ᠬᠥᠴᠤᠨ ᠢᠶᠠᠨ ᠲᠥᠪᠯᠡᠷᠡᠭᠦᠯᠤᠨ ᠪᠤᠳᠠᠳᠠᠢ ᠬᠢᠵᠤ ᠤᠯᠠᠭᠠᠢ ᠬᠠᠮᠢᠶᠠᠷᠤᠯᠳᠠ ᠶᠢᠨ ᠤᠷᠤᠨ ᠤ ᠠᠵᠤ  ᠠᠬᠤᠢ ᠨᠡᠶᠢᠭᠡᠮ  ᠤᠨ ᠬᠥᠭᠵᠢᠯᠳᠠ  ᠳᠤ ᠰᠢᠨ᠎ᠠ ᠰᠢᠪᠳᠤᠯᠤᠯᠳᠠ ᠭᠠᠷᠭᠠᠨ᠎ᠠ
ᠨᠡᠶᠢᠲᠡᠯᠡᠭᠰᠡᠨ ᠴᠠᠭ᠄
2017/1/25
        1 ᠰᠠᠷᠡᠶᠢᠨ17 ᠤ ᠡᠳᠤᠷ ᠤᠯᠠᠭᠠᠢ ᠬᠠᠮᠢᠶᠠᠷᠤᠯᠳᠠ ᠶᠢᠨ ᠤᠷᠤᠨ ᠤ ᠨᠠᠮ ᠤᠨ ᠠᠵᠢᠯᠴᠢᠨ ᠤ ᠡᠪᠯᠡᠯ ᠤᠨ ︵ᠥᠷᠭᠡᠳᠭᠡᠭᠰᠠᠨ︶ ᠬᠤᠷᠠᠯ ᠵᠢᠴᠢ ᠠᠵᠤ ᠠᠬᠤᠢ ᠶᠢᠨ ᠠᠵᠢᠯ ᠤᠨ ᠬᠤᠷᠠᠯ ᠬᠤᠷᠠᠯᠳᠤᠪᠠ᠃ ᠬᠤᠷᠠᠯ ᠲᠡᠭᠡᠷ᠎ᠠ ᠰᠢ ᠶᠢᠨ ᠫᠢᠩ ᠱᠥᠵᠢ ᠶᠢᠨ ᠴᠤᠪᠤᠷᠠᠯ ᠶᠠᠷᠢᠶ᠎ᠠ ᠠᠴᠠ ᠲᠠᠭᠠᠨ ᠰᠤᠷᠤᠯᠴᠠᠵᠤ᠂ ᠥᠪᠤᠷ ᠮᠤᠩᠭᠤᠯ ᠳᠤ ᠪᠠᠶᠢᠴᠠᠭᠠᠯᠳᠠ ᠬᠢᠬᠦ ᠳᠤ ᠲᠠᠯᠪᠢᠬᠰᠠᠨ ᠶᠠᠷᠢᠶᠠᠨ ᠤ ᠵᠤᠷᠢᠭ ᠰᠠᠨᠠᠭ᠎ᠠ ᠶᠢ ᠬᠥᠨᠵᠢᠭᠡᠶᠢᠷᠡᠭᠦᠯᠤᠨ ᠲᠣᠣᠱᠯᠠᠭᠤᠯᠵᠦ᠂ ᠪᠥᠭᠦ ᠲᠠᠯ᠎ᠠ ᠢᠶᠠᠷ ᠥᠪᠤᠷ ᠮᠤᠩᠭᠤᠯ ᠤᠨ ᠥᠪᠠᠷᠳᠡᠭᠡᠨ ᠵᠠᠰᠠᠬᠤ ᠤᠷᠤᠨ ᠤ ᠠᠷᠪᠡᠳᠤᠭᠠᠷ ᠨᠠᠮ ᠤᠨ ᠲᠥᠯᠤᠭᠡᠯᠡᠭᠴᠢᠳ ᠤᠨ ᠬᠤᠷᠠᠯ ᠢ ᠪᠥᠭᠦ ᠲᠠᠯ᠎ᠠ ᠢᠶᠠᠷ ᠲᠣᠣᠱᠯᠠᠭᠤᠯᠵᠦ᠂ ᠥᠪᠤᠷ ᠮᠤᠩᠭᠤᠯ ᠤᠨ ᠥᠪᠠᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠤᠳᠠᠭᠠᠨ  ᠤ ᠬᠤᠶᠠᠷ ᠲᠠᠬᠢ ᠤᠳᠠᠭᠠᠨ ᠤ ᠪᠥᠭᠦᠳᠠ ᠬᠤᠷᠠᠯ ᠪᠠ ᠠᠶᠢᠮᠠᠭ ᠤᠨ ᠨᠠᠮ ᠤᠨ ᠬᠤᠷᠢᠶ᠎ᠠ2017 ᠤᠨ ᠳᠠᠬᠢ ᠨᠢᠭᠡᠳᠤᠭᠡᠷ ᠤᠳᠠᠭᠠᠨ ᠤ ︵ᠥᠷᠭᠡᠳᠭᠡᠭᠰᠠᠨ︶ ᠬᠤᠷᠠᠯ ᠤᠨ ᠵᠤᠷᠢᠭ ᠰᠠᠨᠠᠭ᠎ᠠ ᠶᠢ ᠲᠤᠤᠱᠠᠯᠠᠭᠤᠯᠬᠤ᠂ 2016 ᠤᠨ ᠤ ᠠᠵᠢᠯ   ᠳᠤ ᠳ᠋ᠤᠩᠨᠡᠯᠳᠠ ᠬᠢᠵᠤ᠂ ᠤᠳᠤᠭᠢ ᠪᠠᠶᠢᠳᠠᠯ ᠳᠤ ᠵᠠᠳᠠᠯᠤᠯᠳᠠ ᠬᠢᠵᠤ᠂ 2017 ᠤᠨ ᠤ ᠠᠵᠤ ᠠᠬᠤᠢ ᠨᠡᠶᠢᠭᠡᠮ ᠤᠨ ᠬᠥᠭᠵᠢᠯᠳᠠ ᠳᠤ ᠲᠥᠬᠢᠷᠠᠭᠤᠯᠤᠯᠳᠠ ᠬᠢᠵᠠᠢ᠃         ᠬᠤᠷᠠᠯ ᠲᠡᠭᠡᠷ᠎ᠠ᠂ ᠬᠠᠮᠢᠶᠠᠷᠤᠯᠳᠠ ᠶᠢᠨ ᠤᠷᠤᠨ ᠤ ᠨᠠᠮ ᠤᠨ ᠠᠵᠢᠯᠴᠢᠨ ᠤ ᠡᠪᠯᠡᠯ ᠤᠨ ᠱᠥᠵᠢ ᠪᠠᠢ ᠶᠥᠩ ᠴᠦᠨ ᠠᠴᠠ ᠴᠢᠬᠤᠯᠨ ᠶᠡᠷᠢᠶ᠎ᠠ ᠲᠠᠯᠪᠢᠵᠦ᠂ ᠨᠠᠮ ᠤᠨ ᠠᠵᠢᠯᠴᠢᠨ ᠤ ᠡᠪᠯᠡᠯ ᠤᠨ ᠲᠡᠳ᠋ ᠱᠥᠵᠢ᠂ ᠬᠠᠮᠢᠶᠠᠷᠤᠯᠳᠠ ᠶᠢᠨ ᠵᠥᠪᠯᠡᠯ ᠤᠨ ᠡᠷᠬᠢᠯᠡᠭᠴᠢ ᠰᠦᠨ ᠵᠧᠨ ᠵᠢᠶᠠᠩ ᠠᠵᠢᠯ ᠤᠨ ᠪᠠᠶᠢᠷᠢᠯᠠᠭᠤᠯᠤᠯᠳᠠ ᠬᠢᠵᠤ᠂ ᠨᠠᠮ ᠤᠨ ᠠᠵᠢᠯ ᠤᠨ ᠡᠪᠯᠡᠯ ᠤᠨ ᠲᠡᠳ᠋ ᠱᠥᠵᠠᠢ ᠸᠠᠩ ᠯᠢ ᠵᠢᠶᠦ᠋ᠨ ᠬᠤᠷᠠᠯ ᠡᠷᠬᠢᠯᠡᠵᠠᠢ᠃ ᠬᠤᠷᠠᠯ ᠲᠡᠭᠡᠷ᠎ᠠ ᠲᠣᠷᠠᠳᠣᠭᠰᠠᠨ ᠨᠢ᠄        ︽ᠭᠤᠷᠪᠠᠨ ᠰᠢᠨ᠎ᠠ ᠰᠢᠪᠳᠤᠯᠤᠯᠳᠠ ᠶᠢ ᠪᠡᠶᠡᠯᠡᠭᠦᠯᠭᠦ︾        ᠤᠳᠤᠭᠢ ᠲᠠᠷᠢᠶᠠᠯᠡᠩ ᠮᠠᠯ ᠠᠵᠤ ᠠᠬᠤᠢ ᠶᠢᠨ ᠤᠬᠢ ᠪᠥᠳᠤᠭᠡᠭᠳᠡᠭᠦᠨ ᠲᠡᠭᠡᠷ᠎ᠠ ᠰᠢᠨ᠎ᠠ ᠰᠢᠪᠳᠤᠯᠤᠯᠳᠠ ᠶᠢ ᠪᠡᠶᠠᠯᠡᠭᠦᠯᠵᠤ᠂ ᠲᠠᠯ᠎ᠠ ᠨᠤᠳᠤᠭ ᠤᠨ ᠰᠤᠶᠤᠯ ᠤᠨ ᠵᠢᠭᠤᠯᠴᠢᠯᠡᠯ ᠤᠨ ᠠᠵᠢᠯ ᠲᠥᠷᠤᠯ ᠲᠡᠭᠡᠷ᠎ᠠ ᠰᠢᠨ᠎ᠠ ᠰᠢᠪᠳᠤᠯᠤᠯᠳᠠ ᠭᠠᠷᠭᠠᠬᠤ᠂ ᠰᠢᠨ᠎ᠠ ᠬᠡᠯᠪᠡᠷᠢ ᠶᠢᠨ ᠠᠵᠤ ᠠᠬᠤᠶᠢᠴᠢᠯᠡᠯ ᠲᠡᠭᠡᠷ᠎ᠠ ᠰᠢᠨ᠎ᠠ ᠰᠢᠪᠳᠤᠯᠤᠯᠳᠠ ᠭᠠᠷᠭᠠᠬᠤ᠃       ︽ᠵᠢᠷᠭᠤᠭᠠᠨ ᠴᠢᠬᠤᠯᠨ ᠲᠥᠷᠤᠯ   ᠢ ᠲᠤᠪᠤᠶᠢᠯᠭᠠᠬᠤ︾᠄        ᠲᠥᠰᠤᠯ ᠤᠨ ᠪᠥᠳᠤᠭᠡᠨ ᠪᠠᠶᠢᠭᠤᠯᠤᠯᠳᠠ ᠶᠢ ᠲᠤᠪᠤᠶᠢᠯᠭᠠᠵᠤ᠂ ᠬᠥᠭᠵᠢᠯᠳᠠ ᠶᠢᠨ ᠬᠥᠴᠤᠨ ᠢ ᠨᠠᠮᠡᠭᠳᠡᠭᠦᠯᠭᠦ᠃ ᠠᠵᠤ ᠠᠬᠤᠶᠢᠯᠡᠯ ᠤᠨ ᠪᠥᠳᠤᠭᠡᠨ ᠪᠠᠶᠢᠭᠤᠯᠤᠯᠳᠠ ᠶᠢ ᠲᠤᠪᠤᠶᠢᠯᠭᠠᠵᠤ᠂ ᠰᠢᠯᠢᠳᠡᠭ ᠢ ᠪᠥᠳᠤᠭᠡᠨ ᠪᠠᠶᠢᠭᠤᠯᠬᠤ ᠬᠥᠭᠵᠢᠯᠳᠠ  ᠶᠢᠨ ᠤᠷᠴᠢᠨ ᠲᠤᠭᠤᠷᠢᠨ ᠢ ᠪᠤᠢ ᠪᠤᠯᠭᠠᠬᠤ᠃ ᠰᠠᠭᠤᠷᠢ ᠲᠥᠭᠦᠭᠡᠷᠤᠮᠵᠢ ᠶᠢᠨ ᠪᠥᠳᠤᠭᠡᠨ ᠪᠠᠶᠢᠭᠤᠯᠤᠯᠳᠠ ᠶᠢ ᠲᠤᠪᠤᠶᠢᠯᠭᠠᠵᠤ ᠂ ᠬᠥᠭᠵᠢᠯᠳᠠ ᠶᠢᠨ ᠨᠥᠭᠦᠴᠡᠯ ᠢ ᠰᠠᠶᠢᠵᠢᠷᠠᠭᠤᠯᠤᠨ᠎ᠠ᠃ ᠥᠭᠡᠷᠡᠴᠢᠯᠡᠯᠳᠠ ᠨᠡᠭᠡᠭᠡᠯᠳᠠ ᠶᠢ ᠲᠤᠪᠤᠶᠢᠯᠭᠠᠵᠤ᠂ ᠵᠠᠬ᠎ᠠ ᠲᠡᠯᠭᠡᠭᠦᠷ  ᠤᠨ ᠠᠮᠢᠵᠢᠷᠠᠯ ᠤᠨ ᠬᠥᠴᠤᠨ ᠢ ᠣᠷᠠᠮᠰᠢᠭᠤᠯᠣᠨ᠎ᠠ᠃ ᠠᠷᠠᠳ ᠤᠨ ᠠᠮᠢᠳᠤᠷᠠᠯ ᠢ ᠰᠠᠶᠢᠵᠢᠷᠠᠭᠤᠯᠵᠤ᠂ ᠬᠥᠭᠵᠢᠯᠳᠠ ᠶᠢᠨ ᠰᠠᠭᠤᠷᠢ ᠴᠢᠯᠠᠭᠤ ᠶᠢ ᠲᠤᠭᠳᠡᠪᠤᠷᠢᠳᠠᠢ ᠪᠠᠶᠢᠯᠭᠠᠨ᠎ᠠ᠃ ᠠᠮᠤᠷ ᠲᠥᠪᠰᠢᠨ ᠤ ᠤᠶᠢᠯᠡᠳᠪᠤᠷᠢᠯᠡᠯ ᠢ ᠲᠤᠪᠤᠶᠢᠯᠭᠠᠵᠤ᠂ ᠠᠮᠤᠷ ᠲᠥᠪᠰᠢᠨ ᠲᠢᠩᠯᠢᠮ ᠲᠠᠢ ᠬᠥᠭᠵᠢᠭᠦ ᠶᠢ ᠪᠠᠳᠤᠯᠠᠨ᠎ᠠ᠃       ᠬᠤᠷᠠᠯ ᠲᠡᠭᠡᠷ᠎ᠠ ᠴᠢᠬᠤᠯᠡᠴᠢᠯᠠᠬᠰᠠᠨ ᠨᠢ᠄       ᠪᠠᠶᠢᠳᠠᠯ ᠳᠤ ᠲᠤᠳᠤᠷᠬᠠᠢ ᠲᠠᠨᠢᠯᠳᠠ ᠲᠠᠢ ᠪᠠᠶᠢᠵᠤ᠂ ᠰᠡᠳᠬᠢᠮᠵᠢ ᠪᠠᠨ ᠲᠤᠳᠤᠷᠬᠠᠢ ᠪᠠᠶᠢᠯᠭᠠᠨ᠎ᠠ᠂ ᠯᠠᠪᠳᠠᠭᠤᠨ ᠢᠶᠠᠷ ᠤᠷᠤᠬᠰᠢᠯᠠᠬᠤ ᠠᠵᠢᠯ ᠤᠨ ᠥᠨᠳᠤᠰᠤᠨ ᠵᠤᠷᠢᠭ ᠰᠠᠨᠠᠭ᠎ᠠ ᠶᠢ ᠪᠡᠳᠤᠳᠠᠢ ᠡᠵᠠᠮᠳᠠᠵᠤ᠂  ᠬᠠᠷᠠᠯᠳᠠ ᠢᠶᠠᠨ ᠴᠢᠩᠭ᠎ᠠ ᠵᠠᠭᠤᠵᠦ᠂ ᠭᠤᠤᠯᠳᠠᠯᠭ᠎ᠠ ᠪᠠᠨ ᠲᠤᠪᠤᠶᠢᠯᠭᠠᠨ᠎ᠠ᠂ ᠴᠢᠳᠠᠯ ᠮᠡᠳᠠᠨ ᠠᠵᠤ ᠠᠬᠤᠢ ᠨᠡᠶᠢᠭᠡᠮ ᠤᠨ ᠬᠥᠭᠵᠢᠯᠳᠠ ᠶᠢᠨ ᠰᠢᠨ᠎ᠠ ᠠᠬᠤᠢ ᠶᠢ ᠨᠡᠭᠡᠭᠡᠨ᠎ᠠ᠃ ᠥᠨᠡᠨᠬᠦ ᠪᠠᠷᠢᠵᠤ ᠴᠢᠩᠭ᠎ᠠ ᠬᠠᠮᠢᠶᠠᠷᠴᠤ᠂ ᠪᠤᠳᠠᠳᠠᠢ ᠬᠠᠷᠢᠭᠤᠴᠠᠵᠤ᠂ ᠪᠥᠭᠦ ᠬᠥᠴᠤᠨ ᠢᠶᠠᠷ ᠢᠶᠠᠨ ᠡᠪ ᠵᠤᠬᠢᠴᠠᠯ  ᠢ ᠬᠠᠮᠠᠭᠠᠯᠠᠬᠤ ᠰᠢᠨ᠎ᠠ ᠪᠠᠶᠢᠳᠠᠯ ᠢ ᠪᠥᠷᠢᠯᠳᠤᠭᠦᠯᠤᠨ᠎ᠠ᠃ ᠨᠠᠮ ᠢ ᠴᠢᠩᠭ᠎ᠠ  ᠵᠠᠰᠠᠵᠤ᠂ ᠡᠭᠦᠷᠭᠡ ᠢᠶᠠᠨ ᠬᠥᠢᠴᠡᠳᠭᠡᠵᠤ᠂ ᠡᠯ᠎ᠠ ᠲᠥᠷᠤᠯ ᠤᠨ ᠤᠶᠢᠯᠡᠰ ᠤᠨ ᠬᠥᠭᠵᠢᠯᠳᠠ ᠳᠤ ᠡᠷᠡᠰ ᠬᠠᠳᠠᠭᠤ ᠵᠤᠬᠢᠶᠠᠨ ᠪᠠᠶᠢᠭᠤᠯᠤᠯᠳᠠ ᠶᠢᠨ ᠪᠠᠳᠤᠯᠠᠪᠤᠷᠢ ᠶᠢ ᠬᠠᠨᠭ᠍ᠭᠠᠨ᠎ᠠ᠃      ᠬᠠᠮᠢᠶᠠᠷᠤᠯᠳᠠ ᠶᠢᠨ ᠤᠷᠤᠨ ᠤ ᠨᠠᠮ ᠤᠨ ᠡᠭᠦᠷ᠂ ᠬᠠᠮᠢᠶᠠᠷᠤᠯᠳᠠ ᠶᠢᠨ ᠵᠥᠪᠯᠡᠯ ᠤᠨ ᠤᠳᠤᠷᠢᠳᠤᠬᠴᠢ᠂ ᠡᠯ᠎ᠠ ᠲᠠᠯᠠᠪᠠᠢ᠂ ᠪᠠᠯᠭᠠᠰᠤ᠂ ᠰᠢᠭᠤᠤᠨ ᠬᠠᠷᠢᠶᠠᠳᠤ ᠨᠠᠮ ᠤᠨ ᠵᠠᠰᠠᠭ ᠠᠷᠠᠳ ᠤᠨ ᠲᠥᠭᠦᠭᠡᠷᠤᠮᠵᠢ᠂  ᠠᠵᠤ ᠠᠬᠤᠶᠢᠯᠡᠯ ᠤᠨ ᠡᠯ᠎ᠠ ᠨᠢᠭᠡᠴᠨ᠂ ᠤᠯᠠᠭᠠᠢ ᠳᠤ ᠰᠠᠭᠤᠭ᠎ᠠ ᠡᠯ᠎ᠠ ᠨᠢᠭᠡᠴᠨ ᠶᠢᠨ ᠬᠠᠮᠢᠶᠠᠷᠤᠬᠴᠢ ᠪᠠ ᠨᠡᠶᠢᠭᠡᠮ ᠳᠠᠬᠢ ᠡᠯ᠎ᠠ ᠠᠵᠢᠯ ᠲᠥᠷᠤᠯ ᠤᠨ ᠲᠥᠯᠤᠭᠡᠯᠡᠭᠴᠢ 151 ᠬᠥᠮᠤᠨ ᠤᠷᠤᠯᠴᠠᠵᠠᠢ᠃
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号