ᠬᠦᠳᠡᠯᠮᠦᠷᠢ ᠶᠢᠨ ᠪᠠᠳᠣᠯᠠᠭ᠎ᠠ ᠪᠡ ᠬᠢᠨᠠᠯᠳᠠ ᠶᠢᠨ ᠶᠡᠭᠡ ᠠᠩᠬᠢ ᠬᠦᠳᠡᠯᠮᠦᠷᠢ ᠬᠦᠴᠦ ᠬᠡᠷᠡᠭᠯᠡᠬᠦ ᠶᠢ ᠰᠦᠯᠵᠢᠶᠡᠨ ᠲᠡᠭᠡᠷ᠎ᠡ ᠲᠠᠩᠰᠠᠯᠠᠬᠤ ᠠᠵᠢᠯ ᠦᠷᠨᠢᠬᠦᠯᠪᠡ
ᠨᠡᠶᠢᠲᠡᠯᠡᠭᠰᠡᠨ ᠴᠠᠭ᠄
2017-11-24
      ᠬᠦᠳᠡᠯᠮᠦᠷᠢ ᠬᠦᠴᠦ ᠬᠡᠷᠡᠭᠯᠡᠬᠦ ᠶᠢ ᠰᠦᠯᠵᠢᠶᠡᠨ ᠲᠡᠭᠡᠷ᠎ᠡ ᠲᠠᠩᠰᠠᠯᠠᠬᠤ ᠠᠵᠢᠯ ᠪᠣᠯ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠳᠣᠯᠠᠭ᠎ᠠ ᠶᠢᠨ ᠰᠠᠭᠤᠷᠢ ᠶᠢᠨ ᠴᠢᠨᠠᠷ ᠲᠠᠢ ᠠᠵᠢᠯ᠂ ᠡᠶ᠎ᠡ ᠵᠣᠬᠢᠴᠠᠩᠭᠤᠢ ᠬᠦᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠶᠢᠨ ᠭᠤᠣᠯ ᠠᠵᠢᠯ᠂ ᠬᠦᠳᠡᠯᠮᠦᠷᠢ ᠬᠦᠴᠦ ᠬᠡᠷᠡᠭᠯᠡᠬᠦ ᠪᠠ ᠠᠵᠢᠯᠳᠠᠨ ᠎ ᠤ ᠨᠡᠶᠢᠬᠡᠮ ᠤᠨ ᠲᠠᠭᠠᠳᠬᠠᠯ ᠳᠤ ᠣᠷᠣᠯᠴᠠᠬᠤ᠂ ᠠᠵᠢᠯ ᠣᠯᠭᠤᠬᠤ ᠪᠦᠷᠢᠳᠬᠡᠯ ᠬᠢᠬᠦ᠂ ᠬᠦᠳᠡᠯᠮᠦᠷᠢ ᠶᠢᠨ ᠬᠢᠨᠠᠯᠳᠠ ᠪᠠᠶᠢᠴᠠᠭᠠᠯᠳᠠ ᠶᠢ ᠲᠦᠷᠢᠮᠵᠢᠬᠦᠯᠬᠦ ᠬᠦᠴᠦᠨ ᠲᠠᠢ ᠠᠷᠭ᠎ᠠ ᠬᠡᠮᠵᠢᠶ᠎ᠡ ᠪᠣᠯᠬᠤ ᠪᠠᠷ ᠪᠠᠷᠠᠬᠤ ᠦᠬᠡᠢ᠂ ᠪᠣᠰᠣᠳ ᠬᠦᠳᠡᠯᠮᠦᠷᠢ ᠶᠢᠨ ᠪᠠᠳᠣᠯᠠᠭ᠎ᠠ ᠶᠢᠨ ᠠᠵᠢᠯ ᠢ ᠬᠦᠢᠴᠡᠳᠬᠡᠬᠦ ᠶᠢᠨ ᠣᠷᠢᠳᠠᠯ ᠶᠠᠪᠣᠴᠠ ᠪᠣᠯᠠᠨ᠎ᠠ᠃         ᠬᠦᠳᠡᠯᠮᠦᠷᠢ ᠬᠦᠴᠦ ᠬᠡᠷᠡᠭᠯᠡᠬᠦ ᠶᠢ ᠰᠦᠯᠵᠢᠶᠡᠨ ᠲᠡᠭᠡᠷ᠎ᠡ ᠲᠠᠩᠰᠠᠯᠠᠬᠤ ᠠᠵᠢᠯ ᠢ ᠪᠣᠳᠠᠳᠠᠶᠢᠵᠢᠭᠤᠯᠬᠤ ᠶᠢᠨ ᠲᠦᠯᠦᠬᠡ᠂ ᠣᠯᠠᠭᠠᠢ ᠬᠠᠮᠢᠶᠠᠷᠣᠯᠳᠠ ᠶᠢᠨ ᠣᠷᠣᠨ ᠬᠦᠳᠡᠯᠮᠦᠷᠢ ᠶᠢᠨ ᠪᠠᠳᠣᠯᠠᠭ᠎ᠠ ᠪᠡ ᠬᠢᠨᠠᠯᠳᠠ ᠶᠢᠨ ᠶᠡᠭᠡ ᠠᠩᠬᠢ ᠎ ᠠᠴᠠ ᠣᠳᠠᠰᠣ ᠪᠠᠷ ᠯᠠᠪᠯᠠᠨ ᠠᠰᠠᠭᠤᠬᠤ᠂ ᠰᠦᠯᠵᠢᠶ᠎ᠡ ᠪᠠᠷ ᠲᠤᠭ᠎ᠠ ᠪᠠᠷᠢᠮᠳᠠ ᠶᠢ ᠲᠠᠮᠵᠢᠭᠤᠯᠬᠤ᠂ ᠠᠵᠢᠯᠳᠠᠨ ᠠᠴᠠ ᠪᠣᠳᠠᠳᠠᠢ ᠠᠵᠢᠯᠯᠠᠨ ᠦᠵᠡᠬᠦᠯᠬᠦ᠂ ᠮᠡᠳᠡᠭᠡ ᠵᠠᠩᠬᠢ ᠶᠢ ᠬᠠᠮᠳᠣ ᠪᠠᠷ ᠠᠰᠢᠭᠯᠠᠬᠤ ᠰᠦᠷᠦᠭ ᠪᠠᠶᠢᠭᠤᠯᠬᠤ ᠵᠡᠷᠬᠡ ᠠᠷᠭ᠎ᠠ ᠬᠡᠮᠵᠢᠶ᠎ᠡ ᠪᠠᠷ ᠬᠦᠳᠡᠯᠮᠦᠷᠢ ᠬᠦᠴᠦ ᠬᠡᠷᠡᠭᠯᠡᠬᠦ ᠶᠢ ᠰᠦᠯᠵᠢᠶᠡᠨ ᠲᠡᠭᠡᠷ᠎ᠡ ᠲᠠᠩᠰᠠᠯᠠᠬᠤ ᠠᠵᠢᠯ ᠪᠦᠳᠦᠮᠵᠢᠳᠡᠢ ᠦᠷᠨᠢᠬᠦᠯᠦᠨ᠂ ᠣᠳᠣᠬᠠᠨ ᠪᠣᠯᠳᠠᠯ᠎ᠠ ᠪᠦᠬᠦ ᠬᠠᠮᠢᠶᠠᠷᠣᠯᠳᠠ ᠶᠢᠨ ᠣᠷᠣᠨ ᠬᠦᠳᠡᠯᠮᠦᠷᠢ ᠬᠦᠴᠦ ᠬᠡᠷᠡᠭᠯᠡᠬᠦ 249 ᠡᠷᠦᠬᠡ ᠶᠢ ᠰᠦᠯᠵᠢᠶᠡᠨ ᠲᠡᠭᠡᠷ᠎ᠡ ᠲᠠᠩᠰᠠᠯᠠᠭᠰᠠᠨ ᠪᠠᠶᠢᠨ᠎ᠠ᠃
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号