ᠬᠠᠭᠤᠴᠢᠨ ᠪᠠᠶᠢᠰᠢᠩ ᠤᠨ ᠲᠣᠭᠤᠷᠢᠭ ᠢ ᠦᠬᠡᠷᠡᠴᠢᠯᠡᠨ ᠪᠠᠶᠢᠭᠤᠯᠬᠤ ᠠᠯᠪᠠᠨ ᠭᠡᠷ ᠠᠴᠠ ᠠᠵᠢᠯ ᠤᠨ ᠶᠠᠷᠢᠯᠴᠠᠭᠠᠨ ᠤ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2017-11-24
    11 ᠰᠠᠷ᠎ᠠ ᠶᠢᠨ 10᠎ ᠤ ᠡᠳᠣᠷ ᠣᠯᠠᠭᠠᠢ ᠬᠠᠮᠢᠶᠠᠷᠣᠯᠳᠠ ᠶᠢᠨ ᠣᠷᠣᠨ ᠤ ᠣᠷᠣᠨ ᠰᠠᠭᠤᠴᠠ ᠪᠠᠶᠢᠭᠤᠯᠬᠤ ᠲᠣᠪᠴᠢᠶ᠎ᠠ ᠠᠴᠠ ᠠᠵᠢᠯ ᠤᠨ ᠶᠠᠷᠢᠯᠴᠠᠭᠠᠨ ᠤ ᠬᠤᠷᠠᠯ ᠬᠤᠷᠠᠯᠳᠣᠪᠠ᠃ ᠣᠷᠣᠨ ᠰᠠᠭᠤᠴᠠ ᠪᠠᠶᠢᠭᠤᠯᠬᠤ ᠲᠣᠪᠴᠢᠶ᠎ᠠ ᠎ ᠶᠢᠨ ᠲᠡᠳ᠋ ᠲᠠᠷᠤᠭ᠎ᠠ ᠯᠢ ᠸᠧᠢ ᠬᠤᠸᠠ ᠬᠤᠷᠠᠯ ᠡᠷᠬᠢᠯᠡᠨ᠂ ᠠᠵᠢᠯ ᠤᠨ ᠣᠳᠣᠷᠢᠳᠣᠯᠭ᠎ᠠ ᠶᠢᠨ ᠪᠠᠭ ᠤᠨ ᠬᠡᠰᠢᠬᠦᠳ ᠵᠢᠴᠢ ᠠᠵᠢᠯᠳᠠᠳ ᠬᠤᠷᠠᠯ ᠳᠤ ᠣᠷᠣᠯᠴᠠᠪᠠ᠃ ᠬᠤᠷᠠᠯ ᠲᠡᠭᠡᠷ᠎ᠡ ᠭᠤᠣᠯᠳᠠᠭᠤ ᠬᠤᠷᠢᠶᠠᠵᠦ ᠲᠠᠳᠠᠪᠣᠷᠢᠯᠠᠬᠤ ᠬᠦᠷᠢᠶ᠎ᠡ ᠬᠡᠪᠴᠢᠶᠡᠨ ᠲᠣᠳᠣᠷᠠᠬᠢ ᠣᠨᠴᠠᠭᠠᠢ ᠬᠡᠷ ᠪᠠᠶᠢᠰᠢᠩ᠂ ᠵᠢᠱᠢᠶᠡᠯᠡᠪᠡᠯ᠄ ᠭᠠᠵᠠᠷ ᠰᠢᠷᠣᠢ ᠶᠢ ᠬᠡᠷᠡᠭᠯᠡᠬᠦ ᠦᠨᠡᠮᠯᠡᠯ ᠤᠨ ᠭᠠᠳᠠᠨᠠᠬᠢ ᠬᠡᠷ ᠪᠠᠶᠢᠰᠢᠩ ᠵᠢᠴᠢ ᠲᠠᠭᠠᠯᠳᠠ ᠪᠠᠶᠢᠭᠤᠯᠣᠮᠵᠢ ᠶᠢ ᠨᠦᠬᠦᠪᠦᠷᠢᠯᠡᠬᠦ ᠠᠷᠭ᠎ᠠ ᠬᠡᠯᠪᠡᠷᠢ ᠪᠠᠷᠢᠮᠵᠢᠶ᠎ᠠ᠂ ᠦᠬᠡᠷᠡᠴᠢᠯᠡᠬᠦ ᠲᠣᠮᠳᠠ ᠣᠷᠣᠰᠢᠵᠦ ᠪᠦᠬᠦᠢ ᠠᠰᠠᠭᠤᠳᠠᠯ ᠢ ᠠᠷᠭᠠᠴᠠᠬᠤ ᠠᠷᠭ᠎ᠠ ᠬᠡᠮᠵᠢᠶ᠎ᠡ ᠵᠡᠷᠬᠡ ᠪᠠᠶᠢᠳᠠᠯ ᠳᠤ ᠬᠠᠨᠳᠣᠭᠤᠯᠣᠨ   ᠬᠦᠨᠵᠡᠬᠡᠢ ᠶᠠᠷᠢᠯᠴᠠᠪᠠ᠃ ᠬᠤᠷᠠᠯ ᠠᠴᠠ ᠱᠠᠭᠠᠷᠳᠠᠭᠰᠠᠨ ᠨᠢ᠂ ᠬᠤᠷᠠᠯ ᠤᠨ ᠲᠠᠷᠠᠭ᠎ᠠ ᠦᠬᠡᠷᠡᠴᠢᠯᠡᠬᠦ ᠠᠵᠢᠯ ᠬᠦᠢᠴᠡᠳᠬᠡᠭᠴᠢ ᠠᠵᠢᠯᠳᠠᠨ ᠬᠤᠷᠠᠯ ᠲᠡᠭᠡᠷ᠎ᠡ ᠰᠣᠳᠣᠯᠣᠨ ᠭᠠᠷᠭᠠᠭᠰᠠᠨ ᠰᠠᠨᠠᠯ ᠤᠨ ᠶᠣᠰᠣᠭᠠᠷ᠂ ᠴᠠᠭ ᠢ ᠠᠮᠵᠢᠨ ᠬᠠᠭᠤᠴᠢᠨ ᠪᠠᠶᠢᠰᠢᠩ ᠤᠨ ᠲᠣᠭᠤᠷᠢᠭ ᠢ ᠦᠬᠡᠷᠡᠴᠢᠯᠠᠨ ᠪᠠᠶᠢᠭᠤᠯᠬᠤ ᠪᠠᠷ ᠬᠤᠷᠢᠶᠠᠨ ᠲᠠᠳᠠᠪᠣᠷᠢᠯᠠᠬᠤ ᠪᠠ ᠨᠦᠬᠦᠪᠦᠷᠢᠯᠡᠨ ᠲᠣᠬᠢᠨᠠᠭᠤᠯᠬᠤ ᠲᠦᠯᠦᠪᠯᠡᠭᠡ ᠶᠢ ᠵᠠᠰᠠᠨ ᠲᠡᠬᠦᠯᠳᠡᠷᠵᠢᠬᠦᠯᠵᠦ᠂ ᠦᠬᠡᠷᠡᠴᠢᠯᠡᠨ ᠪᠠᠶᠢᠭᠤᠯᠬᠤ ᠠᠵᠢᠯ ᠲᠣᠮᠳᠠ ᠣᠷᠣᠰᠢᠵᠦ ᠪᠦᠬᠦᠢ ᠠᠰᠠᠭᠤᠳᠠᠯ ᠢ ᠨᠠᠷᠢᠯᠢᠭ ᠵᠢᠭᠰᠠᠭᠠᠨ ᠭᠠᠷᠭᠠᠵᠦ᠂ ᠲᠠᠷᠠᠭᠠᠴᠢ ᠶᠢᠨ ᠠᠯᠬᠤᠮ ᠳᠤ ᠲᠣᠰᠬᠠᠢ ᠰᠡᠳᠣᠪ ᠢᠶᠠᠷ ᠶᠠᠷᠢᠯᠴᠠᠨ ᠰᠣᠳᠣᠯᠣᠨ᠎ᠠ ᠬᠡᠪᠡ᠃
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号