ᠬᠠᠮᠢᠶᠠᠷᠣᠯᠳᠠ ᠶᠢᠨ ᠣᠷᠣᠨ ᠠᠴᠠ ᠮᠢᠬᠠᠨ ᠦᠬᠡᠷ ᠤᠨ ᠠᠵᠦ ᠦᠢᠯᠡᠰ ᠤᠨ ᠰᠢᠨᠵᠢᠯᠡᠭᠡ ᠮᠡᠷᠬᠡᠵᠢᠯ ᠤᠨ ᠦᠷ᠎ᠡ ᠪᠦᠳᠦᠬᠡᠯ ᠢ ᠬᠤᠪᠢᠷᠭᠠᠬᠤ ᠪᠠ ᠠᠰᠢᠭᠯᠠᠬᠤ ᠲᠦᠪᠰᠢᠨ ᠢ ᠶᠡᠬᠡᠳᠬᠡᠪᠡ
ᠨᠡᠶᠢᠲᠡᠯᠡᠭᠰᠡᠨ ᠴᠠᠭ᠄
2017-11-22
     2008 ᠣᠨ ᠳᠤ ᠬᠠᠮᠢᠶᠠᠷᠣᠯᠳᠠ ᠶᠢᠨ ᠣᠷᠣᠨ ᠠᠴᠠ ᠲᠣᠮᠳᠠᠳᠣ ᠣᠯᠣᠰ ᠤᠨ ᠲᠠᠷᠢᠶᠠᠯᠠᠩ ᠤᠨ ᠰᠢᠨᠵᠢᠯᠡᠬᠦ ᠣᠬᠠᠭᠠᠨ ᠤ ᠬᠦᠷᠢᠶᠡᠯᠡᠩ ᠤᠨ ᠪᠡᠬᠡᠵᠢᠩ ᠤᠨ ᠮᠠᠯ ᠠᠵᠦ ᠠᠬᠤᠢ ᠮᠠᠯ ᠤᠨ ᠡᠮᠨᠡᠯᠬᠡ ᠶᠢᠨ ᠰᠣᠳᠣᠯᠣᠯ ᠤᠨ ᠭᠠᠵᠠᠷ ᠎ ᠯᠤᠭ᠎ᠠ ᠰᠢᠨ᠎ᠡ ᠡᠬᠦᠯᠳᠡᠷ ᠢ ᠰᠣᠩᠭᠤᠨ ᠪᠣᠶᠢᠵᠢᠭᠤᠯᠬᠤ ᠲᠦᠰᠦᠯ ᠢ ᠬᠤᠷᠰᠢᠨ ᠬᠡᠷᠡᠭᠵᠢᠬᠦᠯᠪᠡ᠃ ᠣᠳᠣ ᠪᠣᠯᠳᠠᠯ᠎ᠠ ᠨᠢᠬᠡᠨᠳᠡ 15 ᠡᠷᠦᠬᠡ 2 ᠠᠵᠦ ᠠᠬᠤᠶᠢᠯᠠᠯ ᠲᠣᠰ ᠲᠦᠰᠦᠯ ᠳᠤ ᠣᠷᠣᠯᠴᠠᠵᠦ᠂   ᠰᠢᠨ᠎ᠡ ᠡᠬᠦᠯᠳᠡᠷ ᠢ ᠰᠣᠩᠭᠤᠨ ᠪᠣᠶᠢᠵᠢᠭᠤᠯᠣᠭᠰᠠᠨ ᠦᠬᠡᠷ ᠨᠡᠶᠢᠳᠡ 3000 ᠲᠣᠯᠣᠭᠠᠢ ᠳᠤ ᠬᠦᠷᠪᠡ᠃ 8 ᠵᠢᠯ ᠤᠨ ᠲᠣᠷᠰᠢ ᠨᠡᠶᠢᠳᠡ 6700 ᠲᠣᠯᠣᠭᠠᠢ ᠰᠢ ᠮᠧᠨ ᠲᠠ ᠡᠯ ᠦᠬᠡᠷ ᠢ ᠰᠢᠰᠲ᠋ᠧᠮ ᠳᠤ ᠣᠷᠣᠭᠤᠯᠣᠨ ᠪᠦᠷᠢᠳᠬᠡᠵᠦ᠂ ᠴᠢᠰᠣᠨ ᠵᠠᠭᠪᠣᠷ ᠢ ᠬᠤᠷᠢᠶᠠᠨ ᠴᠣᠭᠯᠠᠭᠤᠯᠬᠤ᠂ ᠪᠡᠶ᠎ᠡ ᠶᠢᠨ ᠬᠡᠮᠵᠢᠶ᠎ᠡ ᠶᠢ ᠬᠡᠮᠵᠢᠨ ᠲᠣᠭᠳᠠᠭᠠᠬᠤ᠂ ᠱᠣᠭᠤᠮᠣᠨ ᠵᠢᠱᠢᠯᠳᠡ᠂ ᠪᠡᠶ᠎ᠡ ᠶᠢᠨ ᠬᠦᠨᠳᠣ ᠵᠡᠷᠬᠡ ᠮᠢᠬᠠᠨ ᠬᠡᠷᠡᠭᠴᠡᠬᠡᠨ ᠤ ᠴᠢᠳᠠᠪᠬᠢ ᠳᠤ ᠬᠤᠯᠪᠣᠭᠳᠠᠭᠰᠠᠨ ᠵᠢᠭᠠᠯᠳᠠ ᠲᠣᠭᠠᠨ ᠤ ᠠᠵᠢᠯ ᠢ ᠪᠡᠶᠡᠯᠡᠬᠦᠯᠵᠦ᠂ ᠪᠦᠬᠦ ᠣᠯᠣᠰ ᠤᠨ ᠮᠢᠬᠠᠨ ᠦᠬᠡᠷ ᠤᠨ ᠲᠠᠯᠠᠪᠠᠢ ᠶᠢᠨ ᠮᠡᠳᠡᠭᠡ ᠵᠠᠩᠬᠢᠴᠢᠯᠠᠭᠰᠠᠨ ᠬᠠᠮᠢᠶᠠᠷᠣᠯᠳᠠ ᠶᠢᠨ ᠰᠢᠰᠲ᠋ᠧᠮ ᠤᠨ ᠵᠦᠬᠡᠯᠡᠨ ᠲᠣᠨᠤᠭ ᠢ ᠲᠡᠷᠢᠬᠦᠯᠡᠨ ᠠᠰᠢᠭᠯᠠᠵᠦ᠂ ᠨᠡᠶᠢᠳᠡ 6 ᠲᠦᠮᠡ ᠢᠯᠡᠬᠦᠦ ᠡᠬᠦᠯᠳᠡᠷ ᠪᠣᠶᠢᠵᠢᠭᠤᠯᠣᠭᠰᠠᠨ ᠮᠡᠳᠡᠭᠡ ᠵᠠᠩᠬᠢ ᠪᠢᠴᠢᠵᠦ ᠣᠷᠣᠭᠤᠯᠣᠨ᠂ ᠮᠢᠬᠠᠨ ᠬᠡᠷᠡᠭᠴᠡᠬᠡᠳᠣ ᠰᠢ ᠮᠧᠨ ᠲᠠ ᠡᠯ ᠦᠬᠡᠷ ᠢ ᠰᠣᠩᠭᠤᠨ ᠦᠷᠡᠵᠢᠬᠦᠯᠬᠦ ᠲᠤᠭ᠎ᠠ ᠪᠠᠷᠢᠮᠳᠠ ᠶᠢᠨ ᠬᠦᠮᠦᠷᠬᠡ ᠶᠢ ᠪᠠᠶᠢᠭᠤᠯᠵᠦ᠂ ᠪᠣᠷᠳᠣᠬᠤ ᠲᠣᠷᠰᠢᠯᠳᠠ ᠳᠤ ᠭᠡᠷᠡᠭᠯᠡᠬᠦ ᠡᠷ᠎ᠡ ᠲᠣᠭᠤᠯ 2500 ᠲᠣᠯᠣᠭᠠᠢ ᠬᠠᠩᠭᠠᠵᠦ᠂ 2000 ᠲᠣᠯᠣᠭᠠᠢ ᠡᠷ᠎ᠡ ᠲᠣᠭᠤᠯ ᠤᠨ ᠪᠣᠷᠳᠣᠵᠦ ᠠᠯᠠᠬᠤ ᠲᠣᠷᠰᠢᠯᠳᠠ ᠶᠢ ᠨᠢᠬᠡᠨᠳᠡ ᠪᠠᠶᠢᠴᠠᠭᠠᠨ ᠬᠡᠮᠵᠢᠪᠡ᠃  2017 ᠣᠨ ᠤ 4 ᠰᠠᠷ᠎ᠠ ᠳᠤ 200 ᠲᠣᠯᠣᠭᠠᠢ ᠮᠢᠬᠠᠨ ᠦᠬᠡᠷ ᠤᠨ ᠨᠢᠷᠣᠭᠤᠨ ᠤ ᠲᠠᠷᠭᠤ ᠶᠢ ᠬᠡᠮᠵᠢᠬᠦ᠂ 329 ᠲᠣᠯᠣᠭᠠᠢ ᠱᠣᠭᠤᠮᠣᠨ ᠬᠤᠪᠢ ᠣᠯᠭᠤᠬᠤ᠂ 241 ᠲᠣᠯᠣᠭᠠᠢ ᠶᠢᠨ ᠦᠢᠯᠡᠳᠪᠦᠷᠢᠯᠡᠯ ᠎ ᠤᠨ ᠴᠢᠳᠠᠪᠬᠢ ᠶᠢ ᠬᠡᠮᠵᠢᠨ ᠲᠣᠭᠳᠠᠭᠠᠬᠤ ᠵᠡᠷᠬᠡ ᠠᠵᠢᠯ ᠢ ᠪᠡᠶᠡᠯᠡᠬᠦᠯᠪᠡ᠃ ᠪᠣᠰᠣᠳ ᠦᠬᠡᠷ ᠤᠨ ᠰᠦᠷᠦᠭ ᠤᠨ ᠦᠢᠯᠡᠳᠪᠦᠷᠢᠯᠡᠯ ᠤᠨ ᠴᠢᠳᠠᠪᠬᠢ ᠶᠢ ᠬᠡᠮᠵᠢᠨ ᠲᠣᠭᠳᠠᠭᠠᠬᠤ ᠠᠵᠢᠯ ᠢ 8 ᠰᠠᠷ᠎ᠠ ᠳᠤ ᠡᠬᠢᠯᠡᠬᠦᠯᠬᠦ ᠪᠠᠷ ᠪᠣᠯᠪᠠ᠃ ᠡᠳᠡᠬᠡᠷ ᠠᠵᠢᠯᠯᠠᠭ᠎ᠠ ᠨᠢ ︽ᠰᠢᠯᠢ ᠶᠢᠨ ᠭᠤᠣᠯ︾ ᠮᠢᠬᠠᠨ ᠦᠬᠡᠷ ᠤᠨ ᠰᠢᠨ᠎ᠡ ᠡᠬᠦᠯᠳᠡᠷ ᠢ ᠪᠣᠶᠢᠵᠢᠭᠤᠯᠬᠤ ᠳᠤ ᠪᠠᠳᠣ ᠰᠠᠭᠤᠷᠢ ᠲᠠᠯᠪᠢᠵᠦ ᠦᠭᠬᠦᠭᠰᠡᠨ ᠪᠠᠶᠢᠨ᠎ᠠ᠃
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号