ᠬᠠᠮᠢᠶᠠᠷᠣᠯᠳᠠ ᠶᠢᠨ ᠵᠦᠪᠯᠡᠯ ᠤᠨ ᠪᠠᠶᠢᠩᠭᠤ ᠶᠢᠨ ᠲᠡᠳ᠋ ᠡᠷᠬᠢᠯᠡᠭᠴᠢ   ᠢᠦᠢ ᠬᠠᠢ ᠴᠧᠩ
ᠨᠡᠶᠢᠲᠡᠯᠡᠭᠰᠡᠨ ᠴᠠᠭ᠄
2016-08-26
ᠬᠠᠮᠢᠶᠠᠷᠣᠯᠳᠠ ᠶᠢᠨ ᠵᠦᠪᠯᠡᠯ ᠤᠨ ᠪᠠᠶᠢᠩᠭᠤ ᠶᠢᠨ ᠲᠡᠳ᠋ ᠡᠷᠬᠢᠯᠡᠭᠴᠢ   ᠢᠦᠢ ᠬᠠᠢ ᠴᠧᠩ   ᠡᠷᠡᠭᠳᠡᠢ᠂ ᠮᠣᠩᠭᠤᠯ ᠦᠨᠳᠦᠰᠦᠳᠡᠨ᠂ 1974 ᠣᠨ ᠤ 7 ᠰᠠᠷ᠎ᠠ ᠳᠤ   ᠲᠥᠷᠤᠵᠠᠢ᠃ ᠣᠭ ᠨᠣᠳᠤᠭ ᠬᠠᠷᠠᠮᠦ᠋ᠷᠡᠨ ᠮᠣᠵᠢ ᠶᠢᠨ ᠲᠦᠷᠪᠡᠳ ᠦᠪᠡᠷᠳᠡᠬᠡᠨ ᠵᠠᠰᠠᠬᠤ ᠮᠣᠩᠭᠤᠯ ᠰᠢᠶᠠᠨ᠂ ᠶᠡᠭᠡ ᠰᠣᠷᠭᠠᠭᠤᠯᠢ ᠶᠢᠨ   ᠰᠣᠷᠣᠯᠭ᠎ᠠ ᠶᠢᠨ ᠨᠠᠮᠳᠠᠷ᠂ ᠡᠪ ᠬᠠᠮᠳᠣ ᠨᠠᠮ ᠤᠨ ᠬᠡᠰᠢᠬᠦᠨ᠃ 1994.7-1998.7   ᠦᠪᠦᠷ ᠮᠣᠩᠭᠤᠯ ᠤᠨ ᠲᠡᠷᠢᠶᠠᠯᠠᠩ ᠮᠠᠯ ᠠᠵᠦ ᠠᠬᠤᠢ ᠶᠢᠨ ᠶᠡᠭᠡ ᠰᠣᠷᠭᠠᠭᠤᠯᠢ ᠶᠢᠨ ᠠᠵᠦ ᠠᠬᠤᠢ ᠶᠢᠨ ᠬᠠᠮᠢᠶᠠᠷᠣᠯᠳᠠ ᠶᠢᠨ ᠲᠡᠭᠡᠳᠣ ᠰᠣᠷᠭᠠᠭᠤᠯᠢ ᠶᠢᠨ ᠲᠡᠷᠢᠶᠠᠯᠠᠩ ᠮᠠᠯ ᠠᠵᠦ ᠠᠬᠤᠢ ᠶᠢᠨ ᠬᠠᠮᠢᠶᠠᠷᠣᠯᠳᠠ ᠶᠢᠨ ᠲᠣᠰᠬᠠᠢ ᠮᠡᠷᠭᠡᠵᠢᠯ ᠳᠤ ᠰᠣᠷᠣᠯᠴᠠᠪᠠ᠃ ︵ᠦᠨᠳᠦᠰᠦᠨ ᠠᠩᠬᠢ︶ 1998.7-2002.12   ᠦᠪᠦᠷ ᠮᠣᠩᠭᠤᠯ ᠤᠨ ᠲᠠᠷᠢᠶᠠᠯᠠᠩ ᠤᠨ ᠶᠡᠭᠡ ᠰᠣᠷᠭᠠᠭᠤᠯᠢ ᠶᠢᠨ ᠠᠵᠦ ᠠᠬᠤᠢ ᠶᠢᠨ ᠬᠠᠮᠢᠶᠠᠷᠣᠯᠳᠠ ᠶᠢᠨ ᠲᠡᠭᠡᠳᠣ ᠰᠣᠷᠭᠠᠭᠤᠯᠢ ᠶᠢᠨ ᠰᠣᠷᠭᠠᠭᠴᠢ᠂ ᠡᠪᠯᠡᠯ ᠤᠨ ᠶᠡᠷᠦᠩᠬᠡᠢ ᠡᠬᠦᠷ ᠤᠨ ᠲᠡᠳ᠋ ᠱᠦᠵᠢ᠂ ᠱᠦᠵᠢ᠂ ᠰᠣᠷᠣᠭᠴᠢ ᠶᠢᠨ ᠠᠵᠢᠯ ᠤᠨ   ᠠᠯᠪᠠᠨ ᠭᠡᠷ ᠤᠨ ᠡᠷᠬᠢᠯᠡᠭᠴᠢ ︵ᠲᠣᠰ ᠬᠤᠭᠤᠴᠠᠭᠠᠨ ᠳᠤ 2001.5-2002.12   ᠦᠪᠦᠷ ᠮᠣᠩᠭᠤᠯ ᠤᠨ ᠡᠪᠯᠡᠯ ᠤᠨ ᠡᠬᠦᠷ ᠤᠨ ᠨᠢᠭᠡᠳᠦᠮᠡᠯ ᠹᠷᠣᠨᠲ ᠤᠨ ᠬᠤᠯᠪᠣᠭᠠᠨ ᠤ ᠬᠡᠯᠳᠡᠰ ᠎ ᠤᠨ ᠲᠠᠷᠤᠭ᠎ᠠ ᠶᠢᠨ ᠲᠣᠰᠠᠯᠠᠭᠴᠢ ᠪᠠᠷ ᠲᠦᠷ ᠲᠣᠰᠢᠶᠠᠯ ᠡᠬᠦᠷᠭᠡᠯᠡᠪᠡ︶᠃ 2002.12-2003.5   ᠦᠪᠦᠷ ᠮᠣᠩᠭᠤᠯ ᠤᠨ ᠡᠪᠯᠡᠯ ᠤᠨ ᠰᠣᠷᠭᠠᠭᠤᠯᠢ ᠶᠢᠨ ᠰᠣᠷᠣᠭᠴᠢ ᠶᠢᠨ ᠰᠠᠯᠠᠭ᠎ᠠ ᠶᠢᠨ ᠲᠠᠷᠤᠭ᠎ᠠ᠃ 2003.5-2005.12   ᠦᠪᠦᠷ ᠮᠣᠩᠭᠤᠯ ᠤᠨ ᠡᠪᠯᠡᠯ ᠤᠨ ᠡᠬᠦᠷ ᠤᠨ ᠪᠠᠶᠢᠭᠤᠯᠭ᠎ᠠ ᠶᠢᠨ ᠠᠵᠢᠯ ᠤᠨ ᠲᠦᠪ ᠎ ᠤᠨ ᠰᠠᠯᠠᠭᠠᠨ ᠲᠠᠷᠤᠭ᠎ᠠ᠃ 2005.12-2007.6   ᠦᠪᠦᠷ ᠮᠣᠩᠭᠤᠯ ᠤᠨ ᠪᠠᠭᠠᠴᠣᠳ ᠤᠨ ᠬᠤᠰᠢᠭᠤᠴᠢ ᠠᠩᠬᠢ ᠶᠢᠨ ᠬᠦᠳᠡᠯᠬᠡᠬᠡᠨ ᠵᠢᠯᠣᠭᠤᠳᠬᠤ ᠭᠠᠵᠠᠷ ᠤᠨ ᠲᠡᠳ᠋ ᠡᠷᠬᠢᠯᠡᠭᠴᠢ᠃ 2007.6-2011.8   ᠦᠪᠦᠷ ᠮᠣᠩᠭᠤᠯ ᠤᠨ ᠡᠪᠯᠡᠯ ᠤᠨ ᠡᠬᠦᠷ ᠤᠨ ᠰᠣᠷᠭᠠᠭᠤᠯᠢ ᠶᠢᠨ ᠬᠡᠯᠳᠡᠰ ᠤᠨ ᠲᠡᠳ᠋ ᠬᠡᠯᠳᠡᠰ ᠤᠨ ᠲᠠᠷᠤᠭ᠎ᠠ᠂ ᠦᠪᠡᠷᠳᠡᠭᠡᠨ ᠵᠠᠰᠠᠬᠤ ᠣᠷᠣᠨ ᠤ ᠰᠣᠷᠣᠭᠴᠢ ᠶᠢᠨ ᠬᠤᠯᠪᠣᠭᠠᠨ ᠤ ᠲᠡᠳ᠋ ᠨᠠᠷᠢᠨ ᠪᠢᠴᠢᠭ ᠎ ᠤᠨ ᠲᠠᠷᠤᠭ᠎ᠠ ︵ᠲᠣᠰ ᠬᠤᠭᠤᠴᠠᠭᠠᠨ ᠳᠤ 2006.3-2009.1 ᠦᠪᠦᠷ ᠮᠣᠩᠭᠤᠯ ᠤᠨ ᠲᠠᠷᠢᠶᠠᠯᠠᠩ ᠤᠨ ᠶᠡᠭᠡ ᠰᠣᠷᠭᠠᠭᠤᠯᠢ ᠶᠢᠨ ᠲᠠᠷᠢᠶᠠᠯᠠᠩ ᠢ ᠲᠦᠬᠡᠬᠦᠯᠬᠦ ᠠᠰᠫᠢᠷᠠᠨᠲ ᠶᠢᠨ ᠠᠩᠬᠢ ᠳᠤ ᠰᠣᠷᠣᠯᠴᠠᠪᠠ᠃ 2008.5-2009.3 ᠬᠦᠬᠡᠬᠤᠳᠠ ᠶᠢᠨ ᠦ᠋ ᠴᠤᠸᠠᠨ ᠰᠢᠶᠠᠨ ᠳᠤ ᠰᠠᠭᠤᠵᠦ ᠠᠵᠢᠯᠯᠠᠪᠠ︶᠃ 2011.8-2012.12   ᠦᠪᠦᠷ ᠮᠣᠩᠭᠤᠯ ᠤᠨ ᠡᠪᠯᠡᠯ ᠤᠨ ᠡᠬᠦᠷ ᠤᠨ ᠰᠣᠷᠭᠠᠭᠤᠯᠢ ᠶᠢᠨ ᠬᠡᠯᠳᠡᠰ ᠤᠨ ᠲᠠᠷᠤᠭ᠎ᠠ᠃ ᠦᠪᠡᠷᠳᠡᠭᠡᠨ ᠵᠠᠰᠠᠬᠤ ᠣᠷᠣᠨ ᠤ ᠰᠣᠷᠣᠭᠴᠢ ᠶᠢᠨ ᠬᠤᠯᠪᠣᠭᠠᠨ ᠤ ᠨᠠᠷᠢᠨ ᠪᠢᠴᠢᠭ ᠤᠨ ᠲᠠᠷᠤᠭ᠎ᠠ ︵ ᠭᠠᠵᠠᠷ ᠤᠨ ᠲᠡᠰ︶᠃ 2012.12-2015.12   ᠣᠯᠠᠭᠠᠢ ᠬᠠᠮᠢᠶᠠᠷᠣᠯᠳᠠ ᠶᠢᠨ ᠣᠷᠣᠨ ᠤ ᠨᠠᠮ ᠤᠨ ᠠᠵᠢᠯ ᠤᠨ ᠬᠤᠷᠢᠶᠠᠨ ᠤ ᠬᠡᠰᠢᠬᠦᠨ᠂ ᠰᠠᠬᠢᠯᠭ᠎ᠠ ᠪᠠᠳᠣ ᠪᠠᠶᠢᠴᠠᠭᠠᠬᠤ ᠵᠦᠪᠯᠡᠯ ᠤᠨ ᠱᠦᠵᠢ᠃ 2015.12᠎ ᠠᠴᠠ ᠣᠳᠣ ᠪᠣᠯᠳᠠᠯ᠎ᠠ ᠣᠯᠠᠭᠠᠢ ᠬᠠᠮᠢᠶᠠᠷᠣᠯᠳᠠ ᠶᠢᠨ ᠣᠷᠣᠨ ᠤ ᠨᠠᠮ ᠤᠨ ᠠᠵᠢᠯ ᠤᠨ ᠬᠤᠷᠢᠶᠠᠨ ᠤ ᠬᠡᠰᠢᠬᠦᠨ᠂ ᠬᠠᠮᠢᠶᠠᠷᠣᠯᠳᠠ ᠶᠢᠨ ᠣᠷᠣᠨ ᠤ ᠪᠠᠶᠢᠩᠭᠤ ᠶᠢᠨ ᠲᠡᠳ᠋ ᠡᠷᠬᠢᠯᠡᠭᠴᠢ᠂ ᠰᠦᠨ ᠵᠧᠨ ᠵᠢᠶᠠᠩ ᠨᠦᠬᠦᠷ ᠢ ᠬᠠᠮᠵᠢᠵᠦ ᠬᠠᠮᠢᠶᠠᠷᠣᠯᠳᠠ ᠶᠢᠨ ᠵᠦᠪᠯᠡᠯ ᠤᠨ ᠪᠠᠶᠢᠩᠭᠤ ᠶᠢᠨ ᠠᠵᠢᠯ ᠪᠣᠯᠣᠨ ᠶᠡᠷᠦᠩᠬᠡᠢ ᠠᠵᠦ ᠠᠬᠤᠢ ᠶᠢᠨ ᠬᠠᠮᠢᠶᠠᠷᠣᠯᠳᠠ᠂ ᠡᠳ᠋ ᠶᠢᠨ ᠵᠠᠰᠠᠭ᠂ ᠬᠤᠳᠠᠯᠳᠤᠭ᠎ᠠ ᠶᠢ ᠣᠷᠢᠵᠦ ᠪᠡᠯᠡ ᠲᠠᠳᠠᠬᠤ᠂ ᠬᠢᠨᠠᠨ ᠪᠣᠳᠣᠬᠤ᠂ ᠰᠣᠷᠭᠠᠨ ᠬᠦᠮᠦᠵᠢᠯ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ᠂ ᠨᠠᠮ ᠵᠠᠰᠠᠭ ᠤᠨ ᠠᠯᠪᠠᠨ ᠭᠡᠷ ᠵᠠᠰᠠᠭ ᠤᠨ ᠣᠷᠳᠣᠨ ᠵᠡᠷᠬᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠦᠭᠵᠢᠬᠦᠯᠦᠨ ᠦᠭᠡᠷᠡᠴᠢᠯᠡᠬᠦ ᠲᠣᠪᠴᠢᠶ᠎ᠠ ︵ᠠᠮᠦ ᠪᠣᠳᠠᠭᠠᠨ ᠤ ᠲᠣᠪᠴᠢᠶ᠎ᠠ ᠂ ᠬᠤᠳᠠᠯᠳᠤᠭ᠎ᠠ ᠣᠷᠢᠬᠤ ᠲᠣᠪᠴᠢᠶ᠎ᠠ︶᠂ ᠡᠳ᠋ ᠤᠨ ᠵᠠᠰᠠᠭ ᠤᠨ ᠲᠣᠪᠴᠢᠶ᠎ᠠ᠂ ᠬᠢᠨᠠᠨ ᠪᠠᠶᠢᠴᠠᠭᠠᠬᠤ ᠲᠣᠪᠴᠢᠶ᠎ᠠ᠂ ᠬᠢᠨᠠᠨ ᠪᠣᠳᠣᠬᠤ ᠲᠣᠪᠴᠢᠶ᠎ᠠ᠂ ᠲᠤᠭ᠎ᠠ ᠪᠦᠷᠢᠳᠭᠡᠯ ᠤᠨ ᠲᠣᠪᠴᠢᠶ᠎ᠠ᠂ ᠰᠣᠷᠭᠠᠨ ᠬᠦᠮᠦᠵᠢᠯ ᠤᠨ ᠲᠣᠪᠴᠢᠶ᠎ᠠ᠂ ᠵᠠᠰᠠᠭ ᠤᠨ ᠶᠠᠪᠣᠳᠠᠯ ᠤᠨ ᠦᠢᠯᠡᠴᠢᠯᠡᠯᠬᠡᠨ ᠤ ᠲᠦᠪ ︵ᠨᠡᠶᠢᠳᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠦᠪ︶ ᠎ ᠢ ᠬᠤᠪᠢᠳᠠᠨ ᠬᠠᠮᠢᠶᠠᠷᠣᠨ᠎ᠠ᠃ ᠬᠠᠯᠠᠭᠠᠶᠢᠳᠣ ᠲᠠᠷᠢᠶᠠᠯᠠᠩ ᠮᠠᠯᠵᠢᠯ ᠤᠨ ᠲᠠᠯᠠᠪᠠᠢ᠂ ᠣᠰᠣᠨ ᠴᠦᠬᠦᠷᠦᠮ ᠤᠨ ᠠᠵᠢᠯ ᠎ ᠤᠨ ᠵᠦᠪᠯᠠᠯ᠂ ᠪᠠᠶᠢᠭᠤᠯᠭ᠎ᠠ ᠶᠢᠨ ᠣᠷᠣᠨ ᠲᠤᠭ᠎ᠠ ᠶᠢᠨ ᠵᠦᠪᠯᠡᠯ ᠤᠨ ᠠᠯᠪᠠᠨ ᠭᠡᠷ᠂ ᠠᠬᠠᠮᠠᠳ ᠺᠠᠳ᠋ᠷ ᠤᠨ ᠲᠣᠪᠴᠢᠶ᠎ᠠ᠂ ᠨᠠᠮ ᠤᠨ ᠰᠣᠷᠭᠠᠭᠤᠯᠢ᠂ ᠣᠯᠣᠰ ᠤᠨ ᠭᠠᠶᠢᠯᠢ ᠶᠢᠨ ᠲᠣᠪᠴᠢᠶ᠎ᠠ᠂ ᠣᠷᠣᠨ ᠨᠣᠳᠤᠭ ᠤᠨ ᠭᠠᠶᠢᠯᠢ ᠶᠢᠨ ᠲᠣᠪᠴᠢᠶ᠎ᠠ᠂ ᠲᠠᠷᠢᠶᠠᠯᠠᠩ ᠤᠨ ᠪᠠᠩᠬᠢ ᠶᠢᠨ ᠣᠯᠠᠭᠠᠢ ᠶᠢᠨ ᠬᠤᠪᠢᠶᠠᠷᠢ ᠪᠠᠩᠬᠢ᠂ ᠦᠢᠯᠡᠳᠪᠦᠷᠢ ᠬᠤᠳᠠᠯᠳᠣᠭᠠᠨ ᠤ ᠪᠠᠩᠬᠢ ᠶᠢᠨ ᠣᠯᠠᠭᠠᠢ ᠶᠢᠨ ᠬᠤᠪᠢᠶᠠᠷᠢ ᠪᠠᠩᠬᠢ᠂ ᠪᠠᠶᠠᠨᠬᠤᠰᠢᠭᠤ ᠶᠢᠨ ᠬᠦᠳᠡᠭᠡ ᠲᠣᠰᠬᠤᠨ ᠤ ᠢᠳᠡᠭᠡᠮᠵᠢ ᠶᠢᠨ ᠬᠤᠷᠰᠢᠶ᠎ᠠ᠂ ᠠᠮᠢ ᠨᠠᠰᠣ ᠡᠳ᠋ ᠬᠦᠷᠦᠩᠭᠡ ᠶᠢᠨ ᠲᠠᠭᠠᠳᠬᠠᠯ ᠤᠨ ᠣᠯᠠᠭᠠᠢ ᠶᠢᠨ ᠬᠤᠪᠢᠶᠠᠷᠢ ᠺᠣᠮᠫᠠᠨᠢ᠂ ᠡᠳ᠋ ᠬᠦᠷᠦᠩᠬᠡ ᠶᠢᠨ ᠲᠠᠭᠠᠳᠬᠠᠯ ᠤᠨ ᠣᠯᠠᠭᠠᠢ ᠶᠢᠨ ᠬᠤᠪᠢᠶᠠᠷᠢ ᠺᠣᠮᠫᠠᠨᠢ᠂ ᠲᠣᠮᠳᠠᠳᠣ ᠶᠢᠨ ᠬᠤᠯᠪᠣᠭᠠᠯᠠᠭᠰᠠᠨ ᠲᠠᠭᠠᠳᠬᠠᠯ ᠤᠨ ᠣᠯᠠᠭᠠᠢ ᠶᠢᠨ ᠬᠤᠪᠢᠶᠠᠷᠢ ᠺᠣᠮᠫᠠᠨᠢ ᠲᠠᠢ ᠬᠠᠷᠢᠯᠴᠠᠨ᠎ᠠ᠃
 
ᠢᠷᠡᠯᠲᠡ᠄ ᠣᠯᠠᠭᠠᠢ ᠶᠢᠨ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠮᠦᠩᠬᠡ ᠭᠠᠯ ᠺᠣᠮᠫᠢᠦ᠋ᠲ᠋ᠧᠷ ᠰᠤᠹᠲ ᠤᠨ ᠪᠦᠷᠢᠨ ᠪᠤᠰᠤ ᠬᠠᠷᠢᠭᠤᠴᠠᠯᠭᠠᠳᠤ ᠺᠤᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号