| | 1960 ᠣᠨ ᠳᠤ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠠᠴᠠ ᠣᠷᠣᠨ ᠨᠣᠳᠤᠭ ᠤᠨ ᠣᠯᠣᠰ ᠤᠨ | ᠣᠯᠠᠭᠠᠢ ᠭᠤᠣᠯ ᠮᠠᠰᠢᠨ ᠢᠶᠠᠷ ᠲᠠᠷᠢᠶᠠᠯᠠᠬᠤ ᠲᠠᠷᠢᠶᠠᠯᠠᠩ ᠤᠨ ᠲᠠᠯᠠᠪᠠᠢ ᠶᠢ ᠪᠠᠶᠢᠭᠤᠯᠪᠠ᠃ 1969 ᠣᠨ ᠳᠤ | ᠲᠣᠮᠳᠠᠳᠣ ᠣᠯᠣᠰ ᠤᠨ ᠠᠷᠠᠳ ᠤᠨ ᠴᠢᠯᠦᠭᠡᠯᠡᠬᠦ ᠴᠡᠷᠢᠭ ᠤᠨ ᠪᠡᠬᠡᠵᠢᠩ ᠤᠨ ᠴᠡᠷᠢᠭ ᠤᠨ ᠲᠣᠭᠤᠷᠢᠭ ᠤᠨ ᠦᠪᠦᠷ | ᠮᠣᠩᠭᠤᠯ ᠤᠨ ᠦᠢᠯᠡᠳᠪᠦᠷᠢᠯᠡᠨ ᠪᠦᠳᠦᠬᠡᠨ ᠪᠠᠶᠢᠭᠤᠯᠬᠤ ᠠᠷᠮᠢ ᠶᠢᠨ ᠵᠢᠷᠭᠤᠳᠣᠭᠠᠷ ᠳ᠋ᠢᠸᠢᠽᠢ ᠢ ᠪᠠᠶᠢᠭᠤᠯᠪᠠ᠃ | 1975 ᠣᠨ ᠳᠤ ᠦᠢᠯᠡᠳᠪᠦᠷᠢᠯᠡᠨ ᠪᠦᠳᠦᠬᠡᠨ ᠪᠠᠶᠢᠭᠤᠯᠬᠤ ᠠᠷᠮᠢ ᠶᠢᠨ ᠪᠠᠶᠢᠭᠤᠯᠭ᠎ᠠ ᠶᠢ ᠣᠰᠠᠳᠬᠠᠵᠦ᠂ ᠦᠪᠦᠷ | ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠲᠠᠷᠢᠶᠠᠯᠠᠩ ᠮᠠᠯᠵᠢᠯ ᠤᠨ ᠲᠠᠯᠠᠪᠠᠢ ᠶᠢᠨ ᠬᠠᠮᠢᠶᠠᠷᠣᠯᠳᠠ ᠶᠢᠨ | ᠲᠣᠪᠴᠢᠶ᠎ᠠ ᠶᠢᠨ ᠣᠯᠠᠭᠠᠢ ᠶᠢᠨ ᠬᠤᠪᠢᠶᠠᠷᠢ ᠲᠣᠪᠴᠢᠶ᠎ᠠ ᠶᠢ ᠪᠠᠶᠢᠭᠤᠯᠪᠠ᠃ 1981 ᠣᠨ ᠳᠤ ᠣᠯᠠᠭᠠᠢ ᠮᠠᠯᠵᠢᠯ ᠤᠨ | ᠲᠠᠯᠠᠪᠠᠢ ᠶᠢᠨ ᠬᠠᠮᠢᠶᠠᠷᠣᠯᠳᠠ ᠶᠢᠨ ᠲᠣᠪᠴᠢᠶ᠎ᠠ ᠬᠡᠵᠦ ᠦᠬᠡᠷᠡᠴᠢᠯᠡᠪᠡ᠃ 1993 ᠣᠨ ᠳᠤ ᠦᠪᠡᠷᠳᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠤ ᠵᠦᠪᠰᠢᠶᠡᠷᠡᠯᠳᠡ ᠪᠠᠷ ᠬᠤᠰᠢᠭᠤ ᠰᠢᠶᠠᠨ ᠤ ᠬᠠᠮᠢᠶᠠᠷᠣᠯᠳᠠ ᠶᠢᠨ ᠴᠢᠳᠠᠮᠵᠢ ᠶᠢ | ᠬᠡᠷᠡᠭᠵᠢᠬᠦᠯᠬᠦ ᠣᠯᠠᠭᠠᠢ ᠶᠡᠷᠦᠩᠬᠡᠢ ᠨᠡᠬᠡᠬᠡᠯᠳᠡ ᠶᠢᠨ ᠣᠷᠣᠨ ᠢ ᠪᠠᠶᠢᠭᠤᠯᠪᠠ᠃ 2005 ᠣᠨ ᠳᠤ ᠣᠯᠠᠭᠠᠢ | ᠬᠠᠮᠢᠶᠠᠷᠣᠯᠳᠠ ᠶᠢᠨ ᠣᠷᠣᠨ ᠭᠡᠵᠦ ᠦᠭᠡᠷᠡᠴᠢᠯᠡᠨ᠂ ᠣᠯᠠᠭᠠᠢ ᠮᠠᠯᠵᠢᠯ ᠤᠨ ᠲᠠᠯᠠᠪᠠᠢ ᠶᠢᠨ ᠬᠠᠮᠢᠶᠠᠷᠣᠯᠳᠠ ᠶᠢᠨ | ᠲᠣᠪᠴᠢᠶ᠎ᠠ ᠲᠠᠢ ︽ᠨᠢᠬᠡ ᠰᠠᠯᠠᠭ᠎ᠠ ᠴᠡᠷᠢᠭ ᠮᠣᠷᠢ᠂ ᠬᠤᠶᠠᠷ ᠨᠡᠷᠡᠶᠢᠳᠣᠯ︾ ᠲᠣᠭᠳᠠᠯᠴᠠᠭᠠᠳᠣ ᠬᠠᠮᠢᠶᠠᠷᠣᠯᠳᠠ ᠶᠢ | ᠬᠡᠷᠡᠭᠵᠢᠬᠦᠯᠪᠡ᠃ | | |