ᠬᠠᠮᠢᠶᠠᠷᠣᠯᠳᠠ ᠶᠢᠨ ᠵᠦᠪᠯᠡᠯ ᠤᠨ ᠲᠡᠳ᠋ ᠡᠷᠬᠢᠯᠡᠭᠴᠢ  ᠶᠠᠨ ᠯᠢ ᠵᠢᠶᠦ᠋ᠨ
ᠨᠡᠶᠢᠲᠡᠯᠡᠭᠰᠡᠨ ᠴᠠᠭ᠄
2016/8/26
ᠬᠠᠮᠢᠶᠠᠷᠣᠯᠳᠠ ᠶᠢᠨ ᠵᠦᠪᠯᠡᠯ ᠤᠨ ᠲᠡᠳ᠋ ᠡᠷᠬᠢᠯᠡᠭᠴᠢ  ᠶᠠᠨ ᠯᠢ ᠵᠢᠶᠦ᠋ᠨ   ᠡᠷᠡᠭᠳᠡᠢ᠂ ᠬᠢᠳᠡᠳ ᠦᠨᠳᠦᠰᠦᠳᠡᠨ᠂1976 ᠣᠨ  ᠎ ᠤ3 ᠰᠠᠷ᠎ᠠ ᠳᠤ ᠲᠦᠷᠦᠪᠡ᠃ ᠣᠭ ᠨᠣᠳᠤᠭ ᠦᠪᠦᠷ ᠮᠣᠩᠭᠤᠯ ᠤᠨ ᠣᠯᠠᠭᠠᠨᠬᠠᠳᠠ ᠬᠤᠳᠠ ᠶᠢᠨ ᠰᠥᠩ ᠱᠠᠨ ᠲᠣᠭᠤᠷᠢᠭ᠂ ᠶᠡᠭᠡ ᠰᠣᠷᠭᠠᠭᠤᠯᠢ ᠶᠢᠨ ᠲᠠᠷᠢᠶᠠᠯᠠᠩ ᠤᠨ ᠣᠬᠠᠭᠠᠨ ᠤ ᠣᠶᠣᠳᠠᠨ ᠤ ᠨᠠᠮᠳᠠᠷ ᠲᠠᠢ᠂ ᠡᠪ ᠬᠠᠮᠳᠣ ᠨᠠᠮ ᠤᠨ ᠬᠡᠰᠢᠬᠦᠨ᠃1996.9-2000.7 ᠦᠪᠦᠷ ᠮᠣᠩᠭᠤᠯ ᠤᠨ ᠦᠨᠳᠦᠰᠦᠳᠡᠨ ᠤ ᠶᠡᠭᠡ ᠰᠣᠷᠭᠠᠭᠤᠯᠢ ᠶᠢᠨ ᠠᠮᠢᠳᠠᠨ ᠠᠨᠠᠭᠠᠬᠤ ᠰᠠᠯᠪᠣᠷᠢ ᠳᠤ ᠮᠠᠯ ᠤᠨ ᠡᠮᠴᠢ ᠶᠢᠨ ᠪᠠᠭᠰᠢ ᠶᠢᠨ ᠲᠣᠰᠬᠠᠢ ᠮᠡᠷᠭᠡᠵᠢᠯ ᠰᠣᠷᠣᠯᠴᠠᠪᠠ᠃2000.7-2004.3   ᠣᠯᠠᠭᠠᠢ ᠨᠡᠬᠡᠬᠡᠯᠳᠡ ᠶᠢᠨ ᠣᠷᠣᠨ ᠤ ᠮᠠᠯ ᠡᠮᠨᠡᠬᠦ ᠦᠷᠳᠡᠭᠡ ᠶᠢᠨ ᠠᠵᠢᠯᠳᠠᠨ᠃2004.3-2005.2  ᠣᠯᠠᠭᠠᠢ ᠨᠡᠬᠡᠬᠡᠯᠳᠡ ᠶᠢᠨ ᠣᠷᠣᠨ ᠤ ᠮᠠᠯ ᠡᠮᠨᠡᠬᠦ ᠦᠷᠳᠡᠭᠡ ᠶᠢᠨ ᠦᠷᠳᠡᠭᠡᠨ ᠲᠠᠷᠤᠭ᠎ᠠ᠃2005.2-2006.10   ᠣᠯᠠᠭᠠᠢ ᠬᠠᠮᠢᠶᠠᠷᠣᠯᠳᠠ ᠶᠢᠨ ᠣᠷᠣᠨ ᠤ ᠪᠠᠶᠠᠨᠬᠤᠰᠢᠭᠤ ᠪᠠᠯᠭᠠᠰᠣᠨ ᠤ ᠨᠠᠮ ᠤᠨ ᠬᠤᠷᠢᠶᠠᠨ ᠤ ᠲᠡᠳ᠋ ᠱᠦᠵᠢ᠂ ᠲᠡᠳ᠋ ᠪᠠᠯᠭᠠᠰᠣᠨ ᠲᠠᠷᠤᠭ᠎ᠠ᠃2006.10-2010.10  ᠣᠯᠠᠭᠠᠢ ᠬᠠᠮᠢᠶᠠᠷᠣᠯᠳᠠ ᠶᠢᠨ ᠣᠷᠣᠨ ᠤ ᠪᠠᠶᠠᠨᠬᠤᠰᠢᠭᠤ ᠪᠠᠯᠭᠠᠰᠣᠨ ᠤ ᠨᠠᠮ ᠤᠨ ᠬᠤᠷᠢᠶᠠᠨ ᠤ ᠲᠡᠳ᠋ ᠱᠦᠵᠢ᠂ ᠣᠷᠣᠯᠠᠭᠴᠢ ᠪᠠᠯᠭᠠᠰᠣᠨ ᠲᠠᠷᠤᠭ᠎ᠠ ︵ᠰᠠᠯᠠᠭᠠᠨ ᠲᠠᠰ︶᠃2010.10-2012.3  ᠣᠯᠠᠭᠠᠢ ᠬᠠᠮᠢᠶᠠᠷᠣᠯᠳᠠ ᠶᠢᠨ ᠣᠷᠣᠨ ᠤ ᠪᠠᠶᠠᠨᠬᠤᠰᠢᠭᠤ ᠪᠠᠯᠭᠠᠰᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠡᠷᠢᠬᠦᠯᠡᠭᠴᠢ᠃2012.3-2012.8  ᠣᠯᠠᠭᠠᠢ ᠬᠠᠮᠢᠶᠠᠷᠣᠯᠳᠠ ᠶᠢᠨ ᠣᠷᠣᠨ ᠤ ᠠᠮᠣᠷ ᠲᠦᠪᠰᠢᠨ ᠦᠢᠯᠡᠳᠪᠦᠷᠢᠯᠡᠯ ᠢ ᠬᠢᠨᠠᠨ ᠬᠠᠮᠢᠶᠠᠷᠬᠤ ᠲᠣᠪᠴᠢᠶ᠎ᠠ ᠶᠢᠨ ᠲᠣᠪᠴᠢᠶᠠᠨ ᠲᠠᠷᠤᠭ᠎ᠠ᠃2012.8-2012.12  ᠣᠯᠠᠭᠠᠢ ᠬᠠᠮᠢᠶᠠᠷᠣᠯᠳᠠ ᠶᠢᠨ ᠣᠷᠣᠨ ᠤ ᠠᠮᠣᠷ ᠲᠦᠪᠰᠢᠨ ᠦᠢᠯᠡᠳᠪᠦᠷᠢᠯᠡᠯ ᠢ ᠬᠢᠨᠠᠨ ᠬᠠᠮᠢᠶᠠᠷᠬᠤ ᠲᠣᠪᠴᠢᠶ᠎ᠠ ᠶᠢᠨ ᠲᠣᠪᠴᠢᠶᠠᠨ ᠲᠠᠷᠤᠭ᠎ᠠ᠂ ᠠᠵᠦ ᠦᠢᠯᠡᠳᠪᠦᠷᠢ ᠶᠢᠨ ᠬᠦᠷᠢᠶᠡᠯᠡᠩ ᠤᠨ ᠡᠷᠬᠢᠯᠡᠭᠴᠢ᠃2012.12᠎ ᠠᠴᠠ ᠣᠳᠣ ᠪᠣᠯᠳᠠᠯ᠎ᠠ ᠣᠯᠠᠭᠠᠢ ᠬᠠᠮᠢᠶᠠᠷᠣᠯᠳᠠ ᠶᠢᠨ ᠣᠷᠣᠨ ᠤ ᠬᠠᠮᠢᠶᠠᠷᠣᠯᠳᠠ ᠶᠢᠨ ᠵᠦᠪᠯᠡᠯ ᠤᠨ ᠲᠡᠳ᠋ ᠡᠷᠬᠢᠯᠡᠭᠴᠢ᠂ ᠰᠥᠨ ᠵᠧᠨ ᠵᠢᠶᠠᠩ ᠨᠥᠭᠦᠷ ᠢ ᠬᠠᠮᠵᠢᠵᠤ ᠣᠯᠣᠰ ᠤᠨ ᠭᠠᠵᠠᠷ ᠰᠢᠷᠣᠢ ᠶᠢᠨ ᠡᠬᠢ ᠪᠠᠶᠠᠯᠢᠭ ᠎ ᠤᠨ ᠬᠠᠮᠢᠶᠠᠷᠣᠯᠳᠠ᠂ ᠠᠵᠦ ᠦᠢᠯᠡᠳᠪᠦᠷᠢ ᠶᠢᠨ ᠬᠦᠷᠢᠶᠡᠯᠡᠩ ᠤᠨ ᠪᠦᠳᠦᠬᠡᠨ ᠪᠠᠶᠢᠭᠤᠯᠣᠯᠳᠠ᠂ ᠠᠵᠦ ᠦᠢᠯᠡᠳᠪᠦᠷᠢ ᠎ ᠶᠢᠨ ᠠᠵᠦ ᠠᠬᠤᠢ ᠶᠢᠨ ᠬᠠᠮᠢᠶᠠᠷᠣᠯᠳᠠ᠂ ᠠᠮᠣᠷ ᠲᠦᠪᠰᠢᠨ ᠦᠢᠯᠡᠳᠪᠦᠷᠢᠯᠡᠯ ᠤᠨ ᠬᠢᠨᠠᠯᠳᠠ ᠬᠠᠮᠢᠶᠠᠷᠣᠯᠳᠠ ᠪᠣᠯᠣᠨ ᠦᠢᠯᠡᠴᠢᠯᠡᠯᠬᠡᠨ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠣᠯᠣᠰ ᠤᠨ ᠭᠠᠵᠠᠷ ᠰᠢᠷᠣᠢ ᠶᠢᠨ ᠡᠬᠢ ᠪᠠᠶᠠᠯᠢᠭ ‍ᠤᠨ‌ᠬᠠᠮᠢᠶᠠᠷᠣᠯᠳᠠ ᠶᠢᠨ ᠲᠣᠪᠴᠢᠶ᠎ᠠ᠂ ᠠᠵᠦ ᠠᠬᠤᠢ ᠪᠣᠯᠣᠨ ᠺᠣᠮᠫᠢᠦ᠋ᠲ᠋ᠧᠷᠵᠢᠬᠦᠯᠦᠯᠳᠡ ᠶᠢᠨ ᠲᠣᠪᠴᠢᠶ᠎ᠠ ︵ᠬᠠᠩᠭᠠᠨ ᠪᠣᠷᠣᠯᠠᠭᠤᠯᠬᠤ ᠬᠤᠷᠰᠢᠶ᠎ᠠ︶᠂ ᠠᠮᠣᠷ ᠲᠦᠪᠰᠢᠨ ᠦᠢᠯᠡᠳᠪᠦᠷᠢᠯᠡᠯ ᠢ ᠬᠢᠨᠠᠵᠦ ᠬᠠᠮᠢᠶᠠᠷᠬᠤ ᠲᠣᠪᠴᠢᠶ᠎ᠠ᠂ ᠠᠵᠦ ᠦᠢᠯᠡᠳᠪᠦᠷᠢ ᠶᠢᠨ ᠬᠦᠷᠢᠶᠡᠯᠡᠩ ᠢ ᠬᠤᠪᠢᠳᠠᠵᠦ ᠬᠠᠮᠢᠶᠠᠷᠣᠨ᠎ᠠ᠃ ᠬᠡᠰᠡᠭ ᠠᠭᠤᠯᠠ ᠮᠠᠯᠵᠢᠯ ᠤᠨ ᠲᠠᠯᠠᠪᠠᠢ᠂ ᠣᠯᠠᠭᠠᠢ ᠎ ᠶᠢᠨ ᠴᠠᠬᠢᠯᠭᠠᠨ ᠬᠠᠩᠭᠠᠬᠤ ᠰᠠᠯᠪᠣᠷᠢ ᠲᠣᠪᠴᠢᠶ᠎ᠠ᠂ ᠴᠢᠯᠠᠭᠤᠨ ᠲᠣᠰᠣᠨ ᠤ ᠺᠣᠮᠫᠠᠨᠢ᠂ ᠰᠢᠣᠳᠠᠨ ᠤ ᠲᠣᠪᠴᠢᠶ᠎ᠠ᠂ ᠴᠠᠬᠢᠯᠭᠠᠨ ᠬᠤᠯᠪᠣᠭ᠎ᠠ ᠶᠢᠨ ᠣᠯᠠᠭᠠᠢ ᠶᠢᠨ ᠬᠤᠪᠢᠶᠠᠷᠢ ᠺᠣᠮᠫᠠᠨᠢ᠂ ᠰᠦᠯᠵᠢᠶ᠎ᠡ ᠬᠤᠯᠪᠣᠭᠠᠨ ᠤ ᠣᠯᠠᠭᠠᠢ ᠶᠢᠨ ᠬᠤᠪᠢᠶᠠᠷᠢ ᠺᠣᠮᠫᠠᠨᠢ᠂ ᠨᠡᠬᠦᠳᠡᠯ ᠬᠤᠯᠪᠣᠭᠠᠨ ᠤ ᠣᠯᠠᠭᠠᠢ ᠶᠢᠨ ᠬᠤᠪᠢᠶᠠᠷᠢ ᠺᠣᠮᠫᠠᠨᠢ ᠲᠠᠢ ᠬᠠᠷᠢᠯᠴᠠᠨ᠎ᠠ᠃
 
ᠢᠷᠡᠯᠲᠡ᠄ ᠣᠯᠠᠭᠠᠢ ᠶᠢᠨ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号