ᠬᠠᠮᠢᠶᠠᠷᠣᠯᠳᠠ ᠶᠢᠨ ᠵᠦᠪᠯᠡᠯ ᠤᠨ ᠲᠡᠳ᠋ ᠡᠷᠬᠢᠯᠡᠭᠴᠢ  ᠶᠠᠨ ᠯᠢ ᠵᠢᠶᠦ᠋ᠨ
ᠨᠡᠶᠢᠲᠡᠯᠡᠭᠰᠡᠨ ᠴᠠᠭ᠄
2016/8/26
ᠬᠠᠮᠢᠶᠠᠷᠣᠯᠳᠠ ᠶᠢᠨ ᠵᠦᠪᠯᠡᠯ ᠤᠨ ᠲᠡᠳ᠋ ᠡᠷᠬᠢᠯᠡᠭᠴᠢ  ᠶᠠᠨ ᠯᠢ ᠵᠢᠶᠦ᠋ᠨ   ᠡᠷᠡᠭᠳᠡᠢ᠂ ᠬᠢᠳᠡᠳ ᠦᠨᠳᠦᠰᠦᠳᠡᠨ᠂1976 ᠣᠨ   ᠤ3 ᠰᠠᠷ᠎ᠠ ᠳᠤ ᠲᠦᠷᠦᠪᠡ᠃ ᠣᠭ ᠨᠣᠳᠤᠭ ᠦᠪᠦᠷ ᠮᠣᠩᠭᠤᠯ ᠤᠨ ᠣᠯᠠᠭᠠᠨᠬᠠᠳᠠ ᠬᠤᠳᠠ ᠶᠢᠨ ᠰᠥᠩ ᠱᠠᠨ ᠲᠣᠭᠤᠷᠢᠭ᠂ ᠶᠡᠭᠡ ᠰᠣᠷᠭᠠᠭᠤᠯᠢ ᠶᠢᠨ ᠲᠠᠷᠢᠶᠠᠯᠠᠩ ᠤᠨ ᠣᠬᠠᠭᠠᠨ ᠤ ᠣᠶᠣᠳᠠᠨ ᠤ ᠨᠠᠮᠳᠠᠷ ᠲᠠᠢ᠂ ᠡᠪ ᠬᠠᠮᠳᠣ ᠨᠠᠮ ᠤᠨ ᠬᠡᠰᠢᠬᠦᠨ᠃1996.9-2000.7 ᠦᠪᠦᠷ ᠮᠣᠩᠭᠤᠯ ᠤᠨ ᠦᠨᠳᠦᠰᠦᠳᠡᠨ ᠤ ᠶᠡᠭᠡ ᠰᠣᠷᠭᠠᠭᠤᠯᠢ ᠶᠢᠨ ᠠᠮᠢᠳᠠᠨ ᠠᠨᠠᠭᠠᠬᠤ ᠰᠠᠯᠪᠣᠷᠢ ᠳᠤ ᠮᠠᠯ ᠤᠨ ᠡᠮᠴᠢ ᠶᠢᠨ ᠪᠠᠭᠰᠢ ᠶᠢᠨ ᠲᠣᠰᠬᠠᠢ ᠮᠡᠷᠭᠡᠵᠢᠯ ᠰᠣᠷᠣᠯᠴᠠᠪᠠ᠃2000.7-2004.3   ᠣᠯᠠᠭᠠᠢ ᠨᠡᠬᠡᠬᠡᠯᠳᠡ ᠶᠢᠨ ᠣᠷᠣᠨ ᠤ ᠮᠠᠯ ᠡᠮᠨᠡᠬᠦ ᠦᠷᠳᠡᠭᠡ ᠶᠢᠨ ᠠᠵᠢᠯᠳᠠᠨ᠃2004.3-2005.2  ᠣᠯᠠᠭᠠᠢ ᠨᠡᠬᠡᠬᠡᠯᠳᠡ ᠶᠢᠨ ᠣᠷᠣᠨ ᠤ ᠮᠠᠯ ᠡᠮᠨᠡᠬᠦ ᠦᠷᠳᠡᠭᠡ ᠶᠢᠨ ᠦᠷᠳᠡᠭᠡᠨ ᠲᠠᠷᠤᠭ᠎ᠠ᠃2005.2-2006.10   ᠣᠯᠠᠭᠠᠢ ᠬᠠᠮᠢᠶᠠᠷᠣᠯᠳᠠ ᠶᠢᠨ ᠣᠷᠣᠨ ᠤ ᠪᠠᠶᠠᠨᠬᠤᠰᠢᠭᠤ ᠪᠠᠯᠭᠠᠰᠣᠨ ᠤ ᠨᠠᠮ ᠤᠨ ᠬᠤᠷᠢᠶᠠᠨ ᠤ ᠲᠡᠳ᠋ ᠱᠦᠵᠢ᠂ ᠲᠡᠳ᠋ ᠪᠠᠯᠭᠠᠰᠣᠨ ᠲᠠᠷᠤᠭ᠎ᠠ᠃2006.10-2010.10  ᠣᠯᠠᠭᠠᠢ ᠬᠠᠮᠢᠶᠠᠷᠣᠯᠳᠠ ᠶᠢᠨ ᠣᠷᠣᠨ ᠤ ᠪᠠᠶᠠᠨᠬᠤᠰᠢᠭᠤ ᠪᠠᠯᠭᠠᠰᠣᠨ ᠤ ᠨᠠᠮ ᠤᠨ ᠬᠤᠷᠢᠶᠠᠨ ᠤ ᠲᠡᠳ᠋ ᠱᠦᠵᠢ᠂ ᠣᠷᠣᠯᠠᠭᠴᠢ ᠪᠠᠯᠭᠠᠰᠣᠨ ᠲᠠᠷᠤᠭ᠎ᠠ ︵ᠰᠠᠯᠠᠭᠠᠨ ᠲᠠᠰ︶᠃2010.10-2012.3  ᠣᠯᠠᠭᠠᠢ ᠬᠠᠮᠢᠶᠠᠷᠣᠯᠳᠠ ᠶᠢᠨ ᠣᠷᠣᠨ ᠤ ᠪᠠᠶᠠᠨᠬᠤᠰᠢᠭᠤ ᠪᠠᠯᠭᠠᠰᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠡᠷᠢᠬᠦᠯᠡᠭᠴᠢ᠃2012.3-2012.8  ᠣᠯᠠᠭᠠᠢ ᠬᠠᠮᠢᠶᠠᠷᠣᠯᠳᠠ ᠶᠢᠨ ᠣᠷᠣᠨ ᠤ ᠠᠮᠣᠷ ᠲᠦᠪᠰᠢᠨ ᠦᠢᠯᠡᠳᠪᠦᠷᠢᠯᠡᠯ ᠢ ᠬᠢᠨᠠᠨ ᠬᠠᠮᠢᠶᠠᠷᠬᠤ ᠲᠣᠪᠴᠢᠶ᠎ᠠ ᠶᠢᠨ ᠲᠣᠪᠴᠢᠶᠠᠨ ᠲᠠᠷᠤᠭ᠎ᠠ᠃2012.8-2012.12  ᠣᠯᠠᠭᠠᠢ ᠬᠠᠮᠢᠶᠠᠷᠣᠯᠳᠠ ᠶᠢᠨ ᠣᠷᠣᠨ ᠤ ᠠᠮᠣᠷ ᠲᠦᠪᠰᠢᠨ ᠦᠢᠯᠡᠳᠪᠦᠷᠢᠯᠡᠯ ᠢ ᠬᠢᠨᠠᠨ ᠬᠠᠮᠢᠶᠠᠷᠬᠤ ᠲᠣᠪᠴᠢᠶ᠎ᠠ ᠶᠢᠨ ᠲᠣᠪᠴᠢᠶᠠᠨ ᠲᠠᠷᠤᠭ᠎ᠠ᠂ ᠠᠵᠦ ᠦᠢᠯᠡᠳᠪᠦᠷᠢ ᠶᠢᠨ ᠬᠦᠷᠢᠶᠡᠯᠡᠩ ᠤᠨ ᠡᠷᠬᠢᠯᠡᠭᠴᠢ᠃2012.12 ᠠᠴᠠ ᠣᠳᠣ ᠪᠣᠯᠳᠠᠯ᠎ᠠ ᠣᠯᠠᠭᠠᠢ ᠬᠠᠮᠢᠶᠠᠷᠣᠯᠳᠠ ᠶᠢᠨ ᠣᠷᠣᠨ ᠤ ᠬᠠᠮᠢᠶᠠᠷᠣᠯᠳᠠ ᠶᠢᠨ ᠵᠦᠪᠯᠡᠯ ᠤᠨ ᠲᠡᠳ᠋ ᠡᠷᠬᠢᠯᠡᠭᠴᠢ᠂ ᠰᠥᠨ ᠵᠧᠨ ᠵᠢᠶᠠᠩ ᠨᠥᠭᠦᠷ ᠢ ᠬᠠᠮᠵᠢᠵᠤ ᠣᠯᠣᠰ ᠤᠨ ᠭᠠᠵᠠᠷ ᠰᠢᠷᠣᠢ ᠶᠢᠨ ᠡᠬᠢ ᠪᠠᠶᠠᠯᠢᠭ  ᠤᠨ ᠬᠠᠮᠢᠶᠠᠷᠣᠯᠳᠠ᠂ ᠠᠵᠦ ᠦᠢᠯᠡᠳᠪᠦᠷᠢ ᠶᠢᠨ ᠬᠦᠷᠢᠶᠡᠯᠡᠩ ᠤᠨ ᠪᠦᠳᠦᠬᠡᠨ ᠪᠠᠶᠢᠭᠤᠯᠣᠯᠳᠠ᠂ ᠠᠵᠦ ᠦᠢᠯᠡᠳᠪᠦᠷᠢ  ᠶᠢᠨ ᠠᠵᠦ ᠠᠬᠤᠢ ᠶᠢᠨ ᠬᠠᠮᠢᠶᠠᠷᠣᠯᠳᠠ᠂ ᠠᠮᠣᠷ ᠲᠦᠪᠰᠢᠨ ᠦᠢᠯᠡᠳᠪᠦᠷᠢᠯᠡᠯ ᠤᠨ ᠬᠢᠨᠠᠯᠳᠠ ᠬᠠᠮᠢᠶᠠᠷᠣᠯᠳᠠ ᠪᠣᠯᠣᠨ ᠦᠢᠯᠡᠴᠢᠯᠡᠯᠬᠡᠨ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠣᠯᠣᠰ ᠤᠨ ᠭᠠᠵᠠᠷ ᠰᠢᠷᠣᠢ ᠶᠢᠨ ᠡᠬᠢ ᠪᠠᠶᠠᠯᠢᠭ ‍ᠤᠨ‌ᠬᠠᠮᠢᠶᠠᠷᠣᠯᠳᠠ ᠶᠢᠨ ᠲᠣᠪᠴᠢᠶ᠎ᠠ᠂ ᠠᠵᠦ ᠠᠬᠤᠢ ᠪᠣᠯᠣᠨ ᠺᠣᠮᠫᠢᠦ᠋ᠲ᠋ᠧᠷᠵᠢᠬᠦᠯᠦᠯᠳᠡ ᠶᠢᠨ ᠲᠣᠪᠴᠢᠶ᠎ᠠ ︵ᠬᠠᠩᠭᠠᠨ ᠪᠣᠷᠣᠯᠠᠭᠤᠯᠬᠤ ᠬᠤᠷᠰᠢᠶ᠎ᠠ︶᠂ ᠠᠮᠣᠷ ᠲᠦᠪᠰᠢᠨ ᠦᠢᠯᠡᠳᠪᠦᠷᠢᠯᠡᠯ ᠢ ᠬᠢᠨᠠᠵᠦ ᠬᠠᠮᠢᠶᠠᠷᠬᠤ ᠲᠣᠪᠴᠢᠶ᠎ᠠ᠂ ᠠᠵᠦ ᠦᠢᠯᠡᠳᠪᠦᠷᠢ ᠶᠢᠨ ᠬᠦᠷᠢᠶᠡᠯᠡᠩ ᠢ ᠬᠤᠪᠢᠳᠠᠵᠦ ᠬᠠᠮᠢᠶᠠᠷᠣᠨ᠎ᠠ᠃ ᠬᠡᠰᠡᠭ ᠠᠭᠤᠯᠠ ᠮᠠᠯᠵᠢᠯ ᠤᠨ ᠲᠠᠯᠠᠪᠠᠢ᠂ ᠣᠯᠠᠭᠠᠢ  ᠶᠢᠨ ᠴᠠᠬᠢᠯᠭᠠᠨ ᠬᠠᠩᠭᠠᠬᠤ ᠰᠠᠯᠪᠣᠷᠢ ᠲᠣᠪᠴᠢᠶ᠎ᠠ᠂ ᠴᠢᠯᠠᠭᠤᠨ ᠲᠣᠰᠣᠨ ᠤ ᠺᠣᠮᠫᠠᠨᠢ᠂ ᠰᠢᠣᠳᠠᠨ ᠤ ᠲᠣᠪᠴᠢᠶ᠎ᠠ᠂ ᠴᠠᠬᠢᠯᠭᠠᠨ ᠬᠤᠯᠪᠣᠭ᠎ᠠ ᠶᠢᠨ ᠣᠯᠠᠭᠠᠢ ᠶᠢᠨ ᠬᠤᠪᠢᠶᠠᠷᠢ ᠺᠣᠮᠫᠠᠨᠢ᠂ ᠰᠦᠯᠵᠢᠶ᠎ᠡ ᠬᠤᠯᠪᠣᠭᠠᠨ ᠤ ᠣᠯᠠᠭᠠᠢ ᠶᠢᠨ ᠬᠤᠪᠢᠶᠠᠷᠢ ᠺᠣᠮᠫᠠᠨᠢ᠂ ᠨᠡᠬᠦᠳᠡᠯ ᠬᠤᠯᠪᠣᠭᠠᠨ ᠤ ᠣᠯᠠᠭᠠᠢ ᠶᠢᠨ ᠬᠤᠪᠢᠶᠠᠷᠢ ᠺᠣᠮᠫᠠᠨᠢ ᠲᠠᠢ ᠬᠠᠷᠢᠯᠴᠠᠨ᠎ᠠ᠃
 
ᠢᠷᠡᠯᠲᠡ᠄ ᠣᠯᠠᠭᠠᠢ ᠶᠢᠨ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号