ᠲᠡᠦᠬᠡ ᠰᠤᠶᠤᠯ ᠢᠶᠠᠨ ᠲᠡᠭᠡᠳᠤᠯᠠᠵᠤ ᠦᠪ ᠰᠤᠶᠤᠯ ᠢᠶᠠᠨ ᠤᠯᠠᠮᠵᠢᠯᠠᠨᠠᠮ
ᠨᠡᠶᠢᠲᠡᠯᠡᠭᠰᠡᠨ ᠴᠠᠭ᠄
2017/3/8
     ᠡᠵᠡᠨ ᠴᠢᠩᠬᠢᠰ ᠤᠨ ᠲᠠᠶᠢᠯᠭ᠎ᠠ ᠶᠢᠨ ᠤᠷᠳᠤᠨ ᠪᠤᠢ ᠪᠤᠯᠵᠤ ᠲᠠᠶᠢᠯᠭ᠎ᠠ ᠲᠠᠬᠢᠯᠭ᠎ᠠ ᠶᠢᠨ ᠰᠤᠶᠤᠯ ᠪᠦᠷᠢᠯᠳᠤᠭ᠍ᠰᠡᠨ ᠤ 789 ᠵᠢᠯ ᠤᠨ ᠤᠢ᠂ ᠮᠦᠨ ᠡᠵᠡᠨ ᠴᠢᠩᠬᠢᠰ ᠤᠨ ᠤᠩᠬᠤᠨ ᠰᠢᠳᠦᠬᠡᠨ ᠤ ᠲᠠᠶᠢᠯᠭ᠎ᠠ ᠶᠢᠨ ᠦᠢᠯᠡ ᠤᠯᠤᠰ ᠤᠨ ᠪᠡᠶᠡᠳᠤ ᠪᠤᠰᠤ ᠰᠤᠶᠤᠯ ᠤᠨ ᠦᠪ ᠪᠤᠯᠤᠭᠰᠠᠨ ᠤ 10 ᠵᠢᠯ ᠤᠨ ᠤᠢ ᠡᠨᠡ ᠤᠨ ᠳᠤ ᠲᠤᠬᠢᠶᠠᠵᠤ ᠪᠠᠶᠢᠭ᠎ᠠ ᠪᠢᠯᠡ᠃     ᠨᠡᠶᠢᠲᠡ ᠶᠢᠨ ᠤᠨ ᠲᠤᠭᠠᠯᠠᠯ ᠤᠨ 2016 ᠤᠨ ᠤ 4 ᠰᠠᠷ᠎ᠠ ᠶᠢᠨ 27 ᠪᠤᠶᠤ ᠪᠢᠯᠢᠭ ᠤᠨ ᠤᠯᠠᠷᠢᠯ ᠤᠨ ᠤᠯᠠᠭᠠᠨ ᠪᠡᠴᠢᠨ ᠵᠢᠯ ᠤᠨ 3 ᠰᠠᠷ᠎ᠠ ᠶᠢᠨ 21 ᠤ ᠡᠳᠤᠷ᠂ ᠦᠪᠦᠷ ᠮᠤᠩᠬᠤᠯ ᠤᠨ ᠡᠵᠡᠨ ᠬᠤᠷᠤᠭ᠎ᠠ ᠬᠤᠰᠢᠭᠤᠨ ᠳᠤ ᠪᠠᠶᠢᠷᠢᠯᠠᠬᠤ ᠴᠢᠩᠬᠢᠰ ᠤᠨ ᠤᠩᠬᠤᠨ ᠳᠤ ᠵᠤᠬᠢᠶᠠᠨ ᠪᠠᠶᠢᠭᠤᠯᠤᠭᠳᠠᠬᠤ ᠪᠠᠷ ᠪᠠᠶᠢᠭ᠎ᠠ ᠢᠰᠡᠬᠡᠢ ᠲᠤᠭᠤᠷᠭᠠᠳᠠᠨ ᠤ ᠴᠠᠭᠠᠨ ᠰᠦᠷᠦᠭ ᠤᠨ ᠶᠡᠭᠡ ᠲᠠᠶᠢᠯᠭ᠎ᠠ ᠬᠦᠷᠴᠦ ᠢᠷᠡᠵᠤ ᠪᠠᠶᠢᠭ᠎ᠠ ᠲᠠᠰᠢᠷᠡᠮ ᠳᠤ᠂ ᠰᠢᠨᠬᠤᠸᠠ ᠮᠤᠩᠬᠤᠯ ᠨᠧᠲ ᠨᠢ ᠴᠢᠩᠬᠢᠰ ᠤᠨ ᠤᠩᠬᠤᠨ ᠤ ᠬᠠᠮᠢᠶᠠᠷᠤᠯᠳᠠ ᠶᠢᠨ ᠵᠦᠪᠯᠡᠯ ᠪᠤᠯᠤᠨ ᠤᠷᠳᠤᠰ ᠬᠤᠳᠠ ᠶᠢᠨ ᠷᠠᠳᠢᠤ᠋ ᠲᠧᠯᠧᠶ᠋ᠰ᠂ ᠰᠤᠨᠢᠨ᠂ ᠡᠵᠡᠨ ᠬᠤᠷᠤᠭ᠎ᠠ ᠬᠤᠰᠢᠭᠤᠨ ᠤ ᠲᠧᠯᠤᠶ᠋ᠰ ᠬᠤᠷᠢᠶ᠎ᠠ ᠵᠡᠷᠭᠡ ᠬᠡᠪᠯᠡᠯ ᠮᠡᠳᠡᠭᠡᠯᠡᠯ ᠤᠨ ᠬᠢᠨ ᠲᠠᠢ ᠬᠠᠮᠳᠤᠷᠠᠨ ᠰᠢᠨ᠎ᠠ ᠮᠡᠳᠡᠬᠡᠯᠡᠯ ᠤᠨ ᠬᠡᠷᠡᠭᠰᠡᠯ ᠪᠤᠯᠬᠤ ᠤᠳᠤᠷᠢᠳᠤᠯᠭ᠎ᠠ ᠪᠠᠷ ᠨᠢᠰᠦᠭᠴᠢ ᠶᠢ ᠠᠩᠬᠠᠯᠠᠨ ᠠᠰᠢᠭᠯᠠᠵᠤ᠂ ᠦᠷᠬᠡᠨ ᠬᠦᠷᠢᠶᠡᠨ ᠤ ᠮᠡᠳᠡᠭᠡ ᠮᠡᠳᠡᠬᠡᠯᠡᠯ ᠢ ᠲᠡᠯᠡᠬᠡᠢ ᠶᠢᠨ ᠮᠤᠩᠬᠤᠯ ᠬᠡᠯᠡᠨ ᠤ ᠨᠧᠲ ᠰᠦᠯᠵᠢᠶ᠎ᠠ ᠠᠰᠢᠭᠯᠠᠭᠴᠢᠳ ᠲᠠᠭᠠᠨ ᠬᠦᠷᠬᠡᠬᠦ ᠪᠠᠷ ᠪᠤᠯᠤᠯ᠎ᠠ᠃     ᠡᠵᠡᠨ ᠴᠢᠩᠬᠢᠰ ᠤᠨ ᠤᠩᠬᠤᠨ ᠰᠢᠳᠦᠬᠡᠨ ᠤ ᠡᠬᠦᠰᠴᠦ ᠬᠦᠭᠵᠢᠭᠰᠡᠨ ᠲᠡᠦᠬᠡ᠂ ᠲᠠᠶᠢᠯᠭ᠎ᠠ ᠲᠠᠬᠢᠯᠭ᠎ᠠ ᠶᠢᠨ ᠶᠤᠰᠤᠨ᠂ ᠤᠩᠬᠤᠨ ᠰᠠᠬᠢᠭᠴᠢ ᠲᠠᠷᠬᠠᠳ ᠤᠨ ᠦᠯᠢᠭᠡᠷ ᠲᠡᠦᠬᠡ ᠠᠴᠠ ᠠᠪᠬᠠᠭᠤᠯᠤᠭᠠᠳ ᠦᠨᠦᠳᠤᠷ ᠤᠨ ᠤᠷᠳᠤᠰ ᠬᠤᠳᠠ ᠶᠢᠨ ᠰᠤᠶᠤᠯ ᠢᠷᠭᠡᠨᠰᠢᠯ᠂ ᠠᠶᠠᠯᠠᠯ ᠵᠢᠭᠤᠯᠴᠢᠯᠠᠯ ᠪᠦᠬᠦ ᠵᠦᠢᠯ ᠦᠰᠦᠭ ᠵᠢᠷᠤᠭ᠂ ᠠᠦ᠋ᠳᠢᠤ᠋᠂ ᠸᠢᠳᠢᠤ᠋ ᠶᠢᠨ ᠬᠡᠯᠪᠡᠷᠢ ᠪᠠᠷ ᠲᠠᠨᠠᠷ ᠲᠤ ᠬᠦᠷᠬᠦ ᠪᠤᠯᠤᠨ᠎ᠠ᠃ ᠲᠠ ᠪᠦᠬᠦᠨ ᠰᠢᠨᠬᠤᠸᠠ ᠮᠤᠩᠬᠤᠯ ᠨᠧᠲ ᠤᠨ ︽ᠴᠢᠩᠬᠢᠰ ᠤᠨ ᠤᠩᠬᠤᠨ ᠤ ᠴᠠᠭᠠᠨ ᠰᠦᠷᠦᠭ ᠤᠨ ᠲᠠᠶᠢᠯᠭ᠎ᠠ︾ ᠲᠤᠰᠬᠠᠢ ᠮᠡᠳᠡᠬᠡᠯᠡᠯ ᠪᠤᠯᠤᠨ ᠠᠯᠪᠠᠨ ᠤ ᠸᠢᠴᠠᠲ ᠲᠤ ᠠᠩᠬᠠᠷᠤᠯ ᠢᠶᠠᠨ ᠬᠠᠨᠳᠤᠭᠤᠯᠤᠨ᠎ᠠ ᠦᠦ︕
 
ᠢᠷᠡᠯᠲᠡ᠄ ᠰᠢᠨᠬᠤᠸᠠ ᠨᠧᠲ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号