2017 ᠣᠨ ᠤ ᠪᠠᠶᠠᠨᠬᠤᠰᠢᠭᠤ ᠪᠠᠯᠭᠠᠰᠣᠨ ᠤ ᠣᠨᠴᠠᠯᠢᠭᠳᠣ ᠵᠢᠭᠤᠯᠴᠢᠯᠠᠯ ᠤᠨ ᠨᠡᠷᠡᠳᠣ ᠪᠠᠯᠭᠠᠰᠣ ᠶᠢ ᠪᠠᠶᠢᠭᠤᠯᠬᠤ ︵PPP︶ ᠲᠦᠰᠦᠯ ᠢ ᠪᠡᠶᠡᠯᠡᠬᠦᠯᠦᠭᠰᠡᠨ ᠪᠠᠶᠢᠳᠠᠯ
ᠨᠡᠶᠢᠲᠡᠯᠡᠭᠰᠡᠨ ᠴᠠᠭ᠄
2017-11-29
      ᠣᠯᠠᠭᠠᠢ ᠬᠠᠮᠢᠶᠠᠷᠣᠯᠳᠠ ᠶᠢᠨ ᠣᠷᠣᠨ ᠤ ᠪᠠᠶᠠᠨᠬᠤᠰᠢᠭᠤ ᠪᠠᠯᠭᠠᠰᠣᠨ ᠤ ᠣᠨᠴᠠᠯᠢᠭᠳᠣ ᠵᠢᠭᠤᠯᠴᠢᠯᠠᠯ ᠤᠨ ᠨᠡᠷᠡᠳᠣ ᠪᠠᠯᠭᠠᠰᠣ ᠶᠢ ᠪᠠᠶᠢᠭᠤᠯᠬᠤ ︵PPP︶ ᠲᠦᠰᠦᠯ ᠢ ᠣᠯᠠᠭᠠᠢ ᠬᠠᠮᠢᠶᠠᠷᠣᠯᠳᠠ ᠶᠢᠨ ᠣᠷᠣᠨ ᠤ ᠮᠧᠩ ᠱᠦᠢ ᠺᠣᠮᠫᠠᠨᠢ ᠠᠴᠠ ᠬᠠᠷᠢᠭᠤᠴᠠᠨ ᠪᠠᠶᠢᠭᠠᠣᠯᠪᠠ᠃ ᠢᠨᠵᠧᠨᠧᠷᠢᠩ ᠤᠨ ᠬᠤᠭᠤᠴᠠᠭ᠎ᠠ ᠨᠢ 2017 ᠣᠨ ᠤ 7 ᠰᠠᠷ᠎ᠠ ᠶᠢᠨ 10 ᠡᠳᠣᠷ ᠠᠴᠠ 2018 ᠣᠨ ᠤ 7 ᠰᠠᠷ᠎ᠠ ᠶᠢᠨ 9 ᠡᠳᠣᠷ᠂ ᠢᠨᠵᠧᠨᠧᠷᠢᠩ ᠤᠨ ᠶᠡᠷᠦᠩᠬᠡᠢ ᠪᠡᠯᠡ ᠣᠷᠣᠭᠤᠯᠣᠯᠳᠠ ᠨᠢ ᠪᠠᠷᠤᠭ 2.15 ᠳ᠋ᠦᠩᠰᠢᠭᠤᠷ ᠲᠦᠬᠦᠷᠢᠭ᠂ ᠲᠣᠰ ᠲᠦᠰᠦᠯ ᠨᠢ ᠪᠠᠯᠭᠠᠰᠣᠨ ᠤ ᠲᠣᠳᠣᠷᠠᠬᠢ ᠵᠠᠮ ᠱᠣᠭᠤᠮ ᠢ ᠰᠢᠨ᠎ᠡ ᠪᠠᠷ ᠪᠠᠶᠢᠭᠤᠯᠬᠤ ᠵᠢᠴᠢ ᠰᠢᠨᠡᠳᠬᠡᠨ ᠪᠡᠶᠢᠭᠤᠯᠬᠤ ᠢᠨᠵᠧᠨᠧᠷᠢᠩ᠂ ᠶᠠᠪᠠᠭᠠᠨ ᠤ ᠵᠠᠮ ᠲᠡᠪᠢᠰᠬᠦ ᠵᠢᠴᠢ ᠦᠵᠡᠮᠵᠢ ᠶᠢᠨ ᠢᠨᠵᠧᠨᠧᠷᠢᠩ᠂ ᠪᠠᠶᠠᠨᠨᠠᠭᠤᠷ ᠤᠨ ᠬᠤᠶᠠᠳᠣᠭᠠᠷ ᠬᠤᠭᠤᠴᠠᠭᠠᠨ ᠤ ᠢᠨᠵᠧᠨᠧᠷᠢᠩ᠂ ᠪᠠᠶᠠᠨᠬᠤᠰᠢᠭᠤ ᠪᠠᠯᠭᠠᠰᠣᠨ ᠤ ᠬᠢᠯᠡᠴᠢᠯᠠᠬᠤ ᠢᠨᠵᠧᠨᠧᠷᠢᠩ᠂ ᠣᠷᠴᠢᠨ ᠲᠣᠭᠤᠷᠢᠨ ᠠᠷᠢᠭᠤᠨ ᠴᠡᠪᠡᠷ ᠤᠨ ᠪᠠᠶᠢᠭᠤᠯᠣᠮᠵᠢ ᠬᠤᠳᠠᠯᠳᠣᠨ ᠠᠪᠬᠤ ᠵᠡᠷᠬᠡ ᠶᠢ ᠪᠠᠭᠳᠠᠭᠠᠨ᠎ᠠ᠃      7 ᠰᠠᠷ᠎ᠠ ᠠᠴᠠ ᠠᠵᠢᠯ ᠡᠬᠢᠯᠡᠬᠦᠯᠦᠨ ᠣᠳᠣ ᠪᠣᠯᠳᠠᠯ᠎ᠠ ᠨᠡᠶᠢᠳᠡ 1.5 ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠵᠦ᠂ ᠡᠪᠣᠯ ᠣᠷᠣᠭᠰᠠᠨ ᠠᠴᠠ ᠪᠦᠬᠦ ᠠᠵᠢᠯ ᠢ ᠵᠣᠭᠰᠣᠭᠠᠭᠰᠠᠨ ᠪᠠᠶᠢᠨ᠎ᠠ᠃      1. ᠬᠢᠯᠡᠴᠢᠯᠡᠬᠤ ᠢᠨᠵᠧᠨᠧᠷᠢᠩ ᠤᠨ ᠪᠡᠯᠡ ᠣᠷᠣᠭᠤᠯᠣᠯᠳᠠ ᠪᠡᠷᠤᠭ 700 ᠲᠦᠮᠡ᠂ ᠪᠡᠶᠡᠯᠡᠬᠦᠯᠦᠭᠰᠡᠨ ᠢᠨᠵᠧᠨᠧᠷᠢᠩ ᠤᠨ ᠬᠡᠮᠵᠢᠶ᠎ᠡ 100%᠂ ᠬᠢᠯᠡᠴᠢᠯᠠᠭᠰᠠᠨ ᠠᠰᠠᠷ 13 ᠰᠠᠭᠤᠷᠢ᠃     2. ᠰᠢᠨ᠎ᠡ ᠪᠠᠶᠢᠭᠤᠯᠣᠭᠰᠠᠨ ᠵᠢᠴᠢ ᠦᠬᠡᠷᠡᠴᠢᠯᠡᠨ ᠪᠠᠶᠢᠭᠤᠯᠣᠭᠰᠠᠨ ᠵᠠᠮ ᠱᠣᠭᠤᠮ᠂ ᠶᠠᠪᠠᠭᠠᠨ ᠤ ᠵᠠᠮ ᠲᠡᠪᠢᠰᠦᠭᠰᠡᠨ ᠪᠡᠯᠡ ᠣᠷᠣᠭᠤᠯᠣᠯᠳᠠ ᠨᠡᠶᠢᠳᠡ 1.1 ᠳ᠋ᠦᠩᠰᠢᠭᠤᠷ ᠲᠦᠬᠦᠷᠢᠭ᠂ ᠲᠣᠰ ᠲᠣᠰ ᠶᠡᠷᠦᠩᠬᠡᠢ ᠬᠡᠮᠵᠢᠶ᠎ᠡ ᠎ ᠶᠢᠨ 75%᠂  90%᠎ ᠶᠢ ᠪᠡᠶᠡᠯᠡᠬᠦᠯᠪᠡ᠃      3. ᠪᠠᠶᠠᠨᠨᠠᠭᠤᠷ ᠤᠨ ᠬᠤᠶᠠᠳᠣᠭᠠᠷ ᠬᠤᠭᠤᠴᠠᠭᠠᠨ ᠤ ᠢᠨᠵᠧᠨᠧᠷᠢᠩ ᠪᠡᠷᠤᠭ 2000 ᠲᠦᠮᠡᠨ ᠲᠦᠬᠦᠷᠢᠭ ᠎ ᠤᠨ ᠪᠡᠯᠡ ᠣᠷᠣᠭᠤᠯᠵᠦ᠂ ᠢᠨᠵᠧᠨᠧᠷᠢᠩ ᠤᠨ 22.22%᠎ ᠢ ᠪᠡᠶᠡᠯᠡᠬᠦᠯᠪᠡ᠃ ᠦᠵᠡᠮᠵᠢ ᠶᠢᠨ ᠣᠷᠣᠨ ᠤ ᠲᠣᠳᠣᠷᠠᠬᠢ ᠪᠢᠴᠢᠯ ᠭᠠᠵᠠᠷ ᠤᠨ ᠭᠠᠳᠠᠷᠭᠤ᠂ ᠵᠠᠮ ᠱᠣᠭᠤᠮ᠂ ᠲᠠᠯᠠᠪᠠᠢ ᠶᠢᠨ ᠰᠠᠭᠤᠷᠢ ᠲᠠᠯᠪᠢᠬᠤ ᠠᠵᠢᠯ ᠢ ᠪᠦᠬᠦᠨ ᠎ ᠢ ᠲᠠᠭᠤᠰᠬᠠᠵᠦ᠂ ᠮᠣᠳᠣ ᠲᠠᠷᠢᠬᠤ᠂ ᠰᠦᠷᠴᠢᠮᠡᠯ ᠣᠰᠣᠯᠠᠯᠳᠠ ᠲᠠᠭᠠᠷᠠᠭᠤᠯᠬᠤ ᠵᠡᠷᠬᠡ ᠠᠵᠢᠯ ᠦᠯᠡᠳᠡᠵᠦ ᠪᠣᠢ᠃      4. ᠭᠤᠷᠪᠠᠨ ᠣᠷᠳᠣᠨ ᠤ ᠭᠠᠳᠠᠨᠠᠬᠢ ᠶᠢ ᠬᠠᠳᠠᠭᠤᠷᠠᠭᠤᠯᠬᠤ ︵ᠲᠣᠮᠳᠠᠳᠣ ᠰᠣᠷᠭᠠᠭᠤᠯᠢ︶ ᠢᠨᠵᠧᠨᠧᠷᠢᠩ ᠪᠠᠷᠤᠭ 900 ᠲᠦᠮᠡᠨ ᠲᠦᠬᠦᠷᠢᠭ ᠤᠨ ᠪᠡᠯᠡ ᠣᠷᠣᠭᠤᠯᠵᠦ᠂ ᠪᠦᠬᠦ ᠢᠨᠵᠧᠨᠧᠷᠢᠩ ᠤᠨ 80%᠎ ᠶᠢ ᠪᠡᠶᠡᠯᠡᠬᠦᠯᠪᠡ᠃     ᠵᠠᠮ ᠬᠠᠷᠢᠯᠴᠠᠭᠠᠨ ᠤ ᠲᠣᠬᠢᠶᠠᠨ ᠬᠡᠷᠡᠯ ᠵᠢᠴᠢ ᠬᠢᠨᠠᠨ ᠡᠵᠡᠮᠰᠢᠯ ᠤᠨ ᠲᠦᠷᠰᠣ ᠪᠢᠴᠢᠬᠦ ᠠᠰᠠᠭᠤᠳᠠᠯ ᠠᠵᠢᠯᠯᠠᠬᠤ ᠠᠬᠢᠴᠠ ᠪᠠ ᠴᠠᠭ ᠠᠭᠤᠷ ᠤᠨ ᠨᠦᠯᠦᠬᠡᠯᠡᠯ ᠠᠴᠠ ᠪᠣᠯᠵᠦ ᠬᠡᠷᠡᠭᠯᠡᠯᠳᠡ ᠲᠦᠷ ᠵᠣᠭᠰᠣᠪᠠ᠃ ᠲᠣᠰ ᠠᠰᠠᠭᠤᠳᠠᠯ ᠢ ᠬᠠᠮᠤᠭ ᠤᠨ ᠬᠤᠷᠳᠣᠨ ᠢᠶᠠᠷ ᠰᠢᠢᠳᠪᠦᠷᠢᠯᠡᠬᠦ ᠶᠢᠨ ᠲᠦᠯᠦᠬᠡ ᠣᠷᠣᠨ ᠰᠠᠭᠤᠴᠠ ᠪᠠᠶᠢᠭᠤᠯᠬᠤ ᠲᠣᠪᠴᠢᠶ᠎ᠠ ᠠᠴᠠ ᠮᠧᠩ ᠱᠦᠢ ᠺᠣᠮᠫᠠᠨᠢ ᠶᠢ ᠱᠠᠭᠠᠷᠳᠠᠨ ᠱᠠᠯᠪᠠᠳᠠᠭᠤᠯᠵᠦ 10 ᠰᠠᠭᠤᠷᠢ ᠲᠦᠷ ᠴᠠᠭ ᠤᠨ ᠵᠠᠮ ᠬᠠᠷᠢᠯᠴᠠᠭᠠᠨ ᠤ ᠲᠣᠬᠢᠶᠠᠨ ᠬᠡᠷᠡᠯ ᠲᠣᠬᠢᠷᠠᠭᠤᠯᠵᠦ ᠪᠣᠢ᠂ 12 ᠰᠠᠷ᠎ᠠ ᠶᠢᠨ 7᠎ ᠠᠴᠠ ᠡᠮᠦᠨ᠎ᠡ ᠪᠦᠬᠦᠨ ᠢ ᠣᠭᠰᠠᠷᠠᠵᠦ᠂ ᠪᠠᠯᠭᠠᠰᠣᠨ ᠤ ᠲᠣᠳᠣᠷᠠᠬᠢ ᠪᠦᠬᠦ ᠵᠠᠮ ᠤᠨ ᠪᠠᠯᠴᠢᠷ ᠲᠡᠭᠡᠷᠡᠬᠢ ᠵᠠᠮ ᠬᠠᠷᠢᠯᠴᠠᠭᠠᠨ ᠤ ᠲᠣᠬᠢᠶᠠᠨ ᠬᠡᠷᠡᠯ ᠤᠨ ᠬᠡᠪ ᠤᠨ ᠠᠰᠢᠭᠯᠠᠯᠳᠠ ᠎ ᠶᠢ ᠪᠠᠳᠣᠯᠠᠨ᠎ᠠ᠃ ᠡᠨᠡ ᠬᠤᠭᠤᠷᠣᠨᠳᠣ ᠠᠷᠠᠳ ᠢᠷᠬᠡᠳ ᠢ ᠬᠦᠰᠡᠬᠦ ᠨᠢ ᠬᠤᠷᠳᠣᠴᠠ ᠪᠠᠨ ᠣᠳᠠᠭᠠᠰᠢᠷᠠᠭᠤᠯᠵᠦ ᠠᠮᠣᠷ ᠲᠦᠪᠰᠢᠨ ᠢ ᠠᠩᠬᠠᠷᠴᠣ ᠪᠠᠶᠢᠭᠠᠷᠠᠢ᠂ ᠲᠠᠨ ᠤ ᠠᠮᠢᠳᠣᠷᠠᠯ ᠳᠤ ᠰᠠᠭᠠᠳ ᠠᠪᠴᠢᠷᠠᠭᠰᠠᠨ ᠳᠠᠭᠠᠨ ᠣᠰᠣᠯ ᠬᠦᠯᠢᠶᠡᠵᠦ ᠪᠠᠶᠢᠨ᠎ᠠ᠃
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号