ᠬᠠᠮᠢᠶᠠᠷᠤᠯᠳᠠ ᠶᠢᠨ ᠤᠷᠤᠨ  ︽ᠠᠷᠪᠠ ᠶᠢ ᠪᠥᠷᠬᠦᠭᠦᠯᠭᠦ︾  ᠢᠨᠵᠧᠨᠧᠷᠢᠩ ᠢ ᠲᠦᠰᠢᠵᠦ ᠶᠠᠳᠠᠭᠤ ᠶᠢ ᠲᠡᠳᠭᠦᠭᠦ ᠪᠠᠶᠢᠯᠳᠣᠭᠠᠨ ᠢ  ᠰᠠᠶᠢᠲᠤᠷ ᠬᠢᠵᠠᠢ
ᠨᠡᠶᠢᠲᠡᠯᠡᠭᠰᠡᠨ ᠴᠠᠭ᠄
2016/8/26
        ᠤᠯᠠᠭᠠᠢ ᠬᠠᠮᠢᠶᠠᠷᠤᠯᠳᠠ ᠶᠢᠨ ᠤᠷᠤᠨ ︽ᠠᠷᠪᠠ ᠶᠢ ᠪᠥᠷᠭᠦᠭᠦᠯᠭᠦ︾ ᠢᠨᠵᠧᠨᠧᠷᠢᠩ ᠤᠨ ᠠᠬᠢᠴᠨ ᠶᠢ ᠲᠥᠷᠭᠡᠳᠭᠡᠭᠦ  ᠎ ᠪᠠᠷ ᠭᠠᠷᠳᠡᠵᠦ᠂  ᠶᠡᠭᠡ ᠬᠥᠴᠤᠨ ᠢᠶᠠᠷ ᠶᠠᠳᠠᠭᠤ ᠶᠢ ᠲᠡᠳᠭᠦᠭᠦ  ᠨᠡᠭᠡᠭᠡᠯᠳᠠ ᠶᠢᠨ ᠠᠵᠢᠯ ᠢ ᠲᠥᠯᠬᠢᠨ ᠣᠷᠣᠭᠰᠢᠯᠠᠭᠤᠯᠪᠠ᠃ 2014 ᠤᠨ᠂ ᠨᠤᠷᠠᠬᠤ ᠠᠶᠤᠯᠳᠠᠢ ᠭᠡᠷ ᠶᠢ ᠵᠠᠰᠠᠨ ᠰᠡᠯᠪᠢᠬᠦ ᠲᠡᠳᠬᠦᠮᠵᠢ ᠢ ᠬᠡᠷᠡᠭᠵᠢᠬᠦᠯᠦᠭᠰᠡᠨ  ᠡᠷᠦᠬᠡ 9᠂ ᠵᠡᠭᠡᠯᠢ ᠭᠤᠳᠤᠮᠵᠢ 16.3 ᠺᠢᠯᠤᠮᠧᠲ᠋ᠧᠷ ᠬᠠᠳᠠᠭᠤᠷᠠᠭᠤᠯᠪᠠ  ᠂ 24  ᠲᠡᠳᠬᠦᠮᠵᠢ ᠬᠦᠷᠳᠡᠬᠦ ᠡᠷᠤᠬᠡ ᠶᠢᠨ ᠵᠠᠮ ᠬᠠᠷᠢᠯᠴᠠᠭ᠎ᠠ ᠶᠢ  ᠰᠠᠶᠢᠵᠢᠷᠠᠭᠤᠯᠪᠠ᠂ 40 ᠲᠡᠳᠬᠦᠮᠵᠢ ᠬᠦᠷᠳᠡᠬᠦ  ᠡᠷᠤᠭᠡ  ᠎ ᠳᠤ ᠴᠠᠬᠢᠯᠭᠠᠨ᠂ ᠷᠠᠳᠢᠤ᠋ ᠲᠧᠯᠸᠢᠰ ᠴᠢᠮᠡᠭᠡ ᠨᠡᠪᠳᠡᠷᠡᠭᠦᠯᠭᠡ ᠨᠡᠪᠳᠡᠷᠡᠭᠦᠯᠵᠠᠢ  ᠂ ᠡᠷᠡᠭᠦᠯ ᠬᠠᠮᠠᠭᠠᠯᠠᠯ ᠤᠨ ᠲᠠᠰᠤᠭ 2᠂ ᠰᠤᠶᠤᠯ ᠤᠨ ᠬᠥᠳᠡᠯᠭᠡᠭᠡᠨ ᠤ  ᠭᠡᠷ 4᠂  ᠠᠷᠠᠳ ᠳᠤ ᠲᠥᠭᠦᠮ ᠥᠵᠡᠭᠦᠯᠭᠦ ᠬᠡᠳᠤ ᠲᠡᠯᠭᠡᠭᠦᠷ 4  ᠪᠠᠶᠢᠭᠤᠯᠵᠦ᠂ 9 ᠭᠠᠴᠠᠭ᠎ᠠ ᠲᠣᠰᠬᠤᠨ᠂ ᠬᠤᠪᠢᠶᠠᠷᠢ  ᠲᠠᠯᠠᠪᠠᠢ ᠶᠢᠨ ᠲᠡᠳᠬᠦᠮᠵᠢ ᠣᠯᠬᠤ ᠡᠷᠤᠬᠡ ᠠᠰᠢᠭ ᠬᠦᠷᠳᠡᠪᠡ᠃ 2015 ᠤᠨ ᠳᠤ᠂ ᠨᠤᠷᠠᠬᠤ ᠠᠶᠤᠯᠳᠠᠢ ᠭᠡᠷ ᠶᠢ ᠵᠠᠰᠠᠨ ᠰᠡᠯᠪᠢᠬᠦ ᠲᠡᠳᠬᠦᠮᠵᠢ ᠢ ᠬᠡᠷᠡᠭᠵᠢᠬᠦᠯᠦᠭᠰᠡᠨ ᠡᠷᠦᠬᠡ 15᠂ ᠵᠡᠭᠡᠯᠢ ᠭᠤᠳᠤᠮᠵᠢ ᠬᠠᠳᠠᠭᠤᠷᠠᠭᠤᠯᠣᠭᠰᠠᠨ ᠨᠢ ᠲᠡᠳᠭᠦᠮᠵᠢ ᠬᠦᠷᠳᠡᠬᠦ ᠡᠷᠦᠬᠡ ᠶᠢ ᠪᠦᠷᠬᠦᠭᠰᠡᠨ ᠨᠤᠷᠮ᠎ᠠ 2014 ᠤᠨ ᠠᠴᠠ 25%᠎ ᠢᠶᠠᠷ ᠲᠡᠭᠡᠭᠰᠢᠯᠡᠵᠠᠢ᠃ ᠨᠡᠶᠢᠳᠡ 12 ᠲᠡᠳᠬᠦᠮᠵᠢ ᠬᠦᠷᠳᠡᠬᠦ ᠡᠷᠤᠭᠡ ᠳᠤ ᠴᠠᠬᠢᠯᠭᠠᠨ᠂ ᠷᠠᠳᠢᠤ᠋ ᠲᠧᠯᠸᠢᠰ ᠴᠢᠮᠡᠭᠡ ᠨᠡᠪᠳᠡᠷᠡᠭᠦᠯᠭᠡ ᠤᠨ ᠢᠨᠵᠧᠨᠧᠷᠢᠩ ᠢ ᠪᠡᠶᠠᠯᠠᠬᠦᠯᠪᠠ᠃ 1 ᠬᠡᠦᠬᠡᠳ ᠤᠨ ᠴᠡᠴᠡᠷᠯᠢᠭ  ᠂ 5 ᠡᠷᠡᠭᠦᠯ ᠬᠠᠮᠠᠭᠠᠯᠠᠯ ᠤᠨ ᠲᠠᠰᠤᠭ᠂ 2 ᠰᠤᠶᠤᠯ ᠤᠨ ᠬᠥᠳᠡᠯᠭᠡᠭᠡᠨ ᠤ  ᠭᠡᠷ᠂ 10 ᠠᠷᠠᠳ ᠳᠤ ᠲᠥᠭᠦᠮ ᠥᠵᠡᠭᠦᠯᠭᠦ ᠬᠡᠳᠤ ᠲᠡᠯᠭᠡᠭᠦᠷ ᠪᠠᠶᠢᠭᠤᠯᠵᠦ  ᠲᠡᠳᠬᠦᠮᠵᠢ ᠬᠦᠷᠳᠡᠬᠦ 48 ᠡᠷᠤᠭᠡ ᠶᠢ ᠪᠦᠷᠬᠦᠪᠡ᠃ 2016 ᠤᠨ ᠳᠤ ᠣᠯᠠᠭᠠᠢ ᠬᠠᠮᠢᠶᠠᠷᠣᠯᠳᠠ ᠶᠢᠨ ᠣᠷᠣᠨ ᠠᠴᠠ ︽ ᠠᠷᠪᠠ ᠶᠢ   ᠪᠥᠷᠭᠦᠭᠦᠯᠭᠦ︾  ᠢᠨᠵᠧᠨᠧᠷᠢᠩ  ᠪᠠ ᠶᠠᠳᠠᠭᠤ ᠶᠢ ᠲᠡᠳᠭᠦᠭᠦ ᠪᠠᠶᠢᠯᠳᠣᠭᠠᠨ ᠢ ᠨᠢᠬᠳᠠ ᠣᠶᠠᠯᠳᠣᠭᠤᠯᠣᠨ᠂ ᠶᠡᠭᠡ ᠭᠥᠴᠤᠨ ᠢᠶᠠᠷ ᠥᠷᠭᠦᠯᠵᠢᠯᠠᠨ  ᠲᠥᠯᠭᠢᠨ ᠠᠭᠢᠭᠤᠯᠵᠤ᠂  ᠪᠥᠬᠦ ᠶᠠᠳᠠᠭᠤ ᠶᠢ ᠲᠡᠳᠭᠦᠭᠦ ᠡᠷᠤᠭᠡ  ᠎ ᠶᠢ ᠪᠥᠭᠦᠨ ᠶᠢ ᠪᠥᠷᠭᠦᠭᠦᠯᠭᠦ  ᠎ ᠶᠢ ᠪᠠᠳᠣᠯᠠᠬᠤ ᠪᠣᠯᠣᠨ᠎ᠠ᠃
 
ᠢᠷᠡᠯᠲᠡ᠄ ᠣᠯᠠᠭᠠᠢ ᠶᠢᠨ ᠵᠠᠰᠠᠭ ᠤᠨ ᠶᠠᠪᠣᠳᠠᠯ ᠤᠨ ᠬᠢᠳᠡᠳ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号