︽ᠮᠣᠩᠭᠤᠯ ᠤᠨ ᠨᠢᠭᠤᠴᠠ ᠲᠣᠪᠴᠢᠶᠠᠨ︾ ᠢ ᠲᠣᠷᠭᠠᠨ ᠳᠤ ᠬᠠᠳᠬᠤᠮᠠᠯᠯᠠᠨ ᠭᠢᠨᠢᠰ ᠲᠤ ᠲᠡᠮᠳᠡᠭᠯᠡᠭᠦᠯᠦᠭᠰᠠᠨ ᠪᠦᠰᠡᠭᠦᠢ ᠨᠠᠶᠢᠷᠠᠭᠴᠢ ᠮ᠊ ・ ᠠᠯᠤᠰ
ᠨᠡᠶᠢᠲᠡᠯᠡᠭᠰᠡᠨ ᠴᠠᠭ᠄
2016-08-25
    ᠮ᠊ ・ ᠠᠯᠤᠰ᠂ 1970 ᠤᠨ ᠳᠤ ᠠᠷᠤ ᠬᠤᠷᠴᠢᠨ ᠬᠤᠰᠢᠭᠤᠨ ᠤ ᠪᠠᠶᠠᠨᠪᠤᠯᠠᠭ ᠰᠤᠮᠤ ᠶᠢᠨ ᠪᠤᠷᠭᠠᠰᠤ ᠭᠠᠴᠠᠭᠠᠨ ᠤ ᠮᠠᠯᠴᠢᠨ ᠮᠤᠨᠵᠠᠢ᠂ ᠴᠠᠭᠰᠠᠯᠮ᠎ᠠ ᠶᠢᠨ ᠡᠷᠪᠡᠢ ᠠᠷᠪᠡᠨ ᠦᠷ᠎ᠡ ᠶᠢᠨ ᠬᠢᠨᠢ ᠤᠳᠬᠤᠨ ᠦᠬᠢᠨ ᠨᠢ ᠪᠤᠯᠵᠤ ᠵᠠᠶᠠᠭᠠᠵᠠᠢ᠃ ᠳᠡᠭᠡᠷ᠎ᠡ ᠵᠠᠭᠤᠨ ᠤ ᠨᠠᠶᠠᠭᠠᠳ ᠤᠨ ᠠᠴᠠ ᠡᠬᠢᠯᠡᠨ ᠤᠷᠠᠨ ᠪᠦᠲᠦᠭᠡᠯ ᠲᠤᠭᠤᠷᠪᠢᠵᠤ ᠤᠷᠤᠨ ᠤ ᠳᠤᠲᠤᠷᠠᠬᠢ ᠰᠤᠨᠢᠨ ᠰᠡᠳᠬᠦᠯ ᠤᠳ ᠢᠶᠠᠷ ᠬᠤᠶᠠᠷ ᠵᠠᠭᠤᠭᠠᠳ ᠪᠦᠲᠦᠭᠡᠯ ᠢᠶᠠᠨ ᠨᠡᠶᠢᠲᠡᠯᠡᠭᠦᠯᠵᠡᠢ᠃ ︽ᠲᠡᠭᠷᠢ ᠶᠢᠨ ᠪᠤᠲᠤᠭᠤ︾᠂ ︽ᠬᠢᠯᠦᠭᠡᠨ ᠤᠶᠠᠩᠭ᠎ᠠ︾᠂ ︽ᠦᠯᠡᠮᠵᠢ ᠶᠢᠨ ᠴᠢᠨᠡᠷ︾᠂ ︽ᠮᠢᠩᠭᠠᠲᠤ ᠤᠳᠤᠨ︾᠂ ︽ᠰᠥ᠋ ᠶᠢᠨ ᠰᠠᠴᠤᠯᠢ︾᠂ ︽ᠪᠠᠷᠭᠤᠵᠢᠨ ᠭᠤᠸ᠎ᠠ︾ ᠵᠡᠷᠭᠡ ᠤᠯᠤᠰ ᠤᠷᠤᠨ ᠠᠶᠢᠮᠠᠭ ᠬᠤᠰᠢᠭᠤᠨ ᠤ ᠤᠷᠤᠯᠳᠤᠭᠠᠨ ᠳᠤ ᠲᠦᠴᠢᠭᠡᠳ ᠤᠳᠠᠭ᠎ᠠ ᠤᠷᠤᠯᠴᠠᠵᠤ ᠠᠮᠵᠢᠯᠲᠠ ᠳᠤ ᠬᠦᠷᠴᠤ ᠶᠠᠪᠤᠵᠠᠢ᠃ ︽ᠠᠮᠢᠳᠤᠷᠠᠯ ᠪᠦᠰᠡᠭᠦᠢ ᠬᠦᠮᠦᠨ ᠤ ᠬᠢ︾ ᠬᠡᠮᠡᠬᠦ ᠰᠢᠯᠦᠭ ᠤᠨ ᠲᠡᠭᠦᠪᠦᠷᠢ ᠲᠠᠢ᠃ ᠲᠠᠪᠤᠨ ᠵᠢᠯ ᠤᠨ ᠬᠤᠭᠤᠴᠠᠭ᠎ᠠ ᠬᠡᠷᠡᠭᠯᠡᠵᠤ ︽ᠮᠣᠩᠭᠤᠯ ᠤᠨ ᠨᠢᠭᠤᠴᠠ ᠲᠤᠪᠴᠢᠶᠠᠨ︾ ᠢ ᠬᠠᠳᠬᠤᠮᠠᠯᠯᠠᠨ ᠤᠷᠠᠯᠠᠵᠤ ᠭᠢᠨᠢᠰ ᠤᠨ ᠲᠡᠮᠳᠡᠭᠯᠡᠯ ᠳᠤ ᠪᠦᠷᠢᠳᠭᠡᠭᠦᠯᠤᠭᠡᠳ ᠳᠤᠮᠳᠠᠳᠤ ᠶᠢᠨ ᠠᠷᠠᠳ ᠤᠨ ᠤᠷᠠᠯᠢᠭ ᠤᠨ ᠭᠤᠴᠤ ᠪᠦᠲᠦᠭᠡᠯ ᠢᠶᠠᠷ ᠦᠨᠡᠯᠡᠭᠳᠡᠵᠠᠢ᠃ 2007-2014 ᠤᠨ ᠤ ᠬᠤᠭᠤᠷᠤᠨᠳᠤᠬᠢ ᠪᠦᠲᠦᠭᠡᠯ ᠠᠴᠠ ᠪᠠᠨ ᠤᠬᠤᠷ ᠰᠢᠯᠦᠭ ᠢᠶᠠᠨ ᠰᠤᠩᠭᠤᠨ ᠬᠠᠳᠬᠤᠮᠠᠯᠯᠠᠵᠤ 2015 ᠤᠨ ᠤ ᠡᠬᠢᠨ ᠳᠤ ︽ᠠᠯᠠᠭᠠᠨ ᠳᠡᠭᠡᠷ᠎ᠡ ᠪᠠᠭᠤᠬᠤ ᠠᠮᠠᠷᠠᠭ ᠦᠳᠤᠨ︾ ᠬᠡᠮᠡᠬᠦ ᠬᠤᠶᠠᠳᠤᠭᠠᠷ ᠲᠡᠭᠦᠪᠦᠷᠢ ᠪᠠᠨ ᠭᠠᠷ ᠠᠴᠠ ᠪᠠᠨ ᠭᠠᠷᠭᠠᠵᠠᠢ᠃      2013 ᠤᠨ ᠳᠤ ︽ᠯᠦ ᠰᠢᠶᠦ᠋ᠨ ᠤᠳᠬ᠎ᠠ ᠵᠤᠬᠢᠶᠠᠯ ᠤᠨ ᠲᠡᠭᠡᠲᠤ ᠰᠤᠷᠭᠠᠭᠤᠯᠢ︾ ᠶᠢᠨ ᠦᠪᠦᠷ ᠮᠣᠩᠭᠤᠯ ᠳᠠᠬᠢ ᠴᠦᠬᠡᠨ ᠲᠤᠭᠠᠲᠤ ᠦᠨᠳᠦᠰᠦᠲᠡᠨ ᠤ ᠲᠠᠪᠲᠠᠨ ᠪᠤᠯᠪᠠᠰᠤᠷᠠᠭᠤᠯᠬᠤ ᠠᠩᠭᠢ ᠳᠤ ᠰᠤᠷᠤᠯᠴᠠᠵᠠᠢ᠃ ᠲᠡᠷᠡᠪᠡᠷ ᠳᠤᠮᠳᠠᠳᠤ ᠤᠯᠤᠰ ᠤᠨ ᠴᠦᠬᠡᠨ ᠲᠤᠭᠠᠲᠤ ᠦᠨᠳᠦᠰᠦᠲᠡᠨ ᠤ ᠵᠤᠬᠢᠶᠠᠯᠴᠢᠳ ᠤᠨ ᠡᠪᠯᠡᠯ ᠤᠨ ᠭᠡᠰᠢᠭᠦᠨ᠂ ᠦᠪᠦᠷ ᠮᠣᠩᠭᠤᠯ ᠤᠨ ᠵᠤᠬᠢᠶᠠᠯᠴᠢᠳ ᠤᠨ ᠨᠡᠶᠢᠭᠡᠮᠯᠢᠭ ᠤᠨ ᠭᠡᠰᠢᠭᠦᠨ᠂ ᠠᠷᠤ ᠬᠤᠷᠴᠢᠨ ᠬᠤᠰᠢᠭᠤᠨ ᠤ ᠮᠣᠩᠭᠤᠯ ᠵᠤᠬᠢᠶᠠᠯᠴᠢᠳ ᠤᠨ ᠨᠠᠶᠢᠭᠡᠮᠯᠢᠭ ᠤᠨ ᠪᠠᠶᠢᠩᠭᠤ ᠶᠢᠨ ᠬᠡᠷᠡᠭ ᠡᠷᠬᠢᠯᠡᠭᠴᠢ᠃ ᠤᠳᠤᠬᠠᠨ ᠳᠤ ︽ᠴᠢᠩᠭᠢᠰ ᠤᠨ ᠪᠢᠯᠢᠭ ᠰᠤᠷᠭᠠᠯ︾ ᠢ ᠲᠡᠨᠢᠭᠡᠷ ᠴᠢᠯᠠᠭᠤᠨ ᠳᠡᠭᠡᠷ᠎ᠡ ᠬᠢᠲᠠᠳ ᠮᠣᠩᠭᠤᠯ ᠢᠶᠠᠷ ᠰᠡᠶᠢᠯᠦᠨ ᠪᠦᠲᠦᠭᠡᠬᠦ ᠠᠵᠢᠯ ᠤᠨ ᠭᠠᠷᠤᠭᠠᠨ ᠳᠠᠭᠠᠨ ᠪᠤᠢ᠃
 
ᠢᠷᠡᠯᠲᠡ᠄ ᠰᠢᠯᠣᠭᠤᠨ ᠬᠦᠬᠡ ᠶᠢᠨ ᠮᠣᠩᠭᠤᠯ ᠵᠠᠰᠠᠭ ᠤᠨ ᠶᠠᠪᠣᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号