| 3.6 ᠤ ᠡᠳᠣᠷ ᠣᠯᠠᠭᠠᠢ ᠬᠠᠮᠢᠶᠠᠷᠣᠯᠳᠠ ᠶᠢᠨ ᠣᠷᠣᠨ 2017 ᠣᠨ ᠤ ᠰᠠᠬᠢᠯᠭ᠎ᠠ ︵ᠦᠷᠭᠡᠳᠬᠡᠭᠰᠡᠨ ᠬᠤᠷᠠᠯ︶ | ᠵᠢᠴᠢ ᠴᠢᠬᠡᠴᠢ ᠵᠠᠰᠠᠭ ᠤᠨ ᠠᠵᠢᠯ ᠤᠨ ᠬᠤᠷᠠᠯ ᠢ ᠬᠤᠷᠠᠯᠳᠣᠵᠦ᠂ ᠬᠤᠷᠠᠯ ᠲᠡᠭᠡᠷ᠎ᠡ ᠰᠢ ᠶᠢᠨ ᠫᠢᠩ ᠶᠡᠷᠦᠩᠬᠡᠢ ᠱᠦᠵᠢ ᠶᠢᠨ | ᠰᠢᠷᠢᠰ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠪᠣᠯᠣᠨ ᠨᠠᠮ ᠤᠨ ᠠᠷᠪᠠᠨ ᠨᠠᠢᠮᠠᠳᠣᠭᠠᠷ ᠬᠤᠭᠤᠴᠠᠭᠠᠨ ᠤ ᠵᠢᠷᠭᠤᠳᠣᠭᠠᠷ | ᠪᠦᠬᠦᠳᠡ ᠬᠤᠷᠠᠯ᠂ ᠲᠦᠪ ᠤᠨ ᠰᠠᠬᠢᠯᠭ᠎ᠠ ᠶᠢᠨ ᠵᠦᠪᠯᠡᠯ ᠤᠨ ᠠᠷᠪᠠᠨ ᠨᠠᠶᠢᠮᠠᠳᠣᠭᠠᠷ ᠬᠤᠭᠤᠴᠠᠭᠠᠨ ᠤ ᠲᠣᠯᠣᠳᠣᠭᠠᠷ | ᠪᠦᠬᠦᠳᠡ ᠬᠤᠷᠠᠯ᠂ ᠦᠪᠡᠷᠳᠡᠬᠡᠨ ᠵᠠᠰᠠᠬᠤ ᠣᠷᠣᠨ ᠤ ᠰᠠᠬᠢᠯᠭ᠎ᠠ ᠶᠢᠨ ᠵᠦᠪᠯᠡᠯ ᠤᠨ ᠠᠷᠪᠠᠳᠣᠭᠠᠷ ᠬᠤᠭᠤᠴᠠᠭᠠᠨ ᠤ | ᠬᠤᠶᠠᠳᠣᠭᠠᠷ ᠪᠦᠬᠦᠳᠡ ᠬᠤᠷᠠᠯ᠂ ᠲᠣᠮᠳᠠᠳᠣ ᠣᠯᠣᠰ ᠤᠨ ᠡᠪ ᠬᠠᠮᠳᠣ ᠨᠠᠮ ᠤᠨ ᠰᠢᠯᠢ ᠶᠢᠨ ᠭᠤᠣᠯ ᠠᠶᠢᠮᠠᠭ ᠤᠨ | ᠰᠠᠬᠢᠯᠭ᠎ᠠ ᠶᠢᠨ ᠵᠦᠪᠯᠡᠯ ︵ᠦᠷᠭᠡᠳᠬᠡᠭᠰᠡᠨ ᠬᠤᠷᠠᠯ︶ ᠤᠨ ᠬᠤᠷᠠᠯ ᠤᠨ ᠵᠣᠷᠢᠭ ᠰᠠᠨᠠᠭ᠎ᠠ ᠶᠢ ᠲᠣᠣᠱᠯᠠᠭᠤᠯᠣᠨ | ᠪᠣᠳᠠᠳᠠᠶᠢᠵᠢᠭᠤᠯᠵᠦ᠂ ᠬᠠᠮᠢᠶᠠᠷᠣᠯᠳᠠ ᠶᠢᠨ ᠣᠷᠣᠨ ᠤ 2017 ᠣᠨ ᠳᠤ ᠪᠦᠬᠦ ᠲᠠᠯ᠎ᠠ ᠪᠠᠷ ᠨᠠᠮ ᠢ ᠴᠡᠭᠴᠡᠯᠡᠬᠦ ᠠᠵᠢᠯ ᠢ | ᠲᠣᠬᠢᠷᠠᠭᠤᠯᠣᠨ ᠪᠠᠶᠢᠷᠢᠯᠠᠭᠤᠯᠪᠠ᠃ ᠨᠠᠮ ᠤᠨ ᠠᠵᠢᠯ ᠤᠨ ᠵᠦᠪᠯᠡᠯ ᠤᠨ ᠲᠡᠳ᠋ ᠱᠦᠵᠢ᠂ ᠬᠠᠮᠢᠶᠠᠷᠣᠯᠳᠠ ᠶᠢᠨ ᠣᠷᠣᠨ ᠤ | ᠡᠷᠬᠢᠯᠡᠭᠴᠢ᠂ ᠰᠦᠨ ᠵᠧᠨ ᠵᠢᠶᠠᠩ ᠴᠢᠬᠤᠯᠠ ᠶᠠᠷᠢᠶ᠎ᠠ ᠲᠠᠯᠪᠢᠵᠦ᠂ ᠨᠠᠮ ᠤᠨ ᠠᠵᠢᠯ ᠤᠨ ᠵᠦᠪᠯᠡᠯ ᠤᠨ ᠲᠡᠳ᠋ ᠱᠦᠵᠢ | ᠨᠢᠬᠡᠳᠣᠮᠡᠯ ᠹᠷᠣᠨᠲ ᠤᠨ ᠬᠡᠯᠳᠡᠰ ᠤᠨ ᠲᠠᠷᠤᠭ᠎ᠠ ᠸᠠᠩ ᠯᠢ ᠵᠢᠶᠦ᠋ᠨ ᠬᠤᠷᠠᠯ ᠡᠷᠬᠢᠯᠡᠵᠦ᠂ ᠨᠠᠮ ᠤᠨ ᠠᠵᠢᠯ ᠤᠨ ᠵᠦᠪᠯᠡᠯ ᠤᠨ | ᠬᠡᠰᠢᠬᠦᠨ ᠰᠠᠬᠢᠯᠭ᠎ᠠ ᠶᠢᠨ ᠵᠦᠪᠯᠡᠯ ᠤᠨ ᠱᠦᠵᠢ ᠬᠦᠬᠡ ᠠᠴᠠ ᠠᠵᠢᠯ ᠤᠨ ᠢᠯᠡᠳᠬᠡᠯ ᠬᠢᠪᠡ᠃ ᠬᠠᠮᠢᠶᠠᠷᠣᠯᠳᠠ ᠶᠢᠨ ᠣᠷᠣᠨ | ᠤ ᠳᠤ ᠪᠠᠶᠢᠭ᠎ᠠ ᠨᠠᠮ ᠤᠨ ᠠᠵᠢᠯ ᠤᠨ ᠵᠦᠪᠯᠡᠯ᠂ ᠬᠠᠮᠢᠶᠠᠷᠣᠯᠳᠠ ᠶᠢᠨ ᠵᠦᠪᠯᠡᠯ ᠤᠨ ᠣᠳᠣᠷᠢᠳᠣᠯᠭ᠎ᠠ ᠶᠢᠨ ᠪᠠᠭ ᠤᠨ | ᠬᠡᠰᠢᠬᠦᠨ ᠪᠠ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠬᠠᠷᠢᠭᠤᠴᠠᠭᠴᠢ ᠠᠴᠠ ᠬᠤᠷᠠᠯ ᠳᠤ ᠭᠠᠷᠪᠠ᠃ | | | |