| | ᠤᠢᠢᠷ᠎ᠠ ᠶᠢᠨ ᠡᠳᠦᠷ᠂ ᠮᠤᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠲᠡᠯᠭᠡᠨ ᠦᠵᠡᠭᠦᠯᠬᠦ ᠲᠢᠩᠬᠢᠮ | ᠰᠢᠯᠤᠭᠤᠨ ᠬᠦᠬᠡ ᠬᠤᠰᠢᠭᠤᠨ ᠳᠤ ᠪᠠᠶᠢᠭᠤᠯᠤᠭᠳᠠᠪᠠ᠃ ᠲᠤᠰ ᠲᠢᠩᠬᠢᠮ ᠳᠤ ᠮᠤᠩᠭᠤᠯ ᠬᠡᠯᠡᠨ ᠤ ᠪᠠᠷᠢᠮᠵᠢᠶ᠎ᠠ | ᠠᠪᠢᠶᠠᠨ ᠤ ᠲᠤᠬᠠᠢ ᠨᠤᠮ ᠪᠢᠴᠢᠭ᠂ ᠰᠡᠳᠬᠦᠯ᠂ ᠮᠠᠲ᠋ᠧᠷᠢᠶᠠᠯ᠂ ᠵᠢᠷᠤᠭ ᠰᠡᠬᠦᠳᠡᠷ᠂ ᠲᠦᠷᠰᠦ ᠰᠢᠩᠭᠡᠭᠡᠯᠳᠡ ᠵᠡᠷᠭᠡ | 380 ᠲᠦᠷᠦᠯ ᠤᠨ 30 ᠲᠦᠮᠡᠨ ᠲᠦᠭᠦᠷᠢᠭ ᠤᠨ ᠥᠷᠳᠡᠭ ᠪᠦᠬᠦᠢ ᠪᠢᠴᠢᠭ ᠮᠠᠲ᠋ᠧᠷᠢᠶᠠᠯ ᠪᠠᠶᠢᠵᠦ᠂ ᠡᠳᠡᠭᠡᠷ | ᠪᠢᠴᠢᠭ ᠮᠠᠲ᠋ᠧᠷᠢᠶᠠᠯ ᠨᠢ ᠬᠦᠮᠦᠰ ᠤᠨ ᠮᠤᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠲᠡᠦᠬᠡ ᠪᠤᠯᠤᠨ ᠤᠳᠤᠬᠢ | ᠬᠦᠭᠵᠢᠯᠲᠡ ᠶᠢᠨ ᠬᠠᠨᠳᠤᠰᠢ ᠶᠢᠨ ᠲᠤᠬᠠᠢ ᠤᠶᠢᠯᠠᠭᠠᠬᠤ ᠪᠠ ᠰᠤᠳᠤᠯᠬᠤ ᠳᠤ ᠶᠡᠭᠡ ᠲᠦᠬᠦᠮ ᠦᠵᠡᠬᠦᠯᠵᠦ ᠪᠠᠶᠢᠨ᠎ᠠ᠃ | ᠮᠤᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠲᠡᠯᠭᠡᠨ ᠦᠵᠡᠬᠦᠯᠦᠯᠬᠡ ᠨᠢ ᠡᠬᠢᠯᠡᠯᠲᠡ ᠶᠢᠨ ᠦᠭᠡ᠂ ᠪᠠᠷᠢᠮᠵᠢᠶ᠎ᠠ | ᠠᠪᠢᠶᠠᠨ ᠤ ᠠᠵᠢᠯ ᠢ ᠵᠢᠯᠤᠭᠤᠳᠬᠤ ᠤᠳᠤᠷᠢᠳᠤᠯᠭ᠎ᠠ᠂ ᠪᠠᠷᠢᠮᠵᠢᠶ᠎ᠠ ᠠᠪᠢᠶ᠎ᠠ ᠶᠢ ᠲᠤᠭᠳᠠᠭᠠᠬᠤ ᠠᠵᠢᠯ ᠳᠤ | ᠤᠷᠤᠯᠴᠠᠭᠰᠠᠨ ᠰᠤᠳᠤᠯᠭᠠᠳᠠᠨ᠂ ᠮᠤᠩᠭᠤᠯ ᠪᠠᠷᠢᠮᠵᠢᠶ᠎ᠠ ᠠᠪᠢᠶᠠᠨ ᠤ ᠠᠯᠳᠠᠷᠲᠦ ᠨᠡᠪᠳᠡᠷᠡᠭᠦᠯᠦᠭᠴᠢ᠂ ᠮᠤᠩᠭᠤᠯ | ᠬᠡᠯᠡᠨ ᠤ ᠪᠠᠷᠢᠮᠵᠢᠶ᠎ᠠ ᠠᠪᠢᠶᠠᠨ ᠤ ᠠᠵᠢᠯ ᠤᠨ ᠵᠢᠳᠬᠦᠯᠳᠡᠨ᠂ ᠮᠤᠩᠭᠤᠯ ᠬᠡᠯᠡᠨ ᠤ ᠪᠠᠷᠢᠮᠵᠢᠶ᠎ᠠ ᠠᠪᠢᠶ᠎ᠠ ᠶᠢ | ᠲᠦᠭᠡᠮᠡᠯᠵᠢᠬᠦᠯᠬᠦ ᠠᠵᠢᠯᠳᠠᠨ᠂ ᠲᠡᠭᠦᠰᠭᠡᠯ ᠤᠨ ᠦᠬᠡ ᠵᠡᠷᠭᠡ ᠲᠤᠯᠤᠭᠠᠨ ᠭᠡᠰᠡᠭ ᠢᠶᠠᠷ ᠪᠦᠷᠢᠯᠳᠦᠵᠡᠢ᠃ | ᠤᠢᠢᠯᠠᠭᠠᠭᠰᠠᠨ ᠢᠶᠠᠷ᠂ 1980 ᠤᠨ ᠤ 3 ᠳ᠋ᠤᠭᠠᠷ ᠰᠠᠷ᠎ᠠ ᠶᠢᠨ 31 ᠤ ᠡᠳᠦᠷ ᠦᠪᠦᠷ ᠮᠤᠩᠭᠤᠯ ᠤᠨ ᠦᠪᠡᠷᠲᠡᠭᠡᠨ | ᠵᠠᠰᠠᠬᠤ ᠤᠷᠤᠨ ᠤ ᠵᠠᠰᠠᠭ ᠤᠨ ᠤᠷᠳᠤᠨ ᠠᠴᠠ ᠨᠠᠢᠮᠠᠨ ᠮᠤᠵᠢ ᠤᠷᠤᠨ ᠤ ᠮᠤᠩᠭᠤᠯ ᠬᠡᠯᠡᠨ ᠤ ᠠᠵᠢᠯᠯᠠᠬᠤ | ᠲᠤᠭᠤᠶᠢᠯᠠᠩ ᠤᠨ ᠲᠤᠷᠠᠳᠴᠦ ᠭᠠᠷᠭᠠᠬᠰᠠᠨ ᠲᠤᠮᠳᠠᠳᠤ ᠭᠡᠰᠡᠭ ᠤᠨ ᠠᠮᠠᠨ ᠠᠶᠠᠯᠭᠤ ᠪᠠᠷ ᠰᠠᠭᠤᠷᠢ ᠠᠪᠢᠶ᠎ᠠ ᠪᠤᠯᠭᠠᠬᠤ | ᠲᠤᠷᠠᠳᠤᠯᠭ᠎ᠠ ᠶᠢ ᠵᠦᠪᠰᠢᠶᠡᠷᠡᠵᠦ᠂ ᠰᠢᠯᠤᠭᠤᠨ ᠬᠦᠭᠡ ᠪᠠᠷ ᠲᠦᠯᠦᠭᠡᠯᠡᠭᠦᠯᠦᠭᠰᠡᠨ ᠴᠠᠬᠠᠷ ᠠᠮᠠᠨ ᠠᠶᠠᠯᠭᠤ ᠶᠢ | ᠪᠠᠷᠢᠮᠵᠢᠶ᠎ᠠ ᠠᠪᠢᠶ᠎ᠠ ᠪᠠᠷ ᠲᠤᠭᠳᠠᠭᠠᠭᠰᠠᠨ ᠪᠠᠶᠢᠨ᠎ᠠ᠃ 2009 ᠤᠨ ᠤ 11 ᠳ᠋ᠤᠭᠡᠷ ᠰᠠᠷ᠎ᠠ ᠶᠢᠨ 10 — 11 ᠤ | ᠡᠳᠦᠷ᠂ ᠰᠢᠯᠤᠭᠤᠨ ᠬᠦᠬᠡ ᠬᠤᠰᠢᠭᠤ ᠲᠤᠮᠳᠠᠳᠤ ᠤᠯᠤᠰ ᠤᠨ ᠮᠤᠩᠭᠤᠯ ᠬᠡᠯᠡᠨ ᠤ ᠪᠠᠷᠢᠮᠵᠢᠶ᠎ᠠ ᠠᠪᠢᠶ᠎ᠠ ᠶᠢ | ᠲᠤᠭᠳᠠᠭᠠᠭᠰᠠᠨ 30 ᠵᠢᠯ ᠤᠨ ᠤᠢ ᠶᠢ ᠪᠡᠯᠬᠡᠯᠡᠬᠦ ᠪᠠ ᠰᠤᠳᠤᠯᠬᠤ ᠬᠤᠷᠠᠯ ᠬᠤᠷᠠᠯᠳᠤᠭᠤᠯᠵᠤ᠂ ᠦᠪᠦᠷ | ᠮᠤᠩᠭᠤᠯ ᠤᠨ ᠦᠪᠡᠷᠲᠡᠭᠡᠨ ᠵᠠᠰᠠᠬᠤ ᠤᠷᠤᠨ ᠠᠴᠠ ᠰᠢᠯᠤᠭᠤᠨ ᠬᠦᠬᠡ ᠬᠤᠰᠢᠭᠤ ᠶᠢ ᠲᠤᠮᠳᠠᠳᠤ ᠤᠯᠤᠰ ᠤᠨ | ᠪᠠᠷᠢᠮᠵᠢᠶ᠎ᠠ ᠠᠪᠢᠶᠠᠨ ᠤ ᠰᠠᠭᠤᠷᠢᠨ ᠭᠡᠵᠦ ᠲᠤᠭᠳᠠᠭᠠᠵᠠᠢ᠃ | |