ᠣᠯᠠᠭᠠᠢ ᠬᠠᠮᠢᠶᠠᠷᠣᠯᠳᠠ ᠶᠢᠨ ᠣᠷᠣᠨ ᠠᠴᠠ ᠬᠠᠩᠰᠢ ᠪᠠᠷ ᠦᠷᠡᠭᠳᠡᠭᠰᠡᠨ ᠪᠠᠭᠠᠳᠣᠷᠴᠣᠳ ᠢ ᠲᠠᠬᠢᠬᠤ ᠬᠦᠳᠡᠯᠬᠡᠬᠡᠨ ᠦᠷᠨᠢᠬᠦᠯᠪᠡ
ᠨᠡᠶᠢᠲᠡᠯᠡᠭᠰᠡᠨ ᠴᠠᠭ᠄
2017/3/30
     3 ᠰᠠᠷ᠎ᠠ ᠶᠢᠨ 30 ᠨᠡᠬᠡᠬᠡᠭᠰᠡᠨ ᠬᠠᠩᠰᠢ ᠶᠢᠨ ᠡᠮᠦᠨ᠎ᠡ᠂ ᠬᠠᠮᠢᠶᠠᠷᠣᠯᠳᠠ ᠶᠢᠨ ᠣᠷᠣᠨ ᠤ ᠣᠬᠠᠭᠤᠯᠭ᠎ᠠ ᠶᠢᠨ ᠬᠡᠯᠳᠡᠰ᠂ ᠪᠣᠯᠪᠠᠰᠣᠨ ᠤ ᠠᠯᠪᠠᠨ ᠭᠡᠷ᠂ ᠠᠷᠠᠳ ᠤᠨ ᠵᠠᠰᠠᠭ ᠤᠨ ᠲᠣᠪᠴᠢᠶ᠎ᠠ᠂ ᠰᠣᠷᠭᠠᠨ ᠬᠦᠮᠦᠵᠢᠯ ᠤᠨ ᠲᠣᠪᠴᠢᠶ᠎ᠠ ᠠᠴᠠ ᠬᠠᠮᠳᠣ ᠪᠠᠷ ᠵᠣᠬᠢᠶᠠᠨ ᠪᠠᠶᠢᠭᠤᠯᠣᠨ ᠬᠠᠩᠰᠢ ᠪᠠᠷ ᠬᠤᠪᠢᠰᠬᠠᠯ ᠤᠨ ᠦᠷᠡᠭᠳᠡᠭᠰᠡᠨ ᠪᠠᠭᠠᠷᠳᠣᠷᠴᠣᠳ ᠤᠨ ᠣᠩᠭᠤᠨ ᠢ ᠲᠠᠬᠢᠵᠦ ᠱᠦᠬᠦᠷᠳᠡᠬᠦ ᠬᠦᠳᠡᠯᠬᠡᠬᠡᠨ ᠦᠷᠨᠢᠬᠦᠯᠵᠦ᠂ ᠬᠠᠮᠳᠣ ᠪᠠᠷ ᠬᠤᠪᠢᠰᠬᠠᠯ ᠤᠨ ᠦᠷᠡᠭᠳᠡᠭᠰᠡᠨ ᠪᠠᠭᠠᠷᠳᠣᠷᠴᠣᠳ ᠤᠨ ᠠᠭᠤᠣ ᠭᠠᠪᠢᠶ᠎ᠠ ᠠᠮᠵᠢᠯᠳᠠ ᠪᠦᠳᠦᠬᠡᠯ ᠢ ᠨᠢ ᠰᠠᠨᠠᠭᠠᠯᠵᠠᠨ ᠲᠣᠷᠠᠰᠪᠠ᠃      ᠦᠳᠡ ᠶᠢᠨ ᠡᠮᠦᠨ᠎ᠡ ᠶᠢᠨ 9 ᠴᠠᠭ ᠪᠠᠷ᠂ ᠪᠠᠶᠢᠭᠤᠯᠭ᠎ᠠ᠂ ᠰᠣᠷᠭᠠᠭᠤᠯᠢ᠂ ᠴᠡᠷᠢᠭ ᠠᠷᠮᠠᠢ ᠶᠢᠨ ᠲᠦᠯᠦᠭᠡᠯᠡᠭᠴᠢᠳ 300 ᠭᠠᠷᠣᠢ ᠬᠦᠮᠦᠰ ᠦᠷᠡᠭᠳᠡᠭᠰᠡᠨ ᠪᠠᠭᠠᠷᠳᠣᠷᠴᠣᠳ ᠤᠨ ᠣᠩᠭᠤᠨ ᠳᠤ ᠴᠡᠴᠡᠭ ᠬᠦᠷᠭᠡᠨ ᠨᠢᠬᠡ ᠮᠢᠨᠦ᠋ᠲ ᠲᠠᠭᠤ ᠦᠬᠡᠢ ᠭᠠᠰᠢᠭᠤᠳᠠᠪᠠ᠃ ᠬᠦᠳᠡᠯᠬᠡᠬᠡᠨ ᠲᠣᠮᠳᠠ᠂ ᠬᠠᠮᠢᠠᠶ᠋ᠷᠣᠯᠳᠠ ᠶᠢᠨ ᠣᠷᠣᠨ ᠤ ᠣᠬᠠᠭᠤᠯᠭ᠎ᠠ ᠶᠢᠨ ᠬᠡᠯᠳᠡᠰ ᠠᠴᠠ ᠣᠷᠢᠶᠠᠯᠠᠭᠰᠠᠨ  ᠨᠢ᠂ ᠦᠷᠬᠡᠨ ᠣᠯᠠᠨ ᠺᠠᠳ᠋ᠷ ᠢᠷᠭᠡᠳ ᠪᠣᠯᠣᠨ ᠰᠣᠷᠣᠭᠴᠢ ᠨᠠᠷ ᠠᠬᠠᠮᠠᠳ ᠢᠶᠠᠨ ᠰᠠᠨᠠᠵᠦ᠂ ᠦᠷᠡᠭᠳᠡᠭᠰᠡᠨ ᠪᠠᠭᠠᠷᠳᠣᠷᠴᠣᠳ  ᠤᠨ ᠦᠩᠬᠡ ᠬᠡᠷᠡᠯᠳᠣ ᠬᠡᠷᠡᠭ ᠶᠠᠪᠣᠳᠠᠯ ᠢ ᠬᠦᠨ ᠴᠡᠬᠡᠵᠢᠯᠡᠵᠦ᠂ ᠦᠨᠦᠳᠦᠷ ᠤᠨ ᠵᠣᠯ ᠵᠢᠷᠭᠠᠯᠳᠣ ᠠᠮᠢᠳᠣᠷᠠᠯ ᠢᠶᠠᠨ ᠲᠠᠬᠢᠨ  ᠢᠶᠠᠷ ᠨᠠᠨᠳᠢᠩᠨᠠᠵᠦ᠂ ᠣᠯᠣᠰ ᠭᠡᠷ ᠰᠠᠶᠢᠨ ᠪᠣᠯᠪᠠᠰᠣ ᠦᠨᠳᠦᠰᠦᠳᠡᠨ ᠰᠠᠶᠢᠨ᠂ ᠦᠨᠳᠦᠰᠦᠳᠡᠨ ᠰᠠᠶᠢᠨ ᠪᠣᠯᠪᠠᠰᠣ ᠪᠦᠬᠦᠳᠡᠬᠡᠷ ᠰᠠᠶᠢᠨ ᠪᠣᠯᠬᠤ ᠶᠣᠰᠣ ᠶᠢ ᠣᠬᠠᠭᠠᠵᠦ᠂ ᠡᠬᠡ ᠣᠯᠣᠰ ᠢᠶᠠᠨ ᠬᠠᠶᠢᠷᠠᠯᠠᠬᠤ᠂ ᠠᠷᠠᠳ ᠲᠦᠮᠡᠨ ᠢᠶᠠᠨ ᠬᠠᠶᠢᠷᠠᠯᠠᠬᠤ᠂ ᠲᠣᠮᠳᠠᠳᠣ ᠶᠢᠨ ᠦᠨᠳᠦᠰᠦᠳᠡᠨ ᠢᠶᠠᠨ ᠬᠠᠶᠢᠷᠠᠯᠠᠬᠤ ᠰᠡᠳᠬᠢᠯᠬᠡ ᠶᠢ ᠲᠠᠰᠣᠷᠠᠯᠳᠠ ᠦᠬᠡᠢ ᠨᠡᠮᠡᠭᠳᠡᠬᠦᠯᠦᠨ᠂ ᠲᠣᠮᠳᠠᠳᠣ ᠶᠢᠨ ᠦᠨᠳᠦᠰᠦᠳᠡᠨ ᠤ ᠠᠭᠤᠣ ᠶᠡᠭᠡ ᠬᠦᠭᠵᠢᠯ ᠪᠠᠳᠠᠷᠠᠯ ︽ᠲᠣᠮᠳᠠᠳᠣ ᠶᠢᠨ ᠵᠡᠬᠦᠳᠣ︾ ᠶᠢ ᠪᠦᠳᠦᠬᠡᠬᠦ ᠪᠠᠷ ᠵᠣᠷᠢᠭ ᠰᠢᠢᠳᠴᠦ ᠴᠢᠷᠮᠠᠶᠢᠨ ᠠᠵᠢᠯᠯᠠᠵᠦ ᠰᠣᠷᠣᠯᠴᠠᠬᠤ ᠬᠡᠷᠡᠭᠳᠡᠢ ᠬᠡᠪᠡ᠃       ᠣᠶᠢᠷ᠎ᠠ ᠶᠢᠨ ᠡᠳᠣᠷ ᠢᠶᠠᠷ ᠬᠠᠮᠢᠶᠠᠷᠣᠯᠳᠠ ᠶᠢᠨ ᠣᠷᠣᠨ ᠤ ᠨᠠᠮ ᠤᠨ ᠠᠵᠢᠯ ᠤᠨ ᠣᠬᠠᠭᠤᠯᠭ᠎ᠠ ᠶᠢᠨ ᠬᠡᠯᠳᠡᠰ᠂ ᠪᠣᠯᠪᠠᠰᠣᠨ ᠤ ᠠᠯᠪᠠᠨ ᠬᠡᠷ ᠠᠴᠠ ᠲᠧᠯᠸᠢᠰ᠂ ᠵᠠᠰᠠᠭ ᠤᠨ ᠶᠠᠪᠣᠳᠠᠯ ᠤᠨ ᠡᠬᠦᠳᠡᠨ ᠰᠦᠯᠵᠢᠶ᠎ᠡ᠂ ᠵᠢᠷᠬᠢᠶ᠎ᠡ ᠵᠡᠷᠬᠡ ᠣᠯᠠᠨ ᠬᠡᠯᠪᠡᠷᠢ ᠪᠠᠷ ︽ᠪᠣᠯᠪᠠᠰᠣᠨ ᠲᠠᠬᠢᠵᠦ ᠱᠦᠬᠦᠷᠳᠡᠬᠦ ᠠᠮᠣᠷ ᠲᠠᠶᠢᠪᠣᠩ ᠬᠠᠩᠰᠢ︾ ᠶᠢᠨ ᠣᠷᠢᠶᠠᠯᠠᠭ᠎ᠠ ᠶᠢᠨ ᠪᠢᠴᠢᠭ ᠲᠠᠷᠠᠬᠠᠵᠦ ᠂ ᠮᠠᠭᠤ ᠰᠣᠷᠳᠠᠯ ᠢᠶᠠᠨ ᠬᠠᠶᠠᠵᠦ᠂ ᠪᠣᠯᠪᠠᠰᠣᠨ ᠢᠶᠠᠷ ᠲᠠᠬᠢᠵᠦ ᠱᠦᠬᠦᠷᠳᠡᠬᠦ᠂ ᠵᠣᠬᠢᠰᠳᠡᠢ ᠲᠣᠬᠢᠷᠠᠭᠤᠯᠵᠦ᠂ ᠠᠮᠣᠷ ᠲᠦᠪᠰᠢᠨ ᠲᠠᠬᠢᠵᠦ ᠱᠦᠬᠦᠷᠳᠡᠵᠦ᠂ ᠬᠦᠨᠳᠣ ᠪᠠᠷ ᠠᠴᠢᠯᠠᠵᠦ ᠵᠣᠬᠢᠰᠳᠡᠢ ᠣᠷᠣᠰᠢᠭᠤᠯᠬᠤ᠂ ᠰᠠᠶᠢᠬᠠᠨ ᠰᠣᠷᠳᠠᠯ ᠢᠶᠠᠨ ᠣᠯᠠᠮᠵᠢᠯᠠᠨ᠎ᠠ ᠬᠡᠪᠡ᠃
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号