠭᠦᠯᠭᠡ ᠺᠢᠨᠤ᠋ ᠲᠧᠯᠸᠢᠰ ᠤᠨ ᠠᠵᠢᠯ ᠢ ᠰᠠᠶᠢᠳᠣᠷ ᠬᠢᠵᠤ᠂ | ᠭᠦᠨ ᠣᠬᠠᠭᠠᠨ ᠨᠡᠶᠢᠭᠡᠮ ᠤᠨ ᠰᠢᠨᠵᠢᠯᠡᠬᠦ ᠣᠬᠠᠭᠠᠨ ᠢ ᠴᠡᠴᠡᠭᠯᠡᠭᠦᠯᠦᠨ ᠬᠦᠭᠵᠢᠭᠦᠯᠦᠨ᠎ᠡ᠃ | ᠰᠣᠶᠣᠯ ᠤᠨ ᠠᠵᠤ ᠦᠢᠯᠡᠰ ᠢ ᠲᠦᠷᠭᠡᠳᠭᠡᠨ ᠬᠦᠭᠵᠢᠭᠦᠯᠦᠨ᠎ᠡ᠃ ᠦᠪᠡᠷᠳᠡᠭᠡᠨ ᠵᠠᠰᠠᠬᠤ ᠤᠷᠤᠨ ᠤ | ᠰᠣᠶᠣᠯ ᠤᠨ ᠠᠵᠤ ᠦᠢᠯᠡᠰ ᠤᠨ ᠣᠷᠳᠣᠪᠳᠣᠷ ᠪᠠ ᠣᠷᠳᠣ ᠬᠤᠭᠤᠴᠠᠭᠠᠨ ᠤ ᠬᠦᠭᠵᠢᠯᠳᠡ ᠶᠢᠨ | ᠲᠦᠯᠦᠪᠵᠢᠭᠦᠯᠭᠡ ᠶᠢ ᠪᠦᠬᠦ ᠲᠠᠯ᠎ᠠ ᠪᠠᠷ ᠬᠡᠷᠡᠭᠵᠢᠭᠦᠯᠵᠤ᠂ ᠰᠣᠶᠣᠯ ᠤᠨ ᠠᠵᠣ ᠦᠢᠯᠡᠰ ᠢ ᠲᠡᠳᠭᠦᠬᠦ ᠲᠦᠷᠦ ᠶᠢᠨ | ᠪᠣᠳᠣᠯᠭ᠎ᠠ ᠶᠢ ᠬᠢᠨᠠᠮᠠᠭᠠᠢ ᠨᠠᠶᠢᠳᠠᠪᠦᠷᠢᠵᠢᠭᠤᠯᠵᠤ᠂ ᠰᠣᠶᠣᠯ ᠤᠨ ᠠᠵᠣ ᠦᠢᠯᠡᠰ ᠤᠨ ᠬᠦᠷᠢᠶᠡᠯᠡᠩ ᠪᠠ ᠰᠣᠶᠣᠯ ᠤᠨ | ᠭᠤᠤᠯᠳᠠᠯᠭ᠎ᠠ ᠲᠠᠢ ᠢᠨᠵᠧᠨᠧᠷᠢᠩ ᠤᠨ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ᠃ ᠣᠨᠴᠠᠯᠢᠭᠲᠦ ᠰᠣᠶᠣᠯ ᠤᠨ | ᠡᠬᠢ ᠪᠠᠶᠠᠯᠢᠭ ᠢ ᠭᠦᠨᠵᠡᠭᠡᠢ ᠠᠭᠤᠳᠠᠯᠯᠠᠵᠤ᠂ ᠰᠣᠶᠣᠯ ᠬᠢᠭᠡᠳ ᠵᠢᠭᠤᠯᠴᠢᠯᠠᠯ᠂ ᠮᠦᠩᠭᠦᠨ ᠭᠦᠢᠯᠭᠡᠭᠡᠨ᠂ ᠰᠢᠨᠵᠢᠯᠡᠬᠦ | ᠣᠬᠠᠭᠠᠨ ᠮᠡᠷᠭᠡᠵᠢᠯ ᠤᠨ ᠭᠦᠨᠵᠡᠭᠡᠢ ᠠᠭᠤᠰᠣᠯᠴᠠᠯ ᠢ ᠠᠬᠢᠭᠤᠯᠵᠤ᠂ ᠦᠨᠳᠦᠰᠦᠳᠠᠨ ᠤ ᠣᠷᠠᠨ ᠰᠠᠶᠢᠬᠠᠨ ᠤ | ᠲᠣᠭᠯᠠᠯᠳᠠ᠂ ᠺᠢᠨᠣ᠋ ᠲᠧᠯᠸᠢᠰ᠂ ᠺᠠᠷᠲ᠋ᠣᠨ ᠵᠢᠷᠤᠭ ᠱᠤᠭ ᠵᠢᠷᠤᠭ ᠵᠡᠷᠭᠡ ᠠᠵᠣ ᠦᠢᠯᠡᠰ ᠢ ᠶᠡᠬᠡᠪᠡᠷ ᠬᠦᠭᠵᠢᠭᠦᠯᠦᠨ᠂ | ᠠᠵᠤ ᠦᠢᠯᠡᠰ ᠤᠨ ᠬᠡᠯᠬᠢᠶ᠎ᠡ ᠶᠢ ᠦᠷᠭᠡᠵᠢᠭᠦᠯᠦᠨ ᠣᠷᠳᠣᠳᠬᠠᠵᠤ᠂ ᠰᠣᠶᠣᠯ ᠤᠨ ᠠᠵᠣ ᠦᠢᠯᠡᠰ ᠤᠨ ᠰᠢᠯᠢᠳᠡᠭᠵᠢᠵᠣ | ᠲᠡᠰ ᠲᠡᠪᠰᠢᠬᠦ ᠶᠢ ᠲᠦᠯᠬᠢᠨ ᠠᠬᠢᠭᠤᠯᠤᠨ᠎ᠠ᠃ ᠣᠳᠣ ᠦᠶ᠎ᠡ ᠶᠢᠨ ᠰᠣᠶᠣᠯ ᠤᠨ ᠵᠠᠬ᠎ᠠ ᠲᠡᠯᠭᠡᠭᠦᠷ ᠤᠨ | ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠤ᠂ ᠰᠣᠶᠣᠯ ᠤᠨ ᠵᠠᠬ᠎ᠠ ᠲᠡᠯᠭᠡᠭᠦᠷ ᠲᠤ ᠵᠦᠪᠰᠢᠶᠡᠷᠡᠨ ᠣᠷᠣᠭᠤᠯᠬᠤ ᠪᠠ | ᠪᠣᠴᠠᠭᠠᠵᠦ ᠭᠠᠷᠭᠠᠬᠤ ᠲᠤᠭᠳᠠᠴᠠ ᠶᠢ ᠲᠡᠭᠦᠯᠳᠡᠷᠵᠢᠭᠦᠯᠦᠨ᠂ ᠡᠯ᠎ᠡ ᠲᠦᠷᠦᠯ ᠤᠨ ᠵᠠᠬ᠎ᠠ ᠲᠡᠯᠭᠡᠭᠦᠷ ᠤᠨ ᠭᠤᠤᠯ | ᠴᠣᠭᠴᠠ ᠶᠢᠨ ᠭᠤᠤᠯᠴᠢ ᠪᠠᠷ ᠦᠷᠢᠰᠦᠯᠳᠦᠬᠦ᠂ ᠰᠢᠯᠢᠳᠡᠭ ᠨᠢ ᠦᠯᠡᠳᠡᠵᠣ ᠰᠢᠭᠠᠷᠣ ᠨᠢ ᠰᠢᠭᠰᠢᠭᠳᠡᠬᠦ ᠶᠢ ᠠᠬᠢᠭᠤᠯᠵᠤ᠂ | ᠣᠯᠠᠨ ᠲᠡᠰ ᠲᠠᠪᠬᠤᠷᠭ᠎ᠠ ᠪᠦᠬᠦᠢ ᠰᠣᠶᠣᠯ ᠤᠨ ᠪᠦᠳᠦᠭᠡᠭᠳᠡᠭᠦᠨ ᠪᠠ ᠴᠢᠬᠤᠯᠠ ᠬᠦᠴᠦᠨ ᠵᠦᠢᠯ ᠤᠨ ᠵᠠᠬ᠎ᠠ | ᠲᠡᠯᠭᠡᠭᠦᠷ ᠤᠨ ᠪᠤᠢ ᠪᠤᠯᠬᠤ ᠶᠢ ᠲᠦᠯᠬᠢᠨ ᠠᠬᠢᠭᠤᠯᠤᠨ᠎ᠠ᠃ ᠨᠡᠶᠢᠭᠡᠮ ᠤᠨ ᠬᠦᠷᠦᠩᠭᠡ ᠶᠢᠨ ᠰᠣᠶᠣᠯ ᠤᠨ ᠡᠬᠢ | ᠪᠠᠶᠠᠯᠢᠭ ᠯᠤᠭ᠎ᠠ ᠬᠠᠷᠢᠯᠴᠠᠨ ᠣᠶᠠᠯᠳᠣᠬᠤ ᠶᠢ ᠵᠣᠷᠢᠭᠵᠢᠭᠤᠯᠤᠨ᠂ ᠰᠣᠶᠣᠯ ᠤᠨ ᠲᠠᠭᠠᠭᠤᠯᠣᠭᠴᠢ ᠠᠵᠤ ᠠᠬᠤᠶᠢᠯᠠᠯ ᠢ | ᠪᠤᠶᠢᠵᠢᠭᠤᠯᠤᠨ ᠪᠤᠵᠠᠭᠠᠶᠢᠷᠠᠭᠤᠯᠵᠤ᠂ ᠲᠤᠮᠳᠠ ᠪᠠᠭ᠎ᠠ ᠵᠢᠵᠢᠭ ᠰᠣᠶᠣᠯ ᠤᠨ ᠠᠵᠤ ᠠᠬᠤᠶᠢᠯᠠᠯ ᠤᠨ ᠬᠦᠭᠵᠢᠯᠳᠡ ᠶᠢ | ᠲᠡᠳᠭᠦᠨ᠎ᠡ᠃ | ᠰᠣᠶᠣᠯ ᠤᠨ ᠬᠦᠭᠵᠢᠯᠳᠡ ᠶᠢᠨ ᠰᠢᠨ᠎ᠡ ᠶᠢ ᠡᠭᠦᠳᠬᠦ ᠠᠮᠢᠵᠢᠷᠡᠯ ᠤᠨ ᠬᠦᠴᠦᠨ ᠢ ᠬᠦᠭᠵᠢᠭᠡᠨ᠎ᠡ᠃ | ᠰᠣᠶᠣᠯ ᠤᠨ ᠬᠤᠷᠸ᠎ᠠ ᠬᠠᠮᠢᠶᠠᠷᠣᠯᠳᠡ ᠶᠢᠨ ᠪᠠᠶᠢᠭᠤᠯᠣᠯ ᠤᠨ ᠦᠭᠡᠷᠡᠴᠢᠯᠡᠯᠳᠡ ᠶᠢ ᠭᠦᠨᠵᠡᠭᠡᠢ ᠲᠦᠯᠬᠢᠨ ᠠᠬᠢᠭᠤᠯᠵᠦ᠂ | ᠵᠠᠰᠠᠭ ᠤᠨ ᠣᠷᠳᠣᠨ ᠤ ᠰᠠᠯᠠᠭ᠎ᠠ ᠮᠦᠴᠢᠷ ᠤᠨ ᠰᠣᠶᠣᠯ ᠡᠷᠬᠢᠯᠡᠵᠦ ᠪᠠᠶᠢᠭᠰᠠᠨ ᠠᠴᠠ ᠨᠢ ᠰᠣᠶᠣᠯ ᠤᠨ ᠬᠠᠮᠢᠶᠠᠷᠣᠯᠳᠡ | ᠬᠢᠬᠦ ᠲᠡᠰᠢ ᠰᠢᠯᠵᠢᠬᠦᠯᠬᠦ ᠶᠢ ᠲᠦᠷᠭᠡᠳᠭᠡᠨ ᠠᠬᠢᠭᠤᠯᠵᠦ᠂ ᠣᠯᠣᠰ ᠤᠨ ᠦᠮᠴᠢᠯᠡᠯᠳᠣ ᠰᠣᠶᠣᠯ ᠤᠨ ᠬᠦᠷᠦᠩᠭᠡ ᠶᠢ | ᠬᠢᠨᠡᠨ ᠬᠠᠮᠢᠶᠠᠷᠬᠤ ᠪᠠᠶᠢᠭᠤᠯᠣᠯ ᠢ ᠪᠠᠶᠢᠭᠤᠯᠣᠨ ᠲᠡᠭᠦᠯᠳᠡᠷᠵᠢᠭᠦᠯᠵᠦ᠂ ᠬᠦᠮᠦᠨ᠂ ᠶᠠᠪᠣᠳᠠᠯ᠂ ᠬᠦᠷᠦᠩᠭᠡ᠂ | ᠬᠦᠳᠦᠯᠦᠮᠵᠢ ᠵᠡᠷᠬᠡ ᠬᠠᠮᠢᠶᠠᠷᠣᠯᠳᠡ ᠶᠢᠨ ᠬᠠᠷᠢᠯᠴᠠᠨ ᠨᠢᠭᠡᠳᠣᠯᠳᠡᠢ ᠪᠠᠶᠢᠬᠤ ᠶᠢ ᠬᠡᠷᠡᠭᠵᠢᠬᠦᠯᠵᠦ᠂ ᠰᠣᠶᠣᠯ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠬᠢᠭᠡᠳ ᠬᠠᠷᠢᠶ᠎ᠠ ᠪᠦᠬᠦᠢ ᠰᠣᠶᠣᠯ ᠤᠨ ᠠᠵᠦ ᠠᠬᠤᠶᠢᠯᠠᠯ ᠠᠵᠢᠯ | ᠦᠢᠯᠡᠰ ᠤᠨ ᠨᠢᠭᠡᠴᠡ ᠶᠢᠨ ᠬᠠᠷᠢᠴᠠᠭ᠎ᠠ ᠶᠢ ᠣᠯᠠᠮ ᠨᠢᠬᠡ ᠠᠯᠬᠤᠮ ᠰᠢᠯᠣᠭᠤᠳᠬᠠᠨ᠎ᠠ᠃ ᠦᠪᠡᠷᠳᠡᠭᠡᠨ ᠵᠠᠰᠠᠬᠤ | ᠣᠷᠣᠨ ᠤ ᠰᠣᠶᠣᠯ ᠤᠨ ᠵᠠᠬ᠎ᠠ ᠲᠡᠯᠭᠡᠭᠦᠷ ᠤᠨ ᠶᠡᠷᠦᠩᠬᠡᠶᠢᠯᠡᠭᠰᠡᠨ ᠬᠠᠥᠯᠢ ᠬᠡᠷᠡᠭᠵᠢᠬᠦᠯᠬᠦ ᠬᠠᠮᠢᠶᠠᠷᠣᠯᠳᠡ ᠶᠢᠨ | ᠪᠠᠶᠢᠭᠤᠯᠣᠯ ᠢ ᠠᠯᠬᠤᠮ ᠠᠯᠬᠤᠮ ᠢᠶᠠᠷ ᠰᠢᠯᠣᠭᠤᠳᠬᠠᠵᠦ᠂ ᠦᠪᠡᠷᠳᠡᠭᠡᠨ ᠵᠠᠰᠠᠬᠤ ᠣᠷᠣᠨ ᠤ ᠰᠣᠨᠢᠨ ᠮᠡᠳᠡᠭᠡ ᠬᠡᠪᠯᠡᠯ | ᠵᠡᠷᠬᠡ ᠲᠠᠪᠣᠨ ᠶᠡᠭᠡ ᠰᠣᠶᠣᠯ ᠤᠨ ᠠᠵᠦ ᠠᠬᠤᠶᠢᠯᠠᠯ ᠤᠨ ᠪᠦᠯᠦᠭᠯᠡᠯ ᠤᠨ ᠣᠳᠣ ᠦᠶ᠎ᠡ ᠶᠢᠨ ᠠᠵᠦ ᠠᠬᠤᠶᠢᠯᠠᠯ ᠤᠨ | ᠲᠦᠷᠢᠮ ᠪᠠᠶᠢᠭᠤᠯᠬᠤ ᠶᠢ ᠲᠦᠷᠭᠡᠳᠭᠡᠨ ᠠᠬᠢᠭᠤᠯᠵᠦ᠂ ᠬᠠᠥᠯᠢ ᠶᠢᠨ ᠡᠷᠭᠡᠳᠡᠨ ᠠᠴᠠ ᠵᠠᠰᠠᠬᠤ ᠪᠦᠳᠦᠴᠡ ᠶᠢ | ᠲᠡᠭᠦᠯᠳᠡᠷᠵᠢᠭᠦᠯᠦᠨ᠎ᠡ᠃ ᠰᠣᠶᠣᠯ ᠤᠨ ︽ᠭᠠᠷᠴᠦ ᠶᠠᠪᠣᠬᠤ︾ ᠠᠯᠬᠤᠴᠡ ᠶᠢ ᠲᠦᠷᠭᠡᠳᠭᠡᠨ᠂ ᠰᠣᠶᠣᠯ ᠤᠨ | ᠲᠠᠯ᠎ᠠ ᠪᠠᠷ ᠰᠣᠯᠢᠯᠴᠠᠭ᠎ᠠ ᠬᠢᠵᠦ ᠬᠤᠷᠰᠢᠯᠴᠠᠬᠤ ᠶᠢ ᠣᠯᠠᠮ ᠨᠢᠬᠡ ᠠᠯᠬᠤᠮ ᠴᠢᠩᠭᠠᠳᠬᠠᠵᠦ᠂ ᠦᠪᠦᠷ ᠮᠤᠩᠭᠤᠯ ᠤᠨ | ᠦᠨᠳᠣᠰᠣᠳᠡᠨ ᠤ ᠰᠣᠶᠣᠯ ᠢ ᠦᠷᠭᠡᠨ ᠢᠶᠠᠷ ᠣᠬᠠᠭᠤᠯᠬᠤ ᠪᠠ ᠶᠡᠬᠡᠪᠡᠷ ᠲᠠᠨᠢᠯᠴᠠᠭᠤᠯᠵᠦ᠂ ᠰᠤᠶᠤᠯ ᠤᠨ ᠨᠦᠯᠦᠭᠡᠯᠡᠬᠦ | ᠬᠦᠴᠦᠨ ᠪᠠ ᠵᠦᠭᠡᠯᠡᠨ ᠪᠣᠳᠠᠳᠣ ᠬᠦᠴᠦᠨ ᠢ ᠲᠠᠰᠣᠷᠠᠯᠳᠠ ᠦᠬᠡᠢ ᠲᠡᠭᠡᠭᠰᠢᠯᠡᠬᠦᠯᠦᠨ᠎ᠡ᠃ | ︵ᠶᠢᠰᠦ︶ ᠨᠡᠶᠢᠬᠡᠮ ᠢ ᠵᠠᠰᠬᠤ ᠪᠠᠶᠢᠭᠤᠯᠣᠯ ᠤᠨ ᠰᠢᠨ᠎ᠡ ᠶᠢ ᠡᠭᠦᠳᠴᠦ᠂ ᠨᠡᠶᠢᠬᠡᠮ ᠤᠨ ᠡᠶ᠎ᠡ ᠵᠣᠬᠢᠴᠠᠯ ᠲᠠᠢ | ᠲᠣᠭᠳᠠᠭᠤᠨ ᠪᠠᠶᠢᠬᠤ ᠶᠢ ᠠᠬᠢᠭᠤᠯᠣᠨ᠎ᠠ | ᠦᠨᠳᠣᠰᠣᠳᠡᠨ ᠤ ᠪᠦᠯᠬᠦᠮᠳᠡᠯ ᠢ ᠣᠯᠠᠮ ᠨᠢᠬᠡ ᠠᠯᠬᠤᠮ ᠴᠢᠩᠭᠠᠳᠬᠠᠨ᠎ᠠ᠃ ᠦᠨᠳᠣᠰᠣᠳᠡᠨ ᠤ ᠣᠷᠣᠨ ᠤ | ᠦᠪᠡᠷᠳᠡᠭᠡᠨ ᠵᠠᠰᠠᠬᠤ ᠲᠦᠷᠢᠮ ᠢ ᠪᠠᠷᠢᠮᠳᠠᠯᠠᠨ ᠲᠡᠭᠦᠯᠳᠡᠷᠵᠢᠭᠦᠯᠵᠦ᠂ ᠦᠨᠳᠣᠰᠣᠳᠡᠨ ᠱᠠᠰᠢᠨ ᠰᠣᠷᠳᠠᠬᠤᠨ ᠤ ᠲᠣᠬᠠᠢ | ᠨᠠᠮ ᠤᠨ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠣᠣᠱᠯᠠᠭᠤᠯᠣᠨ ᠨᠠᠶᠢᠳᠠᠪᠣᠷᠢᠵᠢᠭᠤᠯᠵᠦ᠂ ᠦᠨᠳᠤᠰᠣᠳᠠᠨ ᠤ | ᠪᠦᠯᠬᠦᠮᠳᠡᠯ ᠲᠠᠪᠰᠢᠯᠳᠠ ᠶᠢᠨ ᠣᠬᠠᠭᠤᠯᠭ᠎ᠠ ᠪᠠ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠢ ᠦᠷᠨᠢᠭᠦᠯᠵᠦ᠂ | ᠴᠦᠬᠡᠨ ᠲᠣᠭᠠᠳᠣ ᠦᠨᠳᠣᠰᠣᠳᠡᠨ ᠤ ᠬᠠᠥᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠬᠦᠮᠦᠨ ᠠᠮᠠ ᠨᠡᠯᠢᠶᠡᠳ | ᠴᠦᠬᠡᠨ ᠦᠨᠳᠣᠰᠣᠳᠡᠨ ᠤ ᠬᠦᠭᠵᠢᠯᠳᠡ ᠶᠢ ᠲᠡᠳᠭᠦᠵᠦ᠂ ᠡᠷᠬᠡ ᠲᠡᠭᠰᠢ ᠪᠦᠯᠬᠦᠮᠳᠡᠨ ᠨᠢᠭᠳᠠᠷᠠᠭᠰᠠᠨ ᠬᠠᠷᠢᠯᠴᠠᠨ | ᠬᠠᠪᠰᠣᠷᠣᠯᠴᠠᠭᠰᠠᠨ ᠡᠶ᠎ᠡ ᠵᠣᠬᠢᠴᠠᠯ ᠲᠠᠢ ᠨᠡᠶᠢᠬᠡᠮ ᠵᠢᠷᠣᠮ ᠤᠨ ᠦᠨᠳᠣᠰᠣᠳᠡᠨ ᠤ ᠬᠠᠷᠢᠴᠠᠭ᠎ᠠ ᠶᠢ ᠪᠠᠬᠢᠵᠢᠭᠦᠯᠦᠨ | ᠬᠦᠭᠵᠢᠭᠦᠯᠵᠦ᠂ ᠦᠨᠳᠣᠰᠣᠳᠡᠨ ᠨᠦᠭᠦᠳ ᠤᠨ ᠠᠷᠠᠳ ᠲᠦᠮᠡᠨ ᠤ ᠬᠠᠮᠳᠣᠪᠡᠷ ᠪᠦᠯᠬᠦᠮᠳᠡᠨ ᠲᠡᠮᠡᠴᠡᠬᠦ᠂ ᠬᠠᠮᠳᠣᠪᠡᠷ | ᠴᠡᠴᠡᠭᠯᠡᠨ ᠬᠦᠭᠵᠢᠬᠦ ᠶᠢ ᠠᠬᠢᠭᠤᠯᠣᠨ᠎ᠠ᠃ ᠱᠠᠰᠢᠨ ᠰᠣᠷᠳᠠᠬᠤᠨ ᠤ ᠬᠡᠷᠡᠭ ᠶᠠᠪᠣᠳᠠᠯ ᠢ ᠬᠠᠥᠯᠢ ᠶᠣᠰᠣᠭᠠᠷ ᠬᠠᠮᠢᠶᠠᠷᠴᠦ | ᠂ ᠱᠠᠰᠢᠨ ᠰᠣᠷᠳᠠᠬᠤᠨ ᠬᠢᠭᠡᠳ ᠨᠡᠶᠢᠭᠡᠮ ᠵᠢᠷᠣᠮᠳᠣ ᠨᠡᠶᠢᠭᠡᠮ ᠤᠨ ᠬᠠᠷᠢᠯᠴᠠᠨ ᠵᠣᠬᠢᠴᠠᠬᠤ ᠶᠢ ᠢᠳᠡᠪᠬᠢᠳᠡᠢ ᠪᠠᠷ | ᠬᠦᠳᠦᠯᠦᠨ ᠵᠢᠯᠣᠭᠤᠳᠴᠦ᠂ ᠱᠠᠰᠢᠨ ᠰᠣᠷᠳᠠᠬᠤᠨ ᠤ ᠡᠳᠡᠭᠡᠳ ᠤᠨ ᠬᠢᠨ ᠬᠢᠭᠡᠳ ᠱᠠᠰᠢᠨ ᠰᠢᠳᠦᠳᠡᠭ ᠣᠯᠠᠨ | ᠲᠦᠮᠡᠨ ᠤ ᠠᠵᠦ ᠠᠬᠤᠢ ᠶᠢᠨ ᠬᠦᠭᠵᠢᠯᠳᠡ᠂ ᠨᠡᠶᠢᠬᠡᠮ ᠤᠨ ᠡᠶ᠎ᠡ ᠵᠣᠬᠢᠴᠡᠯ ᠲᠠᠢ ᠪᠠᠶᠢᠬᠤ ᠶᠢ ᠠᠬᠢᠭᠤᠯᠬᠤ ᠳᠠᠬᠢ | ᠢᠳᠡᠪᠬᠢᠳᠡᠢ ᠦᠢᠯᠡᠳᠦᠯ ᠢ ᠪᠠᠳᠠᠷᠠᠭᠤᠯᠣᠨ᠎ᠠ᠃ | ᠨᠡᠶᠢᠭᠡᠮ ᠤᠨ ᠵᠣᠬᠢᠶᠡᠨ ᠪᠠᠶᠢᠭᠤᠯᠣᠯᠳᠡ ᠶᠢᠨ ᠠᠮᠢᠵᠢᠷᠡᠯ ᠤᠨ ᠬᠦᠴᠦᠨ ᠢ ᠨᠡᠮᠡᠭᠳᠡᠭᠦᠯᠦᠨ᠎ᠡ᠃ ᠵᠠᠰᠠᠭ ᠤᠨ | ᠣᠷᠳᠣᠨ ᠠᠴᠠ ᠵᠠᠰᠠᠬᠤ ᠪᠠ ᠨᠡᠶᠢᠭᠡᠮ ᠤᠨ ᠦᠪᠡᠷ ᠢ ᠪᠠᠨ ᠲᠣᠬᠢᠷᠠᠭᠤᠯᠬᠤ᠂ ᠰᠠᠭᠤᠭᠠᠯᠢ ᠠᠷᠠᠳ ᠤᠨ ᠦᠪᠡᠷᠳᠡᠭᠡᠨ | ᠵᠠᠰᠠᠬᠤ ᠰᠠᠶᠢᠨ ᠨᠦᠬᠦᠴᠡᠯᠳᠣᠯ ᠢ ᠴᠢᠷᠮᠠᠶᠢᠨ ᠠᠬᠢᠭᠤᠯᠣᠨ᠎ᠠ᠃ ︽ᠵᠠᠰᠠᠭ ᠪᠠ ᠨᠡᠶᠢᠭᠡᠮ ᠤᠨ ᠬᠢᠨ ᠢ ᠰᠠᠯᠭᠠᠬᠤ᠂ | ᠬᠠᠮᠢᠶᠠᠷᠬᠤ ᠪᠠ ᠡᠷᠬᠢᠯᠡᠬᠦ ᠶᠢ ᠰᠠᠯᠭᠠᠬᠤ︾ ᠵᠠᠷᠴᠢᠮ ᠤᠨ ᠶᠣᠰᠣᠭᠠᠷ᠂ ᠡᠯ᠎ᠡ ᠲᠦᠷᠦᠯ ᠤᠨ ᠡᠪᠯᠡᠯ᠂ ᠨᠡᠶᠢᠭᠡᠮᠯᠢᠭ᠂ | ᠰᠣᠳᠣᠯᠭᠠᠨ ᠤ ᠨᠡᠶᠢᠭᠡᠮᠯᠢᠭ ᠢ ᠬᠦᠳᠦᠯᠦᠨ ᠵᠢᠯᠣᠭᠤᠳᠴᠦ ᠪᠠᠶᠢᠭᠠᠳ ᠨᠠᠮ ᠵᠠᠰᠠᠭ ᠤᠨ ᠪᠠᠶᠢᠭᠤᠯᠣᠯᠭ᠎ᠠ᠂ ᠠᠵᠢᠯ | ᠦᠢᠯᠡᠰ ᠤᠨ ᠨᠢᠭᠡᠴᠡ ᠠᠴᠠ ᠲᠦᠢᠯᠪᠣᠷᠢᠳᠡᠢ ᠰᠠᠯᠭᠠᠨ᠎ᠠ᠃ ᠵᠠᠰᠠᠭ ᠤᠨ ᠣᠷᠳᠣᠨ ᠨᠡᠶᠢᠭᠡᠮ ᠤᠨ ᠦᠢᠯᠡᠴᠢᠯᠡᠭᠡ ᠶᠢ | ᠬᠤᠳᠠᠯᠳᠣᠨ ᠠᠪᠬᠤ ᠲᠦᠷᠢᠮ ᠢ ᠪᠠᠶᠢᠭᠤᠯᠵᠦ᠂ ᠨᠡᠶᠢᠬᠡᠮ ᠤᠨ ᠵᠣᠬᠢᠶᠡᠨ ᠪᠠᠶᠢᠭᠤᠯᠣᠯᠳᠡ ᠶᠢᠨ ᠦᠪᠡᠷ ᠢ ᠪᠠᠨ | ᠲᠡᠭᠦᠯᠳᠡᠷᠵᠢᠬᠦᠯᠬᠦ ᠪᠠ ᠬᠦᠭᠵᠢᠬᠦᠯᠬᠦ ᠶᠢ ᠠᠬᠢᠭᠤᠯᠣᠨ᠎ᠠ᠃ ᠵᠠᠰᠠᠭ ᠤᠨ ᠣᠷᠳᠣᠨ ᠵᠢᠯᠣᠭᠤᠳᠬᠤ᠂ ᠨᠡᠶᠢᠬᠡᠮ ᠤᠨ ᠬᠢᠨ | ᠣᠷᠣᠯᠴᠠᠬᠤ᠂ ᠪᠡᠶ᠎ᠡ ᠪᠠᠨ ᠲᠠᠭᠠᠭᠠᠵᠦ ᠠᠵᠢᠯᠯᠠᠬᠤ ᠠᠵᠢᠯ ᠤᠨ ᠲᠣᠭᠳᠠᠴᠠ ᠶᠢ ᠪᠠᠶᠢᠭᠤᠯᠣᠨ᠂ ᠨᠡᠶᠢᠭᠡᠮ ᠤᠨ ᠵᠣᠬᠢᠶᠠᠨ | ᠪᠠᠶᠢᠭᠤᠯᠣᠯᠳᠡ ᠶᠢᠨ ᠵᠡᠷᠭᠡ ᠲᠡᠰ ᠢ ᠦᠨᠡᠯᠡᠨ ᠵᠢᠱᠢᠬᠦ ᠶᠢ ᠪᠦᠬᠦ ᠲᠠᠯ᠎ᠠ ᠪᠠᠷ ᠶᠠᠪᠣᠭᠤᠯᠵᠦ᠂ ᠨᠡᠶᠢᠬᠡᠮ ᠤᠨ ᠵᠣᠬᠢᠶᠠᠨ | ᠪᠠᠶᠢᠭᠤᠯᠣᠯᠳᠠ ᠠᠴᠠ ᠬᠠᠩᠭᠠᠬᠤ ᠳᠤ ᠲᠣᠬᠢᠷᠠᠬᠤ ᠣᠯᠠᠨ ᠨᠡᠶᠢᠳᠡ ᠶᠢᠨ ᠦᠢᠯᠡᠴᠢᠯᠡᠭᠡᠨ ᠪᠠ ᠰᠢᠢᠳᠪᠦᠷᠢᠯᠡᠬᠦ | ᠵᠦᠢᠯᠡᠰ ᠢ ᠨᠡᠶᠢᠭᠡᠮ ᠤᠨ ᠵᠣᠬᠢᠶᠡᠨ ᠪᠠᠶᠢᠭᠤᠯᠣᠯᠳᠡ ᠳᠤ ᠲᠣᠰᠢᠶᠡᠨ ᠡᠭᠦᠷᠭᠡᠯᠡᠭᠦᠯᠦᠨ᠎ᠡ᠃ ᠨᠡᠶᠢᠬᠡᠮ ᠤᠨ ᠠᠵᠢᠯ ᠤᠨ | ᠲᠣᠰᠬᠠᠢ ᠴᠢᠳᠠᠪᠣᠷᠢᠳᠡᠨ ᠬᠦᠮᠦᠵᠢᠭᠦᠯᠬᠦ ᠶᠢ ᠴᠢᠩᠭᠠᠳᠬᠠᠨ᠂ ᠨᠡᠶᠢᠬᠡᠮ ᠤᠨ ᠠᠵᠢᠯ ᠤᠨ ᠠᠵᠢᠯ ᠤᠨ ᠪᠠᠶᠢᠷᠢ | ᠪᠠᠶᠢᠷᠢᠯᠠᠭᠤᠯᠬᠤ ᠬᠦᠷᠢᠶ᠎ᠡ ᠶᠢ ᠦᠷᠭᠡᠵᠢᠭᠦᠯᠦᠨ᠎ᠡ᠃ | ᠣᠯᠠᠨ ᠨᠡᠶᠢᠳᠡ ᠶᠢᠨ ᠠᠮᠣᠷ ᠲᠦᠪᠰᠢᠨ ᠤ ᠰᠢᠰᠲ᠋ᠧᠮᠵᠢ ᠶᠢ ᠲᠡᠭᠦᠯᠳᠡᠷᠵᠢᠬᠦᠯᠦᠨ᠎ᠡ᠃ ︽ᠰᠣᠷᠪᠣᠯᠵᠢᠯᠠᠯ ᠢ | ᠶᠡᠭᠡᠪᠡᠷ ᠬᠦᠯᠢᠶᠡᠨ ᠠᠪᠬᠤ︾ ᠠᠵᠢᠯᠯᠠᠭ᠎ᠠ ᠶᠢ ᠬᠢᠨᠠᠮᠠᠭᠠᠢ ᠦᠷᠨᠢᠭᠦᠯᠵᠦ᠂ ᠣᠳᠣᠷᠢᠳᠬᠤ ᠺᠠᠳ᠋ᠷ ᠤᠨ ᠰᠣᠷᠪᠣᠯᠵᠢᠯᠠᠯ | ᠬᠦᠯᠢᠶᠡᠨ ᠠᠪᠬᠤ᠂ ᠲᠣᠷᠣᠭᠰᠢ ᠰᠣᠷᠪᠣᠯᠵᠢᠯᠠᠯ ᠬᠢᠬᠦ ᠪᠠ ᠲᠠᠭᠠᠭᠠᠨ ᠠᠪᠴᠦ ᠭᠦᠢᠴᠡᠳᠭᠡᠬᠦ ᠲᠦᠷᠢᠮ ᠢ | ᠲᠡᠭᠦᠯᠳᠡᠷᠵᠢᠭᠦᠯᠵᠦ᠂ ᠬᠠᠮᠳᠣᠷᠡᠨ ᠰᠣᠷᠪᠣᠯᠵᠢᠯᠠᠯ ᠬᠦᠯᠢᠶᠡᠨ ᠠᠪᠬᠤ ᠠᠵᠢᠯ ᠤᠨ ᠲᠣᠭᠳᠠᠴᠠ ᠶᠢ ᠲᠡᠭᠦᠯᠳᠡᠷᠵᠢᠭᠦᠯᠵᠦ᠂ | ᠵᠠᠬᠢᠳᠠᠯ ᠰᠣᠷᠪᠣᠯᠵᠢᠯᠠᠯ ᠤᠨ ᠠᠰᠠᠭᠤᠳᠠᠯ ᠢ ᠡᠬᠢ ᠡᠭᠦᠰᠦᠯ ᠠᠴᠠ ᠨᠢ ᠵᠠᠰᠠᠬᠤ ᠶᠢ ᠰᠠᠶᠢᠳᠣᠷ ᠠᠳᠬᠤᠵᠦ᠂ ᠬᠠᠥᠯᠢ | ᠴᠠᠭᠠᠵᠠ ᠪᠠ ᠵᠠᠷᠭᠤ ᠳᠤ ᠬᠤᠯᠪᠣᠭᠳᠠᠭᠰᠠᠨ ᠵᠠᠬᠢᠳᠠᠯ ᠰᠣᠷᠪᠣᠯᠵᠢᠯᠠᠯ ᠢ ᠲᠠᠭᠤᠰᠬᠠᠬᠤ ᠲᠦᠷᠢᠮ ᠢ ᠪᠠᠶᠢᠭᠤᠯᠵᠦ᠂ | ᠣᠯᠠᠨ ᠲᠦᠮᠡᠨ ᠤ ᠠᠰᠠᠭᠤᠳᠠᠯ ᠢᠶᠠᠨ ᠲᠣᠰᠬᠠᠵᠦ ᠲᠡᠶᠢᠯᠬᠦ᠂ ᠵᠦᠷᠢᠴᠡᠯ ᠢ ᠰᠢᠢᠳᠪᠦᠷᠢᠯᠡᠵᠦ ᠲᠡᠶᠢᠯᠬᠦ᠂ ᠡᠷᠬᠡ | ᠠᠰᠢᠭ ᠢ ᠨᠢ ᠪᠠᠳᠣᠯᠠᠵᠦ ᠲᠡᠶᠢᠯᠬᠦ ᠪᠣᠯᠭᠠᠨ᠎ᠠ᠃ ᠶᠠᠰᠣ ᠴᠢᠨᠡᠷ ᠠᠶᠣᠯ ᠦᠬᠡᠢ ᠶᠢᠨ ᠬᠢᠨᠠᠯᠳᠠ ᠬᠠᠮᠢᠶᠠᠷᠣᠯᠳᠠ ᠶᠢ | ᠴᠢᠩᠭᠠᠳᠬᠠᠨ᠂ ᠢᠳᠡᠭᠡᠨ ᠪᠠ ᠡᠮ ᠤᠨ ᠵᠦᠢᠯ᠂ ᠭᠤᠣᠯᠳᠠᠯᠭ᠎ᠠ ᠲᠠᠢ ᠦᠢᠯᠡᠳᠬᠦᠨ᠂ ᠭᠤᠣᠯᠳᠠᠯᠭ᠎ᠠ ᠲᠠᠢ ᠠᠵᠢᠯ | ᠲᠦᠷᠦᠯ ᠪᠠ ᠭᠤᠣᠯᠳᠠᠯᠭ᠎ᠠ ᠲᠠᠢ ᠣᠷᠣᠨ ᠪᠦᠰᠡ ᠶᠢᠨ ᠲᠣᠭᠤᠷᠢᠨ ᠳᠤ ᠶᠠᠰᠣ ᠴᠢᠨᠠᠷ ᠠᠶᠣᠯ ᠦᠬᠡᠢ ᠶᠢᠨ ᠲᠣᠰᠬᠠᠢ | ᠵᠦᠢᠯ ᠢᠶᠠᠷ ᠴᠡᠭᠴᠡᠯᠡᠨ ᠵᠠᠰᠠᠬᠤ ᠠᠵᠢᠯᠯᠠᠭ᠎ᠠ ᠶᠢ ᠦᠷᠨᠢᠭᠦᠯᠦᠨ᠎ᠡ᠃ ᠠᠶᠣᠯ ᠦᠬᠡᠢ ᠦᠢᠯᠡᠳᠪᠦᠷᠢᠯᠡᠯ ᠤᠨ ᠬᠢᠨᠡᠯᠳᠡ | ᠬᠠᠮᠢᠶᠠᠷᠣᠯᠳᠡ ᠶᠢ ᠴᠢᠩᠭᠠᠳᠬᠠᠨ᠂ ᠠᠶᠣᠯ ᠦᠬᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ | ᠨᠠᠶᠢᠳᠠᠪᠣᠷᠢᠵᠢᠭᠤᠯᠵᠦ᠂ ᠠᠶᠣᠯ ᠦᠬᠡᠢ ᠦᠢᠯᠡᠳᠪᠦᠷᠢᠯᠡᠯ ᠤᠨ ᠣᠷᠳᠣ ᠬᠤᠭᠤᠴᠠᠭᠠᠨ ᠤ ᠦᠷ᠎ᠡ ᠪᠦᠳᠦᠮᠵᠢᠳᠣ | ᠲᠣᠭᠳᠠᠴᠠ ᠶᠢ ᠪᠠᠶᠢᠭᠤᠯᠣᠨ᠎ᠠ᠃ ᠬᠦᠳᠡᠯᠮᠦᠷᠢ ᠶᠢᠨ ᠪᠠᠷᠢᠮᠵᠢᠶ᠎ᠠ ᠶᠢᠨ ᠰᠢᠰᠲ᠋ᠧᠮᠵᠢ ᠪᠣᠯᠣᠨ ᠬᠦᠳᠡᠯᠮᠦᠷᠢ ᠶᠢᠨ | ᠬᠠᠷᠢᠴᠠᠭ᠎ᠠ ᠶᠢ ᠵᠣᠬᠢᠴᠠᠭᠤᠯᠬᠤ ᠲᠣᠭᠳᠠᠴᠠ ᠶᠢ ᠲᠡᠭᠦᠯᠳᠡᠷᠵᠢᠭᠦᠯᠦᠨ᠂ ᠡᠶ᠎ᠡ ᠵᠣᠬᠢᠴᠠᠯ ᠲᠠᠢ ᠬᠦᠳᠡᠯᠮᠦᠷᠢ ᠶᠢᠨ | ᠬᠠᠷᠢᠴᠠᠭ᠎ᠠ ᠶᠢ ᠪᠠᠶᠢᠭᠤᠯᠣᠨ᠎ᠠ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠣᠯᠳᠡ ᠶᠢᠨ ᠰᠠᠭᠤᠷᠢ ᠪᠠᠶᠢᠭᠤᠯᠣᠯᠳᠠ ᠶᠢ | ᠲᠦᠷᠭᠡᠳᠭᠡᠨ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠪᠠ ᠪᠠᠴᠢᠮ ᠪᠠᠶᠢᠳᠠᠯ ᠢ ᠠᠷᠭᠠᠴᠠᠨ ᠠᠪᠣᠷᠡᠨ | ᠲᠣᠰᠠᠯᠠᠬᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠭᠠᠮᠰᠢᠭ ᠢ ᠰᠡᠷᠭᠡᠶᠢᠯᠡᠨ ᠬᠤᠷᠢᠭᠯᠠᠬᠤ ᠪᠠ ᠲᠡᠩᠬᠡᠷᠡᠭᠦᠯᠦᠨ | ᠲᠡᠳᠭᠦᠭᠦ ᠴᠢᠳᠠᠪᠣᠷᠢ ᠪᠠᠨ ᠲᠡᠭᠡᠭᠰᠢᠯᠡᠭᠦᠯᠦᠨ᠎ᠡ᠃ ᠬᠠᠥᠯᠢ ᠪᠠᠷ ᠵᠠᠰᠠᠬᠤ ᠦᠪᠦᠷ ᠮᠣᠩᠭᠤᠯ ᠤᠨ ᠪᠠᠶᠢᠭᠤᠯᠣᠯᠳᠠ ᠶᠢ | ᠲᠦᠯᠬᠢᠨ ᠠᠬᠢᠭᠤᠯᠵᠦ᠂ ᠬᠠᠥᠯᠢ ᠲᠦᠭᠡᠮᠡᠯᠵᠢᠬᠦᠯᠬᠦ ᠬᠠᠥᠯᠢ ᠪᠠᠷ ᠵᠠᠰᠠᠬᠤ ᠠᠵᠢᠯ ᠢ ᠭᠦᠨᠵᠡᠭᠡᠶᠢᠷᠡᠭᠦᠯᠦᠨ᠎ᠡ᠃ ︽ | ᠠᠮᠣᠭᠤᠯᠠᠩ ᠲᠠᠶᠢᠪᠣᠩ ᠦᠪᠦᠷ ᠮᠣᠩᠭᠤᠯ ᠢ ᠡᠭᠦᠳᠦᠨ ᠪᠠᠶᠢᠭᠤᠯᠬᠤ ᠢᠨᠵᠧᠨᠧᠷᠢᠩ︾ ᠢ ᠭᠦᠨᠵᠡᠬᠡᠢ ᠬᠡᠷᠡᠭᠵᠢᠬᠦᠯᠵᠦ᠂ | ᠨᠡᠶᠢᠭᠡᠮ ᠤᠨ ᠠᠮᠣᠷ ᠢ ᠬᠠᠮᠠᠭᠠᠯᠠᠬᠤ ᠪᠡᠶᠡᠳᠣᠴᠢᠯᠡᠭᠰᠡᠨ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠲᠡᠭᠦᠯᠳᠡᠷᠵᠢᠬᠦᠯᠦᠨ᠂ | ᠡᠯ᠎ᠡ ᠲᠦᠷᠦᠯ ᠤᠨ ᠬᠠᠥᠯᠢ ᠠᠴᠠ ᠵᠦᠷᠢᠴᠡᠭᠰᠡᠨ ᠶᠠᠯᠠᠳᠣ ᠠᠵᠢᠯᠯᠠᠭ᠎ᠠ ᠳᠤ ᠴᠢᠩᠭ᠎ᠠ ᠴᠣᠬᠢᠯᠳᠡ ᠦᠭᠴᠦ᠂ ᠨᠡᠶᠢᠬᠡᠮ | ᠨᠡᠶᠢᠳᠡ ᠶᠢᠨ ᠠᠮᠣᠷ ᠲᠦᠪᠰᠢᠨ ᠢ ᠪᠠᠳᠣᠯᠠᠨ᠎ᠠ᠃ ᠬᠢᠯᠢ ᠶᠢᠨ ᠲᠣᠳᠣᠷ᠎ᠡ ᠭᠠᠳᠠᠨᠠᠬᠢ ᠡᠯ᠎ᠡ ᠵᠦᠢᠯ ᠤᠨ ᠲᠠᠶᠢᠰᠣᠩᠨᠠᠭᠴᠢ | ᠬᠦᠴᠦᠨ ᠤ ᠨᠡᠪᠴᠢᠯᠳᠡ ᠬᠢᠬᠦ᠂ ᠡᠪᠳᠡᠯᠬᠡ ᠬᠢᠬᠦ᠂ ᠨᠣᠷᠠᠭᠠᠯᠳᠠ ᠬᠢᠬᠦ ᠶᠢ ᠡᠰᠡᠷᠭᠦᠴᠡᠨ ᠬᠤᠷᠢᠭᠯᠠᠵᠦ᠂ ᠬᠢᠯᠢ ᠶᠢᠨ | ᠲᠣᠳᠣᠷ᠎ᠡ ᠭᠠᠳᠠᠨᠠᠬᠢ ᠦᠨᠳᠣᠰᠣᠳᠡᠨ ᠤ ᠬᠠᠭᠠᠴᠠᠭᠤᠯᠬᠤ ᠬᠦᠴᠦᠨ ᠤ ᠠᠵᠢᠯᠯᠠᠭ᠎ᠠ ᠳᠤ ᠬᠠᠥᠯᠢ ᠶᠣᠰᠣᠭᠠᠷ ᠴᠣᠬᠢᠯᠳᠡ | ᠦᠭᠭᠦᠨ᠎ᠡ᠃ ᠣᠯᠣᠰ ᠤᠨ ᠪᠠᠳᠣᠯᠠᠨ ᠬᠠᠮᠠᠭᠠᠯᠠᠯᠳᠠ ᠶᠢᠨ ᠬᠦᠮᠦᠵᠢᠯ ᠢ ᠴᠢᠩᠭᠠᠳᠬᠠᠨ᠂ ᠦᠪᠡᠷᠳᠡᠭᠡᠨ ᠵᠠᠰᠠᠬᠤ | ᠣᠷᠣᠨ ᠳᠤ ᠰᠠᠭᠤᠭ᠎ᠠ ᠴᠡᠷᠢᠭ ᠠᠩᠬᠢ ᠪᠣᠯᠣᠨ ᠵᠡᠪᠰᠡᠭᠳᠦ ᠴᠠᠭᠳᠠᠭ᠎ᠠ ᠶᠢᠨ ᠴᠡᠷᠢᠭ ᠠᠩᠬᠢ ᠶᠢᠨ ᠪᠠᠶᠢᠭᠤᠯᠣᠯᠳᠠ ᠶᠢ | ᠲᠡᠮᠵᠢᠵᠦ᠂ ᠴᠡᠷᠢᠭ ᠠᠷᠠᠳ ᠤᠨ ᠭᠦᠨᠵᠡᠭᠡᠢ ᠨᠡᠶᠢᠯᠡᠯᠴᠡᠨ ᠬᠦᠭᠵᠢᠬᠦ ᠶᠢ ᠲᠦᠯᠬᠢᠨ ᠠᠬᠢᠭᠤᠯᠵᠦ᠂ ᠣᠯᠣᠰ ᠤᠨ | ᠪᠠᠳᠣᠯᠠᠨ ᠬᠠᠮᠠᠭᠠᠯᠠᠯᠳᠠ ᠶᠢᠨ ᠲᠠᠶᠢᠴᠢᠯᠠᠯᠳᠠ ᠪᠣᠯᠣᠨ ᠪᠡᠯᠡᠳᠭᠡᠯ ᠬᠦᠴᠦᠨ ᠤ ᠪᠠᠶᠢᠭᠤᠯᠣᠯᠳᠠ ᠶᠢ ᠰᠠᠶᠢᠳᠣᠷ | ᠠᠳᠬᠤᠵᠦ᠂ ᠡᠬᠡ ᠣᠯᠣᠰ ᠤᠨ ᠣᠮᠠᠷᠠᠳᠣ ᠬᠢᠯᠢ ᠶᠢᠨ ᠠᠮᠣᠷ ᠲᠦᠪᠰᠢᠨ ᠤ ᠰᠡᠷᠭᠡᠶᠢᠯᠡᠯᠳᠡ ᠶᠢᠨ ᠱᠣᠭᠤᠮ ᠢ ᠪᠠᠳᠣ | ᠪᠠᠬᠢ ᠪᠠᠶᠢᠭᠤᠯᠣᠨ᠎ᠠ᠃ | ︵ᠠᠷᠪᠠ︶ ᠵᠠᠰᠠᠭ ᠤᠨ ᠣᠷᠳᠣᠨ ᠤ ᠡᠭᠦᠷᠭᠡ ᠴᠢᠳᠠᠪᠣᠷᠢ ᠶᠢ ᠲᠦᠷᠭᠡᠳᠭᠡᠨ ᠬᠤᠪᠢᠷᠠᠭᠤᠯᠵᠦ᠂ | ᠵᠠᠰᠠᠭ ᠤᠨ ᠣᠷᠳᠣᠨ ᠤ ᠨᠡᠶᠢᠳᠡ ᠳᠤ ᠢᠳᠡᠭᠡᠭᠦᠯᠬᠦ ᠬᠦᠴᠦᠨ ᠪᠠ ᠬᠡᠷᠡᠭᠵᠢᠬᠦᠯᠬᠦ ᠬᠦᠴᠦᠨ ᠢ ᠲᠡᠭᠡᠭᠰᠢᠯᠡᠬᠦᠯᠦᠨ᠎ᠡ | ᠨᠠᠮ ᠤᠨ ᠣᠯᠠᠨ ᠲᠦᠮᠡᠨᠴᠢ ᠱᠣᠭᠤᠮ ᠤᠨ ᠬᠦᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠦᠷ᠎ᠡ | ᠪᠦᠳᠦᠭᠡᠯ ᠢ ᠪᠠᠬᠢᠵᠢᠬᠦᠯᠦᠨ ᠦᠷᠭᠡᠳᠭᠡᠵᠦ᠂ ᠴᠡᠭᠴᠡᠯᠡᠨ ᠰᠠᠶᠢᠵᠢᠷᠠᠭᠤᠯᠵᠦ ᠨᠠᠶᠢᠳᠠᠪᠣᠷᠢᠵᠢᠭᠤᠯᠬᠤ ᠪᠠ ᠲᠦᠷᠢᠮ | ᠲᠣᠭᠳᠠᠭᠠᠯ ᠪᠠᠶᠢᠭᠤᠯᠣᠨ ᠲᠣᠭᠳᠠᠭᠠᠬᠤ ᠶᠢ ᠴᠢᠬᠤᠯᠠ ᠶᠡᠭᠡ ᠡᠭᠦᠷᠬᠡ ᠪᠣᠯᠭᠠᠨ᠂ ᠵᠠᠰᠠᠭ ᠤᠨ ᠣᠷᠳᠣᠨ ᠤ ᠪᠣᠰᠣᠳ | ᠠᠵᠢᠯ ᠯᠤᠭ᠎ᠠ ᠵᠡᠷᠭᠡ ᠳᠤᠨᠢ ᠲᠦᠯᠬᠢᠨ ᠠᠬᠢᠭᠤᠯᠵᠦ᠂ ᠵᠡᠷᠭᠡ ᠳᠤᠨᠢ ᠨᠠᠶᠢᠳᠠᠪᠣᠷᠢᠵᠢᠭᠤᠯᠵᠦ᠂ ᠰᠣᠷᠳᠠᠯ ᠤᠨ | ᠪᠠᠶᠢᠭᠤᠯᠣᠯᠳᠡ ᠶᠢᠨ ᠰᠢᠨ᠎ᠡ ᠦᠷ᠎ᠡ ᠪᠦᠳᠦᠮᠵᠢ ᠪᠠᠷ ᠠᠷᠡᠳ ᠤᠨ ᠢᠳᠡᠭᠡᠯ ᠢ ᠣᠯᠬᠤ᠂ ᠬᠦᠭᠵᠢᠯᠳᠡ ᠶᠢ ᠲᠦᠯᠬᠢᠨ | ᠠᠬᠢᠭᠤᠯᠬᠤ ᠶᠢ ᠦᠨᠡᠨᠬᠦ ᠪᠠᠳᠣᠯᠠᠨ᠎ᠠ᠃ ᠵᠠᠰᠠᠭ ᠤᠨ ᠣᠷᠳᠣᠨ ᠬᠢᠭᠡᠳ ᠵᠠᠬ᠎ᠠ ᠲᠡᠯᠬᠡᠭᠦᠷ ᠤᠨ ᠬᠠᠷᠢᠴᠠᠭ᠎ᠠ ᠶᠢ | ᠰᠠᠶᠢᠳᠣᠷ ᠰᠢᠢᠳᠪᠦᠷᠢᠯᠡᠨ᠂ ᠵᠠᠰᠠᠭ ᠤᠨ ᠣᠷᠳᠣᠨ ᠤ ᠡᠭᠦᠷᠭᠡ ᠴᠢᠳᠠᠪᠣᠷᠢ ᠶᠢ ᠲᠦᠷᠭᠡᠳᠭᠡᠨ ᠬᠤᠪᠢᠷᠠᠭᠤᠯᠣᠨ᠎ᠠ᠃ | ᠵᠠᠰᠠᠭ ᠵᠠᠬᠢᠷᠭᠠᠨ ᠤ ᠬᠢᠨᠡᠨ ᠵᠦᠪᠰᠢᠶᠡᠷᠡᠬᠦ ᠲᠦᠷᠢᠮ ᠤᠨ ᠦᠭᠡᠷᠡᠴᠢᠯᠡᠯᠳᠡ ᠶᠢ ᠭᠦᠨᠵᠡᠭᠡᠶᠢᠷᠡᠭᠦᠯᠵᠦ᠂ ᠵᠠᠰᠠᠭ ᠢ | ᠴᠣᠮᠬᠠᠳᠬᠠᠨ ᠡᠷᠬᠡ ᠶᠢ ᠲᠣᠷᠣᠭᠰᠢ ᠲᠠᠯᠪᠢᠬᠤ ᠶᠢ ᠦᠨᠡᠨ ᠪᠣᠳᠠᠳᠠᠢ ᠪᠠᠷ ᠲᠦᠯᠬᠢᠨ ᠠᠬᠢᠭᠤᠯᠵᠦ᠂ ᠵᠠᠰᠠᠭ | ᠵᠠᠬᠢᠷᠭᠠᠨ ᠤ ᠬᠢᠨᠠᠨ ᠵᠦᠪᠰᠢᠶᠡᠷᠡᠬᠦ ᠵᠦᠢᠯ ᠤᠳ ᠢ ᠶᠡᠭᠡ ᠬᠡᠪᠴᠢᠶ᠎ᠡ ᠪᠠᠷ ᠦᠭᠡᠶᠢᠰᠬᠡᠭᠦ ᠪᠠ ᠲᠣᠷᠣᠭᠰᠢ ᠲᠠᠯᠪᠢᠵᠦ᠂ | ᠵᠠᠰᠠᠭ ᠵᠠᠬᠢᠷᠭᠠᠨ ᠤ ᠬᠢᠨᠡᠨ ᠵᠦᠪᠰᠢᠶᠡᠷᠡᠬᠦ ᠠᠵᠢᠯ ᠤᠨ ᠲᠠᠷᠠᠭᠠᠯᠠᠯ ᠢ ᠲᠦᠬᠦᠮᠴᠢᠯᠡᠵᠦ᠂ ᠵᠠᠬ᠎ᠠ ᠲᠡᠯᠭᠡᠭᠦᠷ ᠤᠨ | ᠲᠣᠭᠳᠠᠴᠠ ᠪᠠᠷ ᠪᠦᠳᠦᠮᠵᠢᠳᠡᠢ ᠲᠣᠬᠢᠷᠠᠭᠤᠯᠭ᠎ᠠ ᠬᠢᠵᠦ ᠴᠢᠳᠠᠬᠤ ᠠᠵᠦ ᠠᠬᠤᠢ ᠶᠢᠨ ᠠᠵᠢᠯᠯᠠᠭ᠎ᠠ ᠪᠦᠬᠦᠨ ᠳᠤ ᠬᠢᠨᠡᠨ | ᠵᠦᠪᠰᠢᠶᠡᠷᠡᠯ ᠢ ᠴᠦᠮ ᠦᠭᠡᠶᠢᠰᠭᠡᠨ᠎ᠡ᠃ ᠦᠪᠡᠷᠳᠡᠭᠡᠨ ᠵᠠᠰᠠᠬᠤ ᠣᠷᠣᠨ ᠤ ︽8337︾ ᠬᠦᠭᠵᠢᠯᠳᠡ ᠶᠢᠨ | ᠰᠡᠳᠬᠢᠴᠡ ᠳᠤ ᠵᠢᠭᠰᠠᠭᠠᠭᠳᠠᠭᠰᠠᠨ ᠭᠤᠣᠯᠳᠠᠯᠭ᠎ᠠ ᠲᠠᠢ ᠲᠦᠯᠦᠪᠵᠢᠭᠦᠯᠦᠭᠰᠡᠨ ᠲᠦᠷᠦᠯ ᠵᠦᠢᠯ ᠤᠳ ᠤᠨ ᠡᠷᠭᠡᠪᠰᠢ | ᠣᠯᠣᠰ ᠤᠨ ᠬᠢᠨᠡᠨ ᠵᠦᠪᠰᠢᠶᠡᠷᠡᠯ ᠢ ᠣᠯᠬᠤ ᠴᠢᠬᠤᠯᠠ ᠲᠠᠢ ᠪᠠᠶᠢᠬᠤ ᠠᠴᠠ ᠪᠣᠰᠣᠳ ᠢ ᠨᠢ ᠴᠦᠮ ᠮᠡᠳᠡᠭᠦᠯᠦᠨ | ᠲᠠᠩᠰᠠᠯᠠᠭᠤᠯᠬᠤ ᠲᠦᠷᠢᠮ ᠢᠶᠠᠷ ᠰᠢᠢᠳᠪᠦᠷᠢᠯᠡᠬᠦ ᠪᠣᠯᠭᠠᠨ᠎ᠠ᠃ ᠠᠶᠢᠮᠠᠭ ᠬᠤᠳᠠ ᠬᠤᠰᠢᠭᠤ ᠰᠢᠶᠡᠨ ᠨᠦᠭᠦᠳ ᠴᠦ | ᠭᠡᠳ ᠦᠭᠡᠶᠢᠰᠭᠡᠨ ᠲᠣᠷᠣᠭᠰᠢ ᠪᠠᠭᠤᠯᠭᠠᠬᠤ ᠪᠠ ᠲᠣᠰᠴᠦ ᠠᠪᠬᠤ ᠠᠵᠢᠯ ᠢ ᠰᠠᠶᠢᠳᠣᠷ ᠬᠢᠬᠦ ᠬᠡᠷᠡᠭᠳᠡᠢ᠃ | ᠦᠯᠡᠳᠡᠭᠡᠭᠰᠡᠨ ᠵᠠᠰᠠᠭ ᠵᠠᠬᠢᠷᠭᠠᠨ ᠤ ᠬᠢᠨᠡᠨ ᠵᠦᠪᠰᠢᠶᠡᠷᠡᠬᠦ ᠵᠦᠢᠯᠡᠰ ᠲᠤ ᠭᠠᠷᠴᠠᠭ ᠨᠠᠶᠢᠷᠠᠭᠤᠯᠣᠨ ᠵᠣᠬᠢᠶᠠᠬᠤ ᠶᠢᠨ | ᠬᠠᠮᠳᠣ ᠨᠡᠶᠢᠬᠡᠮ ᠳᠤ ᠢᠯᠡ ᠪᠣᠯᠭᠠᠵᠦ᠂ ᠬᠢᠨᠡᠨ ᠵᠦᠪᠰᠢᠶᠡᠷᠡᠬᠦ ᠠᠵᠢᠯ ᠤᠨ ᠲᠠᠷᠠᠭᠠᠯᠠᠯ ᠢ ᠰᠢᠯᠢᠳᠡᠭᠵᠢᠬᠦᠯᠵᠦ᠂ ᠬᠢᠨᠡᠨ | ᠵᠦᠪᠰᠢᠶᠡᠷᠡᠬᠦ ᠶᠠᠰᠣ ᠴᠢᠨᠠᠷ ᠪᠣᠯᠣᠨ ᠦᠷ᠎ᠡ ᠪᠦᠳᠦᠮᠵᠢ ᠶᠢ ᠲᠡᠭᠡᠭᠰᠢᠯᠡᠬᠦᠯᠵᠦ᠂ ᠬᠦᠭᠵᠢᠯᠳᠡ ᠶᠢᠨ ᠣᠷᠴᠢᠨ | ᠲᠣᠭᠤᠷᠢᠨ ᠢ ᠣᠯᠠᠮ ᠨᠢᠬᠡ ᠠᠯᠬᠤᠮ ᠰᠠᠶᠢᠵᠢᠷᠠᠭᠤᠯᠣᠨ᠎ᠠ᠃ ᠵᠠᠰᠠᠭ ᠤᠨ ᠣᠷᠳᠣᠨ ᠤ ᠣᠯᠠᠨ ᠨᠡᠶᠢᠳᠡ ᠶᠢᠨ | ᠦᠢᠯᠡᠴᠢᠯᠡᠭᠡᠨ᠂ ᠵᠠᠬ᠎ᠠ ᠲᠡᠯᠭᠡᠭᠦᠷ ᠤᠨ ᠬᠢᠨᠡᠨ ᠬᠠᠮᠢᠶᠠᠷᠣᠯᠳᠠ᠂ ᠨᠡᠶᠢᠬᠡᠮ ᠤᠨ ᠬᠠᠮᠢᠶᠠᠷᠣᠯᠳᠡ᠂ ᠣᠷᠴᠢᠨ | ᠲᠣᠭᠤᠷᠢᠨ ᠤ ᠬᠠᠮᠠᠭᠠᠯᠠᠯᠳᠠ ᠵᠡᠷᠭᠡ ᠡᠭᠦᠷᠭᠡ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠭᠦᠢᠴᠡᠳᠭᠡᠵᠦ᠂ ᠵᠠᠰᠠᠭ ᠤᠨ | ᠣᠷᠳᠣᠨ ᠪᠢᠴᠢᠯ ᠬᠡᠷᠡᠭ ᠶᠠᠪᠣᠳᠠᠯ ᠳᠠᠬᠢ ᠬᠠᠮᠢᠶᠠᠷᠣᠯᠳᠡ ᠪᠠᠨ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠦ᠂ | ᠬᠦᠭᠵᠢᠯᠳᠡ ᠶᠢᠨ ᠪᠠᠶᠢᠯᠳᠣᠬᠤ ᠪᠣᠳᠣᠯᠭ᠎ᠠ᠂ ᠲᠦᠯᠦᠪᠵᠢᠬᠦᠯᠬᠡ᠂ ᠲᠦᠷᠦ ᠶᠢᠨ ᠪᠣᠳᠣᠯᠭ᠎ᠠ᠂ ᠪᠠᠷᠢᠮᠵᠢᠶ᠎ᠠ ᠲᠣᠭᠳᠠᠭᠠᠬᠤ | ᠪᠠ ᠬᠡᠷᠡᠭᠵᠢᠬᠦᠯᠬᠦ ᠶᠢ ᠦᠨᠡᠨᠬᠦ ᠴᠢᠩᠭᠠᠳᠬᠠᠨ᠂ ᠶᠠᠪᠣᠴᠠ ᠳᠠᠬᠢ ᠪᠠ ᠡᠴᠦᠰ ᠤᠨ ᠳ᠋ᠦᠩ ᠤᠨ ᠬᠢᠨᠡᠯᠳᠡ | ᠬᠠᠮᠢᠶᠠᠷᠣᠯᠳᠡ ᠪᠠᠨ ᠴᠢᠩᠭᠠᠷᠠᠭᠤᠯᠣᠨ᠎ᠠ᠃ ᠵᠠᠰᠠᠭ ᠤᠨ ᠣᠷᠳᠣᠨ ᠤ ᠪᠠᠶᠢᠭᠤᠯᠣᠮᠵᠢ ᠶᠢᠨ ᠦᠭᠡᠷᠡᠴᠢᠯᠡᠯᠳᠡ ᠶᠢ | ᠭᠦᠨᠵᠡᠭᠡᠶᠢᠷᠡᠭᠦᠯᠦᠨ᠂ ᠠᠵᠢᠯ ᠦᠢᠯᠡᠰ ᠤᠨ ᠨᠢᠭᠡᠴᠡ ᠶᠢᠨ ᠲᠦᠷᠦᠯ ᠬᠤᠪᠢᠶᠠᠬᠤ ᠦᠭᠡᠷᠡᠴᠢᠯᠡᠯᠳᠡ ᠶᠢ ᠲᠦᠷᠭᠡᠳᠭᠡᠨ᠎ᠡ | ᠃ ᠬᠠᠥᠯᠢ ᠶᠣᠰᠣᠭᠠᠷ ᠵᠠᠰᠠᠭ ᠶᠠᠪᠣᠭᠤᠯᠬᠤ ᠬᠢᠷᠢ ᠬᠡᠮᠵᠢᠶ᠎ᠡ ᠶᠢ ᠲᠡᠭᠡᠭᠰᠢᠯᠡᠬᠦᠯᠵᠦ᠂ ᠠᠷᠡᠳ ᠤᠨ ᠲᠦᠯᠦᠭᠡᠯᠡᠭᠴᠢᠳ ᠤᠨ | ᠶᠡᠭᠡ ᠬᠤᠷᠡᠯ ᠬᠢᠭᠡᠳ ᠲᠡᠭᠦᠨ ᠤ ᠪᠠᠶᠢᠩᠭᠤ ᠶᠢᠨ ᠬᠤᠷᠢᠶ᠎ᠡ᠂ ᠠᠷᠡᠳ ᠤᠨ ᠣᠯᠣᠰ ᠲᠦᠷᠦ ᠶᠢᠨ ᠵᠦᠪᠯᠡᠯᠭᠡᠨ ᠪᠣᠯᠣᠨ | ᠨᠡᠶᠢᠬᠡᠮ ᠤᠨ ᠡᠯ᠎ᠡ ᠡᠳᠡᠭᠡᠳ ᠤᠨ ᠬᠢᠨ ᠤ ᠬᠢᠨᠡᠯᠳᠡ ᠲᠠᠯᠪᠢᠬᠤ ᠶᠢ ᠣᠬᠠᠮᠰᠠᠷ ᠠᠴᠠ ᠪᠠᠨ ᠬᠦᠯᠢᠶᠡᠵᠦ᠂ ᠡᠯ᠎ᠡ | ᠠᠷᠠᠳᠴᠢᠯᠠᠭᠰᠠᠨ ᠨᠠᠮ ᠪᠦᠯᠦᠭ᠂ ᠠᠵᠦ ᠦᠢᠯᠡᠳᠪᠦᠷᠢ ᠬᠤᠳᠠᠯᠳᠣᠭᠠᠨ ᠤ ᠬᠤᠯᠪᠣᠭ᠎ᠠ᠂ ᠨᠠᠮ ᠪᠦᠯᠦᠭ ᠤᠨ ᠪᠣᠰᠣ | ᠬᠦᠮᠦᠰ ᠤᠨ ᠰᠠᠨᠠᠯ ᠢ ᠦᠷᠭᠡᠨ ᠢᠶᠠᠷ ᠰᠣᠨᠣᠰᠣᠨ᠎ᠠ᠃ ᠵᠠᠰᠠᠭ ᠵᠠᠬᠢᠷᠭᠠᠨ ᠤ ᠬᠠᠥᠯᠢ ᠬᠡᠷᠡᠭᠵᠢᠬᠦᠯᠬᠦ ᠪᠠᠶᠢᠭᠤᠯᠣᠯ ᠤᠨ | ᠦᠭᠡᠷᠡᠴᠢᠯᠡᠯᠳᠡ ᠶᠢ ᠬᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ ᠬᠠᠥᠯᠢ ᠬᠡᠷᠡᠭᠵᠢᠬᠦᠯᠬᠦ ᠦᠢᠯᠡ ᠠᠵᠢᠯᠯᠠᠭ᠎ᠠ ᠶᠢ ᠪᠦᠬᠦ | ᠲᠠᠯ᠎ᠠ ᠪᠠᠷ ᠵᠢᠷᠣᠮᠵᠢᠭᠤᠯᠣᠨ᠎ᠠ᠃ ᠵᠢᠷᠣᠮᠵᠢᠯ ᠤᠨ ᠴᠢᠨᠠᠷᠳᠡᠢ ᠪᠢᠴᠢᠭ ᠮᠠᠲ᠋ᠧᠷᠢᠶᠡᠯ ᠢ ᠬᠢᠨᠡᠨ ᠪᠠᠶᠢᠴᠠᠭᠠᠬᠤ | ᠲᠣᠭᠳᠠᠴᠠ ᠶᠢ ᠲᠡᠭᠦᠯᠳᠡᠷᠵᠢᠭᠦᠯᠦᠨ ᠵᠢᠷᠣᠮᠵᠢᠭᠤᠯᠵᠦ᠂ ᠵᠠᠰᠠᠭ ᠵᠠᠬᠢᠷᠭᠠᠨ ᠤ ᠲᠦᠷᠢᠮ ᠲᠣᠭᠳᠠᠭᠠᠯ ᠪᠣᠯᠣᠨ | ᠵᠢᠷᠣᠮᠵᠢᠯ ᠤᠨ ᠴᠢᠨᠡᠷᠳᠡᠢ ᠪᠢᠴᠢᠭ ᠮᠠᠲ᠋ᠧᠷᠢᠶᠡᠯ ᠢ ᠲᠠᠩᠰᠠᠯᠠᠭᠤᠯᠣᠨ ᠬᠢᠨᠡᠨ ᠪᠠᠶᠢᠴᠠᠭᠠᠬᠤ ᠲᠦᠷᠢᠮ ᠢ ᠴᠢᠩᠭ᠎ᠠ | ᠬᠡᠷᠡᠭᠵᠢᠭᠦᠯᠦᠨ᠎ᠡ᠃ ᠨᠡᠶᠢᠬᠡᠮ ᠤᠨ ᠬᠠᠥᠯᠢ ᠲᠦᠭᠡᠮᠡᠯᠵᠢᠬᠦᠯᠬᠦ ᠬᠦᠮᠦᠵᠢᠯ ᠤᠨ ᠲᠣᠭᠳᠠᠴᠠ ᠶᠢ ᠪᠦᠷᠢᠨᠰᠢᠬᠦᠯᠵᠦ᠂ ᠪᠦᠬᠦ | ᠠᠷᠡᠳ ᠤᠨ ᠬᠠᠥᠯᠢ ᠪᠠᠷ ᠵᠠᠰᠠᠬᠤ ᠦᠵᠡᠯᠳᠡ ᠶᠢ ᠨᠡᠮᠡᠭᠳᠡᠭᠦᠯᠦᠨ᠎ᠡ᠃ ᠵᠠᠰᠠᠭ ᠤᠨ ᠶᠠᠪᠣᠳᠠᠯ ᠢ ᠢᠯᠡ ᠪᠣᠯᠭᠠᠬᠤ | ᠡᠷᠴᠢᠮ ᠢ ᠨᠡᠮᠡᠭᠳᠡᠭᠦᠯᠵᠦ᠂ ᠡᠨᠡ ᠵᠢᠯ ᠳᠤ ᠬᠠᠭᠠᠰ ᠠᠴᠠ ᠲᠡᠭᠡᠭᠰᠢᠬᠢ ᠠᠶᠢᠮᠠᠭ ᠬᠤᠳᠡ᠂ ᠬᠤᠰᠢᠭᠤ ᠰᠢᠶᠡᠨ ᠤ ︽ | ᠠᠯᠪᠠᠨ ᠤ ᠭᠤᠷᠪᠠᠨ ᠵᠦᠢᠯ ᠤᠨ ᠵᠠᠷᠣᠳᠠᠯ︾ ᠢ ᠨᠡᠶᠢᠭᠡᠮ ᠳᠤ ᠢᠯᠡ ᠪᠣᠯᠭᠠᠨ᠎ᠠ᠃ ᠦᠪᠡᠷᠳᠡᠭᠡᠨ ᠵᠠᠰᠠᠬᠤ ᠣᠷᠣᠨ᠂ | ᠠᠶᠢᠮᠠᠭ ᠬᠤᠳᠡ᠂ ᠬᠤᠰᠢᠭᠤ ᠰᠢᠶᠡᠨ ᠭᠤᠷᠪᠠᠨ ᠱᠠᠳᠣᠨ ᠤ ᠵᠠᠰᠠᠭ ᠤᠨ ᠶᠠᠪᠣᠳᠠᠯ ᠤᠨ ᠦᠢᠯᠡᠴᠢᠯᠡᠭᠡᠨ ᠤ ᠲᠠᠪᠴᠠᠩ ᠢ | ᠲᠡᠭᠦᠯᠳᠡᠷᠵᠢᠬᠦᠯᠵᠦ᠂ ᠪᠦᠬᠦ ᠣᠷᠣᠨ ᠤ ᠨᠢᠭᠡᠳᠣᠯᠳᠡᠢ ᠪᠠᠷ ᠰᠦᠯᠵᠢᠶᠡᠨ ᠲᠡᠭᠡᠷ᠎ᠡ ᠠᠵᠢᠯ ᠡᠷᠬᠢᠯᠡᠬᠦ ᠶᠡᠭᠡ ᠲᠠᠩᠬᠢᠮ ᠢ | ᠪᠠᠶᠢᠭᠤᠯᠵᠦ᠂ ᠲᠦᠪᠯᠡᠷᠡᠭᠦᠯᠦᠨ ᠭᠦᠢᠴᠡᠳᠭᠡᠬᠦ ᠪᠡ ᠰᠦᠯᠵᠢᠶᠡᠨ ᠲᠡᠭᠡᠷ᠎ᠡ ᠬᠢᠨᠡᠨ ᠵᠦᠪᠰᠢᠶᠡᠷᠡᠬᠦ ᠶᠢ ᠪᠦᠬᠦ ᠲᠠᠯ᠎ᠠ ᠪᠠᠷ | ᠲᠦᠯᠬᠢᠨ ᠠᠬᠢᠭᠤᠯᠣᠨ᠎ᠠ᠃ ᠦᠨᠳᠣᠰᠣᠨ ᠱᠠᠳᠣᠨ ᠤ ᠵᠠᠰᠠᠭ ᠤᠨ ᠶᠠᠪᠣᠳᠠᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ | ᠲᠡᠭᠡᠭᠰᠢᠯᠡᠬᠦᠯᠦᠨ᠂ ᠣᠯᠠᠨ ᠲᠦᠮᠡᠨ ᠳᠤ ᠲᠦᠭᠦᠮ ᠲᠦᠳᠡ ᠲᠦᠷᠭᠡᠨ ᠦᠢᠯᠡᠴᠢᠯᠡᠭᠡ ᠬᠠᠩᠭᠠᠨ᠎ᠠ᠃ ᠴᠢᠬᠤᠯᠠ ᠶᠡᠭᠡ | ᠵᠠᠰᠠᠭ ᠵᠠᠬᠢᠷᠭᠠᠨ ᠤ ᠰᠢᠢᠳᠪᠦᠷᠢᠳᠦ ᠪᠣᠳᠣᠯᠭ᠎ᠠ ᠲᠣᠭᠳᠠᠭᠠᠬᠤ ᠲᠦᠷᠢᠮ ᠢ ᠪᠦᠷᠢᠨᠰᠢᠬᠦᠯᠵᠦ᠂ ᠣᠯᠠᠨ ᠲᠦᠮᠡᠨ ᠤ ᠠᠮᠢ | ᠪᠡᠶ᠎ᠡ ᠶᠢᠨ ᠠᠰᠢᠭ ᠲᠣᠰᠠ ᠳᠤ ᠬᠤᠯᠪᠣᠭᠳᠠᠬᠤ ᠴᠢᠬᠤᠯᠠ ᠶᠡᠭᠡ ᠰᠢᠢᠳᠪᠦᠷᠢᠳᠦ ᠪᠣᠳᠣᠯᠭ᠎ᠠ ᠲᠣᠭᠳᠠᠭᠠᠬᠤ ᠳᠤ | ᠡᠷᠬᠡᠪᠰᠢ ᠣᠯᠠᠨ ᠲᠦᠮᠡᠨ ᠤ ᠰᠠᠨᠠᠯ ᠢ ᠬᠤᠷᠢᠶᠡᠵᠦ᠂ ᠵᠠᠰᠠᠭ ᠵᠠᠬᠢᠷᠭᠠᠨ ᠤ ᠰᠢᠢᠳᠪᠦᠷᠢᠳᠦ ᠪᠣᠳᠣᠯᠭ᠎ᠠ | ᠲᠣᠭᠳᠠᠭᠠᠬᠤ ᠶᠢᠨ ᠰᠢᠨᠵᠢᠯᠡᠬᠦ ᠣᠬᠠᠭᠠᠨᠴᠢᠯᠠᠯᠳᠠ᠂ ᠠᠷᠡᠳᠴᠢᠯᠠᠯᠳᠠ ᠪᠠ ᠬᠠᠥᠯᠢ ᠲᠦᠷᠢᠮᠵᠢᠯᠳᠡ ᠶᠢᠨ ᠬᠢᠷᠢ | ᠬᠡᠮᠵᠢᠶ᠎ᠡ ᠶᠢ ᠲᠡᠭᠡᠭᠰᠢᠯᠡᠬᠦᠯᠦᠨ᠎ᠡ᠃ ᠭᠤᠷᠪᠠᠳᠣᠭᠠᠷ ᠣᠳᠠᠭᠠᠨ ᠤ ᠠᠵᠦ ᠠᠬᠤᠢ ᠶᠢᠨ ᠨᠡᠶᠢᠳᠡᠮ ᠪᠠᠶᠢᠴᠠᠭᠠᠯᠳᠠ ᠶᠢᠨ | ᠠᠵᠢᠯ ᠢ ᠬᠢᠨᠠᠮᠠᠭᠠᠢ ᠰᠠᠶᠢᠳᠣᠷ ᠬᠢᠵᠦ᠂ ᠪᠦᠬᠦ ᠪᠠᠶᠢᠳᠠᠯ ᠢ ᠨᠢ ᠣᠯᠠᠮ ᠨᠢᠬᠡ ᠠᠯᠬᠤᠮ ᠲᠣᠳᠣᠷᠬᠠᠢ ᠣᠶᠢᠯᠠᠭᠠᠨ᠎ᠠ᠃ ︽ | ᠶᠡᠭᠡ ᠪᠠᠷ ᠨᠠᠶᠢᠳᠠᠪᠣᠷᠢᠵᠢᠭᠤᠯᠬᠤ︾ ᠠᠵᠢᠯᠯᠠᠭ᠎ᠠ ᠶᠢ ᠭᠦᠨᠵᠡᠬᠡᠢ ᠦᠷᠨᠢᠭᠦᠯᠵᠦ᠂ ᠴᠢᠬᠤᠯᠠ ᠶᠡᠭᠡ ᠰᠢᠢᠳᠪᠦᠷᠢᠳᠦ | ᠪᠣᠳᠣᠯᠭ᠎ᠠ᠂ ᠲᠣᠰᠬᠠᠢ ᠵᠦᠢᠯ ᠤᠨ ᠲᠦᠯᠦᠪᠵᠢᠭᠦᠯᠬᠡ᠂ ᠭᠤᠣᠯᠳᠠᠯᠭ᠎ᠠ ᠲᠠᠢ ᠲᠦᠷᠦᠯ ᠵᠦᠢᠯ ᠤᠨ ᠰᠢᠮᠳᠠᠭᠤᠯᠣᠨ | ᠪᠠᠶᠢᠴᠠᠭᠠᠬᠤ ᠪᠠ ᠲᠣᠬᠢᠷᠠᠭᠤᠯᠬᠤ ᠶᠢ ᠴᠢᠩᠭᠠᠳᠬᠠᠵᠦ᠂ ᠡᠯ᠎ᠡ ᠵᠦᠢᠯ ᠤᠨ ᠠᠵᠢᠯ ᠢ ᠨᠠᠶᠢᠳᠠᠪᠣᠷᠢᠵᠢᠭᠤᠯᠣᠨ | ᠪᠣᠳᠠᠳᠠᠶᠢᠵᠢᠭᠤᠯᠬᠤ ᠶᠢ ᠦᠨᠡᠨᠬᠦ ᠪᠠᠳᠣᠯᠠᠨ᠎ᠠ᠃ ︽ᠨᠠᠮ ᠵᠠᠰᠠᠭ ᠤᠨ ᠪᠠᠶᠢᠭᠤᠯᠣᠯᠭ᠎ᠠ ᠰᠠᠶᠢᠳᠣᠷ ᠭᠠᠮᠨᠠᠨ ᠠᠷᠪᠢᠯᠠᠵᠦ | ᠪᠦᠷᠢᠯᠭᠡᠨ ᠰᠦᠢᠳᠭᠡᠬᠦ ᠶᠢ ᠡᠰᠡᠷᠭᠦᠴᠡᠬᠦ ᠲᠣᠭᠳᠠᠭᠠᠯ︾ ᠢ ᠴᠢᠩᠭ᠎ᠠ ᠵᠢᠷᠣᠮᠯᠠᠨ᠂ ︽ᠠᠯᠪᠠᠨ ᠤ ᠭᠤᠷᠪᠠᠨ ᠵᠦᠢᠯ ᠤᠨ | ᠵᠠᠷᠣᠳᠠᠯ︾ ᠪᠠ ᠡᠩ ᠤᠨ ᠴᠢᠨᠡᠷᠳᠡᠢ ᠵᠠᠷᠣᠯᠭ᠎ᠠ ᠶᠢ ᠣᠯᠠᠮ ᠨᠢᠬᠡ ᠠᠯᠬᠤᠮ ᠪᠠᠭᠠᠰᠬᠠᠵᠦ᠂ ᠵᠠᠰᠠᠭ ᠤᠨ ᠣᠷᠳᠣᠨ ᠤ | ᠰᠢᠨᠵᠢ ᠲᠠᠢ ᠠᠰᠠᠷ ᠲᠠᠩᠬᠢᠮ ᠪᠠᠭᠤᠳᠠᠯ ᠭᠠᠵᠠᠷ ᠢ ᠰᠢᠨ᠎ᠡ ᠪᠠᠷ ᠪᠠᠶᠢᠭᠤᠯᠬᠤ ᠦᠬᠡᠢ᠂ ᠡᠳ᠋ ᠤᠨ ᠵᠰᠠᠭ ᠠᠴᠠ ᠴᠠᠯᠢᠩ | ᠬᠦᠯᠦᠰᠦ ᠶᠢ ᠨᠢ ᠦᠭᠭᠦ ᠬᠦᠮᠦᠰ ᠢ ᠨᠡᠮᠡᠭᠳᠡᠭᠦᠯᠬᠦ ᠦᠬᠡᠢ᠂ ᠪᠠᠷᠢᠮᠵᠢᠶ᠎ᠠ ᠠᠴᠠ ᠬᠡᠳᠦᠷᠡᠭᠰᠡᠨ ᠠᠯᠪᠠᠯᠠᠬᠤ ᠭᠡᠷ ᠪᠠ | ᠪᠠᠷᠢᠮᠵᠢᠶ᠎ᠠ ᠠᠴᠠ ᠬᠡᠳᠦᠷᠡᠭᠰᠡᠨ ᠣᠷᠣᠨ ᠲᠤᠭ᠎ᠠ ᠠᠴᠠ ᠬᠡᠳᠦᠷᠡᠭᠰᠡᠨ ᠠᠯᠪᠠᠨ ᠤ ᠲᠡᠷᠭᠡ ᠶᠢ ᠪᠦᠬᠦ ᠲᠠᠯ᠎ᠠ ᠪᠠᠷ | ᠢᠯᠭᠠᠷᠠᠭᠤᠯᠣᠨ᠎ᠠ᠃ ᠠᠷᠢᠭᠤᠨ ᠴᠢᠭᠡᠴᠢ ᠪᠠᠷ ᠵᠠᠰᠠᠭ ᠪᠠᠷᠢᠬᠤ ᠪᠠ ᠢᠯᠵᠢᠷᠡᠮᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ | ᠦᠷᠨᠢᠬᠦᠯᠵᠦ᠂ ᠵᠠᠰᠠᠭ ᠵᠠᠬᠢᠷᠭᠠᠨ ᠤ ᠡᠷᠬᠡ ᠳᠤ ᠬᠢᠵᠠᠭᠠᠷᠯᠠᠯ ᠬᠢᠵᠦ ᠬᠢᠨᠡᠯᠳᠡ ᠲᠠᠯᠪᠢᠬᠤ ᠶᠢ ᠴᠢᠩᠭᠠᠷᠠᠭᠤᠯᠣᠨ᠂ | ᠲᠦᠷᠢᠮ ᠠᠴᠠ ᠵᠦᠷᠢᠴᠡᠭᠰᠡᠨ ᠦᠢᠯᠡ ᠠᠵᠢᠯᠯᠠᠭ᠎ᠠ ᠳᠤ ᠵᠠᠰᠠᠭ ᠵᠠᠬᠢᠷᠭᠠᠨ ᠤ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢ | ᠨᠡᠮᠡᠭᠳᠡᠭᠦᠯᠦᠨ᠂ ᠣᠯᠠᠨ ᠨᠡᠶᠢᠳᠡ ᠶᠢᠨ ᠡᠬᠢ ᠪᠠᠶᠠᠯᠢᠭ ᠢ ᠠᠷᠠᠯᠵᠢᠶᠠᠯᠠᠬᠤ ᠲᠠᠪᠴᠠᠩ ᠤᠨ ᠪᠠᠶᠢᠭᠤᠯᠣᠯᠳᠠ ᠶᠢ | ᠲᠦᠷᠭᠡᠳᠭᠡᠵᠦ᠂ ᠭᠤᠣᠯᠳᠠᠯᠭ᠎ᠠ ᠲᠠᠢ ᠬᠦᠷᠢᠶ᠎ᠡ ᠬᠡᠪᠴᠢᠶ᠎ᠡ᠂ ᠭᠤᠣᠯᠳᠠᠯᠭ᠎ᠠ ᠲᠠᠢ ᠲᠦᠷᠦᠯ ᠵᠦᠢᠯ᠂ ᠭᠤᠣᠯᠳᠠᠯᠭ᠎ᠠ ᠲᠠᠢ | ᠪᠡᠯᠡ ᠮᠦᠩᠬᠦ ᠳᠤ ᠬᠢᠨᠠᠨ ᠪᠣᠳᠣᠵᠦ ᠬᠢᠨᠠᠯᠳᠠ ᠲᠠᠯᠪᠢᠬᠤ ᠶᠢ ᠴᠢᠩᠭᠠᠳᠬᠠᠨ᠂ ᠢᠯᠵᠢᠷᠡᠯ ᠬᠢᠯᠪᠠᠷᠬᠠᠨ ᠡᠭᠦᠰᠬᠦ | ᠣᠯᠠᠨᠳᠠ ᠡᠭᠦᠰᠬᠦ ᠬᠦᠷᠢᠶ᠎ᠡ ᠬᠡᠪᠴᠢᠶᠡᠨ ᠤ ᠦᠭᠡᠷᠡᠴᠢᠯᠡᠯᠳᠡ ᠶᠢ ᠲᠦᠯᠬᠢᠨ ᠠᠬᠢᠭᠤᠯᠵᠦ᠂ ᠡᠷᠬᠡ ᠶᠢ ᠲᠦᠷᠢᠮ ᠤᠨ ︽ | ᠬᠤᠨᠣᠭᠤᠷᠢ︾ ᠳᠤ ᠬᠤᠷᠢᠵᠦ ᠲᠠᠯᠪᠢᠨ᠎ᠠ᠃ | 2017 ᠣᠨ ᠳᠤ ᠪᠢᠳᠡ ᠦᠪᠡᠷᠳᠡᠭᠡᠨ ᠵᠠᠰᠠᠬᠤ ᠣᠷᠣᠨ ᠪᠠᠶᠢᠭᠤᠯᠣᠭᠳᠠᠭᠰᠠᠨ 70 ᠵᠢᠯ ᠤᠨ ᠣᠢ ᠶᠢᠨ | ᠦᠪᠡᠳᠡᠭᠰᠢ ᠶᠡᠭᠡ ᠪᠠᠶᠠᠷ ᠢ ᠣᠭᠳᠣᠬᠤ ᠪᠣᠯᠣᠨ᠎ᠠ᠃ ᠠᠷᠡᠳ ᠤᠨ ᠠᠮᠢᠳᠣᠷᠡᠯ ᠢ ᠡᠩ ᠲᠡᠷᠢᠬᠦᠨ ᠳᠤ ᠪᠠᠶᠢᠯᠭᠠᠬᠤ᠂ | ᠪᠣᠳᠠᠳᠠᠢ ᠶᠢ ᠡᠷᠬᠢᠮᠯᠡᠨ ᠠᠷᠪᠢᠯᠠᠨ ᠭᠠᠮᠨᠠᠬᠤ᠂ ᠴᠢᠳᠠᠯ ᠤᠨ ᠬᠢᠷᠢ ᠪᠠᠷ ᠢᠶᠠᠨ ᠬᠢᠬᠦ ᠵᠠᠷᠴᠢᠮ ᠤᠨ ᠶᠣᠰᠣᠭᠠᠷ᠂ ᠰᠠᠭᠤᠷᠢ | ᠪᠡᠯᠡᠳᠭᠡᠮᠵᠢ᠂ ᠠᠵᠦ ᠦᠢᠯᠡᠰ ᠤᠨ ᠬᠦᠭᠵᠢᠯᠳᠡ᠂ ᠬᠤᠳᠡ ᠬᠦᠳᠡᠭᠡ ᠶᠢᠨ ᠪᠦᠳᠦᠭᠡᠨ ᠪᠠᠶᠢᠭᠤᠯᠣᠯᠳᠠ᠂ ᠠᠮᠢ | ᠠᠬᠤᠢ ᠶᠢᠨ ᠬᠠᠮᠠᠭᠠᠯᠠᠯᠳᠠ᠂ ᠠᠷᠡᠳ ᠤᠨ ᠠᠮᠢᠳᠣᠷᠡᠯ ᠤᠨ ᠪᠠᠳᠣᠯᠠᠭ᠎ᠠ᠂ ᠦᠭᠡᠷᠡᠴᠢᠯᠡᠯᠳᠡ ᠨᠡᠭᠡᠭᠡᠯᠳᠡ ᠪᠣᠯᠣᠨ ᠣᠷᠣᠨ | ᠪᠦᠰᠡ ᠶᠢᠨ ᠵᠣᠬᠢᠴᠠᠩᠭᠤᠢ ᠪᠠᠷ ᠬᠦᠭᠵᠢᠬᠦ ᠶᠢ ᠠᠬᠢᠭᠤᠯᠬᠤ ᠵᠡᠷᠬᠡ ᠬᠦᠷᠢᠶ᠎ᠡ ᠬᠡᠪᠴᠢᠶᠡᠨ ᠤ ᠨᠢᠬᠡ ᠪᠦᠯᠦᠭ ᠴᠢᠬᠤᠯᠠ | ᠶᠡᠭᠡ ᠢᠨᠵᠧᠨᠧᠷᠢᠩ ᠪᠠ ᠲᠦᠷᠦᠯ ᠵᠦᠢᠯ ᠢ ᠰᠦᠪᠡᠭᠴᠢᠯᠡᠨ ᠬᠡᠷᠡᠭᠵᠢᠬᠦᠯᠵᠦ᠂ ᠦᠪᠡᠷᠳᠡᠭᠡᠨ ᠵᠠᠰᠠᠬᠤ ᠣᠷᠣᠨ ᠤ 70 | ᠵᠢᠯ ᠤᠨ ᠣᠢ ᠳᠤ ᠪᠡᠯᠡᠭ ᠪᠣᠯᠭᠠᠨ᠂ ᠦᠨᠳᠣᠰᠣᠳᠡᠨ ᠨᠦᠭᠦᠳ ᠤᠨ ᠣᠯᠠᠨ ᠲᠦᠮᠡᠨ ᠳᠤ ᠲᠡᠬᠦᠨ ᠤ ᠲᠣᠮᠳᠠ ᠠᠴᠠ | ᠪᠣᠳᠠᠳᠣ ᠠᠰᠢᠭ ᠬᠦᠷᠳᠡᠭᠡᠨ᠂ ᠨᠡᠶᠢᠭᠡᠮ ᠵᠢᠷᠣᠮᠳᠣ ᠪᠠᠶᠢᠭᠤᠯᠣᠯ ᠪᠠ ᠦᠨᠳᠣᠰᠣᠳᠡᠨ ᠤ ᠣᠷᠣᠨ ᠤ ᠦᠪᠡᠷᠳᠡᠭᠡᠨ | ᠵᠠᠰᠠᠬᠤ ᠲᠦᠷᠢᠮ ᠤᠨ ᠯᠣᠳᠣ ᠶᠡᠭᠡ ᠲᠠᠪᠠᠭᠤᠯᠢᠭ ᠴᠢᠨᠠᠷ ᠢ ᠭᠦᠢᠴᠡᠳ ᠬᠦᠷᠳᠡᠭᠡᠯᠭᠡᠨᠡ᠃ | ᠲᠦᠯᠦᠭᠡᠯᠡᠭᠴᠢᠳ ᠡ᠂ ᠨᠠᠮ ᠤᠨ ᠠᠷᠪᠠᠨ ᠨᠠᠶᠢᠮᠠᠳᠣᠭᠠᠷ ᠬᠤᠭᠤᠴᠠᠭᠠᠨ ᠤ ᠲᠦᠪ ᠬᠤᠷᠢᠶᠡᠨ ᠤ | ᠭᠤᠷᠪᠠᠳᠣᠭᠠᠷ ᠪᠦᠭᠦᠳᠡ ᠬᠤᠷᠡᠯ ᠠᠴᠠ ᠦᠭᠡᠷᠡᠴᠢᠯᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠠᠷᠠᠯᠳᠠ ᠶᠢ | ᠲᠣᠷᠠᠳᠣᠭᠰᠠᠨ ᠶᠠᠪᠣᠳᠠᠯ ᠨᠢ ᠬᠦᠮᠦᠰ ᠢ ᠵᠣᠷᠢᠭᠵᠢᠭᠤᠯᠣᠨ ᠬᠦᠴᠦᠯᠡᠨ ᠣᠷᠣᠭᠰᠢᠯᠠᠭᠤᠯᠵᠦ᠂ ᠦᠭᠡᠷᠡᠴᠢᠯᠡᠯᠳᠡ | ᠨᠡᠭᠡᠭᠡᠯᠳᠡ ᠪᠠ ᠣᠳᠣᠬᠢᠴᠢᠯᠠᠬᠤ ᠪᠦᠳᠦᠭᠡᠨ ᠪᠠᠶᠢᠭᠤᠯᠣᠯᠳᠡ ᠶᠢᠨ ᠰᠢᠨ᠎ᠡ ᠠᠶᠠᠨ ᠵᠠᠮ ᠢ ᠨᠡᠭᠡᠭᠡᠭᠰᠡᠨ ᠶᠣᠮ᠃ ᠪᠢᠳᠡ | ᠰᠢ ᠶᠢᠨ ᠫᠢᠩ ᠨᠦᠬᠦᠷ ᠢᠶᠠᠷ ᠶᠡᠷᠦᠩᠬᠡᠢ ᠱᠦᠵᠢ ᠪᠣᠯᠭᠠᠭᠰᠠᠨ ᠨᠠᠮ ᠤᠨ ᠲᠦᠪ ᠬᠤᠷᠢᠶᠡᠨ ᠤ ᠲᠣᠭᠤᠷᠢᠨ ᠳᠤ ᠨᠡᠩ | ᠨᠢᠭᠳᠠᠷᠠᠨ ᠪᠦᠯᠬᠦᠮᠳᠡᠵᠦ᠂ ᠢᠳᠡᠭᠡᠯ ᠵᠣᠷᠢᠭ ᠢᠶᠠᠨ ᠪᠠᠳᠣᠳᠬᠠᠨ᠂ ᠴᠤᠭ ᠰᠦᠯᠳᠡ ᠪᠠᠨ ᠪᠠᠳᠠᠷᠠᠭᠤᠯᠣᠨ᠂ ᠦᠨᠡᠨ ᠢ | ᠪᠠᠷᠢᠮᠳᠠᠯᠠᠨ ᠪᠣᠳᠠᠳᠠᠢ ᠶᠢ ᠡᠷᠬᠢᠮᠯᠡᠵᠦ᠂ ᠬᠦᠴᠢᠷ ᠢ ᠰᠦᠷᠦᠨ ᠣᠷᠣᠭᠰᠢᠯᠠᠨ᠂ ᠦᠭᠡᠷᠡᠴᠢᠯᠡᠯᠳᠡ ᠬᠢᠬᠦ ᠬᠦᠭᠵᠢᠬᠦᠯᠬᠦ | ᠲᠣᠭᠳᠠᠭᠤᠨ ᠪᠠᠶᠢᠯᠭᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠳᠣᠳᠠᠢ ᠰᠠᠶᠢᠳᠣᠷ ᠬᠢᠵᠦ᠂ ᠴᠢᠨᠡᠭᠡᠯᠢᠭ ᠨᠡᠶᠢᠭᠡᠮ ᠢ | ᠪᠦᠬᠦ ᠲᠠᠯ᠎ᠠ ᠪᠠᠷ ᠪᠠᠶᠢᠭᠤᠯᠣᠨ ᠪᠦᠳᠦᠭᠡᠬᠦ᠂ ᠮᠠᠨ ᠤ ᠣᠷᠣᠨ ᠤ ᠰᠢᠨᠵᠢᠯᠡᠬᠦ ᠣᠬᠠᠭᠠᠨᠴᠢ ᠪᠠᠷ ᠬᠦᠭᠵᠢᠭᠰᠡᠨ᠂ ᠠᠷᠡᠳ ᠢ | ᠪᠠᠶᠠᠵᠢᠭᠤᠯᠣᠨ ᠣᠷᠣᠨ ᠢᠶᠠᠨ ᠬᠦᠴᠦᠷᠭᠡᠭᠵᠢᠭᠦᠯᠦᠭᠰᠡᠨ ᠰᠢᠨ᠎ᠡ ᠪᠠᠶᠢᠳᠠᠯ ᠢ ᠬᠦᠴᠦᠯᠡᠨ ᠪᠣᠢ ᠪᠣᠯᠭᠠᠬᠤ ᠶᠢᠨ ᠲᠦᠯᠦᠭᠡ | ᠴᠢᠷᠮᠠᠶᠢᠨ ᠲᠡᠮᠡᠴᠡᠵᠡᠭᠡᠶ᠎ᠡ︕ |