| ᠮ᠊ ・ ᠠᠯᠤᠰ᠂ 1970 ᠤᠨ ᠳᠤ ᠠᠷᠤ ᠬᠤᠷᠴᠢᠨ ᠬᠤᠰᠢᠭᠤᠨ ᠤ ᠪᠠᠶᠠᠨᠪᠤᠯᠠᠭ ᠰᠤᠮᠤ ᠶᠢᠨ ᠪᠤᠷᠭᠠᠰᠤ | ᠭᠠᠴᠠᠭᠠᠨ ᠤ ᠮᠠᠯᠴᠢᠨ ᠮᠤᠨᠵᠠᠢ᠂ ᠴᠠᠭᠰᠠᠯᠮᠠ ᠶᠢᠨ ᠡᠷᠪᠡᠢ ᠠᠷᠪᠡᠨ ᠦᠷ᠎ᠡ ᠶᠢᠨ ᠬᠢᠨᠢ ᠤᠳᠬᠤᠨ ᠦᠬᠢᠨ ᠨᠢ ᠪᠤᠯᠵᠤ | ᠵᠠᠶᠠᠭᠠᠵᠠᠢ᠃ ᠳᠡᠭᠡᠷ᠎ᠡ ᠵᠠᠭᠤᠨ ᠤ ᠨᠠᠶᠠᠭᠠᠳ ᠤᠨ ᠠᠴᠠ ᠡᠬᠢᠯᠡᠨ ᠤᠷᠠᠨ ᠪᠦᠲᠦᠭᠡᠯ ᠲᠤᠭᠤᠷᠪᠢᠵᠤ ᠤᠷᠤᠨ ᠤ | ᠳᠤᠲᠤᠷᠠᠬᠢ ᠰᠤᠨᠢᠨ ᠰᠡᠳᠬᠦᠯ ᠤᠳ ᠢᠶᠠᠷ ᠬᠤᠶᠠᠷ ᠵᠠᠭᠤᠭᠠᠳ ᠪᠦᠲᠦᠭᠡᠯ ᠢᠶᠠᠨ ᠨᠡᠶᠢᠲᠡᠯᠡᠭᠦᠯᠵᠡᠢ᠃ ︽ᠲᠡᠭᠷᠢ ᠶᠢᠨ | ᠪᠤᠲᠤᠭᠤ︾᠂ ︽ᠬᠢᠯᠦᠭᠡᠨ ᠤᠶᠠᠩᠭ᠎ᠠ︾᠂ ︽ᠦᠯᠡᠮᠵᠢ ᠶᠢᠨ ᠴᠢᠨᠡᠷ︾᠂ ︽ᠮᠢᠩᠭᠠᠲᠤ ᠤᠳᠤᠨ︾᠂ ︽ᠰᠥ᠋ ᠶᠢᠨ | ᠰᠠᠴᠤᠯᠢ︾᠂ ︽ᠪᠠᠷᠭᠤᠵᠢᠨ ᠭᠤᠸ᠎ᠠ︾ ᠵᠡᠷᠭᠡ ᠤᠯᠤᠰ ᠤᠷᠤᠨ ᠠᠶᠢᠮᠠᠭ ᠬᠤᠰᠢᠭᠤᠨ ᠤ ᠤᠷᠤᠯᠳᠤᠭᠠᠨ ᠳᠤ | ᠲᠦᠴᠢᠭᠡᠳ ᠤᠳᠠᠭ᠎ᠠ ᠤᠷᠤᠯᠴᠠᠵᠤ ᠠᠮᠵᠢᠯᠲᠠ ᠳᠤ ᠬᠦᠷᠴᠤ ᠶᠠᠪᠤᠵᠠᠢ᠃ ︽ᠠᠮᠢᠳᠤᠷᠠᠯ ᠪᠦᠰᠡᠭᠦᠢ ᠬᠦᠮᠦᠨ ᠤ ᠬᠢ︾ | ᠬᠡᠮᠡᠬᠦ ᠰᠢᠯᠦᠭ ᠤᠨ ᠲᠡᠭᠦᠪᠦᠷᠢ ᠲᠠᠢ᠃ ᠲᠠᠪᠤᠨ ᠵᠢᠯ ᠤᠨ ᠬᠤᠭᠤᠴᠠᠭ᠎ᠠ ᠬᠡᠷᠡᠭᠯᠡᠵᠤ ︽ᠮᠣᠩᠭᠤᠯ ᠤᠨ ᠨᠢᠭᠤᠴᠠ | ᠲᠤᠪᠴᠢᠶᠠᠨ︾ ᠢ ᠬᠠᠳᠬᠤᠮᠠᠯᠯᠠᠨ ᠤᠷᠠᠯᠠᠵᠤ ᠭᠢᠨᠢᠰ ᠤᠨ ᠲᠡᠮᠳᠡᠭᠯᠡᠯ ᠳᠤ ᠪᠦᠷᠢᠳᠭᠡᠭᠦᠯᠤᠭᠡᠳ ᠳᠤᠮᠳᠠᠳᠤ ᠶᠢᠨ | ᠠᠷᠠᠳ ᠤᠨ ᠤᠷᠠᠯᠢᠭ ᠤᠨ ᠭᠤᠴᠤ ᠪᠦᠲᠦᠭᠡᠯ ᠢᠶᠠᠷ ᠦᠨᠡᠯᠡᠭᠳᠡᠵᠠᠢ᠃ 2007-2014 ᠤᠨ ᠤ ᠬᠤᠭᠤᠷᠤᠨᠳᠤᠬᠢ | ᠪᠦᠲᠦᠭᠡᠯ ᠠᠴᠠ ᠪᠠᠨ ᠤᠬᠤᠷ ᠰᠢᠯᠦᠭ ᠢᠶᠠᠨ ᠰᠤᠩᠭᠤᠨ ᠬᠠᠳᠬᠤᠮᠠᠯᠯᠠᠵᠤ 2015 ᠤᠨ ᠤ ᠡᠬᠢᠨ ᠳᠤ ︽ᠠᠯᠠᠭᠠᠨ | ᠳᠡᠭᠡᠷ᠎ᠡ ᠪᠠᠭᠤᠬᠤ ᠠᠮᠠᠷᠠᠭ ᠦᠳᠤᠨ︾ ᠬᠡᠮᠡᠬᠦ ᠬᠤᠶᠠᠳᠤᠭᠠᠷ ᠲᠡᠭᠦᠪᠦᠷᠢ ᠪᠠᠨ ᠭᠠᠷ ᠠᠴᠠ ᠪᠠᠨ ᠭᠠᠷᠭᠠᠵᠠᠢ᠃ | 2013 ᠤᠨ ᠳᠤ ︽ᠯᠦ ᠰᠢᠶᠦ᠋ᠨ ᠤᠳᠬ᠎ᠠ ᠵᠤᠬᠢᠶᠠᠯ ᠤᠨ ᠲᠡᠭᠡᠲᠤ ᠰᠤᠷᠭᠠᠭᠤᠯᠢ︾ ᠶᠢᠨ ᠦᠪᠦᠷ | ᠮᠣᠩᠭᠤᠯ ᠳᠠᠬᠢ ᠴᠦᠬᠡᠨ ᠲᠤᠭᠠᠲᠤ ᠦᠨᠳᠦᠰᠦᠲᠡᠨ ᠤ ᠲᠠᠪᠲᠠᠨ ᠪᠤᠯᠪᠠᠰᠤᠷᠠᠭᠤᠯᠬᠤ ᠠᠩᠭᠢ ᠳᠤ ᠰᠤᠷᠤᠯᠴᠠᠵᠠᠢ᠃ | ᠲᠡᠷᠡᠪᠡᠷ ᠳᠤᠮᠳᠠᠳᠤ ᠤᠯᠤᠰ ᠤᠨ ᠴᠦᠬᠡᠨ ᠲᠤᠭᠠᠲᠤ ᠦᠨᠳᠦᠰᠦᠲᠡᠨ ᠤ ᠵᠤᠬᠢᠶᠠᠯᠴᠢᠳ ᠤᠨ ᠡᠪᠯᠡᠯ ᠤᠨ ᠭᠡᠰᠢᠭᠦᠨ᠂ | ᠦᠪᠦᠷ ᠮᠣᠩᠭᠤᠯ ᠤᠨ ᠵᠤᠬᠢᠶᠠᠯᠴᠢᠳ ᠤᠨ ᠨᠡᠶᠢᠭᠡᠮᠯᠢᠭ ᠤᠨ ᠭᠡᠰᠢᠭᠦᠨ᠂ ᠠᠷᠤ ᠬᠤᠷᠴᠢᠨ ᠬᠤᠰᠢᠭᠤᠨ ᠤ ᠮᠣᠩᠭᠤᠯ | ᠵᠤᠬᠢᠶᠠᠯᠴᠢᠳ ᠤᠨ ᠨᠠᠶᠢᠭᠡᠮᠯᠢᠭ ᠤᠨ ᠪᠠᠶᠢᠩᠭᠤ ᠶᠢᠨ ᠬᠡᠷᠡᠭ ᠡᠷᠬᠢᠯᠡᠭᠴᠢ᠃ ᠤᠳᠤᠬᠠᠨ ᠳᠤ ︽ᠴᠢᠩᠭᠢᠰ ᠤᠨ ᠪᠢᠯᠢᠭ | ᠰᠤᠷᠭᠠᠯ︾ ᠢ ᠲᠡᠨᠢᠭᠡᠷ ᠴᠢᠯᠠᠭᠤᠨ ᠳᠡᠭᠡᠷ᠎ᠡ ᠬᠢᠲᠠᠳ ᠮᠣᠩᠭᠤᠯ ᠢᠶᠠᠷ ᠰᠡᠶᠢᠯᠦᠨ ᠪᠦᠲᠦᠭᠡᠬᠦ ᠠᠵᠢᠯ ᠤᠨ | ᠭᠠᠷᠤᠭᠠᠨ ᠳᠠᠭᠠᠨ ᠪᠤᠢ᠃ | | | | | | | | | | | | | |