ᠮᠠᠯᠴᠢᠨ ᠰᠤᠶᠤᠯᠴᠡᠴᠡᠭ ᠰᠢᠯᠢ ᠶᠢᠨ ᠬᠤᠳᠠ ᠳᠤ ᠠᠪᠠᠭ᠋ᠠᠨᠠᠷ ᠱᠠᠭ᠎ᠠ ᠰᠤᠶᠤᠯ ᠤᠨ ᠦᠷᠦᠭᠡ ᠪᠠᠶᠢᠭᠤᠯᠪᠠ
ᠨᠡᠶᠢᠲᠡᠯᠡᠭᠰᠡᠨ ᠴᠠᠭ᠄
2017/1/6
     ᠰᠢᠨ᠎ᠠ ᠨᠢᠭᠡ ᠵᠢᠯ ᠤᠨ ᠠᠩᠬᠠᠨ ᠤ ᠡᠳᠦᠷ᠂ ᠰᠢᠯᠢ ᠶᠢᠨ ᠬᠤᠳᠠ ᠶᠢᠨ ᠰᠢᠷᠠᠳᠠᠯ᠎ᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠴᠠᠬᠠᠷ ᠨᠡᠶᠢᠭᠡᠮ ᠲᠤᠭᠤᠷᠢᠭ ᠲᠤ᠂ ᠤᠯᠠᠨ ᠮᠠᠯᠴᠢᠳ ᠳᠡᠪᠡᠯ ᠲᠡᠷᠯᠢᠭ ᠢᠶᠠᠨ ᠡᠮᠦᠰᠦᠭᠡᠳ ᠪᠠᠶᠠᠷ ᠤᠨ ᠡᠳᠦᠷ ᠤᠨ ᠡᠮᠤᠰᠭᠡᠯ ᠵᠠᠰᠠᠯ ᠢᠶᠠᠷ ᠢᠶᠠᠨ ᠭᠤᠶᠤᠯᠠᠨ ᠬᠦᠯ ᠬᠦᠭᠡᠷᠴᠡᠭ ᠪᠤᠯᠴᠠᠭᠠᠨ᠎ᠠ᠃ ᠠᠳᠠ ᠦᠨᠦᠳᠦᠷ ᠰᠢᠯᠢ ᠶᠢᠨ ᠬᠤᠳᠠ ᠶᠢᠨ ᠪᠠᠶᠠᠨᠰᠢᠯᠢ ᠮᠠᠯᠵᠢᠯ ᠤᠨ ᠲᠠᠯᠠᠪᠠᠢ ᠶᠢᠨ ᠲᠤᠭᠤᠷᠢᠨᠳᠠᠯ᠎ᠠ ︵ᠲᠤᠭᠤᠷ ᠤᠨ ᠲᠠᠯ᠎ᠠ︶ ᠬᠤᠪᠢᠶᠠᠷᠢ ᠲᠠᠯᠠᠪᠠᠢ ᠶᠢᠨ ᠮᠠᠯᠴᠢᠨ ᠪᠦᠰᠡᠭᠦᠢ ᠰᠤᠶᠤᠯᠴᠡᠴᠡᠭ ᠤᠨ ᠰᠡᠳᠦᠨ ᠡᠷᠬᠢᠯᠡᠭᠰᠡᠨ ︽ᠠᠪᠠᠭ᠋ᠠᠨᠠᠷ ᠱᠠᠭ᠎ᠠ ᠰᠤᠶᠤᠯ ᠤᠨ ᠦᠷᠦᠭᠡ︾ ᠪᠠᠶᠢᠭᠤᠯᠤᠬᠳᠡᠬᠰᠡᠨ ᠶᠤᠰᠤᠯᠠᠯ ᠬᠦᠷ ᠬᠦᠭᠵᠢᠶᠡᠨ ᠲᠠᠢ ᠶᠠᠪᠤᠬᠳᠠᠬᠤ ᠶᠢᠨ ᠬᠠᠮᠳᠦ᠂ ᠮᠠᠯᠴᠢᠳ ᠲᠠᠭᠠᠨ ᠵᠤᠷᠢᠭᠤᠯᠤᠬᠰᠡᠨ ᠰᠢᠨ᠎ᠠ ᠤᠨ ᠢᠶᠠᠨ ᠤᠬᠳᠤᠬᠤ ᠱᠠᠭ᠎ᠠ ᠶᠢᠨ ᠤᠷᠤᠯᠳᠤᠭᠠᠨ ᠶᠠᠪᠤᠬᠳᠠᠵᠦ᠂ ᠮᠠᠯᠴᠢᠨ ᠲᠦᠮᠡᠨ ᠬᠤᠷᠠᠬᠰᠡᠨ ᠤᠯᠠᠨ ᠢᠶᠠᠨ ᠪᠠᠶᠠᠰᠬᠠᠯ᠎ᠠ᠃      ᠱᠠᠭ᠎ᠠ ᠰᠤᠶᠤᠯ ᠤᠨ ᠦᠷᠦᠭᠡᠨ ᠳᠤ ᠤᠷᠤᠬᠤ ᠳᠤ᠂ ᠭᠡᠷ ᠳᠦᠭᠦᠷᠡᠩ ᠬᠦᠮᠦᠰ ᠰᠢᠷᠡᠭᠡ ᠲᠤᠭᠤᠷᠢᠨ ᠰᠠᠭᠤᠯᠴᠠᠭᠠᠳ ᠱᠠᠭ᠎ᠠ ᠨᠠᠭᠠᠳᠤᠴᠠᠭᠠᠨ᠎ᠠ᠃ ᠬᠤᠶᠢᠳᠦ ᠬᠡᠷᠡᠮ ᠢᠶᠠᠨ ᠳᠠᠭᠠᠭᠠᠤᠯᠤᠨ ︽ᠠᠪᠠᠭ᠋ᠠᠨᠠᠷ ᠱᠠᠭ᠎ᠠ ᠰᠤᠶᠤᠯ ᠤᠨ ᠦᠷᠦᠭᠡ︾ ᠭᠡᠰᠡᠨ ᠫᠠᠶᠢᠰᠠ ᠢᠯᠡᠷᠬᠡᠶᠢᠯᠡᠯ ᠢᠶᠠᠨ ᠲᠠᠯᠪᠢᠵᠦ᠂ ᠰᠢᠯᠢᠨ ᠬᠤᠷᠭᠤ ᠳᠤ ᠰᠢᠯᠢᠩᠬᠤᠳᠠ ᠤᠷᠤᠨ ᠤ ᠮᠠᠯᠴᠢᠳ ᠤᠨ ᠬᠢᠭᠰᠡᠨ ᠦᠨᠳᠦᠰᠦᠳᠡᠨ ᠤ ᠤᠨᠴᠠᠯᠢᠭ ᠪᠦᠬᠦᠢ ᠢᠰᠡᠭᠡᠢ᠂ ᠮᠤᠳᠦ᠂ ᠶᠠᠰᠤ ᠪᠠᠷ ᠬᠢᠭᠰᠡᠨ ᠡᠯ᠎ᠠ ᠵᠦᠢᠯ ᠤᠨ ᠭᠠᠷ ᠤᠷᠠᠯᠠᠯ᠂ ᠨᠠᠭᠠᠳᠤᠮ᠂ ᠤᠶᠤᠨ ᠤ ᠲᠤᠬᠯᠠᠭᠠᠮ᠂ ᠱᠠᠭ᠎ᠠ ᠬᠢᠬᠦ ᠰᠠᠪᠠ᠂ ᠮᠤᠩᠭᠤᠯ ᠰᠢᠳᠠᠷ᠎ᠠ᠂ ᠪᠤᠭᠤ ᠶᠢᠨ ᠵᠢᠷᠭᠢᠭᠡ ᠶᠢᠨ ᠬᠦᠯᠭᠡ ᠶᠢ ᠦᠷᠦᠭᠰᠡᠨ ᠨᠢ ᠤᠨᠴᠠ ᠶᠢᠨ ᠭᠤᠶᠤ ᠬᠠᠷᠠᠬᠳᠠᠨ᠎ᠠ᠃ ︽ᠠᠪᠠᠭ᠋ᠠᠨᠠᠷ ᠱᠠᠭ᠎ᠠ ᠰᠤᠶᠤᠯ ᠤᠨ ᠦᠷᠦᠭᠡ︾᠎ ᠶᠢ ᠰᠡᠳᠦᠨ ᠪᠠᠶᠢᠭᠤᠯᠤᠬᠰᠡᠨ ᠵᠤᠷᠢᠯᠭ᠎ᠠ ᠶᠢᠨ ᠢᠶᠠᠨ ᠳᠤᠬᠠᠢ ᠰᠤᠶᠤᠯᠴᠡᠴᠡᠭ᠄ ︽ᠱᠠᠭ᠎ᠠ ᠨᠠᠭᠠᠳᠤᠮ ᠪᠣᠯ ᠮᠠᠨ ᠤ ᠮᠤᠩᠭᠤᠯᠴᠤᠳ ᠤᠨ ᠨᠡᠭᠦᠳᠡᠯ ᠮᠠᠯᠵᠢᠯ ᠤᠨ ᠠᠮᠢᠳᠤᠷᠠᠯ ᠠᠴᠠ ᠡᠭᠦᠰᠴᠦ ᠬᠦᠭᠵᠢᠨ ᠤᠯᠠᠮᠵᠢᠯᠠᠬᠳᠠᠵᠦ ᠢᠷᠡᠭᠰᠡᠨ ᠰᠤᠶᠤᠯ ᠤᠨ ᠳᠤᠲᠤᠷᠠᠬᠢ ᠨᠢᠭᠡᠨ ᠭᠠᠶᠢᠬᠠᠮᠰᠢᠭ ᠭᠡᠵᠦ ᠪᠢ ᠶᠡᠭᠡ ᠪᠠᠭ᠋ᠠᠷᠬᠠᠵᠦ ᠤᠮᠤᠬᠰᠢᠳᠠᠭ ᠶᠤᠮ ᠡ᠃ ᠭᠡᠳᠡᠯ᠎ᠠ ᠡᠨᠠ ᠰᠠᠶᠢᠬᠠᠨ ᠰᠤᠶᠤᠯ᠂ ᠨᠠᠭᠠᠳᠤᠮ ᠲᠤᠬᠯᠠᠭᠠᠮ ᠮᠢᠨᠢ ᠮᠠᠨ ᠤ ᠦᠶ᠎ᠠ ᠳᠤ ᠢᠷᠡᠬᠦ ᠳᠤ ᠬᠡᠳᠦᠬᠡᠨ ᠵᠦᠢᠯ ᠤᠨ ᠨᠠᠭᠠᠳᠤᠬᠤ ᠠᠷᠭ᠎ᠠ ᠦᠯᠡᠳᠡᠵᠡᠢ᠃ ᠡᠨᠠ ᠦᠯᠡᠳᠡᠪᠦᠷᠢ ᠨᠢ ᠪᠦᠷ ᠮᠠᠨ ᠤ ᠨᠠᠰᠤᠳᠠᠶᠢᠴᠤᠳ ᠤᠨ ᠤᠬᠠᠭᠠᠨ ᠰᠠᠨᠠᠭ᠎ᠠ᠂ ᠤᠭᠤᠷᠠᠭ ᠲᠠᠷᠢᠬᠢ᠂ ᠤᠷᠠᠨ ᠭᠠᠷ ᠲᠤ ᠪᠠᠶᠢᠨ᠎ᠠ᠃ ᠡᠭᠦᠨ ᠢ ᠪᠢᠳᠠ ᠦᠷ᠎ᠠ ᠬᠡᠤᠬᠡᠳ ᠲᠡᠭᠡᠨ ᠦᠪᠯᠡᠨ ᠤᠯᠠᠮᠵᠢᠯᠠᠵᠦ᠂ ᠳᠡᠯᠭᠡᠷᠡᠭᠦᠯᠵᠦ ᠬᠦᠭᠵᠢᠭᠦᠯᠬᠦ ᠡᠭᠦᠷᠭᠡ ᠬᠠᠷᠢᠭᠤᠴᠢᠯᠭ᠎ᠠ ᠲᠠᠢ᠃ ᠨᠠᠰᠤᠳᠠᠶᠢᠴᠤᠳ ᠨᠢ ᠮᠡᠳᠡᠨ᠎ᠠ᠂ ᠪᠠᠭᠠᠴᠤᠳ ᠨᠢ ᠰᠤᠷᠬᠤ ᠬᠦᠰᠡᠯ ᠲᠠᠢ᠂ ᠡᠨᠠ ᠡᠭᠦᠳᠡᠨ ᠠᠴᠠ ᠪᠢ ᠨᠠᠰᠤᠳᠠᠢ ᠨᠢᠯᠬ᠎ᠠ ᠶᠢ ᠲᠦᠷᠭᠡᠨ ᠠᠭᠤᠯᠵᠠᠭᠤᠯᠵᠦ᠂ ᠤᠰᠠᠳᠤᠮᠠᠷ ᠪᠠᠶᠢᠭ᠎ᠠ ᠮᠤᠩᠭᠤᠯ ᠨᠠᠭᠠᠳᠤᠮ ᠢᠶᠠᠨ ᠠᠪᠤᠷᠠᠨ ᠠᠪᠴᠦ ᠶᠠᠪᠤᠬᠤ ᠭᠠᠭᠴᠠ ᠯᠠ ᠵᠤᠷᠢᠯᠭ᠎ᠠ ᠪᠠᠷ᠂ ᠲᠤᠰ ᠦᠷᠦᠭᠡ ᠶᠢ ᠪᠠᠶᠢᠭᠤᠯᠬᠤ ᠪᠠᠷ ᠰᠢᠢᠳᠦᠭᠰᠡᠨ ᠰᠢᠤ᠃ ᠤᠳᠤᠬᠠᠨ ᠮᠠᠨ ᠤ ᠦᠷᠦᠭᠡᠨ ᠳᠡᠭᠡᠨ ᠱᠠᠭ᠎ᠠ ᠰᠤᠶᠤᠯ᠂ ᠮᠤᠩᠭᠤᠯᠴᠤᠳ ᠤᠨ ᠤᠯᠠᠮᠵᠢᠯᠠᠯᠳᠦ ᠨᠠᠭᠠᠳᠤᠮ ᠲᠤᠬᠯᠠᠭᠠᠮ ᠤᠨ ᠳᠤᠬᠠᠢ ᠮᠡᠳᠡᠯᠭᠡ ᠳᠤᠷᠰᠢᠯᠭ᠎ᠠ ᠦᠯᠡᠮᠵᠢ᠂ ᠠᠵᠢᠯ ᠠᠴᠠ ᠪᠠᠨ ᠠᠮᠠᠷᠠᠬᠰᠡᠨ ᠠᠬᠠᠮᠠᠳ ᠪᠠᠭᠰᠢ ᠪᠠ ᠨᠠᠰᠤᠳᠠᠢ ᠲᠤᠮᠤᠭᠠᠳᠠᠢ ᠮᠠᠯᠴᠢᠨ ᠢᠶᠠᠷ ᠪᠦᠷᠢᠯᠳᠦᠭᠰᠡᠨ ᠳᠤᠯᠤᠭᠠᠨ ᠰᠠᠶᠢᠨ ᠳᠤᠷ᠎ᠠ ᠶᠢᠨ ᠵᠦᠪᠯᠡᠭᠴᠢ ᠶᠢ ᠤᠷᠢᠨ ᠠᠵᠢᠯᠯᠠᠭᠤᠯᠵᠦ ᠪᠠᠶᠢᠨ᠎ᠠ︾ ᠭᠡᠯ᠎ᠠ᠃ᠡᠨᠠ ᠤᠳᠠᠭᠠᠨ ᠤ ᠱᠠᠭ᠎ᠠ ᠨᠢᠰᠯᠠᠬᠤ ᠤᠷᠤᠯᠳᠤᠭᠠᠨ ᠳᠤ᠂ ᠰᠢᠯᠢ ᠶᠢᠨ ᠬᠤᠳᠠ ᠶᠢᠨ ᠡᠯ᠎ᠠ ᠰᠤᠮᠤ᠂ ᠪᠠᠯᠭᠠᠰᠦ᠂ ᠮᠠᠯᠵᠢᠯ ᠤᠨ ᠲᠠᠯᠠᠪᠠᠢ ᠠᠴᠠ ᠢᠷᠡᠭᠰᠡᠨ 120 ᠮᠠᠯᠴᠢᠨ ᠤᠷᠤᠯᠴᠠᠵᠦ᠂ ᠠᠩᠬᠠᠨ ᠤ ᠤᠷᠤᠯᠳᠤᠭᠠᠨ᠂ ᠰᠢᠢᠳᠪᠦᠷᠢᠳᠦ ᠤᠷᠤᠯᠳᠤᠭᠠᠨ ᠤ ᠬᠤᠷᠴᠠ ᠰᠢᠷᠦᠭᠦᠨ ᠦᠷᠦᠰᠦᠯᠳᠦᠭᠡᠨ ᠢᠶᠠᠷ ᠳᠠᠮᠵᠢᠭᠠᠳ᠂ ᠪᠤᠯᠭᠠᠨ ᠰᠤᠮᠤᠨ ᠤ ᠪᠠᠶᠠᠨᠨᠠᠭᠤᠷ ᠭᠠᠴᠠᠭᠠᠨ ᠤ ᠳᠤᠯᠭᠠᠷᠰᠦ᠋ᠷᠦᠩ ᠲᠡᠷᠢᠭᠦᠯᠵᠦ᠂ ᠪᠠᠶᠠᠨᠰᠢᠯᠢ ᠮᠠᠯᠵᠢᠯ ᠤᠨ ᠲᠠᠯᠠᠪᠠᠢ ᠶᠢᠨ ᠲᠤᠭᠤᠷᠢᠨᠳᠠᠯ᠎ᠠ ᠬᠤᠪᠢᠶᠠᠷᠢ ᠲᠠᠯᠠᠪᠠᠢ ᠶᠢᠨ ᠭᠠᠩᠰᠦ᠋ᠬᠡ᠂ ᠭᠡᠷᠡᠯᠳᠦ ᠬᠤᠶᠠᠷ ᠳᠡᠳ᠋ᠯᠡᠵᠦ᠂ ᠭᠤᠷᠪᠠᠳᠤᠭᠠᠷ ᠨᠡᠷ᠎ᠠ ᠳᠤ ᠪᠦᠷ ᠪᠤᠯᠭᠠᠨ ᠰᠤᠮᠤᠨ ᠤ ᠮᠠᠯᠴᠢᠳ ᠵᠢᠬᠰᠠᠵᠦ᠂ ᠲᠤᠰ ᠲᠤᠰ ᠪᠠᠶᠠᠨᠳᠡᠯᠭᠡᠷ ᠭᠠᠴᠠᠭᠠᠨ ᠤ ᠴᠡᠴᠡᠭ᠂ ᠪᠠᠶ᠋ᠬᠤᠢᠨᠳᠦᠷ ᠭᠠᠴᠠᠭᠠᠨ ᠤ ᠰᠠᠷᠠᠠᠭᠡᠷᠡᠯ᠂ ᠡᠷᠳᠡᠨᠢᠳᠠᠯ᠎ᠠ ᠭᠠᠴᠠᠭᠠᠨ ᠤ ᠮᠡᠷᠭᠡᠨᠪᠠᠭᠠᠳᠤᠷ ᠤᠷᠤᠬᠰᠡᠨ ᠪᠠᠶᠢᠨ᠎ᠠ᠃ ᠱᠠᠭ᠎ᠠ ᠰᠤᠶᠤᠯ ᠤᠨ ᠦᠷᠦᠭᠡᠨ ᠤ ᠵᠦᠪᠯᠡᠯ ᠠᠴᠠ ᠤᠷᠤᠯᠴᠠᠬᠰᠡᠨ ᠪᠦᠬᠦ ᠮᠠᠯᠴᠢᠳ ᠲᠠᠭᠠᠨ ᠪᠦᠷ ᠨᠢᠭᠡ ᠨᠢᠭᠡ ᠨᠤᠮ ᠤᠨ ᠪᠡᠯᠡᠭ ᠭᠠᠷᠳᠠᠭᠤᠯᠵᠠᠢ᠃       ︽ᠠᠪᠠᠭ᠋ᠠᠨᠠᠷ ᠱᠠᠭ᠎ᠠ ᠰᠤᠶᠤᠯ ᠤᠨ ᠦᠷᠦᠭᠡ︾᠎ ᠶᠢ ᠪᠠᠶᠢᠭᠤᠯᠬᠤ ᠪᠠ ᠡᠨᠠ ᠤᠳᠠᠭᠠᠨ ᠤ ᠱᠠᠭ᠎ᠠ ᠶᠢᠨ ᠤᠷᠤᠯᠳᠤᠭᠠᠨ ᠢ ᠡᠷᠬᠢᠯᠡᠨ ᠶᠠᠪᠤᠬᠳᠠᠭᠤᠯᠬᠤ ᠳᠤ᠂ ᠰᠢᠯᠢ ᠶᠢᠨ ᠬᠤᠳᠠ ᠶᠢᠨ ᠦᠨᠳᠦᠰᠦᠳᠡᠨ ᠱᠠᠰᠢᠨ ᠰᠤᠷᠳᠠᠬᠤᠨ ᠤ ᠬᠡᠷᠡᠭ ᠡᠷᠬᠢᠯᠡᠬᠦ ᠳᠤᠪᠴᠢᠶ᠎ᠠ᠂ ᠰᠢᠯᠢ ᠶᠢᠨ ᠬᠤᠳᠠ ᠶᠢᠨ ᠰᠢᠷᠠᠳᠠᠯ᠎ᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠤᠯᠤᠨ ᠴᠠᠬᠠᠷ ᠨᠡᠶᠢᠭᠡᠮ ᠲᠤᠭᠤᠷᠢᠭ ᠤᠨ ᠤᠳᠤᠷᠢᠳᠤᠯᠭ᠎ᠠ᠂ ᠪᠦᠬᠦ ᠤᠷᠤᠨ ᠤ ᠬᠤᠳᠠ ᠶᠢᠨ ᠦᠨᠳᠦᠰᠦᠳᠡᠨ ᠤ ᠠᠵᠢᠯ ᠤᠨ ᠬᠤᠷᠠᠯ ᠤᠨ ︽ᠦᠨᠳᠦᠰᠦᠳᠡᠨ ᠤ ᠰᠤᠶᠤᠯ ᠢ ᠨᠡᠶᠢᠭᠡᠮ ᠲᠤᠭᠤᠷᠢᠭ ᠲᠤ ᠤᠷᠤᠭᠤᠯᠬᠤ︾ ᠵᠤᠷᠢᠭ ᠰᠠᠨᠠᠭ᠎ᠠ ᠶᠢ ᠲᠤᠤᠱᠠᠯᠠᠭᠤᠯᠤᠨ ᠨᠠᠶᠢᠳᠠᠪᠦᠷᠢᠵᠢᠭᠤᠯᠵᠦ᠂ ᠤᠯᠠᠨ ᠲᠦᠮᠡᠨ ᠤ ᠰᠤᠶᠤᠯ ᠲᠠᠮᠢᠷ ᠤᠷᠠᠯᠢᠭ ᠤᠨ ᠠᠮᠢᠳᠤᠷᠠᠯ ᠢ ᠪᠠᠶᠠᠯᠢᠬᠵᠢᠭᠤᠯᠬᠤ ᠡᠭᠦᠳᠡᠨ ᠠᠴᠠ᠂ ᠦᠨ᠎ᠠ ᠲᠦᠯᠦᠪᠦᠷᠢ ᠦᠭᠡᠢ ᠦᠷᠦᠭᠡᠨ ᠤ ᠭᠡᠷ᠂ ᠤᠷᠤᠯᠳᠤᠭᠠᠨ ᠤ ᠲᠠᠯᠠᠪᠤᠷ ᠬᠠᠩᠭᠠᠬᠤ ᠪᠠ ᠡᠳ᠋ ᠪᠤᠳᠠᠰ᠂ ᠮᠦᠩᠭᠦ ᠲᠦᠭᠦᠷᠢᠭ ᠬᠠᠨᠳᠢᠪᠯᠠᠬᠤ ᠵᠡᠷᠭᠡ ᠤᠯᠠᠨ ᠲᠠᠯ᠎ᠠ ᠶᠢᠨ ᠳᠡᠮᠵᠢᠯᠭᠡ ᠦᠵᠡᠭᠦᠯᠵᠠᠢ᠃ ︽ᠤᠯᠠᠨ ᠤ ᠬᠦᠴᠦᠨ ᠳᠤ ᠤᠪᠤᠭ᠎ᠠ ᠪᠤᠰᠤᠨ᠎ᠠ︾ ᠭᠡᠳᠡᠭ ᠢᠶᠠᠷ᠂ ᠦᠷᠦᠭᠡ ᠰᠡᠬᠦᠬᠦ ᠶᠤᠰᠤᠯᠠᠯ ᠤᠨ ᠲᠠᠯᠠᠪᠠᠢ ᠳᠤ ᠤᠯᠠᠨ ᠮᠠᠯᠴᠢᠳ᠂ ᠬᠤᠨᠢᠨ ᠱᠠᠭ᠎ᠠ᠂ ᠵᠡᠭᠡᠷ᠎ᠠ ᠶᠢᠨ ᠱᠠᠭ᠎ᠠ ᠪᠠ ᠭᠤᠶᠤ ᠰᠠᠶᠢᠬᠠᠨ ᠤᠷᠠᠯᠠᠵᠦ ᠬᠢᠭᠰᠡᠨ ᠱᠠᠭ᠎ᠠ ᠶᠢᠨ ᠤᠭᠤᠳᠠ ᠵᠡᠷᠭᠡ ᠪᠠᠨ ᠬᠠᠨᠳᠢᠪᠯᠠᠵᠦ᠂ ᠪᠠᠰᠠ ᠮᠦᠩᠭᠦ ᠲᠦᠭᠦᠷᠢᠭ ᠴᠦ ᠬᠠᠨᠳᠢᠪᠯᠠᠵᠦ᠂ ᠡᠨᠡᠬᠦ ︽ᠬᠤᠳᠠ ᠤᠷᠤᠬᠰᠡᠨ︾ ᠤᠯᠠᠮᠵᠢᠯᠠᠯᠳᠦ ᠰᠤᠶᠤᠯ ᠲᠤᠬᠯᠠᠭᠠᠮ ᠤᠨ ᠦᠷᠦᠭᠡ ᠪᠠᠨ ᠤᠷᠮ᠎ᠠ ᠪᠠᠷ᠂ ᠪᠤᠷᠠᠮ ᠢᠶᠠᠷ ᠳᠡᠳᠭᠦᠨ ᠳᠡᠮᠵᠢᠵᠦ᠂ ᠬᠠᠯᠠᠭᠤᠨ ᠢᠶᠠᠷ ᠤᠬᠳᠤᠨ ᠬᠦᠷᠢᠶᠡᠯᠡᠵᠦ ᠪᠠᠶᠢᠭ᠎ᠠ ᠰᠡᠳᠬᠢᠯᠭᠡ ᠪᠠᠨ ᠢᠯᠡᠳᠭᠡᠵᠦ ᠪᠠᠶᠢᠯ᠎ᠠ᠃       ᠱᠠᠭ᠎ᠠ ᠰᠤᠶᠤᠯ ᠤᠨ ᠦᠷᠦᠭᠡ ᠶᠢᠨ ᠢᠶᠠᠨ ᠬᠤᠶᠢᠰᠢᠳᠠ ᠶᠢᠨ ᠠᠵᠢᠯ ᠤᠨ ᠲᠠᠯ᠎ᠠ ᠪᠠᠷ ᠰᠤᠶᠤᠯᠴᠡᠴᠡᠭ᠄ ︽ᠨᠠᠮ ᠵᠠᠰᠠᠭ ᠤᠨ ᠢᠶᠠᠨ ᠬᠠᠶᠢᠷ᠎ᠠ ᠬᠠᠯᠠᠮᠵᠢ᠂ ᠮᠠᠯᠴᠢᠨ ᠲᠦᠮᠡᠨ ᠤ ᠪᠠᠨ ᠳᠡᠮᠵᠢᠯᠭᠡ ᠪᠠᠷ᠂ ᠡᠨᠡᠬᠦ ᠦᠷᠦᠭᠡ ᠮᠢᠨᠢ ᠦᠨᠦᠳᠦᠷ ᠡᠭᠦᠳᠠ ᠪᠠᠨ ᠨᠡᠭᠡᠭᠡᠵᠦ ᠡᠷᠤᠬᠡ ᠪᠠᠨ ᠰᠡᠬᠦᠯ᠎ᠠ᠃ ᠬᠤᠶᠢᠰᠢᠳᠠ ᠪᠢᠳᠠ ᠮᠤᠩᠭᠤᠯ ᠨᠠᠭᠠᠳᠤᠮ ᠲᠤᠬᠯᠠᠭᠠᠮ ᠤᠨ ᠵᠦᠢᠯᠡᠰ ᠢ ᠢᠯᠡᠭᠦᠬᠡᠨ ᠠᠰᠠᠭᠤᠨ ᠰᠤᠷᠠᠵᠦ᠂ ᠡᠮᠬᠢᠳᠭᠡᠨ ᠴᠤᠬᠯᠠᠭᠤᠯᠵᠦ᠂ ᠱᠠᠭ᠎ᠠ ᠰᠤᠶᠤᠯ ᠤᠨ ᠮᠡᠷᠭᠡᠵᠢᠯᠳᠡᠨ ᠡᠷᠳᠡᠮᠳᠡᠨ ᠪᠠ ᠠᠬᠠᠮᠠᠳ ᠬᠦᠮᠦᠰ ᠢ ᠵᠠᠯᠠᠵᠦ᠂ ᠬᠡᠤᠬᠡᠳ ᠳᠡᠭᠦᠨᠡᠷ ᠲᠡᠭᠡᠨ ᠦᠨ᠎ᠠ ᠲᠦᠯᠦᠪᠦᠷᠢ ᠦᠭᠡᠢ ᠵᠢᠭᠠᠨ ᠰᠤᠷᠭᠠᠯᠳᠠ᠂ ᠬᠢᠴᠢᠶᠡᠯ ᠲᠠᠶᠢᠯᠤᠮᠵᠢ ᠬᠢᠯᠭᠡᠨ᠎ᠠ᠃ ᠡᠩ ᠤᠨ ᠦᠶ᠎ᠠ ᠪᠤᠶᠤ ᠪᠠᠶᠠᠷ ᠳᠤᠷᠠᠰᠬᠠᠯ ᠤᠨ ᠡᠳᠦᠷ ᠲᠤ ᠦᠷᠭᠦᠯᠵᠢ ᠶᠢᠨ ᠴᠢᠨᠠᠷ ᠲᠠᠢ ᠱᠠᠭ᠎ᠠ ᠰᠤᠶᠤᠯ ᠤᠨ ᠦᠵᠡᠭᠦᠯᠭᠡ ᠶᠢᠨ ᠲᠤᠬᠯᠠᠭᠠᠮ ᠪᠠ ᠤᠷᠤᠯᠳᠤᠭᠠᠨ ᠢ ᠡᠷᠬᠢᠯᠡᠨ ᠶᠠᠪᠤᠬᠳᠠᠭᠤᠯᠤᠨ᠎ᠠ᠃ ᠱᠠᠭ᠎ᠠ ᠰᠤᠶᠤᠯ ᠤᠨ ᠦᠵᠡᠭᠦᠯᠭᠡ ᠪᠠᠨ ᠴᠢᠨᠠᠬᠰᠢᠳᠠ ᠦᠷᠭᠡᠳᠭᠡᠨ᠂ ᠠᠪᠠᠭ᠋ᠠᠨᠠᠷ ᠱᠠᠭ᠎ᠠ ᠨᠠᠭᠠᠳᠬᠤ ᠳᠦᠷᠢᠮ ᠭᠤᠷᠢᠮ ᠢ ᠳᠦᠷᠢᠮᠵᠢᠭᠦᠯᠦᠨ᠂ ᠵᠠᠯᠠᠭᠤ ᠪᠠᠭᠠᠴᠤᠳ ᠲᠠᠭᠠᠨ ᠱᠠᠭ᠎ᠠ ᠨᠢᠰᠯᠠᠬᠤ᠂ ᠬᠠᠯᠵᠠ ᠬᠠᠷᠪᠤᠬᠤ᠂ ᠰᠡᠮᠪᠡᠭ ᠠᠪᠬᠤ ᠱᠠᠭ᠎ᠠ ᠲᠤᠬᠯᠠᠭᠠᠮ᠂ ᠲᠠᠮᠤ ᠶᠢᠨ ᠴᠤᠤᠵᠢ ᠨᠡᠭᠡᠭᠡᠭᠦ᠂ ᠶᠢᠰᠦᠨ ᠭᠠᠷᠬ᠎ᠠ ᠬᠦᠯᠵᠦ ᠪᠠᠭᠤᠯᠭᠠᠬᠤ ︵ᠶᠢᠰᠦᠨ ᠳᠠᠪᠠᠭ᠎ᠠ︶ ᠵᠡᠷᠭᠡ ᠤᠶᠤᠨ ᠤ ᠲᠤᠬᠯᠠᠭᠠᠮ ᠪᠠ ᠮᠤᠩᠭᠤᠯ ᠰᠢᠳᠠᠷ᠎ᠠ ᠪᠤᠯᠤᠨ ᠪᠤᠭᠤ ᠶᠢᠨ ᠵᠢᠷᠭᠢᠭᠡ ᠵᠡᠷᠭᠡ ᠤᠯᠠᠮᠵᠢᠯᠠᠯᠳᠦ ᠨᠠᠭᠠᠳᠤᠮ ᠲᠤᠬᠯᠠᠭᠠᠮ ᠤᠨ ᠵᠦᠢᠯ ᠢ ᠤᠯᠠᠮᠵᠢᠯᠠᠨ ᠵᠢᠭᠠᠬᠤ ᠪᠠᠷ ᠪᠠᠶᠢᠭ᠎ᠠ ᠶᠤᠮ᠃︾ ᠭᠡᠵᠦ ᠬᠤᠶᠢᠰᠢᠳᠠ ᠶᠢᠨ ᠠᠵᠢᠯ ᠤᠨ ᠲᠦᠯᠦᠪᠯᠡᠭᠡ ᠪᠠᠨ ᠶᠠᠷᠢᠵᠦ ᠭᠠᠷᠤᠯ᠎ᠠ᠃       ︽ᠠᠪᠠᠭ᠋ᠠᠨᠠᠷ ᠱᠠᠭ᠎ᠠ ᠰᠤᠶᠤᠯ ᠤᠨ ᠦᠷᠦᠭᠡ︾ ᠪᠠᠶᠢᠭᠤᠯᠤᠬᠳᠡᠬᠰᠡᠨ ᠨᠢ ᠰᠢᠯᠢ ᠶᠢᠨ ᠬᠤᠳᠠ ᠤᠷᠤᠨ ᠤ ᠬᠤᠳᠠ ᠬᠦᠳᠡᠭᠡ ᠶᠢᠨ ᠠᠷᠠᠳ ᠤᠨ ᠰᠤᠶᠤᠯ ᠤᠷᠠᠯᠢᠭ ᠤᠨ ᠠᠮᠢᠳᠤᠷᠠᠯ ᠢ ᠪᠠᠶᠠᠯᠢᠬᠵᠢᠭᠤᠯᠵᠦ᠂ ᠤᠯᠠᠮᠵᠢᠯᠠᠯᠳᠦ ᠨᠠᠭᠠᠳᠤᠮ ᠲᠤᠬᠯᠠᠭᠠᠮ ᠢᠶᠠᠨ ᠦᠪᠯᠡᠨ ᠤᠯᠠᠮᠵᠢᠯᠠᠬᠤ ᠳᠤ ᠶᠡᠬᠡᠬᠡᠨ ᠠᠴᠢ ᠬᠤᠯᠪᠤᠬᠳᠠᠯ ᠲᠠᠢ ᠶᠠᠪᠤᠳᠠᠯ ᠪᠤᠯᠤᠨ᠎ᠠ᠃
 
ᠢᠷᠡᠯᠲᠡ᠄ ᠲᠦᠪ ᠤᠨ ᠲᠧᠯᠸᠢᠰ ᠬᠤᠷᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号