ᠮᠣᠩᠭᠤᠯᠴᠤᠳ ᠤᠨ ᠵᠣᠴᠢᠯᠠᠬᠤ ᠶᠣᠰᠤᠨ ᠪᠠ ᠴᠡᠭᠡᠷ
ᠨᠡᠶᠢᠲᠡᠯᠡᠭᠰᠡᠨ ᠴᠠᠭ᠄
2017/4/24
    ᠮᠣᠩᠭᠤᠯᠴᠤᠳ ᠮᠠᠨᠢ ᠣᠯᠠᠨ ᠰᠠᠶᠢᠬᠠᠨ ᠤᠯᠠᠮᠵᠢᠯᠠᠯᠲᠤ ᠶᠣᠰᠤ ᠵᠠᠩᠰᠢᠯ ᠲᠠᠢ ᠪᠠᠶᠢᠳᠠᠭ ᠶᠤᠮ᠃ ᠲᠡᠭᠦᠨ ᠤ ᠳᠣᠲᠤᠷᠠᠬᠢ ᠵᠣᠴᠢᠯᠠᠬᠤ ᠶᠣᠰᠤ ᠵᠠᠩᠰᠢᠯ ᠪᠠ ᠲᠡᠭᠦᠨ ᠯᠦᠭᠡ ᠬᠤᠯᠪᠤᠭᠳᠠᠭᠰᠠᠨ ᠴᠡᠭᠡᠷ ᠶᠣᠰᠤ ᠨᠢ ᠮᠣᠩᠭᠤᠯᠴᠤᠳ ᠤᠨ ᠪᠣᠯᠪᠠᠰᠤᠨ ᠰᠠᠶᠢᠬᠠᠨ ᠶᠣᠰᠤ ᠰᠤᠷᠲᠠᠬᠤᠨ ᠲᠠᠢ ᠶᠢ ᠬᠠᠷᠠᠭᠤᠯᠵᠤ ᠪᠠᠶᠢᠳᠠᠭ᠃     ᠮᠣᠩᠭᠤᠯᠴᠤᠳ ᠵᠣᠴᠢᠯᠠᠬᠤ ᠳᠤ ᠪᠠᠨ ᠭᠤᠣᠯᠳᠠᠭᠤ ᠴᠤᠮᠴᠦ᠋ᠢᠵᠤ ᠰᠠᠭᠤᠬᠤ ᠪᠠ ᠵᠠᠪᠢᠯᠠᠵᠤ ᠰᠠᠭᠤᠬᠤ ᠬᠤᠶᠠᠷ ᠵᠦᠢᠯ ᠪᠠᠶᠢᠳᠠᠭ᠃ ᠡᠭᠦᠨ ᠠᠴᠠ ᠭᠠᠳᠠᠨ᠎ᠠ ᠪᠠᠰᠠ ᠰᠠᠨᠳᠠᠶᠢᠯᠠᠬᠤ᠂ ᠬᠦᠯ ᠢᠶᠠᠨ ᠵᠢᠭᠢᠬᠦ᠂ ᠡᠪᠦᠳᠦᠭ ᠢᠶᠠᠨ ᠲᠡᠪᠡᠷᠢᠬᠦ᠂ ᠰᠦᠭᠦᠳᠬᠦ᠂ ᠶᠠᠪᠠᠭᠠᠨ ᠰᠠᠭᠤᠬᠤ ᠵᠡᠷᠭᠡ ᠣᠯᠠᠨ ᠵᠦᠢᠯ ᠤᠨ ᠰᠠᠭᠤᠳᠠᠯ ᠪᠠᠶᠢᠳᠠᠭ᠃ ᠴᠤᠮᠴᠦ᠋ᠢᠬᠤ ᠪᠠ ᠵᠠᠪᠢᠯᠠᠵᠤ ᠰᠠᠭᠤᠬᠤ ᠶᠢ ᠮᠣᠩᠭᠤᠯᠴᠤᠳ ᠪᠡᠶ᠎ᠡ ᠮᠠᠬᠠᠪᠤᠳ ᠲᠤ ᠠᠰᠢᠭᠲᠠᠢ ᠪᠣᠯᠪᠠᠰᠤᠨ ᠰᠠᠶᠢᠬᠠᠨ ᠰᠠᠭᠤᠳᠠᠯ ᠭᠡᠵᠤ ᠪᠠᠭ᠋ᠠᠷᠬᠠᠨ ᠦᠵᠡᠳᠡᠭ᠃ ᠮᠣᠩᠭᠤᠯᠴᠤᠳ ᠵᠣᠴᠢᠯᠠᠵᠤ ᠭᠡᠷ ᠲᠤ ᠣᠷᠣᠬᠤ ᠳᠤ ᠪᠠᠨ ᠢᠰᠡᠭᠡᠢ ᠡᠭᠦᠳᠡ ᠰᠡᠬᠦᠬᠦ ᠳᠤ ᠪᠤᠷᠤᠭᠤ ︵ ᠪᠠᠷᠠᠭᠤᠨ︶ ᠲᠠᠯ᠎ᠠ ᠶᠢ ᠴᠡᠭᠡᠷᠯᠡᠨ᠎ᠡ᠃ ᠵᠦᠪ ︵ᠵᠡᠭᠦᠨ︶ ᠲᠠᠯ᠎ᠠ ᠶᠢ ᠰᠡᠬᠦᠵᠦ ᠤᠷᠤᠨ᠎ᠠ᠃ ᠪᠤᠷᠤᠭᠤ ᠲᠠᠯ᠎ᠠ ᠠᠴᠠ ᠨᠢ ᠰᠡᠭᠦᠪᠡᠯ ᠪᠡᠯᠭᠡ ᠳᠡᠮᠪᠡᠷᠢᠯ ᠮᠠᠭᠤᠲᠠᠢ ᠭᠡᠵᠦ ︽ᠵᠠᠭᠤ ᠬᠦᠷᠲᠡᠯ᠎ᠡ ᠲᠤᠭ᠎ᠠ ᠮᠡᠳᠡᠬᠦ ᠦᠭᠡᠢ᠂ ᠵᠡᠭᠦᠨᠰᠢ ᠪᠠᠷᠠᠭᠤᠨᠰᠢ ᠵᠦᠭ ᠢᠯᠭᠠᠬᠤ ᠦᠭᠡᠢ ᠬᠦᠮᠦᠨ︾ ᠭᠡᠵᠦ ᠵᠢᠮᠡᠯᠡᠭᠳᠡᠨ᠎ᠡ᠃ ᠭᠡᠷ ᠤᠨ ᠪᠣᠱᠤᠭ᠎ᠠ ᠶᠢ ᠠᠯᠬᠤᠬᠤ ᠳᠤ ᠪᠠᠨ ᠬᠠᠳᠠᠪᠴᠢ ᠳᠤ ᠭᠦᠯ ᠭᠦᠷᠭᠦ ᠠᠴᠠ ᠪᠣᠯᠭᠤᠮᠵᠢᠯᠠᠨ ᠬᠠᠳᠠᠪᠴᠢ ᠶᠢᠨ ᠵᠡᠭᠦᠨ ᠬᠠᠭᠠᠰ ᠲᠠᠯ᠎ᠠ ᠪᠠᠷ ᠠᠯᠬᠤᠨ ᠣᠷᠣᠨ᠎ᠠ᠃ ᠭᠡᠷ ᠤᠨ ᠲᠤᠯᠭ᠎ᠠ᠂ ᠲᠣᠭᠤᠨᠤ᠂ ᠪᠣᠱᠤᠭ᠎ᠠ ᠭᠤᠷᠪᠠ ᠪᠣᠯ ᠳᠠᠷᠬᠠᠨ ᠭᠦᠡᠳᠦᠲᠡᠢ᠂ ᠶᠠᠮᠠᠷ ᠴᠦ ᠭᠦᠮᠦᠨ ᠭᠡᠳ ᠡᠨᠡ ᠭᠤᠷᠪᠡ ᠶᠢ ᠭᠦᠡᠳᠡᠵᠦ ᠪᠣᠯᠳᠠᠭ ᠦᠭᠡᠢ᠃ ᠭᠡᠷᠪᠡ ᠰᠠᠨᠠᠮᠰᠠᠷ ᠦᠭᠡᠢ ᠭᠠᠷ ᠭᠦᠯ ᠢᠶᠠᠨ ᠭᠦᠷᠭᠡᠭᠦ ᠳᠤ ᠭᠦᠷᠪᠡᠯ ᠭᠡᠷ ᠤᠨ ᠡᠵᠡᠨ ᠢ ᠳᠣᠷᠣᠮᠵᠢᠯᠠᠭᠰᠠᠨ ᠳᠤ ᠲᠣᠭᠠᠴᠠᠭᠳᠠᠨ᠎ᠠ᠃ ᠡᠶᠢᠮᠦ ᠠᠴᠠ ᠭᠡᠶᠢᠴᠢᠨ ᠭᠡᠷ ᠲᠤ ᠣᠷᠣᠬᠤ ᠳᠤ ᠲᠣᠯᠣᠭᠠᠢ ᠪᠠᠨ ᠪᠦᠭᠦ᠋ᠢᠵᠦ ᠡᠨᠡ ᠭᠤᠷᠪᠠ ᠳᠤ ᠭᠠᠷ ᠭᠦᠯ ᠭᠦᠷᠭᠡᠭᠦ ᠠᠴᠠ ᠪᠠᠨ ᠪᠣᠯᠭᠤᠮᠵᠢᠯᠠᠳᠠᠭ᠃ ᠡᠨᠡ ᠨᠢ ᠲᠣᠳᠤᠭᠤ᠂ ᠭᠠᠯ ᠭᠤᠯᠤᠮᠲᠠ᠂ ᠰᠢᠲᠦᠭᠡᠨ ᠪᠤᠷᠬᠠᠨ ᠳᠤ ᠨᠢ ᠪᠦᠭᠦ᠋ᠢᠡ ᠶᠣᠰᠤᠯᠠᠵᠤ᠂ ᠭᠡᠷ ᠤᠨ ᠡᠵᠡᠨ ᠢ ᠭᠦᠡᠳᠦᠳᠭᠡᠵᠦ ᠪᠠᠶᠢᠭ᠎ᠠ ᠤᠳᠬ᠎ᠠ ᠲᠠᠢ᠃ ᠭᠡᠷ ᠲᠤ ᠣᠷᠣᠭᠰᠠᠨ ᠤ ᠳᠠᠷᠠᠭ᠎ᠠ ᠪᠦᠰᠡᠲᠡᠶᠢᠴᠦᠳ ᠲᠤᠯᠭ᠎ᠠ ᠶᠢᠨ ᠪᠠᠷᠠᠭᠤᠨ ᠲᠠᠯ᠎ᠠ ᠪᠠᠷ᠂ ᠪᠦᠰᠡᠭᠦ᠋ᠢᠴᠦᠳ ᠲᠤᠯᠭ᠎ᠠ ᠶᠢᠨ ᠵᠡᠭᠦᠨ ᠲᠠᠯ᠎ᠠ ᠪᠠᠷ ᠨᠠᠰᠤᠨ ᠤ ᠶᠡᠭᠡ ᠪᠠᠭ᠎ᠠ᠂ ᠡᠰᠡᠬᠦᠯ᠎ᠡ ᠦᠶ᠎ᠡ ᠶᠢᠨ ᠳᠠᠷᠠᠭᠠᠯᠠᠯ ᠢᠶᠠᠷ ᠲᠡᠰ ᠳᠠᠷᠠᠭ᠎ᠠ ᠲᠠᠢ ᠰᠠᠭᠤᠳᠠᠭ᠃ ᠭᠡᠷ ᠤᠨ ᠡᠵᠡᠨ᠂ ᠠᠬᠠᠮᠠᠳ ᠲᠣᠮᠤᠭᠠᠲᠠᠳ ᠠᠴᠠ ᠡᠬᠢᠯᠡᠭᠡᠳ ᠨᠠᠰᠤ ᠥᠨᠳᠦᠷ  ᠪᠦᠰᠡᠳᠡᠶᠢᠴᠤᠳ ᠨᠢ ᠵᠠᠪᠢᠯᠠᠵᠤ᠂ ᠪᠦᠰᠡᠬᠦ᠋ᠢᠴᠤᠳ ᠨᠢ ᠴᠤᠮᠴᠦ᠋ᠢᠵᠤ ᠰᠠᠭᠤᠳᠠᠭ᠃     ᠭᠡᠶᠢᠴᠢᠨ ᠵᠣᠴᠢᠨ ᠭᠡᠷ ᠠᠴᠠ ᠭᠠᠷᠬᠤ ᠳᠤ ᠪᠠᠨ ᠬᠠᠶᠠᠭ᠎ᠠ ᠶᠢ ᠳᠠᠭᠠᠵᠤ ᠭᠠᠷᠳᠠᠭ᠃ ᠪᠠᠭᠠᠴᠤᠳ ᠭᠡᠤᠭᠡᠳ᠂ ᠪᠦᠰᠡᠭᠦ᠋ᠢᠴᠤᠳ ᠤᠷᠢᠳ ᠢᠶᠠᠷ ᠭᠠᠷᠤᠨ᠎ᠠ᠃ ᠭᠡᠭᠦ ᠳᠤ ᠪᠠᠨ ᠠᠷᠤ ᠪᠠᠷ ᠢᠶᠠᠨ ᠪᠤᠶᠤ ᠪᠡᠶ᠎ᠡ ᠪᠠᠨ ᠬᠠᠵᠠᠭᠤᠯᠠᠰᠭᠢᠨ ᠣᠬᠤᠷᠢᠵᠤ ᠭᠠᠷᠳᠠᠭ ᠪᠠᠶᠢᠨ᠎ᠠ᠃ ᠲᠤᠯᠭ᠎ᠠ ᠵᠤᠤᠬ᠎ᠠ᠂ ᠲᠣᠭᠤᠭ᠎ᠠ ᠰᠢᠨᠠᠭ᠎ᠠ᠂ ᠡᠷᠭᠢᠨᠡᠭ ᠲᠤ ᠬᠤᠷᠮᠣᠢ ᠭᠤᠳᠣᠯ ᠢᠶᠠᠨ ᠭᠦᠷᠭᠡᠭᠦ ᠶᠢ ᠴᠡᠭᠡᠷᠯᠡᠨ᠎ᠡ᠃ ᠭᠠᠯ ᠤᠨ ᠬᠠᠶᠢᠴᠢ᠂ ᠰᠢᠯᠡᠭᠡᠪᠦᠷ ᠳᠡᠭᠡᠷ᠎ᠡ ᠭᠢᠰᠭᠢᠭᠦ ᠪᠤᠶᠤ ᠳᠡᠭᠡᠭᠦᠷ ᠨᠢ ᠠᠯᠬᠤᠬᠤ ᠶᠢ ᠮᠦᠨ ᠴᠡᠭᠡᠷᠯᠡᠳᠡᠭ᠃ ᠬᠤᠯᠠ ᠵᠠᠮ ᠶᠠᠪᠤᠬᠤ ᠭᠦᠮᠦᠨ ᠪᠤᠶᠤ ᠵᠣᠴᠢᠨ ᠭᠡᠷ ᠠᠴᠠ ᠭᠠᠷᠬᠤ ᠳᠤ ᠰᠢᠨᠠᠭ᠎ᠠ ᠶᠢ ᠵᠠᠪᠠᠯ ᠲᠣᠭᠤᠭ᠎ᠠ ᠠᠴᠠ ᠰᠠᠯᠭᠠᠬᠤ ᠶᠤᠰᠤ ᠲᠠᠢ᠂ ᠡᠰᠡᠪᠡᠯ ᠵᠠᠮ ᠳᠤ ᠰᠠᠭᠠᠳ ᠭᠠᠷᠤᠨ᠎ᠠ ᠭᠡᠳᠡᠭ᠃ ᠡᠭᠦᠳᠡ ᠪᠠᠨ ᠬᠦᠴᠦᠲᠠᠢ  ᠨᠡᠭᠡᠭᠡᠵᠤ ᠬᠠᠭᠠᠬᠤ ᠶᠢ ᠴᠡᠭᠡᠷᠯᠡᠳᠡᠭ᠃ ᠢᠩᠭᠢᠪᠡᠯ ᠶᠤᠰᠤ ᠵᠦᠢ ᠮᠡᠳᠡᠬᠦ ᠦᠭᠡᠢ ᠪᠤᠶᠤ ᠳᠤᠷ᠎ᠠ ᠦᠭᠡᠶᠢᠴᠡᠭᠰᠡᠨ ᠤ ᠪᠤᠳᠠᠲᠤ ᠢᠯᠡᠷᠡᠯ ᠪᠤᠯᠤᠨ᠎ᠠ᠃ ᠠᠶᠢᠯᠴᠢᠨ ᠭᠡᠶᠢᠴᠢᠨ ᠮᠤᠷᠳᠠᠬᠤ ᠳᠤ ᠪᠠᠨ ᠪᠡᠯᠭᠡ ᠳᠡᠮᠪᠡᠷᠡᠯ ᠲᠠᠢ ᠦᠭᠡ ᠭᠡᠯᠡᠵᠦ ᠢᠷᠦᠭᠡᠯ ᠲᠠᠯᠪᠢᠳᠠᠭ᠃ ᠴᠠᠭᠠᠨ ᠢᠳᠡᠭᠡ ᠠᠮᠰᠠᠵᠤ ︽ᠲᠠ ᠨᠠᠷ ᠰᠠᠶᠢᠨ ᠰᠠᠭᠠᠲᠠᠵᠤ ᠪᠠᠶᠢᠭᠠᠷᠠᠢ︕︾ ᠭᠡᠳᠡᠭ᠃ ᠭᠡᠷ ᠤᠨ ᠡᠵᠡᠨ᠄ ︽ᠵᠠᠮ ᠳᠤ ᠪᠠᠨ ᠰᠠᠶᠢᠨ ᠶᠠᠪᠤᠭᠠᠷᠠᠢ︕︾ ᠭᠡᠵᠦ ᠭᠡᠯᠡᠭᠡᠳ ᠵᠣᠴᠢᠨ ᠢᠶᠠᠨ ᠦᠳᠡᠨ ᠮᠤᠷᠳᠠᠭᠤᠯᠵᠤ ᠭᠠᠷᠳᠠᠭ᠃ ᠮᠣᠩᠭᠤᠯᠴᠤᠳ ᠤᠨ ᠵᠣᠴᠢᠯᠠᠬᠤ ᠶᠣᠰᠤ ᠵᠠᠩᠰᠢᠯ ᠢ ᠨᠠᠷᠢᠨ ᠰᠢᠨᠵᠢᠵᠤ ᠠᠵᠢᠭᠯᠠᠪᠠᠯ ᠲᠡᠭᠦᠨ ᠳᠤ ᠪᠣᠯᠪᠠᠰᠤᠨ ᠶᠣᠰᠤ ᠮᠤᠷᠠᠯ ᠭᠦᠨᠵᠡᠭᠡᠢ ᠰᠢᠩᠭᠡᠵᠤ ᠪᠠᠶᠢᠬᠤ ᠪᠠᠷ ᠪᠠᠷᠠᠬᠤ ᠦᠭᠡᠢ ᠡᠷᠡᠭᠦᠯ ᠡ᠊ᠩᠬᠡ ᠠᠮᠢᠳᠤᠷᠠᠬᠤ ᠵᠢᠮ᠎ᠠ ᠶᠤᠰᠤ ᠬᠠᠳᠠᠭᠠᠯᠠᠭᠳᠠᠵᠤ ᠪᠠᠶᠢᠳᠠᠭ᠃ ᠡᠶᠢᠮᠦ ᠠᠴᠠ ᠤᠯᠠᠮᠵᠢᠯᠠᠯᠲᠤ ᠶᠣᠰᠤ ᠵᠠᠩᠰᠢᠯ ᠢᠶᠠᠨ ᠣᠶᠢᠯᠠᠭᠠᠵᠤ ᠮᠡᠳᠡᠬᠦ ᠨᠢ ᠪᠢᠳᠠᠨ ᠤ ᠡᠷᠡᠭᠦᠯ ᠮᠡᠨᠳᠤ ᠪᠠᠷ ᠦᠰᠦᠨ ᠪᠤᠶᠢᠵᠢᠬᠤ ᠳᠤ ᠲᠦᠢᠯ ᠤᠨ ᠠᠴᠢ ᠲᠠᠢ ᠶᠤᠮ᠃  
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号