ᠬᠠᠮᠢᠶᠠᠷᠤᠯᠳᠠ ᠶᠢᠨ ᠣᠷᠣᠨ ᠤ ᠨᠠᠮᠣᠷ ᠤᠨ ᠣᠯᠠᠷᠢᠯ ᠤᠨ ᠮᠠᠯ ᠤᠨ ᠬᠢᠵᠢᠭ ᠢ ᠰᠡᠷᠬᠡᠶᠢᠯᠡᠬᠦ ᠠᠵᠢᠯ ᠦᠨᠳᠦᠰᠦᠨ ᠳᠡᠭᠡᠨ ᠲᠠᠭᠤᠰᠪᠠ
ᠨᠡᠶᠢᠲᠡᠯᠡᠭᠰᠡᠨ ᠴᠠᠭ᠄
2017-11-21
      ᠨᠠᠮᠣᠷ ᠤᠨ ᠣᠯᠠᠷᠢᠯ ᠪᠣᠯ ᠮᠠᠯ ᠤᠨ ᠬᠢᠵᠢᠭ ᠡᠪᠡᠳᠴᠢᠨ ᠶᠡᠬᠡᠪᠡᠷ ᠲᠡᠯᠬᠡᠷᠡᠬᠦ ᠴᠠᠭ ᠣᠯᠠᠷᠢᠯ᠂ ᠬᠠᠮᠢᠶᠠᠷᠣᠯᠳᠠ ᠎ ᠶᠢᠨ ᠣᠷᠣᠨ ᠳᠤ ᠬᠦᠨᠳᠣ ᠶᠡᠭᠡ ᠮᠠᠯ ᠤᠨ ᠬᠢᠵᠢᠭ ᠡᠪᠡᠳᠴᠢᠨ ᠲᠡᠯᠬᠡᠷᠡᠬᠦ ᠶᠢ ᠰᠡᠷᠬᠡᠶᠢᠯᠡᠬᠦ ᠶᠢᠨ ᠲᠦᠯᠦᠬᠡ᠂ 9 ᠰᠠᠷ᠎ᠠ ᠶᠢᠨ 22 ᠡᠳᠣᠷ ᠬᠠᠮᠢᠶᠠᠷᠣᠯᠳᠠ ᠶᠢᠨ ᠣᠷᠣᠨ ᠤ ᠮᠠᠯ ᠤᠨ ᠡᠮᠨᠡᠯᠬᠡ ᠶᠢᠨ ᠲᠣᠪᠴᠢᠶ᠎ᠠ ᠠᠴᠠ ᠠᠮᠢᠳᠠᠨ ᠤ ᠬᠢᠵᠢᠭ ᠢ ᠰᠡᠷᠬᠡᠶᠢᠯᠡᠨ ᠡᠵᠡᠮᠳᠡᠬᠦ ᠲᠦᠪ᠂ ᠭᠤᠷᠪᠠᠨ ᠲᠠᠯᠠᠪᠠᠢ ᠪᠠᠶᠠᠨᠬᠤᠰᠢᠭᠤ ᠪᠠᠯᠭᠠᠰᠣᠨ ᠤ ᠦᠨᠳᠦᠰᠦᠨ ᠱᠠᠳᠣᠨ ᠤ ᠦᠷᠳᠡᠭᠡ ᠶᠢ ᠵᠣᠬᠢᠶᠠᠨ ᠪᠠᠶᠢᠭᠤᠯᠣᠨ ᠠᠮᠢᠳᠠᠨ ᠤ ᠬᠢᠵᠢᠭ ᠢ ᠰᠡᠷᠬᠡᠶᠢᠯᠡᠬᠦ ᠪᠠᠶᠢᠴᠠᠭᠠᠬᠤ ᠠᠵᠢᠯ ᠤᠨ ᠬᠤᠷᠠᠯ ᠬᠤᠷᠠᠯᠳᠣᠵᠦ᠂ ᠨᠠᠮᠣᠷ ᠤᠨ ᠣᠯᠠᠷᠢᠯ ᠤᠨ ᠮᠠᠯ ᠤᠨ ᠬᠢᠵᠢᠭ ᠢ ᠰᠡᠷᠬᠡᠶᠢᠯᠡᠬᠦ ᠠᠵᠢᠯ ᠢ ᠲᠣᠬᠢᠷᠠᠭᠤᠯᠵᠦ᠂ ᠡᠬᠦᠷᠬᠡ ᠶᠢ ᠦᠷᠳᠡᠭᠡ ᠠᠴᠠ ᠬᠤᠪᠢ ᠬᠦᠮᠦᠨ ᠬᠦᠷᠳᠡᠯ᠎ᠡ ᠲᠠᠭᠠᠭᠠᠯᠭᠠᠪᠠ᠃ ᠨᠠᠮᠣᠷ ᠤᠨ ᠣᠯᠠᠷᠢᠯ ᠤᠨ ᠮᠠᠯ ᠤᠨ ᠬᠢᠵᠢᠭ ᠢ ᠰᠡᠷᠬᠡᠶᠢᠯᠡᠬᠦ ᠠᠵᠢᠯ ᠤᠨ ᠭᠤᠣᠯᠳᠠᠯᠭ᠎ᠠ ᠪᠣᠯ ᠡᠪᠡᠳᠴᠢᠯᠡᠬᠦᠯᠬᠦ ᠴᠢᠨᠠᠷ ᠦᠨᠳᠦᠷ ᠵᠢᠬᠦᠷᠳᠡᠨ ᠤ ᠲᠠᠬᠤᠯ ︵H 5+H 7︶᠂ ᠰᠢᠯᠬᠦᠬᠡ ︵ᠭᠠᠭ᠋ᠠᠢ᠂ ᠦᠬᠡᠷ᠂ ᠬᠤᠨᠢ︶᠂   ᠪᠷᠦ᠋ᠼᠧᠯ ᠡᠪᠡᠳᠴᠢᠨ᠂ ᠬᠤᠨᠢᠨ ᠤ ᠴᠡᠴᠡᠭ ᠡᠪᠡᠳᠴᠢᠨ ᠵᠡᠷᠬᠡ ᠠᠮᠢᠳᠠᠨ ᠤ ᠬᠢᠵᠢᠭ ᠪᠣᠯᠣᠨ᠎ᠠ᠃ ᠰᠡᠷᠬᠡᠶᠢᠯᠡᠨ ᠡᠵᠡᠮᠳᠡᠬᠦ ᠠᠵᠢᠯ ᠢ ᠦᠷᠨᠢᠬᠦᠯᠬᠦ ᠳᠤ ᠨᠢᠬᠡ ᠶᠢ ᠴᠦ ᠦᠯᠡᠳᠡᠬᠡᠬᠦ ᠰᠡᠷᠬᠡᠶᠢᠯᠡᠵᠦ ᠴᠢᠳᠡᠬᠤ ᠪᠦᠬᠦᠨ ᠢ ᠰᠡᠷᠬᠡᠶᠢᠯᠡᠬᠦ ᠱᠠᠭᠠᠷᠳᠠᠯᠭ᠎ᠠ ᠶᠢ ᠪᠠᠷᠢᠮᠳᠠᠯᠠᠵᠦ᠂ ︽ᠦᠨᠡᠨ ᠸᠠᠺᠼᠢᠨ᠂ ᠦᠨᠡᠨ ᠲᠠᠷᠢᠯᠭ᠎ᠠ᠂ ᠦᠨᠡᠨ ᠦᠢᠯᠡᠳᠣᠯ ᠲᠠᠢ︾᠎ ᠪᠠᠷ ᠱᠠᠭᠠᠷᠳᠠᠵᠦ᠂ ᠲᠠᠷᠬᠠᠯᠠᠭ᠎ᠠ ᠶᠢᠨ 100%᠎ ᠶᠢ ᠪᠠᠳᠣᠯᠠᠬᠤ ᠪᠠᠷ ᠴᠢᠷᠮᠠᠶᠢᠭᠰᠠᠨ ᠪᠠᠶᠢᠨ᠎ᠠ᠃     ᠣᠳᠣᠬᠠᠨ ᠳᠤ ᠬᠠᠮᠢᠶᠠᠷᠤᠯᠳᠠ ᠶᠢᠨ ᠣᠷᠣᠨ ᠤ ᠨᠠᠮᠣᠷ ᠤᠨ ᠣᠯᠠᠷᠢᠯ ᠤᠨ ᠮᠠᠯ ᠤᠨ ᠬᠢᠵᠢᠭ ᠢ ᠰᠡᠷᠬᠡᠶᠢᠯᠡᠬᠦ ᠠᠵᠢᠯ ᠦᠨᠳᠦᠰᠦᠨ ᠳᠡᠭᠡᠨ ᠲᠠᠭᠤᠰᠪᠠ᠃ ᠮᠠᠯ ᠤᠨ ᠬᠢᠵᠢᠭ ᠰᠡᠷᠬᠡᠶᠢᠯᠡᠭᠴᠢ ᠠᠴᠠ ᠣᠷᠬᠢᠭᠳᠠᠭᠰᠠᠨ ᠢ ᠪᠠᠶᠢᠴᠠᠭᠠᠨ ᠨᠦᠬᠦᠨ ᠲᠠᠷᠢᠵᠦ᠂ ᠲᠠᠷᠬᠠᠯᠠᠭ᠎ᠠ ᠶᠢ 100%᠎ ᠳᠤ ᠬᠦᠷᠬᠡᠬᠦ ᠪᠠᠷ ᠨᠠᠷᠢᠯᠢᠭ ᠠᠵᠢᠯᠯᠠᠵᠦ᠂ ᠨᠡᠶᠢᠳᠡ ᠲᠠᠷᠬᠠᠯᠠᠭᠰᠠᠨ ᠮᠠᠯ ᠵᠢᠬᠦᠷᠳᠡᠨ 93.0731 ᠲᠦᠮᠡᠨ ᠲᠣᠯᠣᠭᠠᠢ ᠣᠳᠠᠭ᠎ᠠ ᠳᠤ ᠬᠦᠷᠴᠦ᠂ ᠡᠬᠦᠨ ᠤ ᠲᠣᠳᠣᠷ᠎ᠠ᠄ ᠦᠬᠡᠷ ᠬᠤᠨᠢ ᠭᠠᠭ᠋ᠠᠢ ᠶᠢᠨ ᠰᠢᠯᠬᠦᠬᠡ ᠶᠢᠨ ᠲᠡᠷᠬᠠᠯᠠᠭ᠎ᠠ ᠶᠢ 39.3058 ᠲᠦᠮᠡᠨ ᠲᠣᠯᠣᠭᠠᠢ ᠣᠳᠠᠭ᠎ᠠ ᠬᠢᠵᠦ᠂ ︵ᠡᠬᠦᠨ ᠤ ᠲᠣᠳᠣᠷ᠎ᠠ ᠦᠬᠡᠷ 2.1284᠂ ᠬᠤᠨᠢ 37.687᠂ ᠭᠠᠭ᠋ᠠᠢ 0.1087 ᠲᠦᠮᠡᠨ ᠲᠣᠯᠣᠭᠠᠢ︶᠂ ᠵᠢᠬᠦᠷᠳᠡᠨ ᠤ ᠲᠠᠬᠤᠯ ︵H5+H7︶᠎ ᠤᠨ ᠲᠷᠬᠠᠯᠠᠭ᠎ᠠ 1.0246 ᠲᠦᠮᠡ ᠣᠳᠠᠭ᠎ᠠ᠂ ᠬᠤᠨᠢᠨ ᠤ ᠴᠡᠴᠡᠭ ᠡᠪᠡᠳᠴᠢᠨ ᠤ ᠲᠠᠷᠬᠠᠯᠠᠭ᠎ᠠ 12.9964 ᠲᠦᠮᠡᠨ ᠲᠣᠯᠣᠭᠠᠢ᠂ ᠭᠠᠭ᠋ᠠᠢ ᠶᠢᠨ ᠬᠢᠵᠢᠭ ᠤᠨ ᠲᠠᠷᠬᠠᠯᠠᠭ᠎ᠠ 0.1087 ᠲᠦᠮᠡ ᠬᠢᠵᠦ᠂ ᠦᠬᠡᠷ ᠬᠤᠨᠢᠨ ᠤ ᠪᠷᠦ᠋ᠼᠧᠯ ᠡᠪᠡᠳᠴᠢᠨ ᠤ ᠣᠣᠭᠤᠯᠭᠠᠬᠤ ᠲᠠᠷᠬᠠᠯᠠᠭ᠎ᠠ 39.6376 ᠲᠦᠮᠡᠨ ᠲᠣᠯᠣᠭᠠᠢ ᠣᠳᠠᠭ᠎ᠠ ︵ᠡᠬᠦᠨ ᠳᠤ ᠦᠬᠡᠷ 2.1404᠂ ᠬᠤᠨᠢ 37.4972 ᠲᠦᠮᠡᠨ ᠲᠣᠯᠣᠭᠠᠢ︶ ᠬᠢᠪᠡ᠃
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号