ᠣᠯᠠᠭᠠᠢ ᠬᠠᠮᠢᠶᠠᠷᠣᠯᠳᠠ ᠶᠢᠨ ᠣᠷᠣᠨ ᠤ ᠨᠠᠮ ᠤᠨ ᠠᠵᠢᠯ ᠤᠨ ᠬᠤᠷᠢᠶ᠎ᠠ ᠶᠢᠨ ︵ᠦᠷᠭᠡᠳᠭᠡᠭᠰᠡᠨ ᠬᠤᠷᠠᠯ ︶ ᠬᠤᠷᠠᠯ ᠵᠢᠴᠢ ᠠᠵᠦ ᠠᠬᠤᠢ ᠶᠢᠨ ᠠᠵᠢᠯ ᠤᠨ ᠬᠤᠷᠠᠯ ᠲᠡᠭᠡᠷᠡᠬᠢ ᠶᠠᠷᠢᠶ᠎ᠠ
ᠨᠡᠶᠢᠲᠡᠯᠡᠭᠰᠡᠨ ᠴᠠᠭ᠄
2016/9/19
 ᠣᠯᠠᠭᠠᠢ ᠬᠠᠮᠢᠶᠠᠷᠣᠯᠳᠠ ᠶᠢᠨ ᠣᠷᠣᠨ ᠤ ᠨᠠᠮ ᠤᠨ ᠠᠵᠢᠯ ᠤᠨ ᠬᠤᠷᠢᠶ᠎ᠠ ᠶᠢᠨ ︵ᠦᠷᠭᠡᠳᠭᠡᠭᠰᠡᠨ ᠬᠤᠷᠠᠯ︶ ᠬᠤᠷᠠᠯ ᠵᠢᠴᠢ ᠠᠵᠦ ᠠᠬᠤᠢ ᠶᠢᠨ ᠠᠵᠢᠯ ᠤᠨ ᠬᠤᠷᠠᠯ ᠲᠡᠭᠡᠷᠡᠬᠢ ᠶᠠᠷᠢᠶ᠎ᠠ ᠰᠦᠨ ᠵᠧᠨ ᠵᠢᠶᠠᠩ    ︵2016 ᠣᠨ ᠤ 1 ᠰᠠᠷ᠎ᠠ ᠶᠢᠨ 29᠎ ᠤ ᠡᠳᠣᠷ︶ ᠨᠦᠬᠦᠳ ᠡ᠄            ᠰᠠᠶ᠋ᠢ ᠪᠠᠢ ᠱᠦᠵᠢ ᠠᠴᠠ ᠴᠢᠬᠤᠯᠠ ᠶᠠᠷᠢᠶ᠎ᠠ ᠲᠠᠯᠪᠢᠵᠦ᠂ ᠬᠠᠮᠢᠶᠠᠷᠣᠯᠳᠠ ᠶᠢᠨ ᠣᠷᠣᠨ ᠤ ︽ᠠᠷᠪᠠᠨ ᠬᠤᠶᠠᠳᠣᠭᠠᠷ ᠲᠠᠪᠣᠨ ᠵᠢᠯ︾᠎ ᠤᠨ ᠬᠤᠭᠤᠴᠠᠭᠠᠨ ᠳᠠᠬᠢ ᠠᠵᠢᠯ ᠢ ᠪᠦᠬᠦ ᠲᠠᠯ᠎ᠠ ᠪᠠᠷ ᠬᠤᠷᠢᠶᠠᠩᠭᠤᠶᠢᠯᠠᠨ ᠡᠷᠬᠢᠴᠡᠬᠦᠯᠦᠭᠰᠡᠨ ᠤ ᠰᠠᠭᠤᠷᠢᠨ ᠲᠡᠭᠡᠷ᠎ᠡ᠂ ᠬᠠᠮᠢᠶᠠᠷᠣᠯᠳᠠ ᠶᠢᠨ ᠣᠷᠣᠨ ᠤ ᠠᠵᠦ ᠠᠬᠤᠢ ᠨᠡᠶᠢᠭᠡᠮ ᠤᠨ ᠬᠦᠭᠵᠢᠯᠳᠡ ᠎ ᠶᠢᠨ ᠲᠣᠯᠭᠠᠷᠠᠵᠦ ᠪᠠᠶᠢᠭ᠎ᠠ ᠴᠠᠭ ᠤᠨ ᠪᠠᠶᠢᠳᠠᠯ ᠳᠤ ᠬᠦᠨᠵᠡᠬᠡᠢ ᠵᠠᠳᠠᠯᠣᠯᠳᠠ ᠬᠢᠬᠦ ᠶᠢᠨ ᠬᠠᠮᠳᠣ ︽ᠠᠷᠪᠠᠨ ᠭᠤᠷᠪᠠᠳᠣᠭᠠᠷ ᠲᠠᠪᠣᠨ ᠵᠢᠯ︾᠎ ᠤᠨ ᠬᠤᠭᠤᠴᠠᠭᠠᠨ ᠳᠠᠬᠢ ᠠᠵᠢᠯ ᠤᠨ ᠪᠦᠬᠦ ᠲᠠᠯ᠎ᠠ ᠶᠢᠨ ᠰᠡᠳᠬᠢᠮᠵᠢ ᠱᠠᠭᠠᠷᠳᠠᠯᠭ᠎ᠠ ᠪᠣᠯᠣᠨ ᠭᠤᠣᠯᠳᠠᠯᠭ᠎ᠠ ᠲᠠᠢ ᠡᠬᠦᠷᠬᠡ ᠢ ᠲᠣᠷᠠᠳᠪᠠ᠃ ᠪᠢᠳᠡ ᠨᠠᠷᠢᠨ ᠬᠢᠨᠠᠮᠠᠭᠠᠢ ᠰᠣᠷᠣᠯᠴᠠᠨ ᠣᠬᠠᠭᠠᠵᠦ᠂ ᠪᠦᠬᠦ ᠲᠠᠯ᠎ᠠ ᠢ ᠰᠠᠶᠢᠳᠣᠷ ᠠᠳᠬᠤᠵᠦ ᠲᠣᠣᠱᠯᠠᠭᠤᠯᠣᠨ ᠨᠠᠶᠢᠳᠠᠪᠣᠷᠢᠵᠢᠭᠤᠯᠣᠨ᠎ᠠ᠃ ᠲᠣᠣᠷ᠎ᠠ ᠪᠢ ᠦᠩᠬᠡᠷᠡᠭᠰᠡᠨ ᠨᠢᠭᠡ ᠵᠢᠯ ᠎ ᠤᠨ ᠠᠵᠢᠯ ᠢ ᠲᠦᠬᠦᠮ ᠬᠤᠷᠢᠶᠠᠩᠭᠤᠶᠢᠯᠠᠬᠤ ᠶᠢᠨ ᠬᠠᠮᠳᠣ ᠡᠨᠡ ᠵᠢᠯ ᠤᠨ ᠠᠵᠦ ᠠᠬᠤᠢ ᠨᠡᠶᠢᠬᠡᠮ ᠤᠨ ᠬᠦᠭᠵᠢᠯᠳᠡ ᠎ ᠶᠢᠨ ᠠᠵᠢᠯ ᠳᠤ ᠲᠣᠬᠢᠷᠠᠭᠤᠯᠣᠯᠳᠠ ᠬᠢᠶ᠎ᠡ᠃        ᠨᠢᠬᠡ᠄  2015 ᠣᠨ ᠤ ᠠᠵᠢᠯ ᠤᠨ ᠡᠷᠬᠢᠴᠡᠬᠦᠯᠦᠯᠳᠡ        ᠨᠢᠳᠣᠨᠣᠨ ᠠᠴᠠ ᠪᠣᠳᠣᠯᠢᠶᠠᠨᠳᠠᠢ ᠬᠤᠪᠢᠷᠠᠯᠳᠠ ᠶᠡᠭᠡ ᠬᠤᠷᠸ᠎ᠠ ᠣᠷᠴᠢᠨ ᠲᠣᠭᠤᠷᠢᠨ ᠪᠣᠯᠣᠨ ᠦᠷᠬᠦᠯᠵᠢᠯᠡᠨ ᠬᠦᠨᠳᠣᠷᠡᠵᠦ ᠪᠠᠶᠢᠭ᠎ᠠ ᠠᠵᠦ ᠠᠬᠤᠢ ᠶᠢᠨ ᠪᠠᠭᠤᠷᠠᠯᠳᠠ ᠶᠢᠨ ᠲᠠᠷᠣᠯᠳᠠ ᠳᠤ ᠬᠠᠨᠳᠣᠵᠦ᠂ ᠬᠠᠮᠢᠶᠠᠷᠣᠯᠳᠠ ᠶᠢᠨ ᠣᠷᠣᠨ ᠤ ᠨᠠᠮ ᠤᠨ ᠠᠵᠢᠯ ᠤᠨ ᠬᠤᠷᠢᠶ᠎ᠠ᠂ ᠬᠠᠮᠢᠶᠠᠷᠣᠯᠳᠠ ᠶᠢᠨ ᠵᠦᠪᠯᠡᠯ ᠠᠴᠠ  ᠠᠶᠢᠮᠠᠭ ᠤᠨ ᠵᠦᠪᠯᠡᠯ᠂ ᠵᠠᠰᠠᠭ ᠵᠠᠬᠢᠷᠭᠠᠨ ᠤ ᠡᠯ᠎ᠡ ᠲᠦᠷᠦᠯ ᠤᠨ ᠰᠢᠢᠳᠪᠦᠷᠢ ᠲᠣᠬᠢᠷᠠᠭᠤᠯᠣᠯᠳᠠ ᠶᠢ ᠨᠠᠷᠢᠨ ᠬᠢᠨᠠᠮᠠᠭᠠᠢ‌‍ᠲ᠋ᠣᠣᠱᠯᠠᠭᠤᠯᠵᠦ᠂ ᠲᠣᠭᠳᠠᠭᠤᠨ ᠲᠣᠮᠳᠠ ᠣᠷᠣᠭᠰᠢᠯᠠᠬᠤ ᠠᠵᠢᠯ ᠤᠨ ᠦᠨᠳᠦᠰᠦᠨ ᠰᠠᠨᠠᠭ᠎ᠠ ᠶᠢ ᠴᠢᠩᠭ᠎ᠠ ᠪᠠᠷᠢᠮᠳᠠᠯᠠᠵᠦ᠂  ᠠᠵᠦ ᠠᠬᠤᠢ ᠎ ᠶᠢᠨ ᠰᠢᠨ᠎ᠡ ᠬᠡᠪ ᠪᠠᠶᠢᠳᠠᠯ ᠳᠤ ᠬᠦᠳᠡᠯᠦᠩᠬᠦᠢ ᠪᠠᠷ ᠲᠣᠬᠢᠷᠠᠯᠴᠠᠨ᠂ ᠲᠣᠭᠳᠠᠭᠤᠨ ᠢᠶᠠᠷ ᠦᠰᠬᠦ᠂ ᠪᠦᠳᠦᠴᠡ ᠶᠢ ᠵᠣᠬᠢᠴᠠᠭᠤᠯᠣᠨ᠂ ᠦᠬᠡᠷᠡᠴᠢᠯᠠᠯᠳᠠ ᠶᠢ ᠠᠬᠢᠭᠤᠯᠬᠤ ᠠᠷᠠᠳ ᠤᠨ ᠠᠮᠢᠳᠣᠷᠠᠯ ᠳᠤ ᠠᠰᠢᠭᠳᠠᠢ ᠡᠯ᠎ᠡ ᠲᠦᠷᠦᠯ ᠤᠨ ᠠᠵᠢᠯ ᠢ ᠢᠳᠡᠪᠬᠢᠳᠡᠢ ᠲᠦᠯᠬᠢᠨ ᠠᠬᠢᠭᠤᠯᠵᠦ᠂ ᠠᠵᠦ ᠠᠬᠤᠢ ᠨᠡᠶᠢᠬᠡᠮ ᠤᠨ ᠲᠣᠭᠳᠠᠭᠤᠨ ᠡᠷᠡᠬᠦᠯ ᠢᠶᠠᠷ ᠬᠦᠭᠵᠢᠬᠦ ᠎ ᠶᠢ ᠴᠢᠷᠮᠠᠶᠢᠨ ᠪᠠᠳᠣᠯᠠᠨ᠎ᠠ᠃ ᠪᠦᠬᠦ ᠵᠢᠯ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 28.1 ᠳ᠋ᠦᠩᠰᠢᠭᠤᠷ ᠲᠦᠬᠦᠷᠢᠭ ᠢ ᠪᠡᠶᠡᠯᠡᠬᠦᠯᠵᠦ᠂ 25%  ᠎ ᠪᠠᠷ ᠲᠣᠷᠣᠭᠰᠢᠯᠠᠵᠠᠢ᠃ ᠪᠦᠬᠦ ᠨᠡᠶᠢᠬᠡᠮ ᠤᠨ ᠲᠣᠭᠳᠠᠮᠠᠯ ᠬᠦᠷᠦᠩᠭᠡ ᠶᠢᠨ ᠪᠡᠯᠡ ᠣᠷᠣᠭᠤᠯᠣᠯᠳᠠ 11.9 ᠳ᠋ᠦᠩᠰᠢᠭᠤᠷ ᠲᠦᠬᠦᠷᠢᠭ ᠢ ᠪᠡᠶᠡᠯᠡᠬᠦᠯᠵᠦ᠂ 7.6%᠎ ᠪᠠᠷ ᠲᠣᠷᠣᠭᠰᠢᠯᠠᠵᠠᠢ᠃ ᠨᠡᠶᠢᠳᠡ ᠶᠢᠨ ᠡᠳ᠋ ᠶᠢᠨ ᠵᠠᠰᠠᠭ ᠤᠨ ᠲᠦᠰᠦᠪ ᠤᠨ ᠣᠷᠣᠯᠭ᠎ᠠ 3.72 ᠳ᠋ᠦᠩᠰᠢᠭᠤᠷ ᠲᠦᠬᠦᠷᠢᠭ ᠎ ᠲᠤ ᠬᠦᠷᠴᠦ᠂ ᠲᠣᠬᠢᠷᠭᠤᠯᠣᠯᠳᠠ ᠳᠠᠬᠢ ᠡᠬᠦᠷᠭᠡ ᠪᠠᠨ 100.4%  ᠎ ᠪᠠᠷ ᠪᠡᠶᠡᠯᠡᠬᠦᠯᠪᠡ᠃ ᠲᠡᠭᠡᠳᠣ ᠱᠠᠳᠣᠨ ᠤ ᠨᠡᠬᠦᠯᠬᠡᠨ ᠰᠢᠯᠵᠢᠬᠦᠯᠦᠭᠰᠡᠨ ᠲᠦᠯᠦᠬᠦ ᠪᠡᠯᠡ ᠮᠦᠩᠬᠦ ᠵᠢᠴᠢ ᠦᠷᠢ ᠦᠭᠴᠡᠭᠡᠨ ᠤ ᠬᠡᠷᠴᠢ ᠶᠢ ᠢᠳᠡᠪᠬᠢᠳᠡᠢ ᠪᠠᠷ ᠲᠡᠮᠡᠴᠡᠨ ᠣᠯᠵᠦ᠂ ᠪᠦᠬᠦ ᠵᠢᠯ ᠤᠨ ᠡᠳ᠋ ᠶᠢᠨ ᠵᠠᠰᠠᠭ ᠤᠨ ᠵᠠᠷᠣᠯᠭ᠎ᠠ 8.5 ᠳ᠋ᠦᠩᠰᠢᠭᠤᠷ ᠲᠦᠬᠦᠷᠢᠭ ᠲᠤ ᠬᠦᠷᠴᠦ᠂ 30%᠎ ᠪᠠᠷ ᠨᠡᠮᠡᠭᠳᠡᠪᠡ᠃ ᠪᠦᠬᠦ ᠰᠠᠭᠤᠭᠠᠯᠢ ᠠᠷᠠᠳ ᠤᠨ ᠲᠡᠭᠰᠢᠳᠭᠡᠭᠰᠡᠨ ᠬᠤᠪᠢᠶᠠᠷᠯᠠᠬᠤ ᠣᠷᠣᠯᠭ᠎ᠠ 28043 ᠲᠦᠬᠦᠷᠢᠭ ᠲᠤ ᠬᠦᠷᠴᠦ᠂ 8.3%᠎ ᠪᠠᠷ ᠨᠡᠮᠡᠭᠳᠡᠪᠡ᠃ ᠶᠡᠷᠦᠩᠬᠡᠢ ᠬᠡᠮᠵᠢᠶ᠎ᠡ ᠪᠠᠷ ᠪᠦᠬᠦ ᠠᠶᠢᠮᠠᠭ ᠲᠤ ᠭᠤᠷᠪᠠᠳᠣᠭᠠᠷ ᠎ ᠲᠤ ᠣᠷᠣᠵᠦ᠂ ᠬᠤᠳᠠ ᠬᠦᠳᠡᠭᠡ ᠶᠢᠨ ᠪᠠᠶᠢᠩᠭᠤ ᠶᠢᠨ ᠰᠠᠭᠤᠭᠠᠯᠢ ᠠᠷᠠᠳ ᠤᠨ ᠲᠡᠭᠰᠢᠳᠭᠡᠭᠰᠡᠨ ᠬᠤᠪᠢᠶᠠᠷᠯᠠᠬᠤ ᠣᠷᠣᠯᠭ᠎ᠠ ᠲᠣᠰ ᠲᠣᠰ 32409 ᠲᠦᠬᠦᠷᠢᠭ ᠪᠣᠯᠣᠨ 20859 ᠲᠦᠬᠦᠷᠢᠭ ᠪᠠᠶᠢᠵᠦ᠂ 8.4% ᠪᠣᠯᠣᠨ 8.3%᠎ ᠪᠠᠷ ᠨᠠᠮᠡᠭᠳᠡᠵᠦ᠂ ᠶᠡᠷᠦᠩᠬᠡᠢ ᠬᠡᠮᠵᠢᠶ᠎ᠡ ᠨᠢ ᠪᠦᠬᠦ ᠠᠶᠢᠮᠠᠭ ᠲᠤ ᠭᠤᠷᠪᠠᠳᠣᠭᠠᠷ ᠪᠣᠯᠣᠨ ᠬᠤᠶᠠᠳᠣᠭᠠᠷ ᠲᠤ ᠣᠷᠣᠪᠠ᠃        ︵ᠨᠢᠬᠡ︶  ᠭᠤᠣᠯᠳᠠᠯᠭ᠎ᠠ ᠲᠠᠢ ᠲᠦᠰᠦᠯ ᠢ ᠬᠦᠴᠦᠳᠡᠢ ᠲᠦᠯᠬᠢᠨ ᠠᠬᠢᠭᠤᠯᠪᠠ᠃ ᠬᠤᠷᠸ᠎ᠠ ᠠᠵᠦ ᠠᠬᠤᠢ ᠎ ᠶᠢᠨ ᠲᠣᠷᠣᠭᠰᠢᠯᠠᠬᠤ ᠨᠦᠯᠦᠬᠡ ᠶᠢ ᠢᠳᠡᠪᠬᠢᠳᠡᠢ ᠠᠷᠭᠠᠴᠠᠨ᠂ ᠲᠦᠰᠦᠯ ᠤᠨ ᠡᠷᠬᠢᠯᠳᠠ ᠶᠢᠨ ᠵᠣᠬᠢᠴᠠᠭᠤᠯᠭ᠎ᠠ ᠶᠢ ᠴᠢᠩᠭᠠᠳᠬᠠᠵᠦ᠂ ᠪᠦᠬᠦ ᠵᠢᠯ ᠳᠤ ᠬᠦᠢᠴᠡᠳᠭᠡᠬᠦ ᠭᠤᠣᠯᠳᠠᠯᠭ᠎ᠠ ᠲᠠᠢ ᠲᠦᠰᠦᠯ ᠨᠡᠶᠢᠳᠡ 39 ᠲᠦᠷᠦᠯ᠂ ᠪᠡᠯᠡ ᠣᠷᠣᠭᠤᠯᠣᠭᠰᠠᠨ ᠬᠡᠮᠵᠢᠶ᠎ᠡ 10.7 ᠳ᠋ᠦᠩᠰᠢᠭᠤᠷ ᠲᠦᠬᠦᠷᠢᠭ ᠲᠤ ᠬᠦᠷᠴᠡᠢ᠃ ᠨᠡᠬᠦᠷᠡᠰᠣ ᠴᠠᠬᠢᠯᠭᠠᠨ ᠤ ᠨᠢᠬᠡ ᠴᠣᠭᠴᠠᠵᠢᠯᠳᠠ ᠶᠢᠨ ᠡᠬᠢᠨ ᠤ ᠦᠶ᠎ᠡ ᠶᠢᠨ ᠠᠵᠢᠯ ᠢ ᠯᠠᠪᠳᠠᠭᠤᠨ ᠢᠶᠠᠷ ᠠᠬᠢᠭᠤᠯᠵᠦ᠂ ᠦᠪᠡᠷᠳᠡᠭᠡᠨ ᠵᠠᠰᠠᠬᠤ ᠣᠷᠣᠨ ᠎ ᠤ ᠡᠬᠢ ᠪᠠᠶᠠᠯᠢᠭ ᠤᠨ ᠲᠣᠪᠴᠢᠶ᠎ᠠ ᠠᠴᠠ ᠣᠯᠣᠰ ᠤᠨ ᠣᠷᠴᠢᠨ ᠲᠣᠭᠤᠷᠢᠨ ᠢ ᠬᠠᠮᠠᠭᠠᠯᠠᠬᠤ ᠭᠠᠵᠠᠷ ᠳᠤ ᠮᠡᠳᠡᠬᠦᠯᠦᠭᠰᠡᠨ ᠬᠡᠰᠡᠭ ᠠᠭᠤᠯᠠ ᠨᠡᠬᠦᠷᠡᠰᠣᠨ ᠠᠭᠤᠷᠬᠠᠢ ᠶᠢᠨ ᠶᠡᠷᠦᠩᠬᠡᠢ ᠲᠦᠯᠦᠪᠯᠡᠭᠡ ᠳᠤ ᠣᠷᠴᠢᠨ ᠲᠣᠭᠤᠷᠢᠨ ᠤ ᠦᠨᠡᠯᠡᠯᠭᠡ ᠬᠢᠬᠦ ᠶᠢᠨ ᠬᠠᠮᠳᠣ ᠵᠦᠪᠰᠢᠶᠡᠷᠡᠯ ᠦᠭᠬᠦ ᠶᠢ ᠵᠣᠬᠢᠴᠠᠭᠤᠯᠣᠨ᠎ᠠ᠃ ᠬᠡᠰᠡᠭ ᠠᠭᠤᠯᠠ ᠶᠢᠨ ᠠᠭᠤᠷᠬᠠᠢ᠂ ᠨᠦᠩ ᠨᠠᠢ ᠰᠦᠮ᠎ᠡ ᠶᠢᠨ ᠠᠭᠤᠷᠬᠠᠢ ᠬᠤᠶᠠᠷ ᠨᠡᠭᠦᠷᠡᠰᠣᠨ ᠠᠭᠤᠷᠬᠠᠢ ᠶᠢ ᠬᠢᠨᠡᠨ ᠵᠦᠪᠰᠢᠶᠡᠷᠡᠬᠦ ᠳᠤ ᠬᠡᠷᠡᠭᠰᠡᠬᠦ 8 ᠠᠯᠪᠠᠨ ᠪᠢᠴᠢᠭ ᠠᠴᠠ ᠨᠢᠭᠡᠨᠳᠡ 6᠎ ᠶᠢ ᠣᠯᠵᠦ᠂ ᠪᠣᠰᠣᠳ ᠬᠤᠶᠠᠷ ᠮᠡᠳᠡᠬᠦᠯᠦᠯᠳᠡ ᠶᠢ ᠨᠢᠭᠡᠨᠳᠡ ᠨᠠᠶᠢᠷᠠᠭᠤᠯᠣᠨ ᠲᠠᠭᠤᠰᠴᠣ ᠬᠢᠨᠠᠨ ᠵᠦᠪᠰᠢᠶᠡᠷᠡᠬᠦ ᠶᠢ ᠬᠦᠯᠢᠶᠡᠵᠦ ᠪᠠᠶᠢᠨ᠎ᠠ᠃ ᠣᠯᠣᠰ ᠤᠨ ᠴᠠᠬᠢᠯᠭᠠᠨ 2×100 ᠲᠦᠮᠡᠨ ᠺᠢᠯᠣᠸᠠᠲ ᠤᠨ ᠴᠠᠬᠢᠯᠭᠠᠨ ᠤ ᠦᠢᠯᠡᠳᠪᠦᠷᠢ ᠶᠢ ᠬᠢᠨᠠᠨ ᠵᠦᠪᠰᠢᠶᠡᠷᠡᠬᠦᠯᠬᠦ ᠳᠤ ᠬᠡᠷᠡᠭᠰᠡᠬᠦ ᠲᠡᠮᠵᠢᠯᠳᠡ ᠶᠢᠨ ᠴᠢᠨᠠᠷ ᠲᠠᠢ ᠠᠯᠪᠠᠨ ᠪᠢᠴᠢᠭ ᠢ ᠦᠨᠳᠦᠰᠦᠨ ᠳᠡᠭᠡᠨ ᠪᠦᠷᠢᠳᠭᠡᠵᠦ᠂ ᠨᠢᠬᠡᠨᠳᠡ ᠰᠢᠯᠢ ᠶᠢᠨ ᠭᠤᠣᠯ ᠠᠶᠢᠮᠠᠭ ᠠᠴᠠ ᠵᠢᠶᠠᠩ ᠰᠦ᠋ ᠎ ᠶᠢᠨ ᠲᠠᠢ ᠵᠧᠦ ᠬᠦᠷᠬᠦ ᠣᠨᠴᠠ ᠦᠨᠳᠦᠷ ᠲᠠᠷᠣᠯᠳᠠ ᠲᠠᠢ ᠲᠣᠭᠳᠠᠮᠠᠯ ᠬᠦᠶᠦᠳᠡᠯᠳᠣ ᠢᠨᠵᠧᠨᠧᠷᠢᠩ ᠤᠨ ᠡᠬᠢᠨ ᠤ ᠪᠦᠯᠦᠭ ᠤᠨ ᠴᠠᠬᠢᠯᠭᠠᠨ ᠡᠬᠢ ᠰᠣᠷᠪᠣᠯᠵᠢ ᠶᠢᠨ ᠴᠢᠭ ᠤᠨ ᠲᠦᠯᠦᠪᠯᠡᠭᠡ ᠳᠤ ᠣᠷᠣᠪᠠ᠃ ᠣᠯᠠᠭᠠᠢ ᠣᠰᠣᠨ ᠴᠦᠬᠦᠷᠣᠮ ᠤᠨ ᠠᠶᠣᠯ ᠢ ᠠᠷᠢᠯᠭᠠᠬᠤ ᠪᠠᠬᠢᠵᠢᠬᠦᠯᠬᠦ ᠲᠦᠰᠦᠯ ᠤᠨ ᠭᠤᠣᠯ ᠲᠡᠳ᠋ ᠬᠠᠰᠢᠯᠭ᠎ᠠ ᠶᠢᠨ ᠭᠤᠣᠯ ᠴᠣᠭᠴᠠ ᠎ ᠶᠢᠨ ᠬᠡᠰᠡᠭ ᠢ ᠪᠦᠳᠦᠬᠡᠨ ᠪᠠᠶᠢᠭᠤᠯᠵᠦ ᠲᠠᠭᠤᠰᠪᠠ᠃ ᠳ᠋ᠠ ᠲᠠᠩ ᠨᠠᠢᠮᠠᠨ ᠲᠠᠰᠣᠯᠭ᠎ᠠ ᠭᠡᠷ 3 ᠲᠦᠮᠡᠨ ᠺᠢᠯᠣᠸᠠᠲ ᠰᠠᠯᠬᠢᠨ ᠬᠦᠴᠦᠨ ᠤ ᠴᠠᠬᠢᠯᠭᠠᠨ ᠤ ᠲᠦᠰᠦᠯ ᠤᠨ ᠲᠣᠨᠤᠭ ᠲᠦᠬᠦᠬᠡᠷᠦᠮᠵᠢ ᠶᠢ ᠵᠠᠬᠢᠶᠠᠯᠠᠨ ᠠᠪᠣᠪᠠ᠃ ᠠᠷᠢᠭᠤᠨ ᠴᠡᠪᠡᠷ ᠲᠠᠷᠢᠶᠠᠯᠠᠩ ᠮᠠᠯ ᠤᠨ ᠪᠦᠳᠦᠬᠡᠭᠳᠡᠬᠦᠨ ᠤ ᠰᠢᠨᠵᠢᠯᠡᠭᠡ ᠮᠡᠷᠭᠡᠵᠢᠯ ᠤᠨ ᠦᠢᠯᠡᠰ ᠤᠨ ᠬᠦᠷᠢᠶᠡᠯᠡᠩ ᠢ ᠲᠦᠯᠦᠪᠯᠡᠨ ᠵᠣᠬᠢᠶᠠᠬᠤ ᠠᠵᠢᠯ ᠢᠶᠠᠨ ᠡᠬᠢᠯᠡᠬᠦᠯᠪᠡ᠃ ᠪᠠᠶᠠᠨᠬᠤᠰᠢᠭᠤ ᠪᠠᠯᠭᠠᠰᠣ ᠶᠢᠨ ᠵᠢᠵᠢᠭ ᠪᠢᠴᠢᠯ ᠠᠵᠦ ᠠᠬᠤᠶᠢᠯᠠᠯ ᠤᠨ ᠦᠢᠯᠡᠰ ᠪᠣᠰᠬᠠᠬᠤ ᠬᠦᠷᠢᠶᠡᠯᠡᠩ ᠤᠨ 14 ᠦᠢᠯᠡᠳᠪᠦᠷᠢ ᠶᠢᠨ ᠲᠠᠰᠤᠭ ᠪᠣᠯᠣᠨ ᠵᠠᠮ ᠱᠣᠭᠤᠮ᠂ ᠲᠣᠯᠠᠭᠠᠯᠭ᠎ᠠ ᠬᠠᠩᠭᠠᠬᠤ᠂ ᠣᠰᠣ ᠬᠠᠩᠭᠠᠵᠦ ᠭᠠᠳᠠᠭᠰᠢᠯᠠᠭᠤᠯᠬᠤ ᠵᠡᠷᠭᠡ ᠲᠦᠬᠦᠬᠡᠷᠦᠮᠵᠢ ᠶᠢᠨ ᠪᠦᠳᠦᠬᠡᠨ ᠪᠠᠶᠢᠭᠤᠯᠣᠯᠳᠠ ᠶᠢ ᠦᠨᠳᠦᠰᠦᠨ ᠳᠡᠭᠡᠨ ᠪᠡᠶᠡᠯᠡᠬᠦᠯᠵᠦ᠂ ᠣᠷᠣᠵᠦ ᠪᠠᠶᠢᠷᠢᠯᠠᠭᠰᠠᠨ ᠠᠵᠦ ᠠᠬᠤᠶᠢᠯᠠᠯ 21 ᠡᠷᠦᠬᠡ ᠪᠣᠯᠵᠠᠢ᠃ ᠡᠬᠢ ᠪᠠᠶᠠᠯᠢᠭ ᠪᠣᠯᠣᠨ ᠠᠵᠦ ᠦᠢᠯᠡᠰ ᠤᠨ ᠲᠠᠪᠠᠭᠤᠯᠢᠭ ᠢ ᠪᠠᠳᠠᠷᠠᠭᠤᠯᠵᠦ᠂ ᠣᠯᠣᠰ ᠤᠨ ᠲᠣᠳᠣᠭᠠᠳᠣ ᠠᠶᠢᠮᠠᠭ ᠤᠨ ᠭᠠᠳᠠᠭᠠᠳᠣ ᠶᠢᠨ ᠪᠡᠯᠡ ᠮᠦᠩᠬᠦ ᠶᠢ 10.5 ᠳ᠋ᠦᠩᠰᠢᠭᠤᠷ ᠲᠦᠬᠦᠷᠢᠭ ᠣᠷᠣᠭᠤᠯᠣᠨ ᠠᠪᠴᠣ᠂ 3 ᠲᠦᠰᠦᠯ ᠬᠡᠯᠡᠯᠴᠡᠨ ᠲᠣᠬᠢᠷᠡᠪᠡ᠃  ︽ᠠᠷᠪᠠᠨ ᠭᠤᠷᠪᠠᠳᠣᠭᠠᠷ ᠲᠠᠪᠣᠨ ᠵᠢᠯ︾᠎ ᠤᠨ ᠲᠦᠯᠦᠪᠯᠡᠭᠡ ᠶᠢ ᠰᠢᠨᠵᠢᠯᠡᠬᠦ ᠣᠬᠠᠭᠠᠨᠴᠢ ᠪᠠᠷ ᠵᠣᠬᠢᠶᠠᠵᠦ᠂ ︽ᠰᠢᠨ᠎ᠡ ᠶᠢ ᠡᠬᠦᠳᠬᠦ᠂ ᠵᠣᠬᠢᠴᠠᠩᠭᠤᠢ᠂ ᠪᠣᠬᠢᠷᠳᠣᠯ ᠦᠭᠡᠢ᠂ ᠨᠡᠭᠡᠭᠡᠯᠳᠡ ᠲᠠᠢ᠂ ᠬᠠᠮᠳᠣ ᠪᠠᠷ ᠡᠳᠡᠯᠡᠬᠦ︾ ᠲᠠᠪᠣᠨ ᠶᠡᠭᠡ ᠬᠦᠭᠵᠢᠯᠳᠡ ᠶᠢᠨ  ᠣᠶᠢᠯᠠᠭᠠᠭᠳᠠᠬᠤᠨ ᠤ ᠲᠣᠭᠤᠷᠢᠨ ᠳᠤ᠂ ᠠᠮᠢ ᠠᠬᠤᠢ ᠎ ᠶᠢᠨ ᠪᠦᠳᠦᠬᠡᠨ ᠪᠠᠶᠢᠭᠤᠯᠣᠯᠳᠠ᠂ ᠦᠢᠯᠡᠰ ᠤᠨ ᠬᠦᠭᠵᠢᠯᠳᠡ᠂ ᠨᠡᠶᠢᠬᠡᠮ ᠠᠷᠠᠳ ᠤᠨ ᠠᠮᠢᠳᠣᠷᠠᠯ ᠵᠡᠷᠭᠡ ᠲᠠᠯ᠎ᠠ ᠶᠢᠨ 119 ᠶᠡᠭᠡ ᠲᠦᠰᠦᠪ ᠢ ᠰᠢᠨᠵᠢᠯᠠᠬᠦ ᠣᠬᠠᠭᠠᠨᠴᠢ ᠪᠠᠷ ᠲᠦᠯᠦᠪᠯᠡᠵᠦ᠂ ᠲᠦᠯᠦᠪᠯᠡᠭᠡᠨ ᠤ ᠨᠡᠶᠢᠳᠡ ᠪᠡᠯᠡ ᠣᠷᠣᠭᠤᠯᠣᠯᠳᠠ 370 ᠳ᠋ᠦᠩᠰᠢᠭᠤᠷ ᠲᠦᠬᠦᠷᠢᠭ ᠬᠦᠷᠴᠡᠢ᠃         ︵ᠬᠤᠶᠠᠷ︶ ᠣᠳᠣᠬᠢᠴᠢᠯᠠᠭᠰᠠᠨ ᠲᠠᠷᠢᠶᠠᠯᠠᠩ ᠮᠠᠯᠵᠢᠯ ᠤᠨ ᠬᠦᠭᠵᠢᠯᠳᠡ ᠶᠢᠨ ᠬᠢᠷᠢ ᠲᠦᠪᠰᠢᠨ ᠲᠠᠰᠣᠷᠠᠯᠳᠠ ᠦᠭᠡᠢ ᠲᠡᠭᠡᠭᠰᠢᠯᠡᠪᠡ᠃ ᠬᠡᠪᠴᠢᠶᠡᠵᠢᠯᠳᠡ᠂ ᠦᠢᠯᠡᠰᠵᠢᠯᠳᠡ᠂ ᠪᠠᠷᠢᠮᠵᠢᠶᠠᠵᠢᠯᠳᠡ᠂ ᠨᠡᠷᠡᠳᠣ ᠲᠡᠮᠳᠡᠭᠵᠢᠯᠳᠡ ᠪᠠᠷ ᠴᠢᠭᠯᠡᠯ ᠪᠣᠯᠭᠠᠵᠦ᠂ ᠵᠠᠬ᠎ᠠ ᠲᠡᠯᠬᠡᠭᠦᠷ ᠤᠨ ᠬᠡᠷᠡᠭᠴᠡᠭᠡ ᠪᠠᠷ ᠵᠠᠮᠴᠢᠯᠠᠭᠤᠯᠬᠤ ᠪᠠ ᠰᠢᠨ᠎ᠡ ᠶᠢ ᠡᠬᠦᠳᠬᠦ ᠪᠠᠷ ᠬᠦᠳᠡᠯᠬᠡᠭᠦᠷ ᠪᠣᠯᠭᠠᠬᠤ ᠶᠢ ᠴᠢᠩᠭ᠎ᠠ ᠪᠠᠷᠢᠮᠳᠠᠯᠠᠨ᠂ ᠲᠠᠷᠢᠶᠠᠯᠠᠩ ᠮᠠᠯ ᠠᠵᠦ ᠠᠬᠤᠢ ᠶᠢᠨ ᠬᠦᠭᠵᠢᠯᠳᠡ ᠎ ᠶᠢᠨ ᠴᠢᠨᠠᠷ ᠤᠨ ᠦᠷ᠎ᠡ ᠪᠦᠳᠦᠮᠵᠢ ᠶᠢ ᠴᠢᠳᠠᠬᠤᠶᠢᠴᠠ ᠲᠡᠭᠡᠭᠰᠢᠯᠡᠬᠦᠯᠵᠦ᠂ ᠪᠦᠬᠦ ᠵᠢᠯ ᠳᠤ ᠨᠢᠭᠡᠳᠦᠭᠡᠷ ᠠᠵᠦ ᠦᠢᠯᠡᠰ 5 ᠳ᠋ᠦᠩᠰᠢᠭᠤᠷ ᠲᠦᠬᠦᠷᠢᠭ ᠤᠨ ᠦᠷᠳᠡᠭ ᠤᠨ ᠨᠡᠮᠡᠭᠳᠡᠯ ᠢ ᠪᠡᠶᠡᠯᠡᠬᠦᠯᠵᠦ᠂ 5.5%᠎ ᠪᠠᠷ ᠨᠡᠮᠡᠭᠳᠡᠪᠡ᠃ ᠲᠠᠷᠢᠶᠠᠯᠠᠩ ᠤᠨ ᠲᠠᠷᠢᠮᠠᠯ ᠲᠠᠷᠢᠭᠰᠠᠨ ᠲᠠᠯᠠᠪᠠᠢ 39.2 ᠲᠦᠮᠡᠨ ᠮᠦ ᠳᠤ ᠬᠦᠷᠴᠦ᠂ ᠲᠠᠷᠢᠶᠠᠯᠠᠩ ᠤᠨ ᠲᠠᠷᠢᠮᠠᠯ ᠤᠨ ᠨᠡᠶᠢᠳᠡ ᠣᠨᠠᠯᠳᠠ 1.67ᠳ᠋ᠦᠩᠰᠢᠭᠤᠷ ᠵᠢᠩ ᠳᠤ ᠬᠦᠷᠪᠡ᠃  ᠬᠤᠳᠠᠯᠳᠣᠭᠰᠠᠨ ᠮᠠᠯ ᠤᠨ ᠲᠤᠭ᠎ᠠ 35.7 ᠲᠦᠮᠡᠨ ᠲᠣᠯᠣᠭᠠᠢ ︵ᠰᠢᠷᠭᠡᠭ︶᠂ ᠬᠠᠳᠣᠵᠦ ᠬᠠᠳᠠᠭᠠᠯᠠᠭᠰᠠᠨ ᠡᠪᠡᠰᠣ 1.22 ᠳ᠋ᠦᠩᠰᠢᠭᠤᠷ ᠺᠢᠯᠣᠭ᠍ᠷᠠᠮ ᠬᠦᠷᠪᠡ᠃ ︽ᠰᠢᠯᠢ ᠎ ᠶᠢᠨ ᠭᠤᠣᠯ ᠤᠨ ᠮᠢᠬᠠᠨ ᠦᠬᠡᠷ︾᠎ ᠤᠨ ᠰᠢᠨ᠎ᠡ ᠡᠬᠦᠯᠳᠡᠷ ᠰᠣᠩᠭᠤᠵᠦ ᠪᠣᠶᠢᠵᠢᠭᠤᠯᠬᠤ ᠠᠵᠢᠯ ᠢ ᠲᠣᠭᠳᠠᠭᠤᠨ ᠢᠶᠠᠷ ᠲᠦᠯᠬᠢᠨ ᠠᠬᠢᠭᠤᠯᠵᠦ᠂  ᠰᠢᠮᠧᠨᠲ᠋ᠧᠷ ᠦᠬᠡᠷ ᠤᠨ ᠰᠢᠨ᠎ᠡ ᠡᠬᠦᠯᠳᠡᠷ ᠢ ᠰᠣᠩᠭᠤᠨ ᠪᠣᠶᠢᠵᠢᠭᠤᠯᠬᠤ ᠪᠠ  ᠠᠩᠧᠰ ᠮᠢᠬᠠᠨ ᠦᠬᠡᠷ ᠤᠨ ᠰᠢᠯᠢᠳᠡᠭ ᠦᠷ᠎ᠡ ᠦᠷᠡᠵᠢᠬᠦᠯᠬᠦ ᠰᠠᠭᠤᠷᠢᠨ ᠭᠠᠵᠠᠷ ᠤᠨ ᠪᠦᠳᠦᠬᠡᠨ ᠪᠠᠶᠢᠭᠤᠯᠣᠯᠳᠠ ᠶᠢ ᠵᠣᠬᠢᠶᠠᠨ ᠪᠠᠶᠢᠭᠤᠯᠣᠨ ᠬᠦᠢᠴᠡᠳᠭᠡᠵᠦ᠂ ᠦᠬᠡᠷ ᠬᠡᠭᠡᠯᠳᠦᠬᠦᠯᠦᠭᠰᠡᠨ ᠲᠤᠭ᠎ᠠ 9212 ᠲᠣᠯᠣᠭᠠᠢ ᠳᠤ ᠬᠦᠷᠴᠦ᠂ ᠴᠣᠯᠣ ᠡᠬᠦᠯᠳᠡᠷ ᠤᠨ  ᠠᠩᠧᠰ ᠮᠢᠬᠠᠨ ᠦᠬᠡᠷ᠂  ᠰᠢᠮᠧᠨᠲ᠋ᠧᠷ ᠦᠬᠡᠷ 721 ᠲᠣᠯᠣᠭᠠᠢ ᠣᠷᠣᠭᠤᠯᠣᠨ ᠠᠪᠴᠢᠷᠠᠵᠦ᠂ ᠴᠤᠯᠤ ᠡᠬᠦᠯᠳᠡᠷ ᠤᠨ ᠰᠢᠮᠧᠨᠲ᠋ᠧᠷ ᠦᠬᠡᠷ ᠤᠨ ᠬᠦᠪᠦᠷᠡᠯ 160 ᠰᠢᠯᠵᠢᠬᠦᠯᠦᠨ ᠰᠠᠭᠤᠯᠭᠠᠪᠠ᠃ ᠡᠯᠡᠰᠡᠷᠭᠡᠭᠵᠢᠬᠦ ᠡᠬᠢ ᠰᠣᠷᠪᠣᠯᠵᠢ ᠶᠢ ᠨᠡᠶᠢᠳᠭᠡᠨ ᠵᠠᠰᠠᠵᠦ᠂ ᠲᠠᠷᠢᠶᠠᠯᠠᠬᠤ ᠶᠢ ᠵᠣᠭᠰᠣᠭᠠᠵᠦ ᠣᠢ ᠮᠣᠳᠣ ᠶᠢ ᠰᠠᠷᠬᠦᠬᠡᠬᠦ ᠲᠦᠰᠦᠯ ᠤᠨ ᠪᠡᠯᠡ ᠮᠦᠩᠬᠦ ᠶᠢ ᠪᠠᠬᠢᠵᠢᠬᠦᠯᠵᠦ᠂ ᠪᠠᠷᠢᠮᠵᠢᠶᠠᠵᠢᠭᠰᠠᠨ ᠬᠠᠰᠢᠶ᠎ᠠ ᠰᠠᠷᠠᠪᠴᠢ 2.1 ᠲᠦᠮᠡᠨ ᠲᠡᠭᠰᠢ ᠲᠦᠷᠪᠡᠯᠵᠢᠨ ᠮᠧᠲᠷ᠂ ᠡᠪᠡᠰᠣ ᠬᠠᠳᠠᠭᠠᠯᠠᠬᠤ ᠫᠧᠩ 1.3 ᠲᠦᠮᠡᠨ ᠲᠡᠭᠰᠢ ᠲᠦᠷᠪᠡᠯᠵᠢᠨ ᠮᠧᠲᠷ ᠪᠠᠶᠢᠭᠤᠯᠪᠠ᠃ ᠮᠢᠬᠠᠨ ᠬᠤᠨᠢᠨ ᠤ ᠣᠭ ᠡᠬᠦᠯᠳᠡᠷ ᠢ ᠮᠦᠰᠬᠢᠬᠦ ᠰᠢᠰᠲ᠋ᠧᠮ ᠤᠨ ᠪᠦᠳᠦᠬᠡᠨ ᠪᠠᠶᠢᠭᠤᠯᠣᠯᠳᠠ ᠶᠢᠨ ᠲᠣᠷᠰᠢᠯᠳᠠ ᠶᠢᠨ ᠴᠢᠭ ᠤᠨ ᠠᠵᠢᠯ ᠢ ᠡᠬᠢᠯᠡᠬᠦᠯᠵᠦ᠂ 1744 ᠲᠣᠯᠣᠭᠠᠢ ᠮᠢᠬᠠᠨ ᠬᠤᠨᠢᠨ ᠳᠤ ᠣᠭ ᠡᠬᠦᠯᠳᠡᠷ ᠢ ᠮᠦᠰᠬᠢᠬᠦ ᠲᠠᠩᠰᠠ ᠡᠪᠬᠡᠮᠡᠯ ᠪᠠᠶᠢᠭᠤᠯᠪᠠ ᠃ ᠰᠢᠨ᠎ᠡ ᠮᠠᠶ᠋ᠢᠭ ᠤᠨ ᠲᠠᠷᠢᠶᠠᠯᠠᠩ ᠮᠠᠯ ᠠᠵᠦ ᠠᠬᠤᠢ ᠶᠢᠨ ᠡᠵᠡᠩᠨᠡᠯᠳᠡ ᠶᠢᠨ ᠰᠢᠰᠲ᠋ᠧᠮ ᠤᠨ ᠴᠣᠭᠴᠠᠯᠠᠯᠳᠠ ᠶᠢ ᠲᠦᠷᠭᠡᠳᠭᠡᠵᠦ᠂ ᠮᠠᠯᠴᠢᠨ ᠲᠠᠷᠢᠶᠠᠴᠢᠨ ᠤ ᠡᠯ᠎ᠡ ᠲᠦᠷᠦᠯ ᠤᠨ ᠬᠤᠷᠰᠢᠶ᠎ᠠ ᠵᠣᠬᠢᠶᠠᠨ ᠪᠠᠶᠢᠭᠤᠯᠬᠤ ᠶᠢ ᠵᠣᠷᠢᠭᠵᠢᠭᠤᠯᠣᠨ ᠣᠳᠣᠷᠢᠳᠴᠣ᠂ ᠨᠡᠶᠢᠳᠡ 1 ᠣᠯᠣᠰ ᠤᠨ ᠲᠡᠰ ᠤᠨ᠂ 5 ᠠᠶᠢᠮᠠᠭ ᠤᠨ ᠲᠡᠰ ᠤᠨ᠂ 4 ᠬᠠᠮᠢᠶᠠᠷᠣᠯᠳᠠ ᠶᠢᠨ ᠣᠷᠣᠨ ᠤ ᠲᠡᠰ ᠤᠨ ᠬᠤᠷᠰᠢᠶ᠎ᠠ ᠶᠢ ᠪᠠᠶᠢᠭᠤᠯᠪᠠ᠃ ᠠᠮᠢ ᠠᠬᠤᠢ ᠶᠢᠨ ᠭᠡᠷ ᠪᠦᠯᠢ ᠶᠢᠨ ᠲᠠᠭᠤᠷᠢᠶᠠᠯᠳᠣ ᠮᠠᠯᠵᠢᠯ ᠤᠨ ᠲᠠᠯᠠᠪᠠᠢ 31 ᠡᠷᠦᠬᠡ᠂ ᠲᠣᠰᠬᠠᠢ ᠲᠡᠵᠢᠬᠡᠨ ᠦᠷᠡᠵᠢᠬᠦᠯᠬᠦ ᠡᠷᠦᠬᠡ 72᠎ ᠶᠢ ᠲᠡᠭᠦᠯᠳᠡᠷᠵᠢᠬᠦᠯᠪᠡ᠃        ︵ᠭᠤᠷᠪᠠ︶ ᠦᠢᠯᠡᠴᠢᠯᠡᠯᠬᠡᠨ ᠤ ᠦᠢᠯᠡᠰ ᠦᠳᠳᠣᠷ ᠲᠦᠷᠭᠡᠨ ᠬᠦᠭᠵᠢᠪᠡ᠃ ᠵᠢᠭᠤᠯᠴᠢᠯᠠᠯ ᠤᠨ ᠦᠢᠯᠡᠰ ᠎ ᠤᠨ ᠴᠢᠩᠭ᠎ᠠ ᠬᠦᠴᠦᠳᠡᠢ ᠲᠠᠳᠠᠯᠳᠠ ᠲᠣᠣᠷ᠎ᠠ ᠦᠢᠯᠡᠴᠢᠯᠡᠯᠬᠡᠨ ᠤ ᠦᠢᠯᠡᠰ ᠲᠦᠷᠭᠡᠨ ᠬᠦᠭᠵᠢᠯᠳᠡ ᠶᠢᠨ ᠬᠠᠨᠳᠣᠰᠢ ᠎ ᠲᠠᠢ ᠪᠣᠯᠵᠦ᠂ ᠪᠦᠬᠦ ᠵᠢᠯ ᠳᠤ ᠭᠤᠷᠪᠠᠳᠣᠭᠠᠷ ᠠᠵᠦ ᠦᠢᠯᠡᠰ ᠤᠨ ᠦᠷᠳᠡᠭ ᠤᠨ ᠨᠡᠮᠡᠭᠳᠡᠯ 9.1 ᠳ᠋ᠦᠩᠰᠢᠭᠤᠷ ᠲᠦᠬᠦᠷᠢᠭ ᠲᠤ ᠬᠦᠷᠴᠦ᠂ ᠦᠰᠦᠯᠳᠡ ᠨᠢ 6.1%᠎ ᠳᠤ ᠬᠦᠷᠪᠡ᠃ ᠵᠢᠭᠤᠯᠴᠢᠯᠠᠯ ᠤᠨ ᠦᠢᠯᠡᠰ ᠡᠬᠢᠯᠡᠨ ᠬᠦᠭᠵᠢᠵᠦ᠂ ᠬᠡᠰᠡᠭ ᠠᠭᠤᠯᠠ ᠶᠢᠨ ᠬᠡᠬᠡᠷ᠎ᠡ ᠶᠢᠨ ᠠᠮᠢᠳᠠᠨ ᠣᠷᠭᠤᠮᠠᠯ ᠤᠨ ᠬᠦᠷᠢᠶᠡᠯᠡᠩ ᠪᠠᠶᠢᠭᠤᠯᠣᠨ ᠲᠠᠭᠤᠰᠴᠣ ᠠᠰᠢᠭᠯᠠᠯᠳᠠ ᠳᠤ ᠣᠷᠣᠪᠠ᠃ ᠪᠢᠩᠲ᠋ᠣᠸᠠᠨ ᠠᠮᠠᠷᠠᠯᠳᠠ ᠶᠢᠨ ᠲᠣᠰᠬᠤᠨ ᠤ ᠨᠢᠬᠡᠳᠦᠭᠡᠷ ᠬᠤᠭᠤᠴᠠᠭᠠᠨ ᠤ ᠢᠨᠵᠢᠨᠧᠷᠢᠩ  ᠠᠵᠢᠯ ᠲᠠᠭᠤᠰᠪᠠ᠃ ᠣᠯᠠᠭᠠᠢ ᠭᠤᠣᠯ ᠤᠨ ᠣᠭᠠᠯᠵᠠᠨ ᠬᠡ᠂ ᠣᠯᠠᠭᠠᠢ ᠣᠰᠣᠨ ᠴᠦᠬᠦᠷᠦᠮ᠂ ᠷᠠᠰᠢᠶᠠᠨ ᠪᠦᠯᠢᠶᠡᠨ ᠪᠣᠯᠠᠭ ᠵᠡᠷᠭᠡ ᠴᠢᠬᠤᠯᠠ ᠦᠵᠡᠮᠵᠢ ᠶᠢᠨ ᠣᠷᠣᠨ ᠤ ᠰᠠᠭᠤᠷᠢ ᠲᠦᠬᠦᠬᠡᠷᠦᠮᠵᠢ ᠣᠯᠠᠮ ᠨᠢᠬᠡ ᠠᠯᠬᠤᠮ ᠲᠡᠭᠦᠯᠳᠡᠷᠵᠢᠪᠡ᠃ ᠭᠤᠷᠪᠠᠨ ᠰᠠᠶᠢᠬᠠᠨ ᠲᠡᠯᠡᠬᠡᠢ ᠶᠢᠨ ᠣᠪᠣᠭ᠎ᠠ ᠲᠠᠬᠢᠯᠭ᠎ᠠ᠂ ᠪᠢᠩᠲ᠋ᠣᠸᠠᠨ ᠰᠣᠶᠣᠯ ᠤᠨ ᠭᠠᠷᠠᠭ ᠵᠡᠷᠬᠡ 69 ᠲᠦᠷᠦᠯ ᠤᠨ ᠰᠣᠶᠣᠯ ᠪᠡᠶ᠎ᠡ ᠲᠠᠮᠢᠷ ᠵᠢᠭᠤᠯᠴᠢᠯᠠᠯ ᠤᠨ ᠭᠤᠣᠯ ᠰᠡᠳᠣᠪᠳᠣ ᠬᠦᠳᠡᠯᠬᠡᠬᠡᠨ ᠡᠷᠬᠢᠯᠡᠵᠦ᠂ ᠪᠦᠬᠦ ᠣᠯᠣᠰ ᠤᠨ ᠣᠯᠢᠮᠫᠢᠺ ᠤᠨ ᠰᠣᠷ ᠬᠠᠷᠪᠣᠯᠳᠠ ᠶᠢᠨ ᠱᠠᠩᠨᠠᠯᠳᠣ ᠲᠡᠮᠡᠴᠡᠭᠡᠨ ᠵᠡᠷᠭᠡ 3 ᠲᠦᠷᠦᠯ ᠎ ᠤᠨ ᠪᠡᠶ᠎ᠡ ᠲᠠᠮᠢᠷ ᠤᠨ ᠮᠡᠷᠭᠡᠵᠢᠯ ᠤᠨ ᠲᠡᠮᠡᠴᠡᠭᠡᠨ ᠤ ᠬᠦᠳᠡᠯᠬᠡᠬᠡᠨ ᠢ ᠲᠠᠭᠠᠭᠠᠴᠢᠯᠠᠨ ᠡᠷᠬᠢᠯᠡᠵᠦ᠂  ᠦᠪᠡᠷᠳᠡᠭᠡᠨ ᠵᠠᠰᠠᠬᠤ ᠣᠷᠣᠨ ᠤ ᠪᠡᠶ᠎ᠡ ᠲᠠᠮᠢᠷ ᠤᠨ ᠲᠣᠪᠴᠢᠶ᠎ᠠ ᠠᠴᠠ ᠬᠠᠮᠢᠶᠠᠷᠣᠯᠳᠠ ᠶᠢᠨ ᠣᠷᠣᠨ ᠤ ᠮᠣᠩᠭᠤᠯ ᠰᠣᠷᠭᠠᠭᠤᠯᠢ ᠶᠢ ︽2015-2018 ᠬᠤᠭᠤᠴᠠᠭᠠᠨ ᠳᠠᠬᠢ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠮᠡᠷᠭᠡᠵᠢᠯ ᠤᠨ ᠲᠡᠮᠡᠴᠡᠬᠡᠨ ᠤ ᠪᠡᠶ᠎ᠡ ᠲᠠᠮᠢᠷ ᠤᠨ ᠴᠢᠳᠠᠪᠣᠷᠢᠳᠠᠨ ᠤ ᠪᠡᠯᠡᠳᠭᠡᠯ ᠬᠦᠴᠦᠨ ᠤ ᠰᠠᠭᠤᠷᠢᠨ ᠭᠠᠵᠠᠷ︾  ᠬᠡᠮᠡᠨ ᠨᠡᠷᠡᠯᠡᠵᠦ᠂ ᠦᠪᠡᠷᠳᠡᠭᠡᠨ ᠵᠠᠰᠠᠬᠤ ᠣᠷᠣᠨ ᠤ ᠵᠢᠦᠳᠣᠣ ᠶᠢᠨ ᠨᠡᠶᠢᠭᠡᠮᠯᠢᠭ ᠠᠴᠠ ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠵᠢᠦᠳᠣᠣ ᠶᠢᠨ ᠦᠢᠯᠡᠰ ᠲᠣᠪᠣᠶᠢᠮ᠎ᠠ ᠵᠢᠳᠬᠦᠯ ᠲᠠᠢ ᠰᠠᠭᠤᠷᠢᠨ ᠭᠠᠵᠠᠷ ᠤᠨ ᠱᠠᠩᠨᠠᠯ︾ ᠣᠯᠵᠦ᠂ ᠭᠠᠵᠠᠷ ᠣᠷᠣᠨ ᠤ ᠨᠡᠷ᠎ᠡ ᠠᠯᠳᠠᠷ ᠪᠠ ᠨᠦᠯᠦᠬᠡᠯᠡᠬᠦ ᠬᠦᠴᠦᠨ ᠣᠯᠠᠮ ᠨᠢᠬᠡ ᠠᠯᠬᠤᠮ ᠲᠡᠭᠡᠭᠰᠢᠯᠡᠪᠡ᠃ ᠺᠢᠨᠣ᠋ ︽ᠴᠢᠨ᠋ᠸ᠎ᠠ ᠲᠣᠲ᠋ᠧᠮ︾᠎ ᠤᠨ ᠲᠠᠷᠬᠠᠯᠳᠠ ᠶᠢᠨ ᠨᠦᠯᠦᠬᠡᠯᠡᠯ ᠠᠴᠠ ᠢᠯᠡᠷᠡᠭᠰᠡᠨ ᠵᠢᠭᠤᠯᠴᠢᠯᠠᠯ ᠤᠨ ᠬᠦᠮᠦᠨ ᠤ ᠲᠤᠭ᠎ᠠ ᠦᠳᠳᠣᠷ ᠲᠦᠷᠬᠡᠨ ᠢᠶᠠᠷ ᠨᠡᠮᠡᠭᠳᠡᠵᠦ᠂ ᠪᠦᠬᠦ ᠵᠢᠯ ᠤᠨ ᠵᠢᠭᠤᠯᠴᠢᠯᠠᠭᠴᠢᠳ ᠤᠨ ᠲᠤᠭ᠎ᠠ 78 ᠲᠦᠮᠡᠨ ᠬᠦᠮᠦᠨ ᠣᠳᠠᠭ᠎ᠠ ᠬᠦᠷᠴᠦ᠂ ᠵᠢᠭᠤᠯᠴᠢᠯᠠᠯ ᠤᠨ ᠣᠷᠣᠯᠭ᠎ᠠ 2.2 ᠳ᠋ᠦᠩᠰᠢᠭᠤᠷ ᠲᠦᠬᠦᠷᠢᠭ ᠲᠤ ᠬᠦᠷᠴᠣ᠂ ᠲᠣᠰ ᠲᠣᠰ 83% ᠪᠣᠯᠣᠨ 125%᠎ ᠪᠠᠷ ᠨᠡᠮᠡᠭᠳᠡᠪᠡ᠃ ᠵᠢᠭᠤᠯᠴᠢᠯᠠᠭᠴᠢᠳ ᠤᠨ ᠲᠤᠭ᠎ᠠ ᠶᠡᠭᠡ ᠬᠡᠮᠵᠢᠶ᠎ᠡ ᠪᠠᠷ ᠨᠡᠮᠡᠭᠳᠡᠬᠦ ᠶᠢ ᠲᠠᠭᠠᠯᠳᠣᠨ ᠬᠤᠳᠠᠯᠳᠤᠭ᠎ᠠ ᠠᠷᠠᠯᠵᠢᠶ᠎ᠠ ᠬᠤᠭᠤᠯᠠ ᠣᠮᠳᠠᠭᠠᠨ ᠤ ᠦᠢᠯᠡᠰ ᠴᠦ ᠲᠦᠷᠬᠡᠨ ᠢᠶᠠᠷ ᠬᠦᠭᠵᠢᠵᠦ᠂ ᠪᠦᠬᠦ ᠵᠢᠯ ᠳᠤ 102 ᠬᠤᠳᠠᠯᠳᠤᠭ᠎ᠠ ᠠᠷᠠᠯᠵᠢᠶ᠎ᠠ ᠬᠤᠭᠤᠯᠠ ᠣᠮᠳᠠᠭᠠᠨ ᠤ ᠨᠢᠬᠡᠴᠢ  ᠂ 115 ᠪᠠᠭᠤᠳᠠᠯ ᠰᠢᠨ᠎ᠡ ᠪᠠᠷ ᠨᠡᠮᠡᠭᠳᠡᠵᠦ᠂ ᠮᠦᠩᠬᠦᠨ ᠬᠦᠢᠯᠬᠡᠬᠡᠨ ᠤ ᠦᠢᠯᠡᠰ ᠲᠣᠭᠳᠠᠭᠤᠨ ᠢᠶᠠᠷ ᠬᠦᠭᠵᠢᠵᠦ᠂ ᠮᠦᠩᠬᠦᠨ ᠬᠦᠢᠯᠬᠡᠬᠡᠨ ᠤ ᠪᠠᠶᠢᠭᠤᠯᠭ᠎ᠠ ᠶᠢᠨ ᠬᠠᠳᠠᠭᠠᠯᠠᠵᠦ ᠲᠠᠯᠪᠢᠭᠰᠠᠨ ᠵᠣᠭᠤᠰ ᠤᠨ ᠦᠯᠡᠳᠡᠮᠵᠢ 10.2 ᠳ᠋ᠦᠩᠰᠢᠭᠤᠷ ᠲᠦᠬᠦᠷᠢᠭ ᠪᠣᠯᠣᠨ 7.1ᠳ᠋ᠦᠩᠰᠢᠭᠤᠷ ᠲᠦᠬᠦᠷᠢᠭ ᠲᠤ ᠬᠦᠷᠴᠦ᠂ 3.2% ᠪᠣᠯᠣᠨ 20.6%᠎ ᠪᠠᠷ ᠨᠡᠮᠡᠭᠳᠡᠪᠡ᠃       ︵ᠲᠦᠷᠪᠡ︶ ᠬᠤᠳᠠ ᠬᠦᠳᠡᠭᠡ ᠶᠢᠨ ᠲᠦᠷᠢ ᠲᠦᠷᠬᠦ ᠦᠷᠬᠦᠯᠵᠢᠯᠡᠨ ᠰᠠᠶᠢᠵᠢᠷᠠᠪᠠ᠃ ᠪᠠᠯᠭᠠᠰᠣ ᠣᠷᠣᠨ ᠤ ᠵᠠᠮ ᠱᠣᠭᠤᠮ᠂ ᠪᠣᠷᠣᠭᠠᠨ ᠪᠣᠵᠠᠷ ᠣᠰᠣᠨ ᠤ ᠬᠤᠭᠤᠯᠢ ᠶᠢᠨ ᠲᠣᠣᠷ ᠵᠡᠷᠬᠡ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠣᠯᠳᠠ ᠶᠢ ᠪᠦᠬᠦ ᠲᠠᠯ᠎ᠠ ᠪᠠᠷ ᠴᠢᠩᠭᠠᠳᠬᠠᠵᠦ᠂ ᠬᠠᠷ᠎ᠠ ᠭᠠᠳᠠᠷᠳᠣ ᠵᠠᠮ ᠤᠨ ᠨᠢᠭᠤᠷ 2 ᠲᠦᠮᠡᠨ ᠲᠡᠭᠰᠢ ᠲᠦᠷᠪᠡᠯᠵᠢᠨ ᠮᠧᠲᠷ ᠰᠢᠨ᠎ᠡ ᠪᠠᠷ ᠨᠡᠮᠡᠭᠳᠡᠵᠦ᠂ ᠵᠡᠬᠡᠯᠢ ᠭᠤᠳᠣᠮᠵᠢ᠂ ᠶᠠᠪᠠᠭᠠᠨ ᠤ ᠵᠠᠮ ᠲᠡᠪᠢᠰᠴᠣ ᠴᠢᠮᠡᠭᠰᠡᠨ ᠲᠠᠯᠠᠪᠠᠢ 4 ᠲᠦᠮᠡᠨ ᠲᠡᠭᠰᠢ ᠲᠦᠷᠪᠡᠯᠵᠢᠨ ᠮᠧᠲᠷ ᠲᠤ ᠬᠦᠷᠴᠣ᠂ ᠬᠤᠭ ᠨᠣᠪᠰᠢ ᠰᠢᠢᠳᠪᠦᠷᠢᠯᠡᠬᠦ ᠦᠢᠯᠡᠳᠪᠦᠷᠢ᠂ ᠪᠣᠵᠠᠷ ᠣᠰᠣ ᠰᠢᠢᠳᠪᠦᠷᠢᠯᠡᠬᠦ ᠦᠢᠯᠡᠳᠪᠦᠷᠢ᠂ ᠦᠨᠳᠦᠰᠦᠨ ᠳᠡᠭᠡᠨ ᠠᠵᠢᠯ ᠲᠠᠭᠤᠰᠴᠣ᠂ ᠰᠢᠨ᠎ᠡ ᠪᠠᠶᠢᠭᠤᠯᠣᠭᠰᠠᠨ ᠬᠠᠯᠠᠭᠤᠨ ᠰᠣᠯᠢᠬᠤ ᠦᠷᠳᠡᠭᠡ 7 ᠰᠠᠭᠤᠷᠢ᠂ ᠬᠤᠭᠤᠯᠠᠢ ᠶᠢᠨ ᠲᠣᠣᠷ ᠲᠡᠪᠢᠰᠴᠣ ᠵᠠᠰᠠᠭᠰᠠᠨ ᠣᠷᠳᠣ ᠨᠢ 15 ᠺᠢᠯᠦᠮᠧᠲᠷ ᠬᠦᠷᠦᠭᠰᠡᠨ ᠪᠦᠬᠡᠳ ᠪᠠᠷᠢᠯᠭ᠎ᠠ ᠶᠢᠨ ᠡᠨᠧᠷᠬᠢ ᠠᠷᠪᠢᠯᠠᠬᠤ ᠵᠠᠰᠠᠪᠣᠷᠢ 7000 ᠲᠡᠭᠰᠢ ᠲᠦᠷᠪᠡᠯᠵᠢᠨ ᠮᠧᠲᠷ ᠬᠦᠷᠪᠠ᠃ ᠦᠷᠬᠦᠯᠵᠢᠯᠡᠨ ᠪᠠᠶᠢᠭᠤᠯᠣᠭᠰᠠᠨ ᠪᠠᠳᠣᠯᠭ᠎ᠠ ᠶᠢᠨ ᠴᠢᠨᠠᠷᠳᠠᠢ ᠰᠠᠭᠤᠬᠤ ᠭᠡᠷ 320 ᠢᠵᠢ᠂ ᠨᠢᠭᠡᠨᠳᠡ ᠵᠠᠰᠠᠭᠰᠠᠨ ᠶᠠᠳᠠᠭᠤᠰ ᠤᠨ ᠬᠤᠷᠣᠭᠠᠯᠠᠯ 206 ᠡᠷᠦᠬᠡ᠃  ᠬᠤᠳᠠ ᠪᠠᠯᠭᠠᠰᠣᠨ ᠤ ᠬᠠᠮᠢᠶᠠᠷᠣᠯᠳᠠ ᠶᠢᠨ ᠬᠢᠷᠢ ᠲᠦᠪᠰᠢᠨ ᠢ ᠴᠢᠳᠠᠬᠤᠶᠢᠴᠠ ᠪᠠᠷ ᠲᠡᠭᠡᠭᠰᠢᠯᠡᠬᠦᠯᠵᠦ᠂ ᠬᠤᠳᠠ ᠬᠦᠳᠡᠭᠡ ᠶᠢᠨ ᠪᠦᠳᠦᠬᠡᠨ ᠪᠠᠶᠢᠭᠤᠯᠣᠯᠳᠠ ᠶᠢ ᠶᠡᠷᠦᠩᠬᠡᠶᠢᠯᠡᠨ ᠵᠠᠰᠠᠬᠤ ︽ᠠᠷᠪᠠᠨ ᠲᠣᠰᠬᠠᠢ ᠲᠦᠷᠦᠯ ᠤᠨ ᠠᠵᠢᠯᠯᠠᠭ᠎ᠠ︾ ᠪᠣᠯᠣᠨ ᠣᠯᠣᠰ ᠢᠶᠠᠨ ᠬᠠᠶᠢᠷᠠᠯᠠᠬᠤ ᠠᠷᠢᠭᠤᠨ ᠴᠡᠪᠡᠷᠴᠢ ᠬᠦᠳᠡᠯᠬᠡᠬᠡᠨ ᠢ ᠨᠠᠷᠢᠨ ᠬᠢᠨᠠᠮᠠᠭᠠᠢ ᠦᠷᠨᠢᠬᠦᠯᠵᠦ᠂ ᠦᠪᠡᠷᠳᠡᠭᠡᠨ ᠵᠠᠰᠠᠬᠤ ᠣᠷᠣᠨ ᠤ ᠲᠡᠰ ᠤᠨ ᠠᠷᠢᠭᠤᠨ ᠴᠡᠪᠡᠷ ᠬᠤᠳᠠ ᠪᠠᠯᠭᠠᠰᠣ ᠶᠢᠨ ᠲᠠᠬᠢᠨ ᠬᠢᠨᠠᠯᠳᠠ ᠶᠢ ᠦᠩᠬᠡᠷᠡᠪᠡ᠃ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠣᠯᠳᠠ ᠲᠠᠰᠣᠷᠠᠯᠳᠠ ᠦᠭᠡᠢ ᠲᠡᠬᠦᠯᠳᠡᠷᠵᠢᠵᠦ᠂ ᠣᠯᠠᠭᠠᠢ ᠣᠰᠣᠨ ᠴᠦᠬᠦᠷᠦᠮ ᠤᠨ ᠲᠣᠣᠷᠠᠳᠣ ᠰᠠᠪᠠ ᠳᠤ 1 ᠰᠠᠭᠤᠷᠢ ᠲᠣᠮᠳᠠ ᠬᠦᠬᠦᠷᠬᠡ ᠰᠢᠨ᠎ᠡ ᠪᠠᠷ ᠪᠠᠶᠢᠭᠤᠯᠵᠦ᠂  ᠪᠠᠶᠠᠨᠬᠤᠰᠢᠭᠤ ᠠᠴᠠ ᠬᠤᠣᠯᠢᠩᠭᠤᠣᠯ ᠬᠦᠷᠬᠦ ᠮᠣᠵᠢ ᠶᠢᠨ ᠵᠠᠮ 101 ᠱᠣᠭᠤᠮ ᠤᠨ ᠵᠠᠰᠠᠮᠠᠯ ᠵᠠᠮ ᠤᠨ ᠰᠠᠭᠤᠷᠢ᠂ ᠬᠦᠬᠦᠷᠬᠡ ᠶᠢᠨ ᠢᠨᠵᠧᠨᠧᠷᠢᠩ ᠨᠢᠬᠡᠨᠳᠡ ᠲᠠᠭᠤᠰᠪᠠ᠃ ᠦᠷᠬᠦᠯᠵᠢᠯᠡᠨ ᠪᠠᠶᠢᠭᠤᠯᠵᠦ ᠲᠠᠭᠤᠰᠬᠠᠭᠰᠠᠨ ᠬᠦᠳᠡᠭᠡ ᠲᠣᠰᠬᠤᠨ ᠮᠠᠯᠵᠢᠬᠤ ᠣᠷᠣᠨ ᠤ ᠵᠠᠰᠠᠮᠠᠯ ᠵᠠᠮ 18 ᠺᠢᠯᠦᠮᠧᠲᠷ ᠬᠦᠷᠪᠡ᠃       ︵ᠲᠠᠪᠤ︶ ᠠᠮᠠᠢ ᠠᠬᠤᠢ ᠣᠷᠴᠢᠨ ᠲᠣᠭᠤᠷᠢᠨ ᠤ ᠬᠠᠮᠭᠠᠯᠠᠯᠳᠠ ᠶᠢ ᠪᠦᠳᠦᠮᠵᠢᠳᠡᠢ ᠴᠢᠩᠭᠠᠳᠬᠠᠪᠠ᠃ ᠠᠮᠠᠢ ᠠᠬᠤᠢ ᠶᠢᠨ ᠣᠯᠠᠭᠠᠨ ᠵᠢᠷᠣᠭᠠᠰᠣ ᠶᠢᠨ ᠬᠠᠮᠠᠭᠠᠯᠠᠯᠳᠠ ᠪᠣᠯᠣᠨ ᠦᠨᠳᠦᠰᠣᠨ ᠲᠠᠯ᠎ᠠ ᠨᠣᠳᠤᠭ᠂ ᠣᠰᠣ ᠰᠢᠷᠣᠢ ᠶᠢᠨ ᠬᠠᠮᠠᠭᠠᠯᠠᠯᠳᠠ ᠵᠡᠷᠬᠡ ᠠᠮᠠᠢ ᠠᠬᠤᠢ ᠶᠢᠨ ᠨᠦᠬᠦᠪᠦᠷᠢᠯᠡᠯᠳᠡ ᠶᠢᠨ ᠲᠦᠷᠢᠮ ᠲᠣᠭᠳᠠᠭᠠᠯ ᠢ ᠴᠢᠩᠭ᠎ᠠ ᠨᠢᠮᠪᠠᠢ ᠲᠣᠣᠱᠯᠠᠭᠤᠯᠵᠦ᠂ ︽ᠡᠪᠡᠰᠣ ᠮᠠᠯ ᠤᠨ ᠲᠡᠩᠴᠡᠬᠦᠷᠢ ᠶᠢᠨ ᠠᠵᠢᠯ ᠢ ᠬᠡᠷᠡᠭᠵᠢᠬᠦᠯᠬᠦ ᠲᠦᠰᠦᠪ︾ ᠬᠢᠭᠡᠳ ︽ᠪᠠᠶᠢᠭᠠᠯᠢ ᠶᠢᠨ ᠬᠠᠳᠣᠯᠠᠩ ᠤᠨ ᠬᠠᠮᠠᠭᠠᠯᠠᠯᠳᠠ ᠪᠣᠯᠣᠨ ᠵᠣᠬᠢᠰᠳᠠᠢ ᠠᠰᠢᠭᠯᠠᠬᠤ ᠶᠢ ᠵᠢᠯᠣᠭᠤᠳᠬᠤ ᠰᠠᠨᠠᠯ︾᠎ ᠢ ᠬᠡᠪᠯᠡᠨ ᠲᠠᠷᠠᠭᠠᠵᠦ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠲᠦᠷᠢᠮᠵᠢᠯ ᠤᠨ ᠵᠠᠮ ᠳᠤ ᠣᠷᠣᠬᠤ ᠶᠢ ᠲᠦᠯᠬᠢᠨ ᠬᠦᠳᠡᠯᠭᠡᠪᠡ᠃ ᠵᠢᠩ ᠶᠢᠨ ᠰᠠᠯᠬᠢ ᠡᠯᠡᠰᠣᠨ ᠤ ᠡᠬᠢ ᠶᠢ ᠵᠠᠰᠠᠬᠤ ᠬᠤᠶᠠᠳᠣᠭᠠᠷ ᠬᠤᠭᠤᠴᠠᠭ᠎ᠠ ᠪᠠ ᠭᠤᠣᠯᠳᠠᠯᠭ᠎ᠠ ᠲᠠᠢ ᠣᠷᠣᠨ ᠲᠣᠭᠤᠷᠢᠭ ᠲᠠᠬᠢ ᠣᠶᠢᠵᠢᠭᠤᠯᠬᠤ ᠨᠣᠭᠤᠭᠠᠷᠠᠭᠤᠯᠬᠤ ᠵᠡᠷᠭᠡ ᠠᠮᠢ ᠠᠬᠤᠢ ᠶᠢᠨ ᠢᠨᠵᠧᠨᠧᠷᠢᠩ ᠢ ᠨᠠᠷᠢᠨ ᠬᠢᠨᠠᠮᠠᠭᠠᠢ ᠬᠦᠢᠴᠡᠳᠬᠡᠵᠦ᠂ ᠬᠦᠮᠦᠨ ᠤ ᠬᠦᠴᠦ ᠪᠠᠷ 1200 ᠮᠦ ᠣᠶᠢᠵᠢᠭᠤᠯᠵᠦ᠂ 23 ᠲᠦᠮᠡᠨ ᠮᠦ ᠪᠢᠳᠡᠬᠦᠮᠵᠢᠯᠡᠨ ᠪᠣᠶᠢᠵᠢᠭᠤᠯᠪᠠ᠃ ᠠᠭᠤᠷᠬᠠᠢ ᠶᠢᠨ ᠠᠭᠤᠯᠠᠨ ᠤ ᠣᠷᠴᠢᠨ ᠲᠣᠭᠤᠷᠢᠨ ᠤ ᠬᠠᠮᠠᠭᠠᠯᠠᠯᠳᠠ ᠪᠣᠯᠣᠨ ᠠᠮᠠᠢ ᠠᠬᠤᠢ ᠤᠨ ᠰᠡᠷᠬᠦᠬᠡᠯᠳᠡ ᠶᠢᠨ ᠵᠠᠰᠠᠯᠳᠠ ᠶᠢ ᠴᠢᠩᠭᠠᠳᠬᠠᠵᠦ᠂ ᠬᠠᠶᠠᠭᠳᠠᠭᠰᠠᠨ ᠮᠠᠯᠳᠠᠮᠠᠯ ᠨᠦᠬᠡ 615 ᠮᠦ ᠵᠠᠰᠠᠪᠠ᠃ ᠮᠧᠩ ᠼᠣᠣ ᠺᠠᠩ ᠬᠠᠨ ᠲᠠᠯ᠎ᠠ ᠨᠣᠳᠤᠭ ᠤᠨ ᠠᠮᠢ ᠠᠬᠤᠢ ᠶᠢᠨ ᠰᠢᠰᠲ᠋ᠧᠮ ᠤᠨ ᠰᠣᠳᠣᠯᠣᠯ ᠎ ᠤᠨ ᠬᠦᠷᠢᠶᠡᠯᠡᠩ ᠠᠴᠠ ᠦᠷᠨᠢᠬᠦᠯᠦᠭᠰᠡᠨ ᠨᠤᠭ ᠲᠠᠯ᠎ᠠ ᠶᠢᠨ ᠲᠠᠯ᠎ᠠ ᠭᠠᠵᠠᠷ ᠤᠨ ᠬᠠᠮᠠᠭᠠᠯᠠᠯᠳᠠ ᠠᠰᠢᠭᠯᠠᠯᠳᠠ ᠵᠡᠷᠬᠡ 10 ᠲᠦᠷᠦᠯ ᠤᠨ ᠰᠡᠳᠦᠪ ᠤᠨ ᠰᠣᠳᠣᠯᠣᠯ ᠵᠢᠴᠢ ᠦᠷ᠎ᠡ ᠪᠦᠳᠦᠮᠵᠢ  ᠎ ᠶᠢ ᠲᠦᠬᠡᠬᠦᠯᠬᠦ ᠶᠢ ᠪᠦᠬᠦ ᠬᠦᠴᠦᠨ ᠢᠶᠠᠷ ᠲᠡᠮᠵᠢᠵᠦ᠂  ᠲᠠᠯᠠᠨ ᠲᠦᠷᠦᠬᠦᠦ ᠡᠪᠡᠰᠣ ᠶᠢ ᠰᠡᠷᠬᠡᠶᠢᠯᠡᠨ ᠣᠰᠠᠳᠬᠠᠬᠤ ᠲᠣᠷᠰᠢᠯᠳᠠ 360 ᠮᠦ᠂ ᠡᠪᠡᠰᠣᠳᠣ ᠭᠠᠵᠠᠷ ᠲᠤ ᠲᠠᠷᠢᠶᠠᠯᠠᠬᠤ ᠦᠭᠡᠢ ᠪᠣᠷᠳᠣᠭᠤᠷ ᠣᠷᠣᠭᠤᠯᠣᠨ ᠰᠠᠶᠢᠵᠢᠷᠠᠭᠤᠯᠬᠤ ᠲᠣᠷᠰᠢᠯᠳᠠ 1080 ᠮᠦ᠂ ᠬᠦᠮᠦᠨ ᠎ ᠤ ᠬᠦᠴᠦ ᠪᠠᠷ ᠡᠪᠡᠰᠣ ᠲᠠᠷᠢᠬᠤ ᠲᠣᠷᠰᠢᠯᠳᠠ 450 ᠮᠦ᠂  ᠡᠯᠡᠰᠣ ᠶᠢ ᠵᠠᠰᠠᠬᠤ ᠲᠣᠷᠰᠢᠯᠳᠠ 315 ᠮᠦ᠂ ᠬᠠᠳᠣᠯᠠᠩ ᠤᠨ ᠲᠠᠯᠠᠪᠠᠢ ᠶᠢᠨ ᠲᠠᠭᠤᠷᠢᠶᠠᠯᠳᠣ ᠰᠠᠭᠤᠷᠢᠨ ᠭᠠᠵᠠᠷ ᠪᠣᠯᠣᠨ ᠣᠷᠭᠤᠮᠠᠯ ᠤᠨ ᠣᠯᠠᠨ ᠲᠦᠷᠦᠯᠳᠣ ᠴᠢᠨᠠᠷ ᠎ ᠤᠨ ᠪᠠᠶᠢᠴᠠᠭᠠᠯᠳᠠ ᠶᠢᠨ ᠭᠠᠵᠠᠷ ᠤᠨ ᠪᠦᠳᠦᠬᠡᠨ ᠪᠠᠶᠢᠭᠤᠯᠣᠯᠳᠠ ᠲᠣᠰ ᠲᠣᠰ 2000 ᠮᠦ ᠬᠦᠢᠴᠡᠳᠬᠡᠵᠦ᠂ ᠲᠠᠯ᠎ᠠ ᠨᠣᠳᠤᠭ ᠤᠨ ᠣᠷᠭᠤᠮᠠᠯ ᠤᠨ ᠬᠤᠴᠢᠯᠭ᠎ᠠ ᠶᠢᠨ ᠲᠡᠭᠰᠢᠳᠭᠡᠭᠰᠡᠨ ᠦᠨᠳᠣᠷ᠂ ᠪᠦᠷᠬᠦᠴᠡ ᠨᠢ 28.4 ᠰᠡᠨᠲ᠋ᠢᠮᠧᠲᠷ᠂ 79.9%᠎ ᠳᠤ ᠬᠦᠷᠪᠡ᠃       ︵ᠵᠢᠷᠭᠤᠭ᠎ᠠ︶ ᠭᠤᠣᠯᠳᠠᠯᠭᠠᠳᠣ ᠬᠦᠷᠢᠶᠡᠨ ᠳᠠᠬᠢ ᠦᠬᠡᠷᠡᠴᠢᠯᠡᠯᠳᠡ ᠲᠠᠰᠣᠷᠠᠯᠳᠠ ᠦᠬᠡᠢ ᠬᠦᠨᠵᠡᠬᠡᠶᠢᠷᠡᠪᠡ᠃ ︽2015-2020 ᠣᠨ ᠤ ᠦᠬᠡᠷᠡᠴᠢᠯᠡᠯᠳᠡ ᠶᠢᠨ ᠲᠦᠯᠦᠪᠯᠡᠭᠡ ᠶᠢᠨ ᠲᠦᠰᠦᠪ︾᠎ ᠢ ᠵᠣᠬᠢᠶᠠᠵᠦ ᠲᠠᠭᠤᠰᠪᠠ᠂ ᠪᠦᠬᠦ ᠵᠢᠯ ᠤᠨ ᠡᠮᠬᠢᠯᠡᠨ ᠲᠣᠭᠳᠠᠭᠠᠭᠰᠠᠨ ᠦᠬᠡᠷᠡᠴᠢᠯᠡᠬᠦ ᠡᠬᠦᠷᠭᠡ 189 ᠵᠣᠷᠪᠣᠰ᠂ ᠬᠦᠢᠴᠡᠳᠭᠡᠭᠰᠡᠨ 181 ᠵᠣᠷᠪᠣᠰ᠂ ᠬᠦᠢᠴᠡᠳᠭᠡᠭᠰᠡᠨ ᠨᠣᠷᠮ᠎ᠠ 96%᠃ ᠨᠢᠬᠡ ᠪᠦᠯᠦᠭ ᠵᠠᠩᠬᠢᠯᠭ᠎ᠠ ᠶᠢᠨ ᠬᠦᠷᠢᠶ᠎ᠡ ᠬᠡᠪᠴᠢᠶ᠎ᠡ ᠪᠣᠯᠣᠨ ᠭᠤᠣᠯᠳᠠᠯᠭ᠎ᠠ ᠲᠠᠢ ᠬᠡᠰᠡᠭ ᠳᠠᠬᠢ ᠦᠭᠡᠷᠡᠴᠢᠯᠡᠯᠳᠡ ᠶᠢ ᠯᠠᠪᠳᠠᠭᠤᠨ ᠣᠷᠣᠭᠰᠢᠯᠠᠭᠤᠯᠵᠦ᠂ ᠬᠠᠮᠢᠶᠠᠷᠣᠯᠳᠠ ᠶᠢᠨ ᠣᠷᠣᠨ ᠤ ᠬᠤᠨᠢᠨ ᠰᠦᠷᠦᠭ ᠤᠨ ᠴᠠᠭ ᠠᠭᠤᠷ ᠤᠨ ᠵᠢᠭᠠᠯᠳᠠ ᠲᠤᠭ᠎ᠠ ᠶᠢᠨ ᠲᠠᠭᠠᠳᠬᠠᠯ ᠤᠨ ᠦᠬᠡᠷᠡᠴᠢᠯᠠᠯᠳᠠ ᠶᠢᠨ ᠲᠣᠷᠰᠢᠯᠳᠠ ᠶᠢᠨ ᠴᠢᠭ ᠢ ᠪᠠᠶᠢᠭᠤᠯᠵᠦ᠂ ᠲᠠᠭᠠᠭᠠᠴᠢᠯᠠᠨ ᠬᠠᠮᠠᠭᠠᠯᠠᠭᠰᠠᠨ ᠬᠤᠨᠢᠨ ᠰᠦᠷᠦᠭ 20 ᠲᠦᠮᠡᠨ ᠲᠣᠯᠣᠭᠠᠢ ᠎ ᠳᠤ ᠬᠦᠷᠴᠣ᠂ ᠲᠠᠭᠠᠳᠬᠠᠯ ᠤᠨ ᠮᠦᠩᠬᠦ 2500 ᠲᠦᠮᠡ ᠳᠤ ᠬᠦᠷᠴᠦ᠂ ᠪᠦᠬᠦ ᠣᠯᠣᠰ ᠤᠨ ᠬᠡᠪᠴᠢᠶᠡᠨ ᠳᠠᠬᠢ ᠠᠩᠬᠠᠨ ᠤ ︽ᠬᠤᠨᠢᠨ ᠰᠦᠷᠦᠭ ᠤᠨ ᠴᠠᠭ ᠠᠭᠤᠷ ᠤᠨ ᠵᠢᠭᠠᠯᠳᠠ ᠲᠤᠭ᠎ᠠ ᠶᠢᠨ ᠲᠠᠭᠠᠳᠬᠠᠯ︾᠎ ᠤᠨ ᠬᠡᠷ᠎ᠡ ᠪᠠᠶᠢᠭᠤᠯᠣᠭᠰᠠᠨ ᠣᠷᠣᠨ ᠪᠣᠯᠣᠭᠰᠠᠨ ᠪᠠᠶᠢᠨ᠎ᠠ᠃ ᠣᠯᠣᠰ ᠤᠨ ᠲᠠᠷᠢᠶᠠᠯᠠᠩ ᠮᠠᠯᠵᠢᠯ ᠤᠨ ᠲᠠᠯᠠᠪᠠᠢ᠂ ᠣᠯᠠᠭᠠᠢ ᠣᠰᠣᠨ ᠴᠦᠬᠦᠷᠦᠮ ᠤᠨ ᠡᠵᠡᠩᠨᠡᠯᠳᠡ ᠬᠠᠮᠢᠶᠠᠷᠣᠯᠳᠠ ᠶᠢᠨ ᠲᠣᠭᠳᠠᠯᠴᠠᠭ᠎ᠠ ᠶᠢᠨ ᠦᠬᠡᠷᠡᠴᠢᠯᠡᠯᠳᠡ ᠶᠢᠨ ᠡᠯ᠎ᠡ ᠲᠦᠷᠦᠯ ᠤᠨ ᠠᠵᠢᠯ ᠢ ᠡᠮᠬᠢ ᠲᠢᠭᠯᠢᠮ ᠲᠠᠢ ᠣᠷᠣᠭᠰᠢᠯᠠᠭᠤᠯᠵᠦ᠂ ᠲᠠᠯ᠎ᠠ ᠨᠣᠳᠤᠭ ᠤᠨ ᠡᠷᠬᠡ ᠶᠢ ᠲᠣᠳᠣᠯᠠᠨ ᠲᠠᠭᠠᠴᠢᠯᠠᠬᠤ ᠠᠵᠢᠯ ᠪᠣᠳᠠᠳᠣ ᠭᠠᠵᠠᠷ ᠲᠤ ᠲᠡᠮᠳᠡᠭ ᠲᠠᠯᠪᠢᠨ ᠲᠠᠭᠤᠰᠴᠣ᠂ 384 ᠡᠷᠦᠬᠡ ᠶᠢ ᠪᠦᠷᠢᠳᠭᠡᠵᠦ᠂ ᠨᠣᠳᠤᠭ ᠪᠡᠯᠴᠢᠭᠡᠷ 255 ᠲᠦᠮᠡᠨ ᠮᠦ ᠬᠦᠷᠪᠡ᠃ ᠵᠠᠰᠠᠭ ᠤᠨ ᠶᠠᠪᠣᠳᠠᠯ ᠤᠨ ᠦᠢᠯᠡᠴᠢᠯᠡᠯᠭᠡᠨ ᠤ ᠬᠢᠷᠢ ᠲᠦᠪᠰᠢᠨ ᠎ ᠢ ᠲᠠᠰᠣᠷᠣᠯᠳᠠ ᠦᠭᠡᠢ ᠲᠡᠭᠡᠭᠰᠢᠯᠡᠬᠦᠯᠵᠦ᠂ ᠨᠡᠶᠢᠳᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠦᠪ ᠪᠣᠯᠣᠨ ᠦᠯᠦ ᠬᠦᠳᠡᠯᠬᠦ ᠬᠦᠷᠦᠩᠭᠡ ᠪᠦᠷᠢᠳᠭᠡᠬᠦ ᠲᠣᠪᠴᠢᠶ᠎ᠠ ᠶᠢ ᠵᠣᠬᠢᠶᠠᠨ ᠪᠠᠶᠢᠭᠤᠯᠵᠦ᠂ ᠵᠠᠰᠠᠭ ᠤᠨ ᠶᠠᠪᠣᠳᠠᠯ ᠤᠨ ᠦᠢᠯᠡᠴᠢᠯᠡᠯᠬᠡᠨ ᠤ ᠲᠦᠪ᠂ ᠣᠯᠠᠨ ᠲᠦᠮᠡᠨ ᠪᠣᠯᠣᠨ ᠬᠤᠪᠢ ᠶᠢᠨ ᠦᠢᠯᠡᠳᠪᠦᠷᠢ ᠬᠤᠳᠠᠯᠳᠣᠭᠠᠨ ᠤ ᠡᠷᠦᠬᠡ ᠶᠢᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠳᠤ ᠬᠡᠷᠡᠭᠰᠡᠬᠦ ᠬᠡᠷᠡᠭ ᠤᠳ ᠢ ᠪᠦᠬᠦᠨ ᠢ ᠪᠦᠷᠬᠦᠭᠰᠡᠨ ᠪᠠᠶᠢᠬᠤ ᠶᠢ ᠪᠡᠶᠡᠯᠠᠬᠦᠯᠵᠦ᠂ ᠬᠢᠨᠠᠨ ᠵᠦᠪᠰᠢᠶᠡᠷᠡᠯ ᠬᠢᠬᠦ ᠬᠤᠭᠤᠴᠠᠭ᠎ᠠ ᠶᠢ ᠲᠡᠭᠰᠢᠳᠭᠡᠭᠡᠳ 60%᠎ ᠪᠠᠷ ᠪᠠᠭᠠᠰᠬᠠᠪᠠ᠃ ᠡᠷᠬᠡ ᠵᠦᠢ ᠶᠢᠨ ᠴᠢᠳᠠᠮᠵᠢ ᠶᠢ ᠣᠯᠠᠮ ᠨᠢᠬᠡ ᠠᠯᠬᠤᠮ ᠲᠡᠭᠦᠯᠳᠡᠷᠵᠢᠬᠦᠯᠵᠦ᠂ ᠰᠢᠬᠦᠬᠦ ᠬᠤᠷᠢᠶ᠎ᠠ ᠪᠠᠶᠢᠭᠤᠯᠬᠤ ᠶᠠᠪᠣᠳᠠᠯ ᠦᠪᠡᠷᠳᠡᠭᠡᠨ ᠵᠠᠰᠠᠬᠤ ᠣᠷᠣᠨ ᠤ ᠦᠨᠳᠦᠷ ᠵᠡᠷᠭᠡ ᠶᠢᠨ ᠰᠢᠬᠦᠬᠦ ᠬᠤᠷᠢᠶ᠎ᠠ᠂ ᠦᠪᠡᠷᠳᠡᠭᠡᠨ ᠵᠠᠰᠠᠬᠤ ᠣᠷᠣᠨ ᠤ ᠣᠷᠣᠨ ᠲᠤᠭ᠎ᠠ ᠶᠢᠨ ᠠᠯᠪᠠᠨ ᠭᠡᠷ ᠤᠨ ᠵᠦᠪᠰᠢᠶᠡᠷᠡᠯ ᠢ ᠣᠯᠵᠦ᠂ ᠬᠠᠮᠤᠭ ᠤᠨ ᠦᠨᠳᠦᠷ ᠵᠡᠷᠭᠡ ᠶᠢᠨ ᠰᠢᠬᠦᠬᠦ ᠬᠤᠷᠢᠶᠠᠨ ᠳᠤ ᠮᠡᠳᠡᠬᠦᠯᠦᠨ ᠬᠢᠨᠠᠭᠤᠯᠪᠠ᠂ ᠪᠠᠶᠢᠴᠠᠭᠠᠬᠤ ᠬᠤᠷᠢᠶ᠎ᠠ ᠪᠠᠶᠢᠭᠤᠯᠬᠤ ᠶᠠᠪᠣᠳᠠᠯ ᠢ ᠦᠪᠡᠷᠳᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶᠠᠨ ᠳᠤ ᠮᠡᠳᠡᠬᠦᠯᠦᠨ ᠬᠢᠨᠠᠨ ᠪᠠᠶᠢᠴᠠᠯᠭᠠᠪᠠ᠃         ︵ᠲᠣᠯᠤᠭ᠎ᠠ︶ ᠠᠷᠠᠳ ᠤᠨ ᠠᠮᠢᠳᠣᠷᠠᠯ ᠦᠷᠬᠦᠯᠵᠢᠯᠡᠨ ᠰᠠᠶᠢᠵᠢᠷᠠᠪᠠ᠃ ᠡᠳ᠋ ᠶᠢᠨ ᠬᠦᠴᠦᠨ ᠲᠣᠶᠢᠯ ᠤᠨ ᠬᠦᠴᠢᠷᠳᠡᠯᠳᠡᠢ ᠪᠠᠶᠢᠳᠠᠯ ᠲᠣᠣᠷ᠎ᠠ᠂ ᠣᠷᠢᠳᠠᠪᠡᠷ ᠠᠷᠠᠳ ᠤᠨ ᠠᠮᠢᠳᠣᠷᠠᠯ ᠤᠨ ᠪᠠᠳᠣᠯᠭ᠎ᠠ ᠶᠢᠨ ᠬᠦᠷᠢᠶᠡᠨ ᠳᠠᠬᠢ ᠵᠠᠷᠣᠯᠭ᠎ᠠ 6.13 ᠳ᠋ᠦᠩᠰᠢᠭᠤᠷ ᠲᠦᠬᠦᠷᠢᠭ ᠢ ᠵᠠᠷᠣᠴᠠᠭᠤᠯᠵᠦ᠂ ᠣᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠵᠠᠷᠣᠯᠭ᠎ᠠ ᠶᠢᠨ 84.3%᠎ ᠶᠢ ᠡᠵᠡᠯᠡᠪᠡ᠃ ᠪᠦᠬᠦ ᠬᠦᠴᠦᠨ ᠢᠶᠠᠷ ︽ᠠᠷᠪᠠ ᠶᠢ ᠪᠦᠷᠬᠦᠬᠦᠯᠬᠦ︾ ᠢᠨᠵᠧᠨᠧᠷᠢᠩ ᠢ ᠲᠦᠯᠬᠢᠨ ᠠᠬᠢᠭᠤᠯᠵᠦ᠂ ᠪᠦᠬᠦ ᠵᠢᠯ ᠳᠤ 1.59 ᠳ᠋ᠦᠩᠰᠢᠭᠤᠷ ᠲᠦᠬᠦᠷᠢᠭ ᠪᠡᠯᠡ ᠣᠷᠣᠭᠤᠯᠵᠦ᠂ 18 ᠬᠤᠪᠢᠶᠠᠷᠢ ᠲᠠᠯᠠᠪᠠᠢ ︵ᠭᠠᠴᠠᠭ᠎ᠠ ᠲᠣᠰᠬᠤᠨ︶ 38 ᠲᠣᠰᠬᠤᠨ ᠤ ᠪᠦᠳᠦᠬᠡᠨ ᠪᠠᠶᠢᠭᠤᠯᠬᠤ ᠡᠬᠦᠷᠭᠡ ᠶᠢ ᠬᠦᠢᠴᠡᠳᠭᠡᠵᠦ᠂ ᠪᠦᠷᠬᠦᠭᠰᠡᠨ ᠬᠡᠮᠵᠢᠶ᠎ᠡ ᠲᠣᠰ ᠲᠣᠰ 90%᠂ 63%᠎ ᠳᠤ ᠬᠦᠷᠪᠡ᠃ ᠮᠦᠩᠬᠦᠨ ᠬᠦᠢᠯᠬᠡᠬᠡᠨ ᠤ ᠶᠠᠳᠠᠭᠤ ᠶᠢ ᠲᠡᠳᠬᠦᠬᠦ᠂ ᠣᠷᠣᠨ ᠲᠣᠭᠳᠠᠭᠠᠵᠦ ᠲᠡᠳᠬᠦᠬᠦ᠂ ᠰᠣᠷᠭᠠᠨ ᠬᠦᠮᠦᠵᠢᠯ ᠢ ᠲᠡᠳᠬᠦᠬᠦ᠂ ᠪᠣᠯᠣᠨ ᠠᠵᠦ ᠦᠢᠯᠡᠰ ᠢ ᠲᠡᠳᠬᠦᠬᠦ ᠶᠢ ᠨᠢᠭᠡᠳᠦᠯᠳᠡᠢ ᠰᠠᠶᠢᠳᠣᠷ ᠠᠳᠬᠤᠵᠦ᠂ ᠪᠦᠬᠦ ᠬᠦᠴᠦᠨ ᠢᠶᠠᠷ ᠶᠠᠳᠠᠭᠤ ᠶᠢ ᠲᠡᠳᠬᠦᠬᠦ ᠶᠢ ᠲᠦᠯᠬᠢᠨ ᠠᠬᠢᠭᠤᠯᠵᠦ᠂ 148 ᠬᠦᠮᠦᠨ ᠶᠠᠳᠠᠭᠤ ᠠᠴᠠ ᠠᠩᠵᠢᠷᠠᠪᠠ᠃ ᠠᠷᠠᠳ ᠲᠤ ᠠᠮᠠᠯᠠᠭᠰᠠᠨ ᠶᠢᠰᠦᠨ ᠶᠠᠪᠣᠳᠠᠯ ᠎ ᠢ ᠪᠦᠬᠦ ᠲᠠᠯ᠎ᠠ ᠪᠠᠷ ᠪᠡᠶᠡᠯᠡᠬᠦᠯᠪᠡ᠃ ᠰᠣᠷᠭᠠᠨ ᠬᠦᠮᠦᠵᠢᠯ ᠤᠨ ᠴᠢᠨᠠᠷ ᠴᠢᠨᠠᠰᠠᠭ᠎ᠠ ᠶᠢ ᠲᠡᠭᠡᠭᠰᠢᠯᠡᠬᠦᠯᠬᠦ ᠭᠤᠷᠪᠠᠨ ᠵᠢᠯ ᠎ ᠤᠨ ᠠᠵᠢᠯᠯᠠᠭ᠎ᠠ ᠶᠢᠨ ᠲᠦᠯᠦᠪᠯᠡᠭᠡ ᠶᠢ ᠨᠠᠷᠢᠨ ᠬᠢᠨᠠᠮᠠᠭᠠᠢ ᠬᠦᠢᠴᠡᠳᠬᠡᠵᠦ᠂ ᠬᠡᠪ ᠴᠢᠨᠡᠷ ᠤᠨ ᠰᠣᠷᠭᠠᠨ ᠬᠦᠮᠦᠵᠢᠯ ᠢ ᠪᠦᠳᠦᠮᠵᠢᠳᠡᠢ ᠲᠦᠯᠬᠢᠨ ᠠᠬᠢᠭᠤᠯᠵᠦ᠂ ᠰᠢᠨ᠎ᠡ ᠶᠡᠭᠡ ᠰᠣᠷᠭᠠᠭᠤᠯᠢ ᠳᠤ ᠰᠢᠯᠭᠠᠭᠰᠠᠳ ᠪᠣᠱᠤᠭ᠎ᠠ ᠲᠠᠪᠠᠭᠰᠠᠳ ᠤᠨ ᠨᠣᠷᠮ᠎ᠠ ᠶᠢ ᠣᠯᠠᠮ ᠨᠢᠬᠡ ᠠᠯᠬᠤᠮ ᠲᠡᠭᠡᠭᠰᠢᠯᠡᠬᠦᠯᠪᠡ᠃ ᠴᠦᠨ ᠬᠤᠢ ᠪᠠᠭ᠎ᠠ ᠰᠣᠷᠭᠠᠭᠤᠯᠢ᠂ ᠮᠣᠩᠭᠤᠯ ᠰᠣᠷᠭᠠᠭᠤᠯᠢ ᠎ ᠶᠢᠨ ᠲᠣᠷᠰᠢᠯᠳᠠ ᠶᠢᠨ ᠠᠰᠠᠷ᠂ ᠲᠣᠮᠳᠠᠳᠣ ᠰᠣᠷᠭᠠᠭᠤᠯᠢ ᠶᠢᠨ ᠹᠧᠩ ᠢᠦᠢ ᠲᠠᠮᠢᠷ ᠤᠨ ᠲᠠᠯᠠᠪᠣᠷ ᠵᠡᠷᠭᠡ ᠢᠨᠵᠧᠨᠧᠷᠢᠩ ᠤᠨ ᠪᠦᠳᠦᠬᠡᠨ ᠪᠠᠶᠢᠭᠤᠯᠣᠯᠳᠠ ᠶᠢ ᠠᠯᠬᠤᠮ ᠲᠠᠷᠠᠭ᠎ᠠ ᠲᠠᠢ ᠲᠦᠯᠬᠢᠨ ᠠᠬᠢᠭᠤᠯᠵᠦ᠂ ᠡᠯ᠎ᠡ ᠰᠣᠷᠭᠠᠭᠤᠯᠢ ᠶᠢᠨ ᠠᠯᠪᠠᠨ ᠵᠢᠷᠣᠮ ᠤᠨ ᠰᠣᠷᠭᠠᠨ ᠬᠦᠮᠦᠵᠢᠯ ᠤᠨ ᠲᠡᠩᠴᠡᠬᠦᠷᠢᠳᠡᠢ ᠬᠦᠭᠵᠢᠯᠳᠡ ᠨᠢ ᠣᠯᠣᠰ ᠤᠨ ᠰᠢᠯᠭᠠᠨ ᠪᠠᠶᠢᠴᠠᠭᠠᠯᠳᠠ ᠶᠢ ᠦᠩᠭᠡᠷᠡᠪᠡ᠃ ᠠᠵᠢᠯ ᠣᠯᠬᠤ ᠦᠢᠯᠡᠰ ᠪᠣᠰᠬᠠᠬᠤ ᠠᠵᠢᠯ ᠢ ᠲᠣᠭᠳᠠᠭᠤᠨ ᠣᠷᠣᠭᠰᠢᠯᠠᠭᠤᠯᠵᠦ᠂ ᠪᠠᠭ᠎ᠠ ᠲᠣᠭᠠᠨ ᠤ ᠲᠠᠭᠠᠭᠠᠯᠳᠠ ᠲᠠᠢ ᠵᠢᠭᠡᠯᠡᠯᠬᠡ 2720 ᠲᠦᠮᠡᠨ ᠲᠦᠬᠦᠷᠢᠭ ᠲᠠᠯᠪᠢᠵᠦ᠂ ᠨᠡᠬᠡᠬᠡᠨ ᠴᠣᠭᠯᠠᠭᠤᠯᠣᠭᠰᠠᠨ ᠠᠵᠢᠯ ᠣᠯᠭᠤᠬᠤ ᠪᠠᠶᠢᠷᠢ 2526᠂ ᠡᠯ᠎ᠡ ᠲᠦᠷᠦᠯ ᠤᠨ ᠬᠦᠮᠦᠰ ᠢ ᠲᠣᠬᠢᠨᠠᠭᠤᠯᠣᠨ ᠠᠵᠢᠯ ᠣᠯᠭᠤᠭᠰᠠᠨ ᠲᠤᠭ᠎ᠠ 1116 ᠬᠦᠮᠦᠨ᠂ ᠬᠤᠳᠠ ᠪᠠᠯᠭᠠᠰᠣᠨ ᠤ ᠪᠦᠷᠢᠳᠭᠡᠯ ᠲᠠᠢ ᠠᠵᠢᠯ ᠠᠯᠳᠠᠭᠰᠠᠳ ᠤ ᠨᠣᠷᠮ᠎ᠠ ᠶᠢ 2.9% ᠲᠣᠳᠣᠷ᠎ᠠ ᠬᠢᠵᠠᠭᠠᠷᠯᠠᠵᠠᠢ᠃ ᠨᠡᠶᠢᠬᠡᠮ ᠤᠨ ᠪᠠᠳᠣᠯᠭ᠎ᠠ ᠶᠢᠨ ᠲᠣᠰᠠᠯᠠᠮᠵᠢ ᠶᠢᠨ ᠰᠢᠰᠲ᠋ᠧᠮ ᠢ ᠣᠯᠠᠮ ᠨᠢᠬᠡ ᠠᠯᠬᠤᠮ ᠲᠡᠭᠦᠯᠳᠡᠷᠵᠢᠬᠦᠯᠵᠦ᠂ ᠣᠨᠴᠠᠭᠠᠢ ᠬᠦᠴᠢᠷᠳᠡᠯᠳᠡᠢ ᠬᠠᠮᠳᠣ ᠣᠯᠠᠨ ᠤ ᠪᠠᠳᠣᠯᠭ᠎ᠠ ᠶᠢᠨ ᠪᠠᠷᠢᠮᠵᠢᠶ᠎ᠠ ᠶᠢ ᠲᠡᠭᠡᠭᠰᠢᠯᠡᠬᠦᠯᠬᠦ᠂ ᠲᠣᠰᠠᠯᠠᠬᠤ ᠪᠣᠯᠣᠨ ᠨᠦᠬᠦᠪᠦᠷᠢᠯᠡᠬᠦ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠣᠣᠱᠯᠠᠭᠤᠯᠵᠦ᠂ ᠪᠦᠬᠦ ᠵᠢᠯ ᠳᠤ ᠨᠡᠶᠢᠳᠡ 606 ᠲᠦᠮᠡᠨ ᠲᠦᠬᠦᠷᠢᠭ ᠲᠣᠰᠠᠯᠠᠮᠵᠢ ᠶᠢᠨ ᠮᠦᠩᠬᠦ ᠣᠷᠣᠭᠤᠯᠪᠠ᠃ ᠡᠮ ᠡᠮᠨᠡᠯᠬᠡ ᠡᠷᠡᠬᠦᠯ ᠬᠠᠮᠠᠭᠠᠯᠠᠯ ᠤᠨ ᠲᠣᠭᠳᠠᠯᠴᠠᠭ᠎ᠠ ᠶᠢ ᠬᠦᠨᠵᠡᠬᠡᠶᠢᠷᠡᠬᠦᠯᠦᠨ ᠦᠬᠡᠷᠡᠴᠢᠯᠡᠵᠦ᠂ ᠡᠮᠨᠡᠯᠬᠡ ᠡᠷᠡᠬᠦᠯ ᠬᠠᠮᠠᠭᠠᠯᠠᠯ ᠤᠨ ᠦᠢᠯᠡᠴᠢᠯᠡᠯᠬᠡ ᠶᠢᠨ ᠲᠣᠭᠳᠠᠯᠴᠠᠭ᠎ᠠ ᠶᠢ ᠲᠠᠰᠣᠷᠠᠯᠳᠠ ᠦᠭᠡᠢ ᠲᠡᠭᠦᠯᠳᠡᠷᠵᠢᠬᠦᠯᠦᠨ᠂ ᠠᠷᠠᠳ ᠤᠨ ᠡᠮᠨᠡᠯᠬᠡ ᠶᠢᠨ ᠬᠤᠷᠢᠶ᠎ᠠ ᠬᠤᠶᠠᠳᠣᠭᠠᠷ ᠵᠡᠷᠭᠡ ᠶᠢᠨ ᠬᠦᠬᠡᠭᠴᠢᠨ ᠲᠡᠰ ᠤᠨ ᠡᠮᠨᠡᠯᠭᠡ ᠶᠢᠨ ᠬᠤᠷᠢᠶ᠎ᠠ ᠪᠠᠷ ᠦᠨᠡᠯᠡᠭᠳᠡᠵᠦ᠂ ᠦᠪᠦᠷ ᠮᠣᠩᠭᠤᠯ ᠤᠨ ᠠᠷᠠᠳ ᠤᠨ ᠡᠮᠨᠡᠯᠬᠡ ᠶᠢᠨ ᠬᠤᠷᠢᠶ᠎ᠠ ᠲᠠᠢ ᠭᠤᠷᠪᠠᠨ ᠵᠢᠯ ᠤᠨ ᠭᠤᠣᠯᠳᠠᠯᠭ᠎ᠠ ᠲᠠᠢ ᠠᠵᠢᠯ ᠲᠦᠷᠦᠯ ᠢᠶᠠᠷ ᠲᠡᠮᠵᠢᠨ ᠬᠠᠮᠵᠢᠯᠴᠠᠬᠤ ᠬᠡᠯᠡᠯᠴᠡᠭᠡᠷ ᠪᠠᠶᠢᠭᠤᠯᠪᠠ᠃ 637 ᠲᠦᠮᠡᠨ ᠲᠦᠬᠦᠷᠢᠭ ᠤᠨ ᠪᠡᠯᠡ ᠣᠷᠣᠭᠤᠯᠵᠦ᠂ 5 ᠭᠠᠴᠠᠭ᠎ᠠ ᠲᠣᠰᠬᠤᠨ ᠨᠡᠶᠢᠬᠡᠮ ᠲᠣᠭᠤᠷᠢᠭ ᠤᠨ ᠡᠷᠡᠬᠦᠯ ᠬᠠᠮᠠᠭᠠᠯᠠᠯ ᠤᠨ ᠲᠠᠰᠤᠭ᠂ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠪᠠᠴᠢᠮ ᠠᠪᠣᠷᠠᠯᠳᠠ ᠶᠢᠨ ᠲᠦᠪ  ᠪᠣᠯᠣᠨ ᠭᠠᠯ ᠣᠨᠳᠠᠷᠠᠭᠠᠬᠤ ᠰᠢᠰᠲ᠋ᠧᠮ ᠵᠡᠷᠭᠡ ᠶᠢᠨ ᠪᠦᠳᠦᠬᠡᠨ ᠪᠠᠶᠢᠭᠤᠯᠣᠯᠳᠠ ᠶᠢ ᠪᠡᠶᠡᠯᠡᠬᠦᠯᠵᠦ᠂ ᠬᠠᠯᠠᠭᠠᠶᠢᠳᠣ᠂ ᠬᠡᠰᠡᠭ ᠠᠭᠤᠯᠠ ᠬᠤᠶᠠᠷ ᠲᠠᠯᠠᠪᠠᠢ ᠪᠣᠯᠣᠨ ᠪᠠᠶᠠᠨᠬᠤᠰᠢᠭᠤ ᠪᠠᠯᠭᠠᠰᠣᠨ ᠤ ᠡᠷᠡᠬᠦᠯ ᠬᠠᠮᠠᠭᠠᠯᠠᠯ ᠤᠨ ᠦᠢᠯᠡᠴᠢᠯᠡᠯᠬᠡᠨ ᠤ ᠲᠦᠪ ᠡᠮᠨᠡᠯᠬᠡ ᠡᠷᠡᠬᠦᠯ ᠬᠠᠮᠭᠠᠯᠠᠯ ᠤᠨ ᠰᠢᠯᠵᠢᠨ ᠦᠢᠯᠡᠴᠢᠯᠡᠬᠦ ᠮᠠᠰᠢᠨ ᠲᠡᠷᠭᠡ ᠪᠦᠬᠦᠨ ᠢ ᠪᠦᠷᠬᠦᠬᠦ ᠶᠢ ᠪᠠᠶᠡᠯᠡᠬᠦᠯᠪᠡ᠃  ᠰᠦᠢᠳᠭᠡᠯ ᠦᠭᠡᠢ ᠵᠢᠵᠢᠭ ᠡᠮ ᠎ ᠤᠨ ᠬᠠᠶᠢᠷᠴᠠᠭ ᠢ ᠨᠡᠶᠢᠳᠡ 3449᠎ ᠶᠢ ᠲᠠᠷᠠᠭᠠᠵᠦ᠂ 1806 ᠲᠠᠷᠢᠶᠠᠴᠢᠨ ᠮᠠᠯᠴᠢᠨ ᠳᠤ ᠰᠦᠢᠳᠭᠡᠯ ᠦᠭᠡᠢ ᠡᠷᠡᠬᠦᠯ ᠴᠠᠬᠢᠷᠠᠭ ᠤᠨ ᠪᠡᠶ᠎ᠡ ᠪᠠᠶᠢᠴᠭᠠᠯᠳᠠ ᠬᠢᠵᠦ᠂ 2980 ᠬᠦᠮᠦᠨ ᠳᠤ ᠪᠷᠦ᠋ᠼᠧᠯ ᠪᠠᠺᠲ᠋ᠧᠷᠢ ᠡᠪᠡᠳᠴᠢᠨ ᠤ ᠪᠠᠶᠢᠴᠠᠭᠠᠯᠳᠠ ᠬᠢᠵᠦ᠂ ᠮᠠᠯᠴᠢᠨ ᠲᠠᠷᠢᠶᠠᠴᠢᠨ ᠤ ᠰᠢᠨ᠎ᠡ ᠮᠠᠶ᠋ᠢᠭ ᠤᠨ ᠬᠦᠳᠡᠭᠡ ᠲᠣᠰᠬᠤᠨ ᠤ ᠬᠤᠷᠰᠢᠶᠠᠵᠢᠭᠰᠠᠨ ᠡᠮᠨᠡᠯᠬᠡ ᠳᠤ ᠣᠷᠣᠯᠴᠠᠭᠰᠠᠨ ᠨᠣᠷᠮ᠎ᠠ 97.5%᠎ ᠳᠤ ᠬᠦᠷᠪᠡ᠂ ᠰᠠᠭᠤᠭᠠᠯᠢ ᠠᠷᠠᠳ ᠤᠨ ᠡᠯᠧᠺᠲᠷᠦᠨ‌ᠡᠷᠡᠬᠦᠯ ᠴᠠᠬᠢᠷᠠᠭ ᠤᠨ ᠲᠠᠩᠰᠠ ᠡᠪᠬᠡᠮᠡᠯ ᠪᠠᠶᠢᠭᠤᠯᠣᠭᠰᠠᠨ ᠨᠣᠷᠮ᠎ᠠ 90.6%᠎ ᠳᠤ ᠬᠦᠷᠪᠡ᠃ ᠡᠯ᠎ᠡ ᠵᠦᠢᠯ ᠤᠨ ᠲᠦᠯᠦᠪᠯᠡᠭᠡᠳᠣ ᠦᠷᠡᠵᠢᠯ ᠤᠨ ᠱᠠᠩᠨᠠᠨ ᠲᠡᠮᠵᠢᠬᠦ ᠲᠦᠷᠦ ᠶᠢᠨ ᠪᠣᠳᠣᠯᠭ᠎ᠠ ᠶᠢ ᠲᠣᠣᠱᠯᠠᠭᠤᠯᠵᠦ᠂ ᠱᠠᠩᠨᠠᠯ ᠤᠨ ᠮᠦᠩᠬᠦ 124 ᠲᠦᠮᠡᠨ ᠲᠦᠬᠦᠷᠢᠭ ᠲᠠᠷᠠᠭᠠᠪᠠ᠃ ᠬᠦᠳᠡᠭᠡ ᠲᠣᠰᠬᠤᠨ ᠮᠠᠯᠵᠢᠬᠤ ᠣᠷᠣᠨ ᠤ ᠣᠣᠭᠤᠬᠤ ᠣᠰᠣᠨ ᠤ ᠠᠮᠣᠷ ᠲᠦᠪᠰᠢᠨ ᠤ ᠢᠨᠵᠧᠨᠧᠷᠢᠩ᠂ ᠴᠠᠬᠢᠯᠭᠠᠨ ᠬᠠᠩᠭᠠᠬᠤ ᠣᠳᠠᠰᠣ ᠱᠣᠭᠤᠮ ᠤᠨ ᠪᠦᠳᠦᠬᠡᠨ ᠪᠠᠶᠢᠭᠤᠯᠣᠯᠳᠠ ᠶᠢᠨ ᠢᠨᠵᠧᠨᠧᠷᠢᠩ᠂ ᠵᠠᠮ ᠱᠣᠭᠤᠮ ᠤᠨ ᠪᠦᠳᠦᠬᠡᠨ ᠪᠠᠶᠢᠭᠤᠯᠣᠯᠳᠠ ᠶᠢᠨ ᠢᠨᠵᠧᠨᠧᠷᠢᠩ ᠤᠨ ᠪᠦᠬᠦᠳᠡ ᠠᠵᠢᠯ ᠢ ᠲᠠᠭᠤᠰᠬᠠᠪᠠ᠃ ᠠᠶᠢᠮᠠᠭ ᠬᠠᠮᠢᠶᠠᠷᠣᠯᠳᠠ ᠶᠢᠨ ᠣᠷᠣᠨ ᠤ ᠭᠠᠵᠠᠷ ᠣᠷᠣᠨ ᠤ ᠲᠧᠯᠸᠢᠰ ᠤᠨ ᠶᠡᠷᠦᠩᠬᠡᠢ ᠪᠦᠷᠬᠦᠯᠳᠡ ᠎ ᠶᠢᠨ ᠨᠣᠷᠮ᠎ᠠ 92%᠎ ᠠᠴᠠ ᠲᠡᠭᠡᠭᠰᠢ ᠬᠦᠷᠪᠡ᠃ ᠨᠠᠰᠣᠳᠠᠶᠢᠴᠣᠳ ᠤᠨ ᠡᠬᠦᠳᠡᠨ ᠪᠦᠮᠪᠦᠭᠡ ᠶᠢᠨ ᠣᠷᠳᠣᠨ ᠤ ᠭᠤᠣᠯ ᠴᠣᠭᠴᠠ ᠶᠢᠨ ᠢᠨᠵᠧᠨᠧᠷᠢᠩ ᠦᠨᠳᠣᠰᠦᠨ ᠳᠡᠭᠡᠨ ᠠᠵᠢᠯ ᠲᠠᠭᠤᠰᠪᠠ᠃       ︵ᠨᠠᠢᠮᠠ︶ ᠨᠡᠶᠢᠭᠡᠮ ᠤᠨ ᠵᠠᠰᠠᠨ ᠴᠡᠭᠴᠡᠯᠡᠯᠳᠡ ᠢ ᠯᠠᠪᠳᠠᠭᠤᠨ ᠢᠶᠠᠷ ᠲᠦᠯᠬᠢᠨ ᠣᠷᠣᠭᠰᠢᠯᠠᠭᠤᠯᠪᠠ᠃ ︽ᠠᠮᠣᠷ ᠲᠠᠶᠢᠪᠣᠩ ᠣᠯᠠᠭᠠᠢ︾᠎ ᠶᠢᠨ ᠪᠦᠳᠦᠬᠡᠨ ᠪᠠᠶᠢᠭᠤᠯᠣᠯᠳᠠ ᠶᠢ ᠴᠢᠩᠭᠠᠳᠬᠠᠵᠦ᠂ ᠵᠠᠬᠢᠳᠠᠯ ᠰᠣᠷᠪᠣᠯᠵᠢᠯᠭ᠎ᠠ ᠲᠣᠭᠳᠠᠭᠤᠨ ᠢ ᠪᠠᠳᠣᠯᠠᠬᠤ ᠪᠣᠯᠣᠨ ᠠᠮᠣᠷ ᠲᠠᠶᠢᠪᠣᠩ ᠢ ᠪᠠᠳᠣᠯᠠᠬᠤ ᠡᠯ᠎ᠡ ᠲᠦᠷᠦᠯ ᠤᠨ ᠠᠵᠢᠯ ᠢ ᠬᠦᠨᠵᠡᠬᠡᠶᠢᠷᠡᠬᠦᠯᠦᠨ ᠦᠷᠨᠢᠬᠦᠯᠵᠦ᠂ ᠡᠯ᠎ᠡ ᠲᠦᠷᠦᠯ ᠤᠨ ᠵᠦᠷᠢᠴᠡᠯ ᠵᠢᠭᠤᠷᠠᠯᠳᠣᠭᠠᠨ ᠢ 348 ᠰᠢᠷᠭᠡᠭ ᠪᠠᠶᠢᠴᠠᠭᠠᠵᠦ ᠂᠂ ᠠᠮᠵᠢᠯᠳᠠ ᠲᠠᠢ ᠰᠢᠢᠳᠪᠦᠷᠢᠯᠡᠭᠰᠡᠨ ᠨᠣᠷᠮ᠎ᠠ ᠨᠢ 98%᠎ ᠳᠤ ᠬᠦᠷᠪᠡ᠃ ᠵᠠᠬᠢᠳᠠᠯ ᠰᠣᠷᠪᠣᠯᠵᠢᠯᠠᠭ᠎ᠠ ᠶᠢᠨ ᠶᠡᠷᠦᠩᠬᠡᠢ ᠬᠡᠮᠵᠢᠶ᠎ᠡ ᠪᠣᠯᠣᠨ ᠬᠦᠮᠦᠨ ᠤ ᠲᠤᠭ᠎ᠠ ᠲᠣᠰ ᠲᠣᠰ 34.7% ᠪᠣᠯᠣᠨ 24.4%᠎ ᠪᠠᠷ ᠲᠣᠷᠣᠭᠰᠢᠯᠠᠪᠠ᠃ ᠰᠢᠨᠵᠢᠯᠡᠭᠡ ᠮᠡᠷᠬᠡᠵᠢᠯ ᠢᠶᠠᠷ ᠴᠠᠭᠳᠠᠭ᠎ᠠ ᠶᠢ ᠵᠠᠪᠰᠡᠭᠯᠡᠬᠦ ᠠᠵᠢᠯ ᠤᠨ ᠬᠦᠴᠦᠯᠡᠴᠡ ᠶᠢ ᠶᠡᠬᠡᠰᠬᠡᠵᠦ᠂ ᠡᠯ᠎ᠡ ᠵᠦᠢᠯ ᠤᠨ ᠬᠠᠣᠯᠢ ᠶᠢ ᠵᠦᠷᠢᠴᠡᠵᠦ ᠶᠠᠯ᠎ᠠ ᠬᠢᠬᠦ ᠠᠵᠢᠯᠯᠠᠭ᠎ᠠ ᠳᠤ ᠬᠠᠣᠯᠢ ᠶᠣᠰᠣᠭᠠᠷ ᠴᠣᠬᠢᠯᠳᠠ ᠦᠭᠴᠦ᠂ ᠠᠮᠣᠷ ᠲᠠᠶᠢᠪᠣᠩ ᠰᠢᠯᠢ ᠶᠢᠨ ᠭᠤᠣᠯ ᠠᠶᠢᠮᠠᠭ ᠤᠨ ᠨᠡᠶᠢᠬᠡᠮ ᠤᠨ ᠵᠠᠰᠠᠨ ᠴᠡᠭᠴᠡᠯᠡᠯᠳᠡ ᠶᠢᠨ ᠲᠣᠭᠠᠵᠢᠭᠤᠯᠬᠤ ᠢᠨᠵᠧᠨᠧᠷᠢᠩ ᠤᠨ ᠣᠯᠠᠭᠠᠢ ᠶᠢᠨ ᠬᠡᠰᠡᠭ ᠲᠠᠬᠢ ᠪᠦᠳᠦᠬᠡᠨ ᠪᠠᠶᠢᠭᠤᠯᠬᠤ ᠡᠬᠦᠷᠭᠡ ᠪᠠᠨ 80%᠎ ᠪᠠᠷ ᠪᠡᠶᠡᠯᠡᠬᠦᠯᠵᠦ᠂ ᠠᠮᠣᠷ ᠲᠦᠪᠰᠢᠨ ᠎ ᠤ ᠬᠡᠷᠡᠭ ᠵᠠᠷᠭᠤ ᠡᠬᠦᠰᠬᠦ ᠨᠣᠷᠮ᠎ᠠ ᠨᠢ 4.9%᠎ ᠪᠠᠷ ᠲᠣᠷᠣᠭᠰᠢᠯᠠᠪᠠ᠃ ︽ᠨᠠᠮ ᠵᠠᠰᠠᠭ ᠬᠠᠷᠢᠭᠤᠴᠠᠯᠭ᠎ᠠ ᠨᠢᠬᠡ᠂ ᠨᠢᠬᠡ ᠪᠠᠶᠢᠷᠢ ᠬᠤᠶᠠᠷ ᠬᠠᠷᠢᠭᠤᠴᠠᠯᠭ᠎ᠠ︾᠎ ᠶᠢ ᠴᠢᠩᠭ᠎ᠠ ᠨᠢᠮᠪᠠᠢ ᠲᠣᠣᠱᠯᠠᠭᠤᠯᠵᠦ᠂ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠳᠠᠬᠢ ᠬᠠᠣᠯᠢ ᠬᠡᠷᠡᠭᠵᠢᠬᠦᠯᠦᠨ ᠬᠢᠨᠠᠨ ᠬᠠᠮᠢᠶᠠᠷᠬᠤ ᠪᠣᠯᠣᠨ ᠭᠡᠮ ᠰᠣᠭᠤᠭ ᠪᠠᠶᠢᠴᠠᠭᠠᠬᠤ ᠶᠢ ᠨᠠᠷᠢᠨ ᠬᠢᠨᠠᠮᠠᠭᠠᠢ ᠠᠳᠬᠤᠵᠦ᠂ ᠠᠮᠣᠷ ᠲᠦᠪᠰᠢᠨ ᠦᠢᠯᠡᠳᠪᠦᠷᠢᠯᠡᠯ ᠤᠨ ᠪᠠᠶᠢᠳᠠᠯ ᠶᠡᠷᠦᠩᠬᠡᠢ ᠳᠡᠭᠡᠨ ᠲᠣᠭᠳᠠᠭᠤᠨ ᠪᠣᠯᠪᠠ᠃         ᠬᠢᠷᠢ ᠪᠦᠳᠦᠮᠵᠢ ᠪᠠᠨ ᠪᠠᠳᠣᠯᠠᠬᠤ ᠶᠢᠨ ᠬᠠᠮᠳᠣ᠂ ᠨᠡᠶᠢᠭᠡᠮ ᠠᠵᠦ ᠠᠬᠤᠢ ᠶᠢᠨ ᠬᠦᠭᠵᠢᠯᠳᠡ ᠲᠣᠮᠳᠠ ᠮᠠᠰᠢ ᠣᠯᠠᠨ ᠬᠦᠴᠢᠷ ᠪᠣᠯᠣᠨ ᠠᠰᠠᠭᠤᠳᠠᠯ ᠣᠷᠣᠰᠢᠵᠦ ᠪᠠᠶᠢᠨ᠎ᠠ᠃ ᠭᠤᠣᠯᠳᠠᠭᠤ ᠲᠠᠯ᠎ᠠ ᠨᠣᠳᠤᠭ ᠤᠨ ᠠᠮᠢ ᠠᠬᠤᠢ ᠎ ᠶᠢᠨ ᠣᠷᠴᠢᠨ ᠲᠣᠭᠤᠷᠢᠨ ᠮᠦᠨ ᠯᠡ ᠬᠡᠪᠡᠷᠡᠭ ᠪᠠᠶᠢᠭᠰᠠᠭᠠᠷ᠂ ᠲᠠᠭᠠᠴᠠ ᠠᠴᠠ ᠬᠡᠳᠦᠷᠡᠳᠡᠯ᠎ᠡ ᠮᠠᠯᠵᠢᠬᠤ᠂ ᠪᠠᠶᠢᠭᠠᠯᠢ ᠎ ᠶᠢᠨ ᠬᠠᠳᠣᠯᠠᠩ ᠢ ᠬᠡᠮᠵᠢᠶᠡᠨ ᠠᠴᠠ ᠨᠢ ᠬᠡᠳᠦᠷᠡᠳᠡᠯ᠎ᠡ ᠠᠰᠢᠭᠯᠠᠬᠤ ᠵᠡᠷᠬᠡ ᠠᠰᠠᠭᠤᠳᠠᠯ ᠬᠠᠷᠢᠴᠠᠩᠭᠤᠢ ᠢᠯᠡᠷᠡᠢ᠃ ᠡᠳ᠋ ᠤᠨ ᠵᠠᠰᠠᠭ ᠤᠨ ᠣᠷᠣᠯᠭ᠎ᠠ ᠶᠢᠨ ᠢᠷᠡᠯᠳᠡ ᠪᠠᠭ᠎ᠠ᠂ ᠲᠠᠭᠠᠭᠤᠯᠬᠤ ᠬᠦᠴᠦᠨ ᠲᠠᠢ ᠵᠠᠬ᠎ᠠ ᠲᠠᠯᠭᠡᠬᠦᠷ ᠤᠨ ᠭᠤᠣᠯ ᠴᠣᠭᠴᠠ ᠪᠠᠷ ᠲᠣᠳᠠᠮᠠᠭ᠂ ᠵᠠᠷᠣᠯᠭ᠎ᠠ ᠣᠷᠣᠯᠭ᠎ᠠ ᠶᠢᠨ ᠵᠦᠷᠢᠴᠡᠯ ᠲᠣᠶᠢᠯ ᠤᠨ ᠲᠣᠪᠣᠶᠢᠮ᠎ᠠ᠂ ᠲᠠᠷᠢᠶᠠᠯᠠᠩ ᠮᠠᠯ ᠠᠵᠦ ᠠᠬᠤᠢ ᠶᠢᠨ ᠡᠵᠡᠩᠨᠡᠯᠳᠡ ᠶᠢᠨ ᠲᠣᠰᠬᠠᠶᠢᠵᠢᠭᠰᠠᠨ᠂ ᠵᠣᠬᠢᠶᠠᠨ ᠪᠠᠶᠢᠭᠤᠯᠣᠭᠵᠢᠭᠰᠠᠨ ᠬᠡᠮᠵᠢᠶ᠎ᠡ ᠲᠣᠣᠷ᠎ᠠ᠂  ᠠᠵᠦ ᠦᠢᠯᠡᠰ ᠤᠨ ᠬᠡᠨᠵᠢ ᠣᠬᠤᠷ᠂ ᠲᠣᠯᠣᠭᠠᠶᠢᠯᠠᠭᠴᠢ ᠠᠵᠦ ᠠᠬᠤᠶᠢᠯᠠᠯ ᠤᠨ ᠲᠠᠭᠤᠷᠢᠶᠠᠯ ᠪᠣᠯᠵᠦ ᠲᠠᠭᠠᠭᠤᠯᠬᠤ ᠴᠢᠳᠠᠪᠣᠷᠢ ᠠᠨᠢ᠂ ᠮᠠᠯᠴᠢᠨ ᠲᠠᠷᠢᠶᠠᠴᠢᠨ ᠤ ᠬᠤᠷᠢᠶᠠᠯᠳᠠ ᠦᠷᠬᠦᠯᠵᠢᠯᠡᠨ ᠨᠡᠮᠡᠭᠳᠡᠬᠦ ᠬᠦᠴᠢᠷᠳᠡᠯ ᠶᠡᠭᠡ᠂ ᠣᠯᠠᠮᠵᠢᠯᠠᠯᠳᠣ ᠠᠵᠦ ᠦᠢᠯᠡᠰ ᠤᠨ ᠲᠠᠪᠬᠤᠷᠭ᠎ᠠ ᠲᠣᠣᠷ᠎ᠠ᠂ ᠦᠢᠯᠡᠴᠢᠯᠡᠯᠭᠡᠨ ᠤ ᠦᠢᠯᠡᠰ ᠬᠠᠷᠢᠴᠠᠩᠭᠤᠢ ᠬᠤᠵᠢᠭᠤ᠂ ᠵᠠᠰᠠᠭ ᠢ ᠴᠣᠮᠠᠭᠯᠠᠵᠦ ᠡᠷᠬᠡ ᠶᠢ ᠲᠠᠯᠪᠢᠬᠤ᠂ ᠡᠬᠦᠷᠭᠡ ᠴᠢᠳᠠᠪᠣᠷᠢ ᠶᠢᠨ ᠬᠤᠪᠢᠷᠠᠯᠳᠠ ᠪᠠᠰᠠ ᠬᠦᠢᠴᠡᠳ ᠪᠢᠰᠢ᠂  ᠺᠠᠳ᠋ᠷᠴᠣᠳ ᠤᠨ ᠰᠠᠬᠢᠯᠭ᠎ᠠ ᠪᠠᠳᠣ ᠶᠢᠨ ᠪᠦᠳᠦᠬᠡᠨ ᠪᠠᠶᠢᠭᠤᠯᠣᠯᠳᠠ ᠪᠠᠰᠠ ᠴᠢᠩᠭᠠᠳᠬᠠᠬᠤ ᠴᠢᠬᠤᠯᠠ ᠲᠠᠢ᠂ ᠵᠠᠷᠢᠮ ᠰᠠᠯᠠᠭ᠎ᠠ ᠮᠦᠴᠢᠷ ᠤᠨ ᠠᠵᠢᠯ ᠲᠣᠣᠱᠯᠠᠭᠳᠠᠵᠦ ᠪᠠᠶᠢᠭ᠎ᠠ ᠪᠠᠶᠢᠳᠠᠯ ᠠᠨᠠᠢ᠂ ᠦᠢᠯᠡᠴᠢᠯᠡᠯᠬᠡᠨ ᠤ ᠪᠦᠳᠦᠮᠵᠢᠳᠣ ᠨᠣᠷᠮ᠎ᠠ ᠦᠨᠳᠦᠷ ᠪᠢᠰᠢ ᠦᠵᠡᠭᠳᠡᠯ ᠮᠦᠨᠬᠦ ᠣᠷᠣᠰᠢᠵᠦ ᠪᠣᠢ᠃ ᠡᠳᠡᠭᠡᠷ ᠠᠰᠠᠭᠤᠳᠠᠯ ᠳᠤ ᠬᠠᠨᠳᠣᠭᠤᠯᠣᠨ᠂ ᠪᠢᠳᠡ ᠨᠡᠷ ᠡᠷᠬᠡᠪᠡᠰᠢ ᠴᠢᠩᠭ᠎ᠠ ᠬᠦᠴᠦᠳᠡᠢ ᠠᠷᠭ᠎ᠠ ᠬᠡᠮᠵᠢᠶ᠎ᠡ ᠠᠪᠴᠣ᠂ ᠨᠠᠷᠢᠨ ᠬᠢᠨᠠᠮᠠᠭᠠᠢ ᠰᠢᠢᠳᠪᠦᠷᠢᠯᠡᠬᠦ ᠬᠡᠷᠡᠭᠳᠡᠢ᠃        ᠬᠤᠶᠠᠷ  2016 ᠣᠨ ᠤ ᠭᠤᠣᠯᠳᠠᠯᠭ᠎ᠠ ᠲᠠᠢ ᠠᠵᠢᠯ ᠤᠨ ᠡᠬᠦᠷᠭᠡ       2016 ᠣᠨ ᠪᠣᠯ ︽ᠠᠷᠪᠠᠨ ᠭᠤᠷᠪᠠᠳᠣᠭᠠᠷ ᠲᠠᠪᠣᠨ ᠵᠢᠯ︾᠎ ᠤᠨ ᠲᠦᠯᠦᠪᠯᠡᠭᠡ ᠶᠢ ᠪᠦᠬᠦ ᠲᠠᠯ᠎ᠠ ᠪᠠᠷ ᠬᠦᠢᠴᠡᠳᠭᠡᠬᠦ ᠵᠢᠯ ᠪᠣᠯᠬᠤ ᠮᠦᠷᠳᠡᠭᠡᠨ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠬᠤ ᠲᠠᠶᠢᠨ ᠤ ᠰᠢᠢᠳᠪᠦᠷᠢᠳᠣ ᠢᠯᠠᠯᠳᠠ ᠣᠯᠬᠤ ᠵᠠᠩᠬᠢᠯᠠᠭ᠎ᠠ ᠶᠢᠨ ᠵᠢᠯ᠂ ᠡᠨᠡ ᠵᠢᠯ ᠤᠨ ᠠᠵᠢᠯ ᠢ ᠰᠠᠶᠢᠳᠣᠷ ᠬᠢᠬᠦ ᠮᠠᠰᠢ ᠴᠢᠬᠤᠯᠠ᠃ ᠦᠪᠡᠷᠳᠡᠭᠡᠨ ᠵᠠᠰᠠᠬᠤ ᠣᠷᠣᠨ᠂ ᠪᠦᠬᠦ ᠠᠶᠢᠮᠠᠭ ᠤᠨ ᠠᠵᠦ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠎ ᠶᠢ ᠦᠨᠳᠦᠰᠦᠯᠡᠵᠦ᠂ ᠬᠠᠮᠢᠶᠠᠷᠣᠯᠳᠠ ᠶᠢᠨ ᠣᠷᠣᠨ ᠤ ᠨᠠᠮ ᠤᠨ ᠠᠵᠢᠯ ᠤᠨ ᠬᠤᠷᠢᠶ᠎ᠠ ᠠᠴᠠ ᠡᠨᠡ ᠵᠢᠯ ᠤᠨ ᠠᠵᠦ ᠠᠬᠤᠢ ᠨᠡᠶᠢᠬᠡᠮ ᠤᠨ ᠶᠡᠷᠦᠩᠬᠡᠢ ᠴᠣᠭᠴᠠ ᠳᠠᠬᠢ ᠰᠡᠳᠬᠢᠮᠵᠢ ᠪᠠ ᠱᠠᠭᠠᠷᠳᠠᠯᠭ᠎ᠠ ᠶᠢ ᠲᠣᠭᠳᠠᠭᠠᠪᠠ᠃ ᠲᠠᠷᠣᠢ᠂ ︽ ᠠᠵᠦ ᠠᠬᠤᠢ ᠶᠢᠨ ᠬᠦᠭᠵᠢᠯᠳᠡ ᠶᠢᠨ ᠰᠢᠨ᠎ᠡ ᠬᠡᠪ ᠪᠠᠶᠢᠳᠠᠯ ᠳᠤ ᠬᠦᠳᠡᠯᠦᠩᠬᠦᠢ ᠪᠠᠷ ᠵᠣᠬᠢᠴᠠᠵᠦ᠂ ᠲᠣᠭᠳᠠᠭᠤᠨ ᠲᠣᠮᠳᠠ ᠣᠷᠣᠭᠰᠢᠯᠠᠬᠤ ᠠᠵᠢᠯ ᠤᠨ ᠶᠡᠷᠦᠩᠬᠡᠢ ᠦᠨᠳᠣᠰᠦᠨ ᠰᠠᠨᠠᠭ᠎ᠠ ᠶᠢ ᠪᠠᠷᠢᠮᠳᠠᠯᠠᠨ᠂ ᠰᠢᠨ᠎ᠡ ᠶᠢ ᠡᠬᠦᠳᠬᠦ᠂ ᠵᠣᠬᠢᠴᠠᠩᠭᠤᠢ᠂ ᠪᠣᠬᠢᠷᠳᠣᠯ ᠦᠭᠡᠢ᠂ ᠨᠡᠬᠡᠬᠡᠯᠳᠡ ᠲᠠᠢ᠂ ᠬᠠᠮᠳᠣ ᠪᠠᠷ ᠡᠳᠡᠯᠬᠦ ᠬᠦᠭᠵᠢᠯᠳᠡ ᠶᠢᠨ ᠣᠶᠢᠯᠠᠭᠠᠯᠳᠠ ᠶᠢ ᠪᠠᠳᠣ ᠪᠠᠬᠢ ᠪᠣᠢ ᠪᠣᠯᠭᠠᠵᠦ ᠦᠨᠡᠨᠬᠦ ᠬᠡᠷᠡᠭᠵᠢᠬᠦᠯᠦᠨ᠂ ︽1234︾᠎ ᠶᠢᠨ ᠬᠦᠭᠵᠢᠯᠳᠡ ᠶᠢᠨ ᠰᠡᠳᠬᠢᠮᠵᠢ ᠶᠢ ᠪᠠᠷᠢᠮᠳᠠᠯᠠᠨ᠂ ᠠᠮᠢ ᠠᠬᠤᠢ ᠶᠢᠨ ᠣᠷᠴᠢᠨ ᠲᠣᠭᠤᠷᠢᠨ ᠢ ᠴᠢᠷᠮᠠᠶᠢᠨ ᠬᠠᠮᠠᠭᠠᠯᠠᠵᠦ᠂ ᠬᠦᠭᠵᠢᠯᠳᠡ ᠶᠢᠨ ᠪᠠᠳᠣᠯᠭ᠎ᠠ ᠶᠢ ᠴᠢᠩᠭᠠᠷᠠᠭᠤᠯᠵᠦ᠂ ᠠᠷᠢᠭᠤᠨ ᠴᠡᠪᠡᠷ ᠬᠠᠯᠬᠠᠪᠴᠢ ᠶᠢ ᠪᠠᠳᠣ ᠪᠠᠬᠢ ᠪᠠᠶᠢᠭᠤᠯᠣᠨ᠎ᠠ᠃ ᠠᠵᠦ ᠦᠢᠯᠡᠰ ᠤᠨ ᠪᠦᠳᠦᠴᠡ ᠎ ᠶᠢ ᠴᠢᠷᠮᠠᠶᠢᠨ ᠲᠣᠬᠢᠷᠠᠭᠤᠯᠵᠦ᠂ ᠬᠡᠪ ᠰᠢᠯᠵᠢᠯᠳᠡ ᠶᠢ ᠲᠦᠯᠬᠢᠨ ᠬᠦᠳᠡᠯᠬᠡᠵᠦ᠂ ᠠᠵᠦ ᠠᠬᠤᠢ ᠶᠢᠨ ᠦᠰᠦᠯᠳᠡ ᠶᠢ ᠲᠣᠭᠳᠠᠭᠤᠨ ᠪᠣᠯᠭᠠᠵᠦ᠂ ᠦᠬᠡᠷᠡᠴᠢᠯᠡᠯᠳᠡ ᠨᠡᠬᠡᠬᠡᠯᠳᠡ ᠶᠢ ᠴᠢᠷᠮᠠᠶᠢᠨ ᠲᠦᠯᠬᠢᠨ ᠠᠬᠢᠭᠤᠯᠵᠦ᠂ ᠬᠦᠭᠵᠢᠯᠳᠡ ᠶᠢᠨ ᠲᠠᠯᠳᠠ ᠬᠦᠴᠦᠨ ᠢ ᠬᠦᠨ ᠮᠠᠯᠳᠠᠵᠦ᠂ ᠬᠦᠭᠵᠢᠯᠳᠡ ᠶᠢᠨ ᠠᠮᠢᠵᠢᠷᠠᠯ ᠤᠨ ᠬᠦᠴᠦᠨ ᠢ ᠴᠢᠩᠭᠠᠳᠬᠠᠵᠦ᠂ ᠠᠷᠠᠳ ᠤᠨ ᠠᠮᠢᠳᠣᠷᠠᠯ ᠢ ᠴᠢᠷᠮᠠᠶᠢᠨ ᠪᠠᠳᠣᠯᠠᠵᠦ᠂ ᠣᠯᠠᠨ ᠲᠦᠮᠡᠨ ᠤ ᠪᠣᠶᠠᠨ ᠵᠢᠷᠭᠠᠯ ᠢ ᠨᠡᠮᠡᠭᠳᠡᠬᠦᠯᠦᠨ᠎ᠡ︾  ᠃ ᠡᠨᠡ ᠲᠦᠷᠪᠡᠨ ᠶᠡᠭᠡ ᠭᠤᠣᠯᠳᠠᠯᠭ᠎ᠠ ᠲᠠᠢ ᠡᠬᠦᠷᠭᠡ ᠶᠢ ᠪᠢᠳᠡ ᠨᠡᠷ ᠬᠠᠰᠣᠵᠦ ᠬᠤᠷᠣᠭᠳᠠᠭᠤᠯᠬᠤ ᠦᠬᠡᠢ ᠪᠠᠷ ᠰᠠᠶᠢᠳᠣᠷ ᠠᠳᠬᠤᠵᠦ ᠬᠦᠢᠴᠡᠳᠭᠡᠨ ᠲᠣᠣᠱᠯᠠᠭᠤᠯᠣᠨ᠎ᠠ᠃ 2016 ᠣᠨ ᠳᠤ ᠬᠠᠮᠢᠶᠠᠷᠣᠯᠳᠠ ᠶᠢᠨ ᠣᠷᠣᠨ ᠤ ᠣᠷᠢᠳᠴᠢᠯᠠᠭᠰᠠᠨ ᠬᠠᠷᠠᠯᠳᠠ ᠪᠣᠯ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 30 ᠳ᠋ᠦᠩᠰᠢᠭᠤᠷ ᠲᠦᠬᠦᠷᠢᠭ ᠎ ᠲᠤ ᠬᠦᠷᠬᠡᠵᠦ᠂ 9.3%᠎ ᠪᠠᠷ ᠨᠡᠮᠳᠡᠬᠦᠯᠦᠨ᠎ᠡ᠃ ᠪᠦᠬᠦ ᠨᠡᠶᠢᠬᠡᠮ ᠤᠨ ᠲᠣᠭᠳᠠᠮᠠᠯ ᠪᠡᠯᠡ ᠣᠷᠣᠭᠤᠯᠣᠯᠳᠠ ᠶᠢ 13.5 ᠳ᠋ᠦᠩᠰᠢᠭᠤᠷ ᠲᠦᠬᠦᠷᠢᠭ ᠲᠤ ᠬᠦᠷᠬᠡᠵᠦ᠂ 14%᠎ ᠪᠠᠷ ᠨᠡᠮᠡᠭᠳᠡᠬᠦᠯᠦᠨ᠎ᠡ᠃ ᠣᠯᠠᠨ ᠨᠡᠶᠢᠳᠡ ᠶᠢᠨ ᠡᠳ᠋ ᠶᠢᠨ ᠵᠠᠰᠠᠭ ᠤᠨ ᠲᠦᠰᠦᠪ ᠤᠨ ᠣᠷᠣᠯᠭ᠎ᠠ ᠶᠢ 3.86ᠳ᠋ᠦᠩᠰᠢᠭᠤᠷ ᠲᠦᠬᠦᠷᠢᠭ ᠲᠤ ᠬᠦᠷᠭᠡᠵᠦ᠂ 3.8%᠎ ᠪᠠᠷ ᠨᠡᠮᠡᠭᠳᠡᠬᠦᠯᠦᠨ᠎ᠡ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠪᠦᠷᠢ ᠳᠤ ᠲᠡᠭᠰᠢᠳᠭᠡᠭᠰᠡᠨ ᠬᠤᠪᠢᠶᠠᠷᠯᠠᠵᠦ ᠪᠣᠯᠬᠤᠶᠢᠴᠠ ᠣᠷᠣᠯᠭ᠎ᠠ ᠶᠢ ᠲᠣᠰ ᠲᠣᠰ 35380 ᠲᠦᠬᠦᠷᠢᠭ ᠪᠠ 23050 ᠲᠦᠬᠦᠷᠢᠭ ᠲᠤ ᠬᠦᠷᠬᠡᠵᠦ᠂ 9.2% ᠪᠠ 10.5%᠎ ᠪᠠᠷ ᠨᠡᠮᠡᠭᠳᠡᠬᠦᠯᠦᠨ᠎ᠡ᠃ ᠨᠡᠶᠢᠬᠡᠮ ᠤᠨ ᠬᠡᠷᠡᠭᠯᠡᠬᠡᠨ ᠤ ᠲᠠᠸᠠᠷ ᠤᠨ ᠪᠣᠷᠣᠯᠠᠭᠤᠯᠣᠯᠳᠠ ᠶᠢᠨ ᠶᠡᠷᠦᠩᠬᠡᠢ ᠦᠷᠳᠡᠭ ᠢ 6.4 ᠳ᠋ᠦᠩᠰᠢᠭᠤᠷ ᠲᠦᠬᠦᠷᠢᠭ ᠲᠤ ᠬᠦᠷᠬᠡᠵᠦ᠂ 10.3%᠎ ᠪᠠᠷ ᠨᠡᠮᠡᠭᠳᠡᠬᠦᠯᠦᠨ᠎ᠡ᠃ ᠡᠨᠧᠷᠬᠢ ᠶᠢ ᠠᠷᠪᠢᠯᠠᠨ ᠭᠠᠳᠠᠭᠰᠢᠯᠠᠭᠤᠯᠬᠤ ᠶᠢ ᠪᠠᠭᠠᠰᠬᠠᠬᠤ ᠡᠯ᠎ᠡ ᠵᠦᠢᠯ ᠤᠨ ᠵᠢᠭᠠᠯᠳᠠ ᠲᠤᠭ᠎ᠠ ᠎ ᠶᠢ ᠲᠣᠭᠳᠠᠭᠠᠭᠰᠠᠨ ᠬᠡᠪᠴᠢᠶᠡᠨ ᠲᠣᠳᠣᠷ᠎ᠠ ᠬᠢᠵᠠᠭᠠᠷᠯᠠᠨ᠎ᠠ᠃       ᠲᠡᠭᠡᠷ᠎ᠡ ᠲᠣᠭᠠᠴᠢᠭᠰᠠᠨ ᠬᠠᠷᠠᠯᠳᠠ ᠶᠢᠨ ᠲᠣᠭᠤᠷᠢᠨ ᠳᠤ᠂ ᠲᠣᠣᠷᠠᠬᠢ ᠬᠡᠳᠣᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠳᠣᠷ ᠠᠳᠬᠤᠬᠤ ᠬᠡᠷᠡᠭᠳᠡᠢ᠃       ︵ᠨᠢᠬᠡ︶ ᠬᠡᠪ ᠰᠢᠯᠵᠢᠯᠳᠡ ᠵᠡᠷᠭᠡ ᠲᠡᠪᠰᠢᠯᠳᠡ ᠶᠢ ᠭᠤᠣᠯᠳᠠᠯᠭ᠎ᠠ ᠲᠠᠢ ᠠᠳᠬᠤᠵᠦ᠂ ᠠᠵᠦ ᠠᠬᠤᠢ ᠶᠢᠨ ᠦᠰᠦᠯᠳᠡ ᠶᠢᠨ ᠴᠢᠨᠠᠷ ᠪᠣᠯᠣᠨ ᠦᠷ᠎ᠡ ᠪᠦᠳᠦᠮᠵᠢ ᠶᠢ ᠲᠡᠭᠡᠭᠰᠢᠯᠡᠬᠦᠯᠦᠨ᠎ᠡ᠃ ᠠᠵᠦ ᠦᠢᠯᠡᠰ ᠤᠨ ᠬᠦᠭᠵᠢᠯᠳᠡ ᠵᠡᠷᠭᠡ ᠲᠡᠪᠰᠢᠯᠳᠡ ᠶᠢ ᠠᠵᠦ ᠠᠬᠤᠢ ᠶᠢᠨ ᠬᠦᠭᠵᠢᠯᠳᠡ ᠶᠢᠨ ᠬᠡᠯᠪᠡᠷᠢ ᠶᠢ ᠦᠬᠡᠷᠡᠴᠢᠯᠡᠬᠦ ᠶᠢᠨ ᠭᠤᠣᠯ ᠬᠦᠴᠦᠯᠡᠬᠦ ᠴᠢᠭᠯᠡᠯ ᠪᠣᠯᠭᠠᠵᠦ᠂ ᠲᠣᠬᠢᠶᠠᠯ ᠢ ᠰᠠᠶᠢᠳᠣᠷ ᠡᠵᠡᠮᠳᠡᠨ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠬᠡᠷᠡᠴᠢᠯᠡᠯᠳᠡ ᠶᠢ ᠴᠢᠩᠭᠠᠳᠬᠠᠵᠦ᠂ ᠲᠠᠷᠢᠶᠠᠯᠠᠩ ᠮᠠᠯᠵᠢᠯ ᠤᠨ ᠦᠢᠯᠡᠰ ᠢ ᠣᠬᠢ  ᠪᠦᠳᠦᠬᠡᠭᠳᠡᠬᠦᠨ ᠲᠠᠢ ᠬᠢᠵᠦ᠂ ᠨᠡᠬᠦᠷᠡᠰᠣᠨ ᠤ ᠴᠡᠪᠡᠷ ᠡᠨᠧᠷᠬᠢ ᠶᠢᠨ ᠠᠰᠢᠭᠯᠠᠯᠳᠠ ᠶᠢ ᠰᠠᠶᠢᠨ ᠬᠢᠵᠦ᠂ ᠬᠦᠢᠴᠡᠳ ᠬᠢᠨ᠎ᠡ᠃ ᠣᠨᠴᠠᠯᠢᠭ ᠪᠦᠬᠦᠢ ᠰᠣᠶᠣᠯ ᠤᠨ ᠵᠢᠭᠤᠯᠴᠢᠯᠠᠯ ᠤᠨ ᠠᠵᠢᠯ ᠢ ᠪᠠᠶᠠᠯᠢᠭᠵᠢᠭᠤᠯᠵᠦ᠂ ᠠᠵᠦ ᠦᠢᠯᠡᠰ ᠤᠨ ᠪᠦᠳᠦᠴᠡ ᠶᠢ ᠰᠢᠯᠢᠳᠡᠭᠵᠢᠬᠦᠯᠦᠨ ᠵᠡᠷᠭᠡ ᠲᠡᠪᠰᠢᠬᠦᠯᠬᠦ ᠶᠢ ᠲᠦᠯᠬᠢᠨ ᠬᠦᠳᠡᠯᠬᠡᠬᠦ ᠶᠢ ᠬᠤᠷᠳᠣᠳᠬᠠᠨ᠎ᠠ᠃        ᠲᠠᠷᠢᠶᠠᠯᠠᠩ ᠮᠠᠯᠵᠢᠯ ᠤᠨ ᠦᠢᠯᠡᠰ ᠤᠨ ᠬᠦᠭᠵᠢᠯᠳᠡ ᠶᠢᠨ ᠬᠡᠯᠪᠡᠷᠢ ᠶᠢ ᠬᠦᠴᠦᠯᠡᠨ ᠬᠤᠪᠢᠷᠭᠠᠨ᠎ᠠ᠃ ᠠᠮᠢ ᠠᠬᠤᠶᠢᠴᠢ ᠣᠳᠣᠬᠢᠴᠢᠯᠠᠭᠰᠠᠨ ᠣᠬᠢ ᠪᠦᠳᠦᠭᠡᠭᠳᠡᠭᠦᠨᠳᠣ ᠲᠠᠷᠢᠶᠠᠯᠠᠩ ᠮᠠᠯᠵᠢᠯ ᠤᠨ ᠦᠢᠯᠡᠰ ᠢ ᠭᠤᠣᠯᠳᠠᠯᠠᠨ ᠠᠳᠬᠤᠬᠤ ᠪᠠᠷ ᠬᠠᠷᠠᠯᠳᠠ ᠪᠣᠯᠭᠠᠵᠦ᠂ ︽ᠠᠮᠣ ᠪᠣᠷᠳᠤᠭ᠎ᠠ ᠶᠢ ᠨᠢᠭᠡᠳᠭᠡᠵᠦ᠂ ᠲᠠᠷᠢᠵᠦ ᠮᠠᠯᠵᠢᠬᠤ ᠶᠢ ᠨᠢᠬᠡ ᠴᠣᠭᠴᠠᠯᠠᠵᠦ᠂ ᠲᠠᠷᠢᠶᠠᠯᠠᠩ ᠮᠠᠯᠵᠢᠯ ᠡᠪᠡᠰᠣ ᠶᠢ ᠣᠶᠠᠯᠳᠣᠭᠤᠯᠬᠤ︾ ᠣᠳᠣᠬᠢᠴᠢᠯᠠᠭᠰᠠᠨ ᠲᠠᠷᠢᠶᠠᠯᠠᠩ ᠮᠠᠯᠵᠢᠯ ᠤᠨ ᠬᠦᠭᠵᠢᠯᠳᠡ ᠶᠢᠨ ᠬᠡᠯᠪᠡᠷᠢ ᠶᠢᠨ ᠪᠠᠶᠢᠭᠤᠯᠣᠯᠳᠠ ᠶᠢ ᠲᠦᠷᠭᠡᠳᠬᠡᠵᠦ᠂ ᠲᠠᠷᠢᠶᠠᠯᠠᠬᠤ ᠮᠠᠯᠵᠢᠬᠤ ᠦᠢᠯᠡᠰ ᠢ ︽ᠦᠢᠯᠡᠳᠪᠦᠷᠢᠯᠡᠯ ᠤᠨ ᠬᠠᠨᠳᠣᠯᠭ᠎ᠠ︾᠎ ᠠᠴᠠ ︽ᠵᠠᠬ᠎ᠠ ᠲᠡᠯᠬᠡᠬᠦᠷ ᠤᠨ ᠬᠠᠨᠳᠣᠯᠭ᠎ᠠ︾ ᠪᠣᠯᠣᠨ ︽ᠬᠡᠷᠡᠭᠯᠡᠬᠡᠨ ᠤ ᠬᠠᠨᠳᠣᠯᠭ᠎ᠠ︾ ᠵᠦᠭ ᠬᠤᠪᠢᠷᠠᠬᠤ ᠶᠢ ᠲᠦᠯᠬᠢᠨ ᠬᠦᠳᠡᠯᠬᠡᠨ᠎ᠡ᠃ ᠲᠠᠷᠢᠶᠠᠯᠠᠩ ᠮᠠᠯᠵᠢᠯ ᠤᠨ ᠦᠢᠯᠡᠰ ᠤᠨ ᠬᠦᠭᠵᠢᠯᠳᠡ ᠶᠢᠨ ᠴᠢᠨᠡᠷ ᠪᠠ ᠦᠷ᠎ᠡ ᠪᠦᠳᠦᠮᠵᠢ ᠶᠢ ᠲᠠᠰᠣᠷᠠᠯᠳᠠ ᠦᠭᠡᠢ ᠲᠡᠭᠡᠭᠰᠢᠯᠡᠬᠦᠯᠦᠨ᠎ᠡ᠃ ᠨᠢᠬᠡ ᠳᠤ ᠮᠠᠯ ᠤᠨ ᠡᠬᠦᠯᠳᠡᠷ ᠤᠨ ᠪᠦᠳᠦᠴᠡ ᠶᠢᠨ ᠲᠣᠬᠢᠷᠠᠭᠤᠯᠣᠯᠳᠠ ᠶᠢ ᠰᠠᠶᠢᠳᠣᠷ ᠠᠳᠬᠤᠨ᠎ᠠ᠃ ᠮᠢᠬᠠᠨ ᠦᠬᠡᠷ ᠲᠡᠵᠢᠬᠡᠬᠦ ᠶᠡᠭᠡ ᠡᠷᠦᠬᠡ᠂ ᠠᠮᠢ ᠠᠬᠤᠢ ᠶᠢᠨ ᠬᠡᠷ ᠪᠦᠯᠢ ᠶᠢᠨ ᠮᠠᠯᠵᠢᠯ ᠤᠨ ᠲᠠᠯᠠᠪᠣᠷ᠂ ᠬᠤᠷᠰᠢᠶ᠎ᠠ᠂ ᠠᠵᠦ ᠠᠬᠤᠶᠢᠯᠠᠯ ᠤᠨ ᠬᠦᠭᠵᠢᠯᠳᠡ ᠳᠤ ᠵᠣᠬᠢᠰᠳᠡᠢ ᠬᠡᠪᠴᠢᠶᠡᠵᠢᠨ ᠡᠵᠡᠩᠨᠡᠬᠦ᠂ ᠬᠤᠨᠢ ᠮᠠᠯᠵᠢᠬᠤ ᠡᠷᠦᠬᠡ ᠶᠢ ᠲᠦᠷᠦᠯ ᠬᠤᠪᠢᠶᠠᠨ ᠵᠢᠭᠠᠨ ᠵᠢᠯᠣᠭᠤᠳᠣᠬᠤ ᠪᠠ ᠲᠣᠮᠳᠠ ᠵᠢᠵᠢᠭ ᠬᠡᠪᠴᠢᠶᠡᠨ ᠤ ᠦᠬᠡᠷ ᠮᠠᠯᠵᠢᠬᠤ ᠡᠷᠦᠬᠡ ︵ᠣᠨᠴᠠᠭᠠᠶᠢᠯᠠᠨ ᠣᠯᠠᠭᠠᠢ ᠭᠤᠣᠯ ᠎ ᠤᠨ ᠣᠷᠣᠰᠬᠠᠯ᠂ ᠰᠡᠷᠡᠯᠵᠢᠨ ᠭᠤᠣᠯ ᠤᠨ ᠣᠷᠣᠰᠬᠠᠯ ᠲᠠᠬᠢ ᠦᠬᠡᠷ ᠲᠡᠵᠢᠬᠡᠬᠦ ᠳᠤ ᠲᠣᠬᠢᠷᠠᠮᠵᠢᠳᠠᠢ ᠣᠷᠣᠨ︶᠎ ᠶᠢ ᠵᠠᠬ᠎ᠠ ᠲᠡᠯᠬᠡᠬᠦᠷ ᠢᠶᠠᠷ ᠬᠠᠨᠳᠣᠯᠭ᠎ᠠ ᠪᠣᠯᠭᠠᠨ ᠣᠳᠣᠷᠢᠳᠣᠨ ᠲᠡᠮᠵᠢᠵᠦ᠂ ︽ᠬᠤᠨᠢ ᠶᠢ ᠪᠠᠭᠠᠰᠬᠠᠵᠦ ᠦᠬᠡᠷ ᠣᠯᠠᠰᠢᠷᠠᠭᠤᠯᠬᠤ᠂ ᠵᠢᠵᠢᠭ ᠢ ᠪᠠᠭᠠᠰᠬᠠᠵᠦ ᠲᠣᠮᠣ ᠶᠢ ᠨᠡᠮᠡᠭᠳᠡᠬᠦᠯᠬᠦ︾᠎ ᠪᠠᠷ ᠭᠤᠣᠯ ᠪᠣᠯᠭᠠᠭᠰᠠᠨ ᠮᠠᠯ ᠤᠨ ᠡᠬᠦᠯᠳᠡᠷ ᠎ ᠤᠨ ᠪᠦᠳᠦᠴᠡ ᠶᠢᠨ ᠪᠠᠶᠢᠯᠳᠣᠬᠤ ᠪᠣᠳᠣᠯᠭ᠎ᠠ ᠶᠢᠨ ᠴᠢᠨᠠᠷᠳᠠᠢ ᠲᠣᠬᠢᠷᠠᠭᠤᠯᠣᠯᠳᠠ ᠶᠢᠨ ᠠᠯᠬᠤᠴᠠ ᠶᠢ ᠲᠦᠷᠭᠡᠳᠬᠡᠨ ᠪᠡᠶᠠᠯᠡᠬᠦᠯᠵᠦ᠂ ᠠᠯᠬᠤᠮ ᠠᠯᠬᠤᠮ ᠢᠶᠠᠷ ᠮᠢᠬᠠᠨ ᠦᠬᠡᠷ ᠲᠡᠵᠢᠬᠡᠬᠦ ᠲᠣᠰᠬᠠᠢ ᠡᠷᠦᠬᠡ᠂ ᠮᠢᠬᠠᠨ ᠦᠬᠡᠷ ᠤᠨ ᠴᠦᠮ᠎ᠡ ᠰᠦᠷᠦᠭ ᠢ ᠪᠦᠳᠦᠬᠡᠨ ᠪᠠᠶᠢᠭᠤᠯᠬᠤ ᠡᠷᠦᠬᠡ ᠪᠣᠯᠣᠨ ᠠᠮᠢ ᠠᠬᠤᠢ ᠶᠢᠨ ᠬᠡᠷ ᠪᠦᠯᠢ ᠶᠢᠨ ᠮᠠᠯᠵᠢᠯ ᠤᠨ ᠲᠠᠯᠠᠪᠠᠢ ᠵᠦᠭ ᠬᠤᠪᠢᠷᠠᠨ᠎ᠠ᠃ ᠬᠤᠶᠠᠷ ᠲᠤ᠂ ᠰᠠᠶᠢᠨ ᠡᠬᠦᠯᠳᠡᠷ ᠤᠨ ᠦᠷ᠎ᠡ ᠶᠢᠨ ᠮᠠᠯ ᠤᠨ ᠦᠷᠡᠵᠢᠬᠦᠯᠦᠯᠳᠡ ᠲᠦᠬᠡᠬᠦᠯᠳᠡ ᠶᠢ ᠰᠠᠶᠢᠳᠣᠷ ᠠᠳᠬᠠᠨ᠎ᠠ᠃ ᠣᠯᠠᠰ ᠤᠨ ᠮᠢᠬᠠᠨ ᠦᠬᠡᠷ ᠤᠨ ᠰᠢᠯᠢᠳᠡᠭ ᠮᠠᠯ ᠤᠨ ᠡᠬᠦᠯᠳᠡᠷ ᠦᠷᠡᠵᠢᠬᠦᠯᠬᠦ ᠰᠠᠭᠤᠷᠢᠨ ᠭᠠᠵᠠᠷ ᠢ ᠲᠡᠮᠡᠴᠡᠨ ᠡᠬᠦᠳᠦᠬᠦ ᠪᠠᠷ ᠬᠠᠷᠠᠯᠳᠠ ᠪᠣᠯᠭᠠᠵᠦ᠂ ᠮᠢᠬᠠᠨ ᠦᠬᠡᠷ ᠤᠨ ᠰᠢᠨ᠎ᠡ ᠡᠬᠦᠯᠳᠡᠷ ᠢ ᠰᠣᠩᠭᠤᠨ ᠪᠣᠶᠢᠵᠢᠭᠤᠯᠬᠤ᠂ ᠴᠣᠯᠣ ᠡᠬᠦᠯᠳᠡᠷ ᠤᠨ ᠮᠢᠬᠠᠨ ᠦᠬᠡᠷ ᠦᠷᠡᠵᠢᠬᠦᠯᠬᠦ ᠵᠡᠷᠬᠡ ᠠᠵᠦ ᠦᠢᠯᠡᠰᠵᠢᠭᠰᠡᠨ ᠲᠦᠰᠦᠯ ᠤᠨ ᠪᠦᠳᠦᠬᠡᠨ ᠪᠠᠶᠢᠭᠤᠯᠣᠯᠳᠠ ᠶᠢ ᠲᠦᠯᠬᠢᠨ ᠠᠬᠢᠭᠤᠯᠬᠤ ᠶᠢ ᠲᠦᠷᠭᠡᠳᠬᠡᠨ᠎ᠡ᠃ ᠣᠯᠣᠰ ᠤᠨ ᠭᠠᠳᠠᠨ᠎ᠠ ᠠᠴᠠ ᠴᠣᠯᠣ ᠡᠬᠦᠯᠳᠡᠷ ᠤᠨ ᠰᠢᠮᠧᠨᠲ᠋ᠧᠷ ᠦᠨᠢᠶ᠎ᠡ ᠪᠣᠯᠣᠨ ᠴᠣᠯᠣ ᠡᠬᠦᠯᠳᠡᠷ ᠤᠨ ᠠᠩᠧᠰ ᠦᠨᠢᠶ᠎ᠡ ᠶᠢ 5000 ᠲᠣᠯᠣᠭᠠᠢ ᠠᠴᠠ ᠲᠡᠭᠡᠭᠰᠢ ᠣᠷᠣᠭᠤᠯᠵᠦ᠂ ᠰᠢᠷ᠎ᠠ ᠦᠬᠡᠷ ᠤᠨ ᠬᠡᠬᠡᠯᠳᠦᠬᠦᠯᠬᠡ 8000 ᠲᠣᠯᠣᠭᠠᠢ᠂ ᠰᠢᠯᠢᠳᠡᠭ ᠮᠢᠬᠠᠨ ᠦᠬᠡᠷ ᠤᠨ ᠣᠬᠢ ᠰᠠᠶᠢᠨ ᠡᠬᠦᠯᠳᠡᠷ ᠢ ᠦᠷᠡᠵᠢᠬᠦᠯᠬᠦ ᠶᠢ ᠬᠡᠪᠴᠢᠶᠡᠵᠢᠬᠦᠯᠵᠦ᠂ ᠪᠠᠷᠢᠮᠵᠢᠶᠠᠵᠢᠭᠰᠠᠨ ᠲᠡᠵᠢᠬᠡᠨ ᠦᠷᠡᠵᠢᠬᠦᠯᠬᠦ ᠰᠠᠭᠤᠷᠢᠨ ᠭᠠᠵᠠᠷ 3 ᠪᠠᠶᠢᠭᠤᠯᠵᠦ᠂ ︽ᠰᠢᠯᠢ ᠶᠢᠨ ᠭᠤᠣᠯ ᠤᠨ ᠮᠢᠬᠠᠨ ᠦᠬᠡᠷ︾ ᠰᠢᠨ᠎ᠡ ᠡᠬᠦᠯᠳᠡᠷ ᠰᠣᠩᠭᠤᠨ ᠪᠣᠶᠢᠵᠢᠭᠤᠯᠬᠤ ᠨᠡᠷᠡᠶᠢᠳᠣᠯ ᠳᠤ ᠰᠠᠭᠤᠷᠢ ᠲᠠᠯᠪᠢᠨ ᠦᠭᠬᠦᠨ᠎ᠡ᠃ ᠦᠵᠦᠮᠦᠴᠢᠨ ᠬᠤᠨᠢ ᠢ ᠰᠢᠯᠢᠳᠡᠭᠵᠢᠬᠦᠯᠦᠨ᠂ ᠮᠢᠬᠠᠨ ᠬᠤᠨᠢᠨ ᠤ ᠴᠦᠮ᠎ᠡ ᠪᠣᠯᠬᠤ 16 ᠰᠦᠷᠦᠭ᠂ ᠦᠷ᠎ᠡ ᠶᠢᠨ ᠬᠤᠴᠠ ᠶᠢ ᠲᠦᠪᠯᠡᠷᠡᠬᠦᠯᠦᠨ ᠬᠠᠮᠢᠶ᠋ᠷᠬᠤ ᠴᠢᠭ 8 ᠎ ᠶᠢ ᠪᠠᠬᠢᠵᠢᠬᠦᠯᠦᠨ ᠲᠡᠬᠦᠯᠳᠡᠷᠵᠢᠬᠦᠯᠦᠨ᠎ᠡ᠃ ᠭᠤᠷᠪᠠ ᠳᠤ ᠲᠣᠯᠣᠭᠠᠶᠢᠯᠠᠭᠴᠢ ᠠᠵᠦ ᠠᠬᠤᠶᠢᠯᠠᠯ ᠤᠨ ᠲᠠᠭᠤᠷᠢᠶᠠᠯᠳᠣ ᠲᠠᠶᠢᠴᠢᠯᠠᠯᠳᠠ ᠶᠢ ᠰᠠᠶᠢᠳᠣᠷ ᠠᠳᠬᠤᠨ᠎ᠠ᠃ ᠲᠣᠯᠣᠭᠠᠶᠢᠯᠠᠭᠴᠢ ᠠᠵᠦ ᠠᠬᠤᠶᠢᠯᠠᠯ ᠪᠣᠯᠣᠨ ᠲᠠᠷᠢᠶᠠᠴᠢᠨ ᠮᠠᠯᠴᠢᠨ ᠲᠠᠢ ᠦᠷ᠎ᠡ ᠠᠰᠢᠭ ᠢ ᠬᠤᠯᠪᠣᠯᠳᠣᠭᠤᠯᠬᠤ ᠲᠣᠭᠳᠠᠯᠴᠠᠭ᠎ᠠ ᠶᠢ ᠪᠠᠶᠢᠭᠤᠯᠣᠨ ᠲᠡᠭᠦᠯᠳᠡᠷᠵᠢᠬᠦᠯᠵᠦ᠂ ᠵᠦᠩ ᠾᠧ ᠾᠧᠩ ᠷᠦᠢ᠂ ᠬᠡᠰᠡᠭ ᠪᠣᠬᠢᠷᠳᠣᠯ ᠦᠬᠡᠢ ᠠᠵᠦ ᠦᠢᠯᠡᠰ᠂ ᠣᠣ ᠺᠧ ᠽᠢ ᠵᠡᠷᠭᠡ ᠨᠦᠯᠦᠬᠡᠯᠡᠨ ᠲᠠᠶᠢᠴᠢᠯᠠᠬᠤ ᠬᠦᠴᠦᠨ ᠲᠠᠢ ᠠᠵᠦ ᠦᠢᠯᠡᠰᠵᠢᠭᠰᠡᠨ ᠲᠣᠯᠣᠭᠠᠶᠢᠯᠴᠭᠴᠢ ᠠᠵᠦ ᠦᠢᠯᠡᠰ ᠲᠠᠢ ᠬᠤᠷᠰᠢᠬᠤ ᠶᠢ ᠴᠢᠩᠭᠠᠳᠬᠠᠵᠦ᠂ ︽ᠠᠵᠦ ᠠᠬᠤᠶᠢᠯᠠᠯ+ ᠬᠤᠷᠰᠢᠶ᠎ᠠ+ ᠮᠠᠯᠴᠢᠨ ᠲᠠᠷᠢᠶᠠᠴᠢᠨ︾ ᠬᠤᠷᠰᠢᠬᠤ ᠵᠠᠭᠪᠣᠷ ᠢ ᠬᠦᠨᠵᠡᠬᠡᠶᠢᠷᠡᠬᠦᠯᠵᠦ᠂ ᠬᠡᠪᠴᠢᠶᠡᠵᠢᠭᠰᠡᠨ᠂ ᠪᠠᠷᠢᠮᠵᠢᠶᠠᠵᠢᠭᠰᠠᠨ᠂ ᠡᠷᠴᠢᠮᠵᠢᠭᠰᠡᠨ ᠲᠡᠵᠢᠬᠡᠨ ᠦᠷᠡᠵᠢᠬᠦᠯᠦᠯᠳᠡ ᠶᠢ ᠲᠦᠯᠬᠢᠨ ᠠᠬᠢᠭᠤᠯᠵᠦ᠂ ᠲᠠᠷᠢᠬᠤ᠂ ᠲᠡᠵᠢᠬᠡᠬᠦ᠂ ᠦᠢᠯᠡᠳᠪᠦᠷᠢᠯᠡᠬᠦ᠂ ᠪᠣᠷᠣᠯᠠᠭᠤᠯᠬᠤ ᠠᠵᠦ ᠦᠢᠯᠡᠰ ᠤᠨ ᠬᠡᠨᠵᠢ ᠶᠢ ᠦᠷᠬᠦᠯᠵᠢᠯᠡᠬᠦᠯᠣᠨ᠂ ᠲᠠᠷᠢᠶᠠᠯᠠᠩ ᠮᠠᠯᠵᠢᠯ ᠤᠨ ᠪᠦᠳᠦᠬᠡᠭᠳᠡᠬᠦᠨ ᠢ ᠨᠠᠷᠢᠯᠢᠭ ᠬᠦᠨ ᠦᠢᠯᠡᠳᠪᠦᠷᠢᠯᠡᠬᠦ ᠬᠢᠷᠢ ᠲᠦᠪᠰᠢᠨ ᠪᠣᠯᠣᠨ ᠲᠠᠭᠠᠯᠳᠠ ᠨᠡᠮᠡᠯᠳᠡ ᠦᠷᠳᠡᠭ ᠢ ᠲᠡᠭᠡᠭᠰᠢᠯᠡᠬᠦᠯᠦᠨ᠎ᠡ᠃ ᠦᠪᠡᠷᠳᠡᠭᠡᠨ ᠵᠠᠰᠠᠬᠤ ᠣᠷᠣᠨ ᠤ ᠲᠡᠰ ᠤᠨ ᠠᠵᠦ ᠦᠢᠯᠡᠰᠵᠢᠭᠰᠡᠨ ᠲᠣᠯᠣᠭᠠᠶᠢᠯᠠᠭᠴᠢ ᠠᠵᠦ ᠠᠬᠤᠶᠢᠯᠠᠯ 1᠂ ᠠᠶᠢᠮᠠᠭ ᠤᠨ ᠲᠡᠰ ᠤᠨ ᠠᠵᠦ ᠦᠢᠯᠡᠰᠵᠢᠭᠰᠡᠨ ᠲᠣᠯᠣᠭᠠᠶᠢᠯᠠᠭᠴᠢ ᠠᠵᠦ ᠠᠬᠤᠶᠢᠯᠠᠯ 2-3᠎ ᠶᠢ ᠲᠡᠮᠡᠴᠡᠨ ᠦᠨᠡᠯᠡᠬᠦᠯᠦᠨ᠎ᠡ᠃ ᠲᠦᠷᠪᠡ ᠳᠤ᠂ ᠲᠠᠷᠢᠶᠠᠯᠠᠩ ᠮᠠᠯ ᠤᠨ ᠪᠦᠳᠦᠭᠡᠭᠳᠡᠬᠦᠨ ᠤ ᠴᠢᠨᠠᠷ ᠎ ᠤᠨ ᠠᠮᠣᠷ ᠲᠦᠪᠰᠢᠨ ᠪᠣᠯᠣᠨ ᠨᠡᠷᠡᠳᠣ ᠲᠡᠮᠳᠡᠭ ᠤᠨ ᠡᠬᠦᠳᠦᠯᠳᠡ ᠶᠢ ᠰᠠᠶᠢᠳᠣᠷ ᠠᠳᠬᠤᠨ᠎ᠠ᠃ ᠮᠢᠬᠠᠨ ᠦᠬᠡᠷ ᠮᠢᠬᠠᠨ ᠬᠤᠨᠢᠨ ᠤ ᠪᠦᠬᠦ ᠠᠵᠦ ᠦᠢᠯᠡᠰ ᠤᠨ ᠬᠡᠨᠵᠢ ᠶᠢ ᠮᠦᠰᠬᠢᠬᠦ ᠰᠢᠰᠲ᠋ᠧᠮ ᠢ ᠪᠦᠳᠦᠬᠡᠨ ᠪᠠᠶᠢᠭᠤᠯᠬᠤ ᠶᠢ ᠲᠣᠭᠳᠠᠭᠤᠨ ᠢᠶᠠᠷ ᠲᠦᠯᠬᠢᠨ ᠠᠬᠢᠭᠤᠯᠵᠦ᠂  ᠭᠤᠣᠯ ᠰᠦᠷᠦᠭ ᠤᠨ ᠦᠨᠢᠶ᠎ᠡ ᠪᠦᠬᠦᠨ ᠳᠤ ᠦᠷ᠎ᠡ ᠪᠣᠶᠢᠵᠢᠭᠤᠯᠬᠤ ᠲᠠᠩᠰᠠ ᠪᠠ ᠲᠡᠵᠢᠬᠡᠨ ᠦᠷᠡᠵᠢᠬᠦᠯᠬᠦ ᠲᠠᠩᠰᠠ ᠪᠠᠶᠢᠭᠤᠯᠣᠨ᠎ᠠ᠃ ᠬᠠᠮᠳᠣ ᠳᠤᠨᠢ 2000 ᠲᠣᠯᠣᠭᠠᠢ ᠮᠢᠬᠠᠨ ᠬᠤᠨᠢᠨ ᠎ ᠤ ᠣᠭ ᠢ ᠬᠠᠶᠢᠬᠤ ᠰᠢᠰᠲ᠋ᠧᠮ ᠤᠨ ᠴᠢᠬᠢᠨ ᠲᠡᠮᠳᠡᠭ ᠵᠡᠬᠦᠯᠬᠡᠬᠦ ᠪᠠ ᠲᠠᠩᠰᠠ ᠪᠠᠶᠢᠭᠤᠯᠬᠤ ᠠᠵᠢᠯ ᠢ ᠬᠦᠢᠴᠡᠳᠭᠡᠨ᠎ᠡ᠃ ᠲᠠᠷᠢᠶᠠᠯᠠᠩ ᠮᠠᠯ ᠤᠨ ᠪᠦᠳᠦᠭᠡᠭᠳᠡᠬᠦᠨ ᠤ ᠴᠢᠨᠠᠷ ᠤᠨ ᠠᠮᠣᠷ ᠲᠦᠪᠰᠢᠨ ᠢ ᠰᠢᠯᠭᠠᠨ ᠲᠣᠭᠳᠠᠭᠠᠬᠤ᠂ ᠰᠢᠯᠭᠠᠨ ᠲᠣᠷᠰᠢᠬᠤ ᠰᠢᠰᠲ᠋ᠧᠮ ᠢ ᠪᠠᠶᠢᠭᠤᠯᠬᠤ ᠶᠢ ᠴᠢᠩᠭᠠᠳᠬᠠᠵᠦ᠂ ᠲᠠᠷᠢᠶᠠᠯᠠᠩ ᠮᠠᠯ ᠤᠨ ᠪᠦᠳᠦᠭᠡᠭᠳᠡᠬᠦᠨ ᠤ ᠴᠢᠨᠠᠷ ᠢ ᠪᠠᠶᠢᠴᠠᠭᠠᠨ ᠲᠣᠭᠳᠠᠭᠠᠬᠤ ᠦᠷᠳᠡᠭᠡ ᠶᠢ ᠲᠦᠷᠢᠮᠵᠢᠬᠦᠯᠦᠨ ᠠᠵᠢᠯᠯᠠᠭᠤᠯᠬᠤ ᠶᠢ ᠲᠦᠷᠭᠡᠳᠬᠡᠵᠦ᠂ ᠠᠯᠬᠤᠮ ᠠᠯᠬᠤᠮ ᠎ ᠢᠶᠠᠷ ᠲᠠᠷᠢᠶᠠᠯᠠᠩ ᠮᠠᠯ ᠤᠨ ᠪᠦᠳᠦᠭᠡᠭᠳᠡᠬᠦᠨ ᠢ ᠦᠢᠯᠡᠳᠪᠦᠷᠢᠯᠡᠬᠦ᠂ ᠬᠠᠳᠠᠭᠠᠯᠠᠨ ᠵᠦᠬᠡᠬᠡᠪᠦᠷᠢᠯᠡᠬᠦ᠂ ᠪᠣᠷᠣᠯᠠᠭᠤᠯᠬᠤ ᠪᠣᠯᠣᠨ ᠨᠣᠳᠤᠭ ᠤᠨ ᠭᠠᠷᠣᠯᠳᠠ ᠶᠢᠨ ᠣᠷᠴᠢᠨ ᠲᠣᠭᠤᠷᠢᠨ ᠤ ᠪᠦᠬᠦ ᠶᠠᠪᠣᠴᠠ ᠶᠢ ᠬᠢᠨᠠᠨ ᠡᠵᠡᠮᠳᠡᠨ ᠰᠢᠯᠭᠠᠨ ᠲᠣᠭᠳᠠᠭᠠᠨ᠎ᠠ᠃ ︽ᠭᠤᠷᠪᠠᠨ ᠲᠠᠸᠠᠷ ᠨᠢᠬᠡ ᠪᠠᠷᠢᠮᠵᠢᠶ᠎ᠠ︾ ᠨᠣᠳᠤᠭ ᠤᠨ ᠭᠠᠷᠣᠯᠳᠠ ᠶᠢᠨ ᠦᠨᠡᠯᠡᠯᠳᠡ ᠪᠣᠯᠣᠨ ᠪᠦᠳᠦᠬᠡᠭᠳᠡᠬᠦᠨ ᠤ ᠦᠨᠡᠯᠡᠯᠳᠡ ᠶᠢᠨ ᠠᠵᠢᠯ ᠢ ᠰᠠᠶᠢᠳᠣᠷ ᠠᠳᠬᠤᠨ᠎ᠠ᠃ ᠰᠢᠨ᠎ᠡ ᠮᠠᠶ᠋ᠢᠭ ᠤᠨ ᠲᠠᠷᠢᠶᠠᠯᠠᠩ ᠮᠠᠯ ᠠᠵᠦ ᠠᠬᠤᠢ ᠶᠢᠨ ᠡᠵᠡᠩᠨᠡᠯᠳᠡ ᠶᠢᠨ ᠭᠤᠣᠯ ᠴᠣᠭᠴᠠ ᠳᠤ ᠣᠷᠢᠳᠠᠪᠡᠷ ᠪᠠᠷᠢᠮᠵᠢᠶᠠᠵᠢᠭᠰᠠᠨ ᠦᠢᠯᠡᠳᠪᠦᠷᠢᠯᠡᠯ ᠦᠷᠨᠢᠬᠦᠯᠬᠦ ᠎ ᠶᠢ ᠲᠡᠳᠬᠦᠵᠦ᠂ ᠠᠷᠢᠭᠤᠨ ᠴᠡᠪᠡᠷ ︵ᠣᠷᠭᠠᠨᠢᠭ︶ ᠨᠣᠳᠤᠭ ᠤᠨ ᠭᠠᠷᠣᠯᠳᠠ ᠶᠢᠨ ᠦᠨᠡᠯᠡᠯᠳᠡ ᠬᠢᠬᠦ ᠲᠠᠯᠠᠪᠠᠢ ᠶᠢ 25 ᠲᠦᠮᠡᠨ ᠮᠦ ᠳᠤ ᠬᠦᠷᠬᠡᠵᠦ᠂ ᠨᠡᠶᠢᠳᠡᠴᠢ ᠬᠤᠣᠷ ᠦᠭᠡᠢ ᠲᠠᠷᠢᠶᠠᠯᠠᠩ ᠮᠠᠯ ᠤᠨ ᠪᠦᠳᠦᠬᠡᠭᠳᠡᠬᠦᠨ 1-2᠎ ᠶᠢ ᠰᠢᠨ᠎ᠡ ᠪᠠᠷ ᠨᠡᠮᠡᠭᠳᠡᠬᠦᠯᠦᠨ᠎ᠡ᠃ ︽ᠦᠵᠦᠮᠦᠴᠢᠨ︾ ᠮᠠᠯ ᠤᠨ ᠪᠦᠳᠦᠬᠡᠭᠳᠡᠬᠦᠨ ᠤ ᠨᠡᠷᠡᠳᠣ ᠲᠡᠮᠳᠡᠭ ᠤᠨ ᠦᠷ᠎ᠡ ᠨᠦᠯᠦᠬᠡ ᠶᠢ ᠦᠨᠡᠨᠬᠦ ᠬᠦᠢᠴᠡᠳ ᠪᠠᠳᠠᠷᠠᠭᠤᠯᠵᠦ᠂ ᠪᠣᠳᠠᠳᠣ ᠬᠦᠴᠦᠨ ᠲᠠᠢ ᠠᠵᠦ ᠠᠬᠤᠶᠢᠯᠠᠯ ᠵᠢᠴᠢ ᠪᠣᠷᠣᠯᠠᠭᠤᠯᠬᠤ ᠪᠦᠯᠦᠭ ᠤᠨ ᠠᠳᠠᠷ ᠬᠠᠭᠠᠯᠪᠣᠷᠢᠯᠠᠭᠰᠠᠨ ᠣᠷᠣᠨ ᠤ ᠨᠡᠷᠡᠳᠣ ᠲᠡᠮᠳᠡᠭ ᠢ ᠡᠬᠦᠳᠬᠦ ᠪᠠ ᠵᠠᠬ᠎ᠠ ᠲᠡᠯᠬᠡᠬᠦᠷ ᠤᠨ ᠨᠡᠬᠡᠬᠡᠯᠳᠡ ᠬᠢᠬᠦ ᠶᠢ ᠲᠡᠮᠵᠢᠨ᠎ᠡ᠃ ᠬᠠᠮᠢᠶᠠᠷᠣᠯᠳᠠ ᠶᠢᠨ ᠣᠷᠣᠨ ᠤ ᠲᠠᠷᠢᠶᠠᠯᠠᠩ ᠮᠠᠯ ᠤᠨ ᠪᠦᠳᠦᠬᠡᠭᠳᠡᠬᠦᠨ ᠢ ᠲᠣᠮᠳᠠ ᠦᠨᠳᠦᠷ ᠬᠡᠷᠡᠭᠯᠡᠬᠡᠨ ᠤ ᠵᠠᠬ᠎ᠠ ᠲᠡᠯᠬᠡᠬᠦᠷ ᠲᠤ ᠣᠷᠣᠭᠠᠯᠬᠤ ᠶᠢ ᠲᠦᠯᠬᠢᠨ ᠠᠬᠢᠭᠤᠯᠵᠦ᠂ ᠦᠷᠳᠡᠭ ᠨᠡᠮᠡᠭᠳᠡᠯ ᠤᠨ ᠣᠷᠣᠨ ᠵᠠᠢ ᠶᠢ ᠲᠡᠭᠡᠭᠰᠢᠯᠡᠬᠦᠯᠦᠨ᠎ᠡ᠃ ᠲᠠᠪᠤ ᠳᠤ ᠲᠠᠷᠢᠶᠠᠯᠠᠩ ᠮᠠᠯ ᠤᠨ ᠪᠦᠳᠦᠬᠡᠭᠳᠡᠬᠦᠨ ᠤ ᠵᠠᠬ᠎ᠠ ᠲᠡᠯᠬᠡᠬᠦᠷ ᠤᠨ ᠪᠣᠷᠣᠯᠠᠭᠤᠯᠣᠯᠳᠠ ᠶᠢ ᠰᠠᠶᠢᠳᠣᠷ ᠠᠳᠬᠤᠨ᠎ᠠ᠃ ᠲᠠᠷᠢᠶᠠᠯᠠᠩ ᠮᠠᠯ ᠤᠨ ᠪᠦᠳᠦᠬᠡᠭᠳᠡᠬᠦᠨ ᠤ ᠡᠷᠬᠢᠯᠳᠡ ᠪᠠ ᠪᠣᠷᠣᠯᠠᠭᠤᠯᠭ᠎ᠠ ᠶᠢᠨ ᠠᠷᠭ᠎ᠠ ᠵᠠᠮ ᠢ ᠰᠠᠭᠠᠳ ᠦᠭᠡᠢ ᠪᠠᠶᠢᠯᠭᠠᠵᠦ᠂ ︽ᠢᠨᠲ᠋ᠧᠷᠨᠧᠲ + ᠲᠠᠷᠢᠶᠠᠯᠠᠩ ᠮᠠᠯ ᠠᠵᠦ ᠠᠬᠤᠢ︾᠎ ᠶᠢᠨ ᠣᠶᠠᠯᠳᠣᠨ ᠬᠦᠭᠵᠢᠬᠦ ᠶᠢ ᠲᠦᠯᠬᠢᠨ ᠠᠬᠢᠭᠤᠯᠵᠦ᠂ ᠲᠠᠷᠢᠶᠠᠯᠠᠩ ᠮᠠᠯ ᠤᠨ ᠪᠦᠳᠦᠬᠡᠭᠳᠡᠬᠦᠨ ᠤ ᠡᠯᠧᠺᠲᠷᠣᠨ ᠬᠤᠳᠠᠯᠳᠣᠭᠠᠨ ᠤ ᠶᠠᠪᠣᠳᠠᠯ ᠤᠨ ᠲᠠᠪᠴᠠᠩ ᠤᠨ ᠪᠦᠳᠦᠬᠡᠨ ᠪᠠᠶᠢᠭᠤᠯᠣᠯᠳᠠ ᠶᠢ ᠲᠦᠷᠭᠡᠳᠬᠡᠵᠦ᠂ ᠬᠦᠳᠡᠭᠡ ᠲᠣᠰᠬᠤᠨ ᠮᠠᠯᠵᠢᠬᠤ ᠣᠷᠣᠨ ᠤ ᠵᠠᠭᠤᠴᠢᠯᠠᠭᠴᠢ ᠪᠠ ᠡᠯ᠎ᠡ ᠲᠦᠷᠦᠯ ᠤᠨ ᠪᠣᠷᠣᠯᠠᠭᠤᠯᠬᠤ ᠵᠣᠬᠢᠶᠠᠨ ᠪᠠᠶᠢᠭᠤᠯᠣᠯᠳᠠ ᠶᠢᠨ ᠢᠳᠡᠪᠬᠢ ᠦᠢᠯᠡᠳᠣᠯ ᠪᠠᠳᠠᠷᠠᠭᠤᠯᠬᠤ ᠶᠢ ᠵᠣᠷᠢᠭᠵᠢᠭᠤᠯᠵᠦ᠂ ᠲᠠᠷᠢᠶᠠᠯᠠᠩ ᠮᠠᠯ ᠤᠨ ᠪᠦᠳᠦᠬᠡᠭᠳᠡᠬᠦᠨ ᠤ ᠡᠷᠬᠢᠯᠳᠡ ᠶᠢ ᠠᠬᠢᠭᠤᠯᠵᠦ᠂ ᠦᠢᠯᠡᠳᠪᠦᠷᠢᠯᠡᠯ ᠤᠨ ᠱᠣᠭᠤᠮ ᠤᠨ ᠲᠡᠭᠡᠷ᠎ᠡ ᠱᠣᠭᠤᠮ ᠤᠨ ᠲᠣᠣᠷ᠎ᠠ ᠶᠢ ᠨᠢᠬᠡ ᠴᠣᠭᠴᠠᠵᠢᠭᠤᠯᠬᠤ ᠣᠬᠠᠭᠤᠯᠭ᠎ᠠ ᠪᠣᠷᠣᠯᠠᠭᠤᠯᠭ᠎ᠠ ᠶᠢᠨ ᠰᠢᠨ᠎ᠡ ᠮᠠᠶ᠋ᠢᠭ ᠤᠨ ᠦᠢᠯᠡᠰ ᠤᠨ ᠬᠡᠪ ᠢ ᠪᠠᠶᠢᠭᠤᠯᠣᠨ᠎ᠠ᠃        ᠠᠵᠦ ᠦᠢᠯᠳᠪᠦᠷᠢ ᠶᠢᠨ ᠠᠵᠦ ᠠᠬᠤᠢ ᠶᠢᠨ ᠲᠣᠭᠳᠠᠭᠤᠨ ᠦᠰᠦᠯᠳᠡ ᠶᠢ ᠬᠦᠴᠦ ᠣᠷᠣᠭᠤᠯᠣᠨ ᠣᠷᠣᠭᠰᠢᠯᠠᠭᠤᠯᠣᠨ᠎ᠠ᠃ ︽ᠨᠡᠬᠦᠷᠡᠰᠣ- ᠴᠠᠬᠢᠯᠭᠠᠨ︾ ᠠᠷᠢᠭᠤᠨ ᠴᠡᠪᠡᠷ ᠡᠨᠧᠷᠬᠢ ᠶᠢᠨ ᠠᠵᠦ ᠦᠢᠯᠡᠰ ᠤᠨ ᠬᠡᠨᠵᠢ ᠎ ᠶᠢ ᠪᠦᠳᠦᠬᠡᠬᠦ ᠪᠠᠷ ᠵᠦᠰᠦᠵᠦ ᠣᠷᠣᠬᠤ ᠴᠢᠭ ᠪᠣᠯᠭᠠᠵᠦ᠂ ᠰᠢᠯᠢ ᠶᠢᠨ ᠭᠤᠣᠯ ᠠᠶᠢᠮᠠᠭ ᠠᠴᠠ ᠵᠢᠶᠠᠩᠰᠦ ᠶᠢᠨ ᠲᠠᠶᠢᠵᠸᠦ ᠬᠦᠷᠬᠦ ᠣᠨᠴᠠ ᠦᠨᠳᠦᠷ ᠲᠠᠷᠣᠯᠳᠠ ᠲᠠᠢ ᠲᠣᠭᠳᠠᠮᠠᠯ ᠬᠦᠶᠦᠳᠡᠯᠳᠣ ᠭᠠᠳᠠᠭᠰᠢ ᠬᠦᠷᠬᠡᠬᠦ ᠡᠬᠢᠨ ᠤ ᠪᠦᠯᠦᠭ ᠤᠨ ᠴᠠᠬᠢᠯᠭᠠᠨ ᠡᠬᠢ ᠰᠣᠷᠪᠣᠯᠵᠢ ᠶᠢᠨ ᠴᠢᠭ ᠤᠨ ᠡᠬᠢᠨ ᠤ ᠬᠤᠭᠤᠴᠠᠭᠠᠨ ᠤ ᠠᠵᠢᠯ ᠢ ᠦᠷᠬᠦᠯᠵᠢᠯᠡᠨ ᠲᠠᠭᠠᠵᠦ᠂ ᠪᠦᠬᠦ ᠬᠦᠴᠦᠨ ᠢᠶᠠᠷ ᠣᠯᠣᠰ ᠤᠨ ᠴᠠᠬᠢᠯᠭᠠᠨ 2×100 ᠲᠦᠮᠡᠨ ᠺᠢᠯᠣᠸᠠᠲ ᠺᠧᠩ ᠺᠧᠦ ᠴᠠᠬᠢᠯᠭᠠᠨ ᠦᠢᠯᠡᠳᠪᠦᠷᠢ ᠶᠢ ᠰᠠᠭᠤᠷᠢᠯᠠᠭᠤᠯᠣᠨ ᠪᠦᠳᠦᠬᠡᠨ ᠪᠠᠶᠢᠭᠤᠯᠬᠤ ᠶᠢ ᠲᠡᠮᠡᠴᠡᠨ ᠣᠯᠣᠨ᠎ᠠ᠃ ᠨᠡᠬᠦᠷᠡᠰᠣᠨ ᠠᠭᠤᠷᠬᠠᠢ ᠶᠢᠨ ᠡᠮᠦᠨᠡᠬᠢ ᠬᠤᠭᠤᠴᠠᠭ᠎ᠠ ᠶᠢᠨ ᠠᠵᠢᠯ ᠤᠨ ᠬᠦᠴᠦᠯᠡᠴᠡ ᠶᠢ ᠶᠡᠬᠡᠳᠬᠡᠵᠦ᠂ ᠬᠡᠰᠡᠭ ᠠᠭᠤᠯᠠ ᠨᠡᠬᠦᠷᠡᠰᠣᠨ ᠠᠭᠤᠷᠬᠠᠢ ᠎ ᠶᠢᠨ ᠲᠦᠰᠦᠯ ᠤᠨ ᠣᠷᠴᠢᠨ ᠲᠣᠭᠤᠷᠢᠨ ᠤ ᠦᠨᠡᠯᠡᠯᠬᠡ ᠪᠣᠯᠣᠨ ᠣᠰᠣ ᠠᠪᠬᠤ ᠶᠢ ᠵᠦᠪᠰᠢᠶᠡᠷᠡᠬᠦ ᠵᠦᠪᠰᠢᠶᠡᠷᠡᠯ ᠢ ᠣᠯᠵᠦ᠂ ᠨᠦᠩ ᠨᠠᠢ ᠰᠦᠮ᠎ᠡ ᠶᠢᠨ ᠬᠤᠳᠳᠤᠭ ᠤᠨ ᠦᠢᠯᠡᠳᠪᠦᠷᠢ ᠶᠢᠨ ᠠᠭᠤᠷᠬᠠᠢ᠂ ᠠᠭᠤᠷᠬᠠᠢ ᠶᠢᠨ ᠬᠦᠷᠢᠶ᠎ᠡ ᠬᠡᠪᠴᠢᠶ᠎ᠡ ᠶᠢ ᠲᠣᠭᠳᠠᠭᠠᠬᠤ ᠪᠠ ᠭᠠᠵᠠᠷ ᠰᠢᠷᠣᠢ ᠶᠢᠨ ᠣᠷᠢᠳᠴᠢᠯᠠᠭᠰᠠᠨ ᠰᠢᠬᠦᠨ ᠵᠦᠪᠰᠢᠶᠡᠷᠡᠯ ᠶᠢ ᠣᠯᠵᠦ᠂ ᠠᠭᠤᠷᠬᠠᠢ ᠮᠠᠯᠳᠠᠬᠤ ᠡᠷᠬᠡ ᠶᠢᠨ ᠬᠡᠷᠡᠭᠯᠡᠬᠦ ᠠᠯᠪᠠᠨ ᠪᠢᠴᠢᠭ ᠢ ᠲᠡᠬᠦᠯᠳᠡᠷᠵᠢᠬᠦᠯᠵᠦ᠂ ᠵᠢᠯ ᠲᠣᠳᠣᠷ᠎ᠠ ᠢᠳᠡᠪᠬᠢᠳᠡᠢ ᠠᠬᠢᠴᠠ ᠲᠠᠢ ᠪᠣᠯᠭᠠᠨ᠎ᠠ᠃ ᠨᠥᠩ ᠨᠠᠢ ᠰᠦᠮ᠎ᠡ ᠶᠢᠨ ᠦᠪᠡᠷ ᠲᠡᠭᠡᠨ ᠪᠡᠯᠡᠳᠭᠡᠭᠰᠡᠨ ᠴᠠᠬᠢᠯᠭᠠᠨ ᠦᠢᠯᠡᠳᠪᠦᠷᠢ ᠶᠢᠨ ᠡᠯ᠎ᠡ ᠲᠦᠷᠦᠯ ᠤᠨ ᠠᠯᠪᠠᠨ ᠪᠢᠴᠢᠭ ᠤᠨ ᠠᠬᠢᠴᠠ ᠶᠢ ᠲᠦᠷᠭᠡᠳᠬᠡᠵᠦ᠂ ᠦᠪᠡᠷᠳᠡᠭᠡᠨ ᠵᠠᠰᠠᠬᠤ ᠣᠷᠣᠨ ᠤ ᠦᠪᠡᠷ ᠎ ᠲᠡᠭᠡᠨ ᠪᠡᠯᠡᠳᠭᠡᠭᠰᠡᠨ ᠭᠠᠯ ᠤᠨ ᠴᠠᠬᠢᠯᠭᠠᠨ ᠤ ᠲᠦᠰᠦᠯ ᠬᠦᠮᠦᠷᠬᠡ ᠳᠤ ᠲᠡᠮᠡᠴᠡᠨ ᠣᠷᠣᠵᠦ᠂ ᠳ᠋ᠠ ᠲᠠᠩ ᠨᠠᠢᠮᠠᠨ ᠲᠠᠰᠣᠯᠭ᠎ᠠ ᠭᠡᠷ ᠤᠨ 3 ᠲᠦᠮᠡᠨ ᠺᠢᠯᠣᠸᠠᠲ ᠰᠠᠯᠬᠢᠨ ᠬᠦᠴᠦᠨ ᠤ ᠴᠠᠬᠢᠯᠭᠠᠨ ᠤ ᠲᠦᠰᠦᠯ ᠤᠨ ᠪᠦᠳᠦᠬᠡᠨ ᠪᠠᠶᠢᠭᠤᠯᠬᠤ ᠠᠬᠢᠴᠠ ᠶᠢ ᠲᠦᠷᠭᠡᠳᠬᠡᠵᠦ᠂ ᠵᠢᠯ ᠤᠨ ᠲᠣᠳᠣᠷ᠎ᠠ ᠲᠣᠣᠷ ᠨᠡᠶᠢᠯᠡᠬᠦᠯᠦᠨ ᠴᠠᠬᠢᠯᠭᠠᠨ ᠭᠠᠷᠭᠠᠬᠤ ᠶᠢ ᠪᠡᠶᠡᠯᠡᠬᠦᠯᠦᠨ᠎ᠡ᠃ ᠪᠠᠶᠠᠨᠬᠤᠰᠢᠭᠤ ᠪᠠᠯᠭᠠᠰᠣᠨ ᠤ ᠪᠠᠭ᠎ᠠ ᠵᠢᠵᠢᠭ ᠠᠵᠦ ᠠᠬᠤᠶᠢᠯᠠᠯ ᠤᠨ ᠦᠢᠯᠡᠰ ᠪᠣᠰᠬᠠᠬᠤ ᠬᠦᠷᠢᠶᠡᠯᠡᠩ ᠪᠠ ᠠᠷᠢᠭᠤᠨ ᠴᠡᠪᠡᠷ ᠲᠠᠷᠢᠶᠠᠯᠠᠩ ᠮᠠᠯ ᠤᠨ ᠪᠦᠳᠦᠬᠡᠭᠳᠡᠬᠦᠨ ᠤ ᠰᠢᠨᠵᠢᠯᠡᠭᠡ ᠮᠡᠷᠭᠡᠵᠢᠯ ᠤᠨ ᠠᠵᠦ ᠦᠢᠯᠡᠰ ᠤᠨ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠣᠯᠳᠠ ᠶᠢ ᠠᠬᠢᠭᠤᠯᠵᠦ᠂ ᠬᠠᠮᠢᠶ᠎ᠠ ᠪᠦᠬᠦᠢ ᠲᠦᠷᠦ ᠎ ᠶᠢᠨ ᠪᠣᠳᠣᠯᠭ᠎ᠠ ᠶᠢ ᠲᠣᠭᠳᠠᠭᠠᠬᠤ ᠪᠠ ᠲᠡᠬᠦᠯᠳᠡᠷᠵᠢᠬᠦᠯᠵᠦ᠂ ᠠᠵᠦ ᠠᠬᠤᠶᠢᠯᠠᠯ ᠤᠨ ᠣᠷᠣᠵᠦ ᠪᠠᠶᠢᠷᠢᠰᠢᠬᠤ ᠳᠤ ᠢᠳᠡᠪᠬᠢᠳᠡᠢ ᠨᠦᠬᠦᠴᠡᠯ ᠬᠠᠩᠭᠠᠵᠦ ᠦᠭᠬᠦᠨ᠎ᠡ᠃ ᠭᠤᠣᠯᠳᠠᠯᠭ᠎ᠠ ᠲᠠᠢ ᠠᠵᠦ ᠠᠬᠤᠶᠢᠯᠠᠯ ᠤᠨ ︽ᠭᠠᠷᠠᠭ ᠤᠨ ᠲᠣᠬᠢᠷᠠᠭᠤᠯᠣᠯᠳᠠ᠂ ᠰᠠᠷ᠎ᠠ ᠶᠢᠨ ᠵᠠᠳᠠᠯᠣᠯᠳᠠ᠂ ᠣᠯᠠᠷᠢᠯ ᠤᠨ ᠬᠤᠷᠢᠶᠠᠩᠭᠤᠶᠢᠯᠠᠯ︾ ᠬᠡᠬᠦ ᠡᠷᠬᠢᠯᠳᠡ ᠲᠣᠬᠢᠷᠠᠭᠤᠯᠣᠯᠳᠠ ᠶᠢᠨ ᠠᠵᠢᠯ ᠤᠨ ᠲᠣᠭᠳᠠᠯᠴᠠᠭ᠎ᠠ ᠶᠢ ᠨᠠᠷᠢᠨ ᠬᠢᠨᠠᠮᠠᠭᠠᠢ ᠲᠣᠣᠱᠯᠠᠭᠤᠯᠵᠦ᠂ ᠭᠤᠣᠯᠳᠠᠯᠭ᠎ᠠ ᠲᠠᠢ ᠲᠦᠰᠦᠯ ᠤᠨ ᠠᠵᠢᠯ ᠡᠬᠢᠯᠡᠬᠦ᠂ ᠲᠠᠬᠢᠨ ᠠᠵᠢᠯᠯᠠᠬᠤ ᠶᠢ ᠠᠩᠬᠠᠷᠴᠣ᠂ ᠭᠤᠣᠯᠳᠠᠯᠭ᠎ᠠ ᠲᠠᠢ ᠠᠵᠦ ᠠᠬᠤᠶᠢᠯᠠᠯ  ᠎ ᠢ ᠪᠠᠶᠢᠴᠠᠭᠠᠨ ᠰᠣᠳᠣᠯᠬᠤ ᠪᠠ ᠱᠠᠭᠠᠷᠳᠠᠬᠤ ᠠᠵᠢᠯ ᠦᠷᠨᠢᠬᠦᠯᠵᠦ᠂ ᠠᠵᠦ ᠦᠢᠯᠡᠳᠪᠦᠷᠢ ᠶᠢᠨ ᠭᠤᠣᠯᠳᠠᠯᠠᠭ᠎ᠠ ᠲᠠᠢ ᠲᠦᠰᠦᠯ ᠤᠨ ᠬᠦᠳᠦᠯᠪᠦᠷᠢ ᠢ ᠴᠠᠭ ᠲᠣᠬᠠᠢ ᠳᠤᠨᠢ ᠡᠵᠡᠮᠰᠢᠵᠦ᠂ ᠠᠵᠦ ᠠᠬᠤᠢ ᠶᠢᠨ ᠡᠷᠬᠢᠯᠳᠡ ᠲᠣᠮᠳᠠᠬᠢ ᠬᠦᠴᠢᠷ ᠪᠠ ᠠᠰᠠᠭᠤᠳᠠᠯ ᠢ ᠴᠠᠭ ᠲᠣᠬᠠᠢ ᠳᠤᠨᠢ ᠰᠣᠳᠣᠯᠣᠨ ᠰᠢᠢᠳᠪᠦᠷᠢᠯᠡᠵᠦ᠂ ᠡᠯ᠎ᠡ ᠲᠦᠷᠦᠯ ᠤᠨ ᠬᠠᠷᠠᠯᠳᠠᠳᠣ ᠡᠬᠦᠷᠬᠡ ᠶᠢ ᠴᠠᠭ ᠤᠨ ᠴᠠᠭ ᠲᠠᠭᠠᠨ ᠪᠡᠶᠡᠯᠡᠬᠦᠯᠬᠦ ᠶᠢ ᠪᠠᠳᠣᠯᠠᠨ᠎ᠠ᠃ ᠲᠦᠪ᠂ ᠦᠪᠡᠷᠳᠡᠭᠡᠨ ᠵᠠᠰᠠᠬᠤ ᠣᠷᠣᠨ ᠤ ᠭᠤᠣᠯᠳᠠᠯᠭ᠎ᠠ ᠎ ᠲᠠᠢ ᠲᠦᠰᠦᠯ ᠤᠨ ᠣᠷᠣᠭᠤᠯᠣᠯᠳᠠ ᠶᠢᠨ ᠴᠢᠭᠯᠡᠯ ᠤᠨ ᠲᠣᠭᠤᠷᠢᠨ ᠳᠤ᠂ ︽ᠠᠷᠪᠠᠨ ᠭᠤᠷᠪᠠᠳᠣᠭᠠᠷ ᠲᠠᠪᠣᠨ ᠵᠢᠯ︾ ᠎ ᠤᠨ ᠬᠦᠭᠵᠢᠯᠳᠡ ᠶᠢᠨ ᠲᠦᠯᠦᠪᠯᠡᠭᠡ ᠵᠣᠬᠢᠶᠠᠮᠵᠢ ᠲᠠᠢ ᠣᠶᠠᠯᠳᠣᠭᠤᠯᠣᠨ᠂ ᠬᠤᠳᠠᠯᠳᠤᠭ᠎ᠠ ᠣᠷᠢᠵᠦ ᠪᠡᠯᠡ ᠲᠠᠳᠠᠬᠤ ᠠᠵᠢᠯ ᠢ ᠰᠠᠶᠢᠳᠣᠷ ᠠᠳᠬᠤᠵᠦ᠂ ᠠᠵᠦ ᠦᠢᠯᠡᠰ ᠤᠨ ᠬᠡᠪ ᠰᠢᠯᠵᠢᠯᠳᠡ ᠵᠡᠷᠭᠡ ᠲᠡᠪᠰᠢᠯᠳᠡ᠂ ᠰᠢᠨ᠎ᠡ ᠮᠠᠶ᠋ᠢᠭ ᠤᠨ ᠬᠤᠳᠠ ᠪᠠᠯᠭᠠᠰᠣᠵᠢᠯᠳᠠ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ᠂ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠣᠯᠳᠠ ᠵᠡᠷᠭᠡ ᠲᠠᠯ᠎ᠠ ᠪᠠᠷ ᠨᠢᠬᠡ ᠪᠦᠯᠦᠭ ᠭᠤᠣᠯᠳᠠᠯᠠᠭ᠎ᠠ ᠲᠠᠢ ᠶᠡᠭᠡ ᠲᠦᠰᠦᠯ ᠶᠢ ᠲᠦᠯᠦᠪᠯᠡᠨ ᠬᠠᠳᠠᠭᠠᠯᠠᠵᠦ᠂ ᠨᠡᠷᠡᠳᠣ ᠲᠡᠮᠳᠡᠭ ᠢᠶᠠᠷ ᠬᠤᠳᠠᠯᠳᠤᠭ᠎ᠠ ᠣᠷᠢᠬᠤ᠂ ᠠᠵᠦ ᠦᠢᠯᠡᠰ ᠢᠶᠠᠷ ᠬᠤᠳᠠᠯᠳᠤᠭ᠎ᠠ ᠣᠷᠢᠬᠤ ᠪᠠ ᠬᠤᠳᠠᠯᠳᠤᠭ᠎ᠠ ᠪᠠᠷ ᠬᠤᠳᠠᠯᠳᠤᠭ᠎ᠠ ᠣᠷᠢᠬᠤ ᠵᠡᠷᠬᠡ ᠠᠷᠭ᠎ᠠ ᠬᠡᠯᠪᠡᠷᠢ ᠪᠠᠷ ᠲᠦᠰᠦᠯ ᠤᠨ ᠪᠦᠳᠦᠬᠡᠨ ᠪᠠᠶᠢᠭᠤᠯᠣᠯᠳᠠ ᠲᠣᠣᠱᠯᠠᠭᠤᠯᠣᠯᠳᠠ ᠶᠢ ᠢᠳᠡᠪᠬᠢᠳᠡᠢ ᠬᠦᠢᠴᠡᠳᠬᠡᠨ᠎ᠡ᠃          ᠦᠢᠯᠡᠴᠢᠯᠡᠯᠬᠡᠨ ᠤ ᠦᠢᠯᠡᠰ ᠤᠨ ᠬᠦᠭᠵᠢᠯᠳᠡ ᠶᠢᠨ ᠬᠢᠷᠢ ᠲᠦᠪᠰᠢᠨ ᠢ ᠬᠦᠴᠦᠯᠡᠨ ᠲᠡᠭᠡᠭᠰᠢᠯᠡᠬᠦᠯᠦᠨ᠎ᠡ᠃ ᠦᠢᠯᠡᠴᠢᠯᠡᠯᠬᠡᠨ ᠤ ᠦᠢᠯᠡᠰ ᠤᠨ ᠦᠬᠡᠷᠡᠴᠢᠯᠡᠯᠳᠡ ᠬᠦᠭᠵᠢᠯᠳᠡ ᠳᠠᠬᠢ ᠲᠦᠷᠦ ᠶᠢᠨ ᠪᠣᠳᠣᠯᠭ᠎ᠠ ᠠᠷᠭ᠎ᠠ ᠠᠪᠴᠠᠯ ᠢ ᠪᠦᠬᠦ ᠲᠠᠯ᠎ᠠ ᠪᠠᠷ  ᠲᠣᠣᠱᠯᠠᠭᠤᠯᠣᠨ ᠠᠬᠢᠭᠤᠯᠵᠦ᠂ ᠬᠤᠳᠠᠯᠳᠤᠭ᠎ᠠ ᠠᠷᠠᠯᠵᠢᠶ᠎ᠠ᠂ ᠬᠤᠭᠤᠯᠠ ᠣᠮᠳᠠᠭᠠᠨ ᠵᠡᠷᠬᠡ ᠣᠯᠠᠮᠵᠢᠯᠠᠯᠳᠣ ᠦᠢᠯᠡᠴᠢᠯᠡᠯᠬᠡᠨ ᠤ ᠦᠢᠯᠡᠰ ᠶᠢ ᠦᠭᠡᠷᠡᠴᠢᠯᠡᠨ ᠲᠡᠭᠡᠭᠰᠢᠯᠡᠬᠦᠯᠵᠦ᠂ ᠪᠠᠷᠠᠭᠠᠨ ᠤ ᠣᠷᠣᠰᠬᠠᠯ᠂ ᠨᠠᠰᠣᠳᠠᠨ ᠢ ᠠᠰᠠᠷᠠᠬᠤ᠂ ᠨᠡᠶᠢᠬᠡᠮ ᠲᠣᠭᠤᠷᠢᠭ ᠤᠨ ᠦᠢᠯᠡᠴᠢᠯᠡᠯᠬᠡ ᠵᠡᠷᠭᠡ ᠣᠳᠣᠬᠢᠴᠢᠯᠠᠭᠰᠠᠨ ᠦᠢᠯᠡᠴᠢᠯᠡᠯᠬᠡᠨ ᠤ ᠦᠢᠯᠡᠰ ᠤᠨ ᠬᠦᠭᠵᠢᠯᠳᠡ ᠶᠢ ᠲᠦᠷᠭᠡᠳᠬᠡᠨ᠎ᠡ᠃ ᠦᠢᠯᠡᠳᠪᠦᠷᠢᠯᠡᠯ ᠤᠨ ᠴᠢᠨᠠᠷ ᠲᠠᠢ ᠦᠢᠯᠡᠴᠢᠯᠡᠯᠬᠡᠨ ᠤ ᠦᠢᠯᠡᠰ ᠢ ᠴᠢᠬᠤᠯᠠᠴᠢᠯᠠᠨ ᠦᠵᠡᠵᠦ ᠰᠠᠶᠢᠳᠣᠷ ᠠᠳᠬᠤᠬᠤ ᠮᠦᠷᠳᠡᠭᠡᠨ ᠰᠣᠶᠣᠯ ᠤᠨ ᠵᠢᠭᠤᠯᠴᠢᠯᠠᠯ ᠵᠡᠷᠭᠡ ᠠᠮᠢᠳᠣᠷᠠᠯ ᠤᠨ ᠴᠢᠨᠠᠷ ᠲᠠᠢ ᠦᠢᠯᠡᠴᠢᠯᠡᠯᠬᠡᠨ ᠢ ᠶᠡᠭᠡ ᠬᠦᠴᠦᠨ ᠢᠶᠠᠷ ᠬᠦᠭᠵᠢᠬᠦᠯᠵᠦ᠂ ᠬᠠᠮᠢᠶᠠᠷᠣᠯᠳᠠ ᠶᠢᠨ ᠣᠷᠣᠨ ᠤ ᠠᠵᠦ ᠦᠢᠯᠡᠰ ᠤᠨ ᠪᠦᠳᠦᠴᠡ ᠤᠨ ᠰᠢᠯᠢᠳᠡᠭᠵᠢᠯᠳᠡ ᠵᠡᠷᠭᠡ ᠲᠠᠪᠰᠢᠯᠳᠠ ᠶᠢ ᠠᠬᠢᠭᠤᠯᠣᠨ᠎ᠠ᠃ ᠨᠢᠬᠡ ᠳᠤ ᠰᠣᠶᠣᠯ ᠤᠨ ᠵᠢᠭᠤᠯᠴᠢᠯᠠᠯ ᠤᠨ ᠦᠢᠯᠡᠰ ᠤᠨ ᠬᠦᠭᠵᠢᠯᠳᠡ ᠶᠢᠨ ᠬᠢᠷᠢ ᠬᠡᠮᠵᠢᠶ᠎ᠡ ᠶᠢ ᠲᠡᠭᠡᠭᠰᠢᠯᠡᠬᠦᠯᠦᠨ᠎ᠡ᠃① ᠵᠢᠭᠤᠯᠴᠢᠯᠠᠯ ᠤᠨ ᠡᠵᠡᠩᠨᠡᠯᠳᠡ ᠬᠠᠮᠢᠶᠠᠷᠣᠯᠳᠠ ᠶᠢᠨ ᠲᠣᠭᠳᠠᠯᠴᠠᠭ᠎ᠠ ᠶᠢᠨ ᠰᠢᠨ᠎ᠡ ᠶᠢ ᠡᠬᠦᠳᠣᠨ᠎ᠠ᠃ ᠲᠠᠷᠢᠶᠠᠯᠠᠩ ᠮᠠᠯᠵᠢᠯ ᠤᠨ ᠲᠠᠯᠪᠠᠢ ᠎ ᠶᠢᠨ ᠵᠢᠭᠤᠯᠴᠢᠯᠠᠯ ᠤᠨ ᠤᠨ ᠣᠷᠣᠨ ᠤ ᠺᠣᠮᠫᠠᠨᠢᠵᠢᠯᠳᠠ ᠮᠠᠶ᠋ᠢᠭ ᠪᠠᠷ ᠠᠰᠢᠭᠯᠠᠯᠳᠠ ᠳᠤ ᠣᠷᠣᠭᠤᠯᠬᠤ ᠶᠢ ᠢᠳᠡᠪᠬᠢᠳᠡᠢ ᠠᠬᠢᠭᠤᠯᠵᠦ᠂ ᠲᠠᠷᠢᠶᠠᠯᠠᠩ ᠮᠠᠯᠵᠢᠯ ᠤᠨ ᠲᠠᠯᠠᠪᠠᠢ ᠵᠢᠭᠤᠯᠴᠢᠯᠠᠯ ᠤᠨ ᠺᠣᠮᠫᠠᠨᠢ ᠪᠠᠷ ᠠᠴᠢᠶᠠᠯᠠᠭᠴᠢ ᠪᠣᠯᠭᠠᠬᠤ ᠶᠢ ᠵᠣᠭᠷᠢᠭᠵᠢᠭᠤᠯᠣᠨ ᠣᠳᠣᠷᠢᠳᠴᠣ᠂ ᠵᠢᠭᠤᠯᠴᠢᠯᠠᠯ ᠤᠨ ᠡᠬᠢ ᠪᠠᠶᠠᠯᠢᠭ ᠢ ᠨᠡᠶᠢᠳᠬᠡᠨ᠂ ᠠᠰᠢᠭᠯᠠᠯᠳᠠ ᠳᠤ ᠣᠷᠣᠬᠤ ᠬᠠᠮᠢᠶᠠᠷᠣᠯᠳᠠ ᠶᠢᠨ ᠵᠠᠭᠪᠣᠷ ᠢᠶᠠᠨ ᠨᠢᠬᠡᠳᠬᠡᠵᠦ᠂ ᠵᠢᠭᠤᠯᠴᠢᠯᠠᠯ ᠤᠨ ᠦᠢᠯᠡᠴᠢᠯᠡᠯᠬᠡ ᠶᠢᠨ ᠴᠢᠨᠠᠷ ᠢ ᠲᠡᠭᠡᠭᠰᠢᠯᠡᠬᠦᠯᠦᠨ᠎ᠡ᠃② ᠵᠢᠭᠤᠯᠴᠢᠯᠠᠯ ᠤᠨ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠣᠯᠳᠠ ᠶᠢᠨ ᠬᠦᠴᠦᠯᠡᠴᠡ ᠶᠢ ᠶᠡᠬᠡᠳᠭᠡᠨ᠎ᠡ᠃ ᠵᠢᠭᠤᠯᠴᠢᠯᠠᠯ ᠤᠨ ᠶᠡᠷᠦᠩᠬᠡᠢ ᠴᠣᠭᠴᠠ ᠳᠠᠬᠢ ᠲᠦᠯᠦᠪᠯᠡᠭᠡ᠂ ᠦᠨᠡᠯᠡᠨ ᠬᠢᠨᠠᠬᠤ ᠪᠣᠯᠣᠨ ᠭᠤᠣᠯᠳᠠᠯᠭ᠎ᠠ ᠲᠠᠢ ᠵᠢᠭᠤᠯᠴᠢᠯᠠᠯ ᠤᠨ ᠣᠷᠣᠨ ᠤ ᠵᠠᠰᠠᠨ ᠰᠡᠯᠪᠢᠬᠦ ᠴᠢᠨᠠᠷ ᠲᠠᠢ ᠨᠠᠷᠢᠨ ᠨᠢᠮᠪᠠᠢ ᠲᠦᠯᠦᠪᠯᠡᠭᠡ ᠵᠣᠬᠢᠶᠠᠬᠤ ᠠᠬᠢᠴᠠ ᠶᠢ ᠲᠦᠷᠭᠡᠳᠬᠡᠵᠦ᠂ 3 ᠳ᠋ᠣᠭᠠᠷ ᠰᠠᠷ᠎ᠠ ᠶᠢᠨ ᠰᠡᠬᠦᠯᠴᠢ ᠠᠴᠠ ᠡᠮᠦᠨ᠎ᠡ ᠡᠯ᠎ᠡ ᠲᠦᠷᠦᠯ ᠤᠨ ᠦᠨᠡᠯᠡᠨ ᠬᠢᠨᠠᠯᠳᠠ ᠬᠢᠬᠦ ᠠᠵᠢᠯ ᠢ ᠪᠡᠶᠡᠯᠡᠬᠦᠯᠦᠨ᠎ᠡ᠃ ᠣᠯᠠᠭᠠᠢ ᠨᠠᠭᠤᠷ᠂ ᠪᠦᠯᠢᠶᠡᠨ ᠪᠣᠯᠠᠭ ᠵᠡᠷᠭᠡ ᠭᠤᠣᠯᠳᠠᠯᠭ᠎ᠠ ᠲᠠᠢ ᠵᠢᠭᠤᠯᠴᠢᠯᠠᠯ ᠤᠨ ᠣᠷᠣᠨ ᠤ ᠵᠢᠭᠤᠯᠴᠢᠯᠠᠯ ᠤᠨ ᠣᠯᠠᠨ ᠨᠡᠶᠢᠳᠡ ᠶᠢᠨ ᠦᠢᠯᠡᠴᠢᠯᠡᠯᠬᠡᠨ ᠤ ᠲᠦᠬᠦᠬᠡᠷᠦᠮᠵᠢ ᠶᠢᠨ ᠪᠦᠳᠦᠬᠡᠨ ᠪᠠᠶᠢᠭᠤᠯᠣᠯᠳᠠ ᠶᠢ ᠣᠯᠠᠮ ᠨᠢᠬᠡ ᠠᠯᠬᠤᠮ ᠲᠡᠭᠦᠯᠳᠡᠷᠵᠢᠬᠦᠯᠵᠦ᠂ ᠣᠯᠣᠰ ᠤᠨ ᠭᠠᠵᠠᠷ ᠰᠢᠷᠣᠢ ᠶᠢᠨ ᠲᠣᠪᠴᠢᠶ᠎ᠠ ᠪᠠ ᠠᠮᠢ ᠠᠬᠤᠢ ᠶᠢᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠬᠠᠮᠢᠶ᠎ᠠ ᠪᠦᠬᠦᠢ ᠭᠠᠷ ᠬᠦᠢᠴᠡᠳᠭᠡᠯ ᠤᠨ ᠮᠡᠳᠡᠬᠦᠯᠦᠨ ᠴᠣᠬᠤᠬᠤ ᠠᠵᠢᠯ ᠢ ᠬᠠᠮᠵᠢᠯᠴᠠᠨ ᠰᠠᠶᠢᠳᠣᠷ ᠬᠢᠨ᠎ᠠ᠃③ ᠬᠦᠳᠡᠭᠡ ᠲᠣᠰᠬᠤᠨ ᠤ ᠵᠢᠭᠤᠯᠴᠢᠯᠠᠯ ᠢ ᠶᠡᠭᠡ ᠬᠦᠴᠦᠨ ᠢᠶᠠᠷ ᠬᠦᠭᠵᠢᠬᠦᠯᠦᠨ᠎ᠡ᠃ ︽ᠲᠠᠷᠢᠶᠠᠴᠢᠨ ᠡᠷᠦᠬᠡ ᠶᠢᠨ ᠵᠢᠷᠭᠠᠯ︾ ︽ᠮᠠᠯᠴᠢᠨ ᠠᠶᠢᠯ︾᠎ ᠤᠨ ᠪᠦᠳᠦᠬᠡᠨ ᠪᠠᠶᠢᠭᠤᠯᠬᠤ ᠪᠠᠷᠢᠮᠵᠢᠶ᠎ᠠ ᠵᠢᠴᠢ ᠭᠤᠶᠣᠴᠢᠯᠠᠨ ᠬᠦᠢᠴᠡᠳᠬᠡᠬᠦ ᠠᠯᠬᠤᠮ ᠶᠠᠪᠣᠴᠠ ᠶᠢ ᠲᠡᠭᠦᠯᠳᠡᠷᠵᠢᠬᠦᠯᠵᠦ᠂ ᠡᠵᠡᠩᠨᠡᠯᠳᠡ ᠬᠦᠭᠵᠢᠯᠳᠡ ᠶᠢ ᠲᠦᠷᠢᠮᠵᠢᠬᠦᠯᠦᠨ ᠵᠢᠯᠣᠭᠤᠳᠴᠣ᠂ ᠵᠦᠷᠢᠶᠡᠨᠵᠢᠭᠰᠡᠨ ᠦᠢᠯᠡᠴᠢᠯᠡᠯᠬᠡᠨ ᠤ ᠲᠦᠰᠦᠯ ᠪᠣᠯᠣᠨ ᠠᠭᠤᠯᠭ᠎ᠠ ᠶᠢ ᠪᠦᠳᠦᠬᠡᠵᠦ᠂ ᠠᠮᠢ ᠠᠬᠤᠢ ᠶᠢᠨ ᠲᠠᠭᠤᠷᠢᠶᠠᠯᠳᠣ ᠮᠠᠯᠵᠢᠯ ᠤᠨ ᠲᠠᠯᠠᠪᠠᠢ ᠶᠢ ᠵᠢᠭᠤᠯᠴᠢᠯᠠᠬᠤ᠂ ᠰᠡᠯᠡᠬᠦᠴᠡᠯ᠂ ᠪᠡᠶ᠎ᠡ ᠪᠠᠷ ᠮᠡᠳᠡᠷᠡᠬᠦ ᠬᠡᠯᠪᠡᠷᠢ ᠶᠢᠨ ᠵᠢᠭᠤᠯᠴᠢᠯᠠᠯ ᠵᠦᠭ ᠰᠢᠯᠵᠢᠬᠦ ᠶᠢ ᠠᠬᠢᠭᠤᠯᠵᠦ᠂ ᠬᠦᠳᠡᠭᠡ ᠲᠣᠰᠬᠤᠨ ᠤ ᠵᠢᠭᠤᠯᠴᠢᠯᠠᠯ ᠤᠨ ᠲᠣᠳᠣᠭᠠᠳᠣ ᠠᠮᠢᠳᠣᠷᠠᠯ ᠤᠨ ᠬᠦᠴᠦᠨ ᠪᠠ ᠵᠢᠭᠤᠯᠴᠢᠯᠠᠭᠴᠢᠳ ᠢ ᠲᠠᠳᠠᠬᠤ ᠬᠦᠴᠦᠨ ᠢ ᠲᠡᠭᠡᠭᠰᠢᠯᠡᠬᠦᠯᠦᠨ᠎ᠡ᠃④ ᠵᠢᠭᠤᠯᠴᠢᠯᠠᠯ ᠤᠨ ᠪᠠᠷᠢᠮᠵᠢᠶᠠᠵᠢᠭᠰᠠᠨ ᠬᠠᠮᠢᠶᠠᠷᠣᠯᠳᠠ ᠶᠢᠨ ᠬᠢᠷᠢ ᠲᠦᠪᠰᠢᠨ ᠤ ᠲᠡᠭᠡᠭᠰᠢᠯᠡᠯᠳᠡ ᠶᠢ ᠲᠦᠷᠭᠡᠳᠬᠡᠨ᠎ᠡ᠃ ᠵᠢᠭᠤᠯᠴᠢᠯᠠᠯ ᠤᠨ ᠲᠣᠭᠳᠠᠭᠰᠠᠨ ᠨᠢᠭᠡᠴᠢ ᠪᠠᠷᠢᠮᠵᠢᠶ᠎ᠠ ᠪᠠ ᠬᠤᠭᠤᠯᠠ ᠣᠮᠳᠠ ᠬᠤᠭᠤᠯᠠᠨ ᠭᠡᠷ ᠨᠣᠭᠤᠭᠠᠨ ᠤ ᠲᠦᠷᠦᠯ ︽ᠶᠡᠭᠡ ᠪᠠᠭ᠎ᠠ ᠲᠠᠪᠠᠭ︾ ᠢᠯᠭᠠᠨ ᠰᠠᠪᠠᠯᠠᠬᠤ ᠪᠠᠷᠢᠮᠵᠢᠶ᠎ᠠ ᠶᠢ ᠰᠣᠳᠣᠯᠣᠨ ᠲᠦᠬᠡᠬᠦᠯᠵᠦ᠂ ᠵᠢᠭᠤᠯᠴᠢᠯᠠᠯ ᠤᠨ ᠣᠷᠴᠢᠨ ᠲᠣᠭᠤᠷᠢᠨ᠂ ᠠᠷᠢᠭᠤᠨ ᠴᠡᠪᠡᠷ ᠢ ᠴᠡᠭᠴᠡᠯᠡᠨ ᠵᠠᠰᠠᠬᠤ ᠪᠠ ᠵᠢᠭᠤᠯᠴᠢᠯᠠᠯ ᠤᠨ ᠵᠠᠬ᠎ᠠ ᠲᠡᠯᠬᠡᠬᠦᠷ ᠢ ᠲᠦᠷᠢᠮᠵᠢᠬᠦᠯᠦᠨ ᠬᠠᠮᠢᠶᠠᠷᠬᠤ ᠠᠵᠢᠯ ᠢ ᠲᠣᠪᠣᠶᠢᠯᠭᠠᠨ ᠰᠠᠶᠢᠳᠣᠷ ᠠᠳᠬᠤᠵᠦ᠂ ᠵᠢᠭᠤᠯᠴᠢᠯᠠᠯ ᠤᠨ ᠪᠠᠷᠢᠮᠵᠢᠶᠠᠵᠢᠭᠰᠠᠨ ᠪᠦᠳᠦᠬᠡᠨ ᠪᠠᠶᠢᠭᠤᠯᠣᠯᠳᠠ ᠶᠢ ᠬᠦᠨᠵᠡᠬᠡᠶᠢᠷᠡᠬᠦᠯᠦᠨ ᠠᠬᠢᠭᠤᠯᠣᠨ᠎ᠠ᠃ ᠵᠢᠭᠤᠯᠴᠢᠯᠠᠯ ᠤᠨ ᠲᠣᠭᠠᠵᠢᠭᠰᠠᠨ ᠬᠠᠮᠢᠶᠠᠷᠣᠯᠳᠠ ᠶᠢᠨ ᠲᠠᠪᠴᠠᠩ ᠤᠨ ᠪᠦᠳᠦᠬᠡᠨ ᠪᠠᠶᠢᠭᠤᠯᠣᠯᠳᠠ ᠶᠢ ᠰᠠᠶᠢᠳᠣᠷ ᠠᠳᠬᠤᠵᠦ᠂ ᠵᠢᠭᠤᠯᠴᠢᠯᠠᠯ ᠤᠨ ᠱᠣᠭᠤᠮ ᠳᠠᠬᠢ ᠦᠢᠯᠡᠴᠢᠯᠡᠯᠬᠡ᠂ ᠱᠣᠭᠤᠮ ᠳᠠᠬᠢ ᠪᠣᠷᠣᠯᠠᠭᠤᠯᠣᠯᠳᠠ᠂ ᠰᠦᠯᠵᠢᠶᠡᠨ ᠲᠡᠭᠡᠷ᠎ᠡ ᠣᠷᠢᠳᠴᠢᠯᠠᠨ ᠪᠣᠯᠵᠣᠬᠤ᠂ ᠰᠦᠯᠵᠢᠶᠡᠨ ᠲᠡᠭᠡᠷ᠎ᠡ ᠲᠦᠯᠦᠬᠦ ᠵᠡᠷᠭᠡ ᠣᠶᠣᠨᠴᠢ ᠵᠢᠭᠤᠯᠴᠢᠯᠠᠯ ᠤᠨ ᠦᠢᠯᠡᠴᠢᠯᠡᠯᠬᠡ ᠶᠢ ᠠᠬᠢᠭᠤᠯᠬᠤ ᠶᠢ ᠲᠦᠷᠭᠡᠳᠬᠡᠨ᠎ᠡ᠃ ᠵᠠᠮᠴᠢᠯᠠᠭᠴᠢ ᠎ ᠶᠢᠨ ᠡᠩᠨᠡᠭᠡ ᠪᠣᠯᠣᠨ ᠵᠢᠭᠤᠯᠴᠢᠯᠠᠯ ᠤᠨ ᠲᠡᠷᠭᠡᠨ ᠤ ᠪᠠᠭ ᠢ ᠪᠠᠶᠢᠭᠤᠯᠵᠦ ᠵᠢᠭᠤᠯᠴᠢᠯᠠᠯ ᠤᠨ ᠠᠵᠢᠯ ᠲᠦᠷᠦᠯ ᠤᠨ ᠨᠡᠶᠢᠭᠡᠮᠯᠢᠭ ᠪᠠᠶᠢᠭᠤᠯᠬᠤ ᠪᠠ ᠠᠵᠢᠯ ᠡᠷᠬᠢᠯᠡᠭᠴᠢ ᠶᠢᠨ ᠪᠣᠯᠪᠠᠰᠣᠷᠠᠯ ᠢ ᠦᠷᠨᠢᠬᠦᠯᠵᠦ᠂ ᠵᠢᠭᠤᠯᠴᠢᠯᠠᠯ ᠤᠨ ᠦᠢᠯᠡᠰ ᠎ ᠤᠨ ᠬᠦᠭᠵᠢᠯᠳᠡ ᠶᠢᠨ ᠣᠷᠴᠢᠨ ᠲᠣᠭᠤᠷᠢᠨ ᠢ ᠰᠢᠯᠢᠳᠡᠭᠵᠢᠬᠦᠯᠦᠨ᠎ᠡ᠃⑤ ᠵᠢᠭᠤᠯᠴᠢᠯᠠᠯ ᠤᠨ ᠣᠬᠠᠭᠤᠯᠭ᠎ᠠ ᠪᠣᠷᠣᠯᠠᠭᠤᠯᠭ᠎ᠠ ᠶᠢ ᠰᠡᠳᠬᠢᠯ ᠲᠦᠪᠯᠡᠷᠡᠬᠦᠯᠦᠨ ᠰᠠᠶᠢᠳᠣᠷ ᠬᠢᠨ᠎ᠡ᠃ ᠨᠠᠷᠢᠨ ᠬᠢᠨᠠᠮᠠᠭᠠᠢ ᠲᠦᠰᠦᠪᠯᠡᠵᠦ᠂ ᠣᠨᠴᠠᠯᠢᠭ ᠎ ᠲᠠᠢ ᠣᠬᠢ ᠰᠠᠶᠢᠨ ᠵᠢᠭᠤᠯᠴᠢᠯᠠᠯ ᠤᠨ ᠵᠠᠮ ᠱᠣᠭᠤᠮ  ᠲᠣᠭᠳᠠᠭᠠᠵᠦ᠂ ᠨᠠᠭᠠᠳᠣᠮ᠂ ᠶᠠᠪᠣᠭᠠᠨ ᠢᠶᠠᠷ ᠣᠯᠠᠭᠠᠢ ᠭᠤᠣᠯ ᠎ ᠤᠨ ᠡᠬᠢ ᠶᠢ ᠮᠦᠷᠳᠡᠬᠦ᠂   ᠪᠢᠩᠲ᠋ᠣᠸᠠᠨ ᠰᠣᠶᠣᠯ ᠤᠨ ᠪᠠᠶᠠᠷ ᠵᠡᠷᠬᠡ ᠣᠨᠴᠠᠯᠢᠭ ᠲᠠᠢ ᠪᠠᠶᠠᠷ ᠲᠣᠷᠠᠰᠬᠠᠯ ᠤᠨ ᠬᠦᠳᠡᠯᠬᠡᠬᠡᠨ ᠢᠶᠠᠷ ᠠᠴᠢᠶᠠᠯᠠᠭᠴᠢ ᠪᠣᠯᠭᠠᠵᠦ᠂ ᠵᠢᠭᠤᠯᠴᠢᠯᠠᠯ ᠤᠨ ᠬᠠᠯᠠᠮᠰᠢᠯ᠂ ᠲᠣᠪᠣᠶᠢᠮ᠎ᠠ ᠲᠠᠯ᠎ᠠ ᠶᠢ ᠪᠦᠳᠦᠬᠡᠵᠦ᠂ ᠵᠢᠭᠤᠯᠴᠢᠯᠠᠯ ᠤᠨ ᠨᠦᠯᠦᠬᠡᠯᠡᠬᠦ ᠬᠦᠴᠦᠨ ᠢ ᠲᠡᠭᠡᠭᠰᠢᠯᠡᠬᠦᠯᠦᠨ᠎ᠡ᠃ ᠣᠯᠣᠰ ᠤᠨ ᠲᠣᠳᠣᠭᠠᠳᠣ ᠶᠢᠨ ᠦᠷᠬᠡᠨ ᠬᠡᠪᠴᠢᠶᠡᠨ ᠤ ᠨᠦᠯᠦᠬᠡᠯᠡᠬᠦ ᠬᠦᠴᠦᠨ ᠪᠦᠬᠦᠢ ᠰᠣᠨᠢᠨ ᠮᠡᠳᠡᠭᠡᠨ ᠤ ᠰᠦᠯᠵᠢᠶᠡᠨ ᠵᠠᠭᠤᠴᠢ ᠲᠠᠢ ᠬᠤᠷᠰᠢᠨ ᠠᠵᠢᠯᠯᠠᠬᠤ ᠎ ᠪᠠᠨ ᠴᠢᠩᠭᠠᠳᠬᠠᠵᠦ᠂ ᠵᠢᠭᠤᠯᠴᠢᠯᠠᠯ ᠤᠨ ᠰᠦᠯᠵᠢᠶ᠎ᠡ᠂ ᠵᠢᠷᠬᠢᠶ᠎ᠡ᠂ ᠪᠢᠴᠢᠯ ᠪᠦᠷᠬᠡ᠂ ᠵᠢᠭᠤᠯᠴᠢᠯᠠᠯ ᠤᠨ ᠦᠵᠡᠮᠵᠢ ᠪᠦᠬᠦᠢ ᠪᠢᠴᠢᠯ ᠺᠢᠨᠣ᠋ ᠵᠡᠷᠬᠡ ᠰᠢᠨ᠎ᠡ ᠪᠠᠷ ᠦᠷᠨᠢᠭᠰᠡᠨ ᠵᠠᠭᠤᠴᠢᠯᠠᠭᠤᠷ ᠤᠨ ᠣᠬᠠᠭᠤᠯᠬᠤ ᠦᠢᠯᠡᠳᠣᠯ ᠢ ᠣᠯᠠᠮ ᠨᠢᠬᠡ ᠠᠯᠬᠤᠮ ᠪᠠᠳᠠᠷᠠᠭᠤᠯᠵᠦ᠂ ᠭᠠᠵᠠᠷ ᠣᠷᠣᠨ ᠤ ᠵᠢᠭᠤᠯᠴᠢᠯᠠᠯ ᠤᠨ ᠨᠡᠷᠡᠳᠣ ᠲᠡᠮᠳᠡᠭ ᠤᠨ ᠨᠡᠷ᠎ᠡ ᠬᠦᠨᠳᠣ ᠶᠢᠨ ᠬᠡᠮᠵᠢᠶ᠎ᠡ ᠎ ᠶᠢ ᠲᠠᠰᠣᠷᠣᠯᠳᠠ ᠦᠬᠡᠢ ᠲᠡᠭᠡᠭᠰᠢᠯᠡᠬᠦᠯᠦᠨ᠎ᠡ᠃ ᠬᠤᠶᠠᠷ ᠲᠤ ᠣᠯᠠᠮᠵᠢᠯᠠᠯᠳᠣ ᠦᠢᠯᠡᠴᠢᠯᠡᠯᠭᠡᠨ ᠤ ᠦᠢᠯᠡᠰ ᠪᠠ ᠰᠢᠨ᠎ᠡ ᠎ ᠪᠠᠷ ᠦᠷᠨᠢᠭᠰᠡᠨ ᠦᠢᠯᠡᠴᠢᠯᠡᠯᠬᠡᠨ ᠤ ᠦᠢᠯᠡᠰ ᠤᠨ ᠬᠦᠭᠵᠢᠯᠳᠡ ᠶᠢ ᠨᠢᠭᠡᠳᠦᠯᠳᠡᠢ ᠰᠠᠶᠢᠳᠣᠷ ᠠᠳᠬᠤᠨ᠎ᠠ᠃① ᠣᠯᠠᠮᠵᠢᠯᠠᠯᠳᠣ ᠦᠢᠯᠡᠴᠢᠯᠡᠯᠬᠡᠨ ᠤ ᠦᠢᠯᠡᠰ ᠤᠨ ᠲᠡᠰ ᠲᠡᠭᠡᠭᠰᠢᠯᠡᠵᠦ ᠵᠡᠷᠭᠡ ᠲᠠᠪᠰᠢᠯᠳᠠ ᠶᠢ ᠲᠦᠷᠭᠡᠳᠬᠡᠨ᠎ᠡ᠃ ᠠᠷᠠᠯᠵᠢᠶ᠎ᠠ ᠬᠤᠳᠠᠯᠳᠤᠭ᠎ᠠ ᠪᠣᠳᠠᠰ ᠤᠨ ᠣᠷᠣᠰᠬᠠᠯ᠂ ᠬᠤᠭᠤᠯᠠ ᠣᠮᠳᠠ ᠵᠤᠭ᠎ᠠ ᠴᠡᠩᠬᠡᠯ ᠵᠡᠷᠭᠡ ᠣᠯᠠᠮᠵᠢᠯᠠᠯᠳᠣ ᠦᠢᠯᠡᠴᠢᠯᠡᠯᠭᠡᠨ ᠤ ᠦᠢᠯᠡᠰ ᠤᠨ ᠬᠦᠭᠵᠢᠯᠳᠡ ᠪᠣᠯᠣᠨ ᠦᠬᠡᠷᠡᠴᠢᠯᠡᠯᠳᠡ ᠲᠡᠭᠡᠭᠰᠢᠯᠡᠯᠳᠡ ᠶᠢ ᠦᠷᠬᠦᠯᠵᠢᠯᠡᠨ ᠲᠦᠯᠬᠢᠨ ᠠᠬᠢᠭᠤᠯᠵᠦ᠂ ᠠᠵᠢᠯ ᠲᠦᠷᠦᠯ ᠤᠨ ᠨᠡᠶᠢᠬᠡᠮᠯᠢᠭ ᠢᠶᠠᠷ ᠲᠦᠷᠢᠮᠵᠢᠬᠦᠯᠬᠦ᠂ ᠲᠣᠰᠬᠠᠢ ᠲᠦᠷᠦᠯ ᠤᠨ ᠦᠨᠡᠯᠡᠯᠳᠡ ᠬᠠᠷᠢᠴᠠᠭᠤᠯᠣᠯ ᠵᠡᠷᠭᠡ ᠣᠯᠠᠨ ᠵᠦᠢᠯ ᠤᠨ ᠠᠷᠭ᠎ᠠ ᠠᠪᠴᠠᠯ ᠢᠶᠠᠷ ᠲᠡᠬᠦᠨ ᠤ ᠡᠷᠡᠬᠦᠯ ᠴᠠᠬᠢᠷᠠᠭ ᠡᠮᠬᠢ ᠵᠢᠷᠣᠮ ᠲᠠᠢ ᠬᠦᠭᠵᠢᠬᠦ ᠶᠢ ᠠᠬᠢᠭᠤᠯᠣᠨ᠎ᠠ᠃② ᠰᠢᠨ᠎ᠡ ᠪᠠᠷ ᠦᠷᠨᠢᠭᠰᠡᠨ ᠦᠢᠯᠡᠴᠢᠯᠡᠯᠬᠡᠨ ᠤ ᠬᠡᠪ ᠢ ᠢᠳᠡᠪᠬᠢᠳᠡᠢ ᠬᠦᠭᠵᠢᠬᠦᠯᠦᠨ᠎ᠡ᠃ ᠰᠢᠨ᠎ᠡ ᠬᠦᠭᠵᠢᠯᠳᠡ ᠶᠢᠨ ᠪᠠᠶᠢᠳᠠᠯ ᠪᠣᠯᠣᠨ ᠬᠡᠷᠡᠭᠴᠡᠭᠡ ᠳᠤ ᠲᠣᠬᠢᠷᠠᠯᠴᠠᠵᠦ᠂ ᠡᠯᠧᠺᠲᠷᠦᠨ ᠬᠤᠳᠠᠯᠳᠣᠭᠠᠨ ᠤ ᠶᠠᠪᠣᠳᠠᠯ᠂ ᠡᠷᠡᠬᠦᠯ ᠴᠠᠬᠢᠷᠠᠭ ᠦᠢᠯᠡᠴᠢᠯᠡᠯᠬᠡ᠂ ᠰᠣᠷᠠᠭ ᠵᠠᠩᠬᠢ ᠪᠣᠳᠠᠰ ᠤᠨ ᠣᠷᠣᠰᠬᠠᠯ ᠵᠡᠷᠭᠡ ᠰᠢᠨ᠎ᠡ ᠪᠠᠷ ᠦᠷᠨᠢᠭᠰᠡᠨ ᠦᠢᠯᠡᠴᠢᠯᠡᠯᠬᠡᠨ ᠤ ᠦᠢᠯᠡᠰ ᠤᠨ ᠬᠡᠪ ᠢ ᠬᠦᠴᠦᠨ ᠣᠷᠣᠭᠤᠯᠵᠦ ᠪᠣᠶᠢᠵᠢᠭᠤᠯᠣᠨ ᠬᠦᠭᠵᠢᠬᠦᠯᠦᠨ᠎ᠡ᠃ ᠠᠵᠦ ᠠᠬᠤᠶᠢᠯᠠᠯ᠂ ᠲᠣᠰᠬᠠᠢ ᠬᠤᠷᠰᠢᠶ᠎ᠠ ᠪᠣᠯᠣᠨ ᠬᠤᠪᠢ ᠬᠦᠮᠦᠨ ᠢ ᠢᠳᠡᠪᠬᠢᠳᠡᠢ ᠪᠠᠷ ᠵᠣᠷᠢᠭᠵᠢᠭᠤᠯᠣᠨ ᠣᠳᠣᠷᠢᠳᠴᠣ᠂ ᠰᠦᠯᠵᠢᠶᠡᠨ ᠦᠷᠳᠡᠭᠡ ᠪᠠᠶᠢᠭᠤᠯᠬᠤ᠂ ᠱᠣᠭᠤᠮ ᠤᠨ ᠲᠡᠭᠡᠷ᠎ᠡ ᠱᠣᠭᠤᠮ ᠤᠨ ᠲᠣᠣᠷ᠎ᠠ ᠪᠣᠷᠣᠯᠠᠭᠤᠯᠭ᠎ᠠ ᠶᠢ ᠲᠡᠯᠬᠡᠬᠦ ᠵᠢᠴᠢ ᠮᠡᠳᠡᠭᠡ ᠵᠠᠩᠬᠢᠴᠢᠯᠠᠯᠳᠠ ᠶᠢᠨ ᠬᠠᠮᠢᠶᠠᠷᠣᠯᠳᠠ ᠶᠢ ᠠᠰᠢᠭᠯᠠᠬᠤ ᠪᠠᠷ ᠲᠠᠮᠵᠢᠵᠦ᠂ ᠡᠯᠧᠺᠲᠷᠦᠨ ᠬᠤᠳᠠᠯᠳᠤᠭ᠎ᠠ ᠶᠢᠨ ᠲᠠᠪᠴᠠᠩ ᠲᠠᠢ ᠨᠡᠶᠢᠯᠡᠨ ᠣᠷᠣᠵᠦ᠂ ᠭᠠᠵᠠᠷ ᠣᠷᠣᠨ ᠤ ᠣᠨᠴᠠᠯᠢᠭ ᠪᠦᠬᠦᠢ ᠪᠦᠳᠦᠬᠡᠭᠳᠡᠬᠦᠨ ᠢ ᠰᠦᠯᠵᠢᠶᠡᠨ ᠲᠡᠭᠡᠷ᠎ᠡ ᠭᠠᠷᠭᠠᠨ ᠲᠠᠨᠢᠯᠴᠠᠭᠤᠯᠬᠤ ᠪᠠ ᠪᠣᠷᠣᠯᠠᠭᠤᠯᠭ᠎ᠠ ᠶᠢᠨ ᠲᠠᠯ᠎ᠠ ᠪᠠᠷ ᠰᠢᠪᠳᠣᠯᠣᠯᠳᠠ ᠲᠠᠢ ᠪᠣᠯᠭᠠᠨ᠎ᠠ᠃ ᠡᠯᠧᠺᠲᠷᠦᠨ ᠬᠤᠳᠠᠯᠳᠣᠭᠠᠨ ᠤ ᠬᠦᠳᠡᠭᠡ ᠲᠣᠰᠬᠤᠨ ᠮᠠᠯᠵᠢᠬᠤ ᠣᠷᠣᠨ ᠵᠦᠭ ᠦᠷᠬᠡᠵᠢᠬᠦ ᠶᠢ ᠢᠳᠡᠪᠬᠢᠳᠡᠢ ᠰᠦᠪᠡᠭᠴᠢᠯᠡᠵᠦ᠂ ᠵᠠᠰᠠᠭ ᠤᠨ ᠣᠷᠳᠣᠨ ᠠᠴᠠ ᠵᠣᠬᠢᠬᠤ ᠬᠡᠮᠵᠢᠶᠠᠨ ᠤ ᠲᠦᠷᠦ ᠶᠢᠨ ᠪᠣᠳᠣᠯᠭ᠎ᠠ ᠶᠢᠨ ᠲᠣᠰᠠᠯᠠᠮᠵᠢ ᠣᠯᠭᠤᠵᠦ᠂ ᠠᠵᠦ ᠠᠬᠤᠶᠢᠯᠠᠯ ᠠᠴᠠ ᠬᠤᠳᠠ ᠬᠦᠳᠡᠭᠡ ᠶᠢᠨ ᠣᠯᠠᠨ ᠲᠦᠮᠡᠨ ᠳᠤ ᠪᠣᠳᠠᠰ ᠤᠨ ᠣᠷᠣᠰᠬᠠᠯ᠂ ᠲᠦᠷᠬᠡᠨ ᠬᠦᠷᠭᠡᠯᠳᠡ ᠵᠡᠷᠬᠡ ᠲᠣᠬᠢᠷᠠᠭᠤᠯᠣᠨ ᠬᠦᠷᠬᠡᠬᠦ ᠪᠠᠷ ᠭᠤᠣᠯᠳᠠᠯᠭ᠎ᠠ ᠪᠣᠯᠭᠠᠭᠰᠠᠨ ︽ᠣᠷᠣᠯᠠᠨ ᠬᠤᠷᠢᠶᠠᠬᠤ᠂ ᠣᠷᠣᠯᠠᠨ ᠬᠦᠢᠴᠡᠳᠬᠡᠬᠦ᠂ ᠣᠷᠣᠯᠠᠨ ᠬᠤᠳᠠᠯᠳᠣᠨ ᠠᠪᠬᠤ᠂ ᠣᠷᠣᠯᠠᠨ ᠲᠣᠰᠢᠶᠠᠬᠤ︾ ᠵᠡᠷᠭᠡ ᠶᠡᠷᠦᠩᠬᠡᠶᠢᠯᠡᠭᠰᠡᠨ ᠦᠢᠯᠡᠴᠢᠯᠡᠯᠬᠡ ᠶᠢ ᠵᠣᠷᠢᠭᠵᠢᠭᠤᠯᠣᠨ ᠣᠳᠣᠷᠢᠳᠴᠣ᠂ ᠲᠠᠯᠠᠪᠠᠢ ᠪᠠᠯᠭᠠᠰᠣ ᠠᠴᠠ ᠬᠦᠳᠡᠭᠡ ᠲᠣᠰᠬᠤᠨ ᠮᠠᠯᠵᠢᠬᠤ ᠣᠷᠣᠨ ᠬᠦᠷᠳᠡᠯ᠎ᠡ ᠲᠠᠸᠠᠷ ᠪᠣᠳᠠᠰ ᠤᠨ ᠣᠷᠣᠰᠬᠠᠯ ᠲᠣᠬᠢᠷᠠᠭᠤᠯᠣᠨ ᠬᠦᠷᠬᠡᠬᠦ ᠰᠢᠰᠲ᠋ᠧᠮ ᠢ ᠪᠠᠶᠢᠭᠤᠯᠵᠦ᠂ ᠬᠦᠳᠡᠭᠡ ᠲᠣᠰᠬᠤᠨ ᠮᠠᠯᠵᠢᠬᠤ ᠣᠷᠣᠨ ᠤ ᠡᠯᠧᠺᠲᠷᠦᠨ ᠬᠤᠳᠠᠯᠳᠣᠭᠠᠨ ᠤ ᠬᠦᠭᠵᠢᠯᠳᠡ ᠶᠢᠨ ︽ᠡᠴᠦᠰ ᠤᠨ ᠨᠢᠬᠡ ᠺᠢᠯᠦᠮᠧᠲᠷ︾᠎ ᠤᠨ ᠠᠰᠠᠭᠤᠳᠠᠯ ᠢ ᠰᠢᠢᠳᠪᠦᠷᠢᠯᠡᠨ᠎ᠡ᠃ ᠵᠠᠬ᠎ᠠ ᠲᠡᠯᠬᠡᠬᠦᠷ ᠪᠠ ᠣᠯᠠᠨ ᠲᠦᠮᠡᠨ ᠤ ᠬᠡᠷᠡᠭᠴᠡᠭᠡ ᠶᠢ ᠦᠨᠳᠦᠰᠦᠯᠡᠵᠦ᠂ ᠰᠡᠯᠡᠬᠦᠴᠡᠯ ᠪᠡᠶ᠎ᠡ ᠪᠣᠯᠪᠠᠰᠣᠷᠠᠯ᠂ ᠡᠷᠡᠬᠦᠯ ᠴᠠᠬᠢᠷᠠᠭ ᠰᠣᠪᠢᠯᠠᠯᠳᠠ ᠵᠡᠷᠭᠡ ᠰᠢᠨ᠎ᠡ ᠮᠠᠶ᠋ᠢᠭ ᠤᠨ ᠦᠢᠯᠡᠰ ᠤᠨ ᠬᠡᠪ ᠶᠢ ᠶᠡᠭᠡ ᠬᠦᠴᠦᠨ ᠢᠶᠠᠷ ᠬᠦᠭᠵᠢᠬᠦᠯᠵᠦ᠂ ᠲᠡᠬᠦᠨ ᠢ ᠬᠦᠭᠵᠢᠯᠳᠡ ᠶᠢᠨ ᠰᠢᠨ᠎ᠡ ᠬᠦᠳᠡᠯᠬᠡᠬᠦ ᠬᠦᠴᠦᠨ ᠪᠣᠯᠭᠠᠨ᠎ᠠ᠃③ ᠮᠦᠩᠬᠦᠨ ᠬᠦᠢᠯᠬᠡᠬᠡᠨ ᠤ ᠦᠢᠯᠡᠰ ᠤᠨ ᠬᠦᠭᠵᠢᠯᠳᠡ ᠶᠢ ᠲᠦᠯᠬᠢᠨ ᠬᠦᠳᠡᠯᠬᠡᠨ᠎ᠡ᠃ ᠣᠳᠣ ᠶᠢᠨ ᠪᠠᠶᠢᠭ᠎ᠠ ᠪᠡᠯᠡ ᠬᠤᠷᠠᠮᠳᠣᠭᠤᠯᠬᠤ ᠲᠠᠪᠴᠠᠩ ᠢᠶᠠᠨ ᠬᠦᠢᠴᠡᠳ ᠠᠰᠢᠭᠯᠠᠵᠦ᠂ ︽ᠵᠠᠰᠠᠭ ᠮᠦᠩᠬᠦ ᠠᠵᠦ ᠠᠬᠤᠶᠢᠯᠠᠯ︾᠎ ᠤᠨ ᠵᠠᠯᠭᠠᠯᠳᠣᠬᠤ ᠶᠢ ᠰᠠᠶᠢᠳᠣᠷ ᠵᠣᠬᠢᠶᠠᠨ ᠪᠠᠶᠢᠭᠤᠯᠵᠦ᠂ ᠭᠤᠣᠯᠳᠠᠯᠭ᠎ᠠ ᠲᠠᠢ ᠲᠦᠰᠦᠯ ᠂ ᠭᠤᠣᠯᠳᠠᠯᠭ᠎ᠠ ᠲᠠᠢ ᠢᠨᠵᠧᠨᠧᠷᠢᠩ ᠤᠨ ᠪᠡᠯᠡ ᠬᠤᠷᠠᠮᠳᠣᠭᠤᠯᠬᠤ ᠬᠦᠴᠦᠯᠡᠴᠡ ᠶᠢ ᠦᠨᠡᠨᠬᠦ ᠶᠡᠬᠡᠳᠬᠡᠨ᠎ᠡ᠃ ᠦᠪᠦᠷ ᠮᠣᠩᠭᠤᠯ ᠤᠨ ᠬᠤᠪᠢᠴᠠᠭ᠎ᠠ ᠶᠢᠨ ᠡᠷᠬᠡ ᠶᠢᠨ ᠠᠷᠠᠯᠵᠢᠶ᠎ᠠ ᠶᠢᠨ ᠲᠦᠪ ᠠᠴᠠ ᠣᠯᠠᠭᠠᠢ ᠳᠤ ᠬᠡᠷᠡᠭ ᠡᠷᠬᠢᠯᠡᠬᠦ ᠪᠠᠶᠢᠭᠤᠯᠭ᠎ᠠ ᠪᠠᠶᠢᠭᠤᠯᠬᠤ ᠶᠢ ᠢᠳᠡᠪᠬᠢᠳᠡᠢ ᠲᠡᠮᠵᠢᠨ᠂ ᠰᠢᠨ᠎ᠡ 1 ᠲᠣᠮᠳᠠ ᠪᠠᠭ᠎ᠠ ᠠᠵᠦ ᠠᠬᠤᠶᠢᠯᠠᠯ ᠢ ᠣᠷᠣᠨ ᠤ ᠴᠢᠨᠡᠷ ᠲᠠᠢ ᠬᠤᠪᠢᠴᠠᠭ᠎ᠠ ᠶᠢᠨ ᠡᠷᠬᠡ ᠶᠢᠨ ᠠᠷᠠᠯᠵᠢᠶᠠᠨ ᠤ ᠵᠠᠬ᠎ᠠ ᠲᠡᠯᠬᠡᠬᠦᠷ ᠲᠤ ᠲᠡᠮᠳᠡᠭ ᠡᠯᠬᠦᠬᠦᠯᠦᠨ᠎ᠡ᠃        ︵ᠬᠤᠶᠠᠷ︶ ᠰᠢᠨ᠎ᠡ ᠮᠠᠶ᠋ᠢᠭ ᠤᠨ ᠬᠤᠳᠠ ᠪᠠᠯᠭᠠᠰᠣᠴᠢᠯᠠᠯᠳᠠ ᠶᠢ ᠭᠤᠣᠯᠳᠠᠯᠭ᠎ᠠ ᠲᠠᠢ ᠠᠳᠬᠤᠵᠦ᠂ ᠬᠤᠳᠠ ᠬᠦᠳᠡᠭᠡ ᠶᠢᠨ ᠨᠢᠬᠡ ᠴᠣᠭᠴᠠᠵᠢᠵᠦ ᠬᠦᠭᠵᠢᠬᠦ ᠶᠢ ᠲᠦᠯᠬᠢᠨ ᠠᠬᠢᠭᠤᠯᠣᠨ᠎ᠠ᠃ ᠪᠦᠬᠦ ᠠᠶᠢᠮᠠᠭ ᠤᠨ ᠬᠤᠳᠠ ᠎ ᠶᠢᠨ ᠠᠵᠢᠯ ᠤᠨ ᠬᠤᠷᠠᠯ ᠤᠨ ᠱᠠᠭᠠᠷᠳᠠᠯᠭ᠎ᠠ ᠶᠢ ᠦᠨᠳᠦᠰᠦᠯᠡᠵᠦ᠂ ᠬᠤᠳᠠ ᠬᠦᠳᠡᠭᠡ ᠶᠢᠨ ᠵᠣᠬᠢᠴᠠᠯᠳᠠᠢ ᠬᠦᠭᠵᠢᠬᠦ ᠎ ᠶᠢ ᠠᠬᠢᠭᠤᠯᠬᠤ ᠶᠢ ᠠᠵᠢᠯ ᠤᠨ ᠭᠤᠣᠯᠳᠠᠯᠭ᠎ᠠ ᠪᠣᠯᠭᠠᠵᠦ᠂ ᠠᠵᠢᠯ ᠢ ᠪᠦᠬᠦ ᠲᠠᠯ᠎ᠠ ᠪᠠᠷ ᠲᠦᠯᠦᠪᠯᠡᠬᠦ ᠶᠢ ᠴᠢᠩᠭᠠᠳᠬᠠᠵᠦ᠂ ᠪᠣᠭᠤᠨᠢ ᠲᠠᠯ᠎ᠠ ᠪᠠᠨ ᠨᠦᠬᠦᠨ ᠲᠡᠭᠰᠢᠯᠡᠵᠦ᠂ ᠵᠦᠷᠢᠶ᠎ᠡ ᠶᠢ ᠪᠠᠭᠠᠰᠬᠠᠬᠤ ᠶᠢᠨ ᠲᠣᠮᠳᠠ ᠬᠦᠭᠵᠢᠯᠳᠡ ᠎ ᠶᠢᠨ ᠪᠦᠬᠦᠯᠢ ᠴᠣᠭᠴᠠᠳᠣ ᠴᠢᠨᠠᠷ ᠢ ᠲᠠᠰᠣᠷᠣᠯᠳᠠ ᠦᠭᠡᠢ ᠴᠢᠩᠭᠠᠳᠬᠠᠨ᠎ᠠ᠃         ᠣᠬᠢ ᠪᠦᠳᠦᠬᠡᠭᠳᠡᠬᠦᠨ ᠤ ᠦᠵᠡᠯ ᠣᠬᠠᠮᠰᠠᠷ ᠢ ᠴᠢᠩᠭᠠᠳᠬᠠᠵᠦ᠂ ᠬᠤᠳᠠ ᠪᠠᠯᠭᠠᠰᠣ ᠶᠢ ᠪᠦᠳᠦᠬᠡᠬᠦ ᠬᠠᠮᠢᠶᠠᠷᠬᠤ ᠬᠢᠷᠢ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠬᠦᠯᠦᠨ᠎ᠡ᠃ ᠨᠢᠬᠡ ᠳᠤ ᠲᠦᠯᠦᠪᠯᠡᠭᠡ ᠪᠠᠷ ᠣᠳᠣᠷᠢᠳᠬᠤ ᠎ ᠶᠢ ᠴᠢᠩᠭᠠᠳᠬᠠᠨ᠎ᠠ᠃ ᠲᠦᠯᠦᠪᠯᠡᠭᠡ ᠣᠷᠢᠳᠠᠪᠡᠷ ᠬᠦᠳᠡᠯᠬᠦ ᠶᠢ ᠪᠠᠷᠢᠮᠳᠠᠯᠠᠵᠦ᠂ ᠬᠤᠳᠠ ᠬᠦᠳᠡᠭᠡ ᠶᠢᠨ ᠲᠦᠯᠦᠪᠯᠡᠭᠡ ᠪᠣᠯᠣᠨ ᠠᠵᠦ ᠦᠢᠯᠡᠰ ᠤᠨ ᠬᠦᠭᠵᠢᠯᠳᠡ᠂ ᠭᠠᠵᠠᠷ ᠰᠢᠷᠣᠢ ᠶᠢᠨ ᠠᠰᠢᠭᠯᠠᠯᠳᠠ᠂ ᠲᠣᠮᠣ ᠶᠡᠭᠡ ᠰᠠᠭᠤᠷᠢ ᠲᠦᠬᠦᠬᠡᠷᠦᠮᠵᠢ᠂ ᠣᠯᠠᠨ ᠨᠡᠶᠢᠳᠡ ᠶᠢᠨ ᠦᠢᠯᠡᠴᠢᠯᠡᠯᠬᠡᠨ ᠤ ᠲᠦᠬᠦᠬᠡᠷᠦᠮᠵᠢ ᠵᠡᠷᠭᠡ ︽ᠣᠯᠠᠨ ᠲᠦᠷᠢᠮ ᠶᠢ ᠨᠢᠬᠡᠳᠭᠡᠬᠦ︾᠎ ᠶᠢ ᠠᠬᠢᠭᠤᠯᠵᠦ᠂ ᠬᠤᠳᠠ ᠪᠠᠯᠭᠤᠰᠣᠨ ᠤ ᠬᠦᠷᠢᠶ᠎ᠡ ᠬᠡᠪᠴᠢᠶ᠎ᠡ᠂ ᠨᠡᠬᠡᠬᠡᠬᠦ ᠵᠠᠭᠠᠭ ᠪᠣᠯᠣᠨ ᠨᠡᠬᠡᠬᠡᠬᠦ ᠡᠷᠴᠢᠮ ᠢ ᠰᠢᠨᠵᠢᠯᠡᠬᠦ ᠣᠬᠠᠭᠠᠨᠴᠢ ᠪᠠᠷ ᠲᠣᠭᠳᠠᠭᠠᠵᠦ᠂ ᠦᠢᠯᠡᠳᠪᠦᠷᠢᠯᠡᠯ᠂ ᠠᠮᠢᠳᠣᠷᠠᠯ᠂ ᠠᠮᠢ ᠠᠬᠤᠢ ᠶᠢᠨ ᠣᠷᠣᠨ ᠵᠠᠢ ᠶᠢᠨ ᠪᠦᠳᠦᠴᠡ ᠶᠢ ᠣᠯᠠᠮ ᠨᠢᠬᠡ ᠠᠯᠬᠤᠮ ᠰᠢᠯᠢᠳᠡᠭᠵᠢᠬᠦᠯᠵᠦ᠂ ᠲᠦᠯᠦᠪᠯᠡᠨ ᠵᠣᠬᠢᠶᠠᠬᠤ ᠠᠵᠢᠯ ᠤᠨ ᠰᠢᠨᠵᠢᠯᠡᠬᠦ ᠣᠬᠠᠭᠠᠨᠴᠢ ᠴᠢᠨᠠᠷ ᠪᠣᠯᠣᠨ ᠣᠷᠢᠳᠴᠢᠯᠠᠭᠰᠠᠨ ᠴᠢᠨᠠᠷ ᠢ ᠦᠨᠡᠨᠬᠦ ᠲᠡᠭᠡᠭᠰᠢᠯᠡᠬᠦᠯᠵᠦ᠂ ᠲᠦᠯᠦᠪᠯᠡᠭᠡ ᠬᠡᠷᠡᠭᠵᠢᠬᠦᠯᠬᠦ ᠶᠠᠪᠣᠴᠠ ᠳᠠᠬᠢ ᠰᠠᠨᠠᠭᠠᠨ ᠲᠣᠷ᠎ᠠ ᠶᠢᠨ ᠴᠢᠨᠡᠷ ᠢ ᠡᠷᠡᠰ ᠬᠤᠷᠢᠭᠯᠠᠨ᠎ᠠ᠃ ᠬᠤᠶᠠᠷ ᠲᠤ ᠬᠤᠳᠠ ᠶᠢᠨ ᠴᠢᠳᠠᠮᠵᠢ ᠶᠢ ᠲᠡᠬᠦᠯᠳᠡᠷᠵᠢᠬᠦᠯᠦᠨ᠎ᠡ᠃ ᠪᠣᠭᠤᠨᠢ ᠲᠠᠯ᠎ᠠ ᠪᠠᠨ ᠨᠦᠬᠦᠬᠦ᠂ ᠠᠷᠠᠳ ᠤᠨ ᠠᠮᠢᠳᠣᠷᠠᠯ ᠳᠤ ᠠᠰᠢᠭᠳᠠᠢ ᠬᠤᠳᠠ ᠶᠢᠨ ᠵᠠᠰᠠᠭ ᠤᠨ ᠲᠦᠰᠦᠯ ᠢ ᠬᠡᠷᠡᠭᠵᠢᠬᠦᠯᠵᠦ᠂ ᠬᠤᠳᠠ ᠶᠢᠨ ᠴᠢᠳᠠᠮᠵᠢ ᠶᠢ ᠲᠡᠭᠦᠯᠳᠡᠷᠵᠢᠬᠦᠯᠦᠨ᠎ᠡ᠃ ᠵᠠᠯᠭᠠᠵᠦ ᠪᠠᠶᠢᠭᠤᠯᠣᠭᠰᠠᠨ ᠴᠦᠨ ᠬᠤᠢ ᠪᠠᠭ᠎ᠠ ᠰᠣᠷᠭᠠᠭᠤᠯᠢ ᠶᠢᠨ ᠵᠠᠬᠦᠨ ᠲᠠᠯ᠎ᠠ ᠶᠢᠨ ᠲᠦᠯᠦᠪᠯᠡᠭᠡ ᠶᠢᠨ ᠣᠷᠣᠨ ᠵᠠᠢ ᠳᠠᠬᠢ ᠵᠠᠰᠠᠮᠠᠯ ᠵᠠᠮ ᠤᠨ ᠬᠤᠶᠠᠳᠣᠭᠠᠷ ᠬᠡᠰᠡᠭ ᠤᠨ ᠢᠨᠵᠧᠨᠧᠷᠢᠩ ᠢ ᠪᠡᠶᠡᠯᠡᠬᠦᠯᠵᠦ᠂ ᠲᠠᠪᠤ ᠭᠤᠷᠪᠠ ᠶᠢᠨ ᠵᠠᠮ ᠵᠢᠴᠢ ᠬᠡᠰᠡᠭ ᠪᠦᠯᠦᠭ ᠶᠠᠪᠠᠭᠠᠨ ᠤ ᠵᠠᠮ ᠤᠨ ᠵᠠᠰᠠᠪᠣᠷᠢᠯᠡᠯᠳᠠ᠂ ᠬᠠᠳᠠᠭᠤᠷᠠᠭᠤᠯᠣᠯᠳᠠ ᠵᠡᠷᠭᠡ ᠠᠵᠢᠯ ᠢ ᠬᠡᠷᠡᠭᠵᠢᠬᠦᠯᠵᠦ᠂ ᠴᠡᠭᠴᠡᠯᠡᠨ ᠵᠠᠰᠠᠬᠤ ᠲᠠᠯᠠᠪᠠᠢ ᠶᠢ 3 ᠲᠦᠮᠡᠨ ᠲᠡᠭᠰᠢ ᠲᠦᠷᠪᠡᠯᠵᠢᠨ ᠮᠧᠲᠷ ᠲᠤ ᠬᠦᠷᠬᠡᠨ᠎ᠡ᠃ ᠪᠣᠷᠣᠭᠠᠨ᠂ ᠪᠣᠵᠠᠷ ᠣᠰᠣᠨ ᠬᠤᠭᠤᠯᠠᠢ ᠶᠢ 4 ᠺᠢᠯᠦᠮᠧᠲᠷ ᠵᠠᠰᠠᠨ ᠪᠠᠶᠢᠭᠤᠯᠵᠦ᠂ ᠰᠢᠨ᠎ᠡ ᠵᠠᠮ ᠤᠨ ᠳ᠋ᠧᠩ 80᠎ ᠶᠢ ᠣᠭᠰᠠᠷᠠᠨ᠎ᠠ᠃ ᠪᠣᠵᠠᠷ ᠣᠰᠣ ᠎ ᠶᠢ ᠰᠢᠢᠳᠪᠦᠷᠢᠯᠡᠬᠦ ᠦᠢᠯᠡᠳᠪᠦᠷᠢ ᠵᠢᠴᠢ ᠬᠤᠭ ᠨᠣᠪᠰᠢ ᠶᠢ ᠪᠣᠯᠠᠬᠤ ᠲᠠᠯᠠᠪᠣᠷ ᠢ ᠪᠦᠳᠦᠬᠡᠵᠦ ᠠᠵᠢᠯᠯᠠᠭᠤᠯᠣᠨ᠎ᠠ᠃ ᠭᠤᠷᠪᠠ ᠳᠤ ᠣᠬᠢ ᠨᠠᠷᠢᠯᠢᠭᠵᠢᠭᠰᠠᠨ ᠬᠠᠮᠢᠶᠠᠷᠣᠯᠳᠠ ᠶᠢ ᠴᠢᠩᠭᠠᠳᠬᠠᠨ᠎ᠠ᠃ ᠬᠤᠳᠠ ᠶᠢᠨ ᠬᠠᠮᠢᠶᠠᠷᠣᠯᠳᠠ ᠶᠢᠨ ᠶᠡᠷᠦᠩᠬᠡᠶᠢᠯᠡᠭᠰᠡᠨ ᠬᠠᠣᠯᠢ ᠬᠡᠷᠡᠭᠵᠢᠬᠦᠯᠦᠯᠳᠡ ᠶᠢ ᠲᠦᠯᠬᠢᠨ ᠠᠬᠢᠭᠤᠯᠵᠦ᠂ ᠬᠠᠣᠯᠢ ᠶᠢ ᠵᠦᠷᠢᠴᠡᠭᠰᠡᠨ ᠪᠦᠳᠦᠬᠡᠨ ᠪᠠᠶᠢᠭᠤᠯᠣᠯᠳᠠ᠂ ᠬᠡᠬᠡᠷ᠎ᠡ ᠭᠠᠳᠠᠨ᠎ᠠ ᠡᠵᠡᠩᠨᠡᠬᠦ᠂ ᠲᠡᠷᠭᠡ ᠵᠣᠭᠰᠣᠬᠤ ᠡᠮᠬᠢ ᠲᠢᠭᠯᠢᠮ᠂ ᠪᠠᠷᠢᠯᠭ᠎ᠠ ᠶᠢᠨ ᠬᠤᠭ ᠵᠡᠷᠭᠡ ᠬᠦᠷᠢᠶ᠎ᠡ ᠬᠡᠪᠴᠢᠶᠡᠨ ᠳᠠᠬᠢ ᠲᠣᠪᠣᠶᠢᠮ᠎ᠠ ᠠᠰᠠᠭᠤᠳᠠᠯ ᠢ  ᠲᠦᠪᠯᠡᠷᠡᠬᠦᠯᠦᠨ ᠴᠡᠭᠴᠡᠯᠡᠨ ᠵᠠᠰᠠᠨ᠎ᠠ᠃ ᠬᠡᠬᠡᠷ᠎ᠡ ᠭᠠᠳᠠᠨᠠᠬᠢ ᠵᠠᠷ ᠮᠡᠳᠡᠭᠡᠨ ᠤ ᠬᠠᠮᠢᠶᠠᠷᠣᠯᠳᠠ ᠶᠢ ᠴᠢᠩᠭᠠᠳᠬᠠᠵᠦ᠂ ︽ᠨᠢᠬᠡ ᠵᠦᠪ ᠲᠦᠷᠪᠡᠨ ᠠᠳᠠᠯᠢ︾ ᠪᠠᠷᠢᠮᠵᠢᠶ᠎ᠠ ᠪᠠᠷ ᠨᠡᠶᠢᠬᠡᠮ ᠵᠡᠬᠡᠯᠢ ᠲᠡᠭᠡᠷᠡᠬᠢ ᠲᠡᠮᠳᠡᠭ ᠫᠠᠶᠢᠰᠠ ᠶᠢ ᠲᠦᠷᠢᠮᠵᠢᠬᠦᠯᠵᠦ᠂ ᠲᠦᠷᠢᠮᠵᠢᠬᠦᠯᠦᠨ ᠪᠠᠷᠢᠮᠵᠢᠶᠠᠵᠢᠭᠰᠠᠨ ᠨᠣᠷᠮ᠎ᠠ ᠶᠢ 98%᠎ ᠳᠤ ᠬᠦᠷᠭᠡᠨ᠎ᠡ᠃ ᠠᠳᠠᠯ ᠤᠨ ᠡᠵᠡᠨ ᠤ ᠵᠦᠪᠯᠡᠯ ᠵᠢᠴᠢ ᠡᠳᠡᠯᠡᠩ ᠤᠨ ᠠᠵᠦ ᠠᠬᠤᠶᠢᠯᠠᠯ ᠢ ᠱᠠᠩᠨᠠᠬᠤ ᠰᠢᠯᠭᠠᠬᠤ ᠦᠨᠡᠯᠡᠬᠦ ᠠᠷᠭ᠎ᠠ ᠶᠢ ᠭᠡᠷᠡᠭᠯᠡᠨ᠂ ᠬᠤᠳᠠ ᠪᠠᠯᠭᠠᠰᠣ ᠶᠢ ᠭᠤᠸᠠᠵᠢᠭᠤᠯᠬᠤ᠂ ᠲᠣᠪᠣᠶᠢᠯᠭᠠᠬᠤ᠂ ᠨᠣᠭᠤᠭᠠᠷᠠᠭᠤᠯᠬᠤ ᠢᠨᠵᠧᠨᠧᠷᠢᠩ ᠢ ᠬᠡᠷᠡᠭᠵᠢᠬᠦᠯᠵᠦ᠂ ᠦᠪᠡᠷᠳᠡᠭᠡᠨ ᠵᠠᠰᠠᠬᠤ ᠣᠷᠣᠨ ᠤ ᠲᠡᠰ ᠤᠨ ᠪᠣᠯᠪᠠᠰᠣᠨ ᠬᠤᠳᠠ ᠪᠠᠯᠭᠠᠰᠣ᠂ ᠠᠷᠢᠭᠤᠨ ᠴᠡᠪᠡᠷ ᠬᠤᠳᠠ ᠪᠠᠯᠭᠠᠰᠣᠨ ᠤ ᠦᠷ᠎ᠡ ᠪᠦᠳᠦᠬᠡᠯ ᠶᠢ ᠪᠠᠬᠢᠵᠢᠬᠦᠯᠦᠨ᠎ᠡ᠃        ᠴᠢᠳᠠᠮᠵᠢ ᠶᠢᠨ ᠲᠡᠭᠡᠭᠰᠢᠯᠡᠯᠳᠡ ᠶᠢ ᠲᠣᠪᠣᠶᠢᠯᠭᠠᠵᠦ᠂ ᠬᠤᠳᠠ ᠬᠦᠳᠡᠭᠡ ᠶᠢᠨ ᠰᠠᠭᠤᠷᠢ ᠲᠦᠬᠦᠬᠡᠷᠦᠮᠵᠢ ᠶᠢ ᠲᠡᠬᠦᠯᠳᠡᠷᠵᠢᠬᠦᠯᠦᠨ᠎ᠡ᠃ ᠪᠠᠳᠣᠯᠭ᠎ᠠ ᠶᠢᠨ ᠴᠢᠨᠠᠷᠳᠠᠢ ᠲᠠᠶᠢᠪᠣᠩ ᠰᠠᠭᠤᠬᠤ ᠣᠷᠣᠨ ᠰᠠᠭᠤᠴᠠ ᠶᠢᠨ ᠲᠠᠯ᠎ᠠ ᠪᠠᠷ᠂ ᠬᠦᠳᠡᠭᠡ ᠲᠣᠰᠬᠤᠨ ᠮᠠᠯᠵᠢᠬᠤ ᠣᠷᠣᠨ ᠤ ᠠᠶᠣᠯᠳᠠᠢ ᠬᠠᠭᠤᠴᠢᠨ ᠬᠡᠷ ᠪᠠᠷᠢᠯᠭ᠎ᠠ ᠶᠢ 588 ᠡᠷᠦᠬᠡ᠂ ᠣᠪᠣᠬᠠᠢ ᠶᠢᠨ ᠣᠷᠣᠨ ᠢ 200 ᠡᠷᠦᠬᠡ ᠶᠢ ᠰᠢᠨ᠎ᠡ ᠪᠠᠷ ᠪᠠᠶᠢᠭᠤᠯᠬᠤ ᠡᠬᠦᠷᠭᠡ ᠶᠢ ᠪᠡᠶᠡᠯᠡᠬᠦᠯᠦᠨ᠎ᠡ᠃ ᠭᠡᠷ ᠭᠠᠵᠠᠷ ᠤᠨ ᠬᠦᠷᠦᠩᠬᠡ ᠎ ᠶᠢᠨ ᠵᠠᠬ᠎ᠠ ᠲᠡᠯᠬᠡᠬᠦᠷ ᠤᠨ ᠬᠠᠮᠢᠶᠠᠷᠣᠯᠳᠠ ᠶᠢ ᠴᠢᠩᠭᠠᠳᠬᠠᠵᠦ᠂᠂ᠭᠡᠷ ᠭᠠᠵᠠᠷ ᠤᠨ ᠬᠦᠷᠦᠩᠬᠡ ᠶᠢᠨ ᠦᠢᠯᠡᠰ ᠤᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠠᠬᠢᠭᠤᠯᠣᠨ᠎ᠠ᠃ ᠵᠠᠮ ᠬᠠᠷᠢᠯᠴᠠᠭᠠᠨ ᠤ ᠲᠠᠯ᠎ᠠ ᠪᠠᠷ᠂ ᠭᠠᠴᠠᠭ᠎ᠠ ᠲᠣᠰᠬᠤᠨ ᠤ ᠵᠡᠬᠡᠯᠢ ᠭᠤᠳᠣᠮᠵᠢ ᠶᠢ 29.4 ᠺᠢᠯᠣᠮᠧᠲᠷ ᠬᠠᠳᠠᠭᠤᠷᠠᠭᠤᠯᠣᠨ᠎ᠠ᠃ ᠪᠠᠶᠠᠨᠬᠤᠰᠢᠭᠤ ᠠᠴᠠ ᠬᠤᠣᠯᠢᠩᠭᠤᠣᠯ ᠬᠦᠷᠬᠦ ᠮᠣᠵᠢ ᠶᠢᠨ ᠵᠠᠮ  ᠱᠣᠭᠤᠮ 101 ᠵᠠᠰᠠᠮᠠᠯ ᠵᠠᠮ ᠤᠨ ᠪᠦᠳᠦᠬᠡᠨ ᠪᠠᠶᠢᠭᠤᠯᠬᠤ ᠲᠦᠰᠦᠯ ᠢ ᠲᠡᠷᠭᠡ ᠨᠡᠪᠳᠡᠷᠡᠵᠦ ᠡᠷᠬᠢᠯᠳᠡ ᠳᠤ ᠣᠷᠣᠬᠤ ᠨᠦᠬᠦᠴᠡᠯ ᠳᠤ ᠬᠦᠷᠭᠡᠨ᠎ᠡ᠃ ᠣᠰᠣᠨ ᠠᠰᠢᠭᠯᠠᠯᠳᠠ ᠶᠢᠨ ᠲᠠᠯ᠎ᠠ ᠪᠠᠷ᠂ ᠣᠯᠠᠭᠠᠢ ᠣᠰᠣᠨ ᠴᠦᠬᠦᠷᠦᠮ ᠤᠨ ᠠᠶᠣᠯ ᠢ ᠠᠷᠢᠯᠭᠠᠵᠦ ᠪᠠᠬᠢᠵᠢᠬᠦᠯᠬᠦ ᠢᠨᠵᠧᠨᠧᠷᠢᠩ ᠤᠨ ᠪᠦᠳᠦᠬᠡᠨ ᠪᠠᠶᠢᠭᠤᠯᠣᠯᠳᠠ ᠎ ᠶᠢ ᠨᠠᠷᠢᠨ ᠬᠢᠨᠠᠮᠠᠭᠠᠢ ᠠᠳᠬᠤᠵᠦ᠂ ᠵᠢᠯ ᠲᠣᠳᠣᠷ᠎ᠠ ᠠᠵᠢᠯ ᠲᠠᠭᠤᠰᠬᠤ ᠶᠢ ᠪᠠᠳᠣᠯᠠᠨ᠎ᠠ᠃ ᠣᠣᠭᠤᠬᠤ ᠣᠰᠣᠨ ᠤ ᠠᠮᠣᠷ ᠲᠦᠪᠰᠢᠨ ᠤ ᠢᠨᠵᠧᠨᠧᠷᠢᠩ ᠤᠨ ᠪᠦᠳᠦᠬᠡᠨ ᠪᠠᠶᠢᠭᠤᠯᠣᠯᠳᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠦ᠂ ᠣᠰᠣᠨ ᠡᠬᠢ ᠰᠣᠷᠪᠣᠯᠵᠢ ᠶᠢᠨ ᠬᠤᠳᠳᠤᠭ 74 ᠴᠣᠬᠢᠨ᠎ᠠ᠃ ᠴᠠᠬᠢᠯᠭᠠᠨ ᠬᠦᠴᠦᠨ ᠤ ᠲᠠᠯ᠎ᠠ ᠪᠠᠷ᠂ ᠲᠦᠯᠦᠪᠯᠡᠭᠡ ᠎ ᠪᠠᠷ 5228 ᠲᠦᠮᠡᠨ ᠲᠦᠬᠦᠷᠢᠭ ᠪᠡᠯᠡ ᠣᠷᠣᠭᠤᠯᠵᠦ᠂ ᠪᠠᠶᠠᠨᠬᠤᠰᠢᠭᠤ ᠶᠢᠨ 110 ᠺᠢᠯᠣᠸᠣᠯᠲ᠂ ᠬᠠᠯᠠᠭᠠᠶᠢᠳᠣ ᠎ ᠶᠢᠨ 35 ᠺᠢᠯᠣᠸᠣᠯᠲ ᠪᠣᠯᠣᠨ ᠵᠡᠪᠰᠡᠭᠳᠣ ᠴᠠᠭᠳᠠᠭ᠎ᠠ ᠶᠢᠨ 35 ᠺᠢᠯᠣᠸᠣᠯᠲ ᠴᠠᠬᠢᠯᠭᠠᠨ ᠬᠦᠶᠦᠳᠡᠯ ᠦᠬᠡᠷᠡᠴᠢᠯᠡᠬᠦ ᠦᠷᠳᠡᠭᠡ ᠶᠢ ᠦᠷᠭᠡᠳᠬᠡᠨ ᠪᠠᠶᠢᠭᠤᠯᠵᠦ᠂ ᠰᠡᠷᠡᠯᠵᠢ ᠶᠢᠨ 110 ᠺᠢᠯᠣᠸᠣᠯᠲ ᠴᠠᠬᠢᠯᠭᠠᠨ ᠬᠦᠶᠦᠳᠡᠯ ᠦᠭᠡᠷᠡᠴᠢᠯᠡᠬᠦ ᠦᠷᠳᠡᠭᠡ ᠠᠴᠠ ᠬᠠᠯᠠᠭᠠᠶᠢᠳᠣ ᠲᠠᠷᠢᠶᠠᠯᠠᠩ ᠮᠠᠯᠵᠢᠯ ᠤᠨ ᠲᠠᠯᠠᠪᠠᠢ ᠪᠣᠯᠣᠨ ᠵᠡᠪᠰᠡᠭᠳᠣ ᠴᠠᠭᠳᠠᠭ᠎ᠠ ᠶᠢᠨ ᠲᠠᠷᠢᠶᠠᠯᠠᠩ ᠎ ᠤᠨ ᠲᠠᠯᠠᠪᠠᠢ ᠶᠢᠨ ᠬᠤᠶᠠᠷ ᠢᠶᠠᠷ ᠪᠣᠴᠠᠬᠤ 35 ᠺᠢᠯᠣᠸᠣᠯᠲ ᠱᠣᠭᠤᠮ ᠢ 61.7 ᠺᠢᠯᠣᠮᠧᠲᠷ ᠪᠦᠳᠦᠬᠡᠨ ᠪᠠᠶᠢᠭᠤᠯᠵᠦ᠂ ᠲᠠᠷᠢᠶᠠᠯᠠᠩ ᠤᠨ ᠴᠠᠬᠢᠯᠭᠠᠨ ᠲᠣᠣᠷ 10 ᠺᠢᠯᠣᠸᠣᠯᠲ ᠤᠨ 63 ᠺᠢᠯᠣᠮᠧᠲᠷ ᠣᠷᠳᠣ ᠱᠣᠭᠤᠮ᠂ 0.4 ᠺᠢᠯᠣᠸᠣᠯᠲ ᠤᠨ 9.5 ᠺᠢᠯᠣᠮᠧᠲᠷ ᠢ ᠦᠭᠡᠷᠡᠴᠢᠯᠡᠨ ᠵᠡᠷᠭᠡ ᠲᠡᠪᠰᠢᠬᠦᠯᠦᠨ᠎ᠡ᠃          ︵ᠭᠤᠷᠪᠠ︶ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠳᠠ ᠶᠢᠨ ᠪᠦᠳᠦᠬᠡᠨ ᠪᠠᠶᠢᠭᠤᠯᠣᠯᠳᠠ ᠎ ᠶᠢ ᠭᠤᠣᠯᠳᠠᠯᠭ᠎ᠠ ᠲᠠᠢ ᠠᠳᠬᠤᠵᠦ᠂ ᠠᠷᠢᠭᠤᠨ ᠴᠡᠪᠡᠷ ᠠᠮᠣᠷ ᠲᠦᠪᠰᠢᠨ ᠬᠦᠭᠵᠢᠯᠳᠡ ᠶᠢᠨ ᠬᠠᠯᠬᠠᠪᠴᠢ ᠶᠢ ᠪᠠᠳᠣ ᠪᠠᠬᠢ ᠪᠠᠶᠢᠭᠤᠯᠣᠨ᠎ᠠ᠃ ᠠᠮᠢ ᠠᠬᠤᠢ ᠶᠢᠨ ᠣᠷᠴᠢᠨ ᠲᠣᠭᠤᠷᠢᠨ ᠪᠣᠯ ᠣᠯᠠᠭᠠᠢ ᠶᠢᠨ ᠬᠠᠮᠤᠭ ᠤᠨ ᠶᠡᠭᠡ ᠲᠠᠪᠠᠭᠤᠯᠢᠭ ᠂ ᠬᠠᠮᠤᠭ ᠤᠨ ᠶᠡᠭᠡ ᠡᠳ᠋ ᠬᠦᠷᠦᠩᠬᠡ᠂ ᠬᠠᠮᠤᠭ ᠤᠨ ᠶᠡᠭᠡ ᠨᠢᠭᠤᠭᠳᠠᠮᠠᠯ ᠬᠦᠴᠦᠨ᠃ ᠪᠢᠳᠡ ᠬᠡᠵᠢᠶᠡᠳᠡ ᠠᠷᠢᠭᠤᠨ ᠴᠡᠪᠡᠷ ᠬᠦᠭᠵᠢᠯᠳᠡ ᠶᠢᠨ ᠦᠵᠡᠯᠳᠡ ᠶᠢ ᠪᠠᠷᠢᠮᠳᠠᠯᠠᠵᠦ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠶᠢ ᠨᠡᠩ ᠢᠯᠡᠬᠦᠦ ᠲᠣᠪᠣᠶᠢᠮ᠎ᠠ ᠪᠠᠶᠢᠷᠢ ᠲᠡᠭᠡᠷ᠎ᠡ ᠲᠠᠯᠪᠢᠵᠦ᠂ ᠶᠠᠭ ᠨᠢᠳᠣ ᠪᠠᠨ ᠬᠠᠮᠠᠭᠠᠯᠠᠬᠤ ᠰᠢᠭ᠋ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠵᠦ᠂ ᠬᠠᠮᠢᠶᠠᠷᠣᠯᠳᠠ ᠶᠢᠨ ᠣᠷᠣᠨ ᠢ ᠦᠷᠬᠦᠯᠵᠢᠬᠦᠶᠢᠴᠡ᠂ ᠨᠡᠩ ᠦᠨᠳᠦᠷ ᠲᠠᠪᠬᠤᠷᠭ᠎ᠠ ᠶᠢᠨ ᠬᠦᠭᠵᠢᠯᠳᠡ ᠲᠠᠢ ᠪᠣᠯᠭᠠᠨ᠎ᠠ᠃         ᠬᠠᠮᠤᠭ ᠤᠨ ᠬᠠᠳᠠᠭᠤ ᠴᠢᠩᠭ᠎ᠠ ᠠᠮᠢ ᠠᠬᠤᠢ ᠶᠢᠨ ᠬᠠᠮᠠᠭᠠᠯᠠᠯᠳᠠ ᠶᠢᠨ ᠲᠦᠷᠢᠮ ᠲᠣᠭᠳᠠᠭᠠᠯ ᠢ ᠬᠡᠷᠡᠭᠵᠢᠬᠦᠯᠦᠨ᠎ᠡ᠃ ᠠᠮᠢ ᠠᠬᠤᠢ ᠶᠢ ᠬᠠᠮᠠᠭᠠᠯᠠᠬᠤ ᠲᠣᠣᠷᠵᠢᠭᠰᠠᠨ ᠬᠢᠨᠠᠯᠳᠠ ᠬᠠᠮᠢᠶᠠᠷᠣᠯᠳᠠ ᠶᠢᠨ ᠬᠠᠷᠢᠭᠤᠴᠠᠯᠭ᠎ᠠ ᠶᠢ ᠬᠠᠳᠠᠭᠤ ᠴᠢᠩᠭ᠎ᠠ ᠲᠣᠣᠱᠯᠠᠭᠤᠯᠵᠦ᠂ ᠬᠠᠮᠢᠶᠠᠷᠣᠯᠳᠠ ᠶᠢᠨ ᠣᠷᠣᠨ ᠤ ᠬᠠᠮᠳᠣᠷᠠᠨ ᠰᠡᠷᠬᠡᠶᠢᠯᠡᠬᠦ ᠬᠠᠮᠳᠣᠷᠠᠨ ᠡᠵᠡᠮᠳᠡᠬᠦ ᠬᠠᠮᠵᠢᠯᠴᠠᠬᠤ ᠲᠣᠭᠳᠠᠯᠴᠠᠭ᠎ᠠ ᠶᠢ ᠲᠦᠯᠬᠢᠨ ᠠᠬᠢᠭᠤᠯᠵᠦ᠂ ᠲᠠᠯᠠᠪᠠᠢ ᠪᠠᠯᠭᠠᠰᠣ᠂ ᠣᠷᠴᠢᠨ ᠲᠣᠭᠤᠷᠢᠨ᠂ ᠠᠮᠢ ᠠᠬᠤᠢ᠂ ᠣᠷᠣᠨ ᠰᠠᠭᠤᠴᠠ ᠶᠢᠨ ᠪᠦᠳᠦᠬᠡᠨ ᠪᠠᠶᠢᠭᠤᠯᠣᠯᠳᠠ᠂ ᠣᠰᠣᠨ ᠶᠠᠪᠣᠳᠠᠯ᠂ ᠣᠯᠣᠰ ᠤᠨ ᠭᠠᠵᠠᠷ ᠰᠢᠷᠣᠢ ᠵᠡᠷᠭᠡ ᠰᠠᠯᠠᠭ᠎ᠠ ᠮᠦᠴᠢᠷ ᠤᠳ ᠬᠠᠮᠵᠢᠯᠴᠠᠨ ᠬᠤᠷᠰᠢᠬᠤ ᠪᠠᠨ ᠴᠢᠩᠭᠠᠳᠬᠠᠵᠦ᠂ ᠠᠭᠠᠷ ᠮᠠᠨᠳᠠᠯ᠂ ᠣᠰᠣ ᠪᠠ ᠬᠦᠷᠦᠰᠣ ᠰᠢᠷᠣᠢ ᠶᠢᠨ ᠪᠣᠬᠢᠷᠳᠣᠯ ᠢ ᠰᠡᠷᠬᠡᠶᠢᠯᠡᠨ ᠵᠠᠰᠠᠬᠤ ᠠᠵᠢᠯᠯᠠᠭ᠎ᠠ ᠶᠢᠨ ᠲᠦᠯᠦᠪᠯᠡᠭᠡ ᠶᠢ ᠰᠠᠶᠢᠳᠣᠷ ᠲᠣᠱᠯᠠᠭᠤᠯᠣᠨ᠎ᠠ᠃ ᠣᠷᠴᠢᠨ ᠲᠣᠭᠤᠷᠢᠨ ᠤ ᠨᠦᠯᠦᠬᠡᠯᠡᠯ ᠤᠨ ᠦᠨᠡᠯᠡᠯᠳᠡ ᠪᠣᠯᠣᠨ ︽ᠭᠤᠷᠪᠠᠨ ᠬᠠᠮᠳᠣ︾ ᠲᠦᠷᠢᠮ ᠎ ᠢ ᠬᠠᠳᠠᠭᠤ ᠴᠢᠩᠭ᠎ᠠ ᠬᠡᠷᠡᠭᠵᠢᠬᠦᠯᠵᠦ᠂ ᠵᠦᠪᠰᠢᠶᠡᠷᠡᠯ ᠦᠭᠡᠢ ᠣᠷᠢᠳᠠᠪᠠᠷ ᠪᠠᠶᠢᠭᠤᠯᠣᠭᠰᠠᠨ᠂ ᠣᠳᠠᠭᠠᠰᠢᠷᠠᠭᠤᠯᠵᠦ ᠰᠢᠯᠭᠠᠭᠤᠯᠬᠤ ᠦᠭᠡᠢ ᠲᠦᠰᠦᠯ ᠢ ᠵᠢᠯ ᠲᠣᠣᠷ᠎ᠠ ᠠᠴᠠ ᠡᠮᠦᠨ᠎ᠡ ᠪᠦᠬᠦᠨ ᠢ ᠴᠡᠭᠴᠡᠯᠡᠨ ᠲᠠᠭᠤᠰᠬᠠᠨ᠎ᠠ᠃ ᠭᠤᠣᠯ ᠴᠣᠭᠴᠠᠳᠣ ᠴᠢᠳᠠᠮᠵᠢ ᠶᠢᠨ ᠣᠷᠣᠨ ᠤ ᠲᠦᠯᠦᠪᠯᠡᠭᠡ ᠶᠢᠨ ᠱᠠᠭᠠᠷᠳᠠᠯᠭ᠎ᠠ ᠪᠠᠷ ᠠᠮᠢ ᠠᠬᠤᠢ ᠶᠢᠨ ᠡᠬᠢ ᠪᠠᠶᠠᠯᠢᠭ ᠢ ᠨᠡᠶᠢᠳᠡᠮ ᠪᠠᠶᠢᠴᠠᠭᠠᠬᠤ ᠶᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠦ ᠦᠷᠨᠢᠬᠦᠯᠦᠨ᠂ ᠦᠨᠳᠦᠰᠣᠨ ᠲᠠᠯ᠎ᠠ ᠨᠣᠳᠤᠭ᠂ ᠣᠢ ᠰᠢᠭᠤᠢ᠂ ᠣᠰᠣᠨ ᠰᠢᠰᠲ᠋ᠧᠮ ᠪᠣᠯᠣᠨ ᠨᠠᠮᠤᠭ ᠭᠠᠵᠠᠷ᠂ ᠵᠡᠷᠬᠡ ᠭᠤᠣᠯᠳᠠᠯᠭ᠎ᠠ ᠲᠠᠢ ᠠᠮᠢ ᠠᠬᠤᠢ ᠶᠢᠨ ᠡᠬᠢ ᠪᠠᠶᠠᠯᠢᠭ ᠢ ᠠᠮᠢ ᠠᠬᠤᠢ ᠶᠢ ᠬᠠᠮᠠᠭᠠᠯᠠᠬᠤ ᠣᠯᠠᠭᠠᠨ ᠱᠣᠭᠤᠮ ᠳᠤ ᠣᠷᠣᠭᠤᠯᠵᠦ᠂ ᠠᠮᠢᠳᠣ ᠪᠣᠳᠠᠰ ᠤᠨ ᠣᠯᠠᠨ ᠶᠠᠩᠵᠦᠳᠣ ᠴᠢᠨᠠᠷ ᠤᠨ ᠬᠠᠮᠠᠭᠠᠯᠠᠯᠳᠠ᠂ ᠣᠰᠣᠨ ᠰᠢᠰᠲ᠋ᠧᠮ ᠪᠣᠯᠣᠨ ᠨᠠᠮᠤᠭ ᠭᠠᠵᠠᠷ ᠤᠨ ᠡᠬᠢ ᠪᠠᠶᠠᠯᠢᠭ ᠤᠨ ᠬᠠᠮᠠᠭᠠᠯᠠᠯᠳᠠ᠂ ᠣᠢ ᠰᠢᠭᠤᠢ ᠶᠢᠨ ᠡᠬᠢ ᠪᠠᠶᠠᠯᠢᠭ ᠤᠨ ᠬᠠᠮᠠᠭᠠᠯᠠᠯᠳᠠ᠂ ᠦᠨᠳᠣᠰᠦᠨ ᠲᠠᠯ᠎ᠠ ᠨᠣᠳᠤᠭ ᠤᠨ ᠬᠠᠮᠠᠭᠠᠯᠠᠯᠳᠠ ᠵᠡᠷᠭᠡ ᠠᠮᠢ ᠠᠬᠤᠢ ᠶᠢᠨ ᠣᠯᠠᠭᠠᠨ ᠱᠣᠭᠤᠮ ᠢ ᠬᠠᠮᠢᠶᠠᠷᠴᠣ ᠡᠵᠡᠮᠳᠡᠬᠦ ᠲᠦᠷᠢᠮ ᠢ ᠬᠠᠮᠤᠭ ᠤᠨ ᠬᠠᠳᠠᠭᠤ ᠴᠢᠩᠭ᠎ᠠ ᠬᠡᠷᠡᠭᠵᠢᠬᠦᠯᠵᠦ᠂ ᠠᠮᠢ ᠠᠬᠤᠢ ᠶᠢᠨ ᠬᠠᠮᠠᠭᠠᠯᠠᠯᠳᠠ ᠪᠣᠯᠣᠨ ᠪᠦᠳᠦᠬᠡᠨ ᠪᠠᠶᠢᠭᠤᠯᠣᠯᠳᠠ ᠶᠢᠨ ᠣᠷᠳᠣ ᠨᠦᠯᠦᠬᠡᠯᠡᠯ ᠲᠠᠢ ᠲᠣᠭᠳᠠᠯᠴᠠᠭ᠎ᠠ ᠶᠢ ᠪᠠᠶᠢᠭᠤᠯᠣᠨ᠎ᠠ᠃         ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠳᠦᠬᠡᠨ ᠪᠠᠶᠢᠭᠤᠯᠣᠯᠳᠠ ᠶᠢ ᠲᠦᠯᠬᠢᠨ ᠠᠬᠢᠭᠤᠯᠬᠤ ᠶᠢ ᠲᠦᠷᠭᠡᠳᠬᠡᠨ᠎ᠡ᠃ ᠬᠤᠶᠠᠳᠣᠭᠠᠷ ᠬᠤᠭᠤᠴᠠᠭᠠᠨ ᠤ ᠲᠠᠯ᠎ᠠ ᠨᠣᠳᠤᠭ ᠤᠨ ᠠᠮᠢ ᠠᠬᠤᠢ ᠶᠢᠨ ᠨᠦᠬᠦᠵᠦ ᠱᠠᠩᠨᠠᠬᠤ ᠲᠦᠷᠦ ᠶᠢᠨ ᠪᠣᠳᠣᠯᠭ᠎ᠠ ᠶᠢ ᠪᠣᠳᠠᠳᠠᠢ ᠬᠡᠷᠡᠭᠵᠢᠬᠦᠯᠬᠦ ᠠᠷᠭ᠎ᠠ ᠪᠣᠯᠣᠨ ᠲᠠᠭᠠᠯᠳᠣᠬᠤ ᠠᠷᠭ᠎ᠠ ᠬᠡᠮᠵᠢᠶ᠎ᠠ ᠶᠢ ᠨᠠᠷᠢᠨ ᠬᠢᠨᠠᠮᠠᠭᠠᠢ ᠲᠦᠰᠦᠪᠯᠡᠵᠦ᠂ ᠮᠠᠯᠵᠢᠯ ᠢ ᠵᠣᠭᠰᠣᠭᠠᠬᠤ ᠣᠷᠣᠨ ᠪᠣᠯᠣᠨ ᠪᠡᠯᠴᠢᠬᠡᠷ ᠮᠠᠯ ᠲᠡᠩᠴᠡᠬᠦᠷᠢ ᠲᠠᠢ ᠪᠠᠶᠢᠬᠤ ᠣᠷᠣᠨ ᠢ ᠰᠢᠨᠵᠢᠯᠡᠬᠦ ᠣᠬᠠᠭᠠᠨᠴᠢ ᠪᠠᠷ ᠲᠣᠭᠳᠠᠭᠠᠵᠦ᠂ ᠲᠠᠯᠠᠪᠠᠢ ᠪᠠᠯᠭᠠᠰᠣᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠲᠣᠣᠱᠯᠠᠭᠤᠯᠵᠦ᠂ ᠨᠦᠬᠦᠵᠦ ᠱᠠᠩᠨᠠᠬᠤ ᠲᠣᠭᠳᠠᠯᠴᠠᠭ᠎ᠠ ᠶᠢᠨ ᠮᠠᠯ ᠤᠨ ᠲᠤᠭ᠎ᠠ ᠲᠣᠯᠣᠭᠠᠢ ᠶᠢ ᠬᠢᠵᠠᠭᠠᠷᠯᠠᠬᠤ᠂ ᠲᠠᠯ᠎ᠠ ᠨᠣᠳᠤᠭ ᠤᠨ ᠠᠮᠢ ᠠᠬᠤᠢ ᠶᠢ ᠬᠠᠮᠠᠭᠠᠯᠠᠬᠤ ᠲᠠᠯ᠎ᠠ ᠶᠢᠨ ᠲᠦᠷᠦ ᠶᠢᠨ ᠪᠣᠳᠣᠯᠭ᠎ᠠ ᠶᠢᠨ ᠦᠷ᠎ᠡ ᠨᠦᠯᠦᠬᠡ ᠶᠢ ᠬᠦᠢᠴᠡᠳ ᠪᠠᠳᠠᠷᠠᠭᠤᠯᠣᠨ᠎ᠠ᠃ ᠲᠠᠯ᠎ᠠ ᠨᠣᠳᠤᠭ ᠤᠨ ᠠᠮᠢ ᠠᠬᠤᠢ ᠶᠢᠨ ᠶᠡᠷᠦᠩᠬᠡᠶᠢᠯᠡᠭᠰᠡᠨ ᠵᠠᠰᠠᠯᠳᠠ ᠶᠢ ᠢᠳᠡᠪᠬᠢᠳᠡᠢ ᠲᠦᠯᠬᠢᠨ ᠠᠬᠢᠭᠤᠯᠵᠦ᠂ ᠵᠢᠩ ᠶᠢᠨ ᠰᠠᠯᠬᠢ ᠡᠯᠡᠰᠣᠨ ᠤ ᠡᠬᠢ ᠶᠢ ᠵᠠᠰᠠᠬᠤ ᠬᠤᠶᠠᠳᠣᠭᠠᠷ ᠬᠤᠭᠤᠴᠠᠭ᠎ᠠ ᠂ ᠲᠠᠷᠢᠶᠠᠯᠠᠬᠤ ᠶᠢ ᠵᠣᠭᠰᠣᠭᠠᠵᠦ ᠣᠢ ᠶᠢ ᠰᠡᠷᠬᠦᠬᠡᠭᠰᠡᠨ ᠦᠷ᠎ᠡ ᠪᠦᠳᠦᠬᠡᠯ ᠢ ᠪᠠᠬᠢᠵᠢᠬᠦᠯᠬᠦ᠂ ᠭᠤᠣᠯᠳᠠᠯᠭ᠎ᠠ ᠲᠠᠢ ᠣᠷᠣᠨ ᠢ ᠣᠶᠢᠵᠢᠭᠤᠯᠵᠦ ᠨᠣᠭᠤᠭᠠᠷᠠᠭᠤᠯᠬᠤ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠪᠦᠳᠦᠬᠡᠨ ᠪᠠᠶᠢᠭᠤᠯᠣᠯᠳᠠ ᠶᠢᠨ ᠢᠨᠵᠧᠨᠧᠷᠢᠩ ᠢ ᠵᠣᠬᠢᠶᠠᠨ ᠪᠠᠶᠢᠭᠤᠯᠣᠨ ᠰᠠᠶᠢᠳᠣᠷ ᠬᠡᠷᠡᠭᠵᠢᠬᠦᠯᠵᠦ᠂ ᠬᠦᠮᠦᠨ ᠤ ᠬᠦᠴᠦ ᠪᠠᠷ ᠣᠶᠢᠵᠢᠭᠤᠯᠬᠤ ᠪᠣᠯᠣᠨ ᠢᠨᠵᠧᠨᠧᠷᠢᠩ ᠢᠶᠠᠷ ᠡᠯᠡᠰᠣ ᠶᠢ ᠲᠣᠭᠳᠠᠪᠣᠷᠢᠵᠢᠭᠤᠯᠬᠤ ᠶᠢ ᠲᠣᠰ ᠲᠣᠰ 1000 ᠮᠦ ᠳᠤ ᠬᠦᠷᠭᠡᠵᠦ᠂ ᠬᠦᠷᠢᠶᠡᠯᠡᠨ ᠪᠢᠳᠡᠬᠦᠮᠵᠢᠯᠡᠵᠦ ᠪᠠᠶᠢᠭᠠᠳ 7.43 ᠲᠦᠮᠡᠨ ᠮᠦ ᠪᠣᠶᠢᠵᠢᠭᠤᠯᠵᠦ᠂ ᠬᠡᠰᠡᠭ ᠬᠤᠪᠢᠶᠠᠨ ᠡᠬᠡᠯᠵᠢᠯᠡᠨ ᠮᠠᠯᠵᠢᠬᠤ ᠲᠠᠯᠠᠪᠠᠢ ᠶᠢ 15 ᠲᠦᠮᠡᠨ ᠮᠦ ᠳᠤ ᠬᠦᠷᠬᠡᠨ᠎ᠡ᠃ ᠠᠭᠤᠷᠬᠠᠢ ᠶᠢᠨ ᠠᠭᠤᠯᠠᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠦᠷᠬᠦᠯᠵᠢᠯᠡᠨ ᠰᠠᠶᠢᠳᠣᠷ ᠠᠳᠬᠤᠵᠦ᠂ ᠪᠠᠶᠠᠨᠬᠤᠰᠢᠭᠤ ᠪᠠᠯᠭᠠᠰᠣ ᠪᠠ ᠣᠯᠠᠭᠠᠢ ᠨᠠᠭᠤᠷ ᠤᠨ ᠦᠵᠡᠮᠵᠢ ᠶᠢᠨ ᠣᠷᠣᠨ ᠤ ᠣᠶᠢᠷ᠎ᠠ ᠬᠠᠪᠢ ᠶᠢᠨ ᠬᠠᠶᠠᠭᠳᠠᠮᠠᠯ ᠨᠦᠬᠡ ᠶᠢ 478 ᠮᠦ ᠵᠠᠰᠠᠵᠦ᠂ ᠠᠭᠤᠷᠬᠠᠢ ᠶᠢᠨ ᠠᠭᠤᠯᠠᠨ ᠤ ᠠᠵᠦ ᠠᠬᠤᠶᠢᠯᠠᠯ ᠳᠤ ᠬᠢᠨᠠᠯᠳᠠ ᠲᠠᠯᠪᠢᠵᠦ᠂ ᠭᠸᠣᠯᠣᠬᠢ ᠶᠢᠨ ᠣᠷᠴᠢᠨ ᠲᠣᠭᠤᠷᠢᠨ ᠢ 119 ᠮᠦ ᠵᠠᠰᠠᠨ᠎ᠠ᠃        ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠬᠢᠨᠠᠯᠳᠠ ᠲᠠᠯᠪᠢᠬᠤ ᠲᠣᠭᠳᠠᠯᠴᠠᠭ᠎ᠠ ᠶᠢ ᠲᠡᠭᠦᠯᠳᠡᠷᠵᠢᠬᠦᠯᠦᠨ᠎ᠡ᠃ ᠭᠠᠵᠠᠷ ᠰᠢᠷᠣᠢ ᠶᠢ ᠠᠰᠢᠭᠯᠠᠬᠤ ᠶᠡᠷᠦᠩᠬᠡᠢ ᠴᠣᠭᠴᠠ ᠶᠢᠨ ᠲᠦᠯᠦᠪᠯᠡᠭᠡ᠂ ᠠᠭᠤᠷᠬᠠᠢ ᠶᠢᠨ ᠪᠦᠳᠦᠬᠡᠭᠳᠡᠬᠦᠨ ᠤ ᠡᠬᠢ ᠪᠠᠶᠠᠯᠢᠭ ᠤᠨ ᠲᠦᠯᠦᠪᠯᠡᠭᠡ ᠪᠣᠯᠣᠨ ᠠᠭᠤᠷᠬᠠᠢ ᠶᠢᠨ ᠠᠭᠤᠯᠠᠨ ᠤ ᠭᠸᠣᠯᠣᠬᠢ ᠶᠢᠨ ᠣᠷᠴᠢᠨ ᠲᠣᠭᠤᠷᠢᠨ ᠢ ᠵᠠᠰᠠᠬᠤ ᠲᠦᠯᠦᠪᠯᠡᠭᠡ ᠶᠢ ᠵᠠᠰᠠᠪᠣᠷᠢᠯᠠᠬᠤ ᠠᠵᠢᠯ ᠢ ᠦᠷᠨᠢᠬᠦᠯᠵᠦ᠂ ᠲᠠᠷᠢᠶᠠᠯᠠᠩ ᠳᠤ ᠬᠡᠷᠡᠭᠯᠡᠬᠦ ᠭᠠᠵᠠᠷ ᠰᠢᠷᠣᠢ ᠶᠢ ᠰᠢᠬᠦᠨ ᠵᠦᠪᠰᠢᠶᠡᠷᠡᠵᠦ ᠲᠠᠩᠰᠠᠨ ᠳᠤ ᠲᠡᠮᠳᠡᠭᠯᠡᠬᠦ ᠬᠠᠮᠢᠶᠠᠷᠣᠯᠳᠠ ᠶᠢᠨ ᠠᠷᠭ᠎ᠠ ᠶᠢ ᠴᠢᠩᠭ᠎ᠠ ᠬᠠᠳᠠᠭᠤ ᠪᠠᠷ ᠬᠡᠷᠡᠭᠵᠢᠬᠦᠯᠵᠦ᠂ ᠭᠠᠵᠠᠷ ᠰᠢᠷᠣᠢ ᠬᠡᠷᠡᠭᠯᠡᠬᠦ ᠬᠠᠮᠢᠶᠠᠷᠣᠯᠳᠠ ᠶᠢ ᠲᠦᠷᠢᠮᠵᠢᠬᠦᠯᠦᠨ᠎ᠡ᠃ ᠬᠠᠮᠤᠭ ᠤᠨ ᠬᠠᠳᠠᠭᠤ ᠴᠢᠩᠭ᠎ᠠ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠲᠦᠷᠢᠮ ᠲᠣᠭᠳᠠᠭᠠᠯ ᠢ ᠬᠡᠷᠡᠭᠵᠢᠬᠦᠯᠵᠦ᠂ ᠶᠡᠭᠡ ᠬᠦᠴᠦᠨ ᠢᠶᠠᠷ ᠭᠠᠵᠠᠷ ᠰᠢᠷᠣᠢ ᠶᠢ ᠴᠡᠭᠴᠡᠯᠡᠨ ᠵᠠᠰᠠᠬᠤ ᠲᠦᠰᠦᠯ ᠢ ᠬᠡᠷᠡᠭᠵᠢᠬᠦᠯᠦᠨ᠂ ᠦᠨᠳᠦᠰᠣᠨ ᠲᠠᠷᠢᠶᠠᠨ ᠭᠠᠵᠠᠷ ᠤᠨ ᠲᠤᠭ᠎ᠠ ᠎ ᠶᠢ ᠬᠤᠷᠣᠭᠳᠠᠭᠤᠯᠬᠤ ᠦᠭᠡᠢ ᠮᠦᠷᠳᠡᠭᠡᠨ ᠴᠢᠨᠠᠷ ᠤᠨ ᠦᠰᠦᠯᠳᠡ ᠶᠢ ᠪᠠᠳᠣᠯᠠᠨ᠎ᠠ᠃ ᠬᠠᠣᠯᠢ ᠬᠡᠷᠡᠭᠵᠢᠬᠦᠯᠬᠦ ᠴᠢᠳᠠᠪᠣᠷᠢ ᠶᠢᠨ ᠪᠦᠳᠦᠬᠡᠨ ᠪᠠᠶᠢᠭᠤᠯᠣᠯᠳᠠ ᠶᠢ ᠴᠢᠩᠭᠠᠳᠬᠠᠵᠦ᠂ ᠲᠠᠯᠠᠪᠠᠢ ᠪᠠᠯᠭᠠᠰᠣ᠂ ᠬᠤᠪᠢᠶᠠᠷᠢ ᠲᠠᠯᠠᠪᠠᠢ ︵ᠭᠠᠴᠠᠭ᠎ᠠ ᠲᠣᠰᠬᠤᠨ︶᠎ ᠤ ᠬᠤᠶᠠᠷ ᠲᠠᠰ ᠤᠨ ᠠᠮᠢ ᠠᠬᠤᠢ ᠶᠢᠨ ᠬᠠᠮᠢᠶᠠᠷᠣᠭᠴᠢ ᠬᠠᠮᠠᠭᠠᠯᠠᠭᠴᠢ ᠶᠢᠨ ᠡᠩᠨᠡᠭᠡ ᠶᠢᠨ ᠪᠦᠳᠦᠬᠡᠨ ᠪᠠᠶᠢᠭᠤᠯᠣᠯᠳᠠ ᠶᠢ ᠣᠨᠴᠠᠭᠠᠶᠢᠯᠠᠨ ᠴᠢᠩᠭᠠᠷᠠᠭᠤᠯᠵᠦ᠂ ᠦᠷᠬᠡᠨ ᠪᠦᠷᠬᠦᠴᠡ ᠲᠠᠢ ᠲᠠᠯ᠎ᠠ ᠨᠣᠳᠤᠭ ᠤᠨ ᠠᠮᠢ ᠠᠬᠤᠢ ᠶᠢᠨ ᠬᠢᠨᠠᠨ ᠬᠠᠮᠢᠶᠠᠷᠬᠤ ᠰᠢᠰᠲ᠋ᠧᠮ ᠢ ᠪᠠᠶᠢᠭᠤᠯᠣᠨ᠎ᠠ᠃ ᠬᠠᠣᠯᠢ ᠬᠡᠷᠡᠭᠵᠢᠬᠦᠯᠬᠦ ᠬᠢᠨᠠᠯᠳᠠ ᠲᠠᠯᠪᠢᠬᠤ ᠬᠦᠴᠦᠯᠡᠴᠡ ᠶᠢ ᠶᠡᠬᠡᠳᠬᠡᠵᠦ᠂ ᠠᠮᠢ ᠠᠬᠤᠢ ᠶᠢᠨ ᠲᠣᠪᠴᠢᠶ᠎ᠠ ᠠᠴᠠ ᠲᠣᠯᠣᠭᠠᠶᠢᠯᠠᠵᠦ᠂ ᠠᠮᠢ ᠠᠬᠤᠢ ᠶᠢᠨ ᠣᠯᠠᠭᠠᠨ ᠱᠣᠭᠤᠮ ᠤᠨ ᠲᠣᠭᠤᠷᠢᠨ ᠳᠤ᠂ ᠲᠠᠷᠢᠶᠠᠨ ᠭᠠᠵᠠᠷ ᠪᠣᠯᠣᠨ ᠬᠦᠳᠡᠭᠡ ᠲᠣᠰᠬᠤᠨ ᠮᠠᠯᠵᠢᠬᠤ ᠣᠷᠣᠨ ᠤ ᠲᠦᠬᠦᠬᠡᠷᠦᠮᠵᠢ ᠎ ᠶᠢᠨ ᠬᠡᠷᠡᠭᠯᠡᠬᠦ ᠭᠠᠵᠠᠷ ᠤᠨ ᠬᠠᠮᠢᠶᠠᠷᠣᠯᠳᠠ᠂ ᠣᠰᠣᠨ ᠡᠬᠢ ᠪᠠᠶᠠᠯᠢᠭ ᠤᠨ ᠬᠠᠮᠢᠶᠠᠷᠣᠯᠳᠠ᠂ ᠡᠪᠡᠰᠣᠨ ᠲᠠᠯᠠᠪᠠᠢ ︽ᠭᠤᠷᠪᠠᠨ ᠮᠠᠯᠵᠢᠯ︾᠂ ᠡᠪᠡᠰᠣ ᠮᠠᠯ ᠤᠨ ᠲᠡᠩᠴᠡᠬᠦᠷᠢ᠂ ᠠᠮᠢ ᠠᠬᠤᠢ ᠶᠢᠨ ᠨᠦᠬᠦᠯᠳᠡ ᠱᠠᠩᠨᠠᠯ᠂ ᠬᠠᠳᠣᠯᠠᠩ ᠤᠨ ᠬᠠᠮᠢᠶᠠᠷᠣᠯᠳᠠ ᠵᠡᠷᠭᠡ ᠳᠤ ᠲᠣᠰᠬᠠᠢ ᠲᠦᠷᠦᠯ ᠤᠨ ᠬᠠᠣᠯᠢ ᠬᠡᠷᠡᠭᠵᠢᠬᠦᠯᠦᠯᠳᠡ ᠶᠢᠨ ᠠᠵᠢᠯᠯᠠᠭ᠎ᠠ ᠦᠷᠨᠢᠬᠦᠯᠵᠦ᠂ ᠪᠠᠶᠢᠩᠭᠤ ᠶᠢᠨ ᠬᠡᠪᠵᠢᠵᠦ ᠶᠡᠷᠦᠩᠬᠡᠶᠢᠯᠡᠭᠰᠡᠨ ᠬᠠᠣᠯᠢ ᠬᠡᠷᠡᠭᠵᠢᠬᠦᠯᠬᠦ ᠲᠣᠭᠳᠠᠯᠴᠠᠭ᠎ᠠ ᠶᠢ ᠪᠠᠶᠢᠭᠤᠯᠣᠨ᠎ᠠ᠃        ︵ᠲᠦᠷᠪᠡ︶ ︽ᠠᠷᠪᠠ ᠶᠢ ᠪᠦᠷᠬᠦᠬᠦᠯᠬᠦ︾ ᠢᠨᠵᠧᠨᠧᠷᠢᠩ ᠢ ᠭᠤᠣᠯᠳᠠᠯᠭ᠎ᠠ ᠲᠠᠢ ᠰᠠᠶᠢᠳᠣᠷ ᠠᠳᠬᠤᠵᠦ᠂ ᠬᠦᠳᠡᠭᠡ ᠲᠣᠰᠬᠤᠨ ᠮᠠᠯᠵᠢᠬᠤ ᠣᠷᠣᠨ ᠤ ᠬᠦᠭᠵᠢᠯᠳᠡ ᠶᠢᠨ ︽ᠪᠣᠭᠤᠨᠢ ᠬᠠᠪᠳᠠᠰᠣ︾᠎ ᠪᠠᠨ ᠬᠦᠴᠦᠨ ᠣᠷᠣᠭᠤᠯᠵᠦ ᠨᠦᠬᠦᠨ ᠲᠡᠭᠰᠢᠯᠡᠨ᠎ᠡ᠃ ᠠᠶᠢᠮᠠᠭ ᠤᠨ ᠬᠤᠷᠢᠶ᠎ᠠ᠂ ᠵᠠᠬᠢᠷᠭ᠎ᠠ ᠠᠴᠠ ᠲᠣᠷᠠᠳᠣᠭᠰᠠᠨ ︽ᠲᠠᠷᠢᠶᠠᠯᠠᠬᠤ ᠣᠷᠣᠨ ᠳᠤ ᠨᠢᠬᠡ ᠪᠠᠶᠢᠭᠠᠯᠢ ᠶᠢᠨ ᠲᠣᠰᠬᠤᠨ ᠢ ᠴᠦ ᠦᠯᠡᠳᠡᠬᠡᠬᠦ ᠦᠭᠡᠢ᠂ ᠮᠠᠯᠵᠢᠬᠤ ᠣᠷᠣᠨ ᠳᠤ ᠨᠢᠬᠡ ᠮᠠᠯᠵᠢᠬᠤ ᠡᠷᠦᠬᠡ ᠶᠢ ᠴᠦ ᠦᠯᠡᠳᠡᠬᠡᠬᠦ ᠦᠬᠡᠢ︾ ᠱᠠᠭᠠᠷᠳᠠᠯᠭ᠎ᠠ ᠶᠢ ᠲᠠᠭᠠᠵᠦ᠂ ᠬᠠᠮᠢᠶᠠᠷᠣᠯᠳᠠ ᠶᠢᠨ ᠣᠷᠣᠨ ᠦᠨᠦ ᠵᠢᠯ 20 ᠭᠠᠴᠠᠭ᠎ᠠ ᠲᠣᠰᠬᠤᠨ ︵ᠬᠤᠪᠢᠶᠠᠷᠢ ᠲᠠᠯᠠᠪᠠᠢ︶᠎ ᠳᠤ ︽ᠠᠷᠪᠠ ᠶᠢ ᠪᠦᠷᠬᠦᠬᠦᠯᠬᠦ︾ ᠪᠠ ᠬᠦᠮᠦᠨ ᠰᠠᠭᠤᠬᠤ ᠣᠷᠴᠢᠨ ᠲᠣᠭᠤᠷᠢᠨ ᠎ ᠢ ᠴᠡᠭᠴᠡᠯᠡᠨ ᠵᠠᠰᠠᠬᠤ ᠢᠨᠵᠧᠨᠧᠷᠢᠩ ᠢ ᠪᠦᠬᠦ ᠲᠠᠯ᠎ᠠ ᠪᠠᠷ ᠲᠦᠯᠬᠢᠨ ᠠᠬᠢᠭᠤᠯᠵᠦ᠂ ᠬᠦᠳᠡᠭᠡ ᠲᠣᠰᠬᠤᠨ ᠮᠠᠯᠵᠢᠬᠤ ᠣᠷᠣᠨ ᠤ ᠰᠠᠭᠤᠷᠢ ᠨᠦᠬᠦᠴᠡᠯ ᠪᠣᠯᠣᠨ ᠣᠷᠴᠢᠨ ᠲᠣᠭᠤᠷᠢᠨ ᠤ ᠨᠢᠭᠤᠷ ᠲᠦᠷᠰᠣ ᠶᠢ ᠪᠦᠬᠦ ᠲᠠᠯ᠎ᠠ ᠪᠠᠷ ᠰᠠᠶᠢᠵᠢᠷᠠᠭᠤᠯᠣᠨ᠎ᠠ᠃ ᠡᠯ᠎ᠡ ᠲᠠᠯᠠᠪᠠᠢ ᠪᠠᠯᠭᠠᠰᠣ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠠᠵᠢᠯ ᠤᠨ ᠬᠦᠴᠦᠯᠡᠴᠡ ᠎ ᠪᠠᠨ  ᠣᠯᠠᠮ ᠨᠢᠬᠡ ᠠᠯᠬᠤᠮ ᠶᠡᠬᠡᠳᠬᠡᠵᠦ᠂ ᠠᠵᠢᠯ ᠤᠨ ᠠᠷᠭ᠎ᠠ ᠠᠪᠴᠠᠯ ᠢᠶᠠᠨ ᠨᠠᠷᠢᠰᠬᠠᠵᠦ᠂ ᠠᠵᠢᠯ ᠤᠨ ᠬᠠᠷᠢᠭᠤᠴᠠᠯᠭ᠎ᠠ ᠪᠠᠨ ᠪᠣᠳᠠᠳᠠᠶᠢᠵᠢᠭᠤᠯᠵᠦ᠂ ᠦᠨᠳᠦᠷ ᠪᠠᠷᠢᠮᠵᠢᠶ᠎ᠠ᠂ ᠦᠨᠳᠦᠷ ᠴᠢᠨᠠᠷ ᠲᠠᠢ ᠴᠠᠭ ᠶᠣᠰᠣᠭᠠᠷ ᠢᠨᠵᠧᠨᠧᠷᠢᠩ ᠤᠨ ᠪᠦᠳᠦᠬᠡᠨ ᠪᠠᠶᠢᠭᠤᠯᠬᠤ ᠡᠬᠦᠷᠭᠡ ᠶᠢ ᠪᠡᠶᠡᠯᠡᠬᠦᠯᠬᠦ ᠶᠢ ᠪᠠᠳᠣᠯᠠᠨ᠎ᠠ᠃ ᠣᠬᠠᠭᠤᠯᠭ᠎ᠠ ᠲᠠᠶᠢᠴᠢᠯᠠᠯᠳᠠ ᠎ ᠶᠢ ᠰᠠᠶᠢᠳᠣᠷ ᠬᠢᠨ᠎ᠡ᠃ ᠡᠪᠦᠯ ᠤᠨ ᠰᠡᠯᠡᠬᠦᠦ ᠪᠠ ᠴᠠᠭᠠᠨ ᠰᠠᠷ᠎ᠠ ᠶᠢᠨ ᠬᠤᠭᠤᠴᠠᠭᠠᠨ ᠳᠤ ᠲᠠᠷᠢᠶᠠᠴᠢᠨ ᠮᠠᠯᠴᠢᠨ ᠠᠵᠢᠯᠳᠠᠨ ᠨᠣᠳᠤᠭ ᠪᠣᠴᠠᠭᠰᠠᠨ ᠲᠣᠬᠢᠶᠠᠯ ᠢ ᠠᠰᠢᠭᠯᠠᠵᠦ᠂ ᠡᠯ᠎ᠡ ᠲᠠᠯᠠᠪᠠᠢ ᠪᠠᠯᠭᠠᠰᠣ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ᠂ ᠬᠤᠪᠢᠶᠠᠷᠢ ᠲᠠᠯᠠᠪᠠᠢ ︵ᠭᠠᠴᠠᠭ᠎ᠠ ᠲᠣᠰᠬᠤᠨ︶᠎ ᠤ ᠺᠠᠳ᠋ᠷ᠂ ᠬᠦᠳᠡᠭᠡ ᠪᠠᠭᠤᠵᠦ ᠲᠣᠰᠬᠤᠨ ᠳᠤ ᠰᠠᠭᠤᠭ᠎ᠠ ᠺᠠᠳ᠋ᠷ ︽ᠨᠢᠭᠡᠳᠦᠬᠡᠷ ᠱᠦᠵᠢ︾  ᠡᠷᠦᠬᠡ ᠳᠤ ᠣᠷᠣᠵᠦ ᠣᠬᠠᠭᠤᠯᠭ᠎ᠠ ᠬᠢᠬᠦ ᠶᠢ ᠬᠦᠨᠵᠡᠬᠡᠢ ᠨᠠᠷᠢᠯᠢᠭ ᠬᠢᠵᠦ ᠂ ᠵᠣᠬᠢᠶᠠᠨ ᠪᠠᠶᠢᠭᠤᠯᠣᠨ ᠲᠠᠶᠢᠴᠢᠯᠠᠵᠦ᠂ ᠲᠠᠷᠢᠶᠠᠴᠢᠨ ᠮᠠᠯᠴᠢᠨ ᠣᠯᠠᠨ ᠲᠦᠮᠡᠨ ᠢ ᠬᠦᠳᠡᠯᠦᠩᠬᠦᠢ ᠪᠠᠷ ᠣᠷᠣᠯᠴᠠᠭᠤᠯᠣᠨ᠂ ᠠᠵᠢᠯ ᠬᠦᠳᠡᠯᠮᠦᠷᠢ ᠬᠢᠯᠬᠡᠵᠦ᠂ ᠠᠶᠣᠯᠳᠠᠢ ᠬᠠᠭᠤᠴᠢᠨ ᠭᠡᠷ ᠢ ᠡᠪᠳᠡᠨ ᠬᠠᠶᠠᠵᠦ᠂ ᠲᠡᠳᠡᠨ ᠤ ᠭᠤᠣᠯ ᠴᠣᠭᠴᠠ ᠶᠢᠨ ᠦᠢᠯᠡᠳᠣᠯ ᠶᠢ ᠬᠦᠢᠴᠡᠳ ᠪᠠᠳᠠᠷᠠᠭᠤᠯᠣᠨ᠎ᠠ᠃ ᠴᠠᠭ ᠠᠴᠠ ᠡᠷᠳᠡ ᠠᠵᠢᠯ ᠡᠬᠢᠯᠡᠬᠦ ᠪᠡᠯᠡᠳᠭᠡᠯ ᠎ ᠢ ᠰᠠᠶᠢᠳᠣᠷ ᠬᠢᠨ᠎ᠡ᠃ ᠠᠯᠢᠪᠠ ᠪᠦᠳᠦᠮᠵᠢᠳᠡᠢ ᠴᠠᠭ ᠢ ᠵᠠᠪᠳᠣᠨ ᠠᠳᠬᠤᠵᠦ᠂ ᠲᠦᠯᠦᠪᠯᠡᠭᠡ ᠵᠣᠬᠢᠶᠠᠬᠤ᠂ ᠲᠧᠨ᠋ᠳᠧᠷ ᠵᠠᠷᠯᠠᠬᠤ᠂ ᠲᠧᠨ᠋ᠳᠧᠷ ᠲᠤ ᠣᠷᠣᠯᠴᠠᠬᠤ ᠵᠡᠷᠭᠡ ᠡᠯ᠎ᠡ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠰᠠᠶᠢᠳᠣᠷ ᠠᠳᠬᠤᠵᠦ᠂ ᠠᠵᠢᠯ ᠬᠢᠬᠦ ᠡᠩᠨᠡᠭᠡ ᠶᠢ ᠰᠣᠩᠭᠤᠨ ᠲᠣᠭᠳᠠᠭᠠᠵᠦ᠂ ᠬᠡᠯᠡᠯᠴᠡᠭᠡᠷ ᠪᠠᠶᠢᠭᠤᠯᠣᠨ᠂ ᠮᠠᠲ᠋ᠧᠷᠢᠶᠠᠯ ᠢ ᠬᠠᠳᠠᠭᠠᠯᠠᠵᠦ ᠪᠡᠯᠡᠳᠬᠡᠬᠦ᠂ ᠬᠦᠮᠦᠨ ᠤ ᠬᠦᠴᠦᠨ ᠤ ᠪᠠᠳᠣᠯᠭ᠎ᠠ ᠵᠡᠷᠭᠡ ᠡᠯ᠎ᠡ ᠲᠦᠷᠦᠯ ᠤᠨ ᠠᠵᠢᠯ ᠢ ᠰᠠᠶᠢᠳᠣᠷ ᠬᠢᠵᠦ ᠂ ᠬᠠᠪᠣᠷ ᠪᠣᠯᠵᠦ ᠭᠠᠵᠠᠷ ᠬᠡᠰᠦᠭᠰᠡᠨ ᠤ ᠲᠠᠷᠠᠭ᠎ᠠ ᠪᠦᠬᠦ ᠲᠠᠯ᠎ᠠ ᠪᠠᠷ ᠠᠵᠢᠯ ᠡᠬᠢᠯᠡᠵᠦ ᠪᠦᠳᠦᠬᠡᠨ ᠪᠠᠶᠢᠭᠤᠯᠬᠤ ᠶᠢ ᠪᠠᠳᠣᠯᠠᠨ᠎ᠠ᠃ ᠮᠦᠷᠳᠡᠨ ᠬᠢᠨᠠᠯᠳᠡ ᠲᠠᠯᠪᠢᠵᠦ ᠪᠦᠳᠦᠮᠵᠢ ᠶᠢ ᠠᠰᠠᠭᠤᠬᠤ ᠶᠢ ᠴᠢᠩᠭᠠᠳᠬᠠᠨ᠎ᠠ᠃ ᠰᠣᠷᠠᠭ ᠵᠠᠩᠬᠢ ᠶᠢᠨ ᠬᠦᠷᠭᠡᠯᠳᠡ᠂ ᠠᠵᠢᠯ ᠤᠨ ᠮᠡᠳᠡᠭᠳᠡᠯ᠂ ᠢᠨᠵᠧᠨᠧᠷᠢᠩ ᠤᠨ ᠲᠣᠬᠢᠷᠠᠭᠤᠯᠣᠯᠳᠠ ᠪᠣᠯᠣᠨ ᠬᠢᠨᠠᠯᠳᠠ ᠲᠠᠯᠪᠢᠬᠤ ᠵᠢᠭᠠᠨ ᠵᠢᠯᠣᠭᠤᠳᠬᠤ ᠵᠡᠷᠭᠡ ᠠᠵᠢᠯ ᠢ ᠨᠠᠷᠢᠨ ᠬᠢᠨᠠᠮᠠᠭᠠᠢ ᠲᠣᠣᠱᠯᠠᠭᠤᠯᠵᠦ᠂ ᠰᠢᠯᠭᠠᠬᠤ ᠠᠷᠭ᠎ᠠ ᠲᠣᠭᠳᠠᠭᠠᠵᠦ᠂ ᠬᠠᠷᠢᠭᠤᠴᠠᠯᠭ᠎ᠠ ᠠᠰᠠᠭᠤᠬᠤ ᠲᠣᠭᠳᠠᠯᠴᠠᠭ᠎ᠠ ᠶᠢ ᠬᠦᠳᠡᠯᠬᠡᠵᠦ᠂ ᠠᠵᠢᠯ ᠤᠨ ᠠᠬᠢᠴᠠ ᠳᠤ ᠠᠰᠢᠭ ᠦᠭᠡᠢ᠂ ᠬᠢᠨᠠᠯᠳᠠ ᠬᠠᠮᠢᠶᠠᠷᠣᠯᠳᠠ ᠶᠢᠨ ᠠᠷᠭ᠎ᠠ ᠠᠪᠴᠠᠯ ᠬᠦᠷᠦᠯᠴᠡᠬᠦ ᠦᠭᠡᠢ᠂ ᠪᠦᠳᠦᠬᠡᠨ ᠪᠠᠶᠢᠭᠤᠯᠬᠤ ᠶᠠᠪᠣᠴᠠ ᠲᠦᠷᠢᠮᠵᠢᠭᠰᠡᠨ ᠪᠣᠰᠣ ᠂ ᠢᠨᠵᠧᠨᠧᠷᠢᠩ ᠤᠨ ᠴᠢᠨᠠᠷ ᠬᠢᠷᠢ ᠲᠡᠩᠴᠡᠭᠰᠡᠨ ᠦᠭᠡᠢ ᠬᠠᠷᠢᠭᠤᠴᠠᠯᠭᠠᠳᠣ ᠰᠠᠯᠠᠭ᠎ᠠ ᠮᠦᠴᠢᠷ ᠢ ᠪᠣᠯᠵᠣᠨ ᠶᠠᠷᠢᠯᠴᠠᠵᠦ ᠂ ᠬᠠᠷᠢᠭᠤᠴᠠᠯᠭ᠎ᠠ ᠠᠰᠠᠭᠤᠬᠤ ᠪᠠ ᠬᠠᠷᠢᠭᠤᠴᠠᠯᠭ᠎ᠠ ᠶᠢ ᠨᠡᠬᠡᠮᠵᠢᠯᠡᠨ᠎ᠡ᠃ ᠣᠷᠳᠣ ᠨᠦᠯᠦᠬᠡᠯᠡᠯ ᠲᠠᠢ ᠬᠠᠮᠢᠶᠠᠷᠣᠯᠳᠠ ᠬᠠᠮᠠᠭᠠᠯᠠᠯᠳᠠ ᠶᠢᠨ ᠲᠣᠭᠳᠠᠯᠴᠠᠭ᠎ᠠ ᠶᠢ ᠪᠦᠷᠢᠳᠭᠡᠨ᠎ᠡ᠃ ᠣᠷᠴᠢᠨ ᠲᠣᠭᠤᠷᠢᠨ ᠠᠷᠢᠭᠤᠨ ᠴᠡᠪᠡᠷ ᠶᠡᠷᠦᠩᠬᠡᠶᠢᠯᠡᠨ ᠵᠠᠰᠠᠬᠤ ᠪᠠ ᠬᠡᠪᠵᠢᠭᠰᠡᠨ ᠬᠠᠮᠢᠶᠠᠷᠣᠯᠳᠠ ᠬᠠᠮᠠᠭᠠᠯᠠᠯᠳᠠ ᠶᠢ ᠦᠨᠡᠨᠬᠦ ᠰᠠᠶᠢᠳᠣᠷ ᠠᠳᠬᠤᠵᠦ᠂ ᠬᠠᠮᠢᠶᠠᠷᠴᠣ ᠬᠠᠮᠠᠭᠠᠯᠠᠬᠤ ᠭᠤᠣᠯ ᠴᠣᠭᠴᠠ᠂ ᠪᠡᠯᠡ ᠭᠠᠷᠭᠠᠭᠰᠠᠨ ᠭᠤᠣᠯ ᠴᠣᠭᠴᠠ ᠪᠠ ᠬᠢᠨᠠᠨ ᠬᠠᠮᠢᠶᠠᠷᠬᠤ ᠭᠤᠣᠯ ᠴᠣᠭᠴᠠ ᠶᠢ ᠲᠣᠳᠣᠷᠬᠠᠶᠢᠯᠠᠵᠦ᠂ ᠢᠨᠵᠧᠨᠧᠷᠢᠩ ᠤᠨ ᠪᠦᠳᠦᠬᠡᠨ ᠪᠠᠶᠢᠭᠤᠯᠣᠯᠳᠠ ᠶᠢᠨ ᠦᠷ᠎ᠡ ᠪᠦᠳᠦᠬᠡᠯ ᠢ ᠰᠠᠶᠢᠳᠣᠷ ᠪᠠᠬᠢᠵᠢᠬᠦᠯᠦᠨ᠎ᠡ᠃ ᠵᠣᠬᠢᠶᠠᠨ ᠪᠠᠶᠢᠭᠤᠯᠵᠦ ᠲᠦᠯᠬᠢᠨ ᠬᠦᠳᠡᠯᠬᠡᠬᠦ ᠶᠢ ᠴᠢᠩᠭᠠᠳᠬᠠᠨ᠎ᠠ᠃ ᠡᠯ᠎ᠡ ᠲᠠᠯᠠᠪᠠᠢ ᠪᠠᠯᠭᠠᠰᠣ᠂ ᠡᠯ᠎ᠡ ᠲᠣᠰᠬᠤᠨ ᠳᠤ ᠰᠠᠭᠤᠭ᠎ᠠ ᠺᠠᠳ᠋ᠷ ᠤᠳ᠂ ᠺᠠᠳ᠋ᠷ ᠲᠣᠣᠷ᠎ᠠ ᠱᠠᠳᠣᠨ ᠳᠤ ᠪᠠᠭᠤᠬᠤ ᠠᠵᠢᠯ ᠲᠠᠢ ᠣᠶᠠᠯᠳᠣᠭᠤᠯᠵᠦ᠂ ᠰᠡᠳᠬᠢᠯ ᠲᠠᠯᠪᠢᠨ ᠭᠠᠷ ᠬᠦᠳᠡᠯᠦᠯᠴᠡᠵᠦ᠂ ᠦᠨᠡᠨᠬᠦ ᠲᠣᠷᠣᠭᠰᠢ ᠪᠠᠭᠤᠵᠦ᠂ ᠰᠡᠳᠬᠢᠮᠵᠢ ᠪᠠᠨ ᠲᠡᠭᠡᠭᠰᠢᠯᠡᠬᠦᠯᠵᠦ᠂ ᠠᠷᠭ᠎ᠠ ᠰᠦᠪᠡᠭᠴᠢᠯᠠᠨ᠂ ︽ᠠᠷᠪᠠ ᠶᠢ ᠪᠦᠷᠬᠦᠬᠦᠯᠬᠦ︾ ᠢᠨᠵᠧᠨᠧᠷᠢᠩ ᠤᠨ ᠪᠦᠳᠦᠬᠡᠨ ᠪᠠᠶᠢᠭᠤᠯᠣᠯᠳᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠣᠨ᠎ᠠ᠃ ᠲᠣᠰᠬᠤᠨ ᠢ ᠬᠠᠷᠢᠭᠤᠴᠠᠭᠰᠠᠨ ᠣᠳᠣᠷᠢᠳᠣᠯᠭ᠎ᠠ ᠺᠠᠳ᠋ᠷ ᠬᠠᠷᠢᠭᠤᠴᠠᠭᠰᠠᠨ ᠬᠤᠪᠢᠶᠡᠷᠢ ᠲᠠᠯᠠᠪᠠᠢ ︵ᠭᠠᠴᠠᠭ᠎ᠠ ᠲᠣᠰᠬᠤᠨ︶᠎ ᠤ ᠢᠨᠵᠧᠨᠧᠷᠢᠩ ᠤᠨ ᠪᠦᠳᠦᠬᠡᠨ ᠪᠠᠶᠢᠭᠤᠯᠣᠯᠳᠠ ᠶᠢ ᠪᠦᠬᠦ ᠲᠠᠯ᠎ᠠ ᠎ ᠪᠠᠷ ᠲᠦᠯᠬᠢᠨ ᠠᠬᠢᠭᠤᠯᠬᠤ ᠶᠢ ᠬᠠᠷᠢᠭᠤᠴᠠᠵᠦ᠂ ᠡᠷᠦᠬᠡ ᠡᠷᠦᠬᠡ ᠪᠠᠷ ᠬᠠᠷᠢᠭᠤᠴᠠᠨ᠂ ᠲᠣᠰᠬᠤᠨ ᠳᠤ ᠣᠷᠣᠵᠦ ᠡᠷᠦᠬᠡ ᠳᠤ ᠰᠠᠭᠤᠨ᠂ ᠠᠵᠢᠯ ᠳᠠᠭᠠᠨ ᠲᠣᠰᠬᠤᠨ ᠳᠤ ᠲᠣᠭᠤᠶᠢᠯᠠᠩ ᠢ ᠣᠷᠬᠢᠭᠳᠠᠭᠤᠯᠬᠤ ᠦᠬᠡᠢ᠂ ᠲᠣᠭᠤᠶᠢᠯᠠᠩ ᠎ ᠳᠤ ᠡᠷᠦᠬᠡ ᠶᠢ ᠣᠷᠬᠢᠭᠳᠠᠭᠤᠯᠬᠤ ᠦᠬᠡᠢ᠂ ᠵᠢᠯ ᠤᠨ ᠲᠣᠳᠣᠷ᠎ᠠ ᠪᠦᠬᠦ ᠲᠠᠯ᠎ᠠ ᠪᠠᠷ ᠲᠣᠰᠬᠤᠨ ᠲᠣᠭᠤᠶᠢᠯᠠᠩ ᠤᠨ ︽ᠠᠷᠪᠠ ᠶᠢ ᠪᠦᠷᠬᠦᠬᠦᠯᠬᠦ︾᠎ ᠶᠢ ᠪᠡᠶᠡᠯᠡᠬᠦᠯᠦᠨ᠎ᠡ᠃ ᠠᠵᠦ ᠦᠢᠯᠡᠰ ᠤᠨ ᠬᠦᠭᠵᠢᠯᠳᠡ ᠶᠢ ᠰᠠᠶᠢᠳᠣᠷ ᠠᠳᠬᠤᠨ᠎ᠠ᠃ ︽ᠠᠷᠪᠠ ᠶᠢ ᠪᠦᠷᠬᠦᠬᠦᠯᠬᠦ︾ ᠢᠨᠵᠧᠨᠧᠷᠢᠩ ᠤᠨ ᠪᠦᠳᠦᠬᠡᠨ ᠪᠠᠶᠢᠭᠤᠯᠣᠯᠳᠠ ᠪᠣᠯᠣᠨ ᠠᠵᠦ ᠦᠢᠯᠡᠰ ᠤᠨ ᠬᠦᠭᠵᠢᠯᠳᠡ᠂ ᠪᠦᠳᠦᠴᠡ ᠶᠢᠨ ᠲᠣᠬᠢᠷᠠᠭᠤᠯᠣᠯᠳᠠ ᠶᠢ ᠨᠢᠭᠳᠠ ᠣᠶᠠᠯᠳᠣᠭᠤᠯᠵᠦ ᠰᠢᠨᠵᠢᠯᠡᠬᠦ ᠣᠬᠠᠭᠠᠨᠴᠢ ᠵᠦᠢ ᠶᠣᠰᠣᠭᠠᠷ ᠬᠦᠳᠡᠭᠡ ᠲᠣᠰᠬᠤᠨ ᠮᠠᠯᠵᠢᠬᠤ ᠣᠷᠣᠨ ᠤ ᠠᠵᠦ ᠦᠢᠯᠡᠰ ᠤᠨ ᠬᠦᠭᠵᠢᠯᠳᠡ ᠶᠢᠨ ᠲᠦᠰᠦᠯ ᠢ ᠨᠡᠶᠢᠳᠬᠡᠵᠦ᠂ ᠲᠦᠰᠦᠯ ᠤᠨ ᠲᠣᠬᠢᠷᠠᠭᠤᠯᠣᠯᠳᠠ ᠲᠡᠭᠡᠷ᠎ᠡ ᠣᠷᠢᠳᠠᠪᠡᠷ ᠰᠢᠨ᠎ᠡ ᠬᠡᠯᠪᠡᠷᠢ ᠶᠢᠨ ᠲᠠᠷᠢᠶᠠᠯᠠᠩ ᠮᠠᠯᠵᠢᠯ ᠤᠨ ᠦᠢᠯᠡᠰ ᠢ ᠡᠵᠡᠩᠨᠡᠭᠴᠢ ᠭᠤᠣᠯ ᠴᠣᠭᠴᠠ ᠪᠠ ᠮᠠᠯᠵᠢᠬᠤ ᠶᠢ ᠬᠤᠷᠢᠭᠯᠠᠭᠰᠠᠨ ᠣᠷᠣᠨ ᠳᠠᠬᠢ ᠰᠡᠬᠦᠯᠴᠢ ᠶᠢᠨ ᠡᠷᠬᠢᠯᠡᠭᠰᠡᠨ ᠠᠵᠦ ᠦᠢᠯᠡᠰ ᠵᠦᠭ ᠬᠡᠯᠪᠡᠶᠢᠵᠦ᠂ ᠵᠦᠪᠰᠢᠶᠡᠷᠡᠯ ᠦᠬᠡᠢ ᠪᠠᠷ ᠪᠠᠶᠢᠭᠤᠯᠣᠭᠰᠠᠨ ᠡᠷᠦᠬᠡ᠂ ᠲᠠᠬᠢᠨ ᠲᠠᠪᠳᠠᠨ ᠭᠤᠶᠣᠴᠢᠯᠠᠭᠰᠠᠨ ᠡᠷᠦᠬᠡ ᠪᠠ ᠲᠠᠭᠠᠴᠠ ᠠᠴᠠ ᠬᠡᠳᠦᠷᠡᠭᠰᠡᠨ ᠡᠷᠦᠬᠡ ᠳᠤ ᠲᠦᠰᠦᠯ ᠲᠣᠬᠢᠷᠠᠭᠤᠯᠬᠤ ᠶᠢ ᠡᠷᠡᠰ ᠲᠡᠪᠴᠢᠨ᠎ᠡ᠃        ︵ᠲᠠᠪᠤ︶ ᠠᠷᠠᠳ ᠤᠨ ᠠᠮᠢᠳᠣᠷᠠᠯ ᠤᠨ ᠵᠢᠷᠭᠠᠯ ᠪᠣᠶᠠᠨ ᠢ ᠭᠤᠣᠯᠳᠠᠯᠭ᠎ᠠ ᠲᠠᠢ ᠰᠠᠶᠢᠳᠣᠷ ᠠᠳᠬᠤᠵᠦ᠂ ᠡᠶ᠎ᠡ ᠨᠡᠶᠢᠷᠠᠮᠳᠠᠭᠤ ᠨᠡᠶᠢᠬᠡᠮ ᠤᠨ ᠪᠦᠳᠦᠬᠡᠨ ᠪᠠᠶᠢᠭᠤᠯᠣᠯᠳᠠ ᠶᠢ ᠲᠦᠯᠬᠢᠨ ᠠᠬᠢᠭᠤᠯᠣᠨ᠎ᠠ᠃ ᠨᠡᠶᠢᠳᠡᠮ ᠠᠰᠢᠭᠳᠠᠢ ᠴᠢᠨᠠᠷ᠂ ᠦᠨᠳᠦᠰᠣ ᠶᠢ ᠪᠠᠳᠣᠯᠠᠬᠤ᠂ ᠲᠡᠩ ᠲᠠᠢ᠂ ᠦᠷᠬᠦᠯᠵᠢᠬᠦᠶᠢᠴᠡ ᠶᠢᠨ ᠴᠢᠭᠯᠡᠯ ᠢ ᠪᠠᠷᠢᠮᠳᠠᠯᠠᠵᠦ᠂ ᠠᠷᠠᠳ ᠤᠨ ᠠᠮᠢᠳᠣᠷᠠᠯ ᠤᠨ ᠪᠣᠭᠤᠨᠢ ᠲᠠᠯ᠎ᠠ ᠶᠢ ᠨᠦᠬᠦᠵᠦ ᠲᠡᠭᠰᠢᠯᠡᠨ᠂ ᠦᠬᠡᠷᠡᠴᠢᠯᠡᠯᠡᠳᠡ ᠬᠦᠭᠵᠢᠯᠳᠡ ᠶᠢᠨ ᠦᠷ᠎ᠡ ᠪᠦᠳᠦᠬᠡᠯ ᠢ ᠨᠡᠩ ᠣᠯᠠᠨ᠂ ᠨᠡᠩ ᠡᠷᠬᠡ ᠲᠡᠭᠰᠢ᠂ ᠨᠡᠩ ᠪᠣᠳᠠᠳᠠᠢ ᠪᠠᠷ ᠣᠯᠠᠨ ᠲᠦᠮᠡᠨ ᠳᠤ ᠡᠳᠡᠯᠡᠬᠦᠯᠦᠨ᠎ᠡ᠃        ᠪᠦᠬᠦ ᠬᠦᠴᠦᠨ ᠢᠶᠠᠷ ᠶᠠᠳᠠᠭᠤ ᠠᠴᠠ ᠠᠩᠵᠢᠷᠠᠬᠤ ᠪᠠᠶᠢᠯᠳᠣᠭᠠᠨ ᠳᠤ ᠢᠯᠠᠯᠳᠠ ᠣᠯᠣᠨ᠎ᠠ᠃ ︽ ᠲᠠᠪᠣᠨ ᠪᠦᠯᠦᠭ︾ ︽ᠵᠢᠷᠭᠤᠭᠠᠨ ᠣᠨᠣᠪᠴᠢᠳᠠᠢ︾᠎ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠣᠣᠱᠯᠠᠭᠤᠯᠵᠦ᠂ ᠣᠭ ᠤᠨ ᠲᠠᠩᠰᠠ ᠪᠠᠶᠢᠭᠤᠯᠣᠨ᠂ ᠺᠠᠷᠲ ᠵᠣᠬᠢᠶᠠᠭᠰᠠᠨ ᠲᠤᠭ᠎ᠠ ᠪᠠᠷᠢᠮᠳᠠ ᠶᠢᠨ ᠰᠠᠭᠤᠷᠢᠨ ᠲᠡᠭᠡᠷ᠎ᠡ᠂ ᠣᠨᠣᠪᠴᠢᠳᠠᠢ ᠲᠡᠳᠬᠦᠬᠦ ᠡᠳᠡᠭᠡᠳ᠂ ᠶᠠᠳᠠᠭᠤᠷᠠᠭᠰᠠᠨ ᠰᠢᠯᠳᠠᠭᠠᠨ ᠪᠠ ᠲᠡᠳᠬᠦᠬᠦ ᠠᠷᠭ᠎ᠠ ᠠᠪᠴᠠᠯ ᠢᠶᠠᠨ ᠣᠨᠣᠪᠴᠢᠳᠠᠢ ᠪᠣᠳᠠᠳᠠᠢ ᠪᠠᠶᠢᠯᠭᠠᠵᠦ᠂ ᠬᠦᠮᠦᠨ ᠢ ᠦᠵᠡᠵᠦ ᠲᠦᠷᠦᠯ ᠢᠯᠭᠠᠵᠦ ᠠᠷᠭ᠎ᠠ ᠪᠣᠳᠣᠯᠭ᠎ᠠ ᠶᠢ ᠬᠡᠷᠡᠭᠵᠢᠬᠦᠯᠦᠨ᠎ᠡ᠃ ︽ᠵᠠᠭᠤᠨ ᠺᠠᠳ᠋ᠷ ᠲᠣᠣᠷᠠᠳᠣ ᠱᠠᠳᠣᠨ ᠳᠤ ᠪᠠᠭᠤᠵᠦ ᠭᠤᠷᠪᠠᠨ ᠲᠡᠰ ᠤᠨ ᠲᠠᠭᠤᠷᠢᠶᠠᠯ ᠢᠶᠠᠷ ᠬᠦᠳᠦᠯᠬᠦ︾᠎ ᠪᠠᠷ ᠭᠠᠷ ᠣᠷᠣᠵᠦ᠂ ᠪᠠᠶᠢᠷᠢ ᠲᠣᠭᠳᠠᠭᠠᠵᠦ ᠶᠠᠳᠠᠭᠤ ᠶᠢ ᠲᠡᠳᠬᠦᠬᠦ ᠠᠵᠢᠯ ᠢ ᠪᠠᠳᠣ ᠪᠠᠬᠢ ᠰᠠᠶᠢᠳᠣᠷ ᠦᠷᠨᠢᠬᠦᠯᠦᠨ᠎ᠡ᠃ ᠲᠣᠰᠬᠤᠨ ᠳᠤ ᠣᠷᠣᠵᠦ ᠰᠠᠭᠤᠭᠰᠠᠨ ᠺᠠᠳ᠋ᠷ ᠶᠠᠳᠠᠭᠤ ᠡᠷᠦᠬᠡ ᠲᠠᠢ ᠦᠷᠬᠦᠯᠵᠢ ᠶᠢᠨ ᠴᠢᠨᠠᠷ ᠲᠠᠢ ᠬᠠᠷᠢᠯᠴᠠᠭ᠎ᠠ ᠪᠠᠶᠢᠭᠤᠯᠵᠦ᠂ ᠶᠠᠳᠠᠭᠤ ᠡᠷᠦᠬᠡ ᠎ ᠳᠠᠬᠢ ᠣᠨᠣᠪᠴᠢᠳᠠᠢ ᠬᠠᠮᠢᠶᠠᠷᠣᠯᠳᠠ ᠶᠢ ᠴᠢᠩᠭᠠᠳᠬᠠᠵᠦ᠂  ︽ᠨᠢᠬᠡ ᠡᠷᠦᠬᠡ ᠨᠢᠬᠡ ᠲᠡᠪᠳᠡᠷ ᠲᠠᠩᠰᠠ᠂ ᠨᠢᠬᠡ ᠡᠷᠦᠬᠡ ᠨᠢᠬᠡ ᠶᠠᠳᠠᠭᠤ ᠠᠴᠠ ᠠᠩᠵᠢᠷᠠᠬᠤ ᠲᠦᠯᠦᠪᠯᠡᠭᠡ᠂ ᠨᠢᠬᠡ ᠡᠷᠦᠬᠡ ᠨᠢᠬᠡ ᠢᠵᠢ ᠲᠡᠮᠵᠢᠬᠦ ᠠᠷᠭ᠎ᠠ ᠬᠡᠮᠵᠢᠶ᠎ᠡ︾ ᠎ ᠲᠠᠢ ᠪᠠᠶᠢᠵᠦ᠂ ᠦᠯᠡᠳᠡᠭᠰᠡᠨ 13 ᠡᠷᠦᠬᠡ 39 ᠨᠡᠷᠡᠰ ᠶᠠᠳᠠᠭᠤᠴᠣᠳ ᠢ ᠪᠦᠬᠦᠨ ᠢ ᠶᠠᠳᠠᠭᠤ ᠠᠴᠠ ᠠᠩᠵᠢᠷᠠᠭᠤᠯᠬᠤ ᠎ ᠶᠢ ᠪᠠᠳᠣᠯᠠᠨ᠎ᠠ᠃        ᠨᠡᠶᠢᠬᠡᠮ ᠤᠨ ᠪᠠᠳᠣᠯᠭ᠎ᠠ ᠶᠢᠨ ᠲᠣᠰᠠᠯᠠᠮᠵᠢ ᠶᠢᠨ ᠰᠢᠰᠲ᠋ᠧᠮ ᠢ ᠲᠠᠰᠣᠷᠠᠯᠳᠠ ᠦᠭᠡᠢ ᠲᠡᠬᠦᠯᠳᠡᠷᠵᠢᠬᠦᠯᠦᠨ᠎ᠡ᠃ ᠨᠢᠬᠡ ᠳᠤ ᠦᠢᠯᠡᠰ ᠪᠦᠳᠦᠬᠡᠬᠦ ᠰᠢᠨ᠎ᠡ ᠶᠢ ᠡᠬᠦᠳᠬᠦ ᠪᠠᠷ ᠠᠵᠢᠯ ᠣᠯᠭᠤᠬᠤ ᠶᠢ ᠲᠠᠶᠢᠴᠢᠯᠠᠬᠤ ᠢᠨᠵᠧᠨᠧᠷᠢᠩ ᠢ ᠬᠡᠷᠡᠭᠵᠢᠬᠦᠯᠦᠨ᠎ᠡ᠃ ᠪᠠᠭ᠎ᠠ ᠲᠣᠭᠠᠨ ᠤ ᠲᠠᠭᠠᠭᠠᠯᠳᠠ ᠲᠠᠢ ᠵᠢᠬᠡᠯᠡᠯᠬᠡ᠂ ᠰᠦᠢᠳᠭᠡᠯ ᠦᠬᠡᠢ ᠠᠵᠢᠯ ᠤᠨ ᠪᠣᠯᠪᠠᠰᠣᠷᠠᠯ ᠪᠠ ᠠᠵᠢᠯ ᠤᠨ ᠲᠠᠨᠢᠯᠴᠠᠭᠤᠯᠭ᠎ᠠ ᠵᠡᠷᠭᠡ ᠡᠯ᠎ᠡ ᠲᠦᠷᠦᠯ ᠤᠨ ᠲᠡᠳᠬᠦᠮᠵᠢ ᠶᠢᠨ ᠲᠦᠷᠦ ᠶᠢᠨ ᠪᠣᠳᠣᠯᠭ᠎ᠠ ᠶᠢ ᠲᠣᠣᠱᠯᠠᠭᠤᠯᠵᠦ᠂ ᠣᠯᠠᠨ ᠲᠦᠮᠡᠨ ᠢ ᠲᠡᠳᠬᠦᠨ ᠦᠢᠯᠡᠰ ᠪᠣᠰᠬᠠᠯᠭᠠᠵᠦ᠂ ᠲᠦᠮᠡᠨ ᠠᠷᠠᠳ ᠤᠨ ᠰᠢᠨ᠎ᠡ ᠶᠢ ᠡᠬᠦᠳᠬᠦ ᠎ ᠶᠢ ᠲᠦᠯᠬᠢᠨ ᠬᠦᠳᠡᠯᠬᠡᠵᠦ᠂ ᠰᠢᠯᠵᠢᠵᠦ ᠬᠤᠳᠠ ᠣᠷᠣᠭᠰᠠᠨ ᠲᠠᠷᠢᠶᠠᠴᠢᠨ ᠮᠠᠯᠴᠢᠨ᠂ ᠲᠡᠭᠡᠳᠣ ᠰᠣᠷᠭᠠᠭᠤᠯᠢ ᠲᠡᠭᠦᠰᠦᠭᠰᠡᠳ ᠵᠡᠷᠭᠡ ᠬᠠᠮᠳᠣ ᠣᠯᠠᠨ ᠢ ᠣᠳᠣᠷᠢᠳᠣᠨ ᠲᠡᠮᠵᠢᠵᠦ ᠦᠢᠯᠡᠰ ᠪᠣᠰᠬᠠᠯᠭᠠᠵᠦ ᠠᠵᠢᠯ ᠣᠯᠭᠤᠵᠦ᠂ ᠪᠠᠭ᠎ᠠ ᠲᠣᠭᠠᠨ ᠤ ᠲᠠᠭᠠᠭᠠᠯᠳᠠ ᠲᠠᠢ ᠵᠢᠬᠡᠯᠡᠯᠬᠡ 2700 ᠲᠦᠮᠡᠨ ᠲᠦᠬᠦᠷᠢᠭ ᠲᠠᠯᠪᠢᠵᠦ᠂ 580 ᠡᠯ᠎ᠡ ᠲᠦᠷᠦᠯ ᠤᠨ ᠬᠦᠮᠦᠰ ᠢ  ᠪᠣᠯᠪᠠᠰᠣᠷᠠᠯ ᠳᠤ ᠣᠷᠣᠭᠤᠯᠣᠨ᠎ᠠ᠃ ᠴᠣᠭᠯᠠᠭᠤᠯᠵᠦ ᠨᠡᠬᠡᠬᠡᠭᠰᠡᠨ ᠠᠵᠢᠯ ᠣᠯᠭᠤᠬᠤ ᠠᠵᠢᠯ ᠤᠨ ᠪᠠᠶᠢᠷᠢ 2500᠂ ᠰᠢᠨ᠎ᠡ ᠪᠠᠷ ᠨᠡᠮᠡᠭᠳᠡᠭᠰᠡᠨ ᠬᠤᠳᠠ ᠪᠠᠯᠭᠠᠰᠣᠨ ᠳᠤ ᠠᠵᠢᠯ ᠣᠯᠭᠤᠬᠤ ᠬᠦᠮᠦᠨ ᠤ ᠲᠤᠭ᠎ᠠ 700᠂ ᠠᠵᠢᠯ ᠣᠯᠬᠤ ᠳᠤ ᠬᠦᠴᠢᠷ ᠲᠠᠢ ᠬᠦᠮᠦᠰ ᠤᠨ ᠠᠵᠢᠯ ᠣᠯᠬᠤ ᠶᠢ ᠲᠣᠭᠳᠠᠭᠤᠨ ᠪᠠᠶᠢᠯᠭᠠᠬᠤ ᠪᠠ ᠠᠬᠢᠭᠤᠯᠵᠦ᠂ ᠬᠤᠳᠠ ᠪᠠᠯᠭᠠᠰᠣᠨ ᠤ ᠪᠦᠷᠢᠳᠬᠡᠯ ᠳᠠᠬᠢ ᠠᠵᠢᠯ ᠠᠯᠳᠠᠭᠰᠠᠳ ᠤᠨ ᠨᠣᠷᠮ᠎ᠠ ᠶᠢ 3.0% ᠲᠣᠳᠣᠷ᠎ᠠ ᠬᠢᠵᠠᠭᠠᠷᠯᠠᠨ᠎ᠠ᠃ ᠬᠤᠶᠠᠷ ᠲᠤ ᠨᠡᠶᠢᠬᠡᠮ ᠤᠨ ᠪᠠᠳᠣᠯᠭ᠎ᠠ ᠶᠢᠨ ᠦᠢᠯᠡᠴᠢᠯᠡᠯᠬᠡᠨ ᠤ ᠬᠠᠮᠢᠶᠠᠷᠣᠯᠳᠠ ᠶᠢᠨ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠪᠦᠬᠦ ᠠᠷᠠᠳ ᠢᠶᠠᠷ ᠢᠶᠠᠨ ᠲᠠᠭᠠᠳᠬᠠᠯ ᠳᠤ ᠣᠷᠣᠯᠴᠠᠬᠤ ᠲᠦᠯᠦᠪᠯᠡᠭᠡ ᠶᠢ ᠬᠡᠷᠡᠭᠵᠢᠬᠦᠯᠵᠦ᠂ ᠨᠡᠶᠢᠬᠡᠮ ᠤᠨ ᠪᠠᠳᠣᠯᠭ᠎ᠠ ᠶᠢᠨ ᠪᠦᠷᠬᠦᠬᠦ ᠲᠠᠯᠠᠪᠠᠢ ᠶᠢ ᠣᠯᠠᠮ ᠨᠢᠬᠡ ᠠᠯᠬᠤᠮ ᠦᠷᠭᠡᠳᠬᠡᠵᠦ᠂ ᠠᠵᠢᠯᠳᠠᠨ ᠤ ᠨᠠᠰᠣᠳᠠᠨ ᠢ ᠠᠰᠠᠷᠠᠬᠤ ᠲᠠᠭᠠᠳᠬᠠᠯ ᠳᠤ ᠣᠷᠣᠯᠴᠠᠭᠰᠠᠨ ᠬᠦᠮᠦᠨ ᠤ ᠲᠤᠭ᠎ᠠ ᠶᠢ 4400 ᠬᠦᠷᠭᠡᠵᠦ᠂ ᠬᠤᠳᠠ ᠪᠠᠯᠭᠠᠰᠣ ᠶᠢᠨ ᠰᠠᠭᠤᠭᠠᠯᠢ ᠠᠷᠠᠳ ᠤᠨ ᠡᠮᠡᠮᠨᠡᠯᠬᠡ ᠶᠢᠨ ᠲᠠᠭᠠᠳᠬᠠᠯ ᠳᠤ ᠣᠷᠣᠯᠴᠠᠭᠰᠠᠨ ᠬᠦᠮᠦᠨ ᠤ ᠲᠤᠭ᠎ᠠ ᠶᠢ 5300᠎ ᠳᠤ ᠬᠦᠷᠬᠡᠨ᠎ᠡ᠃ ᠲᠣᠣᠷ᠎ᠠ ᠪᠠᠳᠣᠯᠭ᠎ᠠ ᠶᠢᠨ ᠡᠷᠦᠬᠡ ᠪᠠ ᠲᠣᠣᠷ᠎ᠠ ᠪᠠᠳᠣᠯᠭ᠎ᠠ ᠶᠢᠨ ᠬᠦᠪᠡᠭᠡ ᠳᠠᠬᠢ ᠡᠷᠦᠬᠡ ᠎ ᠶᠢ ᠪᠠᠳᠣᠯᠠᠨ ᠲᠣᠭᠳᠠᠭᠠᠬᠤ ᠠᠵᠢᠯ ᠢ ᠦᠨᠡᠨᠬᠦ ᠰᠠᠶᠢᠳᠣᠷ ᠬᠢᠵᠦ᠂ ᠨᠦᠬᠦᠴᠡᠯ ᠳᠤ ᠲᠣᠬᠢᠷᠠᠬᠤ ᠶᠠᠳᠠᠭᠤ ᠡᠷᠦᠬᠡ ᠶᠢ ᠪᠦᠬᠦᠨ ᠢ ᠬᠤᠳᠠ ᠬᠦᠳᠡᠭᠡ ᠶᠢᠨ ᠲᠣᠣᠷ᠎ᠠ ᠪᠠᠳᠣᠯᠭ᠎ᠠ ᠶᠢᠨ ᠬᠦᠷᠢᠶ᠎ᠡ ᠬᠡᠪᠴᠢᠶᠡᠨ ᠳᠤ ᠣᠷᠣᠭᠤᠯᠣᠨ᠎ᠠ᠃ ᠬᠤᠳᠠ ᠬᠦᠳᠡᠭᠡ ᠶᠢᠨ ᠲᠣᠣᠷ᠎ᠠ ᠪᠠᠳᠣᠯᠭ᠎ᠠ ᠪᠠ ᠲᠣᠰᠠᠯᠠᠮᠵᠢ ᠶᠢᠨ ᠲᠦᠷᠦ ᠶᠢᠨ ᠪᠣᠳᠣᠯᠭ᠎ᠠ ᠶᠢ ᠰᠠᠶᠢᠳᠣᠷ ᠲᠣᠣᠱᠯᠠᠭᠤᠯᠵᠦ᠂ ᠬᠤᠳᠠ ᠬᠦᠳᠡᠭᠡ ᠶᠢᠨ ᠨᠡᠶᠢᠬᠡᠮ ᠤᠨ ᠲᠣᠰᠠᠯᠠᠮᠵᠢ ᠶᠢᠨ ᠪᠠᠷᠢᠮᠵᠢᠶ᠎ᠠ᠂ ᠲᠠᠪᠬᠤᠷᠭ᠎ᠠ ᠶᠢ ᠨᠡᠶᠢᠳᠬᠡᠬᠦ ᠪᠠ ᠵᠠᠷᠣᠳᠠᠯ ᠲᠠᠭᠠᠭᠠᠬᠤ ᠬᠠᠷᠢᠴᠠᠯ ᠶᠢ ᠵᠣᠬᠢᠰᠳᠡᠢ ᠲᠡᠭᠡᠭᠰᠢᠯᠡᠬᠦᠯᠵᠦ᠂ ᠠᠷᠭ᠎ᠠ ᠪᠣᠳᠣᠯᠭ᠎ᠠ ᠶᠢ ᠣᠨᠣᠪᠴᠢᠳᠠᠢ ᠬᠡᠷᠡᠭᠵᠢᠬᠦᠯᠵᠦ᠂ ᠡᠷᠦᠬᠡ ᠪᠠᠷ ᠪᠠᠳᠣᠯᠭ᠎ᠠ ᠬᠡᠷᠡᠭᠵᠢᠬᠦᠯᠵᠦ᠂ ᠵᠦᠷᠢᠶ᠎ᠡ ᠶᠢ ᠨᠦᠬᠦᠬᠦ ᠮᠠᠶ᠋ᠢᠭ ᠢᠶᠠᠷ ᠲᠠᠯᠪᠢᠵᠦ᠂ ᠶᠠᠳᠠᠭᠤ ᠠᠷᠠᠳ ᠤᠨ ᠦᠨᠳᠣᠰᠣᠨ ᠠᠮᠢᠳᠣᠷᠠᠯ ᠢ ᠦᠨᠡᠨᠬᠦ ᠪᠠᠳᠣᠯᠠᠨ᠎ᠠ᠃ ᠬᠠᠮᠢᠶᠠᠷᠣᠯᠳᠠ ᠶᠢᠨ ᠣᠷᠣᠨ ᠳᠤ ᠡᠷᠦᠬᠡ ᠠᠮᠠ ᠶᠢᠨ ᠲᠠᠩᠰᠠ ᠎ ᠲᠠᠢ 75 ᠪᠦᠬᠦᠯᠢ ᠨᠠᠰᠣᠨ ᠠᠴᠠ ᠲᠡᠭᠡᠭᠰᠢ ᠨᠠᠰᠣᠳᠠᠶᠢᠴᠣᠳ ᠲᠤ ᠨᠡᠶᠢᠳᠡᠮ ᠤᠨ ᠠᠰᠢᠭᠳᠣ ᠴᠢᠨᠠᠷ ᠢᠶᠠᠷ ᠦᠷᠬᠦᠯᠵᠢᠯᠡᠨ ᠦᠨᠳᠦᠷ ᠨᠠᠰᠣᠨ ᠤ ᠨᠦᠬᠦᠪᠦᠷᠢ ᠣᠯᠭᠤᠨ᠎ᠠ᠃ ᠨᠡᠶᠢᠬᠡᠮᠵᠢᠭᠰᠡᠨ ᠨᠠᠰᠣᠳᠠᠨ ᠤ ᠠᠰᠠᠷᠠᠮᠵᠢ ᠶᠢᠨ ᠦᠢᠯᠡᠴᠢᠯᠡᠯᠬᠡ ᠶᠢᠨ ᠰᠢᠨ᠎ᠡ ᠠᠷᠭ᠎ᠠ ᠵᠠᠮ ᠢ ᠢᠳᠡᠪᠬᠢᠳᠡᠢ ᠰᠦᠪᠡᠭᠴᠢᠯᠡᠵᠦ᠂ ᠠᠷᠠᠳ ᠤᠨ ᠲᠣᠮᠳᠠᠬᠢ ᠪᠡᠯᠡ ᠮᠦᠩᠬᠦ ᠨᠠᠰᠣᠳᠠᠨ ᠤ ᠠᠰᠠᠷᠠᠮᠵᠢ ᠶᠢᠨ ᠦᠢᠯᠡᠴᠢᠯᠡᠯᠬᠡ ᠳᠤ ᠣᠷᠣᠯᠴᠠᠬᠤ ᠶᠢ ᠵᠣᠷᠢᠭᠵᠢᠭᠤᠯᠵᠦ᠂ ᠨᠡᠶᠢᠳᠡ ᠠᠴᠠ ᠪᠠᠶᠢᠭᠤᠯᠵᠦ᠂ ᠠᠷᠠᠳ ᠠᠴᠠ ᠡᠵᠡᠩᠨᠡᠬᠦ ᠬᠡᠯᠪᠡᠷᠢ ᠪᠠᠷ ᠨᠠᠰᠣᠳᠠᠨ ᠢ ᠠᠰᠠᠷᠠᠬᠤ ᠪᠠᠶᠢᠭᠤᠯᠭ᠎ᠠ ᠶᠢ ᠠᠵᠢᠯᠯᠠᠭᠤᠯᠣᠨ᠎ᠠ᠃        ᠨᠡᠶᠢᠳᠡ ᠶᠢᠨ ᠦᠢᠯᠡᠴᠢᠯᠡᠯᠬᠡ ᠶᠢᠨ ᠲᠠᠩ ᠲᠠᠢ ᠪᠣᠯᠬᠤ ᠶᠢ ᠪᠦᠬᠦ ᠲᠠᠯ᠎ᠠ ᠪᠠᠷ ᠠᠬᠢᠭᠤᠯᠣᠨ᠎ᠠ᠃ ᠨᠢᠬᠡ ᠳᠤ ᠰᠣᠷᠭᠠᠨ ᠬᠦᠮᠦᠵᠢᠯ ᠵᠢᠭᠠᠨ ᠰᠣᠷᠭᠠᠯᠳᠠ ᠶᠢᠨ ᠴᠢᠨᠠᠷ ᠢ ᠪᠦᠬᠦ ᠲᠠᠯ᠎ᠠ ᠪᠠᠷ ᠲᠡᠭᠡᠭᠰᠢᠯᠡᠬᠦᠯᠦᠨ᠎ᠡ᠃ ᠰᠣᠷᠭᠠᠨ ᠬᠦᠮᠦᠵᠢᠯ ᠎ ᠤᠨ ᠴᠢᠨᠠᠷ ᠤᠨ ᠭᠤᠷᠪᠠᠨ ᠵᠢᠯ ᠤᠨ ᠲᠦᠯᠦᠪᠯᠡᠭᠡ ᠶᠢ ᠨᠠᠷᠢᠨ ᠬᠢᠨᠠᠮᠠᠭᠠᠢ ᠬᠡᠷᠡᠭᠵᠢᠬᠦᠯᠵᠦ᠂ ᠲᠣᠮᠳᠠᠳᠣ ᠪᠠᠭ᠎ᠠ ᠰᠣᠷᠭᠠᠭᠤᠯᠢ ᠶᠢᠨ ᠪᠠᠷᠢᠮᠵᠢᠶᠠᠵᠢᠭᠰᠠᠨ ᠪᠦᠳᠦᠬᠡᠨ ᠪᠠᠶᠢᠭᠤᠯᠣᠯᠳᠠ ᠶᠢ ᠰᠠᠶᠢᠳᠣᠷ ᠠᠳᠬᠤᠵᠦ᠂ ᠮᠣᠩᠭᠤᠯ ᠰᠣᠷᠭᠠᠭᠤᠯᠢ ᠤᠨ ᠲᠣᠷᠰᠢᠯᠳᠠ ᠶᠢᠨ ᠠᠰᠠᠷ᠂  ︽ᠰᠠᠯᠬᠢ ᠪᠣᠷᠣᠭᠠᠨ︾ ᠲᠠᠮᠢᠷ ᠤᠨ ᠲᠠᠯᠠᠪᠣᠷ ᠪᠠ ᠲᠣᠮᠳᠠᠳᠣ ᠰᠣᠷᠭᠠᠭᠤᠯᠢ ᠶᠢᠨ ᠬᠦᠳᠡᠯᠬᠡᠬᠡᠨ ᠤ ᠲᠠᠯᠠᠪᠣᠷ ᠤᠨ ᠪᠦᠳᠦᠬᠡᠨ  ᠪᠠᠶᠢᠭᠤᠯᠣᠯᠳᠠ ᠶᠢ ᠪᠡᠶᠡᠯᠡᠬᠦᠯᠵᠦ᠂ ᠴᠦᠨ ᠬᠤᠢ ᠪᠠᠭ᠎ᠠ ᠰᠣᠷᠭᠠᠭᠤᠯᠢ ᠶᠢᠨ ᠪᠦᠳᠦᠬᠡᠨ ᠪᠠᠶᠢᠭᠤᠯᠣᠯᠳᠠ ᠶᠢᠨ ᠡᠬᠦᠷᠭᠡ ᠶᠢ ᠪᠡᠶᠡᠯᠡᠬᠦᠯᠵᠦ᠂ ᠪᠠᠷᠢᠮᠵᠢᠶᠠᠵᠢᠭᠰᠠᠨ ᠰᠣᠷᠭᠠᠭᠤᠯᠢ ᠢ ᠬᠢᠨᠠᠨ ᠰᠢᠯᠭᠠᠵᠦ ᠠᠪᠣᠭᠰᠠᠨ ᠦᠷ᠎ᠡ ᠪᠦᠳᠦᠬᠡᠯ ᠢ ᠪᠠᠬᠢᠵᠢᠬᠦᠯᠦᠨ᠎ᠡ᠃ ᠰᠣᠷᠭᠠᠨ ᠬᠦᠮᠦᠵᠢᠯ ᠤᠨ ᠡᠬᠢ ᠪᠠᠶᠠᠯᠢᠭ ᠢ ᠣᠯᠠᠮ ᠨᠢᠬᠡ ᠠᠯᠬᠤᠮ ᠰᠢᠯᠢᠳᠡᠭᠵᠢᠬᠦᠯᠵᠦ᠂ ᠰᠣᠷᠭᠠᠭᠤᠯᠢ ᠶᠢᠨ ᠵᠠᠬᠢᠷᠣᠯ ᠪᠠ ᠪᠠᠭᠰᠢ ᠶᠢᠨ ᠡᠩᠨᠡᠭᠡ ᠶᠢᠨ ᠪᠦᠳᠦᠬᠡᠨ ᠪᠠᠶᠢᠭᠤᠯᠣᠯᠳᠠ ᠶᠢ ᠰᠠᠶᠢᠳᠣᠷ ᠠᠳᠬᠤᠵᠦ᠂ ᠰᠣᠷᠭᠠᠨ ᠬᠦᠮᠦᠵᠢᠯ᠂ ᠵᠢᠭᠠᠨ ᠰᠣᠷᠭᠠᠯᠳᠠ ᠶᠢᠨ ᠬᠢᠷᠢ ᠲᠦᠪᠰᠢᠨ ᠢ ᠲᠡᠭᠡᠭᠰᠢᠯᠡᠬᠦᠯᠵᠦ᠂ ᠣᠯᠠᠨ ᠲᠦᠮᠡᠨ ᠤ ᠰᠣᠷᠭᠠᠨ ᠬᠦᠮᠦᠵᠢᠯ ᠳᠠᠬᠢ ᠰᠡᠳᠬᠢᠯ ᠤᠨ ᠬᠠᠨᠣᠮᠵᠢ ᠶᠢᠨ ᠬᠡᠮᠵᠢᠶ᠎ᠡ ᠶᠢ ᠲᠡᠭᠡᠭᠰᠢᠯᠡᠬᠦᠯᠦᠨ᠎ᠡ᠃ ᠬᠤᠶᠠᠷ ᠲᠤ ᠡᠷᠡᠬᠦᠯ ᠬᠠᠮᠠᠭᠠᠯᠠᠯ ᠲᠦᠯᠦᠪᠯᠡᠬᠡᠳᠣ ᠦᠷᠡᠵᠢᠯ ᠤᠨ ᠠᠵᠢᠯ ᠢ ᠰᠠᠶᠢᠳᠣᠷ ᠠᠳᠬᠤᠨ᠎ᠠ᠃ ᠠᠯᠪᠠᠨ ᠤ ᠡᠮᠨᠡᠯᠬᠡ ᠶᠢᠨ ᠬᠤᠷᠢᠶ᠎ᠡ ᠶᠢᠨ ᠡᠯ᠎ᠡ ᠲᠦᠷᠦᠯ ᠤᠨ ᠶᠡᠷᠦᠩᠬᠡᠶᠢᠯᠡᠭᠰᠡᠨ ᠦᠭᠡᠷᠡᠴᠢᠯᠡᠯᠳᠡ ᠶᠢ ᠨᠡᠶᠢᠳᠬᠡᠨ ᠠᠬᠢᠭᠤᠯᠣᠨ᠎ᠠ᠃ ᠦᠪᠦᠷ ᠮᠣᠩᠭᠤᠯ ᠤᠨ ᠠᠷᠠᠳ ᠡᠮᠨᠡᠯᠬᠡ ᠶᠢᠨ ᠬᠤᠷᠢᠶ᠎ᠠ ᠯᠤᠭ᠎ᠠ ᠎ ᠶᠢᠨ ᠬᠠᠷᠢᠯᠴᠠᠭ᠎ᠠ ᠬᠠᠮᠵᠢᠯᠴᠠᠭ᠎ᠠ ᠶᠢ ᠴᠢᠩᠭᠠᠳᠬᠠᠵᠦ᠂ ᠭᠤᠣᠯᠳᠠᠯᠭ᠎ᠠ ᠲᠠᠢ ᠰᠢᠨᠵᠢᠯᠡᠬᠡᠨ ᠤ ᠰᠠᠯᠠᠭ᠎ᠠ ᠶᠢᠨ ᠪᠦᠳᠦᠬᠡᠨ ᠪᠠᠶᠢᠭᠤᠯᠣᠯᠳᠠ᠂ ᠡᠮᠴᠢᠯᠡᠯᠬᠡᠨ ᠤ ᠴᠢᠳᠠᠪᠣᠷᠢᠳᠠᠨ ᠢ ᠪᠣᠶᠢᠵᠢᠭᠤᠯᠵᠦ ᠲᠠᠰᠬᠠᠯᠵᠢᠭᠤᠯᠬᠤ ᠵᠡᠷᠭᠡ ᠲᠠᠯ᠎ᠠ ᠪᠠᠷ ᠡᠮᠴᠢᠯᠡᠯᠭᠡᠨ ᠤ ᠬᠠᠮᠵᠢᠯᠴᠠᠭ᠎ᠠ ᠶᠢ ᠢᠳᠡᠪᠬᠢᠳᠡᠢ ᠦᠷᠨᠢᠬᠦᠯᠵᠦ᠂ ︽1322︾ ᠢᠨᠵᠧᠨᠧᠷᠢᠩ ᠢ ᠡᠬᠢᠯᠡᠬᠦᠯᠵᠦ᠂ ᠡᠮᠴᠢᠯᠡᠯᠬᠡᠨ ᠤ ᠴᠢᠨᠠᠷ ᠪᠠ ᠦᠢᠯᠡᠴᠢᠯᠡᠯᠬᠡᠨ ᠤ ᠴᠢᠳᠠᠪᠣᠷᠢ ᠶᠢ ᠣᠯᠠᠮ ᠨᠢᠬᠡ ᠠᠯᠬᠤᠮ ᠲᠡᠭᠡᠭᠰᠢᠯᠡᠬᠦᠯᠦᠨ᠎ᠡ᠃ ᠦᠨᠳᠦᠰᠣᠨ ᠡᠮᠴᠢᠯᠡᠯᠬᠡᠨ ᠤ ᠪᠠᠳᠣᠯᠭ᠎ᠠ ᠶᠢᠨ ᠲᠦᠷᠢᠮ ᠤᠨ ᠪᠦᠳᠦᠬᠡᠨ ᠪᠠᠶᠢᠭᠤᠯᠣᠯᠳᠠ ᠶᠢ ᠲᠦᠯᠬᠢᠨ ᠠᠬᠢᠭᠤᠯᠵᠦ᠂ ᠰᠢᠨ᠎ᠡ ᠬᠦᠳᠡᠭᠡ ᠲᠣᠰᠬᠤᠨ ᠤ ᠬᠤᠷᠰᠢᠭᠰᠠᠨ ᠡᠮᠴᠢᠯᠡᠯᠬᠡᠨ ᠤ ᠲᠠᠭᠠᠳᠬᠠᠯ ᠳᠤ ᠣᠷᠣᠯᠴᠠᠬᠤ ᠨᠣᠷᠮ᠎ᠠ ᠶᠢ 97% ᠎ ᠠᠴᠠ ᠲᠡᠭᠡᠭᠰᠢ ᠲᠣᠭᠳᠠᠪᠣᠷᠢᠳᠠᠢ ᠪᠠᠶᠢᠯᠭᠠᠵᠦ᠂ ᠣᠳᠠᠭᠠᠨ ᠴᠢᠨᠠᠷᠳᠠᠢ ᠡᠪᠡᠳᠴᠢᠨ᠂ ᠣᠨᠴᠠᠭᠠᠢ ᠡᠪᠡᠳᠴᠢᠨ  ᠪᠣᠯᠣᠨ ᠭᠠᠵᠠᠷ ᠣᠷᠣᠨ ᠤ ᠴᠢᠨᠠᠷᠳᠠᠢ ᠡᠪᠡᠳᠴᠢᠨ ᠤ ᠵᠠᠷᠣᠳᠠᠯ ᠲᠠᠭᠠᠭᠠᠬᠤ ᠬᠦᠷᠢᠶ᠎ᠡ ᠬᠡᠪᠴᠢᠶ᠎ᠡ ᠶᠢ ᠦᠷᠬᠡᠳᠬᠡᠵᠦ 26 ᠲᠦᠷᠦᠯ ᠠᠴᠠ ᠲᠡᠭᠡᠭᠰᠢ ᠪᠣᠯᠭᠠᠨ᠎ᠠ᠃ ᠣᠯᠠᠨ ᠨᠡᠶᠢᠳᠡ ᠶᠢᠨ ᠦᠨᠳᠦᠰᠦᠨ ᠡᠷᠡᠬᠦᠯ ᠬᠠᠮᠠᠭᠠᠯᠠᠯ ᠤᠨ ᠦᠢᠯᠡᠴᠢᠯᠡᠯᠬᠡ ᠎ ᠶᠢ ᠣᠯᠠᠮ ᠨᠢᠬᠡ ᠠᠯᠬᠤᠮ ᠲᠦᠷᠢᠮᠵᠢᠬᠦᠯᠵᠦ᠂ 12 ᠲᠦᠷᠦᠯ ᠤᠨ ᠣᠯᠠᠨ ᠨᠡᠶᠢᠳᠡ ᠶᠢᠨ ᠦᠨᠳᠦᠰᠦᠨ ᠡᠷᠡᠬᠦᠯ ᠬᠠᠮᠠᠭᠠᠯᠠᠯ ᠤᠨ ᠦᠢᠯᠡᠴᠢᠯᠡᠯᠬᠡ ᠶᠢ ᠪᠡᠶᠡᠯᠡᠬᠦᠯᠵᠦ᠂ ᠰᠠᠶᠢᠨ ᠮᠠᠯᠴᠢᠨ ᠲᠠᠷᠢᠶᠠᠴᠢᠨ ᠤ ᠰᠦᠢᠳᠬᠡᠯ ᠦᠬᠡᠢ ᠪᠡᠶ᠎ᠡ ᠪᠠᠶᠢᠴᠠᠭᠠᠯᠳᠠ ᠶᠢᠨ ᠠᠵᠢᠯ ᠢ ᠦᠷᠬᠦᠯᠵᠢᠯᠡᠨ ᠰᠠᠶᠢᠳᠣᠷ ᠦᠷᠨᠢᠬᠦᠯᠵᠦ᠂ ᠰᠠᠭᠤᠭᠠᠯᠢ ᠠᠷᠠᠳ ᠤᠨ ᠡᠯᠧᠺᠲᠷᠦᠨ ᠡᠷᠡᠬᠦᠯ ᠴᠠᠬᠢᠷᠠᠭ ᠤᠨ ᠲᠠᠩᠰᠠ ᠪᠠᠶᠢᠭᠤᠯᠬᠤ ᠨᠣᠷᠮ᠎ᠠ ᠶᠢ 90%᠎ ᠠᠴᠠ ᠲᠡᠭᠡᠭᠰᠢ ᠪᠠᠶᠢᠬᠤ ᠶᠢ ᠪᠠᠷᠢᠮᠳᠠᠯᠠᠨ᠎ᠠ᠃ ᠣᠯᠣᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠠᠵᠢᠯ ᠢ ᠴᠢᠩᠭᠠᠳᠬᠠᠵᠦ᠂ ᠣᠯᠣᠰ ᠤᠨ ᠲᠡᠰ ᠤᠨ ᠣᠳᠠᠭᠠᠨ ᠴᠢᠨᠠᠷᠳᠠᠢ ᠡᠪᠡᠳᠴᠢᠨ ᠤ ᠰᠡᠷᠬᠡᠶᠢᠯᠡᠯᠳᠡ ᠶᠢᠨ ᠲᠠᠭᠤᠷᠢᠶᠠᠯᠳᠣ ᠣᠷᠣᠨ ᠢ ᠢᠳᠡᠪᠬᠢᠳᠡᠢ ᠲᠡᠮᠡᠴᠡᠨ ᠪᠦᠳᠦᠬᠡᠨ᠎ᠡ᠃ ᠡᠪᠡᠳᠴᠢᠨ ᠡᠮᠬᠡᠭ ᠢ ᠰᠡᠷᠬᠡᠶᠢᠯᠡᠨ ᠡᠵᠡᠮᠳᠡᠬᠦ᠂ ᠡᠷᠡᠬᠦᠯ ᠬᠠᠮᠠᠭᠠᠯᠠᠯ ᠳᠤ ᠬᠠᠣᠯᠢ ᠬᠡᠷᠡᠭᠵᠢᠬᠦᠯᠦᠨ ᠬᠢᠨᠠᠯᠳᠠ ᠲᠠᠯᠪᠢᠬᠤ᠂ ᠡᠮᠡᠭᠳᠡᠶᠢᠴᠦᠳ ᠨᠢᠯᠬᠠᠰ ᠤᠨ ᠡᠷᠡᠬᠦᠯ ᠬᠠᠮᠠᠭᠠᠯᠠᠯ ᠤᠨ ᠠᠵᠢᠯ ᠢ ᠣᠯᠠᠮ ᠨᠢᠬᠡ ᠠᠯᠬᠤᠮ ᠴᠢᠩᠭᠠᠳᠬᠠᠨ᠎ᠠ᠃ ᠣᠯᠣᠰ ᠎ ᠤᠨ ᠲᠦᠯᠦᠪᠯᠡᠭᠡᠳᠣ ᠦᠷᠡᠵᠢᠯ ᠤᠨ ᠦᠨᠳᠦᠰᠦᠨ ᠲᠦᠷᠦ ᠶᠢᠨ ᠪᠣᠳᠣᠯᠭ᠎ᠠ ᠶᠢ ᠪᠠᠶᠢᠷᠮᠳᠠᠯᠠᠵᠦ᠂ ᠰᠢᠨᠵᠢᠯᠡᠬᠦ ᠣᠬᠠᠭᠠᠨᠴᠢ ᠪᠠᠷ ᠬᠡᠦᠬᠡᠳ ᠬᠦᠮᠦᠵᠢᠬᠦᠯᠬᠦ ᠲᠣᠷᠰᠢᠯᠳᠠ ᠶᠢᠨ ᠭᠠᠵᠠᠷ ᠤᠨ ᠠᠵᠢᠯ ᠢ ᠰᠠᠶᠢᠳᠣᠷ ᠬᠦᠨᠵᠡᠬᠡᠶᠢᠷᠡᠬᠦᠯᠦᠨ ᠬᠢᠵᠦ᠂ ᠬᠤᠶᠠᠷ ᠬᠡᠦᠬᠡᠳ ᠤᠨ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠣᠭᠳᠠᠭᠤᠨ ᠬᠡᠷᠡᠭᠵᠢᠬᠦᠯᠦᠨ᠎ᠡ᠃ ᠭᠤᠷᠪᠠ ᠳᠤ ᠰᠣᠶᠣᠯ ᠪᠡᠶ᠎ᠡ ᠲᠠᠮᠢᠷ ᠷᠠᠳᠢᠤ᠋ ᠲᠧᠯᠸᠢᠰ ᠤᠨ ᠠᠵᠢᠯ ᠦᠢᠯᠡᠰ ᠢ ᠶᠡᠭᠡ ᠬᠦᠴᠦᠨ ᠢᠶᠠᠷ ᠬᠦᠭᠵᠢᠬᠦᠯᠦᠨ᠎ᠡ᠃ ᠦᠨᠳᠦᠰᠣᠨ ᠱᠠᠳᠣᠨ ᠤ ᠰᠣᠶᠣᠯ ᠤᠨ ᠦᠷᠳᠡᠭᠡ ᠶᠢᠨ ᠦᠢᠯᠡᠳᠣᠯ ᠢ ᠢᠳᠡᠪᠬᠢᠳᠡᠢ ᠪᠠᠳᠠᠷᠠᠭᠤᠯᠵᠦ᠂ ᠬᠠᠮᠢᠶᠠᠷᠣᠯᠳᠠ ᠎ ᠶᠢ ᠴᠢᠩᠭᠠᠳᠬᠠᠵᠦ᠂ ᠣᠳᠬ᠎ᠠ ᠵᠣᠬᠢᠶᠠᠯ ᠣᠷᠠᠯᠢᠭ ᠤᠨ ᠵᠣᠬᠢᠶᠠᠨ ᠪᠦᠳᠦᠬᠡᠯᠳᠡ ᠶᠢ ᠶᠡᠭᠡ ᠬᠦᠴᠦᠨ ᠢᠶᠠᠷ ᠦᠷᠨᠢᠬᠦᠯᠵᠦ᠂ ᠰᠣᠶᠣᠯ ᠤᠨ ᠪᠦᠳᠦᠬᠡᠭᠳᠡᠬᠦᠨ ᠤ ᠬᠠᠩᠭᠠᠯᠳᠠ ᠶᠢ ᠴᠢᠩᠭᠠᠳᠬᠠᠨ᠎ᠠ᠃ ︽ᠮᠣᠷᠢᠨ ᠨᠢᠷᠣᠭᠤᠨ ᠲᠡᠭᠡᠷᠡᠬᠢ ᠬᠠᠮᠠᠭᠠᠯᠠᠭᠴᠢ ᠪᠠᠭ︾ ᠪᠠ ︽ᠣᠷᠳᠣ ᠴᠠᠭᠠᠨ ᠬᠡᠷᠡᠮ ᠤᠨ ᠬᠠᠮᠠᠭᠠᠯᠠᠭᠴᠢ ᠪᠠᠭ︾᠎ ᠢ ᠵᠣᠬᠢᠶᠠᠨ ᠪᠠᠶᠢᠭᠤᠯᠵᠦ ᠰᠣᠶᠣᠯ ᠤᠨ ᠦᠪ ᠪᠣᠯᠣᠨ ᠬᠠᠭᠤᠴᠢᠰ ᠤᠨ ᠬᠠᠮᠠᠭᠠᠯᠠᠯᠳᠠ ᠶᠢ ᠠᠬᠢᠭᠤᠯᠣᠨ᠎ᠠ᠃ ᠪᠦᠬᠦ ᠣᠷᠣᠨ ᠤ ᠰᠣᠷᠭᠠᠭᠤᠯᠢ ᠶᠢᠨ ᠬᠦᠷᠢᠶᠡᠨ ᠤ ᠵᠢᠣᠳᠣᠣ ᠶᠢᠨ ᠣᠷᠣᠯᠳᠣᠭᠠᠨ ᠢ ᠰᠠᠶᠢᠳᠣᠷ ᠬᠢᠵᠦ᠂ ᠣᠯᠠᠮᠵᠢᠯᠠᠯᠳᠣ ᠰᠣᠷ ᠬᠠᠷᠪᠣᠯᠳᠠ ᠶᠢᠨ ᠶᠡᠭᠡ ᠣᠷᠣᠯᠳᠣᠭᠠᠨ ᠵᠡᠷᠭᠡ ᠨᠦᠯᠦᠬᠡᠯᠡᠬᠦ ᠬᠦᠴᠦᠨ ᠲᠠᠢ ᠣᠷᠣᠯᠳᠣᠭᠠᠨ ᠢ ᠲᠠᠭᠠᠭᠠᠴᠢᠯᠠᠨ ᠡᠷᠬᠢᠯᠡᠵᠦ᠂ ᠮᠡᠷᠬᠡᠵᠢᠯ ᠤᠨ ᠪᠡᠶ᠎ᠡ ᠲᠠᠮᠢᠷ ᠤᠨ ᠪᠡᠯᠡᠳᠭᠡᠯ ᠴᠢᠳᠠᠪᠣᠷᠢᠳᠠᠨ ᠤ ᠰᠠᠭᠤᠷᠢᠨ ᠭᠠᠵᠠᠷ ᠤᠨ ᠪᠦᠳᠦᠬᠡᠨ ᠪᠠᠶᠢᠭᠤᠯᠣᠯᠳᠠ ᠶᠢ ᠢᠳᠡᠪᠬᠢᠳᠡᠢ ᠰᠠᠶᠢᠳᠣᠷ ᠬᠢᠵᠦ᠂ ᠮᠡᠷᠭᠡᠵᠢᠯ ᠤᠨ ᠪᠡᠶ᠎ᠡ ᠲᠠᠮᠢᠷ ᠤᠨ ᠴᠢᠳᠠᠪᠣᠷᠢᠳᠠᠨ ᠢ ᠬᠦᠮᠦᠵᠢᠬᠦᠯᠬᠦ ᠪᠠ ᠲᠠᠰᠬᠠᠯᠵᠢᠭᠤᠯᠬᠤ ᠶᠢ ᠰᠠᠶᠢᠳᠣᠷ ᠠᠳᠬᠤᠵᠦ᠂ ᠣᠯᠠᠨ ᠲᠦᠮᠡᠨ ᠤ ᠰᠣᠶᠣᠯ ᠪᠡᠶ᠎ᠡ ᠲᠠᠮᠢᠷ ᠤᠨ ᠬᠦᠳᠡᠯᠬᠡᠬᠡᠨ ᠢ ᠦᠷᠬᠡᠨ ᠢᠶᠠᠷ ᠦᠷᠨᠢᠬᠦᠯᠵᠦ᠂ ᠣᠯᠠᠨ ᠲᠦᠮᠡᠨ ᠤ ᠰᠣᠶᠣᠯ ᠪᠡᠶ᠎ᠡ ᠲᠠᠮᠢᠷ ᠤᠨ ᠠᠭᠤᠯᠭ᠎ᠠ ᠶᠢ ᠣᠯᠠᠮ ᠨᠢᠬᠡ ᠠᠯᠬᠤᠮ ᠪᠠᠶᠠᠯᠢᠭᠵᠢᠭᠤᠯᠣᠨ᠎ᠠ᠃ ᠭᠠᠵᠠᠷ ᠤᠨ ᠭᠠᠳᠠᠷᠭᠤ ᠲᠡᠭᠡᠷᠡᠬᠢ ᠲᠣᠭᠠᠵᠢᠭᠰᠠᠨ ᠳ᠋ᠢᠵᠢᠲ᠋ᠠᠯ ᠬᠠᠷᠪᠣᠬᠤ ᠮᠠᠰᠢᠨ ᠢ 1 ᠪᠦᠳᠦᠬᠡᠨ ᠪᠠᠶᠢᠭᠤᠯᠵᠦ᠂ ᠠᠶᠢᠮᠠᠭ ᠤᠨ ᠠᠯᠪᠠᠨ ᠭᠡᠷ᠂ ᠦᠪᠡᠷᠳᠡᠭᠡᠨ ᠵᠠᠰᠠᠬᠤ ᠣᠷᠣᠨ ᠤ ᠠᠯᠪᠠᠨ ᠭᠡᠷ ᠤᠨ ᠫᠷᠦᠭᠷᠡᠮ ᠤᠨ ᠪᠦᠷᠬᠦᠴᠡ ᠶᠢᠨ ᠨᠣᠷᠮ᠎ᠠ ᠶᠢ 96%᠎ ᠠᠴᠠ ᠲᠡᠭᠡᠭᠰᠢ ᠬᠦᠷᠬᠡᠨ᠎ᠡ᠃        ᠨᠡᠶᠢᠬᠡᠮ ᠢ ᠴᠡᠭᠴᠡᠯᠡᠨ ᠵᠠᠰᠠᠬᠤ ᠬᠢᠷᠢ ᠲᠦᠪᠰᠢᠨ ᠢᠶᠠᠨ ᠲᠡᠭᠡᠭᠰᠢᠯᠡᠬᠦᠯᠦᠨ᠎ᠡ᠃ ᠨᠡᠶᠢᠬᠡᠮ ᠤᠨ ᠲᠣᠭᠳᠠᠭᠤᠨ ᠎ ᠢ ᠬᠠᠮᠠᠭᠠᠯᠠᠬᠤ ᠶᠢ ᠬᠠᠮᠤᠭ ᠤᠨ ᠶᠡᠭᠡ ᠠᠷᠠᠳ ᠤᠨ ᠠᠮᠢᠳᠣᠷᠠᠯ ᠪᠣᠯᠭᠠᠨ ᠠᠳᠬᠤᠵᠦ᠂ ᠵᠠᠬᠢᠳᠠᠯ ᠰᠣᠷᠪᠣᠯᠵᠢᠯᠠᠯᠭ᠎ᠠ ᠎ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠷᠢᠨ ᠬᠢᠨᠠᠮᠠᠭᠠᠢ ᠲᠣᠣᠱᠯᠠᠭᠤᠯᠵᠦ᠂ ᠨᠡᠶᠢᠬᠡᠮ ᠤᠨ ᠵᠦᠷᠢᠴᠡᠯ ᠵᠢᠭᠤᠷᠠᠯᠳᠣᠭᠠᠨ ᠢ ᠵᠣᠬᠢᠴᠠᠭᠤᠯᠣᠨ ᠰᠢᠢᠳᠪᠦᠷᠢᠯᠡᠬᠦ ᠪᠠ ᠣᠰᠠᠳᠬᠠᠬᠤ ᠬᠦᠴᠦᠯᠡᠴᠡ ᠶᠢ ᠶᠡᠬᠡᠳᠬᠡᠵᠦ᠂ ᠨᠡᠶᠢᠬᠡᠮ ᠤᠨ ᠠᠮᠣᠷ ᠲᠦᠪᠰᠢᠨ ᠢ ᠶᠡᠷᠦᠩᠬᠡᠶᠢᠯᠡᠨ ᠵᠠᠰᠠᠬᠤ ᠬᠦᠴᠦᠯᠡᠴᠡ ᠶᠢ ᠴᠢᠩᠭᠠᠳᠬᠠᠵᠦ᠂ ᠨᠡᠶᠢᠬᠡᠮ ᠤᠨ ᠠᠮᠣᠷ ᠲᠦᠪᠰᠢᠨ ᠤ ᠲᠣᠭᠳᠠᠭᠤᠨ ᠢ ᠪᠠᠳᠣᠯᠠᠨ᠎ᠠ᠃ ᠭᠠᠯ ᠣᠨᠳᠠᠷᠠᠭᠠᠬᠤ᠂ ᠵᠠᠮ ᠬᠠᠷᠢᠯᠴᠠᠭ᠎ᠠ᠂ ᠢᠳᠡᠬᠡᠨ ᠡᠮ ᠵᠡᠷᠭᠡ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠳᠠᠬᠢ ᠠᠮᠣᠷ ᠲᠦᠪᠰᠢᠨ ᠦᠢᠯᠡᠳᠪᠦᠷᠢᠯᠡᠬᠦ ᠠᠵᠢᠯ ᠢ ᠰᠠᠶᠢᠳᠣᠷ ᠠᠳᠬᠤᠵᠦ᠂ ᠠᠮᠣᠷ ᠲᠦᠪᠰᠢᠨ ᠦᠢᠯᠡᠳᠪᠦᠷᠢᠯᠡᠬᠦ ︽ᠨᠢᠬᠡ ᠪᠠᠶᠢᠷᠢ ᠬᠤᠶᠠᠷ ᠬᠠᠷᠢᠭᠤᠴᠠᠯᠭ᠎ᠠ︾᠎ ᠶᠢ ᠰᠠᠶᠢᠳᠣᠷ ᠲᠣᠣᠱᠯᠠᠭᠤᠯᠵᠦ᠂ ︽ᠬᠠᠯᠠᠭᠤᠮᠰᠠᠭ ᠠᠮᠣᠭᠤᠯᠠᠩ ᠣᠯᠠᠭᠠᠢ︾᠎ ᠶᠢᠨ ᠠᠮᠣᠷ ᠲᠦᠪᠰᠢᠨ ᠦᠢᠯᠡᠳᠪᠦᠷᠢᠯᠡᠬᠦ ᠶᠢ ᠪᠠᠶᠢᠴᠠᠭᠠᠨ ᠴᠡᠭᠴᠡᠯᠡᠬᠦ ᠠᠵᠢᠯ ᠢ ᠦᠷᠬᠦᠯᠵᠢᠯᠡᠨ ᠬᠦᠨᠵᠡᠬᠡᠶᠢᠷᠡᠬᠦᠯᠦᠨ ᠦᠷᠨᠢᠬᠦᠯᠵᠦ᠂ ᠡᠯ᠎ᠡ ᠵᠦᠢᠯ ᠤᠨ ᠲᠣᠭᠳᠠᠭᠤᠨ ᠪᠣᠰᠣ ᠨᠦᠬᠦᠴᠡᠯ ᠢ ᠴᠠᠭ ᠲᠣᠬᠠᠢ ᠳᠤᠨᠢ ᠠᠷᠢᠯᠭᠠᠵᠦ᠂ ᠣᠯᠠᠨ ᠲᠦᠮᠡᠨ ᠤ ᠠᠮᠣᠷ ᠲᠦᠪᠰᠢᠨ ᠤ ᠰᠡᠷᠡᠭᠳᠡᠯ ᠢ ᠦᠨᠡᠨᠬᠦ ᠨᠡᠮᠡᠭᠳᠡᠬᠦᠯᠦᠨ᠎ᠡ᠃ ᠢᠳᠡᠬᠡᠨ ᠡᠮ ᠦᠢᠯᠡᠳᠪᠦᠷᠢ ᠬᠤᠳᠠᠯᠳᠤᠭ᠎ᠠ ᠴᠢᠨᠠᠷ ᠤᠨ ᠬᠢᠨᠠᠯᠳᠠ ᠶᠢᠨ ᠲᠣᠪᠴᠢᠶ᠎ᠠ᠂ ᠬᠦᠭᠵᠢᠯᠳᠡ ᠦᠬᠡᠷᠡᠴᠢᠯᠡᠯᠳᠡ ᠎ ᠶᠢᠨ ᠲᠣᠪᠴᠢᠶ᠎ᠠ᠂ ᠠᠵᠦ ᠠᠬᠤᠢ ᠰᠣᠷᠠᠭ ᠵᠠᠩᠬᠢ ᠶᠢᠨ ᠲᠣᠪᠴᠢᠶ᠎ᠠ᠂ ᠡᠷᠡᠬᠦᠯ ᠬᠠᠮᠠᠭᠠᠯᠠᠯ ᠤᠨ ᠲᠣᠪᠴᠢᠶ᠎ᠠ ᠵᠡᠷᠭᠡ ᠰᠠᠯᠠᠭ᠎ᠠ ᠮᠦᠴᠢᠷ ᠠᠵᠢᠯ ᠤᠨ ᠴᠢᠳᠠᠮᠵᠢ ᠪᠠᠨ ᠨᠠᠷᠢᠨ ᠬᠢᠨᠠᠮᠠᠭᠠᠢ ᠬᠦᠢᠴᠡᠳᠬᠡᠵᠦ᠂ ᠵᠠᠬ᠎ᠠ ᠲᠡᠯᠬᠡᠬᠦᠷ ᠤᠨ ᠴᠡᠭᠴᠡᠯᠡᠯᠳᠡ ᠶᠢ ᠰᠠᠶᠢᠳᠣᠷ ᠠᠳᠬᠤᠵᠦ᠂ ᠵᠠᠬ᠎ᠠ ᠲᠡᠯᠬᠡᠬᠦᠷ ᠤᠨ ᠬᠠᠩᠭᠠᠯᠭ᠎ᠠ ᠶᠢ ᠪᠠᠳᠣᠯᠠᠵᠦ᠂ ᠵᠠᠬ᠎ᠠ ᠲᠡᠯᠬᠡᠬᠦᠷ ᠤᠨ ᠦᠨ᠎ᠡ ᠶᠢ ᠲᠣᠭᠳᠠᠪᠣᠷᠢᠵᠢᠭᠤᠯᠣᠨ᠂ ᠪᠦᠳᠦᠬᠡᠭᠳᠡᠬᠦᠨ ᠤ ᠴᠢᠨᠠᠷ ᠢ ᠪᠠᠳᠣᠯᠠᠨ᠎ᠠ᠃        ︵ᠵᠢᠷᠭᠤᠭ᠎ᠠ︶ ᠦᠬᠡᠷᠡᠴᠢᠯᠡᠯᠳᠡ ᠰᠢᠨ᠎ᠡ ᠶᠢ ᠡᠬᠦᠳᠬᠦ ᠶᠢ ᠭᠤᠣᠯᠳᠠᠯᠭ᠎ᠠ ᠲᠠᠢ ᠠᠳᠬᠤᠵᠦ᠂ ᠦᠷᠬᠦᠯᠵᠢᠯᠡᠨ ᠬᠦᠭᠵᠢᠬᠦ ᠰᠢᠨ᠎ᠡ ᠬᠦᠳᠡᠯᠬᠡᠬᠦ ᠬᠦᠴᠦᠨ ᠢ ᠨᠡᠮᠡᠭᠳᠡᠬᠦᠯᠦᠨ᠎ᠡ᠃ ᠲᠦᠪ᠂ ᠦᠪᠡᠷᠳᠡᠭᠡᠨ ᠵᠠᠰᠠᠬᠤ ᠣᠷᠣᠨ ᠂ ᠰᠢᠯᠢ ᠶᠢᠨ ᠭᠤᠣᠯ ᠠᠶᠢᠮᠠᠭ ᠤᠨ ᠪᠦᠬᠦ ᠲᠠᠯ᠎ᠠ ᠪᠠᠷ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ ᠲᠣᠬᠢᠷᠠᠭᠤᠯᠣᠯᠳᠠ ᠪᠠᠷᠢᠯᠠᠭᠤᠯᠣᠯᠳᠠ ᠶᠢ ᠨᠠᠷᠢᠨ ᠬᠢᠨᠠᠮᠠᠭᠠᠢ ᠲᠣᠣᠱᠯᠠᠭᠤᠯᠵᠦ᠂ ᠬᠠᠮᠢᠶᠠᠷᠣᠯᠳᠠ ᠶᠢᠨ ᠣᠷᠣᠨ ᠤ ᠪᠣᠳᠠᠳᠠᠢ ᠲᠠᠢ ᠣᠶᠠᠯᠳᠣᠭᠤᠯᠵᠦ᠂ ︽ᠪᠣᠳᠠᠳᠠᠢ ᠪᠠᠷ᠂ ᠬᠤᠷᠳᠣᠨ ᠢᠶᠠᠷ᠂ ᠣᠨᠣᠪᠴᠢᠳᠠᠢ ᠪᠠᠷ︾ ᠬᠡᠬᠦ ᠵᠠᠷᠴᠢᠮ ᠢ ᠲᠠᠭᠠᠵᠣ᠂ ᠵᠠᠰᠠᠭ ᠎ ᠶᠢ ᠴᠣᠮᠬᠠᠯᠠᠵᠦ ᠡᠷᠬᠡ ᠶᠢ ᠲᠠᠯᠪᠢᠬᠤ᠂ ᠬᠦᠳᠡᠭᠡ ᠲᠣᠰᠬᠤᠨ ᠮᠠᠯᠵᠢᠬᠤ ᠣᠷᠣᠨ ᠵᠡᠷᠬᠡ ᠦᠬᠡᠷᠡᠴᠢᠯᠡᠯᠳᠡ ᠶᠢᠨ ᠡᠬᠦᠷᠭᠡ ᠎ ᠶᠢ ᠪᠠᠳᠣ ᠠᠬᠢᠭᠤᠯᠵᠦ᠂ ᠦᠬᠡᠷᠡᠴᠢᠯᠡᠯᠳᠡ ᠶᠢᠨ ᠠᠷᠭ᠎ᠠ ᠪᠣᠳᠣᠯᠭ᠎ᠠ ᠶᠢ ᠪᠦᠳᠦᠮᠵᠢᠳᠡᠢ ᠪᠠᠷ ᠬᠦᠭᠵᠢᠯᠳᠡ ᠶᠢᠨ ᠬᠦᠳᠡᠯᠬᠡᠬᠦ ᠬᠦᠴᠦᠨ ᠪᠣᠯᠭᠠᠨ ᠬᠤᠪᠢᠷᠠᠭᠠᠨ᠎ᠠ᠃       ᠵᠠᠰᠠᠭ ᠶᠢ ᠴᠣᠮᠬᠠᠯᠠᠵᠦ ᠡᠷᠬᠡ ᠶᠢ ᠲᠠᠯᠪᠢᠬᠤ ᠬᠦᠴᠦᠯᠡᠴᠡ ᠶᠢ ᠶᠡᠬᠡᠳᠬᠡᠨ᠎ᠡ᠃ ᠡᠯ᠎ᠡ ᠰᠠᠯᠠᠭ᠎ᠠ ᠮᠦᠴᠢᠷ ᠤᠨ ᠡᠷᠬᠡ ᠶᠢᠨ ᠲᠠᠩᠰᠠ ᠪᠦᠷᠢᠳᠣᠯ ᠪᠠ ᠬᠠᠷᠢᠭᠤᠴᠠᠯᠭ᠎ᠠ ᠶᠢᠨ ᠲᠠᠩᠰᠠ ᠪᠦᠷᠢᠳᠣᠯ ᠢ ᠣᠯᠠᠮ ᠨᠢᠬᠡ ᠠᠯᠬᠤᠮ ᠡᠮᠬᠢᠯᠡᠵᠦ᠂ ᠵᠠᠰᠠᠭ ᠤᠨ ᠵᠦᠪᠰᠢᠶᠡᠷᠡᠯ ᠤᠨ ᠶᠠᠪᠣᠴᠠ ᠶᠢ ᠲᠦᠷᠢᠮᠵᠢᠬᠦᠯᠦᠨ ᠰᠢᠯᠢᠳᠡᠭᠵᠢᠬᠦᠯᠵᠦ᠂ ᠰᠢᠬᠦᠨ ᠴᠣᠬᠤᠬᠤ ᠭᠤᠭᠴᠤᠭ᠎ᠠ ᠎ ᠶᠢ ᠴᠣᠮᠬᠠᠯᠠᠵᠦ᠂ ᠰᠢᠬᠦᠨ ᠴᠣᠬᠤᠬᠤ ᠬᠤᠭᠤᠴᠠᠭ᠎ᠠ ᠬᠢᠵᠠᠭᠠᠷ ᠢ ᠪᠠᠭᠠᠰᠬᠠᠨ᠎ᠠ᠃ ᠲᠡᠭᠡᠳᠣ ᠲᠡᠰ ᠤᠨ ᠦᠭᠡᠶᠢᠰᠬᠡᠭᠰᠡᠨ ᠪᠠ ᠲᠣᠷᠣᠭᠰᠢ ᠶᠠᠪᠣᠭᠤᠯᠣᠭᠰᠠᠨ ᠵᠠᠰᠠᠭ ᠤᠨ ᠰᠢᠬᠦᠨ ᠴᠣᠬᠤᠬᠤ ᠲᠦᠰᠦᠯ ᠢ ᠬᠦᠳᠡᠯᠦᠩᠬᠦᠢ ᠪᠠᠷ ᠲᠠᠭᠠᠭᠠᠨ ᠬᠦᠯᠢᠶᠡᠵᠦ᠂ ᠲᠢᠩᠬᠢᠮ ᠳᠤ ᠣᠷᠣᠭᠰᠠᠨ ᠵᠰᠠᠭ ᠤᠨ ᠰᠢᠬᠦᠨ ᠴᠣᠬᠤᠬᠤ ᠬᠡᠷᠡᠭ ᠶᠠᠪᠣᠳᠠᠯ ᠪᠠ ᠰᠦᠢᠳᠭᠡᠯ ᠬᠤᠷᠢᠶᠠᠬᠤ ᠲᠦᠰᠦᠯ ᠢ ᠴᠠᠭ ᠲᠣᠬᠠᠢ ᠳᠤᠨᠢ ᠴᠡᠪᠡᠷᠯᠡᠨ᠎ᠡ᠃ ᠵᠠᠰᠠᠭ ᠤᠨ ᠣᠷᠳᠣᠨ ᠪᠠ ᠨᠡᠶᠢᠬᠡᠮ ᠤᠨ ᠬᠦᠷᠦᠩᠬᠡ‌‍ᠤ᠋ ᠶᠢᠨ PPP ᠬᠠᠮᠳᠣᠷᠠᠨ ᠠᠵᠢᠯᠯᠠᠬᠤ ᠵᠠᠭᠪᠣᠷ ᠢ ᠰᠦᠪᠡᠭᠴᠢᠯᠡᠨ ᠲᠦᠯᠬᠢᠨ ᠬᠦᠳᠡᠯᠬᠡᠵᠦ᠂ ᠣᠨᠴᠠ ᠵᠦᠪᠰᠢᠶᠡᠷᠡᠯ ᠲᠠᠢ ᠡᠵᠡᠩᠨᠡᠯᠳᠡ ᠂ ᠪᠡᠯᠡ ᠣᠷᠣᠭᠤᠯᠣᠯᠳᠠ ᠶᠢᠨ ᠨᠦᠬᠦᠪᠦᠷᠢ ᠵᠡᠷᠬᠡ ᠠᠷᠭ᠎ᠠ ᠪᠠᠷᠢᠯ ᠢ ᠲᠦᠬᠡᠬᠦᠯᠵᠦ᠂ ᠨᠡᠩ ᠣᠯᠠᠨ ᠨᠡᠶᠢᠬᠡᠮ ᠤᠨ ᠬᠦᠷᠦᠩᠬᠡ ᠭᠤᠣᠯᠳᠠᠯᠭ᠎ᠠ ᠲᠠᠢ ᠶᠡᠭᠡ ᠲᠦᠰᠦᠯ ᠤᠨ ᠪᠦᠳᠦᠬᠡᠨ ᠪᠠᠶᠢᠭᠤᠯᠣᠯᠳᠠ ᠳᠤ ᠣᠷᠣᠯᠴᠠᠬᠤ ᠶᠢ ᠬᠦᠰᠢᠵᠦ ᠬᠦᠳᠡᠯᠬᠡᠨ᠎ᠡ᠃ ᠠᠵᠦ ᠠᠬᠤᠶᠢᠯᠠᠯ ᠠᠴᠠ ᠲᠦᠰᠦᠯ ᠤᠨ ᠪᠡᠯᠡ ᠣᠷᠣᠯᠠᠭᠤᠯᠣᠯᠳᠠ ᠳᠠᠬᠢ ᠰᠢᠬᠦᠨ ᠵᠦᠪᠰᠢᠶᠡᠷᠡᠯ ᠤᠨ ᠣᠷᠢᠳᠠᠯ ᠨᠦᠬᠦᠴᠡᠯ ᠢ ᠦᠨᠡᠨᠬᠦ ᠪᠠᠭᠠᠰᠬᠠᠵᠦ᠂ ᠵᠠᠪᠠᠯ ᠰᠢᠬᠦᠨ ᠵᠦᠪᠰᠢᠶᠡᠷᠡᠬᠦ ᠶᠢᠨ ᠶᠠᠪᠣᠴᠠ ᠶᠢ ᠲᠦᠬᠦᠮᠴᠢᠯᠡᠵᠦ᠂ ᠨᠡᠶᠢᠳᠡ ᠶᠢᠨ ᠪᠣᠰᠣ ᠠᠵᠦ ᠠᠬᠤᠢ ᠶᠢᠨ ᠬᠦᠭᠵᠢᠯᠳᠡ ᠳᠤ ᠣᠬᠢ ᠰᠠᠶᠢᠨ ᠣᠷᠴᠢᠨ ᠲᠣᠭᠤᠷᠢᠨ ᠢ ᠪᠣᠢ ᠪᠣᠯᠭᠠᠵᠦ ᠦᠭᠬᠦᠨ᠎ᠡ᠃ ᠣᠯᠠᠨ ᠨᠡᠶᠢᠳᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠠᠮᠢᠶᠠᠷᠣᠯᠳᠠ ᠶᠢᠨ ᠲᠦᠷᠢᠮ ᠢ ᠲᠣᠭᠳᠠᠭᠠᠨ ᠲᠡᠭᠦᠯᠳᠡᠷᠵᠢᠬᠦᠯᠵᠦ᠂ ᠦᠯᠦ ᠬᠦᠳᠡᠯᠬᠦ ᠬᠦᠷᠦᠩᠬᠡ ᠪᠦᠷᠢᠳᠬᠡᠬᠦ ᠲᠣᠪᠴᠢᠶ᠎ᠠ ᠶᠢᠨ ᠬᠠᠷᠢᠭᠤᠴᠠᠯᠭ᠎ᠠ ᠪᠠ ᠪᠠᠶᠢᠭᠤᠯᠭ᠎ᠠ ᠶᠢ ᠨᠡᠶᠢᠳᠬᠡᠬᠦ ᠠᠵᠢᠯ ᠢ ᠲᠦᠷᠬᠡᠳᠬᠡᠨ᠎ᠡ᠃ ᠰᠢᠨ᠎ᠡ ︽ᠲᠦᠰᠦᠪ ᠤᠨ ᠬᠠᠣᠯᠢ︾᠎ ᠶᠢ ᠨᠠᠷᠢᠨ ᠬᠢᠨᠠᠮᠠᠭᠠᠢ ᠬᠦᠢᠴᠡᠳᠭᠡᠵᠦ᠂ ᠲᠦᠰᠦᠪ ᠤᠨ ᠬᠢᠵᠠᠭᠠᠷᠯᠠᠯ ᠪᠠ ᠢᠯᠡ ᠲᠣᠳᠣ ᠶᠢ ᠴᠢᠩᠭᠠᠳᠬᠠᠵᠦ᠂ ᠣᠷᠣᠯᠭ᠎ᠠ ᠵᠠᠷᠣᠯᠭ᠎ᠠ ᠶᠢᠨ ᠪᠦᠳᠦᠴᠡ ᠶᠢ ᠰᠢᠯᠢᠳᠡᠭᠵᠢᠬᠦᠯᠵᠦ᠂ ᠵᠠᠰᠠᠭ ᠤᠨ ᠣᠷᠳᠣᠨ ᠤ ᠦᠷᠢ ᠶᠢᠨ ᠬᠠᠮᠢᠶᠠᠷᠣᠯᠳᠠ ᠶᠢ ᠴᠢᠩᠭᠠᠳᠬᠠᠨ᠂ ᠡᠳ᠋  ᠎ ᠤᠨ ᠵᠠᠰᠠᠭ ᠤᠨ ᠪᠡᠯᠡ ᠮᠦᠩᠬᠦᠨ ᠤ ᠬᠡᠷᠡᠭᠯᠡᠬᠡᠨ ᠤ ᠦᠷ᠎ᠡ ᠠᠰᠢᠭ ᠢ ᠲᠡᠭᠡᠭᠰᠢᠯᠡᠬᠦᠯᠦᠨ᠎ᠡ᠃        ᠬᠦᠳᠡᠭᠡ ᠲᠣᠰᠬᠤᠨ ᠮᠠᠯᠵᠢᠬᠤ ᠣᠷᠣᠨ ᠤ ᠦᠬᠡᠷᠡᠴᠢᠯᠡᠯᠳᠡ ᠶᠢ ᠬᠦᠨᠵᠡᠬᠡᠶᠢᠷᠡᠬᠦᠯᠦᠨ᠎ᠡ᠃ ᠨᠢᠬᠡ ᠳᠤ ᠭᠠᠵᠠᠷ ᠰᠢᠷᠣᠢ ᠡᠪᠡᠰᠣᠨ ᠲᠠᠯᠠᠪᠠᠢ ᠮᠠᠯᠵᠢᠯ ᠤᠨ ᠲᠠᠯᠠᠪᠠᠢ ᠶᠢᠨ ᠡᠷᠬᠡ ᠶᠢ ᠲᠣᠭᠳᠠᠭᠠᠵᠦ ᠲᠠᠭᠠᠭᠠᠴᠢᠯᠠᠬᠤ ᠠᠵᠢᠯ ᠢ ᠢᠳᠡᠪᠬᠢᠳᠡᠢ ᠯᠠᠪᠳᠠᠭᠤᠨ ᠢᠶᠠᠷ ᠲᠦᠯᠬᠢᠨ ᠠᠬᠢᠭᠤᠯᠣᠨ᠎ᠠ᠃ ᠡᠯ᠎ᠡ ᠲᠠᠯᠠᠪᠠᠢ ᠪᠠᠯᠭᠠᠰᠣ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠨᠠᠷᠢᠨ ᠬᠢᠨᠠᠮᠠᠭᠠᠢ ᠪᠠᠶᠢᠴᠠᠭᠠᠨ ᠪᠠᠶᠢᠳᠠᠯ ᠢ ᠣᠶᠢᠯᠠᠭᠠᠵᠦ᠂ ᠣᠷᠣᠰᠢᠵᠦ ᠪᠠᠶᠢᠭ᠎ᠠ ᠠᠰᠠᠭᠤᠳᠠᠯ ᠢ ᠬᠦᠨᠵᠡᠬᠡᠢ ᠰᠣᠳᠣᠯᠣᠨ ᠰᠢᠢᠳᠪᠦᠷᠢᠯᠡᠭᠰᠡᠨ ᠰᠠᠭᠤᠷᠢᠨ ᠲᠡᠭᠡᠷ᠎ᠡ᠂ ᠭᠠᠵᠠᠷ ᠰᠢᠷᠣᠢ ᠡᠪᠡᠰᠣᠨ ᠲᠠᠯᠠᠪᠠᠢ ᠮᠠᠯᠵᠢᠯ ᠤᠨ ᠲᠠᠯᠠᠪᠠᠢ ᠶᠢᠨ ᠡᠷᠬᠡ ᠶᠢ ᠲᠣᠭᠳᠠᠭᠠᠵᠦ ᠲᠠᠭᠠᠭᠠᠴᠢᠯᠠᠬᠤ ᠠᠵᠢᠯ ᠢ ᠢᠳᠡᠪᠬᠢᠳᠡᠢ ᠯᠠᠪᠳᠠᠭᠤᠨ ᠢᠶᠠᠷ ᠲᠦᠯᠬᠢᠨ ᠠᠬᠢᠭᠤᠯᠵᠦ᠂ ᠡᠪᠡᠰᠣᠨ ᠲᠠᠯᠠᠪᠠᠢ ᠮᠠᠯᠵᠢᠯ ᠤᠨ ᠲᠠᠯᠠᠪᠠᠢ ᠶᠢᠨ ᠡᠷᠬᠡ ᠶᠢ ᠲᠣᠭᠳᠠᠭᠠᠵᠦ ᠲᠠᠭᠠᠭᠠᠴᠢᠯᠠᠬᠤ ᠰᠣᠷᠠᠭ ᠵᠠᠩᠬᠢ ᠶᠢᠨ ᠲᠤᠭ᠎ᠠ ᠪᠠᠷᠢᠮᠳᠠ ᠶᠢᠨ ᠬᠦᠮᠦᠷᠬᠡ ᠪᠠ ᠳ᠋ᠢᠵᠢᠲ᠋ᠠᠯ ᠰᠣᠷᠠᠭ ᠵᠠᠩᠬᠢ ᠶᠢᠨ ᠬᠠᠮᠢᠶᠠᠷᠣᠯᠳᠠ ᠶᠢᠨ ᠰᠢᠰᠲ᠋ᠧᠮ ᠢ ᠪᠠᠶᠢᠭᠤᠯᠵᠦ᠂ ᠮᠠᠯᠴᠢᠨ ᠲᠠᠷᠢᠶᠠᠴᠢᠨ ᠡᠷᠦᠬᠡ ᠶᠢᠨ ᠭᠠᠵᠠᠷ ᠰᠢᠷᠣᠢ ᠡᠪᠡᠰᠣ ᠮᠠᠯᠵᠢᠯ ᠤᠨ ᠲᠠᠯᠪᠠᠢ ᠲᠠᠭᠠᠭᠠᠴᠢᠯᠠᠭᠰᠠᠨ ᠭᠡᠷ᠎ᠡ᠂ ᠦᠨᠡᠮᠯᠡᠯ᠂ ᠭᠠᠵᠠᠷ᠂ ᠲᠠᠯᠠᠪᠠᠢ ︽ᠲᠦᠷᠪᠡ ᠢ ᠬᠦᠢᠴᠡᠬᠡᠬᠦ︾᠎ ᠶᠢ ᠪᠠᠳᠣᠯᠠᠨ᠎ᠠ᠃ ᠬᠤᠶᠠᠷ ᠲᠤ ᠭᠠᠵᠠᠷ ᠰᠢᠷᠣᠢ ᠡᠪᠡᠰᠣᠨ ᠲᠠᠯᠠᠪᠠᠢ ᠮᠠᠯᠵᠢᠯ ᠤᠨ ᠲᠠᠯᠠᠪᠠᠢ ᠶᠢ ᠲᠠᠭᠠᠭᠠᠴᠢᠯᠠᠬᠤ ᠡᠵᠡᠩᠨᠡᠬᠦ ᠰᠢᠯᠵᠢᠬᠦᠯᠬᠦ ᠬᠠᠮᠢᠶᠠᠷᠣᠯᠳᠠ ᠪᠠ ᠦᠢᠯᠡᠴᠢᠯᠡᠯᠬᠡ ᠶᠢ ᠴᠢᠩᠭᠠᠳᠬᠠᠨ᠎ᠠ᠃ ︽ᠭᠤᠷᠪᠠᠨ ᠲᠠᠪᠠᠭᠤ︾ ︽ᠭᠤᠷᠪᠠᠨ ᠪᠣᠯᠬᠤ ᠦᠬᠡᠢ︾ ︽ᠭᠤᠷᠪᠠᠨ ᠬᠤᠷᠢᠭᠯᠠᠯ︾᠎ ᠤᠨ ᠱᠠᠭᠠᠷᠳᠠᠯᠭ᠎ᠠ ᠪᠠᠷ ᠬᠠᠮᠢᠶᠠᠷᠣᠯᠳᠠ ᠶᠢᠨ ᠣᠷᠣᠨ ᠤ ᠭᠠᠵᠠᠷ ᠰᠢᠷᠣᠢ ᠡᠪᠡᠰᠣ ᠮᠠᠯᠵᠢᠯ ᠤᠨ ᠲᠠᠯᠠᠪᠠᠢ ᠎ ᠶᠢ ᠰᠢᠯᠵᠢᠬᠦᠯᠬᠦ ᠰᠣᠷᠠᠭ ᠵᠠᠩᠬᠢ ᠭᠠᠷᠭᠠᠬᠤ ᠲᠠᠪᠴᠠᠩ ᠤᠨ ᠪᠦᠳᠦᠬᠡᠨ ᠪᠠᠶᠢᠭᠤᠯᠣᠯᠳᠠ ᠶᠢ ᠲᠦᠷᠬᠡᠳᠬᠡᠵᠦ᠂᠂ᠭᠠᠵᠠᠷ ᠰᠢᠷᠣᠢ ᠡᠪᠡᠰᠣ ᠮᠠᠯᠵᠢᠯ ᠤᠨ ᠲᠠᠯᠠᠪᠠᠢ ᠶᠢᠨ ᠡᠵᠡᠩᠨᠡᠯᠳᠡ ᠶᠢᠨ ᠡᠷᠬᠡ ᠶᠢ ᠰᠢᠯᠵᠢᠬᠦᠯᠬᠦ ᠠᠷᠠᠯᠵᠢᠶᠠᠨ ᠤ ᠵᠠᠬ᠎ᠠ ᠲᠡᠯᠬᠡᠬᠦᠷ ᠤᠨ ᠡᠷᠡᠬᠦᠯ ᠬᠦᠭᠵᠢᠯᠳᠡ ᠶᠢ ᠣᠳᠣᠷᠢᠳᠣᠨ᠎ᠠ᠃ ᠭᠤᠷᠪᠠ ᠳᠤ᠂ ᠣᠯᠣᠰ ᠤᠨ ᠲᠠᠷᠢᠶᠠᠯᠠᠩ ᠮᠠᠯᠵᠢᠯ ᠤᠨ ᠲᠠᠯᠠᠪᠠᠢ ᠶᠢᠨ ᠡᠵᠡᠩᠨᠡᠯᠳᠡ ᠬᠠᠮᠢᠶᠠᠷᠣᠯᠳᠠ ᠶᠢᠨ ᠲᠣᠭᠳᠠᠯᠴᠠᠭ᠎ᠠ ᠶᠢᠨ ᠦᠬᠡᠷᠡᠴᠢᠯᠡᠯᠳᠡ ᠶᠢ ᠡᠮᠬᠢ ᠵᠢᠷᠣᠮ ᠲᠠᠢ ᠠᠬᠢᠭᠤᠯᠣᠨ᠎ᠠ᠃ ᠲᠡᠭᠡᠳᠣ ᠲᠡᠰ ᠤᠨ ᠲᠠᠷᠢᠶᠠᠯᠠᠩ ᠮᠠᠯᠵᠢᠯ ᠤᠨ ᠲᠠᠯᠪᠠᠢ ᠶᠢᠨ ᠦᠬᠡᠷᠡᠴᠢᠯᠡᠯᠳᠡ ᠶᠢᠨ ᠲᠣᠬᠠᠢ ᠲᠦᠷᠦ ᠎ ᠶᠢᠨ ᠪᠣᠳᠣᠯᠭ᠎ᠠ ᠶᠢᠨ ᠲᠡᠮᠵᠢᠯᠬᠡ ᠶᠢ ᠢᠳᠡᠪᠬᠢᠳᠡᠢ ᠲᠡᠮᠡᠴᠡᠨ ᠣᠯᠵᠦ᠂ ᠲᠠᠷᠢᠶᠠᠯᠠᠩ ᠮᠠᠯᠵᠢᠯ ᠤᠨ ᠲᠠᠯᠪᠠᠢ ᠶᠢᠨ ᠪᠦᠯᠦᠭᠯᠡᠯᠵᠢᠬᠦ᠂ ᠺᠣᠮᠫᠠᠨᠢᠵᠢᠬᠤ ᠴᠢᠭᠯᠡᠯ ᠵᠦᠭ ᠬᠦᠭᠵᠢᠬᠦ ᠶᠢ ᠲᠣᠭᠳᠠᠭᠤᠨ ᠢᠶᠠᠷ ᠲᠦᠯᠬᠢᠨ ᠠᠬᠢᠭᠤᠯᠵᠦ᠂ ᠠᠵᠦ ᠠᠬᠤᠶᠢᠯᠠᠯ ᠤᠨ ᠦᠪ ᠬᠦᠷᠦᠩᠬᠡ ᠶᠢ ᠡᠷᠬᠢᠯᠳᠡ ᠳᠤ ᠣᠷᠣᠭᠤᠯᠵᠦ᠂ ᠬᠦᠷᠦᠩᠬᠡ ᠶᠢᠨ ᠡᠷᠬᠢᠯᠳᠡ ᠶᠢ ᠴᠢᠩᠭᠠᠳᠬᠠᠵᠦ᠂ ᠭᠠᠵᠠᠷ ᠣᠷᠣᠨ ᠳᠤᠨᠢ ᠲᠣᠬᠢᠷᠠᠭᠤᠯᠣᠨ ᠵᠠᠰᠠᠬᠤ ᠶᠢ ᠪᠠᠷᠢᠮᠳᠠᠯᠠᠵᠦ᠂ ᠲᠦᠷᠦᠯ ᠬᠤᠪᠢᠶᠠᠨ ᠵᠢᠯᠣᠭᠤᠳᠴᠣ᠂ᠣᠯᠣᠰ ᠎ ᠤᠨ ᠲᠠᠷᠢᠶᠠᠯᠠᠩ ᠮᠠᠯᠵᠢᠯ ᠤᠨ ᠲᠠᠯᠠᠪᠠᠢ ᠶᠢᠨ ᠡᠵᠡᠩᠨᠡᠯᠳᠡ ᠬᠠᠮᠢᠶᠠᠷᠣᠯᠳᠠ ᠶᠢᠨ ᠲᠣᠭᠳᠠᠯᠴᠠᠭ᠎ᠠ ᠶᠢᠨ ᠦᠬᠡᠷᠡᠴᠢᠯᠡᠯᠳᠡ ᠎ ᠶᠢ ᠪᠠᠳᠣ ᠲᠦᠯᠬᠢᠨ ᠠᠬᠢᠭᠤᠯᠣᠨ᠎ᠠ᠃       ︵ᠲᠣᠯᠤᠭ᠎ᠠ︶ ᠪᠦᠳᠦᠬᠡᠮᠵᠢ ᠴᠢᠳᠠᠯ ᠤᠨ ᠪᠦᠳᠦᠬᠡᠨ ᠪᠠᠶᠢᠭᠤᠯᠣᠯᠳᠠ ᠶᠢ ᠭᠤᠣᠯᠳᠠᠯᠭ᠎ᠠ ᠲᠠᠢ ᠰᠠᠶᠢᠳᠣᠷ ᠠᠳᠬᠤᠵᠦ᠂ ᠬᠠᠮᠢᠶᠠᠷᠣᠯᠳᠠ ᠶᠢᠨ ᠵᠦᠪᠯᠡᠯ ᠤᠨ ᠡᠯ᠎ᠡ ᠲᠦᠷᠦᠯ ᠤᠨ ᠠᠵᠢᠯ ᠤᠨ ᠦᠨᠳᠦᠷ ᠪᠦᠳᠦᠮᠵᠢᠳᠡᠢ ᠠᠵᠢᠯᠯᠠᠬᠤ ᠎ ᠶᠢ ᠪᠠᠳᠣᠯᠠᠨ᠎ᠠ᠃ ︽ᠠᠷᠪᠠᠨ ᠭᠤᠷᠪᠠᠳᠣᠭᠠᠷ ᠲᠠᠪᠣᠨ ᠵᠢᠯ︾᠎ ᠤᠨ ᠬᠦᠭᠵᠢᠯᠳᠡ ᠶᠢᠨ ᠬᠠᠷᠠᠯᠳᠠ ᠶᠢ ᠪᠡᠶᠡᠯᠡᠬᠦᠯᠵᠦ᠂ 2016 ᠣᠨ ᠤ ᠡᠯ᠎ᠡ ᠲᠦᠷᠦᠯ ᠤᠨ ᠠᠵᠢᠯ ᠢ ᠰᠠᠶᠢᠳᠣᠷ ᠬᠢᠵᠦ᠂ ᠵᠠᠪᠠᠯ ᠨᠡᠩ ᠦᠨᠳᠦᠷ ᠪᠠᠷᠢᠮᠵᠢᠶ᠎ᠠ ᠪᠠ ᠱᠠᠭᠠᠷᠳᠠᠯᠭ᠎ᠠ ᠪᠠᠷ ᠬᠠᠮᠢᠶᠠᠷᠣᠯᠳᠠ ᠶᠢᠨ ᠵᠦᠪᠯᠡᠯ ᠵᠢᠴᠢ ᠡᠯ᠎ᠡ ᠰᠠᠯᠠᠭ᠎ᠠ ᠮᠦᠴᠢᠷ ᠤᠨ ᠲᠣᠰ ᠪᠡᠶ᠎ᠡ ᠶᠢᠨ ᠪᠦᠳᠦᠬᠡᠨ ᠪᠠᠶᠢᠭᠤᠯᠣᠯᠳᠠ ᠶᠢ ᠦᠷᠬᠦᠯᠵᠢᠯᠡᠨ ᠴᠢᠩᠭᠠᠳᠬᠠᠵᠦ᠂ ᠡᠯ᠎ᠡ ᠲᠦᠷᠦᠯ ᠤᠨ ᠠᠵᠢᠯ ᠲᠡᠭᠡᠷ᠎ᠡ ᠰᠢᠨ᠎ᠡ ᠠᠮᠵᠢᠯᠳᠠ ᠭᠠᠷᠭᠠᠬᠤ ᠶᠢ ᠴᠢᠷᠮᠠᠶᠢᠨ ᠪᠡᠶᠡᠯᠡᠬᠦᠯᠦᠨ᠎ᠡ᠃       ᠬᠠᠣᠯᠢ ᠶᠣᠰᠣᠭᠠᠷ ᠵᠠᠰᠠᠭ ᠪᠠᠷᠢᠬᠤ ᠶᠢ ᠲᠦᠯᠬᠢᠨ ᠠᠬᠢᠭᠤᠯᠬᠤ ᠶᠢ ᠲᠦᠷᠬᠡᠳᠬᠡᠵᠦ᠂ ᠬᠠᠣᠯᠢ ᠪᠠᠷ ᠵᠠᠰᠠᠬᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠣᠨ᠎ᠠ᠃ ᠬᠠᠣᠯᠢ ᠳᠤ ᠲᠣᠭᠳᠠᠭᠰᠠᠨ ᠡᠷᠬᠡ ᠬᠢᠵᠠᠭᠠᠷ ᠪᠠ ᠶᠠᠪᠣᠴᠠ ᠎ ᠶᠢᠨ ᠶᠣᠰᠣᠭᠠᠷ ᠴᠢᠩᠭ᠎ᠠ ᠨᠢᠮᠪᠠᠢ ᠡᠷᠬᠡ ᠶᠢ ᠬᠡᠷᠡᠭᠵᠢᠬᠦᠯᠦᠨ᠂ ᠬᠠᠷᠢᠭᠤᠴᠠᠯᠭ᠎ᠠ ᠶᠢ ᠬᠦᠢᠴᠡᠳᠬᠡᠵᠦ᠂ ᠬᠠᠣᠯᠢ ᠪᠠᠷ ᠡᠷᠬᠡ ᠣᠯᠭᠤᠭᠰᠠᠨ ᠦᠬᠡᠢ ᠪᠣᠯ ᠠᠵᠢᠯᠯᠠᠵᠦ ᠪᠣᠯᠬᠤ ᠦᠬᠡᠢ᠂ ᠬᠠᠣᠯᠢ ᠪᠠᠷ ᠲᠣᠭᠳᠠᠭᠠᠭᠰᠠᠨ ᠬᠠᠷᠢᠭᠤᠴᠠᠯᠭ᠎ᠠ ᠶᠢ ᠵᠠᠪᠠᠯ ᠬᠦᠢᠴᠡᠳᠬᠡᠵᠦ᠂ ᠬᠠᠣᠯᠢ ᠶᠢᠨ ᠠᠷᠭ᠎ᠠ ᠬᠡᠯᠪᠡᠷᠢ ᠪᠠᠷ ᠠᠵᠢᠯ ᠢ ᠲᠦᠯᠬᠢᠨ ᠬᠦᠳᠡᠯᠬᠡᠬᠦ᠂ ᠵᠦᠷᠢᠴᠡᠯ ᠢ ᠦᠬᠡᠶᠢᠰᠬᠡᠬᠦ ᠶᠢ ᠪᠠᠷᠢᠮᠳᠠᠯᠠᠨ᠎ᠠ᠃ ᠬᠠᠣᠯᠢ ᠶᠣᠰᠣᠭᠠᠷ᠂ ᠰᠢᠨᠵᠢᠯᠡᠬᠦ ᠣᠬᠠᠭᠠᠨᠴᠢ᠂ ᠠᠷᠠᠳᠴᠢᠯᠠᠯ ᠢᠶᠠᠷ ᠰᠢᠢᠳᠪᠦᠷᠢ ᠭᠠᠷᠭᠠᠬᠤ ᠲᠣᠭᠳᠠᠯᠴᠠᠭ᠎ᠠ ᠶᠢ ᠲᠡᠬᠦᠯᠳᠡᠷᠵᠢᠬᠦᠯᠵᠦ᠂ ᠣᠯᠨᠨ ᠲᠦᠮᠡᠨ ᠣᠷᠣᠯᠴᠠᠭᠰᠠᠨ᠂ ᠲᠣᠰᠬᠠᠢ ᠮᠡᠷᠭᠡᠵᠢᠯᠳᠡ ᠤ ᠨᠣᠳᠠᠯᠠᠭᠰᠠᠨ᠂ ᠲᠦᠰᠢᠬᠦᠷᠢ ᠶᠢ ᠦᠨᠡᠯᠡᠭᠰᠡᠨ᠂ ᠬᠠᠣᠯᠢ ᠳᠤ ᠨᠡᠶᠢᠴᠡᠭᠰᠡᠨ ᠴᠢᠨᠠᠷ ᠢ ᠰᠢᠬᠦᠨ ᠪᠠᠶᠢᠴᠠᠭᠠᠭᠰᠠᠨ᠂ ᠨᠡᠶᠢᠳᠡ ᠪᠠᠷ ᠢᠶᠠᠨ ᠶᠠᠷᠢᠯᠴᠠᠨ ᠲᠣᠭᠳᠠᠭᠠᠭᠰᠠᠨ ᠠᠰᠠᠭᠤᠳᠠᠯ ᠢ ᠭᠤᠣᠯᠳᠠᠯᠭᠠᠳᠣ ᠶᠡᠭᠡ ᠵᠠᠰᠠᠭ ᠵᠠᠬᠢᠷᠭᠠᠨ ᠤ ᠰᠢᠢᠳᠪᠦᠷᠢ ᠬᠡᠬᠦ ᠬᠠᠣᠯᠢ ᠪᠠᠷ ᠲᠤᠭᠳᠠᠭᠠᠬᠤ ᠶᠠᠪᠣᠴᠠ ᠶᠢ ᠲᠣᠭᠳᠠᠭᠠᠵᠦ᠂ ᠰᠢᠢᠳᠪᠦᠷᠢ ᠭᠠᠷᠭᠠᠬᠤ ᠲᠦᠷᠢᠮ ᠰᠢᠨᠵᠢᠯᠡᠬᠦ ᠣᠬᠠᠭᠠᠨᠴᠢ᠂ ᠶᠠᠪᠣᠴᠠ ᠲᠦᠪ᠂ ᠦᠩᠬᠡᠷᠡᠯᠳᠡ ᠢᠯᠡ ᠲᠣᠳᠣ᠂ ᠬᠠᠷᠢᠭᠤᠴᠠᠯᠭ᠎ᠠ ᠲᠣᠳᠣᠷᠬᠠᠢ ᠪᠠᠶᠢᠬᠤ ᠶᠢ ᠪᠠᠳᠣᠯᠠᠨ᠎ᠠ᠃ ᠵᠠᠰᠠᠭ ᠵᠠᠬᠢᠷᠭᠠᠨ ᠤ ᠬᠢᠨᠠᠯᠳᠠ ᠲᠠᠯᠪᠢᠬᠤ᠂ ᠬᠠᠣᠯᠢ ᠴᠠᠭᠠᠵᠠ ᠶᠢᠨ ᠬᠢᠨᠠᠯᠳᠠ ᠲᠠᠯᠪᠢᠬᠤ᠂ ᠲᠤᠭ᠎ᠠ ᠪᠦᠷᠢᠳᠭᠡᠯ ᠤᠨ ᠬᠢᠨᠠᠯᠳᠠ ᠲᠠᠯᠪᠢᠬᠤ᠂ ᠨᠡᠶᠢᠬᠡᠮ ᠤᠨ ᠬᠢᠨᠠᠯᠳᠠ ᠲᠠᠯᠪᠢᠬᠤ᠂ ᠶᠠᠷᠢᠶ᠎ᠠ ᠬᠡᠯᠡᠯᠴᠡᠬᠡᠨ ᠤ ᠬᠢᠨᠠᠯᠳᠠ ᠲᠠᠯᠪᠢᠬᠤ ᠲᠦᠷᠢᠮ ᠤᠨ ᠪᠦᠳᠦᠬᠡᠨ ᠪᠠᠶᠢᠭᠤᠯᠣᠯᠳᠠ ᠶᠢ ᠴᠢᠩᠭᠠᠳᠬᠠᠵᠦ᠂ ᠰᠢᠨᠵᠢᠯᠡᠬᠦ ᠣᠬᠠᠭᠠᠨᠴᠢ ᠦᠷ᠎ᠡ ᠪᠦᠳᠦᠮᠵᠢᠳᠡᠢ ᠡᠷᠬᠡ ᠶᠢᠨ ᠠᠵᠢᠯᠯᠠᠯᠳᠠ ᠶᠢᠨ ᠬᠢᠵᠠᠭᠠᠷᠯᠠᠯ ᠪᠠ ᠬᠢᠨᠠᠯᠳᠠ ᠲᠠᠯᠪᠢᠬᠤ ᠰᠢᠰᠲ᠋ᠧᠮ ᠢ ᠴᠢᠷᠮᠠᠶᠢᠨ ᠪᠣᠢ ᠪᠣᠯᠭᠠᠵᠦ᠂ ᠬᠢᠨᠠᠯᠳᠠ ᠲᠠᠯᠪᠢᠬᠤ ᠳᠤ ᠬᠦᠴᠦᠨ ᠨᠢᠬᠡᠳᠬᠦ ᠪᠠ ᠪᠣᠳᠠᠳᠣ ᠪᠦᠳᠦᠮᠵᠢ ᠲᠠᠢ ᠪᠠᠶᠢᠬᠤ ᠶᠢ ᠴᠢᠩᠭᠠᠳᠬᠠᠨ᠎ᠠ᠃ ᠦᠨᠳᠣᠰᠣᠨ ᠱᠠᠳᠣᠨ ᠤ ᠠᠷᠠᠳᠴᠢᠯᠠᠯ ᠬᠠᠣᠯᠢ ᠪᠠᠷ ᠵᠠᠰᠠᠬᠤ ᠪᠠᠶᠢᠷᠢ ᠶᠢᠨ ᠪᠦᠳᠦᠬᠡᠨ ᠪᠠᠶᠢᠭᠤᠯᠣᠯᠳᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠦ᠂ ᠣᠯᠠᠨ ᠲᠦᠮᠡᠨ ᠤ ᠬᠠᠣᠯᠢ ᠳᠤ ᠨᠡᠶᠢᠴᠡᠭᠰᠡᠨ ᠡᠷᠬᠡ ᠠᠰᠢᠭ ᠢ ᠬᠠᠮᠠᠭᠠᠯᠠᠨ᠎ᠠ       ᠠᠵᠢᠯ ᠤᠨ ᠴᠢᠳᠠᠮᠵᠢ ᠶᠢᠨ ᠬᠤᠪᠢᠷᠠᠯᠳᠠ ᠶᠢ ᠲᠦᠯᠬᠢᠨ ᠠᠬᠢᠭᠤᠯᠬᠤ ᠶᠢ ᠴᠢᠩᠭᠠᠳᠬᠠᠵᠦ᠂ ᠬᠡᠬᠡᠨ ᠲᠣᠩᠭᠠᠯᠠᠭ ᠵᠠᠰᠠᠭ ᠤᠨ ᠣᠷᠳᠣᠨ ᠢ ᠪᠦᠳᠦᠬᠡᠨ ᠪᠠᠶᠢᠭᠤᠯᠣᠨ᠎ᠠ᠃ ᠰᠣᠷᠠᠭ ᠵᠠᠩᠬᠢ ᠢᠶᠠᠷ ᠠᠷᠠᠳ ᠲᠤ ᠠᠰᠢᠭ ᠬᠦᠷᠳᠡᠭᠡᠬᠦ ᠦᠵᠡᠯ ᠣᠬᠠᠮᠰᠠᠷ ᠢ ᠴᠢᠩᠭᠠᠳᠬᠠᠵᠦ᠂ ᠵᠠᠰᠠᠭ ᠤᠨ ᠶᠠᠪᠣᠳᠠᠯ ᠤᠨ ᠦᠢᠯᠡᠴᠢᠯᠡᠯᠬᠡᠨ ᠤ ᠲᠦᠪ᠂ ᠵᠠᠰᠠᠭ ᠎ ᠤᠨ ᠶᠠᠪᠣᠳᠠᠯ ᠤᠨ ᠰᠦᠯᠵᠢᠶᠡᠨ ᠦᠷᠳᠡᠭᠡ᠂ ᠲᠧᠯᠸᠢᠰ ᠬᠤᠷᠢᠶ᠎ᠠ᠂ ︽1530︾ ᠨᠠᠮ ᠤᠨ ᠠᠵᠢᠯ ᠵᠠᠰᠠᠭ ᠤᠨ ᠶᠠᠪᠣᠳᠠᠯ ᠢ ᠢᠯᠡ ᠲᠡᠯᠬᠡᠬᠦ ᠲᠠᠪᠴᠠᠩ ᠢᠶᠠᠷ ᠭᠤᠣᠯ ᠪᠣᠯᠭᠠᠭᠰᠠᠨ ᠵᠠᠰᠠᠭ ᠤᠨ ᠣᠷᠳᠣᠨ ᠤ ᠰᠣᠷᠠᠭ ᠵᠠᠩᠬᠢ ᠶᠢ ᠢᠯᠡ ᠲᠡᠯᠬᠡᠬᠦ ᠰᠢᠰᠲ᠋ᠧᠮ ᠢ ᠪᠠᠶᠢᠭᠤᠯᠵᠦ᠂ ︽ᠢᠯᠡ ᠲᠡᠯᠬᠡᠬᠦ ᠶᠢ ᠬᠡᠪ ᠶᠢᠨ ᠪᠣᠯᠭᠠᠬᠤ᠂ ᠢᠯᠡ ᠲᠡᠯᠬᠡᠬᠦ ᠦᠭᠡᠢ ᠨᠢ ᠵᠢᠱᠢᠶᠠᠨ ᠠᠴᠠ ᠭᠠᠳᠠᠨ᠎ᠠ︾ ᠬᠡᠬᠦ ᠵᠠᠷᠴᠢᠮ ᠢ ᠪᠠᠷᠢᠮᠳᠠᠯᠠᠵᠦ᠂ ᠡᠳ᠋ ᠤᠨ ᠵᠠᠰᠠᠭ ᠤᠨ ᠲᠦᠰᠦᠪ᠂  ᠣᠯᠠᠨ ᠨᠡᠶᠢᠳᠡ ᠎ ᠶᠢᠨ ᠡᠬᠢ ᠪᠠᠶᠠᠯᠢᠭ ᠤᠨ ᠬᠤᠪᠢᠶᠠᠷᠯᠠᠯᠳᠠ᠂ ᠭᠤᠣᠯᠳᠠᠯᠭ᠎ᠠ ᠲᠠᠢ ᠪᠦᠳᠦᠬᠡᠨ ᠪᠠᠶᠢᠭᠤᠯᠬᠤ ᠲᠦᠰᠦᠯ ᠢ ᠰᠢᠬᠦᠨ ᠵᠦᠪᠰᠢᠶᠡᠷᠡᠬᠦ ᠪᠠ ᠬᠡᠷᠡᠭᠵᠢᠬᠦᠯᠬᠦ᠂ ᠨᠡᠶᠢᠬᠡᠮ ᠨᠡᠶᠢᠳᠡ ᠶᠢᠨ ᠬᠠᠯᠠᠮᠵᠢ ᠶᠢᠨ ᠦᠢᠯᠡᠰ ᠤᠨ ᠪᠦᠳᠦᠬᠡᠨ ᠪᠠᠶᠢᠭᠤᠯᠣᠯᠳᠠ ᠵᠡᠷᠭᠡ ᠬᠦᠷᠢᠶ᠎ᠡ ᠬᠡᠪᠴᠢᠶᠡᠨ ᠳᠠᠬᠢ ᠵᠠᠰᠠᠭ ᠤᠨ ᠣᠷᠳᠣᠨ ᠤ ᠰᠣᠷᠠᠭ ᠵᠠᠩᠬᠢ ᠶᠢ ᠢᠯᠡ ᠲᠡᠯᠬᠡᠬᠦ ᠶᠢ ᠭᠤᠣᠯᠳᠠᠯᠭ᠎ᠠ ᠎ ᠲᠠᠢ ᠲᠦᠯᠬᠢᠨ ᠠᠬᠢᠭᠤᠯᠣᠨ᠎ᠠ᠃ ᠭᠤᠣᠯᠳᠠᠯᠭ᠎ᠠ ᠲᠠᠢ ᠰᠢᠢᠳᠪᠦᠷᠢ ᠳᠤ ᠰᠣᠨᠣᠰᠬᠠᠯ ᠬᠢᠵᠦ᠂ ᠭᠤᠣᠯᠳᠠᠯᠭ᠎ᠠ ᠲᠠᠢ ᠬᠡᠷᠡᠭ ᠶᠠᠪᠣᠳᠠᠯ ᠢ ᠢᠯᠡ ᠪᠠᠷ ᠮᠡᠳᠡᠭᠳᠡᠵᠦ᠂ ᠭᠤᠣᠯᠳᠠᠯᠭ᠎ᠠ ᠲᠠᠢ ᠠᠵᠢᠯ ᠢ ᠮᠡᠳᠡᠬᠦᠯᠬᠦ ᠲᠦᠷᠢᠮ ᠢ ᠢᠳᠡᠪᠬᠢᠳᠡᠢ ᠲᠦᠯᠬᠢᠨ ᠣᠷᠣᠭᠰᠢᠯᠠᠭᠤᠯᠵᠦ᠂ ᠰᠢᠢᠳᠪᠦᠷᠢ ᠶᠢ ᠢᠯᠡ ᠲᠡᠯᠬᠡᠬᠦ᠂ ᠬᠠᠮᠢᠶᠠᠷᠣᠯᠳᠠ ᠶᠢ ᠢᠯᠡ ᠲᠡᠯᠬᠡᠬᠦ᠂ ᠦᠢᠯᠡᠴᠢᠯᠡᠯᠬᠡ ᠶᠢ ᠢᠯᠡ ᠲᠡᠯᠬᠡᠬᠦ᠂ ᠦᠷ᠎ᠡ ᠳ᠋ᠦᠩ ᠢ ᠢᠯᠡ ᠲᠡᠯᠬᠡᠬᠦ ᠶᠢ ᠲᠦᠯᠬᠢᠨ ᠠᠬᠢᠭᠤᠯᠣᠨ᠎ᠠ᠃        ᠠᠵᠢᠯ ᠤᠨ ᠰᠣᠷᠳᠠᠯ ᠢ ᠦᠬᠡᠷᠡᠴᠢᠯᠡᠬᠦ ᠶᠢ ᠲᠦᠷᠭᠡᠳᠬᠡᠵᠦ᠂ ᠪᠣᠳᠠᠳᠠᠢ ᠪᠠᠷ ᠠᠵᠢᠯᠯᠠᠬᠤ ᠬᠡᠯᠪᠡᠷᠢ ᠶᠢᠨ ᠵᠠᠰᠠᠭ ᠤᠨ ᠣᠷᠳᠣᠨ ᠢ ᠪᠦᠳᠦᠬᠡᠨ ᠪᠠᠶᠢᠭᠤᠯᠣᠨ᠎ᠠ᠃ ᠪᠠᠶᠢᠭᠤᠯᠭ᠎ᠠ ᠶᠢᠨ ᠠᠵᠢᠯ ᠤᠨ ᠰᠣᠷᠳᠠᠯ ᠤᠨ ᠪᠦᠳᠦᠬᠡᠨ ᠪᠠᠶᠢᠭᠤᠯᠣᠯᠳᠠ ᠶᠢ ᠣᠯᠠᠮ ᠨᠢᠬᠡ ᠠᠯᠬᠤᠮ ᠬᠦᠨᠵᠡᠬᠡᠶᠢᠷᠡᠬᠦᠯᠵᠦ᠂ ︽ᠲᠡᠷᠡ ᠲᠣᠣᠷ᠎ᠠ ᠨᠢ ᠬᠦᠢᠴᠡᠳᠬᠡᠬᠦ᠂ ᠦᠨᠡᠨᠬᠦ ᠠᠳᠬᠤᠵᠦ ᠪᠣᠳᠠᠳᠠᠢ ᠬᠢᠬᠦ︾ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠣᠣᠱᠯᠠᠭᠤᠯᠵᠦ᠂ ᠭᠤᠣᠯᠳᠠᠯᠭ᠎ᠠ ᠲᠠᠢ ᠠᠵᠢᠯ᠂ ᠭᠤᠣᠯᠳᠠᠯᠭ᠎ᠠ ᠲᠠᠢ ᠲᠦᠰᠦᠯ ᠳᠠᠬᠢ ᠣᠳᠣᠷᠢᠳᠣᠯᠭ᠎ᠠ ᠶᠢᠨ ᠠᠵᠢᠯ ᠢ ᠬᠤᠪᠢᠶᠠᠷᠯᠠᠬᠤ ᠬᠠᠷᠢᠭᠤᠴᠠᠯᠭ᠎ᠠ ᠶᠢᠨ ᠲᠦᠷᠢᠮ ᠪᠠ ᠬᠠᠷᠠᠯᠳᠠ ᠲᠠᠢ ᠬᠠᠷᠢᠭᠤᠴᠠᠯᠭ᠎ᠠ ᠶᠢᠨ ᠲᠦᠷᠢᠮ ᠢ ᠪᠦᠷᠢᠳᠭᠡᠨ ᠲᠡᠭᠦᠯᠳᠡᠷᠵᠢᠬᠦᠯᠵᠦ᠂ ᠬᠠᠷᠠᠯᠳᠠ ᠲᠠᠢ ᠡᠬᠦᠷᠭᠡ ᠶᠢ ᠰᠠᠯᠭᠠᠨ ᠲᠣᠱᠯᠠᠭᠤᠯᠬᠤ ᠶᠢ ᠰᠠᠶᠢᠳᠣᠷ ᠠᠳᠬᠤᠵᠦ᠂ ︽ᠭᠤᠷᠪᠠᠨ ᠴᠢᠩᠭ᠎ᠠ ᠭᠤᠷᠪᠠᠨ ᠪᠣᠳᠠᠳᠠᠢ︾᠎ ᠶᠢ ᠦᠢᠯᠡᠳᠦᠯᠬᠡᠵᠢᠬᠦᠯᠵᠦ᠂ ᠴᠢᠩᠭ᠎ᠠ ᠶᠢᠨ ᠪᠠᠷᠢᠮᠵᠢᠶ᠎ᠠ ᠪᠠ ᠪᠣᠳᠠᠳᠠᠢ ᠶᠢᠨ ᠱᠠᠭᠠᠷᠳᠠᠯᠭ᠎ᠠ ᠶᠢ ᠪᠠᠷᠢᠮᠳᠠᠯᠠᠵᠦ᠂ ᠬᠦᠳᠡᠯᠦᠩᠬᠦᠢ ᠠᠵᠢᠯᠯᠠᠵᠦ᠂ ᠡᠯ᠎ᠡ ᠲᠦᠷᠦᠯ ᠤᠨ ᠠᠵᠢᠯ ᠢ ᠪᠣᠳᠠᠳᠠᠶᠢᠵᠢᠭᠤᠯᠬᠤ ᠶᠢ ᠪᠠᠳᠣᠯᠠᠵᠦ᠂ ᠦᠷ᠎ᠡ ᠪᠦᠳᠦᠮᠵᠢ ᠭᠠᠷᠭᠠᠨ᠎ᠠ᠃ ᠴᠠᠭ ᠬᠤᠭᠠᠴᠠᠭᠠᠨ ᠤ ᠴᠡᠭ ᠢ ᠡᠵᠡᠮᠳᠡᠵᠦ᠂ ᠵᠠᠰᠠᠭ ᠤᠨ ᠶᠠᠪᠣᠳᠠᠯ ᠳᠤ ᠬᠢᠨᠠᠯᠳᠠ ᠲᠠᠯᠪᠢᠬᠤ᠂ ᠪᠦᠳᠦᠬᠡᠮᠵᠢ ᠶᠢᠨ ᠬᠢᠨᠠᠯᠳᠠ ᠪᠠ ᠵᠠᠰᠠᠭ ᠤᠨ ᠬᠠᠷᠢᠭᠤᠴᠠᠯᠭ᠎ᠠ ᠠᠰᠠᠭᠤᠬᠤ ᠶᠢ ᠴᠢᠩᠭᠠᠳᠬᠠᠵᠦ᠂ ᠲᠠᠪᠬᠤᠷᠭ᠎ᠠ ᠲᠠᠪᠬᠤᠷᠭ᠎ᠠ ᠪᠠᠷ ᠲᠠᠷᠣᠭᠠᠰᠣ ᠶᠢ ᠲᠠᠮᠵᠢᠭᠤᠯᠵᠦ᠂ ᠲᠡᠰ ᠲᠡᠰ ᠢᠶᠠᠷ ᠬᠠᠷᠢᠭᠤᠴᠠᠯᠭ᠎ᠠ ᠶᠢ ᠪᠣᠳᠠᠳᠠᠶᠢᠵᠢᠭᠤᠯᠵᠦ᠂ ᠵᠠᠰᠠᠭ ᠎ ᠤᠨ ᠠᠵᠢᠯ ᠢ ᠡᠰᠡ ᠦᠢᠯᠡᠳᠬᠦ᠂ ᠣᠳᠠᠭᠠᠨ ᠦᠢᠯᠡᠳᠬᠦ ᠵᠢᠴᠢ ᠰᠠᠨᠠᠭᠠᠨ ᠲᠠᠪᠠ ᠪᠠᠷ ᠢᠶᠠᠨ ᠦᠢᠯᠡᠳᠬᠦ ᠵᠡᠷᠭᠡ ᠦᠵᠡᠭᠳᠡᠯ ᠢ ᠶᠡᠭᠡ ᠬᠦᠴᠦᠨ ᠢᠶᠠᠷ ᠴᠡᠭᠴᠡᠯᠡᠨ᠎ᠡ᠃        ᠲᠦᠷᠢᠮ ᠢ ᠲᠣᠣᠱᠯᠠᠭᠤᠯᠬᠤ ᠶᠢ ᠲᠦᠯᠬᠢᠨ ᠠᠬᠢᠭᠤᠯᠵᠦ᠂ ᠠᠷᠢᠭᠤᠨ ᠴᠢᠭᠡᠴᠢ ᠵᠠᠰᠠᠭ ᠤᠨ ᠣᠷᠳᠣᠨ ᠢ ᠪᠦᠳᠦᠬᠡᠨ ᠪᠠᠶᠢᠭᠤᠯᠣᠨ᠎ᠠ᠃ ᠲᠦᠪ ᠤᠨ ︽ᠨᠠᠢᠮᠠᠨ ᠵᠦᠢᠯ ᠤᠨ ᠲᠣᠭᠳᠠᠭᠠᠯ︾ ᠪᠠ ᠬᠠᠮᠢᠶ᠎ᠠ ᠪᠦᠬᠦᠢ ᠲᠣᠬᠢᠷᠠᠭᠤᠯᠣᠭᠰᠠᠨ ᠲᠣᠭᠳᠠᠭᠠᠯ ᠢ ᠨᠠᠷᠢᠨ ᠬᠢᠨᠠᠮᠠᠭᠠᠢ ᠲᠣᠣᠱᠯᠠᠭᠤᠯᠵᠦ᠂ ᠭᠠᠵᠠᠷ ᠰᠢᠷᠣᠢ ᠪᠣᠯᠵᠣᠯ ᠦᠨ᠎ᠡ ᠬᠠᠶᠠᠯᠴᠠᠬᠤ ᠡᠯᠬᠦᠬᠦ᠂ ᠢᠨᠵᠧᠨᠧᠷᠢᠩ ᠤᠨ ᠪᠦᠳᠦᠬᠡᠨ ᠪᠠᠶᠢᠭᠤᠯᠣᠯᠳᠠ ᠳᠤ ᠢᠯᠡ ᠪᠠᠷ ᠲᠧᠨ᠋ᠳᠧᠷ ᠵᠠᠷᠯᠠᠵᠦ ᠣᠷᠣᠯᠴᠠᠬᠤ᠂ ᠵᠠᠰᠠᠭ ᠤᠨ ᠣᠷᠳᠣᠨ ᠠᠴᠠ ᠬᠤᠳᠠᠯᠳᠣᠨ ᠠᠪᠬᠤ᠂ ᠠᠵᠦ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠳᠠ ᠵᠡᠷᠭᠡ ᠲᠣᠭᠳᠠᠭᠠᠯ ᠢ ᠴᠢᠩᠭ᠎ᠠ ᠬᠠᠳᠠᠭᠤ ᠬᠡᠷᠡᠭᠵᠢᠬᠦᠯᠦᠨ᠎ᠡ᠃ ᠠᠵᠢᠯᠴᠢ ᠠᠷᠪᠢᠴᠢ ᠶᠠᠪᠣᠳᠠᠯ ᠬᠢᠬᠦ ᠶᠢ ᠪᠠᠷᠢᠮᠳᠠᠯᠠᠵᠦ᠂ ᠵᠠᠰᠠᠭ ᠤᠨ ᠡᠷᠬᠢᠯᠳᠡ ᠶᠢᠨ ᠦᠪᠡᠷ ᠤᠨ ᠦᠷᠳᠡᠭ ᠢ ᠣᠯᠠᠮ ᠨᠢᠬᠡ ᠠᠯᠬᠤᠮ ᠪᠠᠭᠠᠰᠬᠠᠵᠦ᠂ ︽ᠭᠤᠷᠪᠠᠨ ᠨᠡᠶᠢᠳᠡ ᠶᠢᠨ ᠵᠠᠷᠣᠳᠠᠯ︾᠎ ᠤᠨ ᠵᠠᠷᠣᠯᠭ᠎ᠠ ᠶᠢ ᠴᠢᠩᠭ᠎ᠠ ᠬᠠᠳᠠᠭᠤ ᠬᠢᠵᠠᠭᠠᠷᠯᠠᠵᠦ᠂ 2016 ᠣᠨ ᠳᠤ ᠬᠠᠰᠣᠬᠤ ᠠᠴᠠ ᠪᠢᠰᠢ ᠨᠡᠮᠡᠬᠦ ᠦᠬᠡᠢ ᠪᠠᠶᠢᠬᠤ ᠶᠢ ᠪᠠᠳᠣᠯᠠᠨ᠎ᠠ᠃ ᠡᠳ᠋ ᠤᠨ ᠵᠠᠰᠠᠭ ᠤᠨ ᠪᠡᠯᠡ ᠮᠦᠩᠬᠦ ᠶᠢ ᠦᠨᠡᠨᠬᠦ ᠰᠠᠶᠢᠳᠣᠷ ᠬᠠᠮᠢᠶᠠᠷᠴᠣ ᠰᠠᠶᠢᠳᠣᠷ ᠬᠡᠷᠡᠭᠯᠡᠨ᠂ ᠡᠳ᠋ ᠤᠨ ᠶᠠᠪᠣᠳᠠᠯ ᠤᠨ ᠲᠦᠰᠦᠪ ᠢ ᠬᠢᠨᠠᠨ ᠵᠦᠪᠰᠢᠶᠡᠷᠡᠬᠦ ᠪᠠ ᠬᠢᠨᠠᠨ ᠪᠣᠳᠣᠯᠳᠠ ᠶᠢᠨ ᠲᠦᠷᠢᠮ ᠢ ᠪᠠᠶᠢᠭᠤᠯᠣᠨ ᠲᠡᠭᠦᠯᠳᠡᠷᠵᠢᠬᠦᠯᠵᠦ᠂ ᠡᠳ᠋ ᠤᠨ ᠵᠠᠰᠠᠭ ᠤᠨ ᠪᠡᠯᠡ ᠮᠦᠩᠬᠦ᠂ ᠣᠯᠠᠨ ᠨᠡᠶᠢᠳᠡ ᠶᠢᠨ ᠡᠬᠢ ᠪᠠᠶᠠᠯᠢᠭ ᠤᠨ ᠬᠠᠮᠢᠶᠠᠷᠣᠯᠳᠠ ᠶᠢ ᠴᠢᠩᠭᠠᠳᠬᠠᠨ᠎ᠠ᠃ ᠡᠩᠨᠡᠭᠡ ᠶᠢ ᠦᠨᠡᠨᠬᠦ ᠰᠠᠶᠢᠳᠣᠷ ᠬᠠᠮᠢᠶᠠᠷᠴᠣ ᠂ ︽ᠨᠢᠬᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾᠎ ᠶᠢ ᠨᠠᠷᠢᠨ ᠬᠢᠨᠠᠮᠠᠭᠠᠢ ᠬᠦᠢᠴᠡᠳᠬᠡᠵᠦ᠂ ︽ᠬᠤᠶᠠᠷ ᠬᠠᠷᠢᠭᠤᠴᠠᠯᠭ᠎ᠠ︾᠎ ᠶᠢ ᠴᠢᠩᠭᠠᠳᠬᠠᠵᠦ᠂ ᠨᠠᠮ ᠤᠨ ᠰᠠᠬᠢᠯᠭ᠎ᠠ᠂ ᠵᠠᠰᠠᠭ ᠤᠨ ᠰᠠᠬᠢᠯᠭ᠎ᠠ ᠪᠠ ᠰᠡᠷᠡᠮᠵᠢᠯᠡᠬᠦᠯᠬᠦ ᠰᠣᠷᠭᠠᠨ ᠬᠦᠮᠦᠵᠢᠯ ᠢ ᠬᠦᠨᠵᠡᠬᠡᠶᠢᠷᠡᠬᠦᠯᠦᠨ ᠦᠷᠨᠢᠬᠦᠯᠵᠦ᠂ ᠨᠠᠮ ᠤᠨ ᠰᠣᠷᠳᠠᠯ ᠴᠢᠭᠡᠴᠢ ᠵᠠᠰᠠᠭ ᠤᠨ ᠪᠦᠳᠦᠬᠡᠨ ᠪᠠᠶᠢᠭᠤᠯᠣᠯᠳᠠ ᠶᠢᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠬᠠᠳᠠᠭᠤ ᠲᠣᠣᠱᠯᠠᠭᠤᠯᠵᠦ᠂ ᠠᠵᠢᠯ ᠤᠨ ᠮᠡᠳᠡᠬᠦᠯᠦᠯᠬᠡ ᠴᠢᠬᠡᠴᠢ ᠶᠢᠨ ᠮᠡᠳᠡᠬᠦᠯᠦᠯᠬᠡ᠂ ᠴᠢᠬᠡᠴᠢ ᠵᠠᠰᠠᠭ ᠤᠨ ᠶᠠᠷᠢᠯᠴᠠᠭᠠᠨ ᠤ ᠲᠦᠷᠢᠮ ᠢ ᠪᠦᠬᠦ ᠲᠠᠯ᠎ᠠ ᠪᠠᠷ ᠲᠣᠣᠱᠯᠠᠭᠤᠯᠵᠦ᠂ ᠠᠷᠢᠭᠤᠨ ᠴᠢᠭᠡᠴᠢ ᠺᠠᠳ᠋ᠷ ᠤᠨ ᠡᠩᠨᠡᠭᠡ ᠶᠢ ᠴᠢᠷᠮᠠᠶᠢᠨ ᠪᠠᠶᠢᠭᠤᠯᠣᠨ᠎ᠠ᠃        ᠨᠦᠬᠦᠳ ᠨᠠᠷ ᠡ᠂ ᠡᠨᠡ ᠵᠢᠯ ᠤᠨ ᠠᠵᠢᠯ ᠤᠨ ᠡᠬᠦᠷᠬᠡ ᠲᠣᠶᠢᠯ ᠤᠨ ᠬᠦᠨᠳᠣ ᠬᠡᠴᠡᠬᠦᠦ᠃ ᠪᠢᠳᠠ ᠬᠠᠮᠢᠶᠠᠷᠣᠯᠳᠠ ᠶᠢᠨ ᠣᠷᠣᠨ ᠤ ᠨᠠᠮ ᠤᠨ ᠠᠵᠢᠯ ᠤᠨ ᠬᠤᠷᠢᠶ᠎ᠠ ᠶᠢᠨ ᠨᠣᠭᠤᠷᠠᠰᠢ ᠦᠬᠡᠢ ᠣᠳᠣᠷᠢᠳᠣᠯᠭ᠎ᠠ ᠶᠢᠨ ᠲᠣᠣᠷ᠎ᠠ᠂ ᠢᠳᠡᠭᠡᠯ ᠢᠶᠠᠨ ᠡᠷᠡᠰ ᠪᠠᠳᠣ ᠪᠣᠯᠭᠠᠵᠦ᠂ ᠬᠦᠴᠦ ᠪᠠᠨ ᠬᠠᠳᠠᠭᠠᠯᠠᠵᠦ᠂ ᠣᠨᠣᠪᠴᠢᠳᠠᠢ ᠬᠦᠴᠦ ᠭᠠᠷᠭᠠᠨ᠂ ᠬᠤᠰᠢᠭᠤᠴᠢᠯᠠᠨ ᠣᠷᠣᠭᠰᠢᠯᠠᠵᠦ᠂ ᠪᠦᠬᠦ ᠵᠢᠯ ᠤᠨ ᠨᠡᠶᠢᠬᠡᠮ ᠠᠵᠦ ᠠᠬᠤᠢ ᠶᠢᠨ ᠬᠦᠭᠵᠢᠯᠳᠡ ᠶᠢᠨ ᠡᠯ᠎ᠡ ᠵᠦᠢᠯ ᠤᠨ ᠬᠠᠷᠠᠯᠳᠠ ᠲᠠᠢ ᠡᠬᠦᠷᠭᠡ ᠶᠢᠨ ᠪᠡᠶᠡᠯᠡᠭᠳᠡᠬᠦ ᠶᠢ ᠪᠠᠳᠣᠯᠠᠵᠦ᠂ ︽ᠠᠷᠪᠠᠨ ᠭᠤᠷᠪᠠᠳᠣᠭᠠᠷ ᠲᠠᠪᠣᠨ ᠵᠢᠯ︾  ᠎ ᠤᠨ ᠣᠬᠢ ᠰᠠᠶᠢᠨ ᠡᠬᠢᠯᠡᠯᠳᠡ ᠳᠤ ᠪᠠᠳᠣ ᠪᠠᠬᠢ ᠰᠠᠭᠤᠷᠢ ᠶᠢ ᠲᠠᠯᠪᠢᠶ᠎ᠠ᠃
 
ᠢᠷᠡᠯᠲᠡ᠄ ᠣᠯᠠᠭᠠᠢ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号