ᠪᠠᠶᠠᠨᠬᠤᠰᠢᠭᠤ ᠪᠠᠯᠭᠠᠰᠤ ᠪᠠᠶᠢᠭᠠᠯᠢ ᠶᠢᠨ ᠬᠠᠳᠤᠯᠠᠩ ᠢ ᠬᠠᠮᠠᠭᠠᠯᠠᠬᠤ ᠤᠯᠠᠨ ᠠᠵᠢᠯᠯᠠᠭ᠎ᠠ ᠬᠢᠯ᠎ᠡ
ᠨᠡᠶᠢᠲᠡᠯᠡᠭᠰᠡᠨ ᠴᠠᠭ᠄
2016/8/26
               ᠭᠠᠴᠠᠭ᠎ᠠ ᠲᠤᠰᠬᠤᠨ ᠤ ᠪᠠᠶᠢᠭᠠᠯᠢ ᠶᠢᠨ ᠬᠠᠳᠤᠯᠠᠩ ᠢ ᠤᠯᠠᠮ ᠰᠠᠶᠢᠨ ᠬᠠᠮᠠᠭᠠᠯᠠᠨ ᠬᠠᠮᠢᠶᠠᠷᠴᠤ᠂ ᠲᠠᠯ᠎ᠠ ᠨᠤᠲᠤᠭ ᠤᠨ ᠠᠮᠢ ᠠᠬᠤᠢ   ᠶᠢᠨ ᠬᠠᠮᠠᠭᠠᠯᠠᠯᠳᠠ ᠶᠢ ᠲᠥᠯᠬᠢᠨ ᠠᠭᠢᠭᠤᠯᠬᠤ ᠶᠢᠨ ᠲᠥᠯᠤᠭᠡ᠂ ᠪᠠᠶᠠᠨᠬᠤᠰᠢᠭᠤ ᠪᠠᠯᠭᠠᠰᠤ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠲᠤᠰ ᠠᠵᠢᠯ ᠢ ᠲᠣᠶᠢᠯ ᠢᠶᠠᠷ ᠴᠢᠬᠤᠯᠴᠢᠯᠠᠨ᠂ ᠤᠯᠠᠨ ᠵᠥᠢᠯ ᠤᠨ ᠠᠷᠭ᠎ᠠ ᠬᠡᠮᠵᠢᠶ᠎ᠡ ᠠᠪᠴᠦ᠂   ᠬᠥᠳᠡᠭᠡ ᠲᠤᠰᠬᠤᠨ ᠤ ᠪᠠᠶᠢᠭᠠᠯᠢ ᠶᠢᠨ ᠬᠠᠳᠤᠯᠠᠩ ᠢ ᠬᠠᠮᠠᠭᠠᠯᠠᠵᠤ ᠬᠠᠮᠢᠶᠠᠷᠬᠤ ᠠᠵᠢᠯ ᠢ ᠨᠠᠷᠢᠨ ᠭᠢᠨᠠᠮᠠᠭᠠᠢ ᠪᠠᠶᠢᠷᠰᠢᠭᠤᠯᠵᠤ᠂  ᠰᠢᠨ᠎ᠠ ᠬᠥᠳᠡᠭᠡ ᠲᠤᠰᠬᠤᠨ᠂ ᠰᠢᠨ᠎ᠠ ᠮᠠᠯᠵᠢᠬᠤ ᠤᠷᠤᠨ  ᠤ ᠪᠥᠳᠦᠭᠡᠨ ᠪᠠᠶᠢᠭᠤᠯᠤᠯᠳᠠ ᠶᠢᠨ ᠠᠭᠢᠴᠨ ᠶᠢ ᠤᠯᠠᠮ ᠨᠢᠭᠡ ᠠᠯᠬᠤᠮ ᠲᠥᠯᠬᠢᠨ ᠣᠷᠣᠭᠰᠢᠯᠠᠭᠤᠯᠵᠦ ᠪᠠᠶᠢᠨ᠎ᠠ᠃     ᠨᠢᠭᠡ᠂ ᠤᠳᠥᠷᠢᠳᠬᠤ ᠲᠤᠭᠤᠶᠢᠯᠠᠩ  ᠪᠠᠶᠢᠭᠤᠯᠵᠠᠢ᠃ ᠭᠤᠤᠯ ᠤᠳᠤᠷᠢᠳᠤᠯᠭ᠎ᠠ   ᠢᠶᠠᠷ ᠲᠤᠭᠤᠶᠢᠯᠠᠩ ᠤᠨ ᠲᠠᠷᠤᠭ᠎ᠠ ᠪᠣᠯᠭᠠᠵᠦ᠂  ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠᠷ ᠲᠡᠳ᠋ ᠲᠤᠭᠤᠶᠢᠯᠠᠩ ᠤᠨ ᠲᠠᠷᠤᠭ᠎ᠠ ᠪᠣᠯᠭᠠᠵᠦ᠂ ᠪᠠᠯᠭᠠᠰᠤ ᠶᠢᠨ ᠪᠠᠶᠢᠭᠤᠯᠭ᠎ᠠ ᠶᠢᠨ ᠲᠠᠯ᠎ᠠ ᠨᠤᠳᠤᠭ ᠢ ᠬᠢᠨᠠᠨ ᠬᠠᠮᠢᠶᠠᠷᠬᠤ ᠥᠷᠳᠡᠭᠡ ᠪᠠ ᠭᠠᠴᠠᠭ᠎ᠠ ᠲᠤᠰᠬᠤᠨ ᠤ ᠬᠠᠷᠢᠭᠤᠴᠠᠯᠭᠠᠳᠡᠨ ᠢᠶᠠᠷ ᠬᠡᠰᠢᠬᠦᠨ ᠪᠣᠯᠭᠠᠭᠰᠠᠨ ᠤᠳᠥᠷᠢᠳᠬᠤ ᠲᠤᠭᠤᠶᠢᠯᠠᠩ ᠢ  ᠪᠠᠶᠢᠭᠤᠯᠵᠠᠢ᠃     ᠬᠤᠶᠠᠷ᠂ ᠤᠬᠠᠭᠤᠯᠭ᠎ᠠ ᠶᠢ ᠴᠢᠩᠭᠠᠳᠬᠠᠵᠠᠢ᠃ ᠸᠢᠴᠠᠲ᠂ ᠭᠠᠷ ᠤᠳᠠᠰᠤᠨ ᠤ ᠤᠬᠤᠷ ᠮᠡᠳᠡᠭᠡ ᠶᠢᠨ ᠲᠠᠪᠴᠡᠩ᠂ ᠡᠷᠤᠬᠡ ᠳᠤ ᠤᠷᠤᠵᠤ ᠡᠯ᠎ᠡ ᠲᠦᠷᠦᠯ ᠤᠨ ᠤᠬᠠᠭᠤᠯᠬᠤ ᠮᠠᠲ᠋ᠧᠷᠢᠶᠠᠯ ᠲᠠᠷᠠᠭᠠᠬᠤ ᠵᠡᠷᠭᠡ  ᠡᠯ᠎ᠡ  ᠵᠦᠢᠯ  ᠤᠨ ᠬᠡᠯᠪᠠᠷᠢ   ᠶᠢ ᠢ ᠬᠦᠢᠴᠡᠳ ᠠᠰᠢᠭᠯᠠᠨ᠂ ᠮᠠᠯᠴᠢᠨ ᠲᠠᠷᠢᠶᠠᠴᠢᠨ ᠳᠤ ᠪᠠᠶᠢᠭᠠᠯᠢ ᠶᠢᠨ ᠬᠠᠳᠤᠯᠠᠩ ᠢ  ᠬᠠᠮᠠᠭᠠᠯᠠᠬᠤ ᠪᠠ  ᠲᠤᠭᠢᠷᠠᠮᠵᠢᠳᠠᠢ ᠭᠡᠷᠡᠭᠯᠡᠭᠦ ᠶᠢᠨ ᠴᠢᠬᠤᠯᠠ ᠴᠢᠨᠠᠷ ᠪᠣᠯᠣᠨ ᠱᠠᠭᠠᠷᠳᠠᠯᠭᠠᠳᠣ ᠴᠢᠨᠠᠷ   ᠢ ᠥᠷᠭᠡᠨ ᠢᠶᠠᠷ ᠤᠬᠠᠭᠤᠯᠵᠤ ᠂  ᠤᠬᠠᠭᠤᠯᠬᠤ ᠠᠵᠢᠯ ᠨᠢ  ᠡᠷᠦᠬᠡ ᠪᠣᠯᠭᠠᠨ᠂ ᠬᠦᠮᠦᠨ ᠪᠣᠯᠭᠠᠨ ᠳᠤ ᠮᠡᠳᠡᠭᠳᠡᠭᠰᠡᠨ ᠪᠠᠶᠢᠬᠤ ᠶᠢ ᠪᠠᠳᠣᠯᠠᠪᠠ᠃     ᠭᠤᠷᠪᠠ᠂ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠣᠪᠠ᠃ ᠭᠠᠴᠠᠭ᠎ᠠ ᠲᠤᠰᠬᠤᠨ ᠤ ᠬᠠᠮᠢᠶᠠᠷᠤᠯᠳᠠ ᠶᠢᠨ ᠬᠡᠪᠴᠢᠶᠠᠨ ᠳᠤ᠂ ᠨᠠᠮᠤᠷ ᠤᠨ ᠬᠠᠳᠤᠯᠠᠩ ᠤᠨ ᠤᠨᠤᠪᠴᠢᠳᠠᠢ ᠲᠠᠯᠠᠪᠠᠢ ᠶᠢ ᠤᠶᠢᠯᠠᠭᠠᠬᠤ  ᠪᠠᠶᠢᠴᠠᠭᠠᠯᠳᠠ ᠬᠢᠭᠦ ᠶᠢᠨ ᠬᠠᠮᠳᠣ ᠪᠠᠯᠭᠠᠰᠣᠨ ᠤ ᠵᠠᠰᠠᠭ ᠤᠨ ᠤᠷᠳᠤᠨ ᠭᠠᠴᠠᠭ᠎ᠠ ᠲᠤᠰᠬᠤᠨ ᠲᠠᠢ ︽ᠪᠠᠶᠢᠭᠠᠯᠢ ᠶᠢᠨ ᠬᠠᠳᠤᠯᠠᠩ ᠤᠨ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢᠨ ᠪᠢᠴᠢᠭ︾ ᠲᠤ ᠭᠠᠷ ᠤᠨ ᠦᠰᠦᠭ ᠵᠢᠷᠣᠪᠠ᠃ ᠡᠬᠦᠨ ᠳᠤ ᠪᠡᠯᠴᠢᠭᠡᠷ᠂ ᠮᠠᠯ ᠬᠤᠶᠠᠷ ᠤᠨ ᠲᠡᠭᠴᠠᠭᠦᠷᠢᠳᠠᠢ ᠪᠠᠶᠢᠬᠤ ᠲᠣᠬᠠᠢ ᠭᠠᠴᠠᠭ᠎ᠠ ᠲᠤᠰᠬᠤᠨ᠂ ᠮᠠᠯᠴᠢᠨ ᠡᠷᠤᠭᠡ  ᠲᠠᠢ  ︽ᠪᠠᠶᠢᠭᠠᠯᠢ ᠶᠢᠨ ᠬᠠᠳᠤᠯᠠᠩ ᠤᠨ  ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢᠨ ᠪᠢᠴᠢᠭ︾  ᠂ ︽ᠭᠠᠯ ᠢ ᠰᠡᠷᠭᠡᠶᠢᠯᠡᠭᠦ ᠭᠡᠷ᠎ᠠ︾ ᠪᠠᠶᠢᠭᠤᠯᠪᠠ᠂  ᠮᠠᠯᠵᠢᠬᠤ ᠶᠢ ᠬᠤᠷᠢᠭᠯᠠᠭᠰᠠᠨ ᠭᠠᠴᠠᠭ᠎ᠠ ᠲᠤᠰᠬᠤᠨ ᠪᠠ ᠲᠠᠷᠢᠶᠠᠯᠠᠬᠤ  ᠮᠠᠯᠵᠢᠬᠤ ᠡᠷᠦᠬᠡ ᠲᠠᠢ ︽ᠪᠠᠶᠢᠭᠠᠯᠢ ᠶᠢᠨ ᠬᠠᠳᠤᠯᠠᠩ ᠤᠨ  ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢᠨ ᠪᠢᠴᠢᠭ  ︾  ᠂ ︽ ᠭᠠᠯ ᠰᠡᠷᠭᠡᠶᠢᠯᠡᠭᠦ ᠭᠡᠷ᠎ᠠ︾  ᠪᠠᠶᠢᠭᠤᠯᠪᠠ᠂ ᠬᠠᠮᠳᠣ ᠳᠤᠨᠢ ᠲᠠᠸᠠᠷ ᠤᠨ ᠡᠪᠡᠰᠣᠨ ᠤ ᠠᠵᠤ ᠠᠬᠤᠶᠢᠯᠠᠯ ᠲᠠᠢ ︽ᠪᠠᠶᠢᠭᠠᠯᠢ ᠶᠢᠨ ᠬᠠᠳᠤᠯᠠᠩ ᠤᠨ  ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢᠨ ᠪᠢᠴᠢᠭ︾  ᠂ ︽ᠭᠠᠯ ᠰᠡᠷᠭᠡᠶᠢᠯᠡᠭᠦ ᠭᠡᠷ᠎ᠠ︾ ᠪᠠᠶᠢᠭᠤᠯᠪᠠ᠃     ᠲᠥᠷᠪᠠ᠂ ᠴᠠᠭᠳᠡᠨ ᠪᠠᠶᠢᠴᠠᠭᠠᠬᠤ ᠶᠢ ᠵᠤᠬᠢᠶᠠᠨ ᠪᠠᠶᠢᠭᠤᠯᠵᠠᠢ᠃ ᠬᠠᠷᠢᠶᠠᠳᠤ ᠤᠷᠤᠨ ᠳᠠᠬᠢ ᠭᠠᠴᠠᠭ᠎ᠠ ᠲᠤᠰᠬᠤᠨ ᠤ ᠪᠠᠶᠢᠭᠠᠯᠢ ᠶᠢᠨ ᠬᠠᠳᠤᠯᠠᠩ ᠤᠨ ᠬᠠᠮᠠᠭᠠᠯᠠᠯᠳᠠ ᠪᠠ ᠲᠤᠬᠢᠷᠠᠮᠵᠢᠳᠠᠢ ᠭᠡᠷᠡᠭᠯᠡᠵᠤ ᠪᠠᠶᠢᠭ᠎ᠠ ᠪᠠᠶᠢᠳᠠᠯ ᠳᠤ ᠡᠳᠤᠷ ᠲᠤᠲᠦᠮ ᠤᠨ ᠴᠠᠭᠳᠠᠨ ᠪᠠᠶᠢᠴᠠᠭᠠᠯᠳᠠ ᠬᠢᠨ᠎ᠠ᠃ ᠭᠠᠴᠠᠭ᠎ᠠ ᠲᠤᠰᠬᠤᠨ᠂ ᠬᠤᠶᠠᠷ ᠵᠦᠪᠯᠡᠯ ᠤᠨ ᠭᠡᠰᠢᠭᠦᠨ  ᠠᠴᠠ ᠬᠠᠷᠢᠶᠠᠳᠤ ᠤᠷᠤᠨ ᠤ ᠮᠠᠯᠴᠢᠨ ᠤ ᠬᠠᠳᠤᠯᠠᠩ ᠤᠨ ᠪᠥᠭᠦ ᠲᠠᠯᠠᠪᠠᠢ ᠳᠤ ᠬᠢᠨᠠᠯᠳᠠ ᠬᠠᠮᠢᠶᠠᠷᠣᠯᠳᠠ ᠬᠢᠨ᠎ᠡ᠃  ᠬᠠᠮᠳᠤ ᠳᠤᠨᠢ ᠡᠲᠤᠷ ᠲᠤᠲᠤᠮ ᠤᠨ ᠴᠠᠭᠳᠠᠨ ᠪᠠᠶᠢᠴᠠᠭᠠᠯᠳᠠ ᠲᠤᠮᠳᠠ ᠲᠤᠭᠳᠠᠭᠠᠯ   ᠠᠴᠠ ᠵᠦᠷᠢᠴᠡᠭᠰᠡᠨ ᠠᠵᠢᠯᠯᠠᠭ᠎ᠠ  ᠲᠠᠢ ᠮᠠᠯᠴᠢᠨ ᠡᠷᠤᠬᠡ ᠶᠢ ᠵᠠᠷᠯᠢᠭ ᠢᠶᠠᠷ ᠴᠡᠭᠴᠡᠯᠡᠨ ᠦᠬᠡᠷᠡᠴᠢᠯᠡᠬᠦᠯᠦᠨ᠎ᠡ᠃ ᠴᠡᠭᠴᠡᠯᠡᠨ ᠦᠬᠡᠷᠡᠴᠢᠯᠡᠬᠦ ᠦᠭᠡᠢ ᠡᠷᠦᠬᠡ ᠶᠢ ᠲᠠᠷᠨ ᠲᠤᠤᠷ᠎ᠠ ᠨᠢ ᠭᠠᠴᠠᠭᠠᠨ ᠤ  ᠠᠷᠠᠳ ᠤᠨ ᠵᠥᠪᠯᠡᠯ   ᠳᠤ ᠮᠠᠳᠡᠭᠦᠯᠤᠨ᠎ᠠ᠂ ᠭᠠᠴᠠᠭᠠᠨ ᠤ ᠵᠥᠪᠯᠡᠯ ᠡᠴᠠ‌‍ᠲ᠋ᠤᠭᠳᠠᠭᠠᠯ   ᠠᠴᠠ ᠵᠦᠷᠢᠴᠡᠭᠰᠡᠨ ᠠᠵᠢᠯᠯᠠᠭ᠎ᠠ ᠲᠠᠢ ᠮᠠᠯᠴᠢᠨ ᠡᠷᠤᠬᠡ ᠶᠢ ᠵᠠᠷᠯᠢᠭ ᠢᠶᠠᠷ ᠴᠡᠭᠴᠡᠯᠡᠨ ᠦᠬᠡᠷᠡᠴᠢᠯᠡᠬᠦᠯᠦᠨ᠎ᠡ᠃  ᠴᠡᠭᠴᠡᠯᠡᠨ ᠦᠬᠡᠷᠡᠴᠢᠯᠡᠬᠦ ᠵᠠᠷᠯᠢᠭ ᠢ  ᠡᠰᠡᠷᠬᠦᠴᠡᠭᠰᠡᠳ ᠢ ᠪᠠᠯᠭᠠᠰᠣᠨ ᠤ ᠵᠠᠰᠠᠭ ᠤᠨ ᠤᠷᠳᠤᠨ ᠳᠤ ᠮᠡᠳᠡᠭᠦᠯᠵᠤ ᠴᠢᠩᠭ᠎ᠠ ᠰᠡᠢᠳᠪᠦᠷᠢᠯᠡᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号