ᠨᠠᠮ ᠤᠨ ᠠᠵᠢᠯ ᠤᠨ ᠬᠤᠷᠢᠶ᠎ᠠ ᠶᠢᠨ ᠬᠡᠰᠢᠬᠦᠨ ᠣᠯᠣᠰ ᠲᠦᠷᠦ ᠬᠠᠣᠯᠢ ᠴᠠᠭᠠᠵᠠ ᠶᠢᠨ ᠵᠦᠪᠯᠡᠯ ᠤᠨ ᠱᠦᠵᠢ ᠱᠢ ᠰᠢᠦ ᠮᠠᠥ ᠨᠦᠬᠦᠷ ᠦᠨᠳᠦᠷ ᠣᠪᠣᠭ᠎ᠠ ᠲᠣᠰᠬᠤᠨ ᠢ ᠲᠣᠭᠤᠷᠢᠨ ᠪᠠᠶᠢᠴᠠᠭᠠᠵᠦ ᠠᠵᠢᠯ ᠤᠨ ᠵᠢᠯᠣᠭᠤᠳᠣᠯᠭ᠎ᠠ ᠬᠢᠪᠡ
ᠨᠡᠶᠢᠲᠡᠯᠡᠭᠰᠡᠨ ᠴᠠᠭ᠄
2016/9/6
                                   8 ᠰᠠᠷ᠎ᠠ ᠶᠢᠨ 26᠎ ᠤ ᠡᠳᠣᠷ᠂ ᠨᠠᠮ ᠤᠨ ᠠᠵᠢᠯ ᠤᠨ ᠬᠤᠷᠢᠶ᠎ᠠ ᠶᠢᠨ ᠬᠡᠰᠢᠬᠦᠨ ᠣᠯᠣᠰ ᠲᠦᠷᠦ ᠬᠠᠣᠯᠢ ᠴᠠᠭᠠᠵᠠ ᠶᠢᠨ ᠵᠦᠪᠯᠡᠯ ᠤᠨ ᠱᠦᠵᠢ ᠱᠢ ᠰᠢᠦ ᠮᠠᠥ ᠨᠦᠬᠦᠷ ᠪᠠᠶᠠᠨᠬᠤᠰᠢᠭᠤ ᠪᠠᠯᠭᠠᠰᠣᠨ ᠤ ᠦᠨᠳᠦᠷ ᠣᠪᠣᠭ᠎ᠠ ᠲᠣᠰᠬᠤᠨ ᠳᠤ ᠬᠦᠷᠴᠣ᠂ ︽ᠠᠷᠪᠠ ᠶᠢ ᠪᠦᠷᠬᠦᠬᠦᠯᠬᠦ︾ ᠠᠵᠢᠯ ᠢ ᠲᠣᠭᠤᠷᠢᠨ ᠪᠠᠶᠢᠴᠠᠭᠠᠵᠦ ᠠᠵᠢᠯ ᠤᠨ ᠵᠢᠯᠣᠭᠤᠳᠣᠯᠭ᠎ᠠ ᠬᠢᠪᠡ᠃ ᠱᠢ ᠱᠦᠵᠢ ᠪᠠᠶᠢᠭᠠᠯᠢ ᠶᠢᠨ ᠲᠣᠰᠬᠤᠨ ᠤ ᠡᠯ᠎ᠡ ᠲᠦᠷᠦᠯ ᠤᠨ ᠢᠨᠵᠧᠨᠧᠷᠢᠩ ᠢ ᠪᠣᠳᠠᠳᠣ ᠭᠠᠵᠠᠷ ᠲᠤᠨᠢ ᠪᠠᠶᠢᠴᠠᠭᠠᠨ ᠦᠵᠡᠭᠰᠡᠨ ᠤ ᠲᠠᠷᠠᠭ᠎ᠠ ᠵᠢᠭᠠᠭᠰᠠᠨ ᠨᠢ᠂ ᠦᠨᠳᠦᠷ ᠣᠪᠣᠭ᠎ᠠ ᠲᠣᠰᠬᠤᠨ ᠨᠢᠳᠦᠨᠦᠨ ᠠᠴᠠ ᠣᠳᠣ ᠪᠣᠯᠳᠠᠯ᠎ᠠ᠂ ᠣᠰᠣ ᠴᠠᠬᠢᠯᠭᠠᠨ ᠵᠠᠮ ᠤᠨ ᠨᠦᠬᠦᠴᠡᠯ ᠠᠨᠠᠢ ᠪᠠᠶᠢᠳᠠᠯ᠂ ᠬᠠᠪᠣᠷ ᠤᠨ ᠲᠣᠣᠷ᠎ᠠ ᠲᠣᠯᠠᠭᠠᠨ ᠪᠠ ᠬᠦᠯᠳᠡᠬᠦᠦ᠂ ᠢᠨᠵᠧᠨᠧᠷᠢᠩ ᠤᠨ ᠪᠠᠶᠢᠯᠳᠣᠭᠠᠨ ᠤ ᠱᠣᠭᠤᠮ ᠣᠷᠳᠣ ᠵᠡᠷᠭᠡ ᠡᠯ᠎ᠡ ᠵᠦᠢᠯ ᠤᠨ ᠠᠰᠢᠭ ᠦᠬᠡᠢ ᠨᠦᠬᠦᠴᠡᠯ ᠪᠠ ᠬᠦᠴᠢᠷ ᠢ ᠲᠡᠰᠪᠦᠷᠢᠯᠡᠵᠦ᠂ ᠡᠯ᠎ᠡ ᠲᠠᠯ᠎ᠠ ᠬᠦᠴᠦᠨ ᠢ ᠬᠦᠳᠡᠯᠬᠡᠵᠦ ︽ᠠᠷᠪᠠ ᠶᠢ ᠪᠦᠷᠬᠦᠬᠦᠯᠬᠦ︾ ᠢᠨᠵᠧᠨᠧᠷᠢᠩ ᠢ ᠪᠦᠬᠦ ᠬᠦᠴᠦᠨ ᠢᠶᠠᠷ ᠲᠦᠯᠬᠢᠨ ᠠᠬᠢᠭᠤᠯᠵᠦ᠂ ᠣᠳᠣ ᠠᠶᠣᠯᠳᠠᠢ ᠲᠠᠢ ᠭᠡᠷ ᠢ ᠵᠠᠰᠠᠬᠤ᠂ ᠵᠡᠬᠡᠯᠢ ᠭᠤᠳᠣᠮᠵᠢ ᠶᠢ ᠬᠠᠳᠠᠭᠤᠷᠠᠭᠤᠯᠬᠤ᠂ ᠠᠷᠢᠭᠤᠨ ᠴᠡᠪᠡᠷ ᠣᠣᠭᠤᠬᠤ ᠣᠰᠣ᠂ ᠵᠡᠷᠭᠡ ᠭᠤᠣᠯᠳᠠᠯᠭ᠎ᠠ ᠲᠠᠢ ᠪᠦᠳᠦᠬᠡᠨ ᠪᠠᠶᠢᠭᠤᠯᠣᠯᠳᠠ ᠶᠢᠨ ᠡᠬᠦᠷᠭᠡ ᠶᠢ ᠪᠡᠶᠡᠯᠡᠬᠦᠯᠵᠦ᠂ ᠨᠢᠳᠣᠨ ᠡᠮᠦᠨ᠎ᠡ ᠨᠢᠬᠡᠨᠳᠡ ᠠᠵᠢᠯ ᠲᠡᠭᠦᠰᠬᠡᠵᠦ ᠠᠮᠵᠢᠯᠳᠠ ᠣᠯᠬᠤ ᠵᠠᠩᠬᠢᠯᠭ᠎ᠠ ᠶᠢᠨ ᠱᠠᠳᠣᠨ ᠣᠷᠣᠭᠰᠠᠨ ᠪᠠᠶᠢᠨ᠎ᠠ᠃ ᠲᠡᠬᠦᠨ ᠬᠡᠯᠡᠭᠰᠡᠨ ᠨᠢ᠂ ᠣᠷᠴᠢᠨ ᠲᠣᠭᠤᠷᠢᠨ ᠤ ᠠᠷᠢᠭᠤᠨ ᠴᠡᠪᠡᠷ ᠎ ᠢ ᠴᠡᠭᠴᠡᠯᠡᠬᠦ᠂ ᠲᠠᠩᠰᠠ ᠡᠪᠬᠡᠮᠡᠯ ᠤᠨ ᠮᠠᠲ᠋ᠧᠷᠢᠶᠠᠯ ᠢ ᠲᠦᠷᠢᠮᠵᠢᠬᠦᠯᠬᠦ᠂ ᠬᠠᠮᠢᠶᠠᠷᠴᠣ ᠬᠠᠮᠠᠭᠠᠯᠠᠬᠤ ᠲᠣᠭᠳᠠᠯᠴᠠᠭ᠎ᠠ ᠶᠢ ᠪᠠᠶᠢᠭᠤᠯᠣᠨ ᠪᠦᠷᠢᠳᠬᠡᠬᠦ᠂ ᠰᠢᠯᠭᠠᠵᠦ ᠠᠪᠬᠤ ᠶᠢ ᠣᠭᠳᠣᠬᠤ ᠵᠡᠷᠭᠡ ᠠᠵᠢᠯ ᠪᠣᠯ ︽ᠠᠷᠪᠠ ᠶᠢ ᠪᠦᠷᠬᠦᠬᠦᠯᠬᠦ︾᠎ ᠶᠢᠨ ᠲᠡᠭᠦᠰᠭᠡᠯ ᠤᠨ ᠱᠠᠳᠣᠨ ᠤ ᠭᠤᠣᠯᠳᠠᠯᠭ᠎ᠠ ᠲᠠᠢ ᠡᠬᠦᠷᠭᠡ ᠮᠦᠨ᠃ ᠲᠣᠰᠬᠤᠨ ᠳᠤ ᠰᠠᠭᠤᠭ᠎ᠠ ᠠᠵᠢᠯ ᠤᠨ ᠲᠣᠭᠤᠶᠢᠯᠠᠩ ᠪᠠ ᠲᠣᠰᠬᠤᠨ ᠤ ︽ᠬᠤᠶᠠᠷ ᠵᠦᠪᠯᠡᠯ︾ ᠮᠢᠨᠴᠦᠬᠦᠨ ᠰᠣᠯᠠᠷᠠᠬᠤ ᠣᠷᠮ᠎ᠠ ᠶᠢ ᠲᠡᠰᠪᠦᠷᠢᠯᠡᠵᠦ᠂ ᠦᠷᠬᠦᠯᠵᠢᠯᠡᠨ ᠢᠳᠡᠪᠬᠢᠳᠡᠢ ᠠᠵᠢᠯᠯᠠᠬᠤ ᠣᠪᠣᠷ ᠢ ᠪᠠᠷᠢᠮᠳᠠᠯᠠᠵᠦ᠂ ᠲᠡᠬᠦᠰᠬᠡᠯ ᠤᠨ ᠱᠠᠳᠣᠨ ᠤ ᠡᠯ᠎ᠡ ᠵᠦᠢᠯ ᠤᠨ ᠠᠵᠢᠯ ᠢ ᠡᠮᠬᠢᠯᠡᠵᠦ᠂ ᠭᠤᠭᠤᠵᠢᠭᠰᠠᠨ ᠢ ᠪᠠᠶᠢᠴᠠᠭᠠᠵᠦ ᠲᠣᠳᠠᠭᠰᠠᠨ ᠢ ᠨᠦᠬᠦᠵᠦ᠂ ᠴᠠᠭ ᠤᠨ ᠬᠦᠰᠦᠨᠦᠭᠳᠣ ᠪᠠᠨ ᠨᠠᠷᠢᠰᠬᠠᠵᠦ᠂ ᠪᠦᠬᠦ ᠲᠠᠯ᠎ᠠ ᠪᠠᠷ ᠲᠦᠯᠬᠢᠨ ᠠᠬᠢᠭᠤᠯᠵᠦ᠂ ᠲᠦᠰᠦᠯ ᠢ ᠰᠢᠯᠭᠠᠨ ᠠᠪᠬᠤ ᠶᠢ ᠣᠭᠳᠣᠬᠤ ᠪᠡᠯᠡᠳᠬᠡᠯ ᠢ ᠰᠠᠶᠢᠳᠣᠷ ᠬᠢᠨ᠎ᠡ᠃ ᠣᠷᠴᠢᠨ ᠲᠣᠭᠤᠷᠢᠨ ᠠᠷᠢᠭᠤᠨ ᠴᠡᠪᠡᠷ ᠢ ᠴᠡᠭᠴᠡᠯᠡᠬᠦ ᠠᠵᠢᠯ ᠢ ᠦᠷᠬᠦᠯᠵᠢᠯᠡᠨ ᠰᠠᠶᠢᠳᠣᠷ ᠠᠳᠬᠤᠵᠦ᠂ ᠣᠬᠠᠭᠤᠯᠭ᠎ᠠ ᠶᠢ ᠴᠢᠩᠭᠠᠳᠬᠠᠵᠦ᠂ ᠮᠠᠯᠴᠢᠨ ᠲᠠᠷᠢᠶᠠᠴᠢᠨ ᠢ ᠣᠳᠣᠷᠢᠳᠣᠨ ᠣᠷᠴᠢᠨ ᠲᠣᠭᠤᠷᠢᠨ ᠠᠷᠢᠭᠤᠨ ᠴᠡᠪᠡᠷ ᠢ ᠬᠡᠪ ᠢᠶᠠᠷ ᠪᠠᠶᠢᠯᠭᠠᠬᠤ ᠰᠠᠶᠢᠨ ᠲᠠᠳᠬᠠᠯ  ᠎ ᠲᠠᠢ ᠪᠣᠯᠭᠠᠨ᠎ᠠ᠃ ᠲᠦᠰᠦᠯ ᠤᠨ ᠰᠡᠬᠦᠯᠴᠢ ᠶᠢᠨ ᠬᠤᠭᠤᠴᠠᠭᠠᠨ ᠤ ᠬᠠᠮᠢᠶᠠᠷᠣᠯᠳᠠ ᠬᠠᠮᠠᠭᠠᠯᠠᠯᠳᠠ ᠶᠢᠨ ᠠᠵᠢᠯ ᠢ ᠣᠷᠢᠳᠠᠪᠠᠷ ᠲᠣᠬᠢᠷᠠᠭᠤᠯᠣᠨ ᠰᠠᠶᠢᠳᠣᠷ ᠬᠢᠵᠦ᠂ ᠰᠡᠬᠦᠯᠴᠢ ᠶᠢᠨ ᠬᠤᠭᠤᠴᠠᠭᠠᠨ ᠤ ᠬᠠᠮᠢᠶᠠᠷᠣᠯᠳᠠ ᠬᠠᠮᠠᠭᠠᠯᠠᠯᠳᠠ ᠶᠢᠨ ᠣᠷᠳᠣ ᠨᠦᠯᠦᠬᠡᠯᠡᠯ ᠲᠠᠢ ᠲᠣᠭᠳᠠᠯᠴᠠᠭ᠎ᠠ ᠶᠢ ᠬᠦᠴᠦᠨ ᠣᠷᠣᠭᠤᠯᠵᠦ ᠪᠦᠷᠢᠳᠬᠡᠵᠦ ᠲᠡᠭᠦᠯᠳᠡᠷᠵᠢᠬᠦᠯᠦᠨ᠂ ᠲᠡᠬᠦᠨ ᠢ ᠬᠡᠪᠵᠢᠬᠦᠯᠦᠨ᠎ᠡ᠃
 
ᠢᠷᠡᠯᠲᠡ᠄ ᠣᠯᠠᠭᠠᠢ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号