ᠦᠯᠵᠡᠢ ᠣᠪᠣᠭ᠎ᠠ ᠬᠤᠪᠢᠶᠠᠷᠢ ᠲᠠᠯᠠᠪᠠᠢ ᠶᠢᠨ ᠭᠠᠵᠠᠷ ᠰᠢᠷᠣᠢ ᠶᠢ ᠴᠡᠭᠴᠡᠯᠡᠬᠦ ᠲᠦᠰᠦᠯ ︵ᠬᠤᠶᠠᠷ︶ ᠨᠢᠬᠡᠨᠳᠡ ᠬᠢᠷᠢ ᠲᠡᠩᠴᠡᠭᠰᠡᠨ ᠪᠠᠶᠢᠨ᠎ᠠ
ᠨᠡᠶᠢᠲᠡᠯᠡᠭᠰᠡᠨ ᠴᠠᠭ᠄
2017-11-24
      ᠣᠯᠠᠭᠠᠢ ᠬᠠᠮᠢᠶᠠᠷᠣᠯᠳᠠ ᠶᠢᠨ ᠣᠷᠣᠨ ᠤ ᠬᠠᠯᠠᠭᠠᠶᠢᠳᠣ ᠮᠠᠯᠵᠢᠯ ᠤᠨ ᠲᠠᠯᠠᠪᠠᠢ ᠶᠢᠨ ᠦᠯᠵᠡᠢ ᠣᠪᠣᠭ᠎ᠠ ᠬᠤᠪᠢᠶᠠᠷᠢ ᠲᠠᠯᠠᠪᠠᠢ ᠶᠢᠨ ᠭᠠᠵᠠᠷ ᠰᠢᠷᠣᠢ ᠶᠢ ᠴᠡᠭᠴᠡᠯᠡᠬᠦ ᠲᠦᠰᠦᠯ ︵ᠬᠤᠶᠠᠷ︶᠎ ᠨᠢ 2015 ᠣᠨ ᠳᠤ ᠵᠦᠪᠰᠢᠶᠡᠷᠡᠭᠳᠡᠭᠰᠡᠨ ᠦᠪᠡᠷᠳᠡᠬᠡᠨ ᠵᠠᠰᠠᠬᠤ ᠣᠷᠣᠨ ᠤ ᠲᠡᠰ ᠤᠨ ᠭᠠᠵᠠᠷ ᠰᠢᠷᠣᠢ ᠶᠢ ᠴᠡᠭᠴᠡᠯᠡᠨ ᠵᠠᠰᠠᠬᠤ ᠲᠦᠰᠦᠯ ᠪᠣᠯᠣᠨ᠎ᠠ᠃   ᠲᠦᠰᠦᠯ ᠤᠨ ᠶᠡᠷᠦᠩᠬᠡᠢ ᠪᠡᠯᠡ ᠣᠷᠣᠭᠤᠯᠣᠯᠳᠠ ᠨᠢ 419.28 ᠲᠦᠮᠡᠨ ᠲᠦᠬᠦᠷᠢᠭ᠂ ᠶᠡᠷᠦᠩᠬᠡᠢ ᠪᠠᠶᠢᠭᠤᠯᠣᠯᠳᠠ ᠶᠢᠨ ᠬᠡᠪᠴᠢᠶ᠎ᠡ ᠨᠢ 262.92 ᠭᠠ᠃ ᠲᠣᠰ ᠲᠦᠰᠦᠯ ᠤᠨ ᠲᠠᠭᠠᠭᠠᠴᠢᠯᠠᠯᠳᠠ ᠵᠠᠷᠯᠠᠭᠰᠠᠨ ᠢᠨᠵᠧᠨᠧᠷᠢᠩ ᠨᠢ ᠨᠡᠶᠢᠳᠡ ᠨᠢᠬᠡ ᠲᠠᠭᠠᠭᠠᠴᠢᠯᠠᠯᠳᠠ ᠶᠢᠨ ᠬᠡᠰᠡᠭ ᠲᠠᠢ᠂ ᠢᠨᠵᠧᠨᠧᠷᠢᠩ ᠨᠢ ᠭᠠᠵᠠᠷ ᠲᠡᠭᠰᠢᠯᠡᠬᠦ᠂ ᠲᠠᠷᠢᠶᠠᠯᠠᠩ ᠤᠨ ᠣᠰᠣᠨ ᠠᠰᠢᠭᠯᠠᠯᠳᠠ᠂ ᠲᠠᠷᠢᠶᠠᠨ ᠲᠣᠮᠳᠠᠬᠢ ᠵᠠᠮ ᠱᠣᠭᠤᠮ ᠵᠡᠷᠬᠡ ᠶᠢ ᠪᠠᠭᠳᠠᠭᠠᠪᠠ᠃       ᠠᠵᠢᠯᠯᠠᠬᠤ ᠪᠠᠶᠢᠭᠤᠯᠭ᠎ᠠ 2016 ᠣᠨ ᠤ 5 ᠰᠠᠷ᠎ᠠ ᠠᠴᠠ ᠡᠬᠢᠯᠡᠨ ᠠᠵᠢᠯᠯᠠᠵᠦ᠂ 2017 ᠣᠨ ᠤ 8 ᠰᠠᠷ᠎ᠠ ᠳᠤ ᠪᠦᠬᠦ ᠠᠵᠢᠯ ᠢᠶᠠᠨ ᠲᠠᠭᠤᠰᠬᠠᠪᠠ᠃ 2017 ᠣᠨ ᠤ 11 ᠰᠠᠷ᠎ᠠ ᠶᠢᠨ 15᠎ ᠤ ᠡᠳᠣᠷ ᠰᠢᠯᠢ ᠶᠢᠨ ᠭᠤᠣᠯ ᠠᠶᠢᠮᠠᠭ ᠤᠨ ᠣᠯᠣᠰ ᠤᠨ ᠭᠠᠵᠠᠷ ᠰᠢᠷᠣᠢ ᠶᠢᠨ ᠲᠣᠪᠴᠢᠶ᠎ᠠ ᠠᠴᠠ ᠲᠣᠰᠬᠠᠢ ᠮᠡᠷᠬᠡᠵᠢᠯᠳᠡᠨ ᠵᠣᠬᠢᠶᠠᠨ ᠪᠠᠶᠢᠭᠤᠯᠣᠨ ᠲᠣᠰ ᠲᠦᠰᠦᠯ ᠢ ᠰᠢᠯᠭᠠᠨ ᠠᠪᠣᠪᠠ᠃ ᠰᠢᠯᠭᠠᠨ ᠠᠪᠬᠤ ᠪᠠᠭ ᠣᠯᠣᠰ ᠤᠨ ᠭᠠᠵᠠᠷ ᠰᠢᠷᠣᠢ ᠶᠢᠨ ᠲᠣᠪᠴᠢᠶ᠎ᠠ ᠶᠢᠨ ᠲᠦᠰᠦᠯ ᠤᠨ ᠠᠵᠢᠯ ᠤᠨ ᠮᠡᠳᠡᠬᠦᠯᠦᠯᠳᠡ ᠶᠢ ᠰᠣᠨᠣᠰᠬᠤ ᠶᠢᠨ ᠬᠠᠮᠳᠣ ᠲᠦᠰᠦᠯ ᠢ ᠬᠡᠷᠡᠭᠵᠢᠬᠦᠯᠦᠭᠰᠡᠨ ᠪᠠᠶᠢᠳᠠᠯ ᠳᠤ ᠪᠣᠳᠠᠳᠣ ᠭᠠᠵᠠᠷ ᠤᠨ ᠬᠢᠨᠠᠯᠳᠠ ᠪᠠᠶᠢᠴᠠᠭᠠᠯᠳᠠ ᠬᠢᠵᠦ᠂ ᠲᠦᠰᠦᠯ ᠤᠨ ᠪᠦᠬᠦ ᠲᠠᠩᠰᠠ ᠮᠠᠲ᠋ᠧᠷᠢᠶᠠᠯ ᠢ ᠰᠢᠬᠦᠨ ᠦᠵᠡᠪᠡ᠃   ᠡᠴᠦᠰ ᠲᠤ ᠲᠣᠰ ᠲᠦᠰᠦᠯ ᠨᠢ ᠠᠮᠵᠢᠯᠳᠠ ᠲᠠᠢ ᠬᠢᠷᠢ ᠲᠡᠩᠴᠡᠭᠰᠡᠨ ᠪᠠᠶᠢᠨ᠎ᠠ᠃
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号