ᠪᠠᠶᠠᠨᠬᠤᠰᠢᠭᠤ ᠪᠠᠯᠭᠠᠰᠣᠨ ᠤ ᠭᠠᠴᠠᠭ᠎ᠠ ᠲᠣᠰᠬᠤᠨ ᠤ ᠶᠠᠳᠠᠭᠤ ᠬᠦᠴᠢᠷᠳᠡᠢ ᠠᠶᠢᠯ ᠦᠪᠦᠷ ᠮᠣᠩᠭᠤᠯ ᠤᠨ ᠣᠣ ᠺᠧ ᠰᠧ ᠮᠠᠯᠵᠢᠯ ᠤᠨ ᠬᠢᠵᠠᠭᠠᠷᠳᠣ ᠺᠣᠮᠫᠠᠨᠢ ᠯᠤᠭ᠎ᠠ ᠬᠠᠮᠳᠣᠷᠠᠨ ᠠᠵᠢᠯᠯᠠᠬᠤ ᠰᠠᠨᠠᠯ ᠲᠣᠬᠢᠷᠠᠯᠴᠠᠪᠠ
ᠨᠡᠶᠢᠲᠡᠯᠡᠭᠰᠡᠨ ᠴᠠᠭ᠄
2017-11-21
    2017 ᠣᠨ ᠤ ᠬᠠᠮᠢᠶᠠᠷᠣᠯᠳᠠ ᠶᠢᠨ ᠣᠷᠣᠨ ᠤ ᠶᠠᠳᠠᠭᠤ ᠶᠢ ᠲᠡᠳᠬᠦᠬᠦ ᠠᠵᠢᠯ ᠤᠨ ᠲᠣᠬᠢᠷᠠᠭᠤᠯᠭ᠎ᠠ ᠶᠢ ᠦᠨᠳᠦᠰᠦᠯᠡᠬᠦ ᠶᠢᠨ ᠬᠠᠮᠳᠣ ︽ᠣᠯᠠᠭᠠᠢ ᠬᠠᠮᠢᠶᠠᠷᠣᠯᠳᠠ ᠶᠢᠨ ᠣᠷᠣᠨ ᠤ 2016 ᠣᠨ ᠤ ᠶᠠᠳᠠᠭᠤ ᠶᠢ ᠲᠡᠳᠭᠦᠬᠦ ᠲᠣᠰᠬᠠᠢ ᠪᠡᠯᠡ ᠮᠦᠩᠬᠦ ᠶᠢ ᠬᠡᠷᠡᠭᠵᠢᠬᠦᠯᠬᠦ ᠲᠦᠯᠦᠪᠯᠡᠭᠡ︾᠎ ᠶᠢᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠪᠠᠷ ᠪᠠᠶᠠᠨᠬᠤᠰᠢᠭᠤ ᠪᠠᠯᠭᠠᠰᠣᠨ ᠤ 2017 ᠣᠨ ᠳᠤ ᠦᠨᠡᠯᠡᠨ ᠲᠣᠭᠳᠠᠭᠠᠭᠰᠠᠨ 8 ᠡᠷᠦᠬᠡ ᠲᠣᠣᠷ᠎ᠠ ᠪᠠᠳᠣᠯᠭᠠᠳᠣ ᠶᠠᠳᠠᠭᠤ ᠪᠠᠷ ᠲᠡᠳᠬᠦᠭᠳᠡᠭᠰᠡᠨ ᠡᠷᠦᠬᠡ ᠦᠪᠦᠷ ᠮᠣᠩᠭᠤᠯ ᠤᠨ ᠣᠣ ᠺᠧ ᠰᠧ ᠮᠠᠯᠵᠢᠯ ᠤᠨ ᠬᠢᠵᠠᠭᠠᠷᠳᠣ ᠺᠣᠮᠫᠠᠨᠢ ᠎ ᠯᠤᠭ᠎ᠠ ᠬᠠᠮᠳᠣᠷᠠᠨ ᠠᠵᠢᠯᠯᠠᠬᠤ ᠰᠠᠨᠠᠯ ᠲᠣᠬᠢᠷᠠᠯᠴᠠᠵᠦ᠂ ᠪᠠᠶᠠᠨᠬᠤᠰᠢᠭᠤ ᠪᠠᠯᠭᠠᠰᠣ ᠬᠠᠮᠢᠶᠠᠷᠣᠯᠳᠠ ᠶᠢᠨ ᠣᠷᠣᠨ ᠤ ᠶᠠᠳᠠᠭᠤ ᠶᠢ ᠲᠡᠳᠬᠦᠬᠦ ᠠᠯᠪᠠᠨ ᠭᠡᠷ ᠲᠠᠢ ᠬᠠᠮᠳᠣ ᠬᠡᠷ᠎ᠡ ᠪᠠᠶᠢᠭᠤᠯᠬᠤ ᠶᠣᠰᠣᠯᠠᠯ ᠢ ᠵᠣᠬᠢᠶᠠᠨ ᠪᠠᠶᠢᠭᠤᠯᠪᠠ᠃ ᠲᠣᠰ ᠣᠳᠠᠭᠠᠨ ᠤ ᠶᠣᠰᠣᠯᠠᠯ ᠲᠡᠭᠡᠷ᠎ᠡ 8 ᠲᠣᠣᠷ᠎ᠠ ᠪᠠᠳᠣᠯᠭᠠᠳᠣ ᠡᠷᠦᠬᠡ ᠦᠪᠦᠷ ᠮᠣᠩᠭᠤᠯ ᠤᠨ ᠣᠣ ᠺᠧ ᠰᠧ ᠮᠠᠯᠵᠢᠯ ᠎ ᠤᠨ ᠬᠢᠵᠠᠭᠠᠷᠳᠣ ᠺᠣᠮᠫᠠᠨᠢ ᠠᠴᠠ ᠨᠡᠶᠢᠳᠡ 16 ᠴᠣᠯᠣ ᠡᠬᠦᠯᠳᠡᠷ ᠤᠨ ᠦᠨᠢᠶ᠎ᠡ ᠬᠤᠳᠠᠯᠳᠣᠨ ᠠᠪᠴᠣ᠂ ︽ᠦᠨᠢᠶ᠎ᠡ ᠬᠤᠳᠠᠯᠳᠣᠨ ᠠᠪᠬᠤ ᠬᠡᠷ᠎ᠡ︾ 8 ᠬᠤᠪᠢ ᠪᠠᠶᠢᠭᠤᠯᠬᠤ ᠶᠢᠨ ᠬᠠᠮᠳᠣ ᠬᠤᠳᠠᠯᠳᠣᠨ ᠠᠪᠣᠭᠰᠠᠨ ᠴᠣᠯᠣ ᠡᠬᠦᠯᠳᠡᠷ ᠤᠨ ᠦᠨᠢᠶ᠎ᠡ ᠶᠢ ᠦᠪᠦᠷ ᠮᠣᠩᠭᠤᠯ ᠤᠨ ᠣᠣ ᠺᠧ ᠰᠧ ᠮᠠᠯᠵᠢᠯ ᠤᠨ ᠬᠢᠵᠠᠭᠠᠷᠳᠣ ᠺᠣᠮᠫᠠᠨᠢ ᠳᠤ ᠲᠠᠭᠠᠭᠠᠴᠢᠯᠠᠭᠤᠯᠣᠨ ᠦᠭᠴᠦ ᠠᠷᠴᠢᠯᠠᠭᠤᠯᠬᠤ ᠰᠠᠨᠠᠯ ᠨᠢᠬᠡᠳᠴᠦ᠂ 8 ᠬᠤᠪᠢ ︽ᠦᠷᠡᠵᠢᠯ ᠤᠨ ᠦᠨᠢᠶ᠎ᠡ ᠲᠠᠭᠠᠭᠠᠴᠢᠯᠠᠬᠤ ᠬᠡᠷ᠎ᠡ︾   ᠪᠠᠶᠢᠭᠤᠯᠣᠨ᠂ ᠠᠵᠦ ᠠᠬᠤᠶᠢᠯᠠᠯ ᠠᠴᠠ ᠭᠡᠷ᠎ᠡ ᠶᠢᠨ ᠶᠣᠰᠣᠭᠠᠷ ᠲᠣᠣᠷ᠎ᠠ ᠪᠠᠳᠣᠯᠭᠠᠳᠣ ᠶᠠᠳᠠᠭᠤ ᠡᠷᠦᠬᠡ ᠳᠤ ᠲᠠᠭᠠᠭᠠᠴᠢᠯᠠᠭᠰᠠᠨ ᠰᠦᠢᠳᠬᠡᠯ ᠦᠭᠴᠦ᠂ ᠲᠣᠣᠷ᠎ᠠ ᠪᠠᠳᠣᠯᠭᠠᠳᠣ ᠶᠠᠳᠠᠭᠤ ᠡᠷᠦᠬᠡ ᠶᠢᠨ ᠣᠷᠣᠯᠭ᠎ᠠ ᠶᠢ ᠲᠠᠰᠣᠷᠠᠯᠳᠠ ᠦᠬᠡᠢ ᠲᠡᠭᠡᠭᠰᠢᠯᠡᠬᠦᠯᠪᠡ᠃ ᠪᠠᠶᠠᠨᠬᠤᠰᠢᠭᠤ ᠪᠠᠯᠭᠠᠰᠣ ᠬᠠᠮᠢᠶᠠᠷᠣᠯᠳᠠ ᠶᠢᠨ ᠣᠷᠣᠨ ᠤ ᠶᠠᠳᠠᠭᠤ ᠶᠢ ᠲᠡᠳᠬᠦᠬᠦ ᠠᠯᠪᠠᠨ ᠭᠡᠷ ᠵᠢᠴᠢ ᠪᠣᠰᠣᠳ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠳᠣᠷᠠᠨ ᠬᠤᠳᠠᠯᠳᠣᠨ ᠠᠪᠣᠭᠰᠠᠨ ᠦᠨᠢᠶ᠎ᠡ ᠶᠢ ᠰᠢᠯᠭᠠᠨ ᠪᠠᠶᠢᠴᠠᠭᠠᠵᠦ᠂ ᠶᠠᠳᠠᠭᠤ ᠪᠠᠷ ᠲᠡᠳᠬᠦᠭᠳᠡᠭᠰᠡᠨ ᠡᠷᠦᠬᠡ ᠳᠤ ᠲᠦᠰᠦᠯ ᠤᠨ ᠨᠦᠬᠦᠪᠦᠷᠢ ᠮᠦᠩᠬᠦ ᠶᠢ ᠭᠤᠶᠣᠴᠢᠯᠠᠨ ᠦᠭᠴᠦ᠂ ᠶᠠᠳᠠᠭᠤ ᠶᠢ ᠣᠨᠣᠪᠴᠢᠳᠠᠢ ᠲᠡᠳᠬᠦᠵᠦ ᠬᠠᠪᠰᠣᠷᠬᠤ ᠠᠵᠢᠯ ᠢ ᠰᠠᠭᠤᠷᠢᠯᠢᠭ ᠬᠢᠵᠦ ᠪᠣᠢ᠃
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号