ᠣᠯᠠᠭᠠᠢ ᠶᠢᠨ 5 ᠲᠣᠯᠣᠭᠠᠢ ᠰᠢ ᠮᠧᠨ ᠲᠠ ᠡᠯ ᠡᠷ᠎ᠡ ᠲᠣᠭᠤᠯ 31 ᠲᠦᠮᠡᠨ ᠲᠦᠬᠦᠷᠢᠭ ᠤᠨ ᠦᠨᠳᠦᠷ ᠦᠨ᠎ᠡ ᠬᠤᠳᠠᠯᠳᠣᠯ᠎ᠠ
ᠨᠡᠶᠢᠲᠡᠯᠡᠭᠰᠡᠨ ᠴᠠᠭ᠄
2017-11-22
    2017 ᠣᠨ ᠤ 11 ᠰᠠᠷ᠎ᠠ ᠶᠢᠨ 14᠎ ᠤ ᠡᠳᠣᠷ ᠲᠣᠩᠯᠢᠶᠣᠣ ᠬᠤᠳᠠ ᠶᠢᠨ ᠪᠣᠬ᠎ᠠ ᠶᠢᠨ ᠦᠷᠳᠡᠭᠡ ᠣᠯᠠᠭᠠᠢ ᠎ ᠶᠢᠨ ᠣᠣ ᠺᠧ ᠰᠧ ᠮᠠᠯᠵᠢᠯ ᠤᠨ ᠬᠢᠵᠠᠭᠠᠷᠳᠣ ᠺᠣᠮᠫᠠᠨᠢ ᠶᠢᠨ 6 — 7 ᠰᠠᠷ᠎ᠠ ᠪᠣᠯᠵᠦ ᠪᠠᠶᠢᠭ᠎ᠠ ᠦᠷ᠎ᠡ ᠠᠪᠬᠤ ᠪᠣᠬ᠎ᠠ ᠎ ᠶᠢ 5 ᠲᠣᠯᠣᠭᠠᠢ ᠬᠤᠳᠠᠯᠳᠣᠨ ᠠᠪᠣᠪᠠ᠃ ᠲᠣᠭᠤᠯ ᠤᠨ ᠲᠡᠭᠰᠢᠳᠬᠡᠭᠰᠡᠨ ᠪᠡᠶ᠎ᠡ ᠶᠢᠨ ᠬᠦᠨᠳᠣ ᠨᠢ 321 ᠺᠢᠯᠥᠭᠡᠷᠡᠮ ᠂ ᠦᠨ᠎ᠡ ᠨᠢ 10 ᠲᠦᠮᠡᠨ ᠲᠦᠬᠦᠷᠢᠭ ᠤᠨ 1 ᠲᠣᠯᠣᠭᠠᠢ᠂ 6 ᠲᠦᠮᠡᠨ ᠲᠦᠬᠦᠷᠢᠭ ᠤᠨ 1 ᠲᠣᠯᠣᠭᠠᠢ᠂ 5 ᠲᠦᠮᠡᠨ ᠲᠦᠬᠦᠷᠢᠭ ᠤᠨ 3 ᠲᠣᠯᠣᠭᠠᠢ᠂ ᠨᠡᠶᠢᠳᠡ 31 ᠲᠦᠮᠡᠨ ᠲᠦᠬᠦᠷᠢᠭ᠂ ᠲᠡᠭᠰᠢᠳᠬᠡᠯ ᠦᠨ᠎ᠡ ᠨᠢ 6.2 ᠲᠦᠮᠡᠨ ᠲᠦᠬᠦᠷᠢᠭ ᠲᠤ ᠬᠦᠷᠪᠡ᠃ ᠲᠣᠭᠤᠯ ᠤᠨ ᠴᠢᠨᠠᠷ ᠪᠠ ᠦᠨ᠎ᠡ ᠨᠢ ᠬᠠᠮᠢᠶᠠᠷᠣᠯᠳᠠ ᠶᠢᠨ ᠣᠷᠣᠨ ᠤ ᠲᠡᠦᠬᠡᠨ ᠲᠡᠭᠡᠷᠡᠬᠢ ᠬᠠᠮᠤᠭ ᠤᠨ ᠰᠠᠶᠢᠨ ᠪᠠ ᠬᠠᠮᠤᠭ ᠤᠨ ᠦᠨᠳᠦᠷ ᠲᠡᠮᠳᠡᠭᠯᠡᠯ ᠢ ᠡᠬᠦᠳᠪᠡ᠃       ᠲᠣᠰ ᠣᠳᠠᠭᠠᠨ ᠤ ᠪᠣᠶᠢᠵᠢᠭᠤᠯᠣᠨ ᠬᠤᠳᠠᠯᠳᠣᠭᠰᠠᠨ ᠡᠷ᠎ᠡ ᠲᠣᠭᠤᠯ ᠨᠢ ᠣᠯᠠᠭᠠᠢ ᠬᠠᠮᠢᠶᠠᠷᠣᠯᠳᠠ ᠶᠢᠨ ᠣᠷᠣᠨ ᠠᠴᠠ ᠬᠠᠩᠭᠠᠭᠰᠠᠨ ᠠᠩᠬᠠᠳᠣᠭᠠᠷ ᠪᠦᠯᠦᠭ ᠪᠣᠬ᠎ᠠ ᠶᠢᠨ ᠦᠷᠳᠡᠭᠡ ᠶᠢᠨ ᠨᠠᠷᠢᠨ ᠬᠤᠭᠤᠯᠠᠶᠢᠳᠣ ᠦᠷ᠎ᠡ ᠢᠶᠠᠷ ᠦᠢᠯᠡᠳᠪᠦᠷᠢᠯᠡᠬᠦ ᠪᠡᠯᠡᠳᠬᠡᠯ ᠪᠣᠬ᠎ᠠ ᠶᠢᠨ ᠲᠣᠭᠤᠯ᠃ ᠾᠧᠨᠠᠨ ᠮᠣᠵᠢ ᠶᠢᠨ ᠪᠣᠬ᠎ᠠ ᠶᠢᠨ ᠦᠷᠳᠡᠭᠡ ︵ᠳ᠋ᠢᠩ ᠶᠤᠸᠠᠨ︶ ᠪᠠ ᠬᠢᠷᠢᠨ ᠮᠣᠵᠢ ᠶᠢᠨ ᠪᠣᠬ᠎ᠠ ᠶᠢᠨ ᠦᠷᠳᠡᠭᠡ ︵ᠳ᠋ᠧ ᠰᠢᠨ︶ ᠣᠷᠴᠢᠮ ᠢᠶᠠᠷ ᠣᠣ ᠺᠧ ᠰᠧ ᠮᠠᠯᠵᠢᠯ ᠤᠨ ᠦᠢᠯᠡᠰ ᠎ ᠤᠨ ᠬᠢᠵᠠᠭᠠᠷᠳᠣ ᠺᠣᠮᠫᠠᠨᠢ ᠳᠤ ᠢᠷᠡᠵᠦ ᠪᠡᠯᠡᠳᠬᠡᠯ ᠪᠣᠬ᠎ᠠ ᠬᠤᠳᠠᠯᠳᠣᠨ ᠠᠪᠬᠤ ᠬᠡᠵᠦ ᠪᠣᠢ᠃       ᠦᠪᠦᠷ ᠮᠣᠩᠭᠤᠯ ᠤᠨ ᠣᠣ ᠺᠧ ᠰᠧ ᠮᠠᠯᠵᠢᠯ ᠤᠨ ᠦᠢᠯᠡᠰ ᠤᠨ ᠬᠢᠵᠠᠭᠠᠷᠳᠣ ᠺᠣᠮᠫᠠᠨᠢ ᠪᠣᠯ ᠰᠢ ᠮᠧᠨ ᠲᠠ ᠡᠯ ᠦᠬᠡᠷ ᠢ ᠴᠣᠯᠣ ᠡᠬᠦᠯᠳᠡᠷ ᠢᠶᠠᠷ ᠨᠢ ᠣᠷᠣᠭᠤᠯᠵᠦ᠂ ᠴᠣᠯᠣ ᠡᠬᠦᠯᠳᠡᠷ ᠢᠶᠠᠷ ᠨᠢ ᠦᠷᠡᠵᠢᠬᠦᠯᠵᠦ᠂ ᠪᠣᠬ᠎ᠠ ᠦᠢᠯᠡᠳᠪᠦᠷᠢᠯᠡᠬᠦ ᠪᠠᠷ ᠭᠤᠣᠯ ᠪᠣᠯᠭᠠᠭᠰᠠᠨ ᠪᠠᠷᠢᠮᠵᠢᠶᠠᠵᠢᠭᠰᠠᠨ ᠦᠬᠡᠷ ᠲᠡᠵᠢᠬᠡᠬᠦ ᠲᠠᠯᠠᠪᠠᠢ ᠪᠣᠯᠣᠨ᠎ᠠ᠃ ᠲᠣᠰ ᠺᠣᠮᠫᠠᠨᠢ ᠪᠠᠶᠢᠭᠤᠯᠣᠭᠳᠠᠭᠰᠠᠨ ᠠᠴᠠ ᠨᠠᠰᠢ ᠣᠯᠣᠰ ᠤᠨ ᠮᠢᠬᠠᠨ ᠦᠬᠡᠷ ᠤᠨ ᠴᠦᠮ᠎ᠡ ᠪᠣᠯᠬᠤ ᠦᠷ᠎ᠡ ᠪᠣᠶᠢᠵᠢᠭᠤᠯᠬᠤ ᠲᠠᠯᠠᠪᠠᠢ ᠶᠢᠨ ᠪᠠᠷᠢᠮᠵᠢᠶ᠎ᠠ ᠪᠠᠷ ᠲᠦᠰᠦᠪᠯᠡᠵᠦ᠂ ᠪᠠᠶᠢᠭᠤᠯᠣᠯᠳᠠ ᠪᠠ ᠬᠠᠮᠢᠶᠠᠷᠣᠯᠳᠠ ᠨᠢ ᠦᠨᠳᠦᠰᠦᠨ ᠳᠡᠭᠡᠨ ᠪᠠᠶᠢᠭᠤᠯᠬᠤ ᠪᠠᠷᠢᠮᠵᠢᠶ᠎ᠠ ᠳᠤ ᠬᠦᠷᠴᠦ᠂ ᠬᠠᠮᠢᠶᠠᠷᠬᠤ ᠪᠠᠶᠢᠭᠤᠯᠭ᠎ᠠ ᠪᠠᠷ ᠰᠢᠯᠭᠠᠭᠤᠯᠬᠤ ᠶᠢ ᠭᠤᠶᠣᠴᠢᠯᠠᠵᠦ ᠪᠣᠢ᠃ ᠪᠣᠬ᠎ᠠ ᠶᠢᠨ ᠲᠣᠭᠤᠯ ᠤᠨ ᠦᠨᠳᠦᠷ ᠦᠨ᠎ᠡ ᠬᠤᠳᠠᠯᠳᠣᠵᠦ ᠴᠢᠳᠠᠬᠤ ᠡᠰᠡᠬᠦ ᠨᠢ ᠲᠣᠣᠷᠠᠬᠢ ᠬᠡᠳᠣᠨ ᠵᠦᠢᠯ ᠤᠨ ᠨᠦᠬᠦᠴᠡᠯ ᠢ ᠡᠷᠬᠡᠪᠡᠰᠢ ᠪᠦᠷᠢᠯᠳᠦᠬᠦᠯᠬᠦ ᠬᠡᠷᠡᠭᠳᠡᠢ᠄ ᠨᠢᠬᠡ ᠦᠢᠯᠡᠳᠪᠦᠷᠢᠯᠡᠭᠰᠡᠨ ᠲᠡᠮᠳᠡᠭᠯᠡᠯ ᠪᠦᠷᠢᠨ ᠬᠦᠢᠴᠡᠳ ᠪᠠᠶᠢᠬᠤ ᠭᠡᠷᠡᠭᠳᠡᠢ᠃ ᠬᠤᠶᠠᠷ ᠲᠣᠰ ᠲᠣᠭᠤᠯ ᠤᠨ ᠴᠢᠳᠠᠪᠬᠢ ᠶᠢ ᠬᠡᠮᠵᠢᠨ ᠲᠣᠭᠳᠠᠭᠠᠭᠰᠠᠨ ᠲᠡᠮᠳᠡᠭᠯᠡᠯ ᠪᠦᠷᠢᠨ ᠬᠦᠢᠴᠡᠳ ᠪᠠᠶᠢᠬᠤ ᠬᠡᠷᠡᠭᠳᠡᠢ᠃ ᠭᠤᠷᠪᠠ ᠮᠢᠬᠠᠨ ᠦᠬᠡᠷ ᠤᠨ ᠭᠤᠷᠪᠠᠨ ᠦᠶ᠎ᠡ ᠠᠴᠠ ᠲᠡᠭᠡᠭᠰᠢ ᠶᠢᠨ ᠣᠳᠣᠮ ᠣᠭᠰᠠᠭᠠᠨ ᠤ ᠲᠠᠩᠰᠠ ᠲᠡᠮᠳᠡᠭᠯᠡᠯ ᠪᠦᠷᠢᠨ ᠬᠦᠢᠴᠡᠳ ᠪᠠᠶᠢᠬᠤ ᠭᠡᠷᠡᠭᠳᠡᠢ᠃ ᠲᠦᠷᠪᠡ ᠪᠠᠷᠣᠭᠴᠠᠭᠠᠯᠠᠭᠰᠠᠨ ᠪᠣᠬ᠎ᠠ ᠎ ᠶᠢᠨ ᠦᠷ᠎ᠡ ᠪᠣᠶᠢᠵᠢᠭᠤᠯᠬᠤ ᠨᠣᠷᠮ᠎ᠠ ᠨᠢ ᠦᠷ᠎ᠡ ᠢᠶᠠᠷ ᠬᠡᠷᠡᠭᠯᠡᠬᠦ ᠪᠠᠷᠢᠮᠵᠢᠶ᠎ᠠ ᠳᠤ ᠬᠦᠷᠬᠦ ᠬᠡᠷᠡᠭᠳᠡᠢ᠃ ᠲᠣᠰ ᠺᠣᠮᠫᠠᠨᠢ ᠎ ᠶᠢᠨ ᠪᠣᠬ᠎ᠠ ᠶᠢᠨ ᠡᠯ᠎ᠡ ᠲᠦᠷᠦᠯ ᠤᠨ ᠦᠷ᠎ᠡ ᠪᠣᠶᠢᠵᠢᠭᠤᠯᠬᠤ ᠵᠢᠭᠠᠯᠳᠠ ᠲᠤᠭ᠎ᠠ ᠨᠢ ᠪᠦᠬᠦ ᠣᠯᠣᠰ ᠤᠨ ᠪᠣᠬ᠎ᠠ ᠶᠢᠨ ᠦᠷᠳᠡᠬᠡᠨ ᠤ ᠬᠤᠳᠠᠯᠳᠣᠨ ᠠᠪᠴᠣ ᠦᠷ᠎ᠡ ᠠᠪᠬᠤ ᠪᠡᠯᠡᠳᠬᠡᠯ ᠪᠣᠬ᠎ᠠ ᠶᠢᠨ ᠪᠠᠷᠢᠮᠵᠢᠶᠠᠨ ᠳᠤ ᠨᠡᠶᠢᠴᠡᠵᠦ᠂ ᠣᠯᠠᠭᠠᠢ ᠎ ᠶᠢᠨ ᠣᠶᠢᠷ᠎ᠠ ᠶᠢᠨ ᠬᠡᠳᠣᠨ ᠵᠢᠯ ᠤᠨ ᠮᠢᠬᠠᠨ ᠦᠬᠡᠷ ᠤᠨ ᠦᠷ᠎ᠡ ᠪᠣᠶᠢᠵᠢᠭᠤᠯᠬᠤ ᠦᠷ᠎ᠡ ᠳ᠋ᠥᠩ ᠪᠠ ᠦᠷ᠎ᠡ ᠪᠣᠶᠢᠵᠢᠭᠤᠯᠬᠤ ᠲᠦᠪᠰᠢᠨ ᠢ ᠬᠦᠢᠴᠡᠳ ᠢᠯᠡᠷᠡᠬᠦᠯᠪᠡ᠃
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号